ᠨᠢᠭᠡ ᠤᠳᠠᠭ᠎ᠠ ᠶᠢᠨ ᠭᠡᠨᠡᠳᠲᠡ ᠶᠢᠨ ᠶᠡᠭᠡ ᠰᠠᠯᠬᠢ ᠪᠤᠭᠤᠲᠤ ᠬᠤᠳᠠ ᠶᠢᠨ ᠳ᠋ᠦᠩ ᠾᠧ ᠲᠣᠭᠤᠷᠢᠭ ᠤᠨ | ᠠᠭᠠᠷ ᠤᠨ ᠳᠤᠯᠠᠭᠠᠨ ᠢ ᠲᠦᠷᠭᠡᠨ ᠪᠠᠭᠤᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ | ᠥᠷᠢᠰᠦᠯᠳᠦᠭᠡᠨ ᠠᠪᠴᠢᠷᠠᠭᠰᠠᠨ ᠪᠠᠶᠢᠨ᠎ᠠ᠃ᠬᠢᠵᠢᠭ ᠤᠨ ᠪᠠᠶᠢᠳᠠᠯ ᠢ ᠡᠷᠲᠡᠬᠡᠨ ᠢᠯᠠᠬᠤ ᠶᠢᠨ ᠲᠥᠯᠥᠭᠡ᠂ ᠥᠷᠭᠡᠨ | ᠤᠯᠠᠨ ᠨᠢᠭᠡᠳᠦᠭᠡᠷ ᠹᠷᠣᠨᠲ ᠤᠨ ᠬᠢᠵᠢᠭ ᠢ ᠰᠡᠷᠭᠡᠶᠢᠯᠡᠬᠦ ᠠᠵᠢᠯᠲᠠᠳ ᠠᠵᠢᠯ ᠤᠨ ᠪᠠᠶᠢᠷᠢ ᠪᠠᠨ ᠪᠠᠲᠤ ᠰᠠᠬᠢᠵᠤ᠂ | ᠬᠠᠷᠢᠭᠤᠴᠠᠯᠭ᠎ᠠ᠂ ᠡᠭᠦᠷᠭᠡᠯᠡᠯ᠂ ᠢᠲᠡᠭᠡᠯ ᠢᠶᠠᠷ ᠢᠶᠠᠨ ᠪᠦᠬᠦ ᠠᠷᠠᠳ ᠤᠨ ᠬᠢᠵᠢᠭ ᠢ ᠰᠡᠷᠭᠡᠶᠢᠯᠡᠬᠦ ᠬᠠᠯᠬᠠᠪᠴᠢ ᠶᠢ | ᠴᠣᠭᠴᠠᠯᠠᠵᠤ ᠪᠤᠢ᠃ | ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ ᠶᠢᠨ ᠵᠧᠩ ᠪᠧᠢ ᠨᠡᠶᠢᠭᠡᠮ ᠲᠣᠭᠤᠷᠢᠭ ᠤᠨ ᠬᠢᠵᠢᠭ ᠢ | ᠰᠡᠷᠭᠡᠶᠢᠯᠡᠬᠦ ᠠᠵᠢᠯᠲᠠᠳ ᠴᠥᠮ ᠥᠪᠡᠷ ᠤᠨ ᠴᠡᠭ ᠲᠡᠭᠡᠨ ᠪᠠᠲᠤ ᠰᠠᠬᠢᠵᠤ ᠪᠠᠶᠢᠯ᠎ᠠ᠃ᠲᠡᠳᠡ ᠥᠷᠯᠥᠭᠡ ᠡᠷᠲᠡ ᠶᠢᠨ | ᠲᠠᠪᠤᠨ ᠴᠠᠭ ᠲᠤ ᠲᠡᠰᠬᠢᠮ᠎ᠠ ᠬᠦᠢᠲᠡᠨ ᠰᠠᠯᠬᠢᠨ ᠳᠤ ᠬᠢᠵᠢᠭ ᠢ ᠰᠡᠷᠭᠡᠶᠢᠯᠡᠬᠦ ᠠᠵᠢᠯ ᠬᠢᠵᠦ᠂ ᠮᠡᠳᠡᠭᠡ ᠵᠠᠩᠭᠢ ᠶᠢ | ᠳᠠᠩᠰᠠᠯᠠᠬᠤ᠂ ᠪᠥᠭᠡᠮ ᠬᠦᠴᠢᠯ ᠤᠨ ᠮᠡᠳᠡᠭᠦᠯᠦᠯᠲᠡ ᠶᠢ ᠪᠠᠶᠢᠴᠠᠭᠠᠬᠤ᠂ ᠠᠷᠢᠭᠤᠳᠬᠠᠬᠤ᠂ ᠰᠡᠭᠦᠳᠡᠷ ᠲᠠᠲᠠᠵᠤ | ᠦᠨᠡᠮᠯᠡᠯ ᠦᠯᠡᠳᠡᠭᠡᠬᠦ ᠵᠡᠷᠭᠡ ᠠᠵᠢᠯ ᠢ ᠪᠠᠷᠢᠮᠲᠠᠯᠠᠨ ᠬᠢᠵᠦ ᠪᠠᠶᠢᠨ᠎ᠠ᠃ᠡᠭᠦᠨ ᠤ ᠳᠣᠲᠣᠷᠠᠬᠢ ᠨᠢᠭᠡ ᠠᠵᠢᠯᠲᠠᠨ ᠨᠢ | ᠮᠠᠰᠢ ᠢᠯᠡ ᠲᠣᠳᠣ ᠬᠠᠷᠠᠭᠳᠠᠵᠤ ᠪᠠᠶᠢᠨ᠎ᠠ᠃ᠨᠢᠭᠡ ᠣᠯᠠᠨ ︽ᠴᠠᠭᠠᠨ ᠶᠠᠷᠢᠶ᠎ᠠ︾ ᠶᠢᠨ ᠳᠤᠮᠳᠠ᠂ ᠭᠠᠭᠴᠠ ᠬᠦ ᠲᠡᠷᠡ | ᠬᠦᠷᠳᠦᠲᠦ ᠰᠠᠨᠳᠠᠯᠢ ᠳᠡᠭᠡᠷ᠎ᠡ ᠰᠠᠭᠤᠵᠤ ᠪᠠᠶᠢᠯ᠎ᠠ᠃ᠲᠡᠷᠡ ᠪᠣᠯ ᠵᠧᠩ ᠪᠧᠢ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠵᠥᠪᠯᠡᠯ ᠤᠨ ᠭᠡᠰᠢᠭᠦᠨ ︱ ᠵᠤᠤ ᠨᠠ ᠪᠣᠯᠣᠨ᠎ᠠ᠃ | ᠬᠢᠵᠢᠭ ᠤᠨ ᠪᠠᠶᠢᠳᠠᠯ ᠬᠡᠴᠡᠭᠦᠦ ᠪᠣᠯᠵᠤ᠂ ᠨᠢᠭᠡᠳᠦᠭᠡᠷ ᠹᠷᠣᠨᠲ ᠤᠨ ᠬᠢᠵᠢᠭ ᠢ ᠰᠡᠷᠭᠡᠶᠢᠯᠡᠬᠦ ᠠᠵᠢᠯᠲᠠᠨ ᠬᠦᠨᠳᠦ | ᠨᠣᠴᠢᠲᠠᠢ ᠲᠤᠲᠠᠭᠳᠠᠵᠤ ᠪᠠᠶᠢᠨ᠎ᠠ᠃ᠡᠶᠢᠮᠦ ᠪᠠᠶᠢᠳᠠᠯ ᠤᠨ ᠳᠣᠣᠷ᠎ᠠ᠂ ᠵᠤᠤ ᠨᠠ ᠨᠥᠬᠦᠷ ᠰᠢᠷᠬ᠎ᠠ ᠪᠠᠨ ᠲᠡᠰᠪᠦᠷᠢᠯᠡᠨ | ᠠᠵᠢᠯ ᠤᠨ ᠪᠠᠶᠢᠷᠢᠨ ᠳᠠᠭᠠᠨ ᠭᠠᠷᠬᠤ ᠶᠢ ᠪᠠᠷᠢᠮᠲᠠᠯᠠᠭᠰᠠᠭᠠᠷ ᠪᠠᠶᠢᠯ᠎ᠠ᠃ᠲᠡᠭᠦᠨ ᠤ ᠬᠥᠯ ᠤᠨ ᠶᠠᠰᠤ ᠨᠢ ᠬᠤᠭᠤᠷᠠᠵᠤ᠂ | ᠭᠠᠳᠠᠭᠰᠢ ᠭᠠᠷᠬᠤ ᠳᠤ ᠳᠥᠭᠦᠮ ᠦᠭᠡᠢ᠂ ᠬᠦᠷᠳᠦᠲᠦ ᠰᠠᠨᠳᠠᠯᠢ ᠳᠡᠭᠡᠷ᠎ᠡ ᠬᠡᠳᠦᠨ ᠴᠠᠭ ᠰᠠᠭᠤᠪᠠ᠃ᠡᠨᠡ | ᠬᠤᠭᠤᠴᠠᠭᠠᠨ ᠳᠤ᠂ ᠲᠡᠷᠡ ᠪᠤᠰᠤᠳ ᠲᠤ ᠶᠠᠷᠰᠢᠭ ᠲᠠᠲᠠᠬᠤ ᠦᠭᠡᠢ ᠶᠢᠨ ᠲᠥᠯᠥᠭᠡ᠂ ᠬᠤᠭᠤᠯᠠ ᠢᠳᠡᠬᠦ ᠦᠭᠡᠢ᠂ | ᠤᠰᠤ ᠣᠷᠣᠭᠤᠯᠬᠤ ᠦᠭᠡᠢ ᠪᠠᠶᠢᠵᠤ᠂ ᠵᠣᠷᠯᠣᠩ ᠳᠤ ᠣᠴᠢᠬᠤ ᠠᠴᠠ ᠵᠠᠶᠢᠯᠠᠰᠬᠢᠵᠦ᠂ ᠣᠷᠣᠨ ᠪᠠᠶᠢᠷᠢ ᠪᠠᠨ ᠰᠢᠯᠵᠢᠭᠦᠯᠬᠦ | ᠦᠭᠡᠢ ᠶᠠᠳᠠᠷᠠᠬᠤ ᠦᠭᠡᠢ ᠪᠠᠶᠢᠪᠠ᠃ᠵᠣᠣ ᠨᠠ ᠨᠥᠬᠦᠷ ᠰᠢᠭ ᠡᠶᠢᠮᠦ ᠬᠢᠵᠢᠭ ᠢ ᠰᠡᠷᠭᠡᠶᠢᠯᠡᠬᠦ ᠠᠵᠢᠯ ᠤᠨ ᠪᠠᠶᠢᠷᠢ ᠶᠢ | ᠦᠭᠡ ᠲᠠᠭᠤᠨ ᠦᠭᠡᠢ ᠪᠠᠷ ᠪᠠᠲᠤ ᠰᠠᠬᠢᠵᠤ ᠪᠠᠶᠢᠭ᠎ᠠ ᠨᠢᠭᠡᠳᠦᠭᠡᠷ ᠹᠷᠣᠨᠲ ᠤᠨ ᠬᠢᠵᠢᠭ ᠢ ᠰᠡᠷᠭᠡᠶᠢᠯᠡᠬᠦ ᠠᠵᠢᠯᠲᠠᠨ | ᠪᠠᠰᠠ ᠮᠠᠰᠢ ᠣᠯᠠᠨ ᠪᠠᠶᠢᠨ᠎ᠠ᠂ ᠲᠠᠳᠠ ᠡᠷᠡᠭᠡᠯᠵᠡᠯ ᠦᠭᠡᠢ ᠪᠠᠷ ᠡᠷᠡᠯᠬᠡᠭᠯᠡᠨ ᠤᠷᠤᠭᠰᠢᠯᠠᠵᠤ᠂ ᠮᠠᠨ ᠤ ᠣᠷᠣᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠵᠤ | ᠪᠠᠶᠢᠨ᠎ᠠ᠃ᠲᠠᠳᠠ ᠪᠣᠳᠠᠲᠤ ᠠᠵᠢᠯᠯᠠᠭ᠎ᠠ ᠪᠠᠷ ᠢᠶᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠲᠤᠰᠠᠭᠠᠷᠯᠠᠬᠤ | ᠪᠦᠰᠡ︾ ᠪᠠ ︽ᠰᠡᠷᠭᠡᠶᠢᠯᠡᠯᠲᠡ ᠶᠢᠨ ᠬᠡᠷᠡᠮ︾ ᠢ ᠪᠠᠲᠤ ᠴᠣᠭᠴᠠᠯᠠᠵᠤ᠂ ᠬᠠᠷᠠᠮ ᠦᠭᠡᠢ ᠪᠠ ᠬᠠᠷᠠᠮ ᠦᠭᠡᠢ | ᠵᠣᠷᠢᠭᠤᠯᠤᠯᠲᠠ ᠪᠠᠷ ᠨᠢᠭᠡ ᠭᠠᠵᠠᠷ ᠤᠨ ᠠᠮᠤᠷ ᠲᠦᠪᠰᠢᠨ ᠢ ᠬᠠᠮᠠᠭᠠᠯᠠᠪᠠ᠃ | | | | | |