ᠨᠠᠮ ᠤᠨ ᠡᠭᠦᠷ ᠬᠥᠲᠥᠯᠥᠨ ᠳᠠᠭᠠᠭᠤᠯᠬᠤ ᠳᠠᠭᠠᠨ ᠡᠭᠦᠷᠭᠡᠯᠡᠯ ᠢ ᠢᠯᠡᠷᠡᠭᠦᠯᠵᠦ᠂ ᠬᠤᠰᠢᠭᠤᠴᠢ ᠵᠢᠱᠢᠶᠡᠴᠢ ᠳᠤ ᠦᠨᠡᠨ ᠰᠡᠳᠬᠢᠯᠭᠡ ᠶᠢ ᠢᠯᠡᠷᠡᠭᠦᠯᠦᠨ᠎ᠡ
ᠨᠡᠶᠢᠲᠡᠯᠡᠭᠰᠡᠨ ᠴᠠᠭ᠄
2022/3/22
     ᠨᠢᠭᠡ ᠤᠳᠠᠭᠠᠨ ᠤ ᠳᠠᠷᠢ ᠶᠢᠨ ᠤᠲᠤᠭ᠎ᠠ ᠦᠭᠡᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠳᠠᠶᠢᠯᠠᠯᠳᠤᠭᠠᠨ ᠳᠤ ᠳᠠᠬᠢᠨᠲᠠ ᠪᠦᠷᠢᠶ᠎ᠡ ᠬᠠᠩᠭᠢᠨᠠᠭᠤᠯᠵᠤ᠂ ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ ᠶᠢᠨ ᠯᠦ ᠸᠠᠩ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠲᠡᠷᠡ ᠳᠠᠷᠤᠢ ᠳᠤᠨᠢ ᠬᠢᠵᠢᠭ ᠢ ᠰᠡᠷᠭᠡᠶᠢᠯᠡᠬᠦ ᠡᠮᠦᠨ᠎ᠡ ᠡᠩᠨᠡᠭᠡᠨ ᠳᠤ ᠵᠣᠭᠰᠣᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠤᠨ ᠡᠭᠦᠷᠭᠡ ᠶᠢ ᠲᠣᠭᠲᠠᠭᠤᠨ ᠢᠶᠠᠷ ᠠᠬᠢᠭᠤᠯᠬᠤ ᠶᠢ ᠪᠠᠲᠤᠯᠠᠪᠠ᠃      ᠨᠢᠭᠡ ᠳᠤ ᠬᠡᠪᠢᠰ ᠤᠨ ᠮᠠᠶ᠋ᠢᠭ ᠤᠨ ᠪᠠᠶᠢᠴᠠᠭᠠᠯᠲᠠ ᠬᠢᠵᠦ᠂ ︽ᠡᠷᠦᠬᠡ ᠪᠣᠯᠭᠠᠨ ᠴᠥᠮ ᠲᠣᠳᠣᠷᠬᠠᠢ︾ ᠪᠠᠶᠢᠬᠤ ᠶᠢ ᠦᠨᠡᠨ ᠬᠦ ᠪᠠᠲᠤᠯᠠᠨ᠎ᠠ᠃ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠠᠴᠠ ᠨᠠᠰᠢ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠬᠤᠪᠢᠶᠠᠷᠢᠯᠠᠭᠰᠠᠨ ᠲᠤᠯᠤᠭᠠᠨ ᠲᠣᠣᠷ ᠤᠨ ᠶᠣᠰᠣᠭᠠᠷ᠂ ᠭᠠᠳᠠᠷ ᠣᠷᠣᠨ ᠤ ᠪᠤᠴᠠᠭᠠᠵᠤ ᠳᠠᠭᠠᠭᠠᠴᠢᠯᠠᠭᠤᠯᠤᠭᠰᠠᠨ ᠬᠥᠮᠥᠰ᠂ ᠪᠠᠶᠢᠩᠭᠤ ᠰᠠᠭᠤᠭ᠎ᠠ ᠬᠥᠮᠥᠰ ᠵᠢᠴᠢ ᠨᠡᠭᠦᠳᠡᠯ ᠬᠥᠮᠥᠰ᠂ ᠨᠢᠭᠡᠳᠦᠭᠡᠷ᠂ ᠬᠤᠶᠠᠳᠤᠭᠠᠷ ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠬᠥᠮᠥᠰ ᠤᠨ ᠪᠠᠶᠢᠳᠠᠯ ᠢ ᠴᠠᠭ ᠲᠤᠬᠠᠢ ᠳᠤᠨᠢ ᠳᠠᠷᠠᠭᠠᠯᠠᠨ ᠪᠠᠶᠢᠴᠠᠭᠠᠵᠤ᠂ ᠡᠯ᠎ᠡ ᠲᠦᠷᠦᠯ ᠤᠨ ᠡᠬᠡ ᠲᠠᠩᠰᠠ ᠶᠢ ᠲᠦᠷᠦᠯ ᠬᠤᠪᠢᠶᠠᠨ ᠰᠠᠶᠢᠲᠤᠷ ᠬᠢᠵᠦ᠂ ᠪᠦᠬᠦᠨ ᠢ ᠬᠠᠮᠤᠷᠤᠭᠤᠯᠵᠤ᠂ ᠣᠷᠬᠢᠭᠳᠠᠭᠤᠯᠬᠤ ᠦᠭᠡᠢ ᠪᠠᠶᠢᠬᠤ ᠶᠢ ᠦᠨᠡᠨᠬᠦ ᠪᠡᠶᠡᠯᠡᠭᠦᠯᠵᠡᠢ᠃ {ᠨᠢᠭᠡᠳᠦᠭᠡᠷ᠂ ᠬᠤᠶᠠᠳᠤᠭᠠᠷ ᠡᠭᠡᠯᠵᠢ ᠶᠢᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠬᠥᠮᠥᠰ ᠤᠨ ᠪᠠᠶᠢᠳᠠᠯ ᠢ ᠴᠠᠭ ᠲᠤᠬᠠᠢ  ᠳᠤᠨᠢ ᠪᠠᠶᠢᠴᠠᠭᠠᠵᠤ᠂ ᠡᠯ᠎ᠡ ᠲᠦᠷᠦᠯ ᠤᠨ ᠡᠬᠡ ᠲᠠᠩᠰᠠ ᠶᠢ ᠲᠦᠷᠦᠯ ᠬᠤᠪᠢᠶᠠᠨ ᠰᠠᠶᠢᠲᠤᠷ ᠬᠢᠵᠦ᠂ ᠪᠦᠬᠦᠨ ᠢ ᠬᠠᠮᠤᠷᠤᠭᠤᠯᠵᠤ᠂ ᠣᠷᠬᠢᠭᠳᠠᠭᠤᠯᠬᠤ ᠦᠭᠡᠢ ᠪᠠᠶᠢᠬᠤ ᠶᠢ ᠦᠨᠡᠨᠬᠦ ᠪᠡᠶᠡᠯᠡᠭᠦᠯᠵᠡᠢ᠃      ᠬᠤᠶᠠᠷ ᠲᠤ ᠤᠯᠠᠨ ᠠᠷᠭ᠎ᠠ ᠵᠠᠮ ᠢᠶᠠᠷ ᠤᠬᠠᠭᠤᠯᠵᠤ᠂ ︽ᠪᠠᠶᠢᠳᠠᠯ ᠢ ᠲᠣᠳᠣᠷᠬᠠᠢ ᠪᠣᠯᠭᠠᠪᠠᠯ᠂ ᠬᠥᠮᠥᠨ ᠤ ᠰᠡᠳᠬᠢᠯ ᠢ ᠲᠣᠭᠲᠠᠭᠤᠨ ᠪᠠᠶᠢᠯᠭᠠᠬᠤ︾ ᠶᠢ ᠦᠨᠡᠨ ᠬᠦ ᠪᠠᠲᠤᠯᠠᠬᠤ ᠬᠡᠷᠡᠭᠲᠡᠢ᠃ᠬᠠᠷᠢᠶ᠎ᠠ ᠣᠷᠣᠨ ᠤ ᠰᠠᠭᠤᠭᠠᠯᠢ ᠠᠷᠠᠳ ᠢ ᠴᠤᠤᠷᠬᠠᠯ ᠢ ᠢᠲᠡᠭᠡᠬᠦ ᠦᠭᠡᠢ᠂ ᠴᠤᠤᠷᠬᠠᠯ ᠢ ᠳᠠᠮᠵᠢᠭᠤᠯᠬᠤ ᠦᠭᠡᠢ᠂ ᠴᠤᠭᠯᠠᠷᠠᠭᠤᠯᠬᠤ ᠦᠭᠡᠢ ᠪᠠᠶᠢᠯᠭᠠᠬᠤ ᠶᠢᠨ ᠲᠥᠯᠥᠭᠡ᠂ ᠨᠡᠶᠢᠭᠡᠮ ᠲᠣᠭᠤᠷᠢᠭ ᠤᠨ ᠠᠵᠢᠯᠲᠠᠳ ᠡᠯ᠎ᠡ ᠭᠠᠵᠠᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠪᠦᠷᠢᠶ᠎ᠡ ᠶᠢ ᠲᠠᠯᠪᠢᠵᠤ᠂ ᠰᠠᠨᠠᠭᠠᠴᠢᠯᠠᠭ᠎ᠠ ᠶᠢᠨ ᠪᠢᠴᠢᠭ ᠢ ᠡᠭᠡᠯᠵᠢᠯᠡᠨ ᠨᠠᠪᠲᠠᠷᠡᠭᠦᠯᠵᠦ᠂ ᠰᠠᠭᠤᠭᠠᠯᠢ ᠠᠷᠠᠳ ᠤᠨ ᠲᠣᠭᠤᠷᠢᠭ ᠤᠨ ᠢᠯᠡᠷᠬᠡᠢ ᠭᠠᠵᠠᠷ ᠲᠤ ᠬᠢᠵᠢᠭ ᠢ ᠰᠡᠷᠭᠡᠶᠢᠯᠡᠬᠦ ᠵᠠᠷ ᠨᠠᠭᠠᠵᠤ᠂ ᠬᠢᠵᠢᠭ ᠤᠨ ᠪᠠᠶᠢᠳᠠᠯ ᠤᠨ ᠤᠬᠠᠭᠤᠯᠭ᠎ᠠ ᠶᠢᠨ ᠡᠯᠭᠦᠭᠡ ᠪᠢᠴᠢᠭᠡᠰᠦ ᠶᠢ ᠡᠯᠭᠦᠪᠡ᠃      ᠭᠤᠷᠪᠠ ᠳᠤ᠂ ᠪᠦᠬᠦ ᠡᠳᠦᠷ ᠢᠶᠠᠷ ᠢᠶᠠᠨ ᠰᠡᠷᠭᠡᠶᠢᠯᠡᠨ ᠡᠵᠡᠮᠳᠡᠵᠦ᠂︽ᠪᠣᠳᠠᠲᠠᠢ ᠠᠷᠭ᠎ᠠ ᠬᠡᠮᠵᠢᠶ᠎ᠡ ᠠᠪᠴᠤ᠂ ᠦᠷ᠎ᠡ ᠪᠦᠲᠦᠮᠵᠢ ᠰᠠᠶᠢᠲᠠᠢ ᠪᠠᠶᠢᠬᠤ︾ ᠶᠢ ᠪᠠᠲᠤᠯᠠᠬᠤ ᠬᠡᠷᠡᠭᠲᠡᠢ᠃ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠠᠴᠠ ᠨᠠᠮ ᠤᠨ ᠭᠡᠰᠢᠭᠦᠨ᠂ ᠰᠠᠶᠢᠨ ᠳᠤᠷ᠎ᠠ ᠶᠢᠨ ᠠᠵᠢᠯᠯᠠᠭᠴᠢ ᠶᠢ ᠴᠤᠭᠯᠠᠭᠤᠯᠤᠨ ᠷᠦᠢ ᠹᠥ᠋ᠨ ᠪᠠᠭ᠎ᠠ ᠲᠣᠭᠤᠷᠢᠭ᠂ ᠬᠤᠳᠠᠯᠳᠤᠭᠠᠨ ᠤ ᠲᠡᠭᠡᠭᠡᠪᠦᠷᠢ ᠶᠢᠨ ᠳᠠᠭᠠᠳᠬᠠᠯ ᠤᠨ ᠣᠷᠣᠨ ᠰᠠᠭᠤᠴᠠ ᠶᠢᠨ ᠠᠰᠠᠷ ᠵᠡᠷᠭᠡ ᠵᠢᠷᠭᠤᠭᠠᠨ ᠴᠡᠭ ᠲᠤ ᠰᠠᠶᠢᠨ ᠳᠤᠷ᠎ᠠ ᠶᠢᠨ ᠦᠢᠯᠡᠴᠢᠯᠡᠭᠡᠨ ᠤ ᠵᠢᠵᠢᠭᠦᠷᠯᠡᠨ ᠰᠠᠬᠢᠬᠤ ᠺᠠᠷᠲ ᠭᠠᠷᠭᠠᠵᠤ᠂ ᠰᠠᠭᠤᠭᠠᠯᠢ ᠠᠷᠠᠳ ᠢ ᠵᠠᠪᠠᠯ ᠭᠠᠳᠠᠭᠰᠢ ᠭᠠᠷᠬᠤ ᠦᠭᠡᠢ ᠪᠠᠶᠢᠬᠤ ᠬᠡᠷᠡᠭᠲᠡᠢ ᠭᠡᠵᠦ ᠢᠳᠬᠠᠵᠤ᠂ ᠬᠥᠮᠥᠨ ᠴᠤᠭᠯᠠᠷᠠᠬᠤ ᠶᠢ ᠪᠠᠭᠠᠰᠬᠠᠵᠤ᠂ ᠭᠠᠳᠠᠨ᠎ᠠ ᠠᠴᠠ ᠢᠷᠡᠭᠰᠡᠨ ᠬᠥᠮᠥᠰ ᠤᠨ ᠣᠷᠣᠵᠤ ᠢᠷᠡᠬᠦ ᠶᠢ ᠴᠠᠭᠠᠵᠠᠯᠠᠨ᠎ᠠ᠃ᠡᠭᠦᠨ ᠠᠴᠠ ᠭᠠᠳᠠᠨ᠎ᠠ᠂ ᠨᠠᠮ ᠤᠨ ᠡᠭᠦᠷ ᠠᠴᠠ ᠡᠳᠦᠷ ᠪᠦᠷᠢ ᠲᠣᠭᠲᠠᠭᠰᠠᠨ ᠬᠤᠭᠤᠴᠠᠭ᠎ᠠ ᠲᠠᠢ ᠪᠠᠷ ᠭᠤᠣᠯᠳᠠᠯᠭ᠎ᠠ ᠲᠠᠢ ᠣᠷᠣᠨ ᠪᠦᠰᠡ ᠶᠢ ᠤᠰᠠᠳᠬᠠᠵᠤ᠂ ᠭᠡᠷ ᠲᠡᠭᠡᠨ ᠲᠤᠰᠠᠭᠠᠷᠯᠠᠵᠤ ᠪᠠᠶᠢᠭ᠎ᠠ ᠬᠥᠮᠥᠰ ᠤᠨ ᠪᠡᠶ᠎ᠡ ᠶᠢᠨ ᠳᠤᠯᠠᠭᠠᠨ ᠵᠢᠴᠢ ᠪᠥᠭᠡᠮ ᠬᠦᠴᠢᠯ ᠤᠨ ᠪᠠᠶᠢᠳᠠᠯ ᠢ ᠳᠡᠭᠡᠭᠰᠢ ᠮᠡᠳᠡᠭᠦᠯᠬᠦ ᠶᠢ ᠰᠢᠪᠠᠳᠠᠨ ᠱᠠᠭᠠᠷᠳᠠᠵᠤ᠂ ᠭᠡᠷ ᠲᠡᠭᠡᠨ ᠲᠤᠰᠠᠭᠠᠷᠯᠠᠵᠤ ᠪᠠᠶᠢᠭ᠎ᠠ ᠬᠡᠷᠡᠭᠴᠡᠭᠡ ᠲᠠᠢ ᠬᠥᠮᠥᠰ ᠲᠤ ᠠᠮᠢᠳᠤᠷᠠᠯ ᠤᠨ ᠡᠳᠦᠷ ᠲᠤᠲᠤᠮ ᠤᠨ ᠴᠢᠬᠤᠯᠠ ᠬᠡᠷᠡᠭᠴᠡᠭᠡᠨ ᠤ ᠵᠦᠢᠯ ᠢ ᠬᠤᠳᠠᠯᠳᠤᠨ ᠠᠪᠴᠤ ᠥᠭᠴᠦ᠂ ᠲᠡᠳᠡᠨ ᠤ ᠬᠡᠪ ᠤᠨ ᠠᠮᠢᠳᠤᠷᠠᠯ ᠢ ᠪᠠᠲᠤᠯᠠᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1