ᠲᠢᠶᠠᠨ ᠵᠢᠶᠣᠣ ᠵᠡᠭᠡᠯᠢ ︱ ︽ᠬᠢᠵᠢᠭ︾ ᠤᠨ ᠨᠠᠮ ᠤᠨ ᠲᠤᠭ ᠣᠨᠳᠣᠣ ᠶᠠᠩᠵᠤ ᠶᠢᠨ ᠤᠯᠠᠭᠠᠨ ᠲᠢᠶᠠᠨ ᠵᠢᠶᠣᠣ ᠵᠡᠭᠡᠯᠢ ᠭᠤᠳᠤᠮᠵᠢ ᠶᠢᠨ ᠨᠠᠮ ᠤᠨ ᠭᠡᠰᠢᠭᠦᠨ ᠤ ᠬᠢᠵᠢᠭ ᠢ ᠡᠰᠡᠷᠭᠦᠴᠡᠭᠰᠡᠨ ᠲᠤᠬᠠᠢ ᠲᠡᠮᠳᠡᠭᠯᠡᠯᠲᠢᠶᠠᠨ ᠵᠢᠶᠣᠣ ᠵᠡᠭᠡᠯᠢ ︱ ︽ᠬᠢᠵᠢᠭ︾ ᠤᠨ ᠨᠠᠮ ᠤᠨ ᠲᠤᠭ ᠣᠨᠳᠣᠣ ᠶᠠᠩᠵᠤ ᠶᠢᠨ ᠤᠯᠠᠭᠠᠨ ᠲᠢᠶᠠᠨ ᠵᠢᠶᠣᠣ ᠵᠡᠭᠡᠯᠢ ᠭᠤᠳᠤᠮᠵᠢ ᠶᠢᠨ ᠨᠠᠮ ᠤᠨ ᠭᠡᠰᠢᠭᠦᠨ ᠤ ᠬᠢᠵᠢᠭ ᠢ ᠡᠰᠡᠷᠭᠦᠴᠡᠭᠰᠡᠨ ᠲᠤᠬᠠᠢ ᠲᠡᠮᠳᠡ᠊
ᠨᠡᠶᠢᠲᠡᠯᠡᠭᠰᠡᠨ ᠴᠠᠭ᠄
2022/3/22
ᠳᠠᠶᠢᠨ ᠤ ︽ᠬᠢᠵᠢᠭ︾ ᠤᠨ ᠨᠠᠮ ᠤᠨ ᠲᠤᠭ ᠣᠨᠳᠣᠣ  ᠶᠠᠩᠵᠤ  ᠶᠢᠨ ᠤᠯᠠᠭᠠᠨ ᠥᠩᠭᠡ ᠲᠠᠢᠲᠢᠶᠠᠨ ᠵᠢᠶᠣᠣ ᠵᠡᠭᠡᠯᠢ ᠭᠤᠳᠤᠮᠵᠢ ᠶᠢᠨ ᠨᠠᠮ ᠤᠨ ᠭᠡᠰᠢᠭᠦᠨ ᠤ ᠬᠢᠵᠢᠭ ᠢ ᠡᠰᠡᠷᠭᠦᠴᠡᠭᠰᠡᠨ ᠲᠤᠬᠠᠢ ᠲᠡᠮᠳᠡᠭᠯᠡᠯ      ᠰᠥᠨᠢ ᠶᠢᠨ ᠪᠦᠷᠦᠭ ᠪᠠᠷᠤᠭ ᠮᠥᠨ ᠯᠡ ᠤᠨᠠᠭ᠎ᠠ ᠦᠭᠡᠢ ᠪᠠᠢᠯ᠎ᠠ᠃ ᠨᠢᠭᠡ ᠪᠠᠭᠴᠠ ᠬᠠᠶᠢᠭᠤᠯ ᠳ᠋ᠧᠩ ᠤᠨ ᠭᠡᠷᠡᠯ ᠰᠥᠨᠢ ᠶᠢᠨ ᠬᠠᠷᠠᠩᠭᠤᠢ ᠶᠢ ᠵᠦᠰᠦᠨ᠂ ᠶᠠᠭ ᠯᠠ ᠨᠢᠭᠡ ᠤᠳᠠᠭᠠᠨ ᠤ ᠪᠠᠢᠯᠳᠤᠭᠠᠨ ᠡᠬᠢᠯᠡᠭᠰᠡᠨ ᠢ ᠲᠤᠩᠬᠠᠭᠯᠠᠭᠰᠠᠨ ᠮᠡᠲᠦ ᠪᠠᠢᠯ᠎ᠠ᠃ᠭᠡᠷᠡᠯᠳᠦᠬᠦᠯᠦᠭᠰᠡᠠ ᠠᠳᠠᠯᠢ ᠪᠤᠰᠤ ᠤᠶᠢᠩᠭᠡ ᠳᠤ ᠪᠥᠭᠡᠮ ᠬᠦᠴᠢᠯ ᠤᠨ ᠪᠠᠶᠢᠴᠠᠭᠠᠯᠲᠠ ᠶᠢᠨ ᠴᠡᠭ ᠨᠢᠭᠡᠪᠦᠷᠢ ᠶᠢ ᠭᠠᠶᠢᠬᠠᠭᠤᠯᠵᠤ ᠪᠠᠶᠢᠳᠠᠭ᠄ ᠮᠠᠢᠬᠠᠨ ᠤ ᠬᠠᠷ᠎ᠠ ᠨᠣᠭᠤᠭᠠᠨ᠂ ᠰᠡᠷᠭᠡᠢᠯᠡᠯᠲᠡ ᠶᠢᠨ ᠪᠦᠰᠡ ᠶᠢᠨ ᠭᠦᠨ ᠬᠥᠬᠡ᠂ ᠬᠠᠮᠠᠭᠠᠯᠠᠯᠲᠠ ᠶᠢᠨ ᠬᠤᠪᠴᠠᠰᠤ ᠶᠢᠨ ᠴᠠᠪ ᠴᠠᠭᠠᠨ᠂ ᠬᠤᠭ ᠤᠨ ᠤᠭᠤᠲᠠ ᠶᠢᠨ ᠰᠢᠷ᠎ᠠ᠂ ᠵᠢᠴᠢ ᠠᠷᠢᠭᠤᠳᠬᠠᠯ ᠤᠨ ᠰᠢᠩᠭᠡᠨ ᠢ ᠰᠦᠷᠴᠢᠬᠦ ᠳᠤ ᠨᠡᠷᠡᠨ ᠤ ᠭᠡᠷᠡᠯ ᠳᠤ ᠭᠢᠯᠠᠯᠵᠠᠭᠰᠠᠨ ᠰᠣᠯᠣᠩᠭ᠎ᠠ ᠲᠠᠲᠠᠭᠰᠠᠨ ᠁ ᠭᠡᠪᠡᠴᠦ ᠬᠠᠮᠤᠭ ᠠᠴᠠ ᠨᠢᠳᠦ ᠭᠢᠯᠠᠰᠤᠮ᠎ᠠ ᠨᠢ ᠲᠡᠷᠡ ᠬᠦ ᠤᠯᠠᠭᠠᠨ ᠥᠩᠭᠡ ᠲᠠᠢ᠂ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠲᠤ ᠨᠠᠮᠢᠷᠠᠭᠰᠠᠨ ᠨᠠᠮ ᠤᠨ ᠲᠤᠭ ᠪᠣᠯᠬᠤ ᠪᠥᠭᠡᠳ ᠨᠠᠮ ᠤᠨ ᠭᠡᠰᠢᠭᠦᠨ ᠨᠢᠭᠡᠪᠦᠷᠢ ᠶᠢᠨ ᠡᠩᠭᠡᠷ ᠲᠤ ᠭᠢᠯᠠᠯᠵᠠᠭᠰᠠᠨ ᠨᠠᠮ ᠤᠨ ᠰᠦᠯᠳᠡ ᠪᠣᠯᠣᠨ᠎ᠠ᠃      2 ᠰᠠᠷ᠎ᠠ ᠶᠢᠨ 27  ᠤ ᠡᠳᠦᠷ᠂ ᠳ᠋ᠦᠩ ᠾᠧ ᠲᠣᠭᠤᠷᠢᠭ ᠤᠨ ᠬᠢᠨ ᠬᠤᠶᠠᠳᠤᠭᠠᠷ ᠡᠭᠡᠯᠵᠢ ᠶᠢᠨ ᠭᠤᠣᠯᠳᠠᠯᠭ᠎ᠠ ᠲᠠᠢ ᠣᠷᠣᠨ ᠪᠦᠰᠡ ᠶᠢᠨ ᠬᠥᠮᠥᠰ ᠤᠨ ᠴᠥᠮ᠎ᠡ ᠶᠢᠨ ᠬᠦᠴᠢᠯ ᠤᠨ ᠪᠠᠶᠢᠴᠠᠭᠠᠨ ᠰᠢᠯᠭᠠᠬᠤ ᠠᠵᠢᠯ ᠢ ᠡᠬᠢᠯᠡᠭᠦᠯᠵᠦ᠂ ᠲᠢᠶᠠᠨ ᠵᠢᠶᠣᠣ ᠵᠡᠭᠡᠯᠢ ᠭᠤᠳᠤᠮᠵᠢ ᠶᠢᠨ ᠬᠢᠨ ᠵᠠᠷᠯᠢᠭ ᠢ ᠰᠣᠨᠣᠰᠤᠮᠠᠭᠴᠠ ᠬᠥᠳᠡᠯᠵᠦ᠂ ᠵᠠᠷᠯᠢᠭ ᠢ ᠰᠣᠨᠣᠰᠤᠮᠠᠭᠴᠠ ᠶᠠᠪᠤᠵᠤ᠂ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢ ᠦᠳᠲᠡᠷ ᠲᠦᠷᠭᠡᠨ ᠥᠷᠨᠢᠭᠦᠯᠪᠡ᠃ᠡᠭᠦᠨ ᠠᠴᠠ ᠡᠮᠦᠨᠡᠬᠢ ᠨᠢᠭᠡ ᠡᠭᠡᠯᠵᠢ ᠶᠢᠨ ᠪᠠᠶᠢᠴᠠᠭᠠᠨ ᠬᠡᠮᠵᠢᠯᠲᠡ ᠶᠢᠨ ᠰᠠᠭᠤᠷᠢᠨ ᠳᠡᠭᠡᠷ᠎ᠡ᠂ ᠲᠢᠶᠠᠨ ᠵᠢᠶᠣᠣ ᠵᠡᠭᠡᠯᠢ ᠭᠤᠳᠤᠮᠵᠢ ᠶᠢᠨ ᠬᠢᠨ ᠴᠠᠭ ᠲᠤᠬᠠᠢ ᠳᠤᠨᠢ ᠠᠷᠭ᠎ᠠ ᠪᠠᠨ ᠳ᠋ᠦᠩᠨᠡᠵᠦ᠂ ᠲᠤᠷᠰᠢᠯᠭ᠎ᠠ ᠪᠠᠨ ᠬᠤᠷᠢᠶᠠᠩᠭᠤᠶᠢᠯᠠᠨ᠂ ᠠᠵᠢᠯᠯᠠᠭ᠎ᠠ ᠨᠢ ᠨᠠᠩ ᠲᠦᠷᠭᠡᠨ᠂ ᠦᠷ᠎ᠡ ᠪᠦᠲᠦᠮᠵᠢ ᠨᠢ ᠨᠠᠩ ᠥᠨᠳᠥᠷ᠂ ᠶᠠᠰᠤ ᠴᠢᠨᠠᠷ ᠨᠢ ᠨᠠᠩ ᠴᠢᠩᠭ᠎ᠠ ᠪᠠᠶᠢᠬᠤ ᠶᠢ ᠪᠡᠶᠡᠯᠡᠭᠦᠯᠵᠡᠢ᠃ᠬᠤᠶᠠᠷ ᠡᠭᠡᠯᠵᠢ ᠶᠢᠨ ᠰᠢᠯᠭᠠᠨ ᠪᠠᠶᠢᠴᠠᠭᠠᠯᠲᠠ ᠶᠢ ᠬᠡᠪ ᠢᠶᠠᠷ ᠶᠠᠪᠤᠭᠳᠠᠭᠤᠯᠬᠤ ᠶᠠᠪᠤᠴᠠ ᠳᠤ ᠪᠠᠰᠠ ᠦᠯᠡᠮᠵᠢ ᠤᠯᠠᠨ ᠰᠢᠯᠢᠳᠡᠭ ᠨᠠᠮ ᠤᠨ ᠭᠡᠰᠢᠭᠦᠨ ᠪᠠ ᠮᠠᠰᠢ ᠤᠯᠠᠨ ᠰᠡᠳᠬᠢᠯ ᠬᠥᠳᠡᠯᠭᠡᠮ᠎ᠡ ᠦᠯᠢᠭᠡᠷ ᠴᠣᠯᠭᠤᠷᠠᠨ ᠭᠠᠷᠴᠠᠢ᠃      ᠭᠦᠸᠧ ᠵᠧᠨ ᠡᡁᠸ ᠪᠣᠯ ᠲᠢᠶᠠᠨ ᠵᠢᠶᠣᠣ ᠵᠡᠭᠡᠯᠢ ᠭᠤᠳᠤᠮᠵᠢ ᠶᠢᠨ ᠠᠷᠠᠳ ᠤᠨ ᠠᠭᠠᠷ ᠤᠨ ᠲᠡᠭᠡᠭᠡᠪᠦᠷᠢ ᠶᠢᠨ ᠪᠠᠷᠠᠭᠤᠨ ᠨᠡᠶᠢᠭᠡᠮ ᠲᠣᠭᠤᠷᠢᠭ ᠤᠨ ᠰᠢᠩ ᠱᠧᠩ ᠨᠠᠮ ᠤᠨ ᠡᠭᠦᠷ ᠤᠨ ᠨᠢᠭᠡᠨ ᠠᠬᠠᠮᠠᠳ ᠨᠠᠮ ᠤᠨ ᠭᠡᠰᠢᠭᠦᠨ ᠪᠣᠯᠣᠨ᠎ᠠ᠂ ᠠᠮᠢᠳᠤᠷᠠᠯ ᠨᠢ ᠶᠡᠷᠦ ᠠᠴᠠ ᠴᠢᠨᠡᠭᠡᠯᠢᠭ ᠪᠢᠰᠢ ᠲᠡᠷᠡ ᠨᠢᠭᠡᠳᠦᠭᠡᠷ ᠹᠷᠣᠨᠲ ᠤᠨ ᠠᠵᠢᠯᠲᠠᠳ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠶᠢ ᠣᠯᠵᠤ ᠦᠵᠡᠭᠰᠡᠨ ᠤ ᠳᠠᠷᠠᠭ᠎ᠠ᠂ ᠡᠷᠡᠰ ᠰᠢᠭᠤᠷᠬᠠᠢ ᠪᠠᠷ 1000 ᠲᠥᠭᠦᠷᠢᠭ ᠭᠠᠷᠭᠠᠵᠤ ᠨᠡᠶᠢᠭᠡᠮ ᠲᠣᠭᠤᠷᠢᠭ ᠲᠤ ᠬᠢᠵᠢᠭ ᠢ ᠡᠰᠡᠷᠭᠦᠴᠡᠬᠦ ᠪᠡᠯᠡ ᠮᠥᠩᠭᠦ ᠪᠣᠯᠭᠠᠨ ᠬᠠᠨᠳᠢᠪᠯᠡᠪᠠ᠃ᠲᠡᠷᠡ᠄ ︽ᠪᠡᠶ᠎ᠡ ᠮᠠᠬᠠᠪᠤᠳ ᠤᠨ ᠰᠢᠯᠲᠠᠭᠠᠨ ᠠᠴᠠ ᠪᠣᠯᠵᠤ᠂ ᠪᠢ ᠪᠡᠶ᠎ᠡ ᠪᠠᠷ ᠢᠶᠠᠨ ᠲᠠᠶᠢᠨ ᠤ ᠲᠠᠯᠠᠪᠤᠷ ᠲᠤ ᠭᠠᠷᠴᠤ ᠴᠢᠳᠠᠬᠤ ᠦᠭᠡᠢ᠂ ᠵᠥᠪᠬᠡᠨ ᠡᠶᠢᠮᠦ ᠠᠷᠭ᠎ᠠ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠨ ᠭᠡᠰᠢᠭᠦᠨ ᠤ ᠴᠢᠩ ᠦᠨᠡᠨᠴᠢ ᠰᠡᠳᠬᠢᠯ ᠢ ᠢᠯᠡᠳᠬᠡᠨ᠎ᠡ᠂ ᠡᠳᠦᠶᠢᠬᠡᠨ ᠥᠴᠥᠬᠡᠨ ᠬᠦᠴᠦ ᠨᠢ ᠬᠢᠵᠢᠭ ᠤᠨ ᠪᠠᠶᠢᠳᠠᠯ ᠢ ᠡᠰᠡᠷᠭᠦᠴᠡᠬᠦ ᠳᠤ ᠲᠤᠰᠠ ᠪᠣᠯᠬᠤ ᠶᠢ ᠬᠦᠰᠡᠵᠦ ᠪᠠᠶᠢᠨ᠎ᠠ︾ ᠭᠡᠵᠦ ᠬᠡᠯᠡᠪᠡ᠃      ᠯᠢ ᠶᠤᠸᠠᠨ ᠶᠤᠸᠠᠨ ᠪᠣᠯ ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠴᠢᠳᠠᠪᠤᠷᠢᠲᠠᠨ ᠪᠣᠯᠪᠠᠰᠤᠷᠠᠭᠤᠯᠬᠤ ᠳᠡᠭᠡᠳᠦ ᠰᠤᠷᠭᠠᠭᠤᠯᠢ ᠶᠢᠨ ᠭᠤᠷᠪᠠᠳᠤᠭᠠᠷ ᠣᠨ ᠤ ᠰᠣᠷᠣᠭᠴᠢ᠂ ᠮᠥᠨ ᠴᠦ ᠨᠢᠭᠡᠨ ᠪᠡᠯᠡᠳᠬᠡᠯ ᠨᠠᠮ ᠤᠨ ᠭᠡᠰᠢᠭᠦᠨ ᠪᠣᠯᠣᠨ᠎ᠠ᠂ ᠳ᠋ᠦᠩ ᠾᠧ ᠲᠤᠸᠠᠨ ᠲᠣᠭᠤᠷᠢᠭ ᠤᠨ ᠨᠠᠮ ᠤᠨ ᠬᠤᠷᠢᠶ᠎ᠠ ᠪᠠᠷ ᠳᠡᠮᠵᠢᠨ ᠬᠢᠵᠢᠭ ᠢ ᠡᠰᠡᠷᠭᠦᠴᠡᠬᠦ ᠰᠠᠶᠢᠨ ᠳᠤᠷ᠎ᠠ ᠶᠢᠨ ᠠᠵᠢᠯᠯᠠᠭᠴᠢ ᠳᠤ ᠨᠡᠷ᠎ᠡ ᠮᠡᠳᠡᠭᠦᠯᠬᠦ ᠪᠠᠷ ᠳᠡᠮᠵᠢᠨ᠂ ᠡᠭᠦᠷᠭᠡ ᠭᠦᠢᠴᠡᠳᠬᠡᠬᠦ ᠶᠠᠪᠤᠴᠠ ᠳᠠᠭᠠᠨ ︽ᠪᠢ ᠪᠣᠯ ᠰᠣᠷᠣᠭᠴᠢ ᠨᠠᠮ ᠤᠨ ᠭᠡᠰᠢᠭᠦᠨ᠂ ᠨᠠᠳᠠ ᠶᠢ ᠢᠷᠡᠭᠦᠯᠦᠶ᠎ᠡ︕ ︾ ᠭᠡᠵᠦ ᠦᠷᠭᠦᠯᠵᠢ ᠬᠡᠯᠡᠳᠡᠭ᠃ .00 ᠣᠨ ᠠᠴᠠ ᠬᠤᠶᠢᠰᠢ ᠲᠡᠷᠡ ᠵᠠᠯᠠᠭᠤ ᠠᠴᠠ ᠪᠠᠨ ᠪᠣᠯᠵᠤ ᠬᠤᠶᠢᠰᠢ ᠤᠬᠤᠷᠢᠭᠰᠠᠨ ᠦᠭᠡᠢ᠂ ᠬᠥᠬᠡᠷᠡᠨ ᠬᠥᠬᠡᠷᠡᠭᠰᠡᠨ ᠠᠴᠠ ᠪᠠᠨ ᠪᠣᠯᠵᠤ ᠳᠤᠲᠠᠭᠠᠨ ᠵᠠᠶᠢᠯᠠᠭᠰᠠᠨ ᠦᠭᠡᠢ᠂ ᠭᠡᠳᠡᠷᠭᠦ ᠪᠠᠨ ᠬᠠᠷᠢᠨ ᠬᠦᠴᠢᠷ ᠢ ᠰᠥᠷᠦᠨ ᠤᠷᠤᠭᠰᠢᠯᠠᠵᠤ᠂ ᠲᠢᠶ᠋ᠧ ᠡᠯ ᠬᠡᠦᠬᠡᠳ ᠤᠨ ᠴᠡᠭ ᠲᠤ ᠭᠠᠷᠬᠤ ᠡᠭᠦᠳᠡᠨ ᠤ ᠡᠮᠬᠢ ᠳᠢᠭᠯᠢᠮ ᠢ ᠬᠠᠮᠠᠭᠠᠯᠠᠬᠤ ᠠᠵᠢᠯ ᠤᠨ ᠪᠠᠶᠢᠷᠢ ᠶᠢ ᠡᠭᠦᠷᠭᠡᠯᠡᠪᠡ᠃ᠵᠠᠯᠠᠭᠤ ᠨᠢᠭᠡ ᠦᠶ᠎ᠡ ᠶᠢᠨ ᠬᠢᠨ ᠬᠦᠰᠡᠯᠡᠩ ᠲᠠᠢ᠂ ᠬᠠᠷᠢᠭᠤᠴᠠᠯᠭ᠎ᠠ ᠲᠠᠢ ᠪᠠᠶᠢᠪᠠᠯ ᠤᠯᠤᠰ ᠣᠷᠣᠨ ᠢᠷᠡᠭᠡᠳᠦᠢ ᠲᠠᠢ᠂ ᠦᠨᠳᠦᠰᠦᠲᠡᠨ ᠬᠦᠰᠡᠯ ᠡᠷᠡᠮᠡᠯᠵᠡᠯ ᠲᠠᠢ ᠪᠣᠯᠣᠨ᠎ᠠ᠂ ᠬᠢᠵᠢᠭ ᠤᠨ ᠪᠠᠶᠢᠳᠠᠯ ᠤᠨ ᠶᠡᠭᠡ ᠰᠢᠯᠭᠠᠯᠲᠠ ᠶᠢᠨ ᠡᠮᠦᠨ᠎ᠡ᠂ ᠯᠢ ᠶᠤᠸᠠᠨ ᠶᠤᠸᠠᠨ ᠢᠶᠠᠷ ᠲᠥᠯᠥᠭᠡᠯᠡᠭᠦᠯᠦᠭᠰᠡᠨ ᠵᠠᠯᠠᠭᠤ ᠨᠢᠭᠡ ᠦᠶ᠎ᠡ ᠶᠢᠨ ᠬᠢᠨ ᠠᠷᠠᠳ ᠲᠦᠮᠡᠨ ᠳᠤ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠲᠤᠰᠢᠶᠠᠭᠰᠠᠨ ᠪᠠᠶᠢᠨ᠎ᠠ᠃      ᠬᠤᠤ ᠵᠢᠶᠠ ᠪᠣᠯ ᠲᠢᠶᠠᠨ ᠵᠢᠶᠣᠣ ᠵᠡᠭᠡᠯᠢ ᠭᠤᠳᠤᠮᠵᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠤᠨ ᠠᠵᠢᠯᠲᠠᠨ᠂ ᠬᠤᠶᠠᠷ ᠤᠳᠠᠭ᠎ᠠ ᠶᠢᠨ ᠰᠢᠯᠭᠠᠨ ᠪᠠᠶᠢᠴᠠᠭᠠᠬᠤ ᠠᠵᠢᠯ ᠤᠨ ᠳᠤᠮᠳᠠ ᠨᠡᠭᠦᠳᠡᠯ ᠦᠯᠢᠭᠡᠷ ᠠᠪᠬᠤ ᠠᠩᠭᠢ ᠶᠢᠨ ᠳᠠᠩᠰᠠᠯᠠᠭᠴᠢ ᠶᠢᠨ ᠡᠭᠦᠷᠭᠡ ᠶᠢ ᠡᠭᠦᠷᠭᠡᠯᠡᠪᠡ᠃ᠬᠥᠬᠦᠭᠦᠯ ᠤᠨ ᠬᠤᠭᠤᠴᠠᠭᠠᠨ ᠳᠠᠭᠠᠨ ᠪᠠᠶᠢᠭ᠎ᠠ ᠥᠬᠢᠨ ᠪᠣᠯᠣᠨ ᠥᠷᠯᠥᠭᠡ ᠶᠢᠨ 4 ᠴᠠᠭ ᠲᠤ ᠬᠥᠳᠡᠯᠬᠦ ᠡᠭᠦᠷᠭᠡ ᠶᠢᠨ ᠡᠮᠦᠨ᠎ᠡ᠂ ᠲᠡᠷᠡ ᠡᠷᠡᠰ ᠰᠢᠭᠤᠷᠬᠠᠢ ᠪᠠᠷ ᠬᠤᠶᠢᠨᠠᠬᠢ ᠶᠢ ᠨᠢ ᠰᠣᠩᠭᠤᠪᠠ᠃40 ᠳᠠᠪᠬᠤᠷ ᠠᠰᠠᠷ ᠤᠨ ᠱᠠᠲᠤ ᠪᠠᠷ ᠠᠪᠠᠷᠢᠭᠰᠠᠨ ᠤ ᠳᠠᠷᠠᠭ᠎ᠠ᠂ ᠲᠡᠷᠡ ᠶᠠᠳᠠᠷᠠᠵᠤ ᠵᠦᠳᠡᠷᠡᠭᠰᠡᠨ ᠪᠡᠶ᠎ᠡ ᠪᠠᠨ ᠴᠢᠷᠦᠨ ᠭᠡᠷ ᠲᠡᠭᠡᠨ ᠳᠦᠷᠰᠦ ᠰᠢᠩᠭᠡᠭᠡᠯᠲᠡ ᠬᠢᠬᠦ ᠳᠤ᠂ ᠳᠡᠯᠭᠡᠴᠡᠨ ᠳᠠᠬᠢ ᠡᠵᠢ ᠨᠢ ᠵᠣᠪ ᠵᠤᠵᠠᠭᠠᠨ ᠬᠠᠮᠠᠭᠠᠯᠠᠯᠲᠠ ᠶᠢᠨ ᠬᠤᠪᠴᠠᠰᠤ ᠡᠮᠦᠰᠴᠦ ᠪᠠᠶᠢᠬᠤ ᠶᠢ ᠣᠯᠵᠤ ᠬᠠᠷᠠᠭᠠᠳ᠂ ᠬᠡᠦᠬᠡᠳ ᠨᠢ ᠴᠦ ᠣᠬᠢᠯᠠᠭᠰᠠᠨ ᠦᠭᠡᠢ᠂ ᠶᠠᠭ ᠯᠠ ᠡᠵᠢ ᠨᠢ ᠡᠭᠦᠷᠭᠡ ᠪᠠᠨ ᠭᠦᠢᠴᠡᠳᠬᠡᠵᠦ᠂ ᠢᠯᠠᠯᠲᠠ ᠲᠠᠢ ᠪᠠᠷ ᠬᠠᠷᠢᠵᠤ ᠢᠷᠡᠬᠦ ᠶᠢ ᠨᠢ ᠬᠦᠯᠢᠶᠡᠵᠦ ᠪᠠᠶᠢᠬᠤ ᠶᠢ ᠣᠶᠢᠯᠠᠭᠠᠵᠤ ᠪᠠᠶᠢᠬᠤ ᠰᠢᠭ᠋ ᠰᠠᠨᠠᠭᠳᠠᠨ᠎ᠠ᠃ᠠᠰᠪᠤᠷ ᠴᠠᠭᠠᠪᠤᠷ ᠢᠨᠢᠶᠡᠮᠰᠦᠭᠯᠡᠯ ᠨᠢ ᠶᠠᠳᠠᠷᠠᠯ ᠵᠦᠳᠡᠷᠡᠯ ᠢ ᠠᠭᠤᠰᠬᠠᠵᠤ᠂ ᠡᠷᠡᠰ ᠪᠠᠲᠤ ᠤᠭ ᠰᠠᠨᠠᠭ᠎ᠠ ᠨᠢ ᠨᠠᠮ ᠤᠨ ᠰᠦᠯᠳᠡ ᠶᠢ ᠭᠡᠶᠢᠭᠦᠯᠵᠦ᠂ ᠬᠤᠤ ᠵᠢᠶᠠ ᠥᠪᠡᠷ ᠤᠨ ᠦᠢᠯᠡ ᠠᠵᠢᠯᠯᠠᠭ᠎ᠠ ᠪᠠᠷ ᠢᠶᠠᠨ ᠨᠢᠭᠡᠨ ᠡᠵᠢ ᠶᠢᠨ ᠡᠶᠡᠯᠳᠡᠭ ᠵᠥᠭᠡᠯᠡᠨ ᠪᠠ ᠨᠢᠭᠡᠨ ᠨᠠᠮ ᠤᠨ ᠭᠡᠰᠢᠭᠦᠨ ᠤ ᠡᠷᠡᠰ ᠪᠠᠲᠤ ᠰᠡᠳᠬᠢᠯᠭᠡ ᠶᠢ ᠲᠠᠶᠢᠯᠪᠤᠷᠢᠯᠠᠪᠠ᠃      ᠲᠡᠳᠡ ᠭᠤᠷᠪᠠᠭᠤᠯᠠ ᠭᠠᠭᠴᠠᠭᠠᠷ ᠢᠶᠠᠨ ᠪᠠᠶᠢᠯᠳᠤᠵᠤ ᠪᠠᠶᠢᠭ᠎ᠠ ᠪᠢᠰᠢ᠂ ᠬᠠᠷᠢᠨ ᠲᠤᠭ᠎ᠠ ᠲᠣᠮᠰᠢ ᠦᠭᠡᠢ ᠡᠪ ᠬᠠᠮᠲᠤᠴᠤᠳ ᠤᠨ ᠤᠶᠤᠨ ᠰᠠᠨᠠᠭᠠᠨ ᠤ ᠬᠤᠷᠢᠶᠠᠩᠭᠤᠢ ᠳᠦᠷᠰᠦ ᠮᠥᠨ᠃ᠤᠯᠠᠭᠠᠨ ᠤᠯᠠᠪᠤᠷ ᠰᠢᠷ᠎ᠠ ᠨᠣᠭᠤᠭᠠᠨ ᠥᠩᠭᠡᠲᠡᠢ᠂ ᠬᠠᠮᠤᠭ ᠤᠨ ᠭᠤᠶᠤ ᠨᠠᠮ ᠤᠨ ᠲᠤᠭ ᠤᠯᠠᠭᠠᠨ᠂ ᠲᠢᠶᠠᠨ ᠵᠢᠶᠣᠣ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠢᠮᠠᠭᠲᠠ ᠨᠠᠮ ᠤᠨ ᠲᠤᠭ ᠢ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠲᠤ ᠥᠨᠳᠥᠷ ᠨᠠᠮᠢᠷᠠᠭᠤᠯᠬᠤ ᠪᠠᠷ ᠬᠦᠴᠦᠯᠡᠨ ᠴᠢᠷᠮᠠᠶᠢᠵᠤ᠂ ᠬᠤᠶᠠᠷ ᠡᠭᠡᠯᠵᠢ ᠶᠢᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠶᠠᠪᠤᠴᠠ ᠳᠤ ᠳᠤᠮᠳᠠᠳᠤ ᠤᠯᠤᠰ ᠤᠨ ᠡᠪ ᠬᠠᠮᠲᠤ ᠨᠠᠮ 14 ᠲᠦᠷ ᠴᠠᠭ ᠤᠨ ᠨᠠᠮ ᠤᠨ ᠡᠭᠦᠷ᠂ 9 ᠨᠠᠮ ᠤᠨ ᠭᠡᠰᠢᠭᠦᠨ ᠤ ᠬᠤᠰᠢᠭᠤᠴᠢ ᠠᠩᠭᠢ᠂ 5 ᠨᠠᠮ ᠤᠨ ᠭᠡᠰᠢᠭᠦᠨ ᠤ ᠬᠤᠰᠢᠭᠤᠴᠢ ᠠᠵᠢᠯ ᠤᠨ ᠪᠠᠶᠢᠷᠢ ᠪᠠᠶᠢᠭᠤᠯᠵᠤ᠂ 150 ᠭᠠᠷᠤᠢ ᠨᠠᠮ ᠤᠨ ᠭᠡᠰᠢᠭᠦᠨ ᠢ ᠬᠠᠮᠤᠷᠴᠠᠢ᠃      ︽ᠬᠥᠮᠥᠨ ᠲᠥᠷᠥᠭᠰᠡᠨ ᠠᠴᠠ ᠪᠠᠨ ᠠᠪᠤᠭᠠᠳ ᠪᠠᠭᠠᠲᠤᠷ ᠬᠥᠮᠥᠨ ᠪᠢᠰᠢ︾᠂ ᠭᠠᠭᠴᠠ ᠬᠦ ᠡᠩᠭᠡᠷ ᠳᠡᠭᠡᠷ᠎ᠡ ᠪᠠᠨ ᠨᠠᠮ ᠤᠨ ᠰᠦᠯᠳᠡ ᠵᠡᠭᠦᠭᠰᠡᠨ ᠠᠴᠠ ᠪᠣᠯᠵᠤ᠂ ᠨᠢᠭᠡ ᠨᠢᠭᠡ ᠨᠠᠮ ᠤᠨ ᠭᠡᠰᠢᠭᠦᠨ ᠴᠦ ᠴᠡᠭᠡᠵᠢ ᠲᠦᠷᠢᠨ ᠭᠠᠷᠴᠤ ᠢᠷᠡᠭᠡᠳ ᠪᠠᠭᠠᠲᠤᠷ ᠪᠣᠯᠤᠭᠰᠠᠨ ᠪᠠᠶᠢᠨ᠎ᠠ᠃ᠡᠭᠦᠷᠭᠡ ᠬᠠᠷᠢᠭᠤᠴᠠᠯᠭ᠎ᠠ  ᠶᠢ ᠲᠥᠯᠥᠭᠡᠯᠡᠬᠦ ᠥᠩᠭᠡ ᠪᠤᠳᠤᠭ ᠭᠡᠵᠦ ᠨᠢᠭᠡ ᠴᠦ ᠪᠠᠶᠢᠬᠤ ᠦᠭᠡᠢ᠂ ᠭᠠᠭᠴᠠ ᠬᠦ ᠮᠢᠩᠭ᠎ᠠ ᠲᠦᠮᠡᠨ ᠰᠦᠭ ᠰᠦᠨᠡᠰᠦ  ᠶᠢ ᠮᠥᠷᠳᠡᠨ ᠳᠠᠭᠠᠭᠰᠠᠨ  ᠠᠴᠠ ᠪᠣᠯᠵᠤ᠂ ᠤᠯᠠᠭᠠᠨ ᠥᠩᠭᠡ ᠨᠢ ᠪᠠᠲᠤ ᠴᠢᠩᠭ᠎ᠠ ᠢᠲᠡᠭᠡᠯ ᠪᠢᠰᠢᠷᠡᠯ ᠪᠣᠯᠤᠭᠰᠠᠨ ᠪᠠᠶᠢᠨ᠎ᠠ᠃ᠨᠠᠮ ᠤᠨ ᠲᠤᠭ ᠨᠠᠮᠢᠷᠠᠵᠤ᠂ ᠨᠠᠮ ᠤᠨ ᠰᠦᠯᠳᠡ ᠭᠢᠯᠠᠯᠵᠠᠵᠤ᠂ ᠲᠢᠶᠠᠨ ᠵᠢᠶᠣᠣ ᠵᠡᠭᠡᠯᠢ ᠭᠤᠳᠤᠮᠵᠢ ᠶᠢᠨ ᠨᠠᠮ ᠤᠨ ᠭᠡᠰᠢᠭᠦᠨ ᠦᠷᠭᠦᠯᠵᠢᠯᠡᠨ ᠬᠢᠵᠢᠭ ᠢ ᠡᠰᠡᠷᠭᠦᠴᠡᠬᠦ ᠡᠮᠦᠨ᠎ᠡ ᠹᠷᠣᠨᠲ ᠲᠤ ᠬᠡᠷᠡᠯ ᠭᠢᠯᠪᠠᠭ᠎ᠠ ᠪᠠᠨ ᠰᠠᠴᠤᠷᠠᠭᠤᠯᠵᠤ᠂ ᠬᠠᠷᠰᠢ ᠰᠠᠭᠠᠳ ᠢ ᠢᠯᠠᠨ ᠳᠠᠪᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠣᠯᠣᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1