ᠲᠢᠶᠠᠨ ᠵᠢᠶᠣᠣ ᠵᠡᠭᠡᠯᠢ ︱ ︱ ︽ᠲᠦᠷᠦᠭᠦᠸ︾  ᠠᠴᠠ ᠡᠬᠢᠯᠡᠨ᠂ ︽ᠰᠡᠳᠬᠢᠯ︾  ᠠᠴᠠ ᠡᠭᠦᠰᠦᠨ ᠬᠠᠯᠠᠭᠤᠨ ᠰᠡᠳᠬᠢᠯ ᠲᠠᠢ ᠬᠤᠳᠠᠯᠳᠤᠭᠠᠴᠢᠨ ᠡᠷᠦᠬᠡ ᠲᠢᠶᠠᠨ ᠵᠢᠶᠣᠣ ᠵᠡᠭᠡᠯᠢ ᠭᠤᠳᠤᠮᠵᠢ ᠶᠢᠨ ᠬᠢᠵᠢᠭ  ᠢ ᠡᠰᠡᠷᠭᠦᠴᠡᠬᠦ ᠨᠢᠭᠡᠳᠦᠭᠡᠷ ᠹᠷᠣᠨᠲ ᠤᠨ ᠺᠠᠳ᠋ᠷ ᠠᠵᠢᠯᠲᠠᠨ ᠠᠵᠢᠯᠴᠢᠨ ᠳᠤ ᠠᠯᠪᠠᠨ ᠵᠢᠷᠤᠮ ᠤᠨ ᠦᠰᠦ ᠵᠠᠰᠠᠵᠤ ᠥᠭᠪᠡ
ᠨᠡᠶᠢᠲᠡᠯᠡᠭᠰᠡᠨ ᠴᠠᠭ᠄
2022/3/22
︽ᠲᠦᠷᠦᠭᠦᠦ︾ ᠠᠴᠠ ᠡᠬᠢᠯᠡᠵᠦ᠂ ︽ᠰᠡᠳᠬᠢᠯ︾ ᠠᠴᠠ ᠡᠭᠦᠰᠬᠦᠬᠠᠯᠠᠭᠤᠨ ᠰᠡᠳᠬᠢᠯᠲᠦ ᠬᠤᠳᠠᠯᠳᠤᠭᠠᠴᠢᠨ ᠡᠷᠦᠬᠡ ᠪᠣᠯ ᠲᠢᠶᠠᠨ ᠵᠢᠶᠣᠣ ᠵᠡᠭᠡᠯᠢ ᠭᠤᠳᠤᠮᠵᠢ ᠶᠢᠨ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ ᠪᠣᠯᠣᠨ᠎ᠠᠺᠠᠳ᠋ᠷ ᠠᠵᠢᠯᠲᠠᠨ ᠠᠵᠢᠯᠴᠢᠨ ᠤ ᠠᠯᠪᠠᠨ ᠵᠢᠷᠤᠮ ᠤᠨ ᠦᠰᠦ ᠵᠠᠰᠠᠯᠲᠠ      ︽ᠴᠠᠭᠠᠨ ᠰᠠᠷ᠎ᠠ ᠥᠩᠭᠡᠷᠡᠭᠰᠡᠨ ᠠᠴᠠ ᠠᠪᠤᠭᠠᠳ ᠣᠳᠣ ᠪᠣᠯᠲᠠᠯ᠎ᠠ ᠦᠰᠦ ᠪᠠᠨ ᠵᠠᠰᠠᠭ᠎ᠠ ᠦᠭᠡᠢ᠂ ᠬᠤᠶᠠᠳᠤᠭᠠᠷ ᠰᠠᠷ᠎ᠠ  ᠶᠢᠨ ᠬᠤᠶᠠᠷ ᠤᠨ ᠡᠳᠦᠷ ᠤᠨ ᠳᠠᠷᠠᠭ᠎ᠠ ᠰᠠᠶᠢᠬᠠᠨ ᠣᠯᠵᠠ ᠣᠯᠣᠶ᠎ᠠ ᠭᠡᠵᠦ ᠪᠣᠳᠣᠵᠤ ᠪᠠᠶᠢᠨ᠎ᠠ᠂ ᠭᠡᠪᠡᠴᠦ ᠬᠢᠵᠢᠭ ᠤᠨ ᠪᠠᠶᠢᠳᠠᠯ ᠤᠨ ᠰᠢᠯᠲᠠᠭᠠᠨ  ᠠᠴᠠ ᠪᠣᠯᠵᠤ ᠭᠠᠳᠠᠭᠰᠢ ᠭᠠᠷᠴᠤ ᠦᠰᠦ ᠪᠠᠨ ᠵᠠᠰᠠᠭᠤᠯᠵᠤ ᠪᠣᠯᠬᠤ ᠦᠭᠡᠢ᠂ ᠣᠳᠣ ᠦᠰᠦ ᠪᠠᠨ ᠡᠷᠦᠢ ᠬᠤᠷᠤᠢ ᠦᠭᠡᠢ ᠪᠣᠯᠭᠠᠵᠤ ᠪᠠᠶᠢᠨ᠎ᠠ︾᠃ ᠭᠡᠵᠦ ᠲᠢᠶᠠᠨ ᠵᠢᠶᠣᠣ ᠵᠡᠭᠡᠯᠢ ᠭᠤᠳᠤᠮᠵᠢ ᠠᠴᠠ ᠢᠷᠡᠭᠰᠡᠨ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠤᠨ ᠺᠠᠳ᠋ᠷ ᠰᠢᠦᠢ ᠭᠤᠸᠠᠢ ᠬᠡᠯᠡᠪᠡ᠃      3 ᠰᠠᠷ᠎ᠠ  ᠶᠢᠨ 4 ᠤ ᠡᠳᠦᠷ ᠪᠣᠯ ᠪᠢᠯᠢᠭ ᠤᠨ ᠤᠯᠠᠷᠢᠯ ᠤᠨ ᠬᠤᠶᠠᠷ ᠰᠠᠷ᠎ᠠ  ᠶᠢᠨ ᠰᠢᠨ᠎ᠡ  ᠶᠢᠨ ᠬᠤᠶᠠᠷ ᠪᠣᠯᠬᠤᠷ ︽ᠬᠤᠶᠠᠷ ᠰᠠᠷ᠎ᠠ  ᠶᠢᠨ ᠬᠤᠶᠠᠷ᠂ ᠯᠣᠣ ᠲᠣᠯᠣᠭᠠᠢ ᠥᠨᠳᠡᠶᠢᠬᠦ︾ ᠤᠯᠠᠮᠵᠢᠯᠠᠯᠲᠤ ᠵᠠᠩᠰᠢᠯ ᠲᠠᠢ ᠪᠠᠶᠢᠳᠠᠭ᠂ ᠭᠡᠪᠡᠴᠦ ᠭᠡᠨᠡᠳᠲᠡ ᠭᠠᠷᠤᠭᠰᠠᠨ ᠬᠢᠵᠢᠭ ᠤᠨ ᠪᠠᠶᠢᠳᠠᠯ ᠨᠢ ᠬᠥᠮᠥᠰ ᠤᠨ ᠠᠮᠢᠳᠤᠷᠠᠯ ᠤᠨ ᠠᠶᠢᠵᠠᠮ  ᠢ ᠰᠠᠮᠠᠭᠤᠷᠠᠭᠤᠯᠵᠤ᠂ ᠦᠰᠦ ᠵᠠᠰᠠᠬᠤ ᠭᠠᠵᠠᠷ ᠡᠭᠦᠳᠡ ᠪᠠᠨ ᠬᠠᠭᠠᠵᠤ᠂ ᠺᠠᠳ᠋ᠷ ᠠᠵᠢᠯᠲᠠᠨ ᠠᠵᠢᠯᠴᠢᠨ ᠪᠠᠰᠠ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠶᠠᠭᠠᠷᠠᠭᠰᠠᠨ  ᠠᠴᠠ ︽ᠦᠰᠦ ᠵᠠᠰᠠᠬᠤ︾ ᠲᠥᠯᠥᠪᠯᠡᠭᠡ ᠴᠦ ᠵᠣᠭᠰᠤᠩᠭᠤᠶᠢᠷᠠᠵᠠᠢ᠃ᠲᠢᠶᠠᠨ ᠵᠢᠶᠣᠣ ᠵᠡᠭᠡᠯᠢ ᠭᠤᠳᠤᠮᠵᠢ ᠶᠢᠨ ᠬᠠᠷᠢᠶᠠᠨ ᠳᠠᠬᠢ ᠤᠷᠠᠯᠢᠭ ᠬᠠᠶᠢᠴᠢᠯᠠᠬᠤ ᠦᠰᠦ ᠵᠠᠰᠠᠬᠤ ᠭᠠᠵᠠᠷ ᠤᠨ ᠡᠵᠡᠨ ᠡᠨᠡ ᠬᠦ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠮᠠᠰᠢ ᠲᠦᠷᠭᠡᠨ ᠢᠶᠠᠷ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ ᠵᠣᠬᠢᠶᠠᠨ ᠪᠠᠶᠢᠭᠤᠯᠵᠤ᠂ ᠲᠢᠶᠠᠨ ᠵᠢᠶᠣᠣ ᠵᠡᠭᠡᠯᠢ ᠭᠤᠳᠤᠮᠵᠢ ᠳᠤ ᠬᠦᠷᠴᠦ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ ᠤᠨ ᠺᠠᠳ᠋ᠷ ᠠᠵᠢᠯᠲᠠᠨ ᠠᠵᠢᠯᠴᠢᠨ ᠳᠤ ᠠᠯᠪᠠᠨ ᠵᠢᠷᠤᠮ ᠤᠨ ᠦᠰᠦ ᠵᠠᠰᠠᠵᠤ ᠥᠭᠪᠡ᠃      ᠨᠢᠭᠡ ᠰᠠᠨᠳᠠᠯᠢ᠂ ᠨᠢᠭᠡ ᠲᠣᠯᠢ᠂ ᠨᠢᠭᠡ ᠦᠰᠦ ᠵᠠᠰᠠᠬᠤ ᠪᠠᠭᠠᠵᠢ᠂ ᠨᠢᠭᠡ ᠲᠦᠷ ᠴᠠᠭ ᠤᠨ ᠦᠰᠦ ᠵᠠᠰᠠᠬᠤ ᠭᠠᠵᠠᠷ ᠡᠭᠦᠳᠡ ᠪᠠᠨ ᠨᠡᠭᠡᠭᠡᠴᠢᠬᠡᠯ᠎ᠡ᠂ ᠬᠠᠶᠢᠴᠢ ᠶᠢᠨ ᠲᠣᠷᠴᠢᠭᠢᠨᠠᠬᠤ ᠲᠠᠭᠤᠨ ᠤ ᠳᠠᠭᠠᠤ ᠳᠤ᠂ ᠨᠢᠭᠡ ᠰᠢᠷᠬᠡᠭ ᠭᠡᠵᠢᠭᠡ ᠬᠠᠶᠢᠴᠢ ᠶᠢᠨ ᠳᠠᠭᠠᠤ ᠳᠤ ᠬᠡᠶᠢᠰᠦᠨ ᠤᠨᠠᠨ᠎ᠠ᠂ ᠤᠳᠠᠯ ᠦᠭᠡᠢ ᠨᠢᠭᠡ ᠬᠡᠰᠡᠭ ᠴᠡᠪᠡᠷ ᠲᠤᠩᠭᠠᠯᠠᠭ ᠭᠡᠵᠢᠭᠡᠨ ᠤ ᠬᠡᠯᠪᠡᠷᠢ ᠶᠢ ᠬᠠᠶᠢᠴᠢᠯᠠᠵᠤ ᠲᠠᠶᠢᠯᠤᠨ᠎ᠠ᠃ᠬᠢᠵᠢᠭ ᠢ ᠰᠡᠷᠭᠡᠶᠢᠯᠡᠬᠦ ᠠᠵᠢᠯ ᠡᠬᠢᠯᠡᠭᠰᠡᠨ ᠠᠴᠠ ᠨᠠᠰᠢ᠂ ᠲᠢᠶᠠᠨ ᠵᠢᠶᠣᠣ ᠵᠡᠭᠡᠯᠢ ᠭᠤᠳᠤᠮᠵᠢ ᠶᠢᠨ ᠪᠦᠬᠦ ᠺᠠᠳ᠋ᠷ ᠠᠵᠢᠯᠲᠠᠳ︽ᠬᠢᠵᠢᠭ︾︾᠋ ᠤᠨ ᠡᠮᠦᠨ᠎ᠡ ᠹᠷᠣᠨᠲ ᠲᠤ ᠣᠷᠣᠯᠴᠠᠵᠤ᠂ ᠡᠳᠦᠷ ᠪᠦᠷᠢ ᠡᠷᠲᠡ ᠭᠠᠷᠴᠤ ᠣᠷᠣᠢ ᠪᠤᠴᠠᠬᠤ ᠳᠠᠭᠠᠨ ᠦᠰᠦ ᠭᠡᠵᠢᠭᠡ ᠪᠠᠨ ᠵᠠᠰᠠᠬᠤ ᠴᠠᠭ ᠦᠭᠡᠢ᠂ ᠵᠠᠰᠠᠬᠤ ᠭᠠᠵᠠᠷ ᠦᠭᠡᠢ ᠪᠠᠶᠢᠪᠠ᠂ ᠢᠯᠠᠩᠭᠤᠶ᠎ᠠ ᠡᠷᠡᠭᠲᠡᠢ ᠨᠥᠬᠦᠳ ᠠ᠋᠂ ᠤᠯᠠᠨ ᠢᠶᠠᠷ ᠢᠶᠠᠨ ᠡᠷᠦᠢ ᠬᠤᠷᠤᠢ ᠦᠭᠡᠢ ᠦᠰᠦ ᠭᠡᠵᠢᠭᠡ ᠪᠠᠨ ᠵᠠᠰᠠᠬᠤ ᠳᠤ ᠪᠦᠬᠦ ᠬᠥᠮᠥᠨ ᠤ ᠰᠡᠳᠬᠢᠯ ᠢ ᠬᠥᠳᠡᠯᠭᠡᠵᠡᠢ᠂ ᠭᠡᠪᠡᠴᠦ ᠦᠰᠦ ᠵᠠᠰᠠᠭᠴᠢ ᠶᠢᠨ ᠵᠠᠰᠠᠯᠲᠠ ᠪᠠᠷ ᠳᠠᠮᠵᠢᠭᠠᠳ ᠦᠨᠡᠬᠡᠷ ᠴᠤᠭ ᠵᠢᠪᠬᠤᠭ᠎ᠠ ᠲᠠᠢ ᠪᠣᠯᠵᠠᠢ᠃ᠵᠠᠰᠠᠵᠤ ᠪᠠᠷᠠᠭᠰᠠᠨ ᠰᠢᠦᠢ ᠭᠤᠸᠠᠢ ᠲᠣᠯᠢᠨ ᠳᠤ ᠬᠠᠷᠠᠭᠠᠳ᠄ ︽ᠰᠢᠨ᠎ᠡ ᠦᠰᠦᠨ ᠤ ᠬᠡᠪ ᠮᠠᠶ᠋ᠢᠭ ᠲᠠᠢ ᠪᠣᠯᠴᠢᠬᠠᠪᠠᠯ ᠪᠢ ᠨᠡᠩ ᠴᠤ ᠨᠢᠭᠡᠳᠦᠭᠡᠷ ᠹᠷᠣᠨᠲ ᠲᠤ ᠣᠴᠢᠵᠤ ᠠᠵᠢᠯᠯᠠᠵᠤ ᠴᠢᠳᠠᠨ᠎ᠠ!︾ ᠭᠡᠵᠦ ᠬᠡᠯᠡᠪᠡ᠃︾ ᠭᠡᠵᠦ ᠬᠡᠯᠡᠵᠡᠢ᠃  ᠳ᠋ᠦᠩᠨᠡᠯᠲᠡ ᠶᠢᠨ ᠡᠮᠦᠨ᠎ᠡ ᠹᠷᠣᠨᠲ ᠲᠤ ᠣᠴᠢᠵᠤ ᠠᠵᠢᠯᠯᠠᠬᠤ ᠪᠠᠷ ᠶᠠᠪᠤᠬᠤ ᠭᠡᠵᠦ ᠪᠠᠶᠢᠭ᠎ᠠ ᠰᠢᠦᠢ ᠭᠤᠸᠠᠢ ᠲᠣᠯᠢᠨ ᠳᠤ ᠬᠠᠷᠠᠭᠠᠳ᠄ ︽ᠰᠢᠨ᠎ᠡ ᠦᠰᠦᠨ ᠤ ᠬᠡᠪ ᠮᠠᠶ᠋ᠢᠭ ᠲᠠᠢ ᠪᠣᠯᠴᠢᠬᠠᠨ᠎ᠠ᠃      ᠲᠣᠰ ᠤᠳᠠᠭᠠᠨ ᠤ ᠠᠯᠪᠠᠨ ᠵᠢᠷᠤᠮ ᠤᠨ ᠦᠰᠦ ᠵᠠᠰᠠᠬᠤ ᠠᠵᠢᠯᠯᠠᠭ᠎ᠠ ᠳᠤ᠂ ᠵᠡᠭᠡᠯᠢ ᠭᠤᠳᠤᠮᠵᠢ ᠶᠢᠨ ᠬᠢᠨ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠦᠰᠦ ᠵᠠᠰᠠᠭᠴᠢ ᠶᠢᠨ ᠪᠡᠶ᠎ᠡ ᠶᠢᠨ ᠳᠤᠯᠠᠭᠠᠨ ᠢ ᠬᠡᠮᠵᠢᠬᠦ ᠪᠠ ᠠᠷᠢᠭᠤᠳᠬᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠺᠠᠳ᠋ᠷ ᠠᠵᠢᠯᠲᠠᠨ ᠠᠵᠢᠯᠴᠢᠨ ᠤ ᠥᠪᠡᠷ ᠢᠶᠠᠨ ᠲᠣᠬᠢᠷᠠᠭᠤᠯᠤᠭᠰᠠᠨ ᠠᠯᠴᠢᠭᠤᠷ ᠵᠢᠴᠢ ᠪᠠᠭᠠᠵᠢ ᠬᠡᠷᠡᠭᠰᠡᠯ ᠢ ᠬᠡᠷᠡᠭᠯᠡᠵᠦ᠂ ᠭᠠᠳᠠᠭᠠᠳᠤ ᠣᠷᠴᠢᠨ ᠤ ᠡᠳ᠋ ᠪᠣᠳᠠᠰ ᠲᠠᠢ ᠣᠶᠢᠷᠠᠳᠬᠤ ᠶᠢ ᠠᠯᠢ ᠴᠢᠳᠠᠬᠤ ᠪᠠᠷ ᠪᠠᠭᠠᠰᠬᠠᠨ᠎ᠠ᠃      ᠡᠨᠡ ᠨᠢ ᠵᠥᠪᠬᠡᠨ ᠰᠠᠭᠤᠭᠠᠯᠢ ᠠᠷᠠᠳ ᠪᠣᠯᠣᠨ ᠺᠠᠳ᠋ᠷ ᠠᠵᠢᠯᠲᠠᠨ ᠠᠵᠢᠯᠴᠢᠨ ᠤ ᠬᠠᠷᠢᠯᠴᠠᠨ ᠬᠠᠪᠰᠤᠷᠴᠤ ᠬᠠᠪᠰᠤᠷᠤᠯᠴᠠᠭᠰᠠᠨ ᠤ ᠨᠢᠭᠡᠨ ᠬᠤᠷᠢᠶᠠᠩᠭᠤᠢ ᠳᠦᠷᠰᠦ ᠪᠠᠶᠢᠵᠤ᠂ ᠲᠢᠶᠠᠨ ᠵᠢᠶᠣᠣ ᠵᠡᠭᠡᠯᠢ ᠭᠤᠳᠤᠮᠵᠢ  ᠶᠢᠨ ᠢᠮᠠᠭᠲᠠ ᠴᠢᠷᠮᠠᠶᠢᠨ ᠪᠤᠶ ᠪᠣᠯᠭᠠᠭᠰᠠᠭᠠᠷ ᠢᠷᠡᠭᠰᠡᠨ ᠰᠠᠶᠢᠨ ᠰᠠᠶᠢᠬᠠᠨ ᠡᠶ᠎ᠡ ᠵᠣᠬᠢᠴᠠᠯ  ᠲᠠᠢ ᠺᠠᠳ᠋ᠷ ᠣᠯᠠᠨ ᠲᠦᠮᠡᠨ ᠤ ᠬᠠᠷᠢᠴᠠᠭ᠎ᠠ  ᠶᠢ ᠬᠠᠷᠠᠭᠤᠯᠤᠭᠰᠠᠨ ᠪᠥᠭᠡᠳ ᠶᠠᠭ ᠡᠶᠢᠮᠦ ᠰᠠᠭᠤᠷᠢ  ᠲᠠᠢ ᠪᠠᠶᠢᠭᠰᠠᠨ  ᠠᠴᠠ ᠲᠢᠶᠠᠨ ᠵᠢᠶᠣᠣ ᠵᠡᠭᠡᠯᠢ ᠭᠤᠳᠤᠮᠵᠢ  ᠶᠢᠨ ᠡᠯ᠎ᠡ ᠵᠦᠢᠯ ᠤᠨ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠠᠵᠢᠯ ᠰᠠᠶ᠋ᠢ ᠤᠷᠤᠭᠰᠢᠲᠠᠢ ᠶᠠᠪᠤᠭᠳᠠᠵᠤ ᠴᠢᠳᠠᠭᠰᠠᠨ ᠶᠤᠮ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1