ᠬᠤᠲᠣᠩᠴᠤᠳ ᠤᠨ ᠵᠡᠭᠡᠯᠢ ᠭᠤᠳᠤᠮᠵᠢ ᠶᠢᠨ ᠰᠠᠨ ᠭᠤᠸᠠᠨ ᠮᠢᠶᠣᠣ ᠨᠡᠶᠢᠭᠡᠮ ᠲᠣᠭᠤᠷᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠭᠤᠶᠣ ᠰᠠᠶᠢᠨ ᠳᠤᠷ᠎ᠠ ᠶᠢᠨ ᠠᠵᠢᠯᠯᠠᠭᠴᠢ ᠳᠤ ᠦᠨᠡᠮᠯᠡᠯ ᠣᠯᠭᠤᠪᠠ
ᠨᠡᠶᠢᠲᠡᠯᠡᠭᠰᠡᠨ ᠴᠠᠭ᠄
2022/3/25
     1 ᠰᠠᠷ᠎ᠠ ᠶᠢᠨ 27 ᠤ ᠡᠳᠦᠷ᠂ ᠰᠠᠨ ᠭᠤᠸᠠᠨ ᠮᠢᠶᠣᠣ ᠨᠡᠶᠢᠭᠡᠮ ᠲᠣᠭᠤᠷᠢᠭ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠹᠷᠣᠨᠲ ᠢ ᠢᠮᠠᠭᠲᠠ ᠪᠠᠲᠤ ᠰᠠᠬᠢᠵᠤ ᠪᠠᠶᠢᠭ᠎ᠠ ᠨᠠᠮ ᠤᠨ ᠭᠡᠰᠢᠭᠦᠨ᠂ ᠰᠠᠭᠤᠭᠠᠯᠢ ᠠᠷᠠᠳ ᠤᠨ ᠰᠠᠶᠢᠨ ᠳᠤᠷ᠎ᠠ ᠶᠢᠨ ᠠᠵᠢᠯᠯᠠᠭᠴᠢ ᠶᠢ ᠬᠥᠬᠢᠭᠦᠯᠦᠨ ᠰᠠᠶᠢᠰᠢᠶᠠᠵᠤ᠂ ᠲᠡᠳᠡᠨ ᠳᠤ ᠰᠠᠶᠢᠨ ᠳᠤᠷ᠎ᠠ ᠶᠢᠨ ᠦᠢᠯᠡᠴᠢᠯᠡᠭᠡᠨ ᠤ ᠢᠷᠠᠭᠤ ᠠᠯᠳᠠᠷ ᠤᠨ ᠦᠨᠡᠮᠯᠡᠯ ᠣᠯᠭᠤᠵᠤ᠂ ᠲᠡᠳᠡᠨ ᠳᠤ ᠲᠠᠯᠠᠷᠬᠠᠯ ᠪᠠ ᠬᠦᠨᠳᠦᠳᠬᠡᠯ ᠢᠶᠠᠨ ᠢᠯᠡᠳᠬᠡᠵᠡᠢ᠃      ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠰᠠᠨ ᠭᠤᠸᠠᠨ ᠮᠢᠶᠣᠣ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ᠂ ᠰᠠᠭᠤᠭᠠᠯᠢ ᠠᠷᠠᠳ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢ ᠶᠢ ᠡᠯᠰᠡᠬᠦ ᠵᠠᠷᠯᠢᠭ ᠢ ᠢᠳᠡᠪᠬᠢᠲᠡᠢ ᠳᠠᠭᠠᠵᠤ᠂ ᠵᠠᠯᠭᠠᠭ᠎ᠠ ᠪᠠᠷ ᠰᠠᠨᠠᠭᠠᠴᠢᠯᠠᠭ᠎ᠠ ᠠᠴᠠ ᠪᠠᠨ 50 ᠬᠥᠮᠥᠨ ᠤ ᠬᠢᠵᠢᠭ ᠤᠨ ᠪᠠᠶᠢᠳᠠᠯ ᠢ ᠡᠰᠡᠷᠭᠦᠴᠡᠬᠦ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠡᠩᠨᠡᠭᠡ ᠶᠢ ᠦᠳᠲᠡᠷ ᠲᠦᠷᠭᠡᠨ ᠵᠣᠬᠢᠶᠠᠨ ᠪᠠᠶᠢᠭᠤᠯᠵᠤ᠂ ᠬᠢᠵᠢᠭ ᠤᠨ ᠪᠠᠶᠢᠳᠠᠯ ᠤᠨ ᠪᠦᠬᠦ ᠬᠥᠮᠥᠰ ᠤᠨ ᠴᠥᠮ᠎ᠡ ᠶᠢᠨ ᠬᠦᠴᠢᠯ ᠢ ᠰᠢᠯᠭᠠᠨ ᠪᠠᠶᠢᠴᠠᠭᠠᠵᠤ ᠳᠠᠩᠰᠠᠯᠠᠬᠤ᠂ ᠪᠡᠶ᠎ᠡ ᠶᠢᠨ ᠳᠤᠯᠠᠭᠠᠨ ᠢ ᠬᠡᠮᠵᠢᠬᠦ᠂ ᠪᠣᠯᠪᠠᠰᠤᠨ ᠢᠶᠠᠷ ᠪᠤᠴᠠᠭᠠᠬᠤ ᠶᠢ ᠢᠳᠬᠠᠬᠤ᠂ ᠡᠷᠦᠬᠡ ᠳᠤ ᠣᠷᠣᠵᠤ ᠪᠠᠶᠢᠴᠠᠭᠠᠨ ᠭᠠᠳᠠᠭᠰᠢᠯᠠᠭᠤᠯᠬᠤ᠂ ᠲᠣᠷᠭᠤᠭᠤᠯᠢ ᠶᠢᠨ ᠴᠡᠭ ᠢ ᠰᠠᠬᠢᠨ ᠬᠠᠮᠠᠭᠠᠯᠠᠬᠤ ᠵᠡᠷᠭᠡ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠢᠳᠡᠪᠬᠢᠲᠡᠢ ᠣᠷᠣᠯᠴᠠᠵᠤ᠂ ᠬᠠᠶᠢᠷ᠎ᠠ ᠬᠠᠯᠠᠮᠵᠢ ᠪᠠ ᠲᠡᠰᠪᠦᠷᠢ ᠲᠡᠪᠴᠢᠶᠡᠷᠢ ᠲᠠᠢ ᠪᠠᠷ ᠰᠠᠭᠤᠭᠠᠯᠢ ᠠᠷᠠᠳ ᠤᠨ ᠡᠷᠡᠭᠦᠯ ᠮᠡᠨᠳᠤ ᠶᠢᠨ ᠠᠮᠤᠷ ᠲᠦᠪᠰᠢᠨ ᠢ ᠬᠠᠮᠠᠭᠠᠯᠠᠬᠤ ︽ᠬᠠᠮᠠᠭᠠᠯᠠᠯᠲᠠ ᠶᠢᠨ ᠲᠣᠣᠷ︾  ᠢ ᠪᠠᠶᠢᠭᠤᠯᠵᠤ᠂ ᠬᠠᠷᠢᠭᠤᠴᠠᠯᠭ᠎ᠠ ᠪᠠ ᠡᠭᠦᠷᠭᠡᠯᠡᠯ ᠢᠶᠠᠷ ᠢᠶᠠᠨ ᠰᠡᠬᠦᠶᠢᠨ ᠰᠦᠨᠳᠡᠷᠯᠡᠭᠰᠡᠨ︽ᠬᠢᠵᠢᠭ ᠢ ᠰᠡᠷᠭᠡᠶᠢᠯᠡᠬᠦ ᠬᠡᠷᠡᠮ︾  ᠢ ᠪᠣᠰᠬᠠᠪᠠ᠂ ᠳᠡᠳᠡ ᠰᠥᠷᠴᠦ ᠤᠷᠤᠭᠰᠢᠯᠠᠨ᠂ ᠬᠠᠷᠠᠮ ᠦᠭᠡᠢ ᠵᠢᠳᠬᠦᠵᠦ᠂ ᠡᠭᠡᠯ ᠵᠢᠷ ᠤᠨ ᠬᠦᠴᠦᠨ ᠢᠶᠠᠷ ᠬᠢᠵᠢᠭ ᠢ ᠡᠰᠡᠷᠭᠦᠴᠡᠬᠦ ᠳᠤᠯᠠᠭᠠᠨ ᠤᠷᠤᠰᠬᠠᠯ ᠪᠣᠯᠭᠠᠵᠤ᠂ ᠬᠢᠵᠢᠭ ᠢ ᠡᠰᠡᠷᠭᠦᠴᠡᠬᠦ ᠠᠵᠢᠯᠯᠠᠭ᠎ᠠ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠡᠢ᠃      ︽ᠡᠯᠰᠡᠬᠦ ᠵᠠᠷᠯᠢᠭ ᠪᠣᠯ ᠳᠠᠷᠤᠢ ᠴᠤᠭᠯᠠᠷᠠᠯ ᠤᠨ ᠪᠦᠷᠢᠶ᠎ᠡ ᠮᠥᠨ᠂ ᠨᠠᠮ ᠤᠨ ᠭᠡᠰᠢᠭᠦᠨ ᠡᠷᠬᠡᠪᠰᠢ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠬᠦᠴᠢᠷ ᠪᠡᠷᠬᠡᠰᠢᠶᠡᠯ ᠢ ᠰᠥᠷᠦᠨ ᠤᠷᠤᠭᠰᠢᠯᠠᠵᠤ᠂ ᠡᠮᠦᠨ᠎ᠡ ᠹᠷᠣᠨᠲ ᠲᠤ ᠭᠠᠪᠰᠢᠭᠠᠶᠢᠯᠠᠨ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠵᠤ᠂ ᠠᠷᠠᠳ ᠲᠦᠮᠡᠨ ᠪᠠ ᠭᠡᠷ ᠣᠷᠣᠨ ᠢᠶᠠᠨ ᠬᠠᠮᠠᠭᠠᠯᠠᠬᠤ ᠬᠡᠷᠡᠭᠲᠡᠢ︾᠃ ᠡᠨᠡᠬᠦ ᠰᠠᠶᠢᠨ ᠳᠤᠷ᠎ᠠ ᠶᠢᠨ ᠠᠵᠢᠯᠯᠠᠭᠴᠢ ᠶᠢᠨ ᠢᠷᠠᠭᠤ ᠠᠯᠳᠠᠷ ᠤᠨ ᠦᠨᠡᠮᠯᠡᠯ ᠢ ᠪᠢᠳᠡ ᠨᠠᠰᠤ ᠪᠠᠷ ᠢᠶᠠᠨ ᠨᠠᠨᠳᠢᠩᠨᠠᠨ ᠬᠠᠳᠠᠭᠠᠯᠠᠨ᠎ᠠ᠂ ᠵᠣᠬᠢᠶᠠᠨ ᠪᠠᠶᠢᠭᠤᠯᠤᠯᠲᠠ ᠶᠢᠨ ᠵᠣᠷᠢᠭᠵᠢᠭᠤᠯᠤᠯ ᠳᠤ ᠲᠠᠯᠠᠷᠬᠠᠵᠤ ᠪᠠᠶᠢᠨ᠎ᠠ᠂ ᠪᠢ ᠦᠷᠭᠦᠯᠵᠢᠯᠡᠨ ᠦᠯᠡᠳᠡᠪᠦᠷᠢ ᠢᠯᠴᠢ ᠪᠠᠨ ᠪᠠᠳᠠᠷᠠᠭᠤᠯᠵᠤ᠂ ᠨᠠᠮ ᠤᠨ ᠵᠣᠷᠢᠯᠲᠠ ᠶᠢ ᠦᠢᠯᠡᠳᠦᠯᠭᠡᠵᠢᠭᠦᠯᠵᠦ᠂ ᠨᠠᠮ ᠤᠨ ᠭᠡᠰᠢᠭᠦᠨ ᠤ ᠡᠭᠦᠷᠭᠡ ᠶᠢ ᠭᠦᠢᠴᠡᠳᠬᠡᠨ᠎ᠡ︾ᠭᠡᠵᠦ ᠲᠤᠬᠠᠢ ᠶᠢᠨ ᠲᠠᠯᠠᠪᠤᠷ ᠲᠤ ᠢᠷᠡᠭᠰᠡᠨ ᠨᠠᠮ ᠤᠨ ᠭᠡᠰᠢᠭᠦᠨ ᠪᠣᠯᠣᠨ ᠰᠠᠭᠤᠭᠠᠯᠢ ᠠᠷᠠᠳ ᠤᠨ ᠰᠠᠶᠢᠨ ᠳᠤᠷ᠎ᠠ ᠶᠢᠨ ᠠᠵᠢᠯᠯᠠᠭᠰᠠᠳ ᠢᠷᠠᠭᠤ ᠠᠯᠳᠠᠷ ᠤᠨ ᠦᠨᠡᠮᠯᠡᠯ ᠢ ᠡᠷᠭᠦᠨ ᠰᠡᠳᠬᠢᠯ ᠳᠣᠭᠳᠣᠯᠤᠨ ᠬᠡᠯᠡᠨ᠎ᠡ᠃
 
ᠢᠷᠡᠯᠲᠡ᠄ ᠳ᠋ᠦᠩ ᠾᠧ ᠲᠣᠭᠤᠷᠢᠭ ᠤᠨ ᠬᠤᠲᠣᠩ ᠦᠨᠳᠦᠰᠦᠲᠡᠨ ᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1