ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠴᠦ᠂ ᠨᠠᠮ ᠤᠨ ᠭᠡᠰᠢᠭᠦᠨ ᠤ ᠬᠤᠰᠢᠭᠤᠴᠢ ᠬᠠᠮᠲᠤ ᠪᠠᠷ ᠡᠷᠡᠯᠬᠡᠭᠯᠡᠨ ᠪᠠᠶᠢᠯᠳᠤᠬᠤ
ᠨᠡᠶᠢᠲᠡᠯᠡᠭᠰᠡᠨ ᠴᠠᠭ᠄
2022/3/22
     ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠶᠢ ᠦᠨᠳᠦᠰᠦᠯᠡᠨ᠂ 2 ᠰᠠᠷ᠎ᠠ ᠶᠢᠨ 27 ᠤ ᠡᠳᠦᠷ ᠤᠨ ᠥᠷᠯᠥᠭᠡ ᠶᠢᠨ 6᠄ 00 ᠴᠠᠭ ᠲᠤ ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ ᠶᠢᠨ ᠪᠥᠬᠦ ᠰᠠᠭᠤᠭᠠᠯᠢ ᠠᠷᠠᠳ ᠬᠤᠶᠠᠳᠤᠭᠠᠷ ᠡᠭᠡᠯᠵᠢ ᠶᠢᠨ ᠪᠥᠬᠦ ᠠᠵᠢᠯᠲᠠᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠴᠠᠭ ᠲᠠᠭᠠᠨ ᠬᠢᠪᠡ᠃ᠲᠣᠰ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠤᠨ ᠠᠮᠤᠷ ᠲᠦᠪᠰᠢᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠪᠥᠬᠦ ᠭᠡᠰᠢᠭᠦᠳ ᠰᠠᠶᠢᠨ ᠳᠤᠷ᠎ᠠ ᠶᠢᠨ ᠠᠵᠢᠯᠯᠠᠭᠴᠢᠳ ᠲᠠᠢ ᠬᠠᠮᠲᠤ ᠪᠠᠷ ᠬᠠᠮᠵᠢᠯᠴᠠᠵᠤ᠂ ᠬᠠᠮᠤᠭ ᠤᠨ ᠥᠨᠳᠥᠷ ᠵᠣᠭᠰᠣᠴᠠ ᠲᠠᠢ ᠪᠠᠶᠢᠬᠤ ᠶᠢ ᠪᠠᠷᠢᠮᠲᠠᠯᠠᠨ᠂ ᠬᠡᠰᠡᠭ ᠬᠤᠪᠢᠶᠠᠨ ᠬᠠᠷᠢᠭᠤᠴᠠᠵᠤ᠂ ᠡᠮᠦᠨᠡᠰᠢ ᠪᠠᠨ ᠵᠢᠯᠤᠭᠤᠳᠴᠤ᠂ ︽ᠪᠠᠶᠢᠴᠠᠭᠠᠬᠤ ᠶᠣᠰᠣᠲᠠᠢ ᠶᠢ ᠨᠢ ᠴᠥᠮ ᠪᠠᠶᠢᠴᠠᠭᠠᠵᠤ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ︾ ᠪᠠᠶᠢᠬᠤ ᠶᠢ ᠦᠨᠡᠨ ᠬᠦ ᠪᠡᠶᠡᠯᠡᠭᠦᠯᠪᠡ᠃      ᠪᠥᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯ ᠤᠨ ᠪᠡᠯᠡᠳᠬᠡᠯ ᠤᠨ ᠬᠤᠭᠤᠴᠠᠭᠠᠨ ᠳᠤ ᠂ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ︽ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ᠂ ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ︾ ᠪᠠᠶᠢᠬᠤ ᠶᠢ ᠪᠡᠶᠡᠯᠡᠭᠦᠯᠬᠦ ᠶᠢᠨ ᠲᠥᠯᠥᠭᠡ᠂ ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ ᠶᠢᠨ ᠬᠠᠮᠲᠤᠷᠠᠭᠰᠠᠨ ᠨᠠᠮ ᠤᠨ ᠬᠤᠷᠢᠶ᠎ᠠ ᠳᠤ ᠨᠠᠮ ᠤᠨ ᠭᠡᠰᠢᠭᠦᠨ ᠤ ᠬᠤᠰᠢᠭᠤᠴᠢ ᠠᠩᠭᠢ ᠪᠠᠶᠢᠭᠤᠯᠵᠤ᠂ ᠨᠠᠮ ᠤᠨ ᠭᠡᠰᠢᠭᠦᠨ ᠤ ᠳᠠᠭᠠᠭᠤᠯᠤᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ︽ᠨᠢᠭᠡ ᠬᠥᠮᠥᠨ ᠢ ᠴᠦ ᠣᠷᠬᠢᠭᠳᠠᠭᠤᠯᠬᠤ ᠦᠭᠡᠢ︾ ᠪᠠᠶᠢᠬᠤ ᠡᠷᠡᠰ ᠵᠣᠷᠢᠭ ᠢ ᠪᠠᠷᠢᠮᠲᠠᠯᠠᠪᠠ᠃2 ᠰᠠᠷ᠎ᠠ ᠶᠢᠨ 27 ᠤ ᠡᠳᠦᠷ ᠤᠨ ᠥᠷᠯᠥᠭᠡ ᠶᠢᠨ 5᠄ 30 ᠲᠤ ᠡᠯ᠎ᠡ ᠵᠢᠵᠢᠭ ᠲᠣᠭᠤᠷᠢᠭ ᠤᠨ ᠣᠷᠣᠵᠤ ᠭᠠᠷᠬᠤ ᠭᠠᠵᠠᠷ ᠢ ᠪᠢᠲᠡᠭᠦᠮᠵᠢᠯᠡᠵᠦ᠂ ᠰᠠᠭᠤᠭᠠᠯᠢ ᠠᠷᠠᠳ ᠤᠨ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠲᠤᠬᠠᠢ ᠶᠢᠨ ᠡᠳᠦᠷ ᠲᠤ ᠠᠯᠢ ᠴᠢᠳᠠᠬᠤ ᠪᠠᠷ ᠳᠤᠷ᠎ᠠ ᠪᠠᠷ ᠢᠶᠠᠨ ᠰᠢᠯᠵᠢᠬᠦ ᠦᠭᠡᠢ ᠪᠠᠶᠢᠬᠤ ᠶᠢ ᠪᠠᠲᠤᠯᠠᠨ᠎ᠠ‌‍ᠪᠥᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠪᠡᠯᠡᠳᠬᠡᠯ ᠤᠨ ᠬᠤᠭᠤᠴᠠᠭᠠᠨ ᠳᠤ᠂ ︽ᠰᠦᠯᠵᠢᠶᠡᠨ ᠤ ᠠᠵᠢᠯᠲᠠᠨ︾ ᠡᠷᠦᠬᠡ ᠳᠠᠷᠠᠭᠠᠯᠠᠨ ᠡᠭᠦᠳᠡ ᠲᠣᠭᠰᠢᠬᠤ᠂ ᠤᠲᠠᠰᠤ ᠪᠠᠷ ᠬᠢᠨᠠᠨ ᠬᠠᠷᠭᠤᠭᠤᠯᠬᠤ᠂ ᠨᠢᠭᠡᠴᠢ ᠸᠢᠴᠠᠲ ᠤᠨ ᠪᠥᠭᠡᠮᠨᠡᠷᠡᠯ ᠢ ᠵᠣᠬᠢᠶᠠᠨ ᠪᠠᠶᠢᠭᠤᠯᠵᠤ ᠮᠡᠳᠡᠭᠳᠡᠬᠦ ᠵᠡᠷᠭᠡ ᠠᠷᠭ᠎ᠠ ᠮᠠᠶ᠋ᠢᠭ ᠢᠶᠠᠷ ︽ᠬᠡᠪᠢᠰ ᠤᠨ ᠮᠠᠶ᠋ᠢᠭ︾ ᠤᠨ ᠪᠠᠶᠢᠴᠠᠭᠠᠯᠲᠠ ᠶᠢ ᠥᠷᠨᠢᠭᠦᠯᠵᠦ᠂ ᠡᠷᠦᠬᠡ ᠪᠦᠷᠢ ᠴᠥᠮ ︽ᠣᠷᠬᠢᠭᠳᠠᠭᠤᠯᠬᠤ ᠦᠭᠡᠢ︾ ᠪᠠᠶᠢᠬᠤ ᠶᠢ ᠦᠨᠡᠨ ᠬᠦ ᠪᠠᠲᠤᠯᠠᠨ᠎ᠠ᠃ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠵᠢᠴᠢ ᠵᠡᠮᠳᠡᠭ ᠬᠥᠮᠥᠰ ᠲᠤ︽ᠨᠡᠭᠦᠳᠡᠯᠯᠡᠨ ᠣᠴᠢᠵᠤ ᠦᠯᠢᠭᠡᠷ ᠠᠪᠬᠤ︾ᠠᠷᠭ᠎ᠠ ᠬᠡᠯᠪᠡᠷᠢ ᠶᠢ ᠠᠪᠴᠤ᠂ ︽ᠦᠯᠢᠭᠡᠷ ᠠᠪᠬᠤ ᠳᠤ ᠬᠦᠴᠢᠷᠲᠡᠢ︾ᠠᠰᠠᠭᠤᠳᠠᠯ ᠢ ᠰᠢᠢᠳᠪᠦᠷᠢᠯᠡᠨ᠎ᠡ᠃      ᠡᠯ᠎ᠡ ᠨᠡᠶᠢᠭᠡᠮ ᠲᠣᠭᠤᠷᠢᠭ ᠤᠨ ᠦᠯᠢᠭᠡᠷ ᠠᠪᠬᠤ ᠭᠠᠵᠠᠷ ᠨᠢ ᠴᠦ ᠰᠠᠭᠤᠭᠠᠯᠢ ᠠᠷᠠᠳ ᠲᠤ ᠤᠯᠠᠨ ᠨᠡᠪᠲᠡᠷᠡᠬᠦ ᠵᠠᠮ ᠬᠠᠩᠭᠠᠵᠤ᠂ ᠦᠯᠢᠭᠡᠷ ᠠᠪᠬᠤ ᠠᠵᠢᠯ ᠢ ᠨᠡᠩ ᠲᠦᠷᠭᠡᠨ ᠪᠡᠶᠡᠯᠡᠭᠦᠯᠬᠦ ᠳᠤ ᠲᠦᠬᠦᠮ ᠦᠵᠡᠭᠦᠯᠦᠭᠰᠡᠨ ᠪᠥᠭᠡᠳ ᠨᠠᠰᠤ ᠠᠬᠢᠭᠰᠠᠨ ᠨᠠᠰᠤᠲᠠᠶᠢᠴᠤᠳ ᠵᠢᠴᠢ ᠪᠠᠭ᠎ᠠ ᠨᠠᠰᠤᠨ ᠤ ᠬᠡᠦᠬᠡᠳ ᠲᠤ ᠰᠠᠭᠠᠳ ᠦᠭᠡᠢ ᠨᠡᠪᠲᠡᠷᠡᠬᠦ ᠵᠠᠮ ᠪᠡᠯᠡᠳᠬᠡᠵᠦ᠂ ᠰᠣᠶᠣᠯ ᠢᠷᠭᠡᠨᠰᠢᠯ ᠤᠨ ᠬᠠᠯᠠᠮᠵᠢᠯᠠᠯ ᠢ ᠭᠦᠢᠴᠡᠳ ᠢᠯᠡᠷᠡᠭᠦᠯᠦᠭᠰᠡᠨ ᠪᠠᠶᠢᠨ᠎ᠠ᠃      ᠡᠨᠡ ᠤᠳᠠᠭᠠᠨ ᠤ ᠳᠠᠶᠢᠯᠠᠯᠳᠤᠭᠠᠨ ᠪᠣᠯ ᠪᠦᠬᠦ ᠦᠨᠳᠦᠰᠦᠲᠡᠨ ᠤ ᠳᠠᠶᠢᠯᠠᠯᠳᠤᠭᠠᠨ ᠪᠣᠯᠬᠤ ᠪᠥᠭᠡᠳ ᠨᠡᠶᠢᠭᠡᠮ ᠤᠨ ᠪᠦᠬᠦ ᠲᠠᠯ᠎ᠠ ᠶᠢᠨ ᠰᠢᠯᠭᠠᠯᠲᠠ ᠪᠣᠯᠬᠤ ᠠᠴᠠ ᠪᠢᠰᠢ᠂ ᠳᠠᠩ ᠭᠠᠭᠴᠠ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠭᠲᠤ ᠪᠢᠰᠢ ᠶᠤᠮ᠃ᠡᠳᠡᠭᠡᠷ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ  ᠶᠢᠨ ᠲᠡᠷᠢᠭᠦᠨ ᠤ ᠴᠢᠨᠠᠷ ᠪᠣᠯᠣᠨ ᠨᠠᠮ ᠤᠨ ᠭᠡᠰᠢᠭᠦᠨ ᠤ ᠬᠤᠰᠢᠭᠤᠴᠢ ᠦᠢᠯᠡᠳᠦᠯ ᠨᠢ ᠪᠢᠳᠡᠨ  ᠢ ᠡᠨᠡ ᠡᠪᠦᠯ ᠬᠠᠯᠠᠭᠤᠨ ᠨᠢᠯᠪᠤᠰᠤ ᠠᠰᠬᠠᠷᠠᠭᠤᠯᠵᠤ᠂ ᠡᠪᠡᠳᠴᠢᠨ ᠤ ᠸᠢᠷᠦ᠋ᠰ  ᠢ ᠢᠯᠠᠵᠤ᠂ ᠤᠯᠤᠰ ᠣᠷᠣᠨ ᠤ ᠪᠠᠨ ᠢᠷᠡᠭᠡᠳᠦᠢ ᠳᠤ ᠬᠦᠰᠡᠯ ᠡᠷᠡᠮᠡᠯᠵᠡᠯ  ᠢᠶᠠᠷ ᠳᠦᠭᠦᠷᠡᠩ ᠪᠣᠯᠭᠠᠵᠤ᠂ ᠬᠢᠵᠢᠭ  ᠢ ᠬᠠᠮᠲᠤ ᠪᠠᠷ ᠡᠰᠡᠷᠭᠦᠴᠡᠵᠡᠭᠡᠶ᠎ᠡ ᡽ ᠪᠦᠯᠦᠭ ᠪᠦᠯᠦᠭ  ᠢᠶᠠᠷ ᠨᠠᠮ ᠤᠨ ᠭᠡᠰᠢᠭᠦᠨ ᠤ ᠬᠤᠰᠢᠭᠤᠴᠢ ᠠᠩᠭᠢ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠳᠤ ᠬᠠᠮᠤᠭ ᠤᠨ ᠬᠡᠷᠡᠭᠴᠡᠭᠡ ᠲᠠᠢ ᠨᠢᠭᠡᠳᠦᠭᠡᠷ ᠹᠷᠣᠨᠲ ᠲᠤ ᠭᠠᠪᠰᠢᠭᠠᠶᠢᠯᠠᠨ ᠣᠷᠣᠵᠤ᠂ ᠡᠮ ᠡᠮᠨᠡᠯᠭᠡ  ᠶᠢᠨ ᠬᠤᠰᠢᠭᠤᠴᠢ ᠠᠩᠭᠢ᠂ ᠦᠨᠳᠦᠰᠦᠨ ᠪᠦᠲᠦᠭᠡᠨ ᠪᠠᠶᠢᠭᠤᠯᠤᠯᠲᠠ  ᠶᠢᠨ ᠬᠤᠰᠢᠭᠤᠴᠢ ᠠᠩᠭᠢ᠂ ᠨᠠᠮ ᠵᠠᠰᠠᠭ ᠤᠨ ᠬᠤᠰᠢᠭᠤᠴᠢ ᠠᠩᠭᠢ ᠵᠡᠷᠭᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ  ᠶᠢᠨ ᠲᠡᠷᠢᠭᠦᠨ ᠤ ᠴᠢᠨᠠᠷ ᠪᠣᠯᠣᠨ ᠨᠠᠮ ᠤᠨ ᠭᠡᠰᠢᠭᠦᠨ ᠤ ᠬᠤᠰᠢᠭᠤᠴᠢ ᠠᠩᠭᠢ ᠪᠣᠯᠵᠠᠢ᠃ ᠪᠠᠶᠢᠭᠠᠯᠢ ᠶᠢᠨ ᠭᠠᠮᠰᠢᠭ ᠬᠠᠶᠢᠷ᠎ᠠ ᠨᠠᠶᠢᠷ ᠦᠭᠡᠢ ᠬᠥᠮᠥᠨ ᠬᠠᠶᠢᠷ᠎ᠠ ᠰᠡᠳᠬᠢᠯᠭᠡ ᠲᠠᠢ᠂ ᠲᠤᠰᠠᠭᠠᠷᠯᠠᠬᠤ ᠠᠴᠠ ᠪᠢᠰᠢ ᠲᠤᠰᠠᠭᠠᠷᠯᠠᠬᠤ ᠠᠴᠠ ᠪᠢᠰᠢ ᠬᠠᠶᠢᠷ᠎ᠠ ᠰᠡᠳᠬᠢᠯᠭᠡ ᠲᠠᠢ᠂ ᠦᠨᠳᠦᠰᠦᠲᠡᠨ ᠨᠦᠭᠦᠳ ᠤᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠪᠠᠯ᠂ ᠪᠢᠳᠡ ᠯᠠᠪᠲᠠᠢ ᠬᠢᠵᠢᠭ ᠤᠨ ᠪᠠᠶᠢᠳᠠᠯ ᠢ ᠢᠯᠠᠨ ᠳᠠᠪᠠᠵᠤ᠂ ᠰᠠᠶᠢᠨ ᠰᠠᠶᠢᠬᠠᠨ ᠠᠮᠢᠳᠤᠷᠠᠯ ᠢᠶᠠᠨ ᠰᠡᠷᠭᠦᠭᠡᠵᠦ ᠴᠢᠳᠠᠨ᠎ᠠ ᠭᠡᠳᠡᠭ ᠢ ᠢᠲᠡᠭᠡᠵᠦ ᠪᠠᠶᠢᠨ᠎ᠠ︕
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1