ᠪᠦᠦ ᠳ᠋ᠦᠩ ᠵᠠᠰᠠᠭ ᠠᠯᠪᠠᠨ ᠲᠠᠷᠬᠠᠭᠠᠬᠤ 〔2022〕 4 ᠳ᠋ᠦᠭᠡᠷ ᠲᠣᠭᠠᠲᠤ | ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ | ᠰᠢᠯᠭᠠᠨ ᠠᠪᠬᠤ ᠶᠢ ᠰᠢᠢᠳᠪᠦᠷᠢᠯᠡᠬᠦ ᠲᠤᠬᠠᠢ | ᠲᠡᠦᠬᠡᠨ ᠠᠴᠠ ᠦᠯᠡᠳᠡᠭᠳᠡᠵᠦ ᠢᠷᠡᠭᠰᠡᠨ ᠵᠦᠢᠯᠡᠰ ᠤᠨ ᠠᠰᠠᠭᠤᠳᠠᠯ ᠤᠨ ᠲᠤᠬᠠᠢ ᠬᠡᠷᠡᠭᠵᠢᠭᠦᠯᠬᠦ ᠲᠥᠰᠥᠯ︾ ᠤᠨ | ᠲᠤᠬᠠᠢ ᠮᠡᠳᠡᠭᠳᠡᠯ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ᠄ | ᠣᠷᠣᠨ ᠤ ᠵᠠᠰᠠᠭ ᠤᠨ ᠣᠷᠳᠣᠨ ᠤ 2021 ᠣᠨ ᠤ 17 ᠳ᠋ᠤᠭᠠᠷ ᠤᠳᠠᠭ᠎ᠠ ᠶᠢᠨ ᠪᠠᠶᠢᠩᠭᠤ ᠶᠢᠨ | ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ | ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠲᠡᠦᠬᠡᠨ ᠠᠴᠠ ᠦᠯᠡᠳᠡᠭᠳᠡᠵᠦ | ᠢᠷᠡᠭᠰᠡᠨ ᠲᠥᠷᠥᠯ ᠵᠦᠢᠯ ᠤᠨ ᠠᠰᠠᠭᠤᠳᠠᠯ ᠢ ᠰᠢᠢᠳᠪᠦᠷᠢᠯᠡᠬᠦ ᠲᠤᠬᠠᠢ ᠬᠡᠷᠡᠭᠵᠢᠭᠦᠯᠬᠦ ᠲᠥᠰᠥᠯ︾ ᠢ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠤᠱᠯᠠᠭᠤᠯᠤᠨ | ᠬᠡᠷᠡᠭᠵᠢᠭᠦᠯᠲᠦᠭᠡᠢ᠃ | ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2022 ᠣᠨ ᠤ 1 ᠰᠠᠷ᠎ᠠ ᠶᠢᠨ 19 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠰᠢᠢᠳᠪᠦᠷᠢᠯᠡᠬᠦ | ᠲᠡᠦᠬᠡᠨ ᠠᠴᠠ ᠦᠯᠡᠳᠡᠭᠳᠡᠵᠦ ᠢᠷᠡᠭᠰᠡᠨ ᠵᠦᠢᠯᠡᠰ ᠤᠨ ᠠᠰᠠᠭᠤᠳᠠᠯ ᠢ ᠬᠢᠨᠠᠨ ᠪᠠᠶᠢᠴᠠᠭᠠᠵᠤ ᠰᠢᠯᠭᠠᠨ ᠠᠪᠬᠤ ᠲᠤᠬᠠᠢ | ᠬᠡᠷᠡᠭᠵᠢᠭᠦᠯᠬᠦ ᠲᠥᠰᠥᠯ | ᠳ᠋ᠦᠩ ᠾᠧ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ | ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠲᠡᠦᠬᠡᠨ ᠠᠴᠠ ᠦᠯᠡᠳᠡᠭᠳᠡᠵᠦ ᠢᠷᠡᠭᠰᠡᠨ ᠲᠥᠷᠥᠯ | ᠵᠦᠢᠯ ᠤᠨ ᠠᠰᠠᠭᠤᠳᠠᠯ ︵ᠳᠣᠷᠣᠭᠰᠢ ᠭᠠᠯ ᠤᠨᠲᠠᠷᠠᠭᠠᠬᠤ ᠦᠯᠡᠳᠡᠭᠳᠡᠯ ᠠᠰᠠᠭᠤᠳᠠᠯ ᠭᠡᠵᠦ ᠲᠣᠪᠴᠢᠯᠠᠨ᠎ᠠ︶ ᠢ | ᠲᠣᠬᠢᠲᠠᠢ ᠰᠢᠢᠳᠪᠦᠷᠢᠯᠡᠵᠦ᠂ ᠲᠥᠷᠥᠯ ᠵᠦᠢᠯ ᠤᠨ ᠠᠮᠤᠷ ᠲᠦᠪᠰᠢᠨ ᠤ ᠳᠠᠯᠳᠠ ᠬᠡᠮ ᠢ ᠦᠨᠡᠨᠬᠦ ᠠᠷᠢᠯᠭᠠᠵᠤ᠂ | ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠳ᠋ᠦᠩ ᠾᠧ | ᠲᠣᠭᠤᠷᠢᠭ ᠤᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ | ᠠᠬᠤᠢ ᠨᠡᠶᠢᠭᠡᠮ ᠤᠨ ᠵᠣᠬᠢᠴᠠᠩᠭᠤᠢ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ︽ᠪᠥᠬᠦ ᠣᠷᠣᠨ ᠤ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ | ᠰᠢᠯᠭᠠᠨ ᠠᠪᠬᠤ ᠶᠢᠨ ᠦᠯᠡᠳᠡᠭᠳᠡᠯ ᠲᠥᠷᠥᠯ ᠵᠦᠢᠯ ᠦᠨᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ | ᠲᠤᠰᠬᠠᠢ ᠵᠦᠢᠯ ᠤᠨ ᠠᠵᠢᠯᠯᠠᠭ᠎ᠠ ᠶᠢᠨ ᠲᠥᠰᠥᠯ︾ ︵ᠥᠪᠥᠷ ᠪᠦᠲᠦᠭᠡᠨ ᠪᠠᠶᠢᠭᠤᠯᠤᠯᠲᠠ ᠶᠢᠨ ᠶᠠᠰᠤ | ᠴᠢᠨᠠᠷ〔2021〕 155 ᠳᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ︽ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ | ᠠᠪᠬᠤ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠲᠥᠷᠥᠯ ᠵᠦᠢᠯ ᠤᠨ ᠠᠰᠠᠭᠤᠳᠠᠯ ᠢ ᠰᠢᠢᠳᠪᠦᠷᠢᠯᠡᠬᠦ ᠲᠤᠬᠠᠢ | ᠬᠡᠷᠡᠭᠵᠢᠭᠦᠯᠬᠦ ᠲᠥᠰᠥᠯ︾ ︵ᠪᠦᠦ ᠹᠦ᠋ ᠠᠯᠪᠠᠨ ᠲᠠᠷᠬᠠᠭᠠᠭᠰᠠᠨ 〔2021〕 22 ᠳᠤᠭᠠᠷ ᠲᠣᠭᠠᠲᠤ︶ ᠤᠨ | ᠬᠤᠯᠪᠣᠭᠳᠠᠯ ᠪᠦᠬᠦᠢ ᠲᠣᠭᠲᠠᠭᠠᠯ ᠲᠠᠢ ᠤᠶᠠᠯᠳᠤᠭᠤᠯᠤᠨ᠂ ᠳ᠋ᠦᠩ ᠾᠧ ᠲᠣᠭᠤᠷᠢᠭ ᠤᠨ ᠪᠣᠳᠠᠲᠤ ᠪᠠᠶᠢᠳᠠᠯ ᠲᠠᠢ | ᠤᠶᠠᠯᠳᠤᠭᠤᠯᠵᠤ᠂ ᠲᠤᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠬᠠᠤᠯᠢ ᠲᠣᠭᠲᠠᠭᠠᠯ ᠶᠣᠰᠣᠭᠠᠷ᠂ ᠠᠷᠠᠳ ᠲᠦᠮᠡᠨ ᠢᠢᠡᠷ ᠭᠤᠣᠯ | ᠪᠣᠯᠭᠠᠨ᠂ ᠠᠰᠠᠭᠤᠳᠠᠯ ᠢᠢᠡᠷ ᠤᠳᠤᠷᠢᠳᠤᠮᠵᠢ ᠪᠣᠯᠭᠠᠨ᠂ ᠤᠯᠠᠨ ᠲᠦᠮᠡᠨ ᠪᠣᠯᠣᠨ ᠠᠵᠤ ᠠᠬᠤᠶᠢᠯᠠᠯ ᠤᠨ ᠲᠤᠰ | ᠪᠡᠶ᠎ᠡ ᠶᠢᠨ ᠠᠰᠢᠭ ᠲᠤᠰᠠ ᠢ ᠪᠠᠲᠤᠯᠠᠬᠤ ᠪᠠᠷ ᠡᠭᠦᠰᠬᠡᠯ ᠪᠠ ᠲᠤᠰᠤᠯᠲᠠ ᠪᠣᠯᠭᠠᠨ᠂ ᠮᠠᠨ ᠤ ᠣᠷᠣᠨ ᠤ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠢ ᠬᠢᠨᠠᠨ ᠪᠠᠶᠢᠴᠠᠭᠠᠵᠤ ᠰᠢᠯᠭᠠᠨ | ᠠᠪᠬᠤ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠲᠦᠷᠦᠯ ᠵᠦᠢᠯ ᠤᠨ ᠠᠰᠠᠭᠤᠳᠠᠯ ᠢ ᠢᠳᠡᠪᠬᠢᠲᠡᠢ ᠪᠠᠷ | ᠲᠣᠬᠢᠲᠠᠢ ᠰᠢᠢᠳᠪᠦᠷᠢᠯᠡᠬᠦ ᠬᠡᠷᠡᠭᠲᠡᠢ᠃ | ᠬᠤᠶᠠᠷ᠂ ᠠᠵᠢᠯ ᠤᠨ ᠵᠠᠷᠴᠢᠮ | ︵ᠨᠢᠭᠡ︶ ᠬᠠᠤᠯᠢ ᠲᠣᠭᠲᠠᠭᠠᠯ ᠶᠣᠰᠣᠭᠠᠷ᠂ ᠬᠠᠤᠯᠢ ᠪᠠᠷ ᠵᠠᠰᠠᠬᠤ ᠵᠠᠮ ᠢᠶᠠᠷ ᠠᠵᠢᠯ ᠢᠶᠠᠨ ᠠᠬᠢᠭᠤᠯᠤᠨ᠎ᠠ᠃ | ︵ᠬᠤᠶᠠᠷ︶ ᠠᠮᠤᠷ ᠲᠦᠪᠰᠢᠨ ᠢ ᠲᠡᠷᠢᠭᠦᠨ ᠳᠤ ᠲᠠᠯᠪᠢᠵᠤ᠂ ᠣᠯᠠᠨ ᠲᠦᠮᠡᠨ ᠤ ᠠᠵᠤ ᠠᠬᠤᠶᠢᠯᠠᠯ ᠤᠨ ᠠᠰᠢᠭ | ᠲᠤᠰᠠ ᠶᠢ ᠪᠠᠲᠤᠯᠠᠨ᠎ᠠ᠃ | ︵ᠭᠤᠷᠪᠠ︶ ᠲᠡᠦᠬᠡ ᠶᠢ ᠬᠦᠨᠳᠦᠳᠬᠡᠵᠦ᠂ ᠵᠦᠢᠯᠡᠰ ᠤᠨ ᠪᠣᠳᠠᠲᠠᠢ ᠠᠰᠠᠭᠤᠳᠠᠯ ᠢ ᠰᠢᠢᠳᠪᠦᠷᠢᠯᠡᠨ᠎ᠡ᠃ | ︵ᠳᠥᠷᠪᠡ︶ ᠲᠠᠰ ᠳᠠᠷᠠᠭᠠᠯᠠᠯ ᠢ ᠳᠥᠭᠦᠮᠴᠢᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ | ᠰᠢᠯᠢᠳᠡᠭᠵᠢᠭᠦᠯᠦᠨ᠎ᠡ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ | ᠮᠠᠨ ᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ | ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠲᠥᠷᠥᠯ | ᠵᠦᠢᠯ ᠢ ᠵᠠᠰᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢᠨ ᠲᠤᠰᠠᠳᠠ᠂ | ᠳ᠋ᠦᠩ ᠾᠧ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ | ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠲᠥᠷᠥᠯ | ᠵᠦᠢᠯ ᠢ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ | ᠨᠡᠷᠡᠶᠢᠳᠦᠨ᠎ᠡ︶ ᠢ ᠪᠠᠶᠢᠭᠤᠯᠵᠤ᠂ ᠪᠦᠷᠢᠯᠳᠦᠭᠦᠨ ᠨᠢ ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠵᠠᠩ ᠯᠢ ᠵᠢᠶᠦ᠋ᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠲᠣᠭᠤᠷᠢᠭ ᠤᠨ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠯᠢ ᠰᠢᠶᠣᠣ ᠬᠤᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ︵ᠤᠳᠤᠷᠢᠳᠬᠤ ᠳᠤᠭᠤᠶᠢᠯᠠᠩ ᠤᠨ ᠡᠳᠦᠷ | ᠲᠤᠲᠤᠮ ᠤᠨ ᠠᠵᠢᠯ ᠢ ᠬᠠᠷᠢᠭᠤᠴᠠᠨ᠎ᠠ︶ | ᠸᠠᠩ ᠯᠢᠨ ᠹᠦ᠋ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ | ᠳᠠᠷᠤᠭ᠎ᠠ | ᠸᠠᠩ ᠸᠧᠢ ᠹᠧᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ | ᠵᠠᠩ ᠾᠦᠩ ᠶᠠᠨ ᠵᠠᠰᠠᠭ ᠤᠨ ᠣᠷᠳᠣᠨ ᠤ ᠳᠡᠳ᠋ ᠲᠣᠭᠤᠷᠢᠭ ᠤᠨ ᠳᠠᠷᠤᠭ᠎ᠠ | ᠵᠠᠩ ᠶᠦᠩ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠳᠠᠷᠤᠭ᠎ᠠ | ᠪᠦᠷᠢᠯᠳᠦᠭᠦᠨ᠄ ᠶᠠᠩ ᠬᠠᠢ ᠴᠢᠩ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ | ᠯᠢ ᠷᠦᠢ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ | ᠮᠠ ᠬᠤᠩ ᠰᠢᠶᠠ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ | ᠲᠣᠭᠤᠷᠢᠭ ᠤᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶᠠᠨ ᠤ ᠳᠠᠷᠤᠭ᠎ᠠ | ᠮᠠ ᠵᠢᠶᠦ᠋ᠨ ᠶᠦᠩ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠨᠠᠮ ᠤᠨ ᠤᠳᠤᠷᠢᠳᠬᠤ | ᠵᠠᠩ ᠶᠢᠨ ᠬᠤ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠶᠢᠨ ᠳᠠᠷᠤᠭ᠎ᠠ᠂ ᠲᠣᠭᠤᠷᠢᠭ ᠤᠨ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠬᠦ | ᠯᠢᠦ ᠳ᠋ᠡ ᠵᠢᠶᠦ᠋ᠨ ᠬᠥᠩᠭᠡᠨᠴᠠᠭᠠᠨ ᠤ ᠦᠢᠯᠡᠰ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ | ᠡᠷᠬᠢᠯᠡᠭᠴᠢ | ᠦ᠋ ᠵᠢᠶᠧ ᠾᠧ ᠳ᠋ᠦᠩ ᠪᠠᠯᠭᠠᠰᠤᠨ ᠤ ᠳᠠᠷᠤᠭ᠎ᠠ | ᠭᠦᠸᠧ ᠢᠦᠢ ᠶᠢᠨ ᠰᠢᠷᠴᠢᠨ ᠪᠠᠯᠭᠠᠰᠤᠨ ᠤ ᠳᠠᠷᠤᠭ᠎ᠠ | ᠯᠢᠦᠢ ᠵᠢᠶᠠᠨ ᠹᠧᠩ ᠤᠨ ᠡᠮᠦᠨ᠎ᠡ ᠡᠭᠦᠳᠡᠨ ᠤ ᠭᠠᠳᠠᠨᠠᠬᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠡᠷᠬᠢᠯᠡᠭᠴᠢ | ᠶᠠᠨ ᠴᠧᠨ ᠾᠧ ᠫᠢᠩ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠪᠠᠢ ᠱᠦᠥᠸ᠋ ᠬᠤᠲᠣᠩ ᠠᠷᠠᠳ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠰᠦ ᠠᠨ ᠱᠧᠩ ᠰᠢ ᠨᠣᠣ ᠪᠦᠦ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠯᠢᠦ ᠺᠦᠨ ᠼᠠᠢ ᠱᠧᠨ ᠮᠢᠶᠣᠣ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠾᠧ ᠯᠢ ᠸᠧᠢ ᠨᠠᠨ ᠭᠧ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠫᠧᠢ ᠲᠢᠩ ᠲᠢᠩ ᠵᠡᠭᠦᠨ ᠥᠷᠲᠡᠭᠡᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠱᠢ ᠺᠠᠢ ᠶᠢᠨ ᠲᠢᠶᠧ ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠭᠦᠸᠧ ᠴᠢᠩ ᠰᠦᠩ ᠾᠧ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠰᠢᠤᠸᠠᠢ ᠪᠢᠨ ᠲᠢᠶᠠᠨ ᠵᠢᠶᠣᠣ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠶᠠᠨ ᠰᠢᠶᠣᠣ ᠯᠧ ᠳ᠋ᠦᠩ ᠰᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠸᠠᠩ ᠵᠢᠶᠦ᠋ᠨ ᠫᠢᠩ ᠶᠠᠩ ᠭᠧ ᠯᠧᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | ᠪᠠᠢ ᠵᠧᠨ ᠶᠤᠸᠠᠨ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ᠂ | ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠳᠠᠷᠤᠭ᠎ᠠ | ᠵᠤᠤ ᠯᠢ ᠰᠢᠶᠠ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | ᠮᠠᠤ ᠬᠦᠢ ᠹᠧᠩ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ | ᠴᠧᠩ ᠲᠦᠩ ᠲᠣᠭᠤᠷᠢᠭ ᠤᠨ ᠰᠣᠶᠣᠯ ᠷᠠᠳᠢᠣ᠋ ᠨᠡᠪᠲᠡᠷᠡᠭᠦᠯᠭᠡ ᠶᠢᠨ ᠲᠣᠪᠴᠢᠶᠠᠨ ᠤ ᠳᠠᠷᠤᠭ᠎ᠠ | ᠵᠠᠩ ᠵᠢᠶᠧ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ | ᠴᠧᠨ ᠶᠦᠨ ᠭᠤᠸᠠᠩ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ | ᠼᠤᠤ ᠢᠦᠢ ᠹᠧᠩ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠳᠠᠷᠤᠭ᠎ᠠ | ᠦ᠋ ᡁᠢ ᠶᠦᠩ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳ᠋ᠦᠩ ᠾᠧ ᠬᠤᠪᠢᠶᠠᠷᠢ | ᠲᠣᠪᠴᠢᠶᠠᠨ ᠤ ᠳᠠᠷᠤᠭ᠎ᠠ | ᠸᠠᠩ ᠴᠢᠶᠠᠩ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ | ᠺᠠᠩ ᠴᠢᠶᠠᠩ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ | ᠰᠦᠨ ᠴᠧᠩ ᠳ᠋ᠦᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠰᠦᠨ ᠭᠦᠥᠸ᠋ ᠢᠦᠢ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶᠠᠨ ᠤ ᠳᠠᠷᠤᠭ᠎ᠠ | ᠭᠦᠸᠧ ᠵᠢᠶᠠᠨ ᠴᠢᠶᠠᠩ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶᠠᠨ ᠤ | ᠳᠠᠷᠤᠭ᠎ᠠ | ᠵᠠᠩ ᠾᠧ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠳᠠᠷᠤᠭ᠎ᠠ | ᠼᠤᠤ ᠲᠦᠩ ᠴᠡᠷᠢᠭ ᠤᠨ ᠲᠣᠭᠤᠷᠢᠭ ᠤᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶᠠᠨ ᠤ | ᠳᠡᠳ᠋ | ᠸᠧᠨ ᠪᠥᠸᠧ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠳᠠᠷᠤᠭ᠎ᠠ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠲᠣᠭᠤᠷᠢᠭ ᠤᠨ ᠣᠷᠣᠨ | ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠤᠳᠤᠷᠢᠳᠬᠤ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ | ᠬᠠᠷᠢᠭᠤᠴᠠᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠵᠠᠩ ᠶᠢᠨ ᠬᠤ ᠡᠭᠦᠷᠭᠡᠯᠡᠵᠦ᠂ ᠳᠡᠳ᠋ | ᠡᠷᠬᠢᠯᠡᠭᠴᠢ ᠶᠢᠨ ᠲᠤᠰᠢᠶᠠᠯ ᠢ ᠯᠢ ᠷᠦᠢ᠂ ᠼᠤᠤ ᠲᠦᠩ ᠵᠢᠶᠦ᠋ᠨ᠂ ᠸᠧᠨ ᠪᠥᠸᠧ ᠡᠭᠦᠷᠭᠡᠯᠡᠵᠦ᠂ ᠠᠵᠢᠯᠲᠠᠨ ᠢ | ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ | ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠲᠣᠭᠤᠷᠢᠭ ᠤᠨ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ | ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠠᠷᠠᠳ ᠤᠨ ᠶᠠᠪᠤᠳᠠᠯ ᠤᠨ | ᠲᠣᠪᠴᠢᠶ᠎ᠠ᠂ ᠲᠣᠭᠤᠷᠢᠭ ᠤᠨ ᠱᠠᠰᠢᠨ ᠰᠤᠷᠲᠠᠬᠤᠨ ᠤ ᠲᠣᠪᠴᠢᠶ᠎ᠠ᠂ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠳᠥᠭᠦᠮ ᠪᠦᠳᠦᠭᠦᠯᠢᠭ ᠣᠷᠣᠨ ᠰᠠᠭᠤᠴᠠ ᠶᠢᠨ | ᠥᠭᠡᠷᠡᠴᠢᠯᠡᠯᠲᠡ ᠶᠢᠨ ᠲᠥᠪ ᠵᠡᠷᠭᠡ ᠬᠠᠮᠢᠶ᠎ᠠ ᠪᠦᠬᠦᠢ ᠨᠢᠭᠡᠴᠡ ᠠᠴᠠ ᠲᠤᠰᠬᠠᠢ ᠬᠥᠮᠥᠨ᠃ | ᠵᠢᠭᠰᠠᠭᠠᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ᠂ ᠰᠤᠷᠭᠠᠨ ᠬᠥᠮᠦᠵᠢᠯ ᠤᠨ ᠰᠢᠰᠲ᠋ᠧᠮ᠂ | ᠡᠮᠴᠢᠯᠡᠭᠡᠨ ᠤ ᠰᠢᠰᠲ᠋ᠧᠮ᠂ ᠠᠷᠠᠳ ᠤᠨ ᠶᠠᠪᠤᠳᠠᠯ ᠤᠨ ᠨᠠᠰᠤᠵᠢᠯ ᠤᠨ ᠠᠰᠠᠷᠠᠮᠵᠢ ᠶᠢᠨ ᠰᠢᠰᠲ᠋ᠧᠮ᠂ ᠱᠠᠰᠢᠨ | ᠰᠤᠷᠲᠠᠬᠤᠨ ᠤ ᠲᠠᠯᠠᠪᠤᠷ ᠭᠠᠵᠠᠷ᠂ ᠠᠵᠤ ᠦᠢᠯᠡᠳᠪᠦᠷᠢ ᠶᠢᠨ ᠲᠥᠷᠥᠯ ᠵᠦᠢᠯ᠂ ᠪᠧᠢ ᠯᠢᠶᠠᠩ ᠤᠨ ᠲᠥᠪᠬᠢᠨᠡᠭᠦᠯᠬᠦ | ᠲᠣᠭᠤᠷᠢᠭ ᠤᠨ ᠲᠥᠷᠥᠯ ᠵᠦᠢᠯ ᠵᠡᠷᠭᠡ ᠵᠢᠷᠭᠤᠭᠠᠨ ᠲᠤᠰᠬᠠᠢ ᠳᠤᠭᠤᠶᠢᠯᠠᠩ ᠢ ᠪᠠᠶᠢᠭᠤᠯᠵᠤ᠂ ᠲᠣᠭᠤᠷᠢᠭ ᠤᠨ | ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠱᠠᠰᠢᠨ ᠰᠤᠷᠲᠠᠬᠤᠨ ᠤ ᠲᠣᠪᠴᠢᠶ᠎ᠠ᠂ | ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ | ᠳᠥᠭᠦᠮ ᠪᠦᠳᠦᠭᠦᠯᠢᠭ ᠣᠷᠣᠨ ᠰᠠᠭᠤᠴᠠ ᠶᠢᠨ ᠥᠭᠡᠷᠡᠴᠢᠯᠡᠯᠲᠡ ᠶᠢᠨ ᠲᠥᠪ ᠵᠡᠷᠭᠡ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠦᠷᠦᠭᠦᠯᠡᠨ ᠬᠠᠷᠢᠭᠤᠴᠠᠬᠤ ᠴᠢᠬᠤᠯᠠᠲᠠᠢ᠃ | ᠳᠥᠷᠪᠡ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ︵ᠨᠢᠭᠡ︶ ᠤᠳᠤᠷᠢᠳᠬᠤ ᠳᠤᠭᠤᠶᠢᠯᠠᠩ ᠨᠢ ᠠᠵᠢᠯ ᠤᠨ ᠠᠬᠢᠴᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ | ᠬᠠᠷᠢᠭᠤᠴᠠᠨ ᠰᠤᠳᠤᠯᠤᠨ᠎ᠠ᠃ | ︵ᠬᠤᠶᠠᠷ︶ ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠭᠠᠯ ᠤᠨᠲᠠᠷᠠᠭᠠᠬᠤ ᠠᠴᠠ ᠦᠯᠡᠳᠡᠭᠳᠡᠵᠦ ᠢᠷᠡᠭᠰᠡᠨ | ᠲᠥᠷᠥᠯ ᠵᠦᠢᠯ ᠢ ᠭᠦᠢᠴᠡᠳᠬᠡᠵᠦ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨᠠᠤᠳᠤᠷᠢᠳᠬᠤ | ᠳᠤᠭᠤᠶᠢᠯᠠᠩ ᠤᠨ ᠲᠤᠰᠢᠶᠠᠭᠰᠠᠨ ᠪᠤᠰᠤᠳ ᠠᠵᠢᠯ ᠢ ᠨᠠᠶᠢᠳᠠᠪᠤᠷᠢᠵᠢᠭᠤᠯᠤᠨ᠎ᠠ᠃ | ︵ᠭᠤᠷᠪᠠ︶ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ | ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠲᠤᠰ | ᠰᠠᠯᠠᠭ᠎ᠠ ᠮᠥᠴᠢᠷ᠂ ᠲᠤᠰ ᠬᠠᠷᠢᠶ᠎ᠠ ᠣᠷᠣᠨ ᠤ ᠪᠠᠨ ᠳᠣᠲᠣᠷᠠᠬᠢ ᠭᠠᠯ ᠤᠨᠲᠠᠷᠠᠭᠠᠬᠤ ᠶᠢᠨ ᠦᠯᠡᠳᠡᠭᠳᠡᠯ ᠲᠥᠷᠥᠯ | ᠵᠦᠢᠯ ᠢ ᠬᠠᠷᠢᠭᠤᠴᠠᠨ ᠪᠦᠷᠢᠳᠬᠡᠬᠦ ᠶᠢᠨ ᠬᠠᠮᠲᠤ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠵᠦ | ᠬᠤᠷᠢᠶᠠᠩᠭᠤᠶᠢᠯᠠᠨ ᠪᠦᠷᠢᠳᠬᠡᠬᠦ ᠶᠢ ᠬᠠᠷᠢᠭᠤᠴᠠᠨ᠎ᠠ᠃ | ︵ᠳᠥᠷᠪᠡ︶ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠲᠤᠰ ᠭᠠᠵᠠᠷ ᠣᠷᠣᠨ ᠤ ᠪᠠᠨ ᠭᠠᠯ | ᠤᠨᠲᠠᠷᠠᠭᠠᠬᠤ ᠦᠯᠡᠳᠡᠭᠳᠡᠯ ᠲᠥᠷᠥᠯ ᠵᠦᠢᠯ ᠢ ᠵᠣᠬᠢᠶᠠᠨ ᠪᠠᠶᠢᠭᠤᠯᠤᠨ ᠰᠢᠢᠳᠪᠦᠷᠢᠯᠡᠬᠦ ᠶᠢᠨ ᠬᠠᠮᠲᠤ ᠭᠠᠯ | ᠤᠨᠲᠠᠷᠠᠭᠠᠬᠤ ᠦᠯᠡᠳᠡᠭᠳᠡᠯ ᠲᠥᠷᠥᠯ ᠵᠦᠢᠯ ᠤᠨ ᠬᠡᠷᠡᠭᠯᠡᠬᠦ ᠶᠢ ᠵᠥᠪᠰᠢᠶᠡᠷᠡᠭᠰᠡᠨ ᠭᠠᠷᠳᠠᠮ ᠬᠢᠵᠦ ᠥᠭᠴᠦ᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ᠶᠢ ᠦᠨᠳᠦᠰᠦᠯᠡᠨ | ᠦᠯᠡᠳᠡᠭᠳᠡᠯ ᠲᠥᠷᠥᠯ ᠵᠦᠢᠯ ᠤᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠶᠢᠨ ᠬᠠᠮᠲᠤ ᠭᠠᠯ ᠤᠨᠲᠠᠷᠠᠭᠠᠬᠤ | ᠦᠯᠡᠳᠡᠭᠳᠡᠯ ᠲᠥᠷᠥᠯ ᠵᠦᠢᠯ ᠢ ᠭᠦᠢᠴᠡᠳᠬᠡᠭᠰᠡᠨ ᠪᠠᠶᠢᠳᠠᠯ ᠢ ᠲᠠᠩᠰᠠᠯᠠᠨ ᠳᠡᠪᠲᠡᠷᠯᠡᠬᠦ ᠬᠡᠷᠡᠭᠲᠡᠢ᠃ | ︵ᠲᠠᠪᠤ︶ ᠣᠷᠣᠨ ᠤ ᠡᠳ᠋ ᠤᠨ ᠵᠠᠰᠠᠭ ᠤᠨ ᠲᠣᠪᠴᠢᠶ᠎ᠠ ᠨᠢ ᠤᠳᠤᠷᠢᠳᠬᠤ ᠳᠤᠭᠤᠶᠢᠯᠠᠩ ᠤᠨ ᠠᠵᠢᠯ ᠤᠨ ᠵᠠᠷᠤᠳᠠᠯ ᠢ | ᠴᠠᠭ ᠲᠤᠬᠠᠢ ᠳᠤᠨᠢ ᠰᠠᠯᠭᠠᠨ ᠥᠭᠬᠦ ᠶᠢ ᠬᠠᠷᠢᠭᠤᠴᠠᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ | ᠲᠥᠷᠥᠯ ᠤᠨ ᠲᠥᠷᠥᠯ ᠵᠦᠢᠯ ᠢ ᠬᠢᠨᠠᠨ ᠲᠣᠭᠲᠠᠭᠠᠬᠤ᠂ ᠦᠨᠡᠯᠡᠨ ᠵᠢᠱᠢᠬᠦ᠂ ᠬᠢᠨᠠᠨ ᠲᠣᠭᠲᠠᠭᠠᠬᠤ ᠵᠡᠷᠭᠡ ᠬᠠᠮᠢᠶ᠎ᠠ | ᠪᠦᠬᠦᠢ ᠵᠠᠷᠤᠳᠠᠯ ᠢ ᠴᠠᠭ ᠲᠤᠬᠠᠢ ᠳᠤᠨᠢ ᠰᠠᠯᠭᠠᠨ ᠥᠭᠬᠦ ᠶᠢ ᠬᠠᠷᠢᠭᠤᠴᠠᠨ᠎ᠠ᠃ | ︵ᠵᠢᠷᠭᠤᠭ᠎ᠠ︶ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠠᠴᠠ ᠭᠠᠯ ᠰᠡᠷᠭᠡᠶᠢᠯᠡᠨ | ᠤᠨᠲᠠᠷᠠᠭᠠᠬᠤ ᠦᠯᠡᠳᠡᠭᠳᠡᠯ ᠵᠦᠢᠯᠡᠰ ᠤᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ | ᠬᠠᠷᠢᠭᠤᠴᠠᠨ ᠭᠦᠢᠴᠡᠳᠬᠡᠨ᠎ᠡ;ᠲᠥᠷᠥᠯ ᠵᠦᠢᠯ ᠤᠨ ᠬᠡᠷᠡᠭᠯᠡᠭᠡᠨ ᠤ ᠰᠢᠨᠵᠢ ᠴᠢᠨᠠᠷ ᠢ ᠬᠤᠪᠢᠷᠠᠭᠤᠯᠬᠤ ᠵᠥᠪᠰᠢᠶᠡᠷᠡᠯ ᠤᠨ | ᠪᠢᠴᠢᠭ ᠮᠠᠲ᠋ᠧᠷᠢᠶᠠᠯ ᠢ ᠬᠠᠷᠢᠭᠤᠴᠠᠨ ᠭᠦᠢᠴᠡᠳᠬᠡᠨ᠎ᠡ︔ᠣᠳᠣᠬᠢ ᠪᠠᠶᠢᠳᠠᠯ ᠢᠶᠠᠨ ᠦᠯᠡᠳᠡᠭᠡᠬᠦ ᠶᠢ ᠵᠥᠪᠰᠢᠶᠡᠷᠡᠭᠰᠡᠨ | ᠵᠠᠬᠢᠳᠠᠯ ᠢ ᠬᠠᠷᠢᠭᠤᠴᠠᠨ ᠭᠦᠢᠴᠡᠳᠬᠡᠵᠦ᠂ ︽ᠪᠤᠭᠤᠲᠤ ᠬᠤᠲᠠ ᠶᠢᠨ ᠬᠤᠲᠠ ᠶᠢᠨ ᠲᠥᠯᠦᠪᠵᠢᠭᠦᠯᠭᠡ ᠶᠢᠨ | ᠲᠣᠭᠤᠷᠢᠭ ᠤᠨ ᠭᠡᠷ ᠪᠠᠶᠢᠰᠢᠩ ᠤᠨ ᠥᠮᠴᠢᠯᠡᠬᠦ ᠡᠷᠬᠡ ᠶᠢ ᠳᠡᠩᠰᠡᠯᠡᠨ ᠲᠡᠮᠳᠡᠭᠯᠡᠬᠦ ᠶᠢ ᠲᠥᠪᠯᠡᠷᠡᠭᠦᠯᠦᠨ ᠵᠠᠰᠠᠬᠤ | ᠠᠵᠢᠯ ᠤᠨ ᠬᠡᠷᠡᠭᠵᠢᠭᠦᠯᠬᠦ ᠲᠥᠰᠥᠯ︾ ︵ᠪᠦᠦ ᠹᠦ᠋ ᠲᠠᠷᠬᠠᠭᠠᠭᠰᠠᠨ ﹇2016﹈ 34 ᠳ᠋ᠦᠭᠡᠷ ᠲᠣᠭᠠᠲᠤ︶᠂ ︽ | ᠪᠤᠭᠤᠲᠤ ᠬᠤᠲᠠ ᠶᠢᠨ ᠬᠤᠲᠠ ᠶᠢᠨ ᠲᠥᠯᠦᠪᠵᠢᠭᠦᠯᠭᠡ ᠶᠢᠨ ᠲᠣᠭᠤᠷᠢᠭ ᠤᠨ ᠭᠡᠷ ᠪᠠᠶᠢᠰᠢᠩ ᠤᠨ ᠥᠮᠴᠢᠯᠡᠬᠦ | ᠡᠷᠬᠡ ᠶᠢ ᠳᠡᠩᠰᠡᠯᠡᠨ ᠲᠡᠮᠳᠡᠭᠯᠡᠬᠦ ᠶᠢ ᠲᠥᠪᠯᠡᠷᠡᠭᠦᠯᠦᠨ ᠵᠠᠰᠠᠬᠤ ᠶᠢᠨ ᠬᠡᠷᠡᠭᠵᠢᠭᠦᠯᠬᠦ ᠨᠠᠷᠢᠨ ᠳᠦᠷᠢᠮ︾ ᠢᠶᠠᠷ | ᠯᠠᠪᠯᠠᠯᠲᠠ ᠪᠣᠯᠭᠠᠨ ᠭᠦᠢᠴᠡᠳᠬᠡᠨ᠎ᠡ᠃ | ︵ᠲᠤᠯᠤᠭ᠎ᠠ︶ ᠣᠷᠣᠨ ᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠨᠤᠭᠤᠳ ᠦᠯᠡᠳᠡᠭᠳᠡᠵᠦ | ᠪᠠᠶᠢᠭ᠎ᠠ ᠲᠥᠷᠥᠯ ᠵᠦᠢᠯ ᠤᠨ ᠬᠠᠮᠢᠶ᠎ᠠ ᠪᠦᠬᠦᠢ ᠵᠢᠷᠤᠭ ᠵᠢᠷᠤᠭ᠂ ᠮᠧᠷᠢᠶᠠᠯ ᠢ ᠪᠠᠶᠢᠴᠠᠭᠠᠨ ᠯᠠᠪᠯᠠᠬᠤ᠂ ᠰᠢᠯᠵᠢᠭᠦᠯᠦᠨ | ᠤᠩᠰᠢᠬᠤ᠂ ᠪᠠᠭᠤᠯᠭᠠᠨ ᠠᠪᠬᠤ ᠲᠤ ᠬᠠᠮᠵᠢᠯᠴᠠᠬᠤ ᠶᠢ ᠬᠠᠷᠢᠭᠤᠴᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠭᠠᠯ ᠤᠨᠲᠠᠷᠠᠭᠠᠬᠤ ᠬᠠᠤᠯᠢ︾ ᠶᠢ ᠦᠨᠳᠦᠰᠦᠯᠡᠨ ᠦᠯᠡᠳᠡᠭᠳᠡᠵᠦ ᠪᠠᠶᠢᠭ᠎ᠠ ᠲᠥᠷᠥᠯ ᠵᠦᠢᠯ ᠤᠨ ᠬᠠᠮᠢᠶ᠎ᠠ | ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ | ︵ᠨᠠᠢᠮᠠ︶ ᠲᠣᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶ᠎ᠠ ᠦᠯᠡᠳᠡᠭᠡᠭᠰᠡᠨ ᠵᠦᠢᠯᠡᠰ ᠤᠨ ᠵᠠᠬᠢᠳᠠᠯ | ᠰᠣᠷᠪᠤᠯᠵᠢᠯᠠᠭ᠎ᠠ ᠶᠢᠨ ᠲᠠᠶᠢᠯᠪᠤᠷᠢᠯᠠᠯᠲᠠ ᠵᠢᠴᠢ ᠬᠤᠯᠪᠣᠭᠳᠠᠯ ᠪᠦᠬᠦᠢ ᠲᠣᠭᠲᠠᠭᠤᠨ ᠢ ᠬᠠᠮᠠᠭᠠᠯᠠᠬᠤ ᠠᠵᠢᠯ ᠢ ᠭᠥᠯᠢᠶᠡᠨ | ᠠᠪᠴᠤ ᠰᠢᠢᠳᠪᠦᠷᠢᠯᠡᠨ᠎ᠡ᠃ | ︵ᠶᠢᠰᠦ︶ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠬᠤᠯᠪᠣᠭᠳᠠᠯ ᠪᠦᠬᠦᠢ | ᠱᠠᠭᠠᠷᠳᠠᠯᠭ᠎ᠠ ᠶᠣᠰᠣᠭᠠᠷ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠮᠠᠨ ᠤ ᠣᠷᠣᠨ ᠤ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠶᠢᠨ ᠦᠯᠡᠳᠡᠭᠳᠡᠯ ᠲᠥᠷᠥᠯ ᠵᠦᠢᠯ ᠤᠨ | ᠠᠰᠠᠭᠤᠳᠠᠯ ᠢ ᠰᠢᠢᠳᠪᠦᠷᠢᠯᠡᠬᠦ ᠶᠢ ᠦᠨᠡᠨᠬᠦ ᠲᠦᠯᠬᠢᠨ ᠠᠬᠢᠭᠤᠯᠬᠤ ᠬᠡᠷᠡᠭᠲᠡᠢ᠃ | ︵ᠠᠷᠪᠠ︶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ︵ᠥᠮᠴᠢᠯᠡᠯ ᠤᠨ ᠡᠷᠬᠡᠲᠦ ᠬᠥᠮᠥᠨ︶ | ᠨᠢ ᠭᠠᠯ ᠤᠨᠲᠠᠷᠠᠭᠠᠬᠤ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭ᠎ᠠ ᠶᠢᠨ ᠭᠤᠣᠯ ᠴᠣᠭᠴᠠ ᠪᠣᠯᠣᠨ᠎ᠠ᠃ ᠤᠤᠯ ᠤᠨ ᠪᠠᠷᠢᠯᠭ᠎ᠠ ᠪᠠᠷᠢᠭᠤᠯᠤᠭᠰᠠᠨ ᠨᠢᠭᠡᠴᠡ ᠨᠢ ᠬᠠᠤᠯᠢ ᠪᠠᠷ | ᠲᠣᠭᠲᠠᠭᠠᠭᠰᠠᠨ ᠭᠤᠣᠯ ᠴᠣᠭᠴᠠ ᠶᠢᠨ ᠬᠢᠷᠢ ᠬᠡᠮ ᠢᠶᠠᠨ ᠨᠢᠭᠡᠨᠲᠡ ᠠᠯᠳᠠᠭᠰᠠᠨ ᠪᠣᠯ ᠲᠡᠭᠦᠨ ᠤ ᠡᠷᠬᠡ ᠡᠭᠦᠷᠭᠡ ᠶᠢ | ᠳᠠᠭᠠᠭᠠᠨ ᠠᠪᠤᠭᠰᠠᠨ ᠬᠥᠮᠥᠨ ︵ᠲᠠᠬᠢᠨ ᠵᠣᠬᠢᠶᠠᠨ ᠪᠠᠶᠢᠭᠤᠯᠤᠭᠰᠠᠨ ᠤ ᠳᠠᠷᠠᠭᠠᠬᠢ ᠨᠢᠭᠡᠴᠡ᠂ ᠥᠮᠴᠢᠯᠡᠬᠦ ᠡᠷᠬᠡᠲᠦ | ᠬᠥᠮᠥᠨ ᠪᠤᠶᠤ ᠬᠡᠷᠡᠭᠯᠡᠭᠴᠢ ᠵᠡᠷᠭᠡ ᠪᠠᠭᠲᠠᠨ᠎ᠠ︶ ᠠᠴᠠ ᠭᠠᠯ ᠤᠨᠲᠠᠷᠠᠭᠠᠬᠤ ᠶᠢᠨ ᠦᠯᠡᠳᠡᠭᠳᠡᠯ ᠠᠰᠠᠭᠤᠳᠠᠯ ᠢ | ᠰᠢᠢᠳᠪᠦᠷᠢᠯᠡᠵᠦ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ ᠪᠣᠯᠭᠠᠨ᠎ᠠ᠃ᠲᠣᠳᠣᠷᠬᠠᠢ | ᠬᠠᠭᠤᠳᠠᠰᠤ ᠳᠤ ᠵᠢᠭᠰᠠᠭᠠᠨ ᠣᠷᠣᠭᠤᠯᠤᠭᠰᠠᠨ ᠭᠠᠯ ᠤᠨᠲᠠᠷᠠᠭᠠᠬᠤ ᠦᠯᠡᠳᠡᠭᠳᠡᠯ ᠲᠥᠷᠥᠯ ᠵᠦᠢᠯ ᠳᠤ ᠵᠠᠯᠭᠠᠨ | ᠵᠣᠯᠭᠠᠭᠤᠯᠬᠤ ᠨᠢᠭᠡᠴᠡ ᠶᠢ ᠲᠣᠭᠲᠠᠭᠠᠬᠤ ᠶᠢᠨ ᠠᠷᠭ᠎ᠠ ᠦᠭᠡᠢ ᠪᠣᠯ᠂ ᠬᠠᠷᠢᠶ᠎ᠠ ᠭᠠᠵᠠᠷ ᠤᠨ ᠪᠠᠯᠭᠠᠰᠤ᠂ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠭᠠᠯ ᠤᠨᠲᠠᠷᠠᠭᠠᠬᠤ ᠦᠯᠡᠳᠡᠭᠳᠡᠯ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ ᠪᠣᠯᠭᠠᠵᠤ᠂ ᠲᠥᠷᠥᠯ ᠵᠦᠢᠯ ᠤᠨ ᠭᠠᠯ ᠤᠨᠲᠠᠷᠠᠭᠠᠬᠤ | ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠡᠯ᠎ᠡ ᠵᠦᠢᠯ ᠤᠨ ᠠᠵᠢᠯ ᠢ ᠭᠦᠢᠴᠡᠳᠬᠡᠨ᠎ᠡ᠃ | ︵ᠠᠷᠪᠠᠨ ᠨᠢᠭᠡ︶ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠰᠤᠷᠭᠠᠨ ᠬᠥᠮᠦᠵᠢᠯ ᠤᠨ | ᠲᠣᠪᠴᠢᠶ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠣᠭᠤᠷᠢᠭ ᠤᠨ ᠠᠷᠠᠳ ᠤᠨ ᠶᠠᠪᠤᠳᠠᠯ ᠤᠨ | ᠲᠣᠪᠴᠢᠶ᠎ᠠ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ | ᠂ ᠲᠣᠭᠤᠷᠢᠭ ᠤᠨ ᠰᠣᠶᠣᠯ ᠷᠠᠳᠢᠣ᠋ ᠨᠡᠪᠲᠡᠷᠡᠭᠦᠯᠭᠡ ᠶᠢᠨ ᠲᠣᠪᠴᠢᠶ᠎ᠠ᠂ ᠲᠣᠭᠤᠷᠢᠭ ᠤᠨ ᠱᠠᠰᠢᠨ ᠰᠤᠷᠲᠠᠬᠤᠨ ᠤ | ᠲᠣᠪᠴᠢᠶ᠎ᠠ᠂ ᠲᠣᠭᠤᠷᠢᠭ ᠤᠨ ᠳᠥᠭᠦᠮ ᠪᠦᠳᠦᠭᠦᠯᠢᠭ ᠣᠷᠣᠨ ᠰᠠᠭᠤᠴᠠ ᠶᠢᠨ ᠥᠭᠡᠷᠡᠴᠢᠯᠡᠯᠲᠡ ᠶᠢᠨ ᠲᠥᠪ ᠵᠡᠷᠭᠡ | ᠬᠠᠮᠢᠶ᠎ᠠ ᠪᠦᠬᠦᠢ ᠨᠢᠭᠡᠴᠡ ᠨᠦᠭᠦᠳ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠣᠰᠣᠭᠠᠷ ᠭᠠᠯ ᠤᠨᠲᠠᠷᠠᠭᠠᠬᠤ | ᠦᠯᠡᠳᠡᠭᠳᠡᠯ ᠲᠥᠷᠥᠯ ᠵᠦᠢᠯ ᠤᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠨ᠎ᠡ᠃ | ᠲᠠᠪᠤ᠂ ᠭᠤᠣᠯ ᠡᠭᠦᠷᠭᠡ | ︵ᠨᠢᠭᠡ︶ ᠲᠥᠷᠥᠯ ᠵᠦᠢᠯ ᠤᠨ ᠬᠡᠪᠴᠢᠶ᠎ᠡ᠄ ᠳ᠋ᠦᠩ ᠾᠧ ᠲᠣᠭᠤᠷᠢᠭ ᠤᠨ 1998 ᠣᠨ ᠤ 9 ᠰᠠᠷ᠎ᠠ ᠶᠢᠨ 1 ᠤ | ᠡᠳᠦᠷ ᠠᠴᠠ 2020 ᠣᠨ ᠤ 5 ᠰᠠᠷ᠎ᠠ ᠶᠢᠨ 30 ᠤ ᠡᠳᠦᠷ ᠪᠣᠯᠲᠠᠯ᠎ᠠ ᠤᠤᠯ ᠤᠨ ᠭᠠᠯ ᠤᠨᠲᠠᠷᠠᠭᠠᠵᠤ ᠠᠪᠤᠷᠠᠨ | ᠲᠤᠰᠠᠯᠠᠬᠤ ᠪᠠᠶᠢᠭᠤᠯᠤᠮᠵᠢ ᠠᠴᠠ ᠭᠥᠯᠢᠶᠡᠨ ᠠᠪᠴᠤ ᠰᠢᠢᠳᠪᠦᠷᠢᠯᠡᠭᠰᠡᠨ ᠪᠣᠯᠪᠠᠴᠤ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠲᠤ ᠬᠢᠷᠢ | ᠲᠡᠩᠴᠡᠭᠰᠡᠨ ᠦᠭᠡᠢ ᠲᠥᠷᠥᠯ ᠵᠦᠢᠯ ᠵᠢᠴᠢ ᠪᠦᠲᠦᠭᠡᠨ ᠪᠠᠶᠢᠭᠤᠯᠤᠯᠲᠠ ᠶᠢᠨ ᠨᠢᠭᠡᠴᠡ ᠠᠴᠠ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ | ᠠᠪᠬᠤ ᠪᠠᠷ ᠭᠤᠶᠤᠴᠢᠯᠠᠭᠠᠳᠤᠢ ᠲᠥᠷᠥᠯ ᠵᠦᠢᠯ ︵ᠦᠨᠡᠯᠡᠨ ᠵᠢᠱᠢᠬᠦ ᠦᠶ᠎ᠡ ᠲᠤ ᠤᠰᠤᠨ ᠴᠠᠬᠢᠯᠭᠠᠨ ᠵᠡᠷᠭᠡ ᠢᠵᠢ | ᠪᠦᠷᠢᠳᠦᠭᠦᠯᠬᠦ ᠪᠡᠯᠡᠳᠬᠡᠮᠵᠢ ᠨᠢ ᠪᠦᠷᠢᠨ ᠭᠦᠢᠴᠡᠳ ᠪᠥᠭᠡᠳ ᠨᠢᠭᠡᠨᠲᠡ ᠠᠵᠢᠯ ᠳᠠᠭᠤᠰᠤᠭᠰᠠᠨ ᠪᠠᠷᠢᠯᠭ᠎ᠠ︶᠃ | ᠭᠦᠢᠴᠡᠳᠬᠡᠬᠦ ᠦᠶ᠎ᠡ ᠳᠤ ᠬᠦᠨᠳᠦ ᠬᠥᠩᠭᠡᠨ ᠠᠯᠭᠤᠷ ᠪᠠᠴᠢᠮ ᠢ ᠢᠯᠭᠠᠵᠤ᠂ ᠨᠡᠶᠢᠲᠡ ᠶᠢᠨ ᠠᠰᠠᠷᠠᠮᠵᠢ ᠶᠢᠨ | ᠲᠥᠷᠥᠯ ᠤᠨ ᠲᠥᠷᠥᠯ ᠵᠦᠢᠯ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ᠂ ᠠᠵᠤ | ᠦᠢᠯᠡᠳᠪᠦᠷᠢ ᠶᠢᠨ ᠲᠥᠷᠥᠯ ᠵᠦᠢᠯ ᠢ ᠤᠷᠢᠳᠠᠪᠠᠷ ᠡᠬᠢᠯᠡᠭᠦᠯᠵᠦ᠂ ᠪᠤᠰᠤᠳ ᠲᠥᠷᠥᠯ ᠤᠨ ᠲᠥᠷᠥᠯ ᠵᠦᠢᠯ ᠤᠨ | ᠨᠥᠬᠦᠴᠡᠯ ᠪᠦᠷᠢᠳᠦᠭᠰᠡᠨ ᠢ ᠨᠢ ᠵᠠᠯᠭᠠᠨ ᠡᠬᠢᠯᠡᠭᠦᠯᠵᠦ ᠪᠣᠯᠣᠨ᠎ᠠ᠃ | ︵ᠬᠤᠶᠠᠷ︶ ᠠᠵᠢᠯ ᠤᠨ ᠬᠠᠷᠠᠯᠲᠠ᠄ ᠦᠯᠡᠳᠡᠭᠳᠡᠯ ᠲᠥᠷᠥᠯ ᠵᠦᠢᠯ ᠤᠨ ᠭᠠᠯ ᠤᠨ ᠠᠶᠤᠯ ᠤᠨᠲ᠋ᠠᠯᠳᠠ ᠭᠡᠮ ᠢ | ᠠᠷᠢᠯᠭᠠᠨ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ | ᠪᠠᠶᠢᠴᠠᠭᠠᠵᠤ ᠰᠢᠯᠭᠠᠨ ᠠᠪᠬᠤ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠲᠥᠷᠥᠯ ᠵᠦᠢᠯ ᠢ ᠦᠨᠳᠦᠰᠦᠨ ᠲᠤᠨᠢ | ᠰᠢᠢᠳᠪᠦᠷᠢᠯᠡᠨ᠎ᠡ᠃ | ᠵᠢᠷᠭᠤᠭ᠎ᠠ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠯ ᠰᠡᠷᠭᠡᠶᠢᠯᠡᠨ ᠤᠨᠲᠠᠷᠠᠭᠠᠬᠤ ᠭᠠᠷ | ᠭᠦᠢᠴᠡᠳᠬᠡᠯ ᠢ ᠭᠦᠢᠴᠡᠳᠬᠡᠬᠦ ᠶᠣᠰᠣᠲᠠᠢ ᠪᠣᠯᠪᠠᠴᠤ ᠭᠦᠢᠴᠡᠳᠬᠡᠭᠡᠳᠦᠢ ᠪᠠᠶᠢᠭ᠎ᠠ ᠪᠠᠷᠢᠯᠭ᠎ᠠ ᠶᠢᠨ ᠠᠵᠢᠯ ᠢ ᠬᠠᠤᠯᠢ | ᠲᠣᠭᠲᠠᠭᠠᠯ ᠶᠣᠰᠣᠭᠠᠷ ᠰᠢᠢᠳᠪᠦᠷᠢᠯᠡᠭᠰᠡᠨ ᠤ ᠲᠠᠷᠠᠭ᠎ᠠ᠂ ᠪᠠᠷᠢᠯᠭ᠎ᠠ ᠶᠢᠨ ᠶᠠᠰᠤ ᠴᠢᠨᠠᠷ ᠤᠨ ᠠᠶᠤᠯᠭᠦᠢ ᠶᠢ ᠪᠠᠲᠤᠯᠠᠬᠤ | ᠨᠥᠬᠦᠴᠡᠯ ᠳᠣᠣᠷ᠎ᠠ᠂ ᠭᠠᠯ ᠰᠡᠷᠭᠡᠶᠢᠯᠡᠨ ᠤᠨᠲᠠᠷᠠᠭᠠᠬᠤ ᠭᠠᠷ ᠭᠦᠢᠴᠡᠳᠬᠡᠯ ᠢ ᠨᠥᠬᠦᠪᠦᠷᠢᠯᠡᠨ ᠬᠢᠵᠦ ᠪᠣᠯᠣᠨ᠎ᠠ᠃ | ︵ᠬᠤᠶᠠᠷ︶ ᠭᠠᠯ ᠤᠨᠲᠠᠷᠠᠭᠠᠬᠤ ᠶᠢᠨ ᠦᠯᠡᠳᠡᠭᠳᠡᠯ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠲᠤ᠂ ᠶᠠᠰᠤ | ᠴᠢᠨᠠᠷ ᠲᠤ ᠬᠢᠨᠠᠯᠲᠠ ᠲᠠᠯᠪᠢᠬᠤ ᠭᠠᠷᠳᠠᠮ ᠬᠠᠩᠭᠠᠬᠤ ᠴᠢᠬᠤᠯᠠ ᠲᠠᠢ᠂ ᠶᠠᠰᠤ ᠴᠢᠨᠠᠷ ᠲᠤ ᠬᠢᠨᠠᠯᠲᠠ ᠲᠠᠯᠪᠢᠬᠤ ᠶᠢ | ᠭᠦᠢᠴᠡᠳᠬᠡᠭᠰᠡᠨ ᠦᠭᠡᠢ ᠭᠠᠯ ᠤᠨᠲᠠᠷᠠᠭᠠᠬᠤ ᠶᠢᠨ ᠦᠯᠡᠳᠡᠭᠳᠡᠯ ᠲᠥᠷᠥᠯ ᠵᠦᠢᠯ ᠪᠤᠶᠤ ᠵᠢᠷᠤᠭᠯᠠᠨ ᠲᠥᠯᠥᠪᠯᠡᠭᠰᠡᠨ | ᠬᠡᠷᠡᠭᠯᠡᠬᠦ ᠠᠮᠢ ᠨᠠᠰᠤ ᠨᠢ ᠬᠤᠭᠤᠴᠠᠭ᠎ᠠ ᠨᠢ ᠲᠤᠯᠤᠭᠰᠠᠨ ᠲᠥᠷᠥᠯ ᠵᠦᠢᠯ ᠢ ᠪᠦᠲᠦᠭᠡᠨ ᠪᠠᠶᠢᠭᠤᠯᠬᠤ ᠨᠢᠭᠡᠴᠡ ᠨᠢ | ᠡᠷᠬᠡᠪᠰᠢ ᠬᠢᠷᠢ ᠴᠢᠳᠠᠮᠵᠢ ᠲᠠᠢ ᠪᠠᠶᠢᠴᠠᠭᠠᠨ ᠰᠢᠯᠭᠠᠵᠤ ᠬᠢᠨᠠᠨ ᠲᠣᠭᠲᠠᠭᠠᠬᠤ ᠪᠠᠶᠢᠭᠤᠯᠤᠮᠵᠢ ᠲᠤ ᠨᠠᠶᠢᠳᠠᠵᠤ ᠲᠤᠰ | ᠪᠠᠷᠢᠯᠭ᠎ᠠ ᠶᠢᠨ ᠲᠥᠷᠥᠯ ᠵᠦᠢᠯ ᠤᠨ ᠪᠦᠲᠦᠴᠡ ᠶᠢᠨ ᠠᠶᠤᠯ ᠦᠭᠡᠢ ᠶᠢᠨ ᠨᠠᠶᠢᠳᠠᠪᠤᠷᠢᠲᠤ ᠴᠢᠨᠠᠷ᠂ ᠬᠡᠷᠡᠭᠯᠡᠬᠦ ᠴᠢᠳᠠᠮᠵᠢ | ᠨᠢ ᠳᠤᠲᠠᠭᠳᠠᠯ ᠲᠠᠢ ᠪᠠᠶᠢᠬᠤ ᠡᠰᠡᠬᠦ ᠲᠤ ᠬᠢᠨᠠᠨ ᠲᠣᠭᠲᠠᠭᠠᠯᠲᠠ ᠬᠢᠯᠭᠡᠬᠦ ᠶᠢᠨ ᠬᠠᠮᠲᠤ ᠬᠢᠨᠠᠨ ᠲᠣᠭᠲᠠᠭᠠᠭᠰᠠᠨ | ᠮᠡᠳᠡᠭᠦᠯᠦᠯᠲᠡ ᠬᠢᠵᠦ ᠥᠭᠬᠦ ᠬᠡᠷᠡᠭᠲᠡᠢ᠃ | ︵ᠭᠤᠷᠪᠠ︶ ᠭᠠᠯ ᠤᠨᠲᠠᠷᠠᠭᠠᠬᠤ ᠦᠯᠡᠳᠡᠭᠳᠡᠯ ᠲᠥᠷᠥᠯ ᠵᠦᠢᠯ ᠢ ᠭᠦᠢᠴᠡᠳᠬᠡᠵᠦ᠂ ︽ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ | ᠠᠪᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠲᠣᠭᠲᠠᠭᠠᠯ︾ ︵ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠶᠠᠮᠤᠨ ᠤ ᠵᠠᠷᠯᠢᠭ 51 ᠳ᠋ᠦᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠬᠠᠩᠭᠠᠬᠤ | ᠬᠡᠷᠡᠭᠲᠡᠢ᠃ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠭᠰᠡᠨ ᠦᠭᠡᠢ ᠭᠠᠯ | ᠤᠨᠲᠠᠷᠠᠭᠠᠬᠤ ᠶᠢᠨ ᠦᠯᠡᠳᠡᠭᠳᠡᠯ ᠲᠥᠷᠥᠯ ᠵᠦᠢᠯ ᠲᠤ ᠪᠣᠯ ᠪᠦᠲᠦᠭᠡᠨ ᠪᠠᠶᠢᠭᠤᠯᠬᠤ ᠨᠢᠭᠡᠴᠡ ᠨᠢ ᠡᠷᠬᠡᠪᠰᠢ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠪᠤᠶᠤ ᠣᠳᠣᠬᠢ | ᠪᠠᠶᠢᠳᠠᠯ ᠢᠶᠠᠨ ᠦᠯᠡᠳᠡᠭᠡᠬᠦ ᠶᠢ ᠵᠥᠪᠰᠢᠶᠡᠷᠡᠭᠰᠡᠨ ᠵᠠᠬᠢᠳᠠᠯ᠂ ᠵᠠᠬᠢᠳᠠᠯ ᠤᠨ ᠵᠦᠢᠯ ᠤᠨ ᠠᠭᠤᠯᠭ᠎ᠠ ᠶᠢ ᠪᠠᠶᠢᠭᠠᠯᠢ ᠶᠢᠨ | ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠲᠥᠷᠥᠯ ᠵᠦᠢᠯ ᠤᠨ ᠪᠣᠳᠠᠲᠤ ᠪᠠᠶᠢᠳᠠᠯ ᠢ ᠦᠨᠳᠦᠰᠦᠯᠡᠨ | ᠲᠣᠳᠣᠷᠬᠠᠶᠢᠯᠠᠬᠤ ᠬᠡᠷᠡᠭᠲᠡᠢ᠃ | ︵ᠳᠥᠷᠪᠡ︶ ᠪᠦᠲᠦᠭᠡᠨ ᠪᠠᠶᠢᠭᠤᠯᠬᠤ ᠨᠢᠭᠡᠴᠡ ᠨᠢ ᠭᠠᠯ ᠤᠨᠲᠠᠷᠠᠭᠠᠬᠤ ᠶᠢ ᠦᠨᠡᠯᠡᠨ ᠵᠢᠱᠢᠬᠦ ᠪᠠᠶᠢᠭᠤᠯᠤᠮᠵᠢ ᠲᠤ | ᠨᠠᠶᠢᠳᠠᠵᠤ ᠲᠥᠷᠥᠯ ᠵᠦᠢᠯ ᠲᠤ ᠦᠨᠡᠯᠡᠨ ᠵᠢᠱᠢᠯᠲᠡ ᠬᠢᠯᠭᠡᠵᠦ᠂ ᠦᠨᠡᠯᠡᠨ ᠵᠢᠱᠢᠭᠰᠡᠨ ᠮᠡᠳᠡᠭᠦᠯᠦᠯᠲᠡ ᠬᠢᠵᠦ ᠥᠭᠬᠦ | ᠬᠡᠷᠡᠭᠲᠡᠢ᠃ᠤᠳᠤᠷᠢᠳᠬᠤ ᠳᠤᠭᠤᠶᠢᠯᠠᠩ ᠨᠢ ᠲᠤᠰᠬᠠᠢ ᠮᠡᠷᠭᠡᠵᠢᠯᠲᠡᠨ ᠤ ᠳᠤᠭᠤᠶᠢᠯᠠᠩ ᠳᠤ ᠨᠠᠶᠢᠳᠠᠵᠤ ᠦᠨᠡᠯᠡᠨ | ᠵᠢᠱᠢᠭᠰᠡᠨ ᠮᠡᠳᠡᠭᠦᠯᠦᠯᠲᠡ ᠶᠢ ᠬᠢᠨᠠᠨ ᠲᠣᠭᠲᠠᠭᠠᠯᠭᠠᠵᠤ᠂ ᠬᠢᠨᠠᠨ ᠲᠣᠭᠲᠠᠭᠠᠭᠰᠠᠨ ᠰᠠᠨᠠᠯ ᠭᠠᠷᠭᠠᠭᠤᠯᠬᠤ ᠶᠢᠨ ᠬᠠᠮᠲᠤ | ᠬᠢᠷᠢ ᠲᠡᠩᠴᠡᠭᠰᠡᠨ ᠦᠨᠡᠯᠡᠨ ᠵᠢᠱᠢᠭᠰᠡᠨ ᠮᠡᠳᠡᠭᠦᠯᠦᠯᠲᠡ ᠪᠠ ᠦᠷ᠎ᠡ ᠳ᠋ᠦᠩ ᠢᠶᠠᠷ ᠬᠢᠷᠢ ᠲᠡᠩᠴᠡᠭᠰᠡᠨ ᠬᠢᠨᠠᠨ | ᠲᠣᠭᠲᠠᠭᠠᠭᠰᠠᠨ ᠰᠠᠨᠠᠯ ᠪᠣᠯᠭᠠᠭᠰᠠᠨ ᠵᠦᠢᠯᠡᠰ ᠲᠤ ᠵᠦᠢᠯᠡᠰ ᠤᠨ ᠬᠡᠷᠡᠭᠯᠡᠬᠦ ᠶᠢ ᠵᠥᠪᠰᠢᠶᠡᠷᠡᠭᠰᠡᠨ ᠪᠢᠴᠢᠭ | ᠮᠠᠲ᠋ᠧᠷᠢᠶᠠᠯ ᠢ ᠭᠠᠷᠭᠠᠵᠤ ᠥᠭᠭᠦᠨ᠎ᠡ᠃ | ︵ᠲᠠᠪᠤ︶ ᠤᠳᠤᠷᠢᠳᠬᠤ ᠳᠤᠭᠤᠶᠢᠯᠠᠩ ᠤᠨ ᠬᠢᠵᠦ ᠥᠭᠭᠦᠭᠰᠡᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠬᠡᠷᠡᠭᠯᠡᠬᠦ ᠶᠢ ᠵᠥᠪᠰᠢᠶᠡᠷᠡᠭᠰᠡᠨ ᠭᠠᠷᠳᠠᠮ ᠪᠤᠶᠤ ᠭᠠᠯ ᠤᠨᠲᠠᠷᠠᠭᠠᠬᠤ ᠶᠢ ᠦᠨᠡᠯᠡᠨ ᠵᠢᠱᠢᠬᠦ ᠪᠠᠶᠢᠭᠤᠯᠤᠮᠵᠢ ᠶᠢᠨ ᠬᠢᠵᠦ | ᠥᠭᠭᠦᠭᠰᠡᠨ ᠦᠨᠡᠯᠡᠨ ᠵᠢᠱᠢᠭᠰᠡᠨ ᠮᠡᠳᠡᠭᠦᠯᠦᠯᠲᠡ ᠨᠢ ᠭᠠᠯ ᠤᠨᠲᠠᠷᠠᠭᠠᠬᠤ ᠶᠢᠨ ᠦᠯᠡᠳᠡᠭᠳᠡᠯ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠠᠯᠠᠪᠠᠢ ᠲᠠᠢ ᠬᠤᠯᠪᠣᠭᠳᠠᠭᠰᠠᠨ ᠪᠠᠶᠢᠪᠠᠯ᠂ ᠪᠠᠷᠢᠯᠭ᠎ᠠ ᠶᠢᠨ ᠵᠢᠷᠤᠭ ᠤᠨ | ᠬᠢᠨᠠᠨ ᠪᠠᠶᠢᠴᠠᠭᠠᠭᠰᠠᠨ ᠲᠠᠯᠠᠪᠠᠢ ᠪᠤᠶᠤ ᠪᠠᠷᠢᠯᠭ᠎ᠠ ᠳᠠᠭᠤᠰᠤᠭᠰᠠᠨ ᠵᠢᠷᠤᠭ ᠤᠨ ᠲᠠᠯᠠᠪᠠᠢ ᠪᠠᠷ ᠲᠣᠭᠲᠠᠭᠠᠨ᠎ᠠ᠃ | ︵ᠵᠢᠷᠭᠤᠭ᠎ᠠ︶ ᠪᠣᠶ ᠪᠦᠬᠦᠢ ᠳᠠᠩᠰᠠᠯᠠᠭᠤᠯᠬᠤ ᠲᠥᠷᠥᠯ ᠤᠨ ᠮᠡᠳᠡᠭᠦᠯᠬᠦ ᠲᠥᠷᠥᠯ ᠵᠦᠢᠯ ᠨᠢ ᠪᠠᠷᠢᠯᠭ᠎ᠠ ᠶᠢᠨ ᠭᠤᠣᠯ | ᠴᠣᠭᠴᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠬᠠᠩᠭᠠᠬᠤ ᠶᠢᠨ ᠠᠷᠭ᠎ᠠ ᠦᠭᠡᠢ | ᠪᠠᠶᠢᠪᠠᠯ᠂ ᠲᠣᠰ ᠲᠥᠷᠥᠯ ᠵᠦᠢᠯ ᠤᠨ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠥᠮᠴᠢᠯᠡᠬᠦ ᠡᠷᠬᠡ ᠶᠢᠨ | ᠦᠨᠡᠮᠯᠡᠯ ︵ᠭᠡᠷ ᠬᠥᠷᠥᠩᠭᠡ ᠶᠢᠨ ᠦᠨᠡᠮᠯᠡᠯ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠠᠩᠰᠠ | ᠡᠪᠬᠡᠮᠡᠯ ᠤᠨ ᠭᠡᠷᠡᠴᠢᠯᠡᠬᠦ ᠮᠠᠲ᠋ᠧᠷᠢᠶᠠᠯ︶ ᠢ ᠬᠠᠩᠭᠠᠵᠤ᠂ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ | ᠥᠮᠴᠢᠯᠡᠬᠦ ᠡᠷᠬᠡ ᠶᠢᠨ ᠦᠨᠡᠮᠯᠡᠯ ︵ᠭᠡᠷ ᠬᠥᠷᠥᠩᠭᠡ ᠶᠢᠨ ᠦᠨᠡᠮᠯᠡᠯ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠲᠠᠩᠰᠠ ᠡᠪᠬᠡᠮᠡᠯ ᠤᠨ ᠭᠡᠷᠡᠴᠢᠯᠡᠬᠦ ᠮᠠᠲ᠋ᠧᠷᠢᠶᠠᠯ︶ ᠤᠨ ᠬᠡᠷᠡᠭᠴᠡᠭᠡ ᠶᠣᠰᠣᠭᠠᠷ ᠬᠡᠷᠡᠭᠯᠡᠬᠦ ᠰᠢᠨᠵᠢ | ᠴᠢᠨᠠᠷ ᠢ ᠲᠣᠭᠲᠠᠭᠠᠬᠤ ᠬᠡᠷᠡᠭᠲᠡᠢ᠃ | ︵ᠲᠤᠯᠤᠭ᠎ᠠ︶ ᠪᠥᠬᠦ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ | ᠲᠥᠯᠥᠪᠯᠡᠭᠡ ᠶᠢ ᠬᠢᠨᠠᠨ ᠪᠠᠶᠢᠴᠠᠭᠠᠵᠤ ᠰᠢᠯᠭᠠᠨ ᠠᠪᠬᠤ ᠲᠤ ᠲᠡᠦᠬᠡᠨ ᠠᠴᠠ ᠦᠯᠡᠳᠡᠭᠳᠡᠵᠦ ᠢᠷᠡᠭᠰᠡᠨ ᠲᠥᠷᠥᠯ | ᠵᠦᠢᠯ ᠤᠨ ᠳᠣᠲᠣᠷᠠᠬᠢ ᠬᠠᠤᠯᠢ ᠲᠣᠭᠲᠠᠭᠠᠯ ᠶᠣᠰᠣᠭᠠᠷ ᠪᠠᠷᠢᠯᠭ᠎ᠠ ᠶᠢᠨ ᠠᠵᠢᠯ ᠤᠨ ᠵᠥᠪᠰᠢᠶᠡᠷᠡᠯ ᠣᠯᠬᠤ ᠴᠢᠬᠤᠯᠠ | ᠦᠭᠡᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠲᠤ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ | ᠪᠠᠶᠢᠴᠠᠭᠠᠵᠤ ᠰᠢᠯᠭᠠᠨ ᠠᠪᠴᠤ ᠳᠠᠩᠰᠠᠯᠠᠭᠤᠯᠬᠤ ᠭᠠᠷᠳᠠᠮ ᠭᠦᠢᠴᠡᠳᠬᠡᠬᠦ ᠴᠢᠬᠤᠯᠠ ᠦᠭᠡᠢ ︵ᠠᠵᠢᠯ ᠲᠥᠷᠥᠯ ᠤᠨ | ᠣᠨᠴᠣᠭᠤᠢ ᠱᠠᠭᠠᠷᠳᠠᠯᠭ᠎ᠠ ᠲᠠᠢ ᠨᠢ ᠡᠭᠦᠨ ᠳᠤ ᠪᠠᠭᠲᠠᠬᠤ ᠦᠭᠡᠢ︶᠃ | ᠳᠣᠯᠤᠭ᠎ᠠ᠂ ᠮᠡᠷᠭᠡᠵᠢᠯ ᠤᠨ ᠪᠠᠷᠢᠮᠵᠢᠶ᠎ᠠ | ︵ᠨᠢᠭᠡ︶ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ᠂ ᠭᠠᠯ | ᠤᠨᠲᠠᠷᠠᠭᠠᠬᠤ ᠶᠢᠨ ᠰᠢᠯᠭᠠᠨ ᠠᠪᠬᠤ ᠠᠵᠢᠯ ᠢ ᠭᠦᠢᠴᠡᠳᠬᠡᠭᠰᠡᠨ ᠦᠭᠡᠢ ᠪᠤᠶᠤ ᠭᠠᠯ ᠤᠨᠲᠠᠷᠠᠭᠠᠬᠤ ᠶᠢᠨ ᠰᠢᠯᠭᠠᠨ | ᠠᠪᠬᠤ ᠠᠵᠢᠯ ᠲᠤ ᠬᠢᠷᠢ ᠲᠡᠩᠴᠡᠭᠰᠡᠨ ᠦᠭᠡᠢ ᠲᠥᠷᠥᠯ ᠵᠦᠢᠯ ᠲᠤ ᠭᠠᠯ ᠤᠨᠲᠠᠷᠠᠭᠠᠬᠤ ᠶᠢᠨ ᠰᠢᠯᠭᠠᠨ ᠠᠪᠬᠤ | ᠮᠧᠷᠢᠶᠠᠯ ᠢ ᠨᠥᠬᠦᠪᠦᠷᠢᠯᠡᠨ ᠲᠡᠭᠦᠯᠳᠡᠷᠵᠢᠭᠦᠯᠦᠭᠰᠡᠨ ᠤ ᠲᠠᠷᠠᠭ᠎ᠠ᠂ ᠭᠠᠯ ᠤᠨᠲᠠᠷᠠᠭᠠᠬᠤ ᠶᠢᠨ ᠰᠢᠯᠭᠠᠨ ᠠᠪᠬᠤ | ᠨᠥᠬᠦᠴᠡᠯ ᠢ ᠪᠦᠷᠢᠳᠦᠭᠦᠯᠦᠭᠰᠡᠨ ᠪᠠᠶᠢᠪᠠᠯ᠂ ᠤᠤᠯ ᠤᠨ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠭᠰᠠᠨ ᠰᠠᠨᠠᠯ ᠢ | ᠭᠠᠷᠭᠠᠬᠤ ᠦᠶ᠎ᠡ ᠲᠤ ᠦᠨᠳᠦᠰᠦᠯᠡᠭᠰᠡᠨ ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ | ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠣᠰᠣᠭᠠᠷ ᠭᠠᠯ ᠤᠨᠲᠠᠷᠠᠭᠠᠬᠤ ᠶᠢᠨ ᠰᠢᠯᠭᠠᠨ ᠠᠪᠬᠤ ᠠᠵᠢᠯ ᠢ ᠬᠢᠬᠦ | ᠬᠡᠷᠡᠭᠲᠡᠢ᠃ | ︵ᠬᠤᠶᠠᠷ︶ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠦᠭᠡᠢ | ᠲᠥᠷᠥᠯ ᠵᠦᠢᠯ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ ᠨᠢ ᠤᠷᠢᠳᠠᠪᠠᠷ ᠤᠤᠯ ᠤᠨ | ᠵᠢᠷᠤᠭᠯᠠᠨ ᠲᠥᠯᠥᠪᠯᠡᠭᠰᠡᠨ ᠨᠢᠭᠡᠴᠡ ︵ᠡᠰᠡᠬᠦᠯ᠎ᠡ ᠤᠤᠯ ᠤᠨ ᠵᠢᠷᠤᠭᠯᠠᠨ ᠲᠥᠯᠥᠪᠯᠡᠭᠰᠡᠨ ᠨᠢᠭᠡᠴᠡ ᠶᠢᠨ ᠬᠢᠷᠢ | ᠬᠡᠮ ᠲᠠᠢ ᠠᠳᠠᠯᠢ ᠪᠤᠶᠤ ᠤᠤᠯ ᠤᠨ ᠵᠢᠷᠤᠭᠯᠠᠨ ᠲᠥᠯᠥᠪᠯᠡᠭᠰᠡᠨ ᠨᠢᠭᠡᠴᠡ ᠶᠢᠨ ᠬᠢᠷᠢ ᠬᠡᠮ ᠤᠨ ᠬᠢᠷᠢ ᠬᠡᠮᠵᠢᠶ᠎ᠡ ᠠᠴᠠ | ᠥᠨᠳᠥᠷ ᠵᠢᠷᠤᠭᠯᠠᠨ ᠲᠥᠯᠥᠪᠯᠡᠭᠰᠡᠨ ᠨᠢᠭᠡᠴᠡ︶ ᠳᠤ ᠨᠠᠶᠢᠳᠠᠬᠤ ᠪᠤᠶᠤ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠭᠠᠯ ᠤᠨᠲᠠᠷᠠᠭᠠᠬᠤ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠨᠠᠶᠢᠳᠠᠵᠤ ᠴᠡᠭᠴᠡᠯᠡᠨ | ᠰᠠᠶᠢᠵᠢᠷᠠᠭᠤᠯᠬᠤ ᠰᠠᠨᠠᠯ ᠢᠶᠠᠨ ᠳᠤᠷᠠᠳᠤᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠰᠠᠨᠠᠯ ᠤᠨ ᠶᠣᠰᠣᠭᠠᠷ | ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠭᠰᠠᠨ ᠪᠢᠴᠢᠭ ᠮᠠᠲ᠋ᠧᠷᠢᠶᠠᠯ ᠢ ᠨᠥᠬᠦᠪᠦᠷᠢᠯᠡᠨ ᠲᠡᠭᠦᠯᠳᠡᠷᠵᠢᠭᠦᠯᠵᠦ᠂ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠤ ᠳᠠᠷᠠᠭ᠎ᠠ᠂ ᠭᠠᠯ | ᠤᠨᠲᠠᠷᠠᠭᠠᠬᠤ ᠰᠢᠯᠭᠠᠨ ᠠᠪᠬᠤ ᠨᠥᠬᠦᠴᠡᠯ ᠢ ᠪᠦᠷᠢᠳᠦᠭᠦᠯᠦᠭᠰᠡᠨ ᠪᠠᠶᠢᠪᠠᠯ᠂ ᠣᠲᠣ ᠶᠢᠨ ᠬᠡᠷᠡᠭᠵᠢᠭᠦᠯᠵᠦ ᠪᠠᠶᠢᠭ᠎ᠠ | ᠤᠯᠤᠰ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠭᠠᠯ ᠤᠨᠲᠠᠷᠠᠭᠠᠬᠤ ᠮᠡᠷᠭᠡᠵᠢᠯ ᠤᠨ ᠪᠠᠷᠢᠮᠵᠢᠶ᠎ᠠ ᠶᠢ | ᠦᠨᠳᠦᠰᠦᠯᠡᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ ᠤᠨᠲᠠᠷᠠᠭᠠᠬᠤ ᠰᠢᠯᠭᠠᠨ | ᠠᠪᠬᠤ ᠶᠢ ᠭᠦᠢᠴᠡᠳᠬᠡᠨ᠎ᠡ᠃ | ︵ᠭᠤᠷᠪᠠ︶ ᠭᠠᠯ ᠤᠨᠲᠠᠷᠠᠭᠠᠬᠤ ᠵᠢᠷᠤᠭ ᠲᠥᠯᠥᠪᠯᠡᠭᠡ ᠬᠢᠭᠰᠡᠨ ᠪᠣᠯᠪᠠᠴᠤ ᠵᠢᠷᠤᠭ ᠲᠥᠯᠥᠪᠯᠡᠭᠡ ᠶᠢᠨ ᠬᠢᠨᠠᠨ | ᠪᠠᠶᠢᠴᠠᠭᠠᠯᠲᠠ ᠶᠢ ᠪᠡᠶᠡᠯᠡᠭᠦᠯᠦᠭᠰᠡᠨ ᠦᠭᠡᠢ ᠪᠤᠶᠤ ᠵᠢᠷᠤᠭ ᠲᠥᠯᠥᠪᠯᠡᠭᠡ ᠶᠢᠨ ᠬᠢᠨᠠᠨ ᠪᠠᠶᠢᠴᠠᠭᠠᠯᠲᠠ ᠬᠢᠭᠰᠡᠨ ᠦᠭᠡᠢ | ᠵᠢᠴᠢ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠭᠰᠡᠨ ᠦᠭᠡᠢ ᠲᠥᠷᠥᠯ ᠵᠦᠢᠯ ᠲᠤ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠶᠢᠨ ᠬᠢᠨᠠᠨ | ᠪᠤᠳᠤᠵᠤ ᠬᠢᠨᠠᠨ ᠪᠠᠶᠢᠴᠠᠭᠠᠵᠤ ᠰᠢᠯᠭᠠᠨ ᠠᠪᠬᠤ ᠶᠢᠨ ᠦᠯᠡᠳᠡᠭᠳᠡᠯ ᠲᠥᠷᠥᠯ ᠵᠦᠢᠯ ᠤᠨᠠᠰᠠᠭᠤᠳᠠᠯ ᠢ ᠲᠤᠰᠬᠠᠢ | ᠵᠦᠢᠯ ᠢᠶᠠᠷ ᠴᠡᠭᠴᠡᠯᠡᠨ ᠵᠠᠰᠠᠬᠤ ᠠᠵᠢᠯ ᠤᠨ ᠵᠦᠭᠯᠡᠭᠦᠷ︾ ᠤᠨ ᠬᠤᠶᠠᠳᠤᠭᠠᠷ ᠳᠤᠮᠳᠠ ︵ᠳᠥᠷᠪᠡ︶ ᠲᠤ | ᠲᠣᠭᠲᠠᠭᠠᠭᠰᠠᠨ ᠪᠠᠷᠢᠮᠵᠢᠶ᠎ᠠ ᠶᠢ ᠦᠨᠳᠦᠰᠦᠯᠡᠨ ᠬᠡᠷᠡᠭᠵᠢᠭᠦᠯᠵᠦ᠂ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠬᠢᠨᠠᠨ | ᠪᠠᠶᠢᠴᠠᠭᠠᠯᠲᠠ᠂ ᠭᠠᠯ ᠤᠨᠲᠠᠷᠠᠭᠠᠬᠤ ᠶᠢᠨ ᠰᠢᠯᠭᠠᠨ ᠬᠤᠷᠢᠶᠠᠬᠤ᠂ ᠭᠠᠯ ᠤᠨᠲᠠᠷᠠᠭᠠᠬᠤ ᠶᠢᠨ ᠳᠠᠩᠰᠠᠯᠠᠯᠲᠠ ᠬᠢᠬᠦ | ᠬᠡᠷᠡᠭᠲᠡᠢ᠃ | ︵ᠳᠥᠷᠪᠡ︶ ᠪᠠᠷᠢᠯᠭ᠎ᠠ ᠶᠢᠨ ᠭᠡᠮ ᠰᠣᠭᠤᠭ ᠣᠷᠣᠰᠢᠵᠤ ᠪᠠᠶᠢᠬᠤ ᠠᠴᠠ ᠪᠣᠯᠣᠭᠠᠳ ᠭᠠᠯ ᠤᠨᠲᠠᠷᠠᠭᠠᠬᠤ ᠵᠢᠷᠤᠭ | ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ ᠤᠨᠲᠠᠷᠠᠭᠠᠬᠤ ᠶᠢ ᠰᠢᠯᠭᠠᠨ ᠬᠤᠷᠢᠶᠠᠬᠤ᠂ ᠭᠠᠯ ᠤᠨᠲᠠᠷᠠᠭᠠᠬᠤ ᠶᠢ | ᠳᠠᠩᠰᠠᠯᠠᠭᠤᠯᠬᠤ ᠲᠥᠷᠥᠯ ᠵᠦᠢᠯ ᠢ ᠪᠡᠶᠡᠯᠡᠭᠦᠯᠦᠭᠰᠡᠨ ᠦᠭᠡᠢ᠂︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠶᠢ ᠬᠢᠨᠠᠨ ᠪᠤᠳᠤᠵᠤ ᠬᠢᠨᠠᠨ | ᠪᠠᠶᠢᠴᠠᠭᠠᠵᠤ ᠰᠢᠯᠭᠠᠨ ᠠᠪᠬᠤ ᠶᠢᠨ ᠦᠯᠡᠳᠡᠭᠳᠡᠯ ᠲᠥᠷᠥᠯ ᠵᠦᠢᠯ ᠤᠨ ᠠᠰᠠᠭᠤᠳᠠᠯ ᠢ ᠲᠤᠰᠬᠠᠢ ᠵᠦᠢᠯ ᠢᠶᠠᠷ | ᠴᠡᠭᠴᠡᠯᠡᠨ ᠵᠠᠰᠠᠬᠤ ᠠᠵᠢᠯ ᠤᠨ ᠵᠦᠭᠯᠡᠭᠦᠷ︾ ᠤᠨ ᠬᠤᠶᠠᠳᠤᠭᠠᠷ ᠳᠤᠮᠳᠠ ︵ᠵᠢᠷᠭᠤᠭ᠎ᠠ︶ ᠲᠤ ᠲᠣᠭᠲᠠᠭᠠᠭᠰᠠᠨ | ᠪᠠᠷᠢᠮᠵᠢᠶ᠎ᠠ ᠶᠢ ᠦᠨᠳᠦᠰᠦᠯᠡᠨ ᠬᠡᠷᠡᠭᠵᠢᠭᠦᠯᠵᠦ᠂ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ | ᠭᠠᠯ ᠤᠨᠲᠠᠷᠠᠭᠠᠬᠤ ᠶᠢ ᠰᠢᠯᠭᠠᠨ ᠬᠤᠷᠢᠶᠠᠬᠤ᠂ ᠭᠠᠯ ᠤᠨᠲᠠᠷᠠᠭᠠᠬᠤ ᠶᠢ ᠳᠠᠩᠰᠠᠯᠠᠬᠤ ᠶᠢ ᠬᠢᠨ᠎ᠡ᠃ | ︵ᠲᠠᠪᠤ︶ ︽ᠪᠤᠭᠤᠲᠤ ᠬᠤᠲᠠ ᠶᠢᠨ ᠬᠤᠲᠠ ᠶᠢᠨ ᠲᠥᠯᠦᠪᠵᠢᠭᠦᠯᠭᠡ ᠶᠢᠨ ᠲᠣᠭᠤᠷᠢᠭ ᠤᠨ ᠭᠡᠷ ᠪᠠᠶᠢᠰᠢᠩ ᠤᠨ | ᠥᠮᠴᠢᠯᠡᠬᠦ ᠡᠷᠬᠡ ᠶᠢᠨ ᠳᠠᠩᠰᠠᠯᠠᠯᠲᠠ ᠶᠢ ᠲᠥᠪᠯᠡᠷᠡᠭᠦᠯᠦᠨ ᠵᠠᠰᠠᠬᠤ ᠠᠵᠢᠯ ᠤᠨ ᠬᠡᠷᠡᠭᠵᠢᠭᠦᠯᠬᠦ ᠲᠥᠰᠥᠯ︾ ︵ᠪᠦᠦ | ᠹᠦ᠋ ᠲᠠᠷᠬᠠᠭᠠᠭᠰᠠᠨ ﹇2016﹈ 34 ᠳ᠋ᠦᠭᠡᠷ ᠲᠣᠭᠠᠲᠤ︶ ᠤᠨ ︽ᠪᠤᠭᠤᠲᠤ ᠬᠤᠲᠠ ᠶᠢᠨ ᠬᠤᠲᠠ ᠶᠢᠨ | ᠲᠥᠯᠦᠪᠵᠢᠭᠦᠯᠭᠡ ᠶᠢᠨ ᠲᠣᠭᠤᠷᠢᠭ ᠤᠨ ᠭᠡᠷ ᠪᠠᠶᠢᠰᠢᠩ ᠤᠨ ᠥᠮᠴᠢᠯᠡᠬᠦ ᠡᠷᠬᠡ ᠶᠢᠨ ᠳᠠᠩᠰᠠᠯᠠᠯᠲᠠ ᠶᠢ | ᠲᠥᠪᠯᠡᠷᠡᠭᠦᠯᠦᠨ ᠵᠠᠰᠠᠬᠤ ᠶᠢᠨ ᠬᠡᠷᠡᠭᠵᠢᠭᠦᠯᠬᠦ ᠨᠠᠷᠢᠨ ᠳᠦᠷᠢᠮ︾ ᠤᠨ ᠲᠣᠭᠲᠠᠭᠠᠯ ᠢ ᠦᠨᠳᠦᠰᠦᠯᠡᠨ᠂ ᠪᠤᠭᠤᠲᠤ | ᠬᠤᠲᠠ ᠶᠢᠨ ᠥᠮᠴᠢᠯᠡᠬᠦ ᠡᠷᠬᠡ ᠶᠢᠨ ᠳᠡᠩᠰᠡᠯᠡᠨ ᠲᠡᠮᠳᠡᠭᠯᠡᠬᠦ ᠶᠢᠨ ᠲᠥᠪᠯᠡᠷᠡᠭᠦᠯᠦᠨ ᠵᠠᠰᠠᠬᠤ ᠬᠡᠪᠴᠢᠶᠡᠨ ᠳᠤ | ᠵᠢᠭᠰᠠᠭᠠᠨ ᠣᠷᠣᠭᠤᠯᠤᠭᠠᠳ ᠨᠢᠭᠡᠨᠲᠡ ᠥᠯᠥ ᠬᠥᠳᠡᠯᠬᠦ ᠬᠥᠷᠥᠩᠭᠡ ᠶᠢᠨ ᠠᠩᠬ᠎ᠠ ᠤᠳᠠᠭ᠎ᠠ ᠳᠡᠩᠰᠡᠯᠡᠨ | ᠲᠡᠮᠳᠡᠭᠯᠡᠬᠦ ᠶᠢ ᠭᠦᠢᠴᠡᠳᠬᠡᠭᠰᠡᠨ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠢ ᠭᠠᠯ ᠤᠨᠲᠠᠷᠠᠭᠠᠬᠤ | ᠦᠢᠯᠡᠰ ᠤᠨ ᠦᠯᠡᠳᠡᠭᠳᠡᠯ ᠲᠥᠷᠥᠯ ᠵᠦᠢᠯ ᠤᠨ ᠠᠰᠠᠭᠤᠳᠠᠯ ᠤᠨ ᠲᠤᠰᠬᠠᠢ ᠴᠡᠭᠴᠡᠯᠡᠨ ᠵᠠᠰᠠᠬᠤ ᠬᠡᠪᠴᠢᠶᠡᠨ ᠳᠤ | ᠣᠷᠣᠭᠤᠯᠬᠤ ᠦᠭᠡᠢ᠃ | ︵ᠵᠢᠷᠭᠤᠭ᠎ᠠ︶ ᠲᠥᠷᠥᠯ ᠵᠦᠢᠯ ᠨᠢ ᠬᠠᠮᠢᠶ᠎ᠠ ᠪᠦᠬᠦᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠠᠪᠬᠤ ᠪᠠᠷ | ᠳᠡᠮᠵᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ ᠤᠨᠲᠠᠷᠠᠭᠠᠬᠤ ᠶᠢ ᠰᠢᠯᠭᠠᠨ | ᠠᠪᠬᠤ᠂ ᠭᠠᠯ ᠤᠨᠲᠠᠷᠠᠭᠠᠬᠤ ᠶᠢ ᠳᠠᠩᠰᠠᠯᠠᠬᠤ ᠪᠠᠷᠢᠮᠵᠢᠶ᠎ᠠ ᠳᠤ ᠬᠦᠷᠬᠦ ᠦᠭᠡᠢ ᠪᠤᠶᠤ ᠤᠤᠯ ᠤᠨ ᠵᠢᠷᠤᠵᠤ | ᠲᠥᠯᠥᠪᠯᠡᠬᠦ᠂ ᠪᠠᠷᠢᠯᠭ᠎ᠠ ᠪᠠᠷᠢᠬᠤ ᠵᠡᠷᠭᠡ ᠡᠯ᠎ᠡ ᠲᠠᠯ᠎ᠠ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠨᠢ ᠤᠰᠠᠳᠴᠤ | ᠭᠡᠭᠡᠭᠳᠡᠭᠰᠡᠨ ᠪᠠᠶᠢᠪᠠᠯ᠂ ᠲᠡᠷᠡᠴᠢᠯᠡᠨ ᠲᠥᠷᠥᠯ ᠵᠦᠢᠯ ᠢ ᠬᠡᠷᠡᠭᠯᠡᠬᠦ ᠪᠠᠨ ᠵᠣᠭᠰᠤᠭᠠᠬᠤ ᠶᠢᠨ ᠠᠷᠭ᠎ᠠ ᠦᠭᠡᠢ ᠪᠠᠶᠢᠪᠠᠯ᠂ | ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ ︵ᠥᠮᠴᠢᠯᠡᠯ ᠤᠨ ᠡᠷᠬᠡᠲᠦ ᠬᠥᠮᠥᠨ︶ ᠠᠴᠠ | ᠲᠤᠰᠬᠠᠢ ᠪᠠᠶᠢᠭᠤᠯᠤᠮᠵᠢ ᠳᠤ ᠨᠠᠶᠢᠳᠠᠵᠤ ᠦᠨᠡᠯᠡᠨ ᠲᠣᠭᠲᠠᠭᠠᠯᠭᠠᠬᠤ ︵ᠪᠠᠷᠤᠭᠯᠠᠬᠤ︶᠂ ᠤᠳᠤᠷᠢᠳᠬᠤ ᠳᠤᠭᠤᠶᠢᠯᠠᠩ | ᠠᠴᠠ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠦᠨᠡᠯᠡᠨ ᠲᠣᠭᠲᠠᠭᠠᠭᠰᠠᠨ ︵ᠪᠠᠷᠤᠭᠯᠠᠬᠤ︶ ᠦᠷ᠎ᠡ | ᠳ᠋ᠦᠩ ᠳᠤ ᠬᠢᠨᠠᠨ ᠲᠣᠭᠲᠠᠭᠠᠯᠲᠠ ᠬᠢᠬᠦ ᠶᠢᠨ ᠬᠠᠮᠲᠤ᠂ ᠬᠢᠨᠠᠨ ᠲᠣᠭᠲᠠᠭᠠᠭᠰᠠᠨ ᠦᠷ᠎ᠡ ᠳ᠋ᠦᠩ ᠢ ᠦᠨᠳᠦᠰᠦᠯᠡᠨ | ᠲᠥᠷᠥᠯ ᠵᠦᠢᠯ ᠤᠨ ᠬᠡᠷᠡᠭᠯᠡᠬᠦ ᠶᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ ᠭᠠᠷᠭᠠᠵᠤ ᠥᠭᠭᠦᠨ᠎ᠡ᠃ | ︵ᠳᠣᠯᠤᠭ᠎ᠠ︶ ᠦᠨᠡᠯᠡᠨ ᠲᠣᠭᠲᠠᠭᠠᠬᠤ ︵ᠪᠠᠷᠤᠭᠯᠠᠬᠤ︶ ᠶᠢ ᠥᠷᠨᠢᠭᠦᠯᠵᠦ᠂ ᠲᠤᠰᠬᠠᠢ ᠮᠡᠷᠭᠡᠵᠢᠯᠲᠡᠨ ᠤ ᠦᠨᠡᠯᠡᠨ | ᠲᠣᠭᠲᠠᠭᠠᠬᠤ ᠶᠢ ᠵᠣᠬᠢᠶᠠᠨ ᠪᠠᠶᠢᠭᠤᠯᠬᠤ ᠳᠤ ᠳᠣᠣᠷᠠᠬᠢ ᠱᠠᠭᠠᠷᠳᠠᠯᠭ᠎ᠠ ᠪᠠᠷ ᠶᠠᠪᠤᠭᠳᠠᠭᠤᠯᠬᠤ ᠬᠡᠷᠡᠭᠲᠡᠢ᠃ | 1.ᠲᠥᠷᠥᠯ ᠵᠦᠢᠯ ᠢ ᠦᠨᠡᠯᠡᠨ ᠲᠣᠭᠲᠠᠭᠠᠬᠤ ︵ᠪᠠᠷᠤᠭᠯᠠᠬᠤ︶᠂ ᠦᠨᠡᠯᠡᠨ ᠲᠣᠭᠲᠠᠭᠠᠬᠤ ᠠᠷᠭ᠎ᠠ ᠮᠠᠶ᠋ᠢᠭ ᠢᠶᠠᠷ ᠭᠠᠯ | ᠤᠨᠲᠠᠷᠠᠭᠠᠬᠤ ᠦᠯᠡᠳᠡᠭᠳᠡᠯ ᠠᠰᠠᠭᠤᠳᠠᠯ ᠢ ᠰᠢᠢᠳᠪᠦᠷᠢᠯᠡᠭᠰᠡᠨ ᠪᠠᠶᠢᠪᠠᠯ᠂ ᠡᠷᠬᠡᠪᠰᠢ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭ᠎ᠠ ᠶᠢᠨ ᠭᠤᠣᠯ ᠴᠣᠭᠴᠠ ᠨᠢ ᠨᠠᠶᠢᠳᠠᠵᠤ ᠦᠨᠡᠯᠡᠨ ᠲᠣᠭᠲᠠᠭᠠᠯᠭᠠᠬᠤ ︵ᠪᠠᠷᠤᠭᠯᠠᠬᠤ︶ ᠠᠴᠠ ᠡᠮᠦᠨ᠎ᠡ | ᠲᠥᠷᠥᠯ ᠵᠦᠢᠯ ᠤᠨ ᠪᠠᠷᠢᠯᠭ᠎ᠠ ᠶᠢᠨ ᠠᠵᠢᠯ ᠳᠠᠭᠤᠰᠤᠭᠰᠠᠨ ᠢ ᠰᠢᠯᠭᠠᠨ ᠬᠤᠷᠢᠶᠠᠭᠰᠠᠨ ᠮᠡᠳᠡᠭᠦᠯᠦᠯᠲᠡ ᠶᠢ ᠬᠠᠩᠭᠠᠬᠤ | ᠬᠡᠷᠡᠭᠲᠡᠢ᠃ᠬᠠᠩᠭᠠᠬᠤ ᠶᠢᠨ ᠠᠷᠭ᠎ᠠ ᠦᠭᠡᠢ ᠪᠣᠯ ᠤᠷᠢᠳᠠᠪᠠᠷ ᠬᠤᠯᠪᠣᠭᠳᠠᠯ ᠪᠦᠬᠦᠢ ᠪᠠᠶᠢᠭᠤᠯᠤᠮᠵᠢ ᠳᠤ ᠨᠠᠶᠢᠳᠠᠵᠤ | ᠪᠠᠷᠢᠯᠭ᠎ᠠ ᠶᠢᠨ ᠪᠦᠲᠦᠴᠡ ᠶᠢᠨ ᠠᠶᠤᠯ ᠦᠭᠡᠢ ᠶᠢᠨ ᠨᠠᠶᠢᠳᠠᠪᠤᠷᠢᠲᠤ ᠴᠢᠨᠠᠷ᠂ ᠭᠤᠣᠯ ᠬᠡᠷᠡᠭᠯᠡᠬᠦ ᠴᠢᠳᠠᠮᠵᠢ ᠳᠤ ᠬᠢᠨᠠᠨ | ᠲᠣᠭᠲᠠᠭᠠᠯᠲᠠ ᠬᠢᠯᠭᠡᠵᠦ᠂ ᠬᠢᠨᠠᠨ ᠲᠣᠭᠲᠠᠭᠠᠯᠲᠠ ᠶᠢᠨ ᠮᠡᠳᠡᠭᠦᠯᠦᠯᠲᠡ ᠪᠢᠴᠢᠭᠦᠯᠬᠦ ᠬᠡᠷᠡᠭᠲᠡᠢ᠃ᠬᠢᠨᠠᠨ | ᠲᠣᠭᠲᠠᠭᠠᠯᠲᠠ ᠶᠢᠨ ᠮᠡᠳᠡᠭᠦᠯᠦᠯᠲᠡ ᠳᠤ ︽ᠬᠢᠷᠢ ᠲᠡᠩᠴᠡᠭᠰᠡᠨ︾ ᠭᠡᠵᠦ ᠬᠢᠨᠠᠨ ᠲᠣᠭᠲᠠᠭᠠᠭᠰᠠᠨ ᠪᠠᠶᠢᠪᠠᠯ ᠰᠠᠶ᠋ᠢ | ᠲᠤᠰᠬᠠᠢ ᠪᠠᠶᠢᠭᠤᠯᠤᠮᠵᠢ ᠳᠤ ᠨᠠᠶᠢᠳᠠᠵᠤ ᠭᠠᠯ ᠰᠡᠷᠭᠡᠶᠢᠯᠡᠨ ᠤᠨᠲᠠᠷᠠᠭᠠᠬᠤ ᠠᠶᠤᠯᠭᠦᠢ ᠶᠢᠨ ᠬᠢᠨᠠᠨ ᠲᠣᠭᠲᠠᠭᠠᠯᠲᠠ | ︵ᠵᠢᠱᠢᠯᠲᠡ︶ ᠬᠢᠯᠭᠡᠵᠦ ᠪᠣᠯᠣᠨ᠎ᠠ᠃ | 2.ᠦᠨᠡᠯᠡᠨ ᠲᠣᠭᠲᠠᠭᠠᠬᠤ ︵ᠵᠢᠱᠢᠬᠦ︶ ᠦᠶ᠎ᠡ ᠲᠤ ︽ᠨᠢᠭᠡᠴᠢ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠶᠢ | ᠦᠨᠡᠯᠡᠨ ᠵᠢᠱᠢᠬᠦ ᠪᠠᠷᠢᠮᠵᠢᠶ᠎ᠠ︾ ︵DB15/T1896-2020︶ ᠵᠡᠷᠭᠡ ᠬᠤᠯᠪᠣᠭᠳᠠᠯ ᠪᠦᠬᠦᠢ ᠤᠯᠤᠰ ᠤᠨ | ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠶᠢ ᠦᠨᠳᠦᠰᠦᠯᠡᠨ᠂ ︽ᠥᠪᠥᠷ | ᠮᠣᠩᠭᠤᠯ ᠤᠨᠥᠪᠡᠷᠲᠡᠭᠡᠨ ᠵᠠᠰᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ | ᠤᠨᠲᠠᠷᠠᠭᠠᠬᠤ ᠶᠢ ᠰᠢᠯᠭᠠᠨ ᠠᠪᠬᠤ ᠲᠤᠬᠠᠢ ᠶᠢᠨ ᠲᠠᠯᠠᠪᠠᠢ ᠶᠢᠨ ᠦᠨᠡᠯᠡᠨ ᠲᠣᠭᠲᠠᠭᠠᠬᠤ ᠬᠦᠰᠦᠨᠦᠭᠲᠦ︾ ᠳᠤ | ᠵᠢᠭᠰᠠᠭᠠᠭᠰᠠᠨ ᠦᠨᠡᠯᠡᠨ ᠲᠣᠭᠲᠠᠭᠠᠬᠤ ᠲᠥᠷᠥᠯ ᠵᠦᠢᠯ ᠢᠶᠠᠷ ᠯᠠᠪᠯᠠᠯᠲᠠ ᠪᠣᠯᠭᠠᠵᠤ᠂ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠲᠥᠷᠥᠯ ᠵᠦᠢᠯ ᠤᠨ ᠭᠠᠯ ᠤᠨᠲᠠᠷᠠᠭᠠᠵᠤ ᠪᠠᠶᠢᠭ᠎ᠠ ᠣᠳᠣᠬᠢ ᠪᠠᠶᠢᠳᠠᠯ ᠲᠤ ᠦᠨᠡᠯᠡᠨ ᠲᠣᠭᠲᠠᠭᠠᠬᠤ | ︵ᠵᠢᠱᠢᠬᠦ︶ ᠬᠡᠷᠡᠭᠲᠡᠢ᠃ | 3. ᠨᠠᠶᠢᠳᠠᠵᠤ ᠦᠨᠡᠯᠡᠨ ᠲᠣᠭᠲᠠᠭᠠᠯᠭᠠᠬᠤ ︵ᠪᠠᠷᠤᠭᠯᠠᠬᠤ︶ ᠦᠶ᠎ᠡ ᠳᠤ᠂ ᠤᠤᠯ ᠤᠨ ᠵᠢᠷᠤᠭᠯᠠᠨ ᠲᠥᠯᠥᠪᠯᠡᠭᠰᠡᠨ | ᠨᠢᠭᠡᠴᠡ ︵ᠡᠰᠡᠬᠦᠯ᠎ᠡ ᠤᠤᠯ ᠤᠨ ᠵᠢᠷᠤᠭᠯᠠᠨ ᠲᠥᠯᠥᠪᠯᠡᠭᠰᠡᠨ ᠨᠢᠭᠡᠴᠡ ᠶᠢᠨ ᠬᠢᠷᠢ ᠬᠡᠮ ᠲᠠᠢ ᠠᠳᠠᠯᠢ ᠪᠤᠶᠤ ᠤᠤᠯ | ᠤᠨ ᠵᠢᠷᠤᠭᠯᠠᠨ ᠲᠥᠯᠥᠪᠯᠡᠭᠰᠡᠨ ᠨᠢᠭᠡᠴᠡ ᠶᠢᠨ ᠬᠢᠷᠢ ᠬᠡᠮ ᠠᠴᠠ ᠥᠨᠳᠥᠷ ᠵᠢᠷᠤᠭᠯᠠᠨ ᠲᠥᠯᠥᠪᠯᠡᠭᠰᠡᠨ ᠨᠢᠭᠡᠴᠡ︶᠂ | ᠤᠯᠤᠰ ᠤᠨ ᠲᠡᠰ ᠤᠨ ᠭᠠᠯ ᠤᠨᠲᠠᠷᠠᠭᠠᠬᠤ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ ᠬᠢᠭᠡᠳ ᠭᠠᠯ | ᠤᠨᠲᠠᠷᠠᠭᠠᠬᠤ ᠵᠢᠷᠤᠮᠵᠢᠯ ᠤᠨ ᠣᠷᠣᠨ ᠲᠤᠭ᠎ᠠ ᠳᠤ ᠣᠷᠣᠯᠴᠠᠭᠰᠠᠨ ᠨᠢᠭᠡᠴᠡ᠂ ᠵᠣᠬᠢᠴᠠᠩᠭᠤᠢ ᠲᠤᠰᠬᠠᠢ ᠮᠡᠷᠭᠡᠵᠢᠯ ᠤᠨ | ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ | ᠢᠨᠵᠧᠸ᠋ᠷᠢᠩ ᠤᠨ ᠬᠦᠷᠢᠶᠡᠯᠡᠩ ᠤᠨ ᠠᠺᠠᠳᠧᠮᠢᠴᠢ᠂ ᠪᠥᠬᠦ ᠤᠯᠤᠰ ᠤᠨ ᠬᠠᠶᠢᠨ ᠪᠠᠶᠢᠴᠠᠭᠠᠵᠤ ᠵᠢᠷᠤᠭᠯᠠᠨ | ᠲᠥᠯᠥᠪᠯᠡᠬᠦ ᠶᠡᠭᠡ ᠪᠠᠭᠰᠢ ᠪᠤᠶᠤ ᠭᠠᠯ ᠤᠨᠲᠠᠷᠠᠭᠠᠬᠤ ᠠᠮᠤᠷ ᠲᠦᠪᠰᠢᠨ ᠤ ᠦᠨᠡᠯᠡᠨ ᠵᠢᠱᠢᠬᠦ ᠬᠢᠷᠢ ᠬᠡᠮ ᠲᠠᠢ | ᠪᠠᠶᠢᠭᠤᠯᠤᠮᠵᠢ ᠲᠤ ᠨᠠᠶᠢᠳᠠᠵᠤ ᠬᠢᠯᠭᠡᠬᠦ ᠬᠡᠷᠡᠭᠲᠡᠢ᠃ᠦᠨᠡᠯᠡᠨ ᠲᠣᠭᠲᠠᠭᠠᠬᠤ ︵ᠵᠢᠱᠢᠬᠦ︶ ᠢ ᠪᠡᠶᠡᠯᠡᠭᠦᠯᠦᠭᠰᠡᠨ ᠤ ᠲᠠᠷᠠᠭ᠎ᠠ | ᠦᠨᠡᠯᠡᠨ ᠲᠣᠭᠲᠠᠭᠠᠭᠰᠠᠨ ︵ᠵᠢᠱᠢᠬᠦ︶ ᠮᠡᠳᠡᠭᠦᠯᠦᠯᠲᠡ ᠬᠢᠵᠦ ᠥᠭᠬᠦ ᠬᠡᠷᠡᠭᠲᠡᠢ᠂ ᠦᠷ᠎ᠡ ᠳ᠋ᠦᠩ ᠲᠤᠨᠢ ︽ᠬᠢᠷᠢ | ᠲᠡᠩᠴᠡᠭᠰᠡᠨ︾ ᠪᠤᠶᠤ ︽ᠬᠢᠷᠢ ᠲᠡᠩᠴᠡᠭᠰᠡᠨ︾ ᠢᠢᠡᠷ ᠲᠣᠳᠣᠷᠬᠠᠢ ᠢᠯᠡᠳᠬᠡᠬᠦ ᠬᠡᠷᠡᠭᠲᠡᠢ᠃ | 4. ᠦᠨᠡᠯᠡᠨ ᠲᠣᠭᠲᠠᠭᠠᠬᠤ ︵ᠪᠠᠷᠤᠭᠯᠠᠬᠤ︶ ᠪᠠᠶᠢᠭᠤᠯᠤᠮᠵᠢ ᠠᠴᠠ ︽ᠬᠢᠷᠢ ᠲᠡᠩᠴᠡᠭᠰᠡᠨ︾ ᠰᠠᠨᠠᠯ ᠤᠨ | ᠮᠡᠳᠡᠭᠦᠯᠦᠯᠲᠡ ᠭᠠᠷᠭᠠᠭᠰᠠᠨ ᠤ ᠳᠠᠷᠠᠭ᠎ᠠ᠂ ᠤᠳᠤᠷᠢᠳᠬᠤ ᠳᠤᠭᠤᠶᠢᠯᠠᠩ ᠨᠢ ᠡᠷᠬᠡᠪᠰᠢ 15 ᠡᠳᠦᠷ ᠤᠨ ᠳᠣᠲᠣᠷ᠎ᠠ | ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠢᠨᠠᠨ ᠲᠣᠭᠲᠠᠭᠠᠬᠤ ᠬᠡᠷᠡᠭᠲᠡᠢ᠂ ᠲᠤᠰᠬᠠᠢ ᠮᠡᠷᠭᠡᠵᠢᠯᠲᠡᠨ ᠤ ᠬᠢᠨᠠᠨ | ᠲᠣᠭᠲᠠᠭᠠᠬᠤ ᠠᠵᠢᠯ ᠢ 7 ᠡᠳᠦᠷ ᠤᠨ ᠳᠣᠲᠣᠷ᠎ᠠ ᠪᠡᠶᠡᠯᠡᠭᠦᠯᠬᠦ ᠬᠡᠷᠡᠭᠲᠡᠢ᠃ | 5. ᠤᠳᠤᠷᠢᠳᠬᠤ ᠳᠤᠭᠤᠶᠢᠯᠠᠩ ᠨᠢ ᠬᠢᠨᠠᠨ ᠰᠢᠯᠭᠠᠷᠠᠭᠤᠯᠤᠭᠳᠠᠬᠤ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠬᠡᠪᠴᠢᠶ᠎ᠡ᠂ ᠬᠡᠷᠡᠭᠯᠡᠬᠦ ᠰᠢᠨᠵᠢ ᠴᠢᠨᠠᠷ᠂ ᠭᠠᠯ ᠤᠨ ᠭᠠᠮᠰᠢᠭ ᠤᠨ ᠲᠦᠭᠰᠢᠭᠦᠷᠢ ᠶᠢᠨ ᠲᠠᠰ ᠵᠡᠷᠭᠡ | ᠪᠠᠶᠢᠳᠠᠯ ᠢ ᠦᠨᠳᠦᠰᠦᠯᠡᠨ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠢᠨᠠᠨ ᠰᠢᠯᠭᠠᠷᠠᠭᠤᠯᠤᠨ᠎ᠠ᠃ | 6.ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠬᠤᠷᠠᠯ ᠢ ᠤᠳᠤᠷᠢᠳᠬᠤ ᠳᠤᠭᠤᠶᠢᠯᠠᠩ ᠤᠨ ᠳᠠᠷᠤᠭ᠎ᠠ | ︵ᠴᠢᠬᠤᠯᠠ ᠲᠠᠢ ᠦᠶ᠎ᠡ ᠳᠤ ᠨᠢᠭᠡᠳᠦᠭᠡᠷ ᠳᠡᠳ᠋ ᠳᠤᠭᠤᠶᠢᠯᠠᠩ ᠤᠨ ᠳᠠᠷᠤᠭ᠎ᠠ ᠳᠤ ᠨᠠᠶᠢᠳᠠᠵᠤ ᠡᠷᠬᠢᠯᠡᠭᠦᠯᠵᠦ ᠪᠣᠯᠣᠨ᠎ᠠ︶᠂ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠷᠬᠢᠯᠡᠭᠴᠢ᠂ ᠳᠡᠳ᠋ ᠡᠷᠬᠢᠯᠡᠭᠴᠢ᠂ ᠬᠤᠯᠪᠣᠭᠳᠠᠯ ᠪᠦᠬᠦᠢ | ᠠᠵᠢᠯᠲᠠᠨ᠂ ᠲᠥᠷᠥᠯ ᠵᠦᠢᠯ ᠤᠨ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ︵ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠡ︶᠂ ᠮᠡᠷᠭᠡᠵᠢᠯ ᠤᠨ | ᠪᠠᠶᠢᠭᠤᠯᠤᠮᠵᠢ ᠶᠢᠨ ᠬᠠᠷᠢᠭᠤᠴᠠᠯᠭᠠᠲᠠᠨ ᠵᠢᠴᠢ ᠬᠤᠯᠪᠣᠭᠳᠠᠯ ᠪᠦᠬᠦᠢ ᠬᠥᠮᠥᠰ᠂ ᠴᠡᠭᠴᠡᠯᠡᠨ ᠰᠠᠶᠢᠵᠢᠷᠠᠭᠤᠯᠬᠤ | ᠬᠠᠷᠢᠭᠤᠴᠠᠯᠭ᠎ᠠ ᠶᠢᠨ ᠨᠢᠭᠡᠴᠡ ᠶᠢᠨ ᠬᠠᠷᠢᠭᠤᠴᠠᠯᠭᠠᠲᠠᠨ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ᠂ | ᠬᠤᠷᠠᠯ ᠤᠨ ᠲᠡᠮᠳᠡᠭᠯᠡᠭᠴᠢ ᠵᠡᠷᠭᠡ ᠲᠤᠰᠬᠠᠢ ᠠᠵᠢᠯᠲᠠᠨ ᠣᠷᠣᠯᠴᠠᠨ᠎ᠠ᠃ ᠬᠢᠨᠠᠨ ᠲᠣᠭᠲᠠᠭᠠᠬᠤ ᠬᠡᠷᠡᠭᠴᠡᠭᠡ ᠶᠢ | ᠦᠨᠳᠦᠰᠦᠯᠡᠨ᠂ ᠮᠡᠷᠭᠡᠵᠢᠯ ᠢᠢᠡᠷ ᠪᠤᠳᠤᠯᠢᠶᠠᠨᠲᠠᠢ᠂ ᠲᠤᠰᠬᠠᠢ ᠮᠡᠷᠭᠡᠵᠢᠯ ᠤᠨ ᠴᠢᠨᠠᠷ ᠢᠢᠡᠷ ᠴᠢᠩᠭ᠎ᠠ ᠪᠤᠶᠤ ᠤᠯᠤᠰ ᠤᠨ | ᠣᠨᠴᠣᠭᠤᠢ ᠱᠠᠭᠠᠷᠳᠠᠯᠭ᠎ᠠ ᠲᠠᠢ ᠭᠠᠯ ᠤᠨᠲᠠᠷᠠᠭᠠᠬᠤ ᠦᠯᠡᠳᠡᠭᠳᠡᠯ ᠲᠥᠷᠥᠯ ᠵᠦᠢᠯ ᠲᠤ ᠪᠣᠯ ᠤᠯᠤᠰ ᠤᠨ ᠲᠡᠰ ᠤᠨ | ᠭᠠᠯ ᠤᠨᠲᠠᠷᠠᠭᠠᠬᠤ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠭᠤᠯᠤᠮᠵᠢ᠂ ᠭᠠᠯ ᠤᠨᠲᠠᠷᠠᠭᠠᠬᠤ ᠵᠢᠷᠤᠮᠵᠢᠯ ᠤᠨ | ᠣᠷᠣᠨ ᠲᠤᠭ᠎ᠠ ᠳᠤ ᠣᠷᠣᠯᠴᠠᠭᠰᠠᠨ ᠨᠢᠭᠡᠴᠡ᠂ ᠵᠣᠬᠢᠴᠠᠩᠭᠤᠢ ᠲᠤᠰᠬᠠᠢ ᠮᠡᠷᠭᠡᠵᠢᠯ ᠤᠨ ᠳᠤᠮᠳᠠᠳᠤ ᠤᠯᠤᠰ | ᠦᠨᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠳᠤᠮᠳᠠᠳᠤ ᠤᠯᠤᠰ ᠤᠨ ᠢᠨᠵᠧᠸ᠋ᠷᠢᠩ ᠤᠨ | ᠬᠦᠷᠢᠶᠡᠯᠡᠩ ᠤᠨ ᠠᠺᠠᠳᠧᠮᠢᠴᠢ᠂ ᠪᠥᠬᠦ ᠤᠯᠤᠰ ᠤᠨ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ ᠠᠺᠠᠳᠧᠮᠢᠴᠢ ᠶᠢ | ᠰᠢᠭᠤᠳ ᠤᠷᠢᠵᠤ ᠬᠢᠨᠠᠨ ᠲᠣᠭᠲᠠᠭᠠᠬᠤ ᠲᠤ ᠣᠷᠣᠯᠴᠠᠭᠤᠯᠵᠤ ᠪᠣᠯᠣᠨ᠎ᠠ᠃ | 7. ᠤᠳᠤᠷᠢᠳᠬᠤ ᠳᠤᠭᠤᠶᠢᠯᠠᠩ ᠨᠢ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠭᠰᠠᠨ ᠦᠷ᠎ᠡ ᠳ᠋ᠦᠩ ᠢ | ᠦᠨᠳᠦᠰᠦᠯᠡᠨ᠂ ᠪᠤᠰᠤᠳ ᠴᠢᠩᠭᠠᠳᠬᠠᠬᠤ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ ᠭᠠᠯ ᠤᠨᠲᠠᠷᠠᠭᠠᠬᠤ ᠠᠮᠤᠷ | ᠲᠦᠪᠰᠢᠨ ᠤ ᠱᠠᠭᠠᠷᠳᠠᠯᠭ᠎ᠠ ᠶᠢ ᠬᠠᠩᠭᠠᠭᠰᠠᠨ ᠤ ᠳᠠᠷᠠᠭ᠎ᠠ᠂ ᠤᠳᠤᠷᠢᠳᠬᠤ ᠳᠤᠭᠤᠶᠢᠯᠠᠩ ᠪᠤᠶᠤ ᠳ᠋ᠦᠩ ᠾᠧ | ᠲᠣᠭᠤᠷᠢᠭ ᠤᠨ ᠵᠠᠰᠠᠭ ᠤᠨ ᠣᠷᠳᠣᠨ ᠠᠴᠠ ᠲᠥᠷᠥᠯ ᠵᠦᠢᠯ ᠤᠨ ᠬᠡᠷᠡᠭᠯᠡᠬᠦ ᠶᠢ ᠵᠥᠪᠰᠢᠶᠡᠷᠡᠭᠰᠡᠨ ᠪᠢᠴᠢᠭ | ᠮᠠᠲ᠋ᠧᠷᠢᠶᠠᠯ ᠢ ᠭᠠᠷᠭᠠᠵᠤ ᠥᠭᠭᠦᠨ᠎ᠡ᠃ | ︵ᠨᠠᠢᠮᠠ︶ ᠪᠠᠶᠢᠭᠤᠯᠤᠮᠵᠢ ᠠᠴᠠ ᠦᠨᠡᠯᠡᠨ ᠲᠣᠭᠲᠠᠭᠠᠬᠤ ︵ᠵᠢᠱᠢᠬᠦ︶᠂ ᠲᠤᠰᠬᠠᠢ ᠮᠡᠷᠭᠡᠵᠢᠯᠲᠡᠨ ᠠᠴᠠ ᠦᠨᠡᠯᠡᠨ | ᠲᠣᠭᠲᠠᠭᠠᠬᠤ ᠠᠷᠭ᠎ᠠ ᠮᠢᠭ ᠠᠪᠴᠤ ᠭᠠᠯ ᠤᠨᠲᠠᠷᠠᠭᠠᠬᠤ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ | ᠰᠢᠢᠳᠪᠦᠷᠢᠯᠡᠬᠦ ᠲᠤ᠂ ᠳᠣᠣᠷᠠᠬᠢ ᠴᠤᠪᠤᠷᠠᠯ ᠢ ᠴᠢᠩᠭ᠎ᠠ ᠵᠢᠷᠤᠮᠯᠠᠨ ᠭᠦᠢᠴᠡᠳᠬᠡᠬᠦ ᠬᠡᠷᠡᠭᠲᠡ᠊ ᠢ᠄ | ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠰᠠᠨᠠᠯ ᠢ ᠵᠠᠬᠢᠳᠠᠯ ᠢᠶᠠᠷ ᠠᠰᠠᠭᠤᠬᠤ - ᠪᠠᠷᠢᠯᠭ᠎ᠠ ᠶᠢᠨ | ᠠᠵᠢᠯ ᠤᠨ ᠶᠠᠰᠤ ᠴᠢᠨᠠᠷ ᠢ ᠬᠢᠨᠠᠨ ᠲᠣᠭᠲᠠᠭᠠᠬᠤ - ᠨᠠᠶᠢᠳᠠᠵᠤ ᠬᠢᠨᠠᠨ ᠲᠣᠭᠲᠠᠭᠠᠯᠭᠠᠬᠤ ︵ᠵᠢᠱᠢᠬᠦ︶ - ᠲᠤᠰᠬᠠᠢ | ᠮᠡᠷᠭᠡᠵᠢᠯᠲᠡᠨ ᠢ ᠵᠣᠬᠢᠶᠠᠨ ᠪᠠᠶᠢᠭᠤᠯᠵᠤ ᠬᠢᠨᠠᠨ ᠲᠣᠭᠲᠠᠭᠠᠯᠭᠠᠬᠤ - ᠬᠡᠷᠡᠭᠯᠡᠬᠦ ᠰᠠᠨᠠᠯ ᠢ ᠭᠠᠷᠭᠠᠨ᠎ᠠ᠃ | ᠨᠠᠢᠮᠠ᠂ ᠠᠵᠢᠯ ᠤᠨ ᠱᠠᠭᠠᠷᠳᠠᠯᠭ᠎ᠠ | ︵ᠨᠢᠭᠡ︶ ᠤᠳᠤᠷᠢᠳᠬᠤ ᠳᠤᠭᠤᠶᠢᠯᠠᠩ ᠠᠴᠠ ᠭᠠᠯ ᠤᠨᠲᠠᠷᠠᠭᠠᠬᠤ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ | ᠰᠢᠢᠳᠪᠦᠷᠢᠯᠡᠬᠦ ᠲᠤᠰᠬᠠᠢ ᠵᠦᠢᠯ ᠢᠢᠡᠷ ᠴᠡᠭᠴᠡᠯᠡᠨ ᠵᠠᠰᠠᠬᠤ ᠲᠤ ᠬᠠᠷᠢᠭᠤᠴᠠᠯᠭ᠎ᠠ ᠶᠢᠨ ᠭᠤᠣᠯ ᠴᠣᠭᠴᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠴᠡᠭᠴᠡᠯᠡᠨ ᠵᠠᠰᠠᠬᠤ | ᠲᠥᠰᠥᠯ ᠤᠨ ᠲᠣᠭᠲᠠᠭᠠᠯ ᠢ ᠦᠨᠳᠦᠰᠦᠯᠡᠨ᠂ ᠬᠠᠷᠢᠶᠠᠲᠤ ᠣᠷᠣᠨ ᠤ ᠳᠣᠲᠣᠷᠠᠬᠢ ᠭᠠᠯ ᠤᠨᠲᠠᠷᠠᠭᠠᠬᠤ ᠦᠯᠡᠳᠡᠭᠳᠡᠯ | ᠲᠥᠷᠥᠯ ᠵᠦᠢᠯ ᠤᠨ ᠪᠠᠶᠢᠳᠠᠯ ᠢ ᠣᠶᠢᠯᠠᠭᠠᠨ ᠪᠦᠷᠢᠳᠬᠡᠬᠦ᠂ ᠡᠮᠬᠢᠯᠡᠨ ᠬᠤᠷᠢᠶᠠᠩᠭᠤᠶᠢᠯᠠᠬᠤ᠂ ᠦᠨᠡᠯᠡᠨ ᠲᠣᠭᠲᠠᠭᠠᠬᠤ | ︵ᠪᠠᠷᠤᠭᠯᠠᠬᠤ︶ ᠶᠢ ᠠᠬᠢᠭᠤᠯᠬᠤ᠂ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠬᠤ᠂ | ᠬᠡᠷᠡᠭᠯᠡᠬᠦ ᠶᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ ᠭᠠᠷᠭᠠᠵᠤ ᠥᠭᠬᠦ ᠵᠡᠷᠭᠡ ᠠᠵᠢᠯ ᠢ ᠬᠠᠷᠢᠭᠤᠴᠠᠨ᠎ᠠ᠃ | ︵ᠬᠤᠶᠠᠷ︶ ᠬᠠᠮᠢᠶ᠎ᠠ ᠪᠦᠬᠦᠢ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠣᠳ ᠭᠠᠯ | ᠤᠨᠲᠠᠷᠠᠭᠠᠬᠤ ᠶᠢᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ ᠲᠤᠰᠬᠠᠢ ᠵᠦᠢᠯ ᠢᠶᠠᠷ ᠴᠡᠭᠴᠡᠯᠡᠨ | ᠵᠠᠰᠠᠬᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠬᠠᠷᠢᠭᠤᠴᠠᠯᠭ᠎ᠠ ᠶᠢᠨ ᠭᠤᠣᠯ ᠴᠣᠭᠴᠠ ᠪᠣᠯᠣᠨ᠎ᠠ᠃︽ᠠᠵᠢᠯ | ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ | ᠡᠷᠬᠡᠪᠰᠢ ᠠᠮᠤᠷ ᠲᠦᠪᠰᠢᠨ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ | ᠲᠦᠪᠰᠢᠨ ᠢ ᠬᠠᠮᠢᠶᠠᠷᠬᠤ︾ ᠱᠠᠭᠠᠷᠳᠠᠯᠭ᠎ᠠ ᠶᠣᠰᠣᠭᠠᠷ᠂ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ | ᠲᠣᠰ ᠠᠵᠢᠯ ᠲᠥᠷᠥᠯ᠂ ᠲᠣᠰ ᠰᠢᠰᠲ᠋ᠧᠮ ᠤᠨ ᠢᠶᠠᠨ ᠭᠠᠯ ᠤᠨᠲᠠᠷᠠᠭᠠᠬᠤ ᠦᠯᠡᠳᠡᠭᠳᠡᠯ ᠲᠥᠷᠥᠯ ᠵᠦᠢᠯ ᠢ | ᠢᠯᠭᠠᠷᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠲᠣᠰ ᠠᠵᠢᠯ ᠲᠥᠷᠥᠯ ᠤᠨ ᠢᠶᠠᠨ ᠭᠠᠯ ᠤᠨᠲᠠᠷᠠᠭᠠᠬᠤ | ᠦᠯᠡᠳᠡᠭᠳᠡᠯ ᠲᠥᠷᠥᠯ ᠵᠦᠢᠯ ᠤᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢᠨ ᠭᠤᠣᠯ ᠴᠣᠭᠴᠠ ᠶᠢᠨ | ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠮᠳᠠᠭᠤᠯᠤᠨ ᠵᠢᠯᠣᠭᠤᠳᠤᠨ᠎ᠠ᠃ | ︵ᠭᠤᠷᠪᠠ︶ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢ ᠬᠢᠨᠠᠨ | ᠪᠠᠶᠢᠴᠠᠭᠠᠵᠤ ᠰᠢᠯᠭᠠᠨ ᠠᠪᠬᠤ ᠲᠤ ᠦᠯᠡᠳᠡᠭᠡᠭᠰᠡᠨ ᠲᠥᠷᠥᠯ ᠵᠦᠢᠯ ᠤᠨ ᠬᠤᠯᠪᠣᠭᠳᠠᠬᠤ ᠬᠡᠪᠴᠢᠶ᠎ᠡ ᠨᠢ ᠥᠷᠭᠡᠨ᠂ | ᠠᠵᠢᠯ ᠤᠨ ᠬᠡᠮᠵᠢᠶ᠎ᠡ ᠨᠢ ᠶᠡᠭᠡ᠂ ᠠᠰᠠᠭᠤᠳᠠᠯ ᠨᠢ ᠪᠤᠳᠤᠯᠢᠶᠠᠨᠲᠠᠢ᠃ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠨᠢᠭᠡᠳᠬᠡᠵᠦ᠂ | ᠲᠠᠨᠢᠯᠲᠠ ᠪᠠᠨ ᠳᠡᠭᠡᠭᠰᠢᠯᠡᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠬᠠᠮᠠᠭᠠᠯᠠᠬᠤ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠠᠬᠢᠭᠤᠯᠬᠤ ᠶᠡᠭᠡ ᠲᠠᠯ᠎ᠠ ᠶᠢᠨ ᠥᠨᠳᠥᠷᠴᠡ ᠠᠴᠠ | ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ | ᠢᠳᠡᠪᠬᠢᠲᠡᠢ ᠡᠭᠦᠷᠭᠡᠯᠡᠵᠦ᠂ ᠨᠢᠭᠲᠠ ᠬᠠᠮᠵᠢᠯᠴᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ | ︵ᠳᠥᠷᠪᠡ︶ ᠤᠳᠤᠷᠢᠳᠬᠤ ᠳᠤᠭᠤᠶᠢᠯᠠᠩ ᠨᠢ ᠭᠠᠯ ᠤᠨᠲᠠᠷᠠᠭᠠᠬᠤ ᠦᠯᠡᠳᠡᠭᠳᠡᠯ ᠲᠥᠷᠥᠯ ᠵᠦᠢᠯ ᠤᠨ ᠲᠤᠭ᠎ᠠ | ᠬᠡᠮᠵᠢᠶ᠎ᠡ᠂ ᠬᠥᠮᠥᠨ ᠤ ᠬᠦᠴᠦᠨ ᠵᠡᠷᠭᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠷᠢᠭᠤᠴᠠᠯᠭ᠎ᠠ ᠶᠢᠨ | ᠠᠵᠢᠯ ᠣᠨ ᠬᠤᠪᠢᠶᠠᠷᠢᠯᠠᠯ ᠢ ᠨᠠᠷᠢᠯᠢᠭᠵᠢᠭᠤᠯᠤᠨ᠂ ᠰᠢᠢᠳᠪᠦᠷᠢᠯᠡᠬᠦ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ | ᠵᠢᠭᠰᠠᠭᠠᠵᠤ᠂ ᠭᠠᠯ ᠤᠨᠲᠠᠷᠠᠭᠠᠬᠤ ᠲᠥᠷᠥᠯ ᠵᠦᠢᠯ ᠤᠨ ᠭᠠᠷᠳᠠᠮ ᠢ ᠲᠦᠷᠭᠡᠳᠬᠡᠨ ᠭᠦᠢᠴᠡᠳᠬᠡᠵᠦ᠂ ᠪᠦᠲᠦᠭᠡᠨ | ᠪᠠᠶᠢᠭᠤᠯᠬᠤ ᠨᠢᠭᠡᠴᠡ ᠶᠢᠨ ᠲᠡᠷᠢᠭᠦᠨ ᠴᠢᠬᠤᠯᠠ ᠬᠠᠷᠢᠭᠤᠴᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠵᠢᠷᠤᠭ ᠲᠥᠯᠥᠪᠯᠡᠭᠡ ᠶᠢᠨ ᠵᠢᠷᠤᠭ ᠲᠥᠯᠥᠪᠯᠡᠭᠡ ᠶᠢᠨ | ᠮᠡᠷᠭᠡᠵᠢᠯ ᠤᠨ ᠬᠢᠨᠠᠨ ᠪᠠᠶᠢᠴᠠᠭᠠᠯᠲᠠ᠂ ᠭᠠᠯ ᠤᠨᠲᠠᠷᠠᠭᠠᠬᠤ ᠪᠡᠯᠡᠳᠬᠡᠮᠵᠢ ᠶᠢ ᠪᠠᠶᠢᠴᠠᠭᠠᠨ ᠬᠡᠮᠵᠢᠬᠦ᠂ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠭᠠᠯ ᠤᠨᠲᠠᠷᠠᠭᠠᠬᠤ ᠶᠢ ᠰᠢᠯᠭᠠᠨ ᠠᠪᠴᠤ ᠦᠨᠡᠯᠡᠨ ᠲᠣᠭᠲᠠᠭᠠᠬᠤ᠂ ᠭᠠᠯ | ᠤᠨᠲᠠᠷᠠᠭᠠᠬᠤ ᠶᠢ ᠦᠨᠡᠯᠡᠨ ᠵᠢᠱᠢᠬᠦ ᠵᠡᠷᠭᠡ ᠦᠢᠯᠡᠴᠢᠯᠡᠭᠡᠨ ᠬᠠᠩᠭᠠᠬᠤ ᠮᠡᠷᠭᠡᠵᠢᠯᠣᠨ ᠦᠢᠯᠡᠴᠢᠯᠡᠭᠡᠨ ᠤ | ᠪᠠᠶᠢᠭᠤᠯᠤᠮᠵᠢ ᠨᠤᠭᠤᠳ ᠭᠠᠷᠭᠠᠭᠰᠠᠨ ᠰᠠᠨᠠᠯ ᠪᠤᠶᠤ ᠮᠡᠳᠡᠭᠦᠯᠦᠯᠲᠡ ᠲᠠᠭᠠᠨ ᠬᠠᠷᠢᠭᠤᠴᠠᠬᠤ ᠶᠢᠨ ᠬᠠᠮᠲᠤ ᠠᠮᠠᠯᠠᠯᠲᠠ | ᠬᠢᠬᠦ ᠬᠡᠷᠡᠭᠲᠡᠢ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ ᠭᠠᠯ ᠤᠨᠲᠠᠷᠠᠭᠠᠬᠤ ᠠᠵᠢᠯ ᠤᠨ ᠬᠡᠷᠡᠭᠵᠢᠭᠦᠯᠬᠦ ᠲᠥᠰᠥᠯ ᠤᠨ ᠲᠤᠬᠠᠢ | ᠲᠥᠷᠥ ᠶᠢᠨ ᠪᠣᠳᠣᠯᠭ᠎ᠠ ᠶᠢᠨ ᠲᠠᠶᠢᠯᠤᠮᠵᠢ 1.10. Docx | | | |