ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ ᠶᠢᠨ ᠯᠦ ᠸᠠᠩ ᠨᠡᠶᠢᠭᠡᠮ ᠲᠣᠭᠤᠷᠢᠭ ᠲᠤ᠄ ᠬᠠᠶᠢᠷ᠎ᠠ ᠬᠠᠯᠠᠮᠵᠢ ᠲᠠᠢ ᠬᠥᠮᠥᠰ ᠰᠡᠳᠬᠢᠯ ᠢ ᠳᠤᠯᠠᠭᠠᠴᠠᠭᠤᠯᠬᠤ ᠡᠳ᠋ ᠪᠣᠳᠠᠰ ᠬᠦᠷᠭᠡᠵᠦ ᠢᠷᠡᠪᠡ
ᠨᠡᠶᠢᠲᠡᠯᠡᠭᠰᠡᠨ ᠴᠠᠭ᠄
2022/3/22
     3 ᠰᠠᠷ᠎ᠠ  ᠶᠢᠨ 4 ᠤ ᠡᠳᠦᠷ᠂ ᠳᠤᠮᠳᠠᠳᠤ ᠤᠯᠤᠰ ᠤᠨ ᠤᠯᠠᠮᠵᠢᠯᠠᠯᠲᠤ ᠪᠠᠶᠠᠷ ᠤᠨ ᠡᠳᠦᠷ ᠤᠨ ᠬᠤᠶᠠᠳᠤᠭᠠᠷ ᠰᠠᠷ᠎ᠠ  ᠶᠢᠨ ᠰᠢᠨ᠎ᠡ  ᠶᠢᠨ ᠬᠤᠶᠠᠷ ᠤᠨ ᠡᠳᠦᠷ᠂ ᠡᠮᠦᠨ᠎ᠡ ᠡᠭᠦᠳᠡᠨ ᠤ ᠭᠠᠳᠠᠨᠠᠬᠢ ᠵᠡᠭᠡᠯᠢ  ᠶᠢᠨ ᠯᠦ ᠸᠠᠩ ᠨᠡᠶᠢᠭᠡᠮ ᠲᠣᠭᠤᠷᠢᠭ ᠤᠨ ᠡᠭᠦᠳᠡᠨ ᠳᠤ ᠨᠢᠭᠡᠨ ᠵᠢᠵᠢᠭ ᠠᠴᠢᠶᠠᠨ ᠤ ᠮᠠᠰᠢᠨ ᠲᠡᠷᠭᠡ ᠵᠣᠭᠰᠣᠵᠤ᠂ ᠳᠠᠷᠠᠭ᠎ᠠ ᠨᠢ ᠨᠢᠭᠡ ᠬᠠᠶᠢᠷᠴᠠᠭ ᠢᠳᠡᠭᠡᠨ ᠪᠠ ᠡᠳ᠋ ᠪᠣᠳᠠᠰ  ᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠢᠩᠬᠢᠮ ᠳᠤ ᠵᠥᠭᠡᠭᠡᠵᠦ ᠣᠷᠣᠭᠤᠯᠪᠠ᠂ ᠡᠨᠡ ᠪᠣᠯ ᠯᠦ ᠸᠠᠩ ᠨᠡᠶᠢᠭᠡᠮ ᠲᠣᠭᠤᠷᠢᠭ  ᠠᠴᠠ ᠢᠷᠡᠭᠰᠡᠨ ᠬᠠᠯᠠᠭᠤᠨ ᠰᠡᠳᠬᠢᠯᠲᠦ ᠰᠠᠭᠤᠭᠠᠯᠢ ᠠᠷᠠᠳ ᠯᠢ ᠶᠦᠩ ᠭᠠᠩ ᠤᠨ ᠨᠡᠶᠢᠭᠡᠮ ᠲᠣᠭᠤᠷᠢᠭ ᠲᠤ ᠬᠦᠷᠭᠡᠭᠰᠡᠨ ᠬᠢᠵᠢᠭ ᠰᠡᠷᠭᠡᠶᠢᠯᠡᠬᠦ ᠡᠳ᠋ ᠪᠣᠳᠠᠰ ᠪᠣᠯᠣᠨ᠎ᠠ᠃      ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠨᠢ ᠬᠥᠮᠥᠨ ᠨᠢᠭᠡᠪᠦᠷᠢ ᠶᠢᠨ ᠰᠡᠳᠬᠢᠯ ᠢ ᠲᠠᠲᠠᠵᠤ ᠪᠠᠶᠢᠨ᠎ᠠ᠂ ᠣᠶᠢᠷ᠎ᠠ ᠶᠢᠨ ᠡᠳᠦᠷ ᠤᠳ ᠲᠤ᠂ ᠨᠡᠶᠢᠭᠡᠮ ᠲᠣᠭᠤᠷᠢᠭ ᠤᠨ ᠠᠵᠢᠯᠲᠠᠨ 24 ᠴᠠᠭ ᠢᠶᠠᠷ ᠠᠵᠢᠯ ᠤᠨ ᠪᠠᠶᠢᠷᠢ ᠡᠭᠡᠯᠵᠢᠯᠡᠵᠦ᠂ ᠳᠠᠭᠠᠭᠠᠴᠢᠯᠠᠭᠤᠯᠬᠤ ᠪᠠᠷ ᠪᠤᠴᠠᠭᠰᠠᠳ ᠢ ᠳᠡᠩᠰᠡᠯᠡᠨ ᠲᠡᠮᠳᠡᠭᠯᠡᠵᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠲᠣᠬᠢᠷᠠᠭᠤᠯᠪᠠ᠃ᠬᠥᠬᠡᠬᠤᠲᠠ ᠶᠢᠨ ᠳᠠᠭᠠᠭᠠᠴᠢᠯᠠᠭᠤᠯᠤᠯᠲᠠ ᠳᠤ ᠪᠤᠴᠠᠭᠰᠠᠳ ᠲᠤ᠂ ᠨᠡᠶᠢᠭᠡᠮ ᠲᠣᠭᠤᠷᠢᠭ ᠤᠨ ᠠᠵᠢᠯᠲᠠᠳ ᠦᠳᠲᠡᠷ ᠲᠦᠷᠭᠡᠨ ᠢᠶᠠᠷ ᠰᠡᠷᠭᠡᠶᠢᠯᠡᠨ ᠡᠵᠡᠮᠳᠡᠬᠦ ᠪᠠᠶᠢᠳᠠᠯ ᠳᠤ ᠣᠷᠣᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢ ᠬᠠᠮᠠᠭᠠᠯᠠᠬᠤ ᠬᠡᠷᠡᠭᠲᠡᠢ᠃      ᠯᠢ ᠶᠦᠩ ᠭᠠᠩ᠄ ︽ᠪᠤᠭᠤᠲᠤ ᠶᠢᠨ ᠬᠢᠵᠢᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠣᠯᠵᠤ ᠦᠵᠡᠭᠡᠳ᠂ ᠨᠡᠶᠢᠭᠡᠮ ᠲᠣᠭᠤᠷᠢᠭ ᠤᠨ ᠠᠵᠢᠯᠲᠠᠳ ᠪᠠᠰᠠ ᠡᠳᠦᠷᠵᠢᠨ ᠰᠥᠨᠢᠵᠢᠨ ᠠᠵᠢᠯᠯᠠᠵᠤ ᠡᠬᠢᠯᠡᠬᠦ ᠶᠢ ᠪᠢ ᠮᠡᠳᠡᠵᠦ ᠪᠠᠶᠢᠨ᠎ᠠ᠂ ᠪᠢ ᠵᠢᠭᠠᠬᠠᠨ ᠢᠳᠡᠬᠦ ᠶᠠᠭᠤᠮ᠎ᠠ ᠪᠡᠯᠡᠳᠬᠡᠵᠦ᠂ ᠲᠠ ᠨᠠᠷ ᠤᠨ ᠭᠡᠳᠡᠰᠦ ᠪᠠᠨ ᠪᠥᠭᠯᠡᠬᠦ ᠳᠤ ᠲᠥᠬᠦᠮ ᠪᠣᠯᠭᠠᠪᠠ᠂ ᠲᠠ ᠨᠠᠷ ᠤᠨ ᠠᠵᠢᠯᠯᠠᠬᠤ ᠶᠢᠨ ᠳᠠᠭᠠᠤ ᠢᠳᠡᠵᠦ ᠡᠮᠦᠰᠬᠦ ᠳᠡᠭᠡᠨ ᠵᠥᠪ ᠪᠠᠶᠢᠵᠤ᠂ ᠰᠠᠶᠢᠲᠤᠷ ᠰᠡᠷᠭᠡᠶᠢᠯᠡᠨ ᠬᠠᠮᠠᠭᠠᠯᠠᠵᠤ᠂ ᠥᠪᠡᠷ ᠤᠨ ᠪᠡᠶ᠎ᠡ ᠶᠢᠨ ᠡᠷᠡᠭᠦᠯ ᠮᠡᠨᠳᠦ ᠪᠠᠨ ᠠᠩᠬᠠᠷᠬᠤ ᠶᠢ ᠬᠦᠰᠡᠵᠦ ᠪᠠᠶᠢᠨ᠎ᠠ︾ ᠭᠡᠵᠡᠢ ᠃ ᠳᠥᠭᠦᠮᠬᠡᠨ ᠪᠥᠭᠡᠳ ᠪᠣᠷᠣᠭᠵᠢᠭᠤᠨ ᠦᠭᠡ ᠶᠠᠷᠢᠶ᠎ᠠ ᠨᠢ ᠨᠡᠶᠢᠭᠡᠮ ᠲᠣᠭᠤᠷᠢᠭ ᠤᠨ ᠠᠵᠢᠯᠲᠠᠳ ᠤᠨ ᠰᠡᠳᠬᠢᠯ  ᠢ ᠶᠡᠬᠡᠳᠡ ᠳᠣᠭᠳᠣᠯᠤᠭᠤᠯᠵᠤ᠂ ᠬᠢᠵᠢᠭ ᠤᠨ ᠪᠠᠶᠢᠳᠠᠯ  ᠢ ᠡᠰᠡᠷᠭᠦᠴᠡᠬᠦ ᠢᠲᠡᠭᠡᠯ ᠵᠣᠷᠢᠭ  ᠢ ᠤᠯᠠᠮ ᠪᠠᠲᠤᠳᠬᠠᠵᠠᠢ᠃      ᠲᠡᠷᠡ ᠨᠢᠭᠡ ᠠᠪᠳᠠᠷ᠎ᠠ ᠲᠡᠷᠢ ᠲᠡᠭᠰᠢ ᠣᠪᠣᠭᠠᠯᠠᠭᠰᠠᠨ ᠡᠳ᠋ ᠪᠣᠳᠠᠰ ᠤᠨ ᠳᠣᠲᠣᠷ᠎ᠠ ᠰᠠᠭᠤᠭᠠᠯᠢ ᠠᠷᠠᠳ ᠤᠨ ᠬᠠᠯᠠᠭᠤᠨ ᠰᠡᠳᠬᠢᠯ ᠪᠠ ᠬᠦᠰᠡᠯ ᠡᠷᠡᠮᠡᠯᠵᠡᠯ ᠪᠠᠶᠢᠪᠠ᠃ᠯᠢ ᠶᠦᠩ ᠭᠠᠩ ᠥᠪᠡᠷ ᠤᠨ ᠬᠠᠯᠠᠭᠤᠨ ᠰᠡᠳᠬᠢᠯ ᠪᠣᠯᠣᠨ ᠪᠤᠶᠠᠨ ᠦᠢᠯᠡ ᠪᠠᠷ ᠢᠶᠠᠨ ᠨᠡᠶᠢᠭᠡᠮ ᠲᠣᠭᠤᠷᠢᠭ ᠤᠨ ᠠᠵᠢᠯᠲᠠᠳ ᠲᠤ ᠬᠠᠶᠢᠷ᠎ᠠ ᠬᠠᠯᠠᠮᠵᠢ ᠬᠦᠷᠭᠡᠵᠦ᠂ ᠢᠲᠡᠭᠡᠯ ᠳᠦᠭᠦᠷᠡᠩ ᠪᠠᠶᠢᠯ᠎ᠠ᠃ᠪᠡᠯᠡᠭᠯᠡᠨ ᠬᠦᠷᠭᠡᠭᠰᠡᠨ ᠡᠳ᠋ ᠪᠣᠳᠠᠰ ᠲᠤ ᠲᠡᠭᠦᠨ ᠤ ᠬᠠᠶᠢᠷ᠎ᠠ ᠬᠠᠯᠠᠮᠵᠢ ᠰᠢᠩᠭᠡᠵᠦ᠂ ᠠᠵᠢᠯᠲᠠᠳ ᠲᠤ ᠬᠠᠶᠢᠷ᠎ᠠ ᠬᠠᠯᠠᠮᠵᠢ ᠪᠠ ᠬᠠᠶᠢᠷ᠎ᠠ ᠬᠠᠯᠠᠮᠵᠢ  ᠶᠢ ᠬᠦᠷᠲᠡᠭᠡᠭᠰᠡᠨ ᠪᠠᠶᠢᠨ᠎ᠠ᠃ᠰᠠᠭᠤᠭᠠᠯᠢ ᠠᠷᠠᠳ ᠤᠨ ᠰᠠᠨᠠᠭᠠᠴᠢᠯᠠᠭ᠎ᠠ  ᠠᠴᠠ ᠪᠠᠨ ᠪᠡᠯᠡᠭᠯᠡᠨ ᠬᠦᠷᠭᠡᠭᠰᠡᠨ ᠪᠠ ᠰᠠᠭᠤᠭᠠᠯᠢ ᠠᠷᠠᠳ ᠤᠨ ᠲᠣᠭᠤᠷᠢᠭ ᠤᠨ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠣᠷᠣᠯᠴᠠᠭᠰᠠᠨ ᠲᠤᠬᠠᠢ ᠨᠡᠶᠢᠭᠡᠮ ᠲᠣᠭᠤᠷᠢᠭ ᠤᠨ ᠠᠵᠢᠯᠲᠠᠨ ᠢᠯᠡᠷᠬᠡᠶᠢᠯᠡᠬᠦ ᠳᠡᠭᠡᠨ᠂ ᠰᠠᠭᠤᠭᠠᠯᠢ ᠠᠷᠠᠳ ᠤᠨ ᠬᠠᠯᠠᠭᠤᠨ ᠰᠡᠳᠬᠢᠯ ᠪᠣᠯ ᠨᠡᠶᠢᠭᠡᠮ ᠲᠣᠭᠤᠷᠢᠭ ᠤᠨ ᠠᠵᠢᠯᠲᠠᠳ ᠤᠨ ᠴᠢᠷᠮᠠᠶᠢᠯᠭ᠎ᠠ ᠳᠤ ᠬᠠᠮᠤᠭ ᠤᠨ ᠶᠡᠭᠡ ᠳᠡᠮᠵᠢᠯᠭᠡ ᠦᠵᠡᠭᠦᠯᠵᠦ ᠪᠠᠶᠢᠭ᠎ᠠ ᠶᠠᠪᠤᠳᠠᠯ ᠮᠥᠨ᠂ ᠨᠡᠶᠢᠭᠡᠮ ᠲᠣᠭᠤᠷᠢᠭ ᠤᠨ  ᠬᠢᠨ ᠡᠯ᠎ᠡ ᠵᠦᠢᠯ ᠤᠨ ᠬᠢᠵᠢᠭ  ᠢ ᠰᠡᠷᠭᠡᠶᠢᠯᠡᠬᠦ ᠠᠵᠢᠯ  ᠢ ᠨᠠᠩ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ᠂ ᠡᠭᠡᠯᠵᠢ ᠪᠦᠷᠢ ᠶᠢᠨ ᠠᠵᠢᠯ ᠤᠨ ᠪᠠᠶᠢᠷᠢ ᠳᠤ ᠰᠠᠶᠢᠲᠤᠷ ᠵᠣᠭᠰᠣᠵᠤ᠂ ᠰᠠᠭᠤᠭᠠᠯᠢ ᠠᠷᠠᠳ ᠨᠢᠭᠡᠪᠦᠷᠢ ᠶᠢᠨ ᠡᠷᠡᠭᠦᠯ ᠮᠡᠨᠳᠦ ᠪᠠ ᠠᠮᠤᠷ ᠲᠦᠪᠰᠢᠨ  ᠢ ᠰᠠᠶᠢᠲᠤᠷ ᠰᠠᠬᠢᠨ ᠬᠠᠮᠠᠭᠠᠯᠠᠨ᠎ᠠ ᠭᠡᠵᠡᠢ᠃ᠪᠢᠳᠡ ᠡᠨᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠰᠠᠭᠤᠭᠠᠯᠢ ᠠᠷᠠᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠰᠠᠶᠢᠲᠤᠷ ᠬᠠᠮᠠᠭᠠᠯᠠᠬᠤ ᠢᠲᠡᠭᠡᠯ ᠲᠠᠢ ᠪᠠᠶᠢᠨ᠎ᠠ᠃      ᠬᠢᠵᠢᠭ ᠤᠨ ᠪᠠᠶᠢᠳᠠᠯ ᠬᠠᠶᠢᠷ᠎ᠠ ᠨᠠᠶᠢᠷ ᠦᠭᠡᠢ᠂ ᠬᠥᠮᠥᠨ ᠤ ᠶᠢᠷᠲᠢᠨᠴᠦ ᠳᠤ ᠬᠠᠶᠢᠷ᠎ᠠ ᠬᠠᠯᠠᠮᠵᠢ  ᠲᠠᠢ᠂ ᠬᠦᠴᠢᠷ ᠪᠡᠷᠬᠡᠰᠢᠶᠡᠯ  ᠢ ᠬᠠᠮᠲᠤ ᠪᠠᠷ ᠳᠤᠭᠤᠯᠵᠤ᠂ ᠮᠥᠷᠥ ᠵᠡᠷᠭᠡᠴᠡᠨ ᠬᠢᠵᠢᠭ  ᠢ ᠡᠰᠡᠷᠭᠦᠴᠡᠳᠡᠭ᠃ᠡᠨᠡ ᠤᠳᠠᠭᠠᠨ ᠤ ︽ᠬᠢᠵᠢᠭ︾ ᠤᠨ ᠢᠯᠠᠯᠲᠠ ᠶᠢ ᠯᠠᠪᠲᠠᠢ ᠣᠯᠣᠨ᠎ᠠ ᠭᠡᠳᠡᠭ ᠢ ᠪᠢᠳᠡ ᠪᠠᠲᠤ ᠢᠲᠡᠭᠡᠵᠦ ᠪᠠᠢᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1