ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠣᠣ ᠾᠦᠢ ᠵᠢᠶᠧ ᠤᠷᠢᠯᠭ᠎ᠠ ᠪᠠᠷ ᠾᠧ ᠳ᠋ᠦᠩ ᠪᠠᠯᠭᠠᠰᠤᠨ ᠳᠤ ᠬᠦᠷᠴᠦ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ  ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2022/3/25
     ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ᠶᠢ ᠴᠢᠨᠠᠭᠰᠢᠳᠠ ᠠᠬᠢᠭᠤᠯᠵᠤ᠂ ᠦᠨᠳᠦᠰᠦᠨ ᠱᠠᠲᠤᠨ ᠤ ᠵᠠᠰᠠᠯᠲᠠ ᠬᠥᠭᠵᠢᠯᠲᠡ ᠶᠢᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢᠨ ᠲᠥᠯᠥᠭᠡ᠂ 2022 ᠣᠨ ᠤ 3 ᠰᠠᠷ᠎ᠠ ᠶᠢᠨ 24   ᠤ ᠡᠳᠦᠷ᠂ ᠮᠠᠨ ᠤ ᠪᠠᠯᠭᠠᠰᠤ ᠠᠵᠠ ᠵᠠᠪᠰᠢᠶᠠᠨ ᠢᠶᠠᠷ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠠᠭᠠᠨᠬᠠᠳᠠ ᠬᠤᠳᠠ ᠶᠢᠨ ᠰᠦᠩᠱᠠᠨ ᠲᠣᠭᠤᠷᠢᠭ ᠤᠨ ᠳ᠋ᠠ ᠮᠢᠶᠣᠣ ᠪᠠᠯᠭᠠᠰᠤ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠣᠣ ᠮᠢᠶᠣᠣ ᠽᠢ ᠲᠣᠰᠬᠤᠨ ᠤ ᠨᠠᠮ ᠤᠨ ᠶᠡᠷᠦᠩᠬᠡᠢ ᠡᠭᠦᠷ ᠤᠨ ᠱᠦᠵᠢ ᠵᠤᠤ ᠬᠤᠢ ᠵᠢᠶᠸ ᠨᠥᠬᠦᠷ ᠢ ᠸᠠᠩ ᠳ᠋ᠠ ᠬᠠᠨ ᠲᠣᠰᠬᠤᠨ ᠳᠤ ᠤᠷᠢᠨ ᠠᠪᠴᠢᠷᠠᠵᠤ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠢᠴᠢ ᠦᠨᠳᠦᠰᠦᠨ ᠱᠠᠲᠤᠨ ᠤ ᠵᠠᠰᠠᠯᠲᠠ ᠶᠢᠨ ᠲᠤᠷᠰᠢᠯᠭ᠎ᠠ ᠶᠢ ᠬᠤᠪᠢᠶᠠᠯᠴᠠᠨ ᠰᠣᠯᠢᠯᠴᠠᠭᠤᠯᠵᠠᠢ᠃
     ᠬᠤᠷᠠᠯ ᠳᠡᠭᠡᠷ᠎ᠡ᠂ ᠵᠤᠤ ᠬᠤᠢ ᠵᠢᠶᠸ ᠨᠥᠬᠦᠷ ᠰᠢᠶᠣᠣ ᠮᠢᠶᠣᠣ ᠽᠢ ᠲᠣᠰᠬᠤᠨ ᠤ ᠨᠠᠮ ᠤᠨ ᠶᠡᠷᠦᠩᠬᠡᠢ ᠡᠭᠦᠷ ᠤᠨ ᠱᠦᠵᠢ ᠶᠢᠨ ᠲᠤᠰᠢᠶᠠᠯ ᠢ ᠬᠠᠷᠢᠭᠤᠴᠠᠭᠰᠠᠨ ᠠᠴᠠ ᠨᠠᠰᠢ᠂ ᠲᠤᠰ ᠲᠣᠰᠬᠤᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠰᠢᠶᠣᠣ ᠮᠢᠶᠣᠣ ᠽᠢ ᠲᠣᠰᠬᠤᠨ ᠤ ᠪᠦᠬᠦ ᠨᠠᠮ ᠤᠨ ᠭᠡᠰᠢᠭᠦᠨ ᠤᠯᠠᠨ ᠲᠦᠮᠡᠨ ᠢ ᠳᠠᠭᠠᠭᠤᠯᠤᠨ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠭᠦᠯᠬᠦ ᠬᠥᠭᠵᠢᠯᠲᠡ ᠶᠢᠨ ᠵᠠᠮ ᠢᠶᠠᠷ ᠵᠠᠮᠨᠠᠭᠰᠠᠨ ᠲᠤᠬᠠᠢ ᠶᠠᠷᠢᠪᠠ᠃ᠨᠢᠭᠡ ᠳᠤ ᠬᠠᠭᠤᠴᠢᠨ ᠠᠵᠤ ᠦᠢᠯᠡᠰ ᠢ ᠪᠠᠬᠢᠵᠢᠭᠦᠯᠵᠦ᠂ ᠰᠢᠨ᠎ᠡ ᠠᠵᠤ ᠦᠢᠯᠡᠰ ᠢ ᠬᠥᠭᠵᠢᠭᠦᠯᠦᠨ᠎ᠡ᠃ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠢᠲᠠᠳ ᠡᠪᠡᠰᠦᠨ ᠡᠮ ᠳᠠᠷᠢᠬᠤ ᠣᠨᠴᠠᠯᠢᠭᠲᠤ ᠠᠵᠤ ᠦᠢᠯᠡᠰ ᠢ ᠬᠥᠭᠵᠢᠭᠦᠯᠵᠦ᠂ ︽ᠨᠠᠮ ᠤᠨ ᠵᠣᠬᠢᠶᠠᠨ ᠪᠠᠶᠢᠭᠤᠯᠤᠯᠲᠠ + ᠬᠤᠷᠰᠢᠶ᠎ᠠ + ᠠᠵᠤ ᠦᠢᠯᠡᠰ ᠤᠨ ᠨᠠᠮ ᠤᠨ ᠭᠡᠰᠢᠭᠦᠨ + ᠲᠠᠷᠢᠶᠠᠴᠢᠨ ᠡᠷᠦᠬᠡ + ᠺᠣᠮᠫᠠᠨᠢ︾ ᠶᠢᠨ ᠨᠠᠮ ᠤᠨ ᠪᠠᠶᠢᠭᠤᠯᠤᠯᠲᠠ ᠪᠠᠷ ᠠᠵᠤ ᠦᠢᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠰᠢᠨ᠎ᠡ ᠵᠠᠮ ᠢ ᠬᠡᠷᠡᠭᠵᠢᠭᠦᠯᠦᠨ᠎ᠡ᠃ᠵᠢᠮᠢᠰ ᠤᠨ ᠮᠣᠳᠣ ᠲᠠᠷᠢᠵᠤ ᠠᠵᠤ ᠠᠬᠤᠢ ᠶᠢᠨ ᠤᠢ ᠶᠢᠨ ᠠᠵᠤ ᠦᠢᠯᠡᠰ ᠢ ᠬᠥᠭᠵᠢᠭᠦᠯᠵᠦ᠂ ᠬᠥᠳᠡᠭᠡ ᠲᠣᠰᠬᠤᠨ ᠤ ᠵᠤᠭᠠᠴᠠᠯ ᠢ ᠬᠥᠭᠵᠢᠭᠦᠯᠵᠦ᠂ ᠲᠡᠭᠦᠬᠦ᠂ ᠠᠷᠠᠳ ᠤᠨ ᠣᠷᠣᠨ ᠰᠠᠭᠤᠴᠠ᠂ ᠰᠡᠯᠡᠭᠦᠴᠡᠯ᠂ ᠵᠤᠭᠠᠴᠠᠯ᠂ ᠪᠠᠷᠲᠠᠭ᠎ᠠ ᠰᠢᠨᠵᠢᠯᠡᠬᠦ᠂ ᠥᠷᠭᠡᠵᠢᠭᠦᠯᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠨᠢᠭᠡ ᠴᠣᠭᠴᠠᠵᠢᠭᠤᠯᠤᠭᠰᠠᠨ ᠵᠤᠭᠠᠴᠠᠯ ᠤᠨ ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠵᠤ᠂ ᠨᠡᠩ ᠤᠯᠠᠨ ᠲᠣᠰᠬᠤᠨ ᠤ ᠠᠷᠠᠳ ᠲᠤ ᠭᠡᠷ ᠤᠨ ᠡᠭᠦᠳᠡᠨ ᠳᠤ ᠠᠵᠢᠯ ᠣᠯᠭᠤᠬᠤ ᠶᠢ ᠪᠡᠶᠡᠯᠡᠭᠦᠯᠵᠦ᠂ ᠢᠯᠠᠩᠭᠤᠶ᠎ᠠ ᠶᠠᠳᠠᠭᠤ ᠬᠦᠴᠢᠷᠳᠡᠯᠲᠡᠢ ᠡᠷᠦᠬᠡ ᠶᠢ ᠤᠷᠢᠳᠠᠪᠠᠷ ᠣᠷᠣᠭᠤᠯᠵᠤ᠂ ᠲᠡᠳᠡᠨ ᠤ ᠣᠷᠣᠯᠭ᠎ᠠ ᠶᠢ ᠳᠤᠯᠠᠭᠠᠴᠠ ᠲᠠᠢ ᠮᠥᠷᠲᠡᠭᠡᠨ ᠨᠡᠷ᠎ᠡ ᠬᠦᠨᠳᠦ ᠲᠠᠢ ᠪᠣᠯᠭᠠᠨ᠎ᠠ᠃ᠬᠤᠶᠠᠷ ᠲᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ ᠠᠷᠠᠳ ᠤᠨ ᠰᠠᠨᠠᠭᠠᠰᠢᠷᠠᠯ ᠢ ᠰᠢᠢᠳᠪᠦᠷᠢᠯᠡᠨ᠎ᠡ᠃ᠲᠡᠷᠡ ᠨᠤᠲᠤᠭ ᠤᠨ ᠠᠬ᠎ᠠ ᠳᠡᠭᠦᠦ ᠨᠠᠷ ᠢᠶᠠᠨ ᠳᠠᠭᠠᠭᠤᠯᠤᠨ ᠲᠦᠭᠡᠭᠡᠯ ᠤᠰᠤ ᠤᠭᠰᠠᠷᠠᠵᠤ᠂ ᠤᠰᠤ ᠲᠠᠲᠠᠬᠤ ᠬᠥᠭᠦᠷᠭᠡ ᠪᠠᠶᠢᠭᠤᠯᠵᠤ᠂ ᠲᠣᠰᠬᠤᠨ ᠳᠤ ᠨᠡᠪᠲᠡᠷᠡᠬᠦ ᠵᠠᠮ ᠢ ᠬᠠᠲᠠᠭᠤᠷᠠᠭᠤᠯᠵᠤ᠂ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠪᠡ᠂ ᠁ ᠲᠤᠬᠠᠢ ᠶᠢᠨ ᠵᠢᠯ ᠳᠤ ᠨᠢᠭᠡ ᠢᠮᠠᠬᠤ ᠱᠦᠢᠨᠢ ᠵᠠᠮ ᠴᠤ ᠦᠭᠡᠢ᠂ ᠨᠢᠭᠡ ᠵᠠᠮ ᠤᠨ ᠳ᠋ᠧᠩ ᠴᠦ ᠦᠭᠡᠢ ᠵᠢᠵᠢᠭ ᠠᠭᠤᠯᠠᠨ ᠲᠣᠰᠬᠤᠨ ᠢ ᠬᠤᠯᠠ ᠣᠶᠢᠷ᠎ᠠ ᠳᠠᠭᠠᠨ ᠠᠯᠳᠠᠷᠲᠠᠢ ᠰᠢᠨ᠎ᠡ ᠬᠥᠳᠡᠭᠡ ᠲᠣᠰᠬᠤᠨ ᠪᠣᠯᠭᠠᠪᠠ᠃ᠭᠤᠷᠪᠠ ᠳᠤ᠂ ᠤᠯᠠᠨ ᠬᠡᠯᠪᠡᠷᠢ ᠶᠢᠨ ᠬᠥᠳᠡᠭᠡ ᠲᠣᠰᠬᠤᠨ ᠤ ᠵᠠᠩ ᠰᠤᠷᠲᠠᠯ ᠤᠨ ᠪᠣᠯᠪᠠᠰᠤᠨ ᠤ ᠲᠠᠪᠴᠠᠩ ᠢ ᠪᠠᠶᠢᠭᠤᠯᠵᠤ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠨ᠎ᠠ᠃︽ᠲᠠᠯ᠎ᠠ ᠨᠤᠲᠤᠭ ᠤᠨ ᠨᠣᠮ ᠤᠨ ᠥᠷᠥᠭᠡ︾᠂ ᠦᠨᠳᠦᠰᠦᠲᠡᠨ ᠤ ᠪᠦᠯᠬᠦᠮᠳᠡᠯ ᠤᠨ ᠭᠡᠷ ᠪᠦᠯᠢ᠂ ᠶᠠᠩᠭᠠᠷ ᠪᠥᠵᠢᠭ ᠤᠨ ᠠᠩᠭᠢ ᠵᠡᠷᠭᠡ ᠶᠢ ᠪᠠᠶᠢᠭᠤᠯᠵᠤ᠂ ᠡᠷᠡᠭᠦᠯ ᠴᠢᠭᠢᠷᠠᠭ᠂ ᠥᠭᠡᠳᠡᠷᠬᠡᠭ ᠠᠮᠢᠳᠤᠷᠠᠯ ᠤᠨ ᠠᠷᠭ᠎ᠠ ᠮᠠᠶ᠋ᠢᠭ ᠢ ᠠᠶᠢᠯ ᠡᠷᠦᠬᠡ ᠨᠦᠭᠦᠳ ᠲᠤ ᠣᠷᠣᠭᠤᠯᠪᠠ᠃
     ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢᠨ ᠡᠴᠦᠰ ᠲᠤ᠂ ᠵᠤᠤ ᠬᠤᠢ ᠵᠢᠶ᠋ᠧ ᠨᠥᠬᠦᠷ ᠬᠡᠯᠡᠬᠦ ᠳᠡᠭᠡᠨ᠄ ︽ᠬᠥᠳᠡᠭᠡ ᠲᠣᠰᠬᠤᠨ ᠢ ᠬᠥᠭᠵᠢᠭᠦᠯᠬᠦ ᠳᠤ ᠦᠨᠳᠦᠰᠦᠨ ᠱᠠᠲᠤᠨ ᠤ ᠨᠠᠮ ᠤᠨ ᠡᠭᠦᠷ ᠤᠨ ᠵᠢᠯᠣᠭᠤᠳᠤᠯᠭ᠎ᠠ ᠠᠴᠠ ᠰᠠᠯᠵᠤ ᠴᠢᠳᠠᠬᠤ ᠦᠭᠡᠢ᠂ ᠲᠣᠰᠬᠤᠨ ᠤ ᠨᠠᠮ ᠤᠨ ᠡᠭᠦᠷ ᠤᠨ ᠬᠢᠨ ᠨᠠᠮ ᠤᠨ ᠭᠡᠰᠢᠭᠦᠨ ᠺᠠᠳ᠋ᠷᠴᠤᠳ ᠢ ᠳᠠᠭᠠᠭᠤᠯᠤᠨ ᠤᠯᠠᠨ ᠲᠦᠮᠡᠨ ᠤ ᠲᠦᠰᠢᠭ ᠲᠤᠯᠭᠠᠭᠤᠷᠢ᠂ ᠳᠠᠭᠠᠭᠤᠯᠤᠭᠴᠢ ᠪᠣᠯᠵᠤ᠂ ᠨᠡᠶᠢᠲᠡ ᠶᠢᠨ ᠰᠡᠳᠬᠢᠯ ᠢ ᠬᠠᠮᠤᠭ ᠤᠨ ᠶᠡᠭᠡ ᠪᠣᠯᠭᠠᠵᠤ᠂ ᠬᠤᠪᠢᠨᠴᠢᠷ ᠪᠤᠳᠤᠯ ᠢ ᠬᠠᠮᠤᠭ ᠤᠨ ᠪᠠᠭ᠎ᠠ ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠢᠯᠣᠭᠤᠳᠤᠯᠭ᠎ᠠ ᠳᠣᠣᠷ᠎ᠠ᠂ ᠰᠡᠳᠬᠢᠯ ᠲᠠᠯᠪᠢᠨ ᠬᠠᠶᠢᠷ᠎ᠠ ᠰᠡᠳᠬᠢᠯᠭᠡ ᠪᠠᠷ ᠢᠶᠠᠨ ᠠᠷᠠᠳ ᠤᠨ ᠲᠥᠯᠥᠭᠡ ᠬᠥᠭᠵᠢᠯᠲᠡ ᠶᠢ ᠡᠷᠢᠯᠬᠢᠯᠡᠨ ᠪᠣᠳᠠᠲᠠᠢ ᠶᠠᠪᠤᠳᠠᠯ ᠬᠢᠵᠦ᠂ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ ᠳᠤᠮᠳᠠ ᠤᠯᠠᠨ ᠲᠦᠮᠡᠨ ᠤ ᠢᠲᠡᠭᠡᠯ ᠪᠠ ᠳᠡᠮᠵᠢᠯᠭᠡ ᠶᠢ ᠣᠯᠵᠤ᠂ ᠥᠪᠡᠷ ᠤᠨ ᠦᠷᠳᠡᠭ ᠢᠶᠠᠨ ᠪᠡᠶᠡᠯᠡᠭᠦᠯᠬᠦ ᠳᠤᠮᠳᠠ ᠬᠠᠶᠢᠷ᠎ᠠ ᠰᠡᠳᠬᠢᠯᠭᠡ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ {ᠭᠠᠴᠠᠭᠠᠨ ᠤ ᠨᠠᠮ ᠤᠨ ᠡᠭᠦᠷ ᠤᠨ ᠬᠢᠨ ᠨᠠᠮ ᠤᠨ ᠭᠡᠰᠢᠭᠦᠨ ᠺᠠᠳ᠋ᠷᠴᠤᠳ ᠢ ᠳᠠᠭᠠᠭᠤᠯᠤᠨ ᠤᠯᠠᠨ ᠲᠦᠮᠡᠨ ᠤ ᠢᠲᠡᠭᠡᠯ ᠪᠠ ᠳᠡᠮᠵᠢᠯᠭᠡ ᠶᠢ ᠣᠯᠵᠤ᠂ ᠥᠪᠡᠷ ᠤᠨ ᠦᠷᠳᠡᠭ ᠢᠶᠠᠨ ᠪᠡᠶᠡᠯᠡᠭᠦᠯᠬᠦ ᠳᠤᠮᠳᠠ ᠬᠠᠶᠢᠷ᠎ᠠ ᠰᠡᠳᠬᠢᠯᠭᠡ ᠪᠠᠨ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠲᠣᠰᠬᠤᠨ ᠤ ᠨᠠᠮ ᠤᠨ ᠡᠭᠦᠷ ᠨᠢ ᠲᠣᠰᠬᠤᠨ ᠤ ᠱᠠᠲᠤᠨ ᠤ ᠤᠳᠤᠷᠢᠳᠬᠤ ᠪᠠᠭ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ︿ᠦᠭᠡ ᠬᠡᠯᠡᠬᠦ ᠳᠤ ᠰᠣᠨᠣᠰᠬᠤ ᠬᠥᠮᠥᠨ ᠲᠠᠢ᠂ ᠠᠵᠢᠯ ᠬᠢᠬᠦ ᠳᠤ ᠳᠠᠭᠠᠬᠤ ᠬᠥᠮᠥᠨ ᠲᠠᠢ﹀ᠤᠳᠤᠷᠢᠳᠬᠤ ᠪᠠᠭ ᠤᠨ ᠡᠩᠨᠡᠭᠡ ᠶᠢ ᠪᠠᠶᠢᠭᠤᠯᠵᠤ᠂ ᠬᠥᠭᠵᠢᠯᠲᠡ ᠶᠢᠨ ᠬᠦᠴᠦᠲᠦ ᠤᠷᠤᠰᠬᠠᠯ ᠢ ᠪᠦᠷᠢᠯᠳᠦᠭᠦᠯᠵᠦ᠂ ᠬᠥᠳᠡᠭᠡ ᠠᠵᠤ ᠠᠬᠤᠢ ᠬᠦᠴᠦᠷᠬᠡᠭᠵᠢᠭᠰᠡᠨ᠂ ᠬᠥᠳᠡᠭᠡ ᠲᠣᠰᠬᠤᠨ ᠦᠵᠡᠰᠬᠦᠯᠡᠩᠲᠦ ᠰᠠᠶᠢᠬᠠᠨ᠂ ᠲᠠᠷᠢᠶᠠᠴᠢᠨ ᠪᠠᠶᠠᠨ ᠴᠢᠨᠡᠭᠡᠯᠢᠭ ᠪᠣᠯᠬᠤ ᠶᠢ ᠡᠷᠲᠡᠬᠡᠨ ᠪᠡᠶᠡᠯᠡᠭᠦᠯᠬᠦ ᠬᠡᠷᠡᠭᠲᠡᠢ︾᠃
     ᠬᠤᠷᠠᠯ ᠤᠨ ᠲᠠᠷᠠᠭ᠎ᠠ᠂ ᠡᡁᠥᠪᠸᠢ ᠲᠣᠰᠬᠤᠨ ᠤ ᠨᠠᠮ ᠤᠨ ᠡᠭᠦᠷ ᠤᠨ ᠱᠦᠵᠢ ᠪᠥᠭᠡᠳ ᠲᠣᠰᠬᠤᠨ ᠤ ᠠᠷᠠᠳ ᠤᠨ ᠵᠥᠪᠯᠡᠯ ᠤᠨ ᠡᠷᠬᠢᠯᠡᠭᠴᠢ ᠵᠢᠶᠠᠩ ᠺᠸ ᠴᠠᠩ ᠨᠥᠬᠦᠷ᠄︽ᠲᠤᠰ ᠤᠳᠠᠭ᠎ᠠ ᠶᠢᠨ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠢᠴᠢ ᠦᠨᠳᠦᠰᠦᠨ ᠱᠠᠲᠤᠨ ᠤ ᠵᠠᠰᠠᠯᠲᠠ ᠶᠢᠨ ᠲᠤᠷᠰᠢᠯᠭ᠎ᠠ ᠶᠢ ᠤᠬᠠᠭᠤᠯᠤᠨ ᠲᠠᠶᠢᠯᠪᠤᠷᠢᠯᠠᠬᠤ ᠬᠤᠷᠠᠯ ᠨᠢ ᠨᠠᠳᠠ ᠳᠤ ᠶᠡᠭᠡ ᠠᠰᠢᠭ ᠬᠦᠷᠲᠡᠭᠡᠵᠦ᠂ ᠭᠦᠨ ᠲᠥᠷᠥᠭᠳᠡᠯ ᠣᠯᠭᠤᠵᠠᠢ᠃ ᠡᠷᠳᠡᠮ ᠮᠡᠳᠡᠯᠭᠡ ᠪᠠᠨ ᠨᠡᠮᠡᠭᠳᠡᠭᠦᠯᠵᠦ᠂ ᠰᠡᠳᠬᠢᠴᠡ ᠪᠠᠨ ᠰᠡᠩᠬᠡᠷᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠪᠢᠳᠡᠨ ᠤ ᠬᠤᠶᠢᠰᠢᠳᠠ ᠶᠢᠨ ᠬᠥᠭᠵᠢᠯᠲᠡ ᠳᠤ ᠴᠢᠭᠯᠡᠯ ᠢ ᠲᠣᠳᠣᠷᠬᠠᠢ ᠵᠢᠭᠠᠨ ᠥᠭᠴᠦ᠂ ᠲᠤᠷᠰᠢᠯᠭ᠎ᠠ ᠬᠠᠩᠭᠠᠭᠰᠠᠨ ᠪᠣᠯᠬᠤᠷ ᠲᠤᠷᠰᠢᠯᠭ᠎ᠠ ᠶᠢ ᠬᠠᠭᠤᠯᠪᠤᠷᠢᠯᠠᠵᠤ ᠳᠡᠶᠢᠯᠬᠦ ᠦᠭᠡᠢ ᠪᠠᠶᠢᠵᠤ ᠮᠡᠳᠡᠨ᠎ᠡ᠂ ᠭᠡᠪᠡᠴᠦ ᠵᠣᠷᠢᠭ ᠰᠠᠨᠠᠭ᠎ᠠ ᠶᠢ ᠤᠯᠠᠮᠵᠢᠯᠠᠨ ᠵᠠᠯᠭᠠᠮᠵᠢᠯᠠᠵᠤ ᠪᠣᠯᠬᠤ ᠪᠥᠭᠡᠳ ᠬᠠᠭᠤᠯᠪᠤᠷᠢᠯᠠᠵᠤ ᠪᠣᠯᠬᠤ ᠶᠤᠮ᠃ ᠪᠢ ᠪᠠᠰᠠ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠪᠠᠷ ᠰᠢᠨ᠎ᠡ ᠭᠠᠷᠤᠭ᠎ᠠ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠤᠰ ᠲᠣᠰᠬᠤᠨ ᠤ ᠬᠠᠮᠲᠤ ᠶᠢᠨ ᠠᠵᠤ ᠠᠬᠤᠢ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠰᠡᠳᠬᠢᠴᠡ ᠶᠢ ᠨᠠᠷᠢᠨ ᠬᠢᠨᠠᠮᠠᠭᠠᠢ ᠲᠥᠯᠥᠪᠵᠢᠭᠦᠯᠵᠦ᠂ ᠮᠠᠨ ᠤ ᠲᠣᠰᠬᠤᠨ ᠤ ᠵᠠᠰᠠᠯᠲᠠ ᠶᠢᠨ ᠲᠦᠪᠰᠢᠨ ᠤ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ︾ ᠭᠡᠵᠦ ᠬᠡᠯᠡᠪᠡ᠃
     ᠡᡁᠸ ᠳ᠋ᠦᠩ ᠪᠠᠯᠭᠠᠰᠤ ᠪᠠᠰᠠ ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢᠨ ᠭᠦᠨᠵᠡᠭᠡᠢ ᠠᠭᠤᠰᠤᠯᠴᠠᠯ ᠢ ᠴᠢᠨᠠᠭᠰᠢᠳᠠ ᠠᠬᠢᠭᠤᠯᠵᠤ᠂ ᠰᠤᠯᠠ ᠪᠠᠶᠢᠭ᠎ᠠ ᠡᠬᠢ ᠪᠠᠶᠠᠯᠢᠭ ᠢ ᠠᠮᠢᠳᠤᠯᠢᠭᠵᠢᠭᠤᠯᠵᠤ᠂ ᠣᠨᠴᠠᠯᠢᠭᠲᠤ ᠠᠵᠤ ᠦᠢᠯᠡᠰ ᠢ ᠰᠢᠯᠢᠳᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃ᠡᠭᠦᠨ ᠤ ᠬᠠᠮᠲᠤ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ ᠡᠭᠦᠳᠬᠦ ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1