ᠳᠠᠶᠢᠨ ᠤ ᠬᠢᠵᠢᠭ ᠤᠨ ︽ᠶᠡᠭᠡ ᠰᠢᠯᠭᠠᠯᠲᠠ︾᠂ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦᠬᠦ ᠬᠤᠷᠢᠶ᠎ᠠ ᠢᠩᠭᠢᠵᠦ ︽ᠰᠢᠯᠭᠠᠯᠲᠠ  ᠶᠢᠨ ᠬᠠᠭᠤᠳᠠᠰᠤ ᠬᠠᠷᠢᠭᠤᠯᠵᠠᠢ︾
ᠨᠡᠶᠢᠲᠡᠯᠡᠭᠰᠡᠨ ᠴᠠᠭ᠄
2022/3/25
     ᠬᠢᠵᠢᠭ ᠤᠨ ᠪᠠᠶᠢᠳᠠᠯ ᠪᠣᠯ ᠨᠢᠭᠡ ᠤᠳᠠᠭᠠᠨ ᠤ ᠬᠢᠮᠤᠷᠠᠯ ᠮᠥᠨ᠂ ᠰᠡᠷᠭᠡᠶᠢᠯᠡᠨ ᠬᠢᠵᠠᠭᠠᠷᠯᠠᠬᠤ ᠪᠣᠯ ᠨᠢᠭᠡ ᠤᠳᠠᠭᠠᠨ ᠤ ᠶᠡᠭᠡ ᠰᠢᠯᠭᠠᠯᠲᠠ ᠮᠥᠨ᠃ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠬᠤᠷᠢᠶ᠎ᠠ ᠭᠤᠣᠯ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠪᠦᠬᠦ ᠬᠦᠴᠦᠨ ᠢᠶᠠᠷ ᠢᠶᠠᠨ ᠬᠠᠮᠵᠢᠯᠴᠠᠨ ᠪᠠᠶᠢᠯᠳᠤᠭᠠᠨ ᠳᠤ ᠲᠤᠰᠠᠯᠠᠵᠤ᠂ ᠡᠨᠡ ᠤᠳᠠᠭ᠎ᠠ ᠶᠢᠨ ᠳᠠᠶᠢᠨ ᠤ ᠬᠢᠵᠢᠭ ᠤᠨ︽ᠶᠡᠭᠡ ᠰᠢᠯᠭᠠᠯᠲᠠ︾ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ︽ᠬᠠᠷᠢᠭᠤᠯᠲᠠ︾ ᠶᠢ ᠰᠠᠶᠢᠲᠤᠷ ᠬᠠᠷᠢᠭᠤᠯᠬᠤ ᠪᠠᠷ ᠴᠢᠷᠮᠠᠶᠢᠪᠠ᠃ᠨᠢᠭᠡ᠂ ᠡᠮᠦᠨ᠎ᠡ ᠹᠷᠣᠨᠲ ᠲᠤ ᠵᠢᠯᠤᠭᠤᠳᠴᠤ᠂ ᠵᠠᠩᠭᠢᠯᠠᠭ᠎ᠠ ᠶᠢᠨ ᠴᠠᠭ ᠮᠥᠴᠡ ᠳᠤ ᠬᠠᠷᠢᠭᠤᠴᠠᠯᠭ᠎ᠠ ᠡᠭᠦᠷᠭᠡᠯᠡᠵᠦ᠂ ︽ᠵᠠᠪᠠᠯ ᠬᠠᠷᠢᠭᠤᠯᠬᠤ ᠰᠡᠳᠦᠪ︾ ᠋ ᠢ ᠰᠠᠶᠢᠲᠤᠷ ᠬᠢᠬᠦ ᠬᠡᠷᠡᠭᠲᠡᠢ᠃      2 ᠰᠠᠷ᠎ᠠ ᠶᠢᠨ 18 ᠤ ᠡᠳᠦᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠬᠢᠨᠠᠯᠲᠠ ᠲᠠᠯᠪᠢᠬᠤ ᠪᠠᠶᠢᠷᠢᠯᠠᠭᠤᠯᠤᠯᠲᠠ ᠬᠢᠪᠡ︔2 ᠰᠠᠷ᠎ᠠ ᠶᠢᠨ 19 ᠤ ᠡᠳᠦᠷ᠂ ᠪᠦᠦ ᠯᠢᠶᠠᠨ ᠪᠥᠭᠡᠮ ᠬᠦᠴᠢᠯ ᠤᠨ ᠪᠠᠶᠢᠴᠠᠭᠠᠯᠲᠠ ᠶᠢᠨ ᠴᠡᠭ ᠲᠤ ᠬᠦᠷᠴᠡᠢ︔2 ᠰᠠᠷ᠎ᠠ ᠶᠢᠨ 25 ᠤ ᠡᠳᠦᠷ᠂ ᠳ᠋ᠦᠩ ᠰᠢᠩ ᠲᠦᠷᠭᠡᠨ ᠳᠠᠪᠬᠢᠬᠤ ᠵᠠᠰᠠᠮᠠᠯ ᠵᠠᠮ ᠤᠨ ᠪᠣᠭᠤᠮᠲᠠ ᠳᠤ ᠬᠦᠷᠬᠦ ᠳᠤ ᠁ ᠣᠶᠢᠷ᠎ᠠ ᠶᠢᠨ ᠡᠳᠦᠷ ᠤᠳ ᠲᠤ᠂ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠤᠣᠯ ᠤᠳᠤᠷᠢᠳᠤᠯᠭ᠎ᠠ ᠡᠮᠦᠨ᠎ᠡ ᠨᠢ ᠵᠢᠯᠤᠭᠤᠳᠴᠤ᠂ ᠲᠤᠬᠠᠢ ᠶᠢᠨ ᠲᠠᠯᠠᠪᠤᠷ ᠲᠤ ᠱᠠᠯᠠᠪᠳᠠᠭᠤᠯᠤᠨ ᠪᠠᠶᠢᠴᠠᠭᠠᠵᠤ᠂ ᠴᠢᠭᠯᠡᠯ ᠢ ᠲᠣᠳᠣᠷᠬᠠᠢ ᠵᠢᠭᠠᠵᠤ᠂ ᠬᠠᠷᠢᠭᠤᠴᠠᠯᠭ᠎ᠠ ᠶᠢ ᠢᠯᠡᠷᠡᠭᠦᠯᠵᠦ᠂ ᠬᠦᠴᠦᠨ ᠢ ᠨᠢᠭᠲᠠᠷᠠᠭᠤᠯᠵᠤ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠺᠠᠳ᠋ᠷᠴᠤᠳ ᠢ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠬᠡᠷᠬᠢᠨ ᠰᠠᠶᠢᠲᠤᠷ ᠦᠢᠯᠡᠴᠢᠯᠡᠬᠦ ᠶᠢ ᠪᠣᠳᠣᠯᠬᠢᠯᠠᠬᠤ ᠲᠠᠯ᠎ᠠ ᠪᠠᠷ ᠬᠦᠴᠦ ᠣᠷᠣᠭᠤᠯᠵᠤ᠂ ᠭᠤᠣᠯᠳᠠᠯᠭ᠎ᠠ ᠨᠢ ᠬᠠᠮᠢᠭ᠎ᠠ ᠪᠠᠶᠢᠬᠤ᠂ ᠴᠢᠭᠯᠡᠯ ᠨᠢ ᠬᠠᠮᠢᠭ᠎ᠠ ᠪᠠᠶᠢᠬᠤ ᠶᠢ ᠣᠨᠣᠪᠴᠢᠲᠠᠢ ᠡᠷᠢᠨ ᠣᠯᠵᠤ᠂ ᠨᠡᠶᠢᠭᠡᠮ ᠲᠣᠭᠤᠷᠢᠭ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠴᠢᠷᠮᠠᠶᠢᠨ ᠠᠵᠢᠯᠯᠠᠵᠤ᠂ ᠴᠢᠭᠯᠡᠯ ᠢᠶᠠᠨ ᠣᠨᠣᠪᠴᠢᠲᠠᠢ ᠡᠷᠢᠨ ᠴᠡᠭᠴᠡᠯᠡᠨ ᠰᠠᠶᠢᠵᠢᠷᠠᠭᠤᠯᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ᠬᠤᠶᠠᠷ᠂ ᠬᠡᠷᠡᠭᠵᠢᠭᠦᠯᠦᠯᠲᠡ ᠶᠢ ᠪᠠᠲᠤᠯᠠᠵᠤ᠂ ᠲᠠᠶᠢᠨ ᠤ ᠬᠢᠵᠢᠭ ᠤᠨ ᠡᠮᠦᠨ᠎ᠡ ᠹᠷᠣᠨᠲ ᠲᠤ ᠲᠦᠷᠦ ᠶᠢᠨ ᠬᠢᠨᠠᠯᠲᠠ ᠲᠠᠯᠪᠢᠵᠤ ᠦᠳᠡᠰᠢ ᠶᠢᠨ ᠬᠠᠷᠢᠭᠤᠴᠠᠯᠭ᠎ᠠ ᠶᠢ ᠬᠡᠷᠡᠭᠵᠢᠭᠦᠯᠵᠦ᠂ ︽ᠬᠡᠷᠡᠭᠯᠡᠭᠡᠨ ᠤ ᠰᠡᠳᠦᠪ︾  ᠢ ᠰᠠᠶᠢᠲᠤᠷ ᠬᠢᠬᠦ ᠬᠡᠷᠡᠭᠲᠡᠢ᠃      ᠡᠯ᠎ᠡ ᠰᠠᠯᠠᠭ᠎ᠠ ᠲᠠᠰᠤᠭ ᠢ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠵᠤ᠂ ᠵᠡᠭᠡᠯᠢ ᠭᠤᠳᠤᠮᠵᠢ ᠶᠢᠨ ᠪᠣᠭᠤᠮᠲᠠ᠂ ᠪᠠᠭ᠎ᠠ ᠲᠣᠭᠤᠷᠢᠭ ᠤᠨ ᠣᠷᠣᠵᠤ ᠭᠠᠷᠬᠤ ᠡᠭᠦᠳᠡ᠂ ᠲᠦᠷᠭᠡᠨ ᠳᠠᠪᠬᠢᠬᠤ ᠵᠠᠰᠠᠮᠠᠯ ᠵᠠᠮ ᠤᠨ ᠠᠭᠤᠯᠵᠠᠷ ᠵᠡᠷᠭᠡ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠬᠦᠷᠴᠦ᠂ ᠭᠤᠣᠯᠳᠠᠯᠭ᠎ᠠ ᠲᠠᠢ ᠭᠤᠭᠴᠤᠭ᠎ᠠ᠂ ᠭᠤᠣᠯᠳᠠᠯᠭ᠎ᠠ ᠲᠠᠢ ᠠᠵᠢᠯ ᠤᠨ ᠪᠠᠶᠢᠷᠢ ᠶᠢ ᠴᠢᠩᠭ᠎ᠠ ᠠᠩᠬᠠᠷᠴᠤ᠂ ᠠᠰᠠᠭᠤᠳᠠᠯ ᠢ ᠣᠨᠣᠪᠴᠢᠲᠠᠢ ᠡᠷᠢᠵᠦ᠂ ᠰᠠᠨᠠᠭᠤᠯᠭ᠎ᠠ ᠳᠤᠷᠠᠳᠴᠤ᠂ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠤᠨ᠎ᠠ᠃ᠡᠭᠦᠨ ᠤ ᠬᠠᠮᠲᠤ ᠡᠳᠦᠷ ᠢᠶᠠᠷ ᠲᠣᠬᠢᠷᠠᠭᠤᠯᠬᠤ᠂ ᠡᠳᠦᠷ ᠢᠶᠠᠷ ᠰᠢᠪᠠᠳᠠᠨ ᠪᠠᠶᠢᠴᠠᠭᠠᠬᠤ᠂ ᠡᠳᠦᠷ ᠢᠶᠠᠷ ᠬᠤᠷᠢᠶᠠᠩᠭᠤᠶᠢᠯᠠᠬᠤ᠂ ᠡᠳᠦᠷ ᠢᠶᠠᠷ ᠵᠠᠷᠯᠠᠨ ᠮᠡᠳᠡᠭᠳᠡᠬᠦ ᠶᠢ ᠪᠠᠷᠢᠮᠲᠠᠯᠠᠵᠤ᠂ ᠬᠢᠨᠠᠯᠲᠠ ᠲᠠᠯᠪᠢᠬᠤ ᠱᠠᠭᠠᠷᠳᠠᠯᠭ᠎ᠠ ᠲᠣᠳᠣᠷᠬᠠᠢ᠂ ᠭᠤᠣᠯᠳᠠᠯᠭ᠎ᠠ ᠶᠢ ᠨᠠᠷᠢᠯᠢᠭ ᠣᠨᠣᠴᠠᠲᠠᠢ ᠪᠠᠶᠢᠯᠭᠠᠬᠤ ᠶᠢ ᠦᠨᠡᠨ ᠬᠦ ᠪᠠᠲᠤᠯᠠᠪᠠ᠃ᠣᠲᠣ ᠪᠣᠯᠲᠠᠯ᠎ᠠ᠂ 16 ᠠᠰᠠᠭᠤᠳᠠᠯ ᠢᠯᠡᠷᠡᠵᠡᠢ᠂ ᠡᠨᠡ ᠨᠢ ᠭᠤᠣᠯᠳᠠᠭᠤ ᠦᠳᠡ ᠶᠢᠨ ᠡᠮᠦᠨᠡᠬᠢ ᠴᠠᠭ ᠲᠤ ᠭᠠᠳᠠᠭᠰᠢ ᠭᠠᠷᠬᠤ ᠬᠥᠮᠥᠨ ᠤ ᠲᠤᠭ᠎ᠠ ᠶᠡᠭᠡ᠂ ᠣᠯᠠᠩᠬᠢ ᠨᠢ ᠠᠵᠢᠯ ᠳᠤ ᠭᠠᠷᠬᠤ᠂ ᠡᠷᠲᠡ ᠪᠣᠯᠪᠠᠰᠤᠷᠠᠬᠤ ᠶᠢᠨ ᠲᠥᠯᠥᠭᠡ ᠶᠤᠮ᠂ ᠦᠳᠡ ᠶᠢᠨ ᠬᠤᠶᠢᠨᠠᠬᠢ ᠴᠠᠭ ᠲᠤ ᠭᠠᠳᠠᠭᠰᠢ ᠭᠠᠷᠤᠭᠰᠠᠳ ᠤᠨ ᠣᠯᠠᠩᠬᠢ ᠨᠢ ᠨᠣᠭᠤᠭ᠎ᠠ᠂ ᠲᠦᠷᠭᠡᠨ ᠬᠦᠷᠭᠡᠯᠲᠡ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ᠂ ᠤᠰᠤ ᠲᠠᠲᠠᠬᠤ ᠵᠡᠷᠭᠡ ᠠᠰᠠᠭᠤᠳᠠᠯ ᠪᠠᠶᠢᠵᠤ᠂ ᠣᠷᠣᠵᠤ ᠭᠠᠷᠬᠤ ᠦᠨᠡᠮᠯᠡᠯ ᠢᠶᠠᠨ ᠠᠪᠤᠭᠰᠠᠨ ᠦᠭᠡᠢ ᠪᠠᠷ ᠳᠠᠬᠢᠨ ᠳᠠᠪᠲᠠᠨ ᠣᠷᠣᠵᠤ ᠭᠠᠷᠬᠤ ᠪᠠᠶᠢᠳᠠᠯ ᠣᠷᠣᠰᠢᠵᠤ ᠪᠠᠶᠢᠨ᠎ᠠ᠃ᠡᠭᠦᠨ ᠠᠴᠠ ᠭᠠᠳᠠᠨ᠎ᠠ᠂ ᠣᠨᠴᠠ ᠵᠠᠷᠢᠮ ᠵᠢᠵᠢᠭ ᠲᠣᠭᠤᠷᠢᠭ ᠲᠤ ᠰᠤᠭᠤᠯᠠᠭ᠎ᠠ ᠶᠢᠨ ᠥᠷᠲᠡᠭᠡ᠂ ᠡᠮᠴᠢᠯᠡᠭᠡᠨ ᠤ ᠭᠠᠵᠠᠷ᠂ ᠨᠡᠶᠢᠭᠡᠮ ᠲᠣᠭᠤᠷᠢᠭ ᠤᠨ ᠳᠣᠲᠣᠷ᠎ᠠ ᠭᠠᠳᠠᠨᠠᠬᠢ ᠰᠠᠭᠤᠭᠠᠯᠢ ᠠᠷᠠᠳ ᠰᠣᠯᠪᠢᠴᠠᠨ ᠶᠠᠪᠤᠵᠤ ᠪᠠᠶᠢᠨ᠎ᠠ᠃ᠨᠠᠰᠤᠲᠠᠨ ᠣᠯᠠᠨᠲᠠᠢ ᠨᠡᠶᠢᠭᠡᠮ ᠲᠣᠭᠤᠷᠢᠭ ᠤᠨ ᠦᠷ᠎ᠡ ᠬᠡᠦᠬᠡᠳ ᠨᠢ ᠣᠯᠠᠨ ᠤᠳᠠᠭ᠎ᠠ ᠵᠢᠵᠢᠭ ᠲᠣᠭᠤᠷᠢᠭ ᠲᠤ ᠣᠴᠢᠵᠤ ᠬᠠᠷᠠᠭᠠᠯᠵᠠᠵᠤ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠨ᠎ᠠ ᠭᠤᠷᠪᠠ᠂ ᠤᠷᠤᠭᠰᠢᠯᠠᠬᠤ ᠶᠢᠨ ᠳᠠᠭᠠᠤ ᠪᠠᠶᠢᠯᠳᠤᠵᠤ᠂ ᠡᠮᠦᠨ᠎ᠡ ᠵᠠᠬ᠎ᠠ ᠶᠢ ᠰᠡᠷᠭᠡᠶᠢᠯᠡᠨ ᠡᠵᠡᠮᠳᠡᠬᠦ ᠳᠤ ᠪᠦᠬᠦ ᠰᠡᠳᠬᠢᠯ ᠢᠶᠠᠷ ᠢᠶᠠᠨ ᠬᠦᠴᠦ ᠨᠡᠮᠡᠷᠢᠯᠡᠵᠦ᠂︽ᠦᠢᠯᠡᠳᠦᠯᠭᠡ ᠶᠢᠨ ᠰᠡᠳᠦᠪ︾ ᠢ ᠰᠠᠶᠢᠲᠤᠷ ᠬᠢᠬᠦ ᠬᠡᠷᠡᠭᠲᠡᠢ᠃      ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ 8 ᠵᠠᠯᠠᠭᠤ ᠺᠠᠳ᠋ᠷ ᠵᠣᠬᠢᠶᠠᠨ ᠪᠠᠶᠢᠭᠤᠯᠤᠯᠲᠠ ᠶᠢᠨ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂︽ᠶᠡᠭᠡ ᠴᠠᠭᠠᠨ︾ᠪᠣᠯᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠯᠢᠭᠡᠷ ᠠᠪᠬᠤ ᠳᠤ ᠪᠦᠬᠦ ᠲᠠᠯ᠎ᠠ ᠪᠠᠷ ᠬᠦᠴᠦ ᠨᠡᠮᠡᠷᠢᠯᠡᠪᠡ᠃ᠲᠡᠳᠡᠨ ᠤ ᠵᠠᠷᠢᠮ ᠨᠢ ᠨᠡᠶᠢᠭᠡᠮ ᠲᠣᠭᠤᠷᠢᠭ  ᠢ ᠬᠠᠪᠰᠤᠷᠤᠨ ᠪᠡᠶ᠎ᠡ  ᠶᠢᠨ ᠳᠤᠯᠠᠭᠠᠨ  ᠢ ᠬᠡᠮᠵᠢᠬᠦ᠂ ᠣᠯᠠᠨ ᠲᠦᠮᠡᠨ ᠤ ᠡᠷᠡᠭᠦᠯ ᠮᠡᠨᠳᠦ  ᠶᠢᠨ ᠨᠣᠮᠧᠷ  ᠢ ᠪᠠᠶᠢᠴᠠᠭᠠᠬᠤ ᠵᠡᠷᠭᠡ ᠠᠵᠢᠯ  ᠢ ᠰᠠᠶᠢᠲᠤᠷ ᠬᠢᠵᠦ᠂ ᠣᠯᠠᠨ ᠲᠦᠮᠡᠨ  ᠢ ᠬᠥᠲᠥᠯᠥᠨ ᠵᠢᠯᠤᠭᠤᠳᠴᠤ ᠪᠠᠶᠢᠭᠠᠳ ᠬᠤᠪᠢ ᠬᠥᠮᠥᠨ ᠤ ᠬᠠᠮᠠᠭᠠᠯᠠᠯᠲᠠ  ᠵᠢᠵᠠᠷᠢᠮ ᠨᠢ ᠣᠯᠠᠨ ᠲᠦᠮᠡᠨ  ᠢ ᠨᠠᠷᠢᠨ ᠨᠢᠮᠪᠠᠢ ᠬᠥᠲᠥᠯᠥᠨ ᠵᠢᠯᠤᠭᠤᠳᠴᠤ ᠪᠠᠶᠢᠭᠠᠳ ᠮᠡᠳᠡᠭᠡ ᠵᠠᠩᠭᠢ  ᠶᠢ ᠨᠢ ᠳᠠᠩᠰᠠᠯᠠᠭᠤᠯᠵᠤ᠂ ᠪᠠᠰᠠ ᠨᠠᠰᠤᠲᠠᠶᠢᠴᠤᠳ  ᠢ ᠬᠠᠪᠰᠤᠷᠤᠨ ᠬᠤᠯᠪᠣᠭᠳᠠᠯ ᠪᠦᠬᠦᠢ ᠮᠡᠳᠡᠭᠡ ᠵᠠᠩᠭᠢ  ᠶᠢ ᠨᠢ ᠪᠢᠴᠢᠵᠦ ᠣᠷᠣᠭᠤᠯᠳᠠᠭ ᡽ᠵᠠᠷᠢᠮ ᠨᠢ ᠲᠤᠬᠠᠢ ᠶᠢᠨ ᠲᠠᠯᠠᠪᠤᠷ ᠤᠨ ᠡᠮᠬᠢ ᠳᠢᠭᠯᠢᠮ ᠢ ᠢᠳᠡᠪᠬᠢᠲᠡᠢ ᠰᠠᠶᠢᠲᠤᠷ ᠬᠠᠮᠠᠭᠠᠯᠠᠵᠤ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠪᠥᠭᠡᠮ ᠬᠦᠴᠢᠯ ᠤᠨ ᠦᠯᠢᠭᠡᠷ ᠠᠪᠬᠤ ᠠᠵᠢᠯ ᠢ ᠤᠬᠠᠮᠰᠠᠷ ᠠᠴᠠ ᠪᠠᠨ ᠡᠮᠬᠢ ᠵᠢᠷᠤᠮ ᠲᠠᠢ ᠬᠢᠵᠦ᠂ ᠤᠯᠠᠨ ᠲᠦᠮᠡᠨ ᠤ ᠤᠷᠮ᠎ᠠ ᠰᠡᠳᠬᠢᠯᠭᠡ ᠶᠢ ᠬᠦᠯᠢᠴᠡᠩᠭᠦᠢ ᠪᠠᠷ ᠲᠠᠶᠢᠳᠬᠤᠷᠠᠭᠤᠯᠵᠤᠵᠠᠷᠢᠮ ᠨᠢ ᠡᠮᠨᠡᠯᠭᠡ ᠶᠢᠨ ᠠᠵᠢᠯᠲᠠᠳ ᠢ ᠬᠠᠪᠰᠤᠷᠤᠨ ᠺᠣᠳ᠋ ᠱᠦᠭᠦᠷᠳᠡᠨ ᠳᠠᠩᠰᠠᠯᠠᠭᠤᠯᠵᠤ᠂ ᠪᠥᠭᠡᠮ ᠬᠦᠴᠢᠯ ᠢ ᠰᠢᠯᠭᠠᠨ ᠪᠠᠶᠢᠴᠠᠭᠠᠬᠤ ᠠᠵᠢᠯ ᠤᠨ ᠥᠨᠳᠥᠷ ᠪᠦᠲᠦᠮᠵᠢᠲᠡᠢ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠵᠤ ᠪᠠᠶᠢᠨ᠎ᠠ ᠁ ᠬᠡᠳᠦᠶᠢᠪᠡᠷ ᠬᠠᠬᠢᠷ ᠬᠦᠢᠲᠡᠨ ᠪᠣᠯᠪᠠᠴᠤ ᠲᠡᠳᠡ ᠮᠥᠨ ᠯᠡ ᠡᠮᠬᠢ ᠴᠡᠭᠴᠡ ᠲᠠᠢ ᠪᠠᠶᠢᠵᠤ᠂ ᠡᠳᠦᠷ ᠰᠥᠨᠢ ᠦᠭᠡᠢ ᠴᠢᠷᠮᠠᠶᠢᠨ ᠠᠵᠢᠯᠯᠠᠵᠤ᠂ ᠴᠢᠳᠠᠬᠤ ᠶᠢᠨ ᠬᠢᠷᠢ ᠪᠠᠷ ᠤᠰᠤ ᠤᠤᠭᠤᠬᠤ ᠦᠭᠡᠢ ᠪᠠᠶᠢᠵᠤ᠂ ᠨᠡᠩ ᠴᠤ ᠠᠮᠠᠷᠠᠬᠤ ᠵᠠᠪ ᠦᠭᠡᠢ ᠪᠠᠶᠢᠵᠤ᠂ ᠤᠯᠠᠨ ᠲᠦᠮᠡᠨ ᠳᠤ ᠨᠠᠷᠢᠨ ᠨᠢᠮᠪᠠᠢ ᠬᠦᠯᠢᠴᠡᠩᠭᠦᠢ ᠪᠠᠷ ᠦᠢᠯᠡᠴᠢᠯᠡᠵᠦ᠂ ᠡᠷᠡᠰ ᠬᠠᠲᠠᠭᠤ ᠪᠡᠶ᠎ᠡ ᠮᠠᠬᠠᠪᠤᠳ ᠢᠶᠠᠷ ᠢᠶᠠᠨ ᠤᠯᠠᠨ ᠲᠦᠮᠡᠨ ᠠᠴᠠ ᠬᠠᠮᠤᠭ ᠤᠨ ᠣᠶᠢᠷ᠎ᠠ ᠨᠢᠭᠡ ᠡᠭᠡᠯᠵᠢ ᠶᠢᠨ ᠠᠵᠢᠯ ᠤᠨ ᠪᠠᠶᠢᠷᠢ ᠳᠤ ᠰᠠᠶᠢᠲᠤᠷ ᠵᠣᠭᠰᠣᠵᠠᠢ᠃ {ᠶᠠᠫᠤᠨ ᠢ ᠡᠰᠡᠷᠭᠦᠴᠡᠬᠦ ᠲᠠᠶᠢᠨ ᠤ ᠦᠶ᠎ᠡ ᠶᠢᠨ ᠠᠵᠢᠯ ᠤᠨ ᠪᠠᠶᠢᠷᠢ ᠳᠤ ᠭᠠᠷᠬᠤ ᠪᠠᠷ ᠴᠢᠷᠮᠠᠶᠢᠬᠤ ᠪᠠᠷ ᠪᠠᠷᠠᠬᠤ ᠦᠭᠡᠢ᠂ ᠨᠡᠩ ᠴᠤ ᠠᠮᠠᠷᠠᠬᠤ ᠵᠠᠪ ᠦᠭᠡᠢ ᠪᠠᠶᠢᠵᠤ᠂ ᠤᠯᠠᠨ ᠲᠦᠮᠡᠨ ᠳᠤ ᠦᠢᠯᠡᠴᠢᠯᠡᠵᠦ᠂ ᠤᠯᠠᠨ ᠲᠦᠮᠡᠨ ᠠᠴᠠ ᠬᠠᠮᠤᠭ ᠤᠨ ᠣᠶᠢᠷ᠎ᠠ ᠨᠢᠭᠡ ᠡᠭᠡᠯᠵᠢ ᠶᠢᠨ ᠠᠵᠢᠯ ᠤᠨ ᠪᠠᠶᠢᠷᠢᠨ ᠳᠤ ᠭᠠᠷᠬᠤ ᠪᠠᠷ ᠴᠢᠷᠮᠠᠶᠢᠬᠤ ᠬᠡᠷᠡᠭᠲᠡᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1