ᠼᠠᠢ ᠱᠧᠨ ᠮᠢᠶᠣᠣ ᠵᠡᠭᠡᠯᠢ ᠭᠤᠳᠤᠮᠵᠢ ᠳᠤ ︽ᠵᠠᠯᠠᠭᠤ ᠨᠠᠰᠤᠨ ᠤ ᠰᠠᠶᠢᠨ ᠳᠤᠷ᠎ᠠ ᠶᠢᠨ ᠠᠵᠢᠯᠯᠠᠭ᠎ᠠ᠂ ᠵᠠᠯᠠᠭᠤᠴᠤᠳ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ︾ ᠪᠠᠷ ᠬᠢᠵᠢᠭ ᠢ ᠰᠡᠷᠭᠡᠶᠢᠯᠡᠬᠦ ᠰᠢᠯᠢᠳᠡᠭ ᠰᠠᠶᠢᠨ ᠳᠤᠷ᠎ᠠ ᠶᠢᠨ ᠠᠵᠢᠯᠯᠠᠭᠴᠢ ᠶᠢᠨ ᠦᠨᠡᠮᠯᠡᠯ ᠣᠯᠭᠤᠪᠠ
ᠨᠡᠶᠢᠲᠡᠯᠡᠭᠰᠡᠨ ᠴᠠᠭ᠄
2022/3/25
     3 ᠰᠠᠷ᠎ᠠ ᠶᠢᠨ 24 ᠤ ᠡᠳᠦᠷ᠂ ᠼᠠᠢ ᠱᠧᠨ ᠮᠢᠶᠣᠣ ᠵᠡᠭᠡᠯᠢ ᠶᠢᠨ ᠴᠠᠩ ᠱᠧᠩ ᠵᠢᠶᠧ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠠᠴᠠ ᠬᠠᠷᠢᠶᠠᠲᠤ ᠣᠷᠣᠨ ᠤ ᠨᠢᠭᠡᠳᠦᠭᠡᠷ ᠹᠷᠣᠨᠲ ᠤᠨ ᠬᠢᠵᠢᠭ ᠢ ᠡᠰᠡᠷᠭᠦᠴᠡᠬᠦ ᠦᠢᠯᠡᠴᠢᠯᠡᠭᠡ ᠳᠤ ᠣᠷᠣᠯᠴᠠᠭᠰᠠᠨ ᠣᠶᠤᠲᠠᠨ ᠰᠠᠶᠢᠨ ᠳᠤᠷ᠎ᠠ ᠶᠢᠨ ᠠᠵᠢᠯᠯᠠᠭᠴᠢᠳ ᠲᠤ ᠦᠨᠡᠮᠯᠡᠯ ᠣᠯᠭᠤᠵᠤ᠂ ᠲᠡᠳᠡᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢ ᠵᠣᠷᠢᠭᠵᠢᠭᠤᠯᠤᠨ ᠬᠥᠬᠢᠭᠦᠯᠵᠦ ᠪᠠᠶᠢᠨ᠎ᠠ᠃      ᠨᠡᠶᠢᠭᠡᠮ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ ᠴᠠᠩ ᠱᠧᠩ ᠵᠡᠭᠡᠯᠢ ᠶᠢᠨ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠷᠳᠡᠭᠡ ᠰᠠᠶᠢᠨ ᠳᠤᠷ᠎ᠠ ᠶᠢᠨ ᠠᠵᠢᠯᠯᠠᠭᠴᠢ ᠶᠢ ᠡᠯᠰᠡᠬᠦ ᠵᠠᠷᠯᠢᠭ ᠢ ᠴᠠᠭ ᠲᠤᠬᠠᠢ ᠳᠤᠨᠢ ᠨᠡᠶᠢᠲᠡᠯᠡᠵᠦ᠂ ᠣᠶᠤᠲᠠᠳ ᠤᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠲᠠᠭᠠᠵᠦ᠂ ᠢᠳᠡᠪᠬᠢᠲᠡᠢ ᠪᠠᠷ ᠨᠡᠷ᠎ᠡ ᠮᠡᠳᠡᠭᠦᠯᠵᠡᠢ᠃ᠬᠤᠶᠠᠷ ᠡᠭᠡᠯᠵᠢ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ᠂ ᠡᠳᠡᠭᠡᠷ ᠣᠶᠤᠲᠠᠳ ᠤᠨ ᠰᠠᠶᠢᠨ ᠳᠤᠷ᠎ᠠ ᠶᠢᠨ ᠠᠵᠢᠯᠯᠠᠭᠴᠢᠳ ᠤᠯᠠᠭᠠᠨ ᠬᠤᠶᠠᠭ ᠢᠶᠠᠨ ᠡᠮᠦᠰᠦᠨ ᠨᠡᠶᠢᠭᠡᠮ ᠲᠣᠭᠤᠷᠢᠭ ᠤᠨ ᠠᠵᠢᠯᠲᠠᠳ ᠲᠠᠢ ᠬᠠᠮᠲᠤ ᠰᠠᠭᠤᠭᠠᠯᠢ ᠠᠷᠠᠳ ᠤᠨ ᠲᠣᠭᠤᠷᠢᠭ᠂ ᠠᠰᠠᠷ ᠲᠠᠭᠲᠤ ᠶᠢᠨ ᠳᠤᠮᠳᠠᠭᠤᠷ ᠶᠠᠪᠤᠵᠤ᠂ ᠰᠠᠭᠤᠭᠠᠯᠢ ᠠᠷᠠᠳ ᠢ ᠵᠢᠯᠣᠭᠤᠳᠤᠨ ᠡᠮᠬᠢ ᠵᠢᠷᠤᠮ ᠲᠠᠢ ᠪᠠᠷ ᠰᠢᠯᠭᠠᠨ ᠪᠠᠶᠢᠴᠠᠭᠠᠯᠲᠠ ᠬᠢᠯᠭᠡᠵᠦ᠂ ᠬᠠᠮᠤᠭ ᠤᠨ ᠭᠤᠶᠤ ᠦᠵᠡᠮᠵᠢ ᠪᠣᠯᠭᠠᠭᠰᠠᠨ ᠪᠠᠶᠢᠨ᠎ᠠ᠃      ᠣᠯᠭᠤᠬᠤ ᠶᠣᠰᠣᠯᠠᠯ ᠳᠡᠭᠡᠷ᠎ᠡ᠂ ᠬᠠᠷᠢᠶᠠᠲᠤ ᠣᠷᠣᠨ ᠤ ᠨᠢᠭᠡᠳᠦᠭᠡᠷ ᠹᠷᠣᠨᠲ ᠤᠨ ᠦᠢᠯᠡᠴᠢᠯᠡᠭᠡ ᠳᠤ ᠣᠷᠣᠯᠴᠠᠭᠰᠠᠨ ᠣᠶᠤᠲᠠᠨ ᠰᠠᠶᠢᠨ ᠳᠤᠷ᠎ᠠ ᠶᠢᠨ ᠠᠵᠢᠯᠯᠠᠭᠴᠢ ᠳᠤ ᠢᠷᠠᠭᠤ ᠠᠯᠳᠠᠷ ᠤᠨ ᠦᠨᠡᠮᠯᠡᠯ ᠣᠯᠭᠤᠵᠤ᠂ ᠲᠡᠳᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠠᠶᠤᠯ ᠲᠦᠭᠰᠢᠭᠦᠷᠢ ᠠᠴᠠ ᠠᠶᠤᠬᠤ ᠦᠭᠡᠢ᠂ ᠭᠤᠶᠠᠴᠢ ᠦᠭᠡᠢ ᠵᠢᠳᠬᠦᠵᠦ᠂ ᠠᠵᠢᠯ ᠤᠨ ᠪᠠᠶᠢᠷᠢ ᠪᠠᠨ ᠪᠠᠲᠤ ᠰᠠᠬᠢᠵᠤ᠂ ᠲᠡᠳᠡᠨ ᠤ ᠬᠤᠶᠢᠰᠢᠳᠠ ᠶᠢᠨ ᠠᠵᠢᠯ ᠠᠮᠢᠳᠤᠷᠠᠯ ᠳᠤᠮᠳᠠ ᠪᠠᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠠᠵᠢᠯ ᠳᠤ ᠢᠳᠡᠪᠬᠢᠲᠡᠢ ᠬᠠᠮᠵᠢᠯᠴᠠᠬᠤ ᠶᠢ ᠵᠣᠷᠢᠭᠵᠢᠭᠤᠯᠤᠭᠰᠠᠨ ᠳᠤ ᠲᠠᠯᠠᠷᠬᠠᠵᠤ ᠪᠠᠶᠢᠨ᠎ᠠ᠃      ᠨᠢᠭᠡ ᠬᠠᠭᠤᠳᠠᠰᠤ ᠤᠯᠠᠭᠠᠨ ᠪᠢᠴᠢᠭ᠂ ᠬᠤᠶᠠᠷ ᠮᠥᠷ ᠦᠰᠦᠭ ᠪᠢᠴᠢᠭ᠂ ᠰᠠᠶᠢᠨ ᠳᠤᠷ᠎ᠠ ᠶᠢᠨ ᠦᠢᠯᠡᠴᠢᠯᠡᠭᠡᠨ ᠤ ᠢᠷᠠᠭᠤ ᠠᠯᠳᠠᠷ ᠤᠨ ᠦᠨᠡᠮᠯᠡᠯ ᠨᠢ ᠴᠠᠩ ᠱᠧᠩ ᠵᠡᠭᠡᠯᠢ ᠶᠢᠨ ᠨᠡᠶᠢᠭᠡᠮ ᠲᠣᠭᠤᠷᠢᠭ ᠪᠣᠯᠣᠨ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠡᠳᠡᠭᠡᠷ ᠣᠶᠤᠲᠠᠳ ᠤᠨ ᠰᠠᠶᠢᠨ ᠳᠤᠷ᠎ᠠ ᠶᠢᠨ ᠠᠵᠢᠯᠯᠠᠭᠰᠠᠳ ᠲᠤ ᠬᠠᠷᠠᠮ ᠦᠭᠡᠢ ᠵᠣᠷᠢᠭᠤᠯᠤᠭᠰᠠᠨ᠂ ᠰᠢᠷᠭᠠᠭᠤ ᠬᠠᠲᠠᠭᠤᠵᠢᠯᠲᠠᠢ ᠵᠢᠳᠬᠦᠭᠰᠡᠨ ᠳᠤ ᠲᠠᠯᠠᠷᠬᠠᠵᠤ ᠪᠠᠶᠢᠬᠤ ᠪᠠ ᠨᠤᠲᠠᠯᠠᠵᠤ ᠪᠠᠶᠢᠬᠤ ᠶᠢ ᠠᠴᠢᠶᠠᠯᠠᠵᠠᠢ᠃ᠲᠡᠳᠡ ᠶᠠᠭ ᠵᠠᠯᠠᠭᠤ ᠨᠠᠰᠤᠨ ᠳᠠᠭᠠᠨ ᠪᠠᠶᠢᠭ᠎ᠠ ᠪᠣᠯᠬᠤᠷ ᠥᠪᠡᠷ ᠤᠨ ᠦᠢᠯᠡ ᠠᠵᠢᠯᠯᠠᠭ᠎ᠠ ᠪᠠᠷ ᠢᠶᠠᠨ ᠨᠤᠲᠤᠭ ᠤᠰᠤᠨ ᠳᠠᠭᠠᠨ ᠬᠠᠶᠢᠷᠠᠲᠠᠢ ᠪᠠᠶᠢᠬᠤ ᠪᠠᠨ ᠢᠯᠡᠳᠬᠡᠵᠦ ᠪᠠᠶᠢᠨ᠎ᠠ;ᠲᠡᠳᠡᠨ ᠤ ᠴᠢᠷᠮᠠᠶᠢᠯᠭ᠎ᠠ ᠪᠠ ᠬᠤᠪᠢ ᠨᠡᠮᠡᠷᠢ ᠨᠢ ᠵᠠᠯᠠᠭᠤᠴᠤᠳ ᠤᠨ ᠬᠦᠴᠦᠨ ᠴᠢᠳᠠᠯ ᠢ ᠬᠠᠷᠠᠭᠤᠯᠵᠤ ᠪᠠᠶᠢᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠼᠠᠢ ᠱᠧᠨ ᠮᠢᠶᠣᠣ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1