ᠪᠤᠭᠤᠲᠤ ᠬᠤᠲᠠ ᠶᠢᠨ 1-2 ᠰᠠᠷ᠎ᠠ ᠶᠢᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠨ᠎ᠠ
ᠨᠡᠶᠢᠲᠡᠯᠡᠭᠰᠡᠨ ᠴᠠᠭ᠄
2022/3/28
     ᠡᠨᠡ ᠵᠢᠯ ᠠᠴᠠ ᠨᠠᠰᠢ᠂ ᠪᠤᠭᠤᠲᠤ ᠬᠤᠲᠠ ᠪᠥᠬᠦ ᠤᠯᠤᠰ᠂ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠶᠢᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠯᠡᠨ᠂ ︽ᠡᠬᠢᠯᠡᠯᠲᠡ ᠪᠣᠯ ᠰᠢᠪᠲᠤᠯᠤᠯᠲᠠ᠂ ᠡᠬᠢᠯᠡᠯᠲᠡ ᠪᠣᠯ ᠰᠢᠢᠳᠪᠦᠷᠢᠲᠦ ᠪᠠᠶᠢᠯᠳᠤᠭᠠᠨ︾ ᠭᠡᠬᠦ ᠲᠡᠮᠡᠴᠡᠯ ᠤᠨ ᠳᠦᠷᠢ ᠪᠠᠶᠢᠳᠠᠯ ᠢᠶᠠᠷ ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ ᠪᠣᠳᠠᠲᠠᠢ ᠪᠥᠭᠡᠳ ᠨᠠᠷᠢᠯᠢᠭ ᠠᠳᠬᠤᠵᠤ᠂ 1-2 ᠳ᠋ᠤᠭᠠᠷ ᠰᠠᠷ᠎ᠠ ᠳᠤ ᠪᠥᠬᠦ ᠬᠤᠲᠠ ᠶᠢᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠨ᠎ᠠ᠃      ᠠᠷᠪᠠᠨ ᠤ ᠨᠠᠢᠮᠠᠨ ᠬᠤᠪᠢ ᠣᠷᠴᠢᠮ ᠤᠨ ᠠᠵᠢᠯ ᠲᠥᠷᠥᠯ ᠶᠠᠭ ᠨᠡᠮᠡᠭᠳᠡᠵᠦ ᠪᠠᠶᠢᠨ᠎ᠠ       1-2 ᠳ᠋ᠤᠭᠠᠷ ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 21.6% ᠪᠠᠷ ᠨᠡᠮᠡᠭᠳᠡᠪᠡ᠃      ᠭᠤᠷᠪᠠᠨ ᠶᠡᠭᠡ ᠲᠥᠷᠥᠯ ᠵᠦᠢᠯ ᠤᠨ ︽ᠬᠤᠶᠠᠷ  ᠢ ᠨᠡᠮᠡᠭᠳᠡᠭᠦᠯᠵᠦ ᠨᠢᠭᠡ ᠶᠢ ᠪᠠᠭᠤᠷᠠᠭᠤᠯᠬᠤ︾ ᠶᠠᠪᠤᠴᠠ ᠳᠤ ᠂ ᠠᠷᠪᠠᠨ ᠤ ᠨᠠᠢᠮᠠᠨ ᠬᠤᠪᠢ ᠶᠢᠨ ᠠᠵᠢᠯ ᠲᠥᠷᠥᠯ ᠤᠨ ᠬᠢᠨ ᠶᠠᠭ ᠨᠡᠮᠡᠭᠳᠡᠯ ᠤᠨ ᠬᠠᠨᠳᠤᠰᠢ ᠲᠠᠢ ᠪᠠᠶᠢᠨ᠎ᠠ᠃ᠭᠤᠷᠪᠠᠨ ᠶᠡᠭᠡ ᠲᠥᠷᠥᠯ ᠬᠤᠪᠢᠶᠠᠵᠤ ᠦᠵᠡᠪᠡᠯ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 25.6% ᠪᠠᠷ ᠨᠡᠮᠡᠭᠳᠡᠵᠦ᠂ ᠦᠶᠯᠡᠳᠬᠦ ᠦᠢᠯᠡᠰ 28.6% ᠪᠠᠷ ᠨᠡᠮᠡᠭᠳᠡᠨ᠂ ᠴᠠᠬᠢᠯᠭᠠᠨ ᠬᠦᠴᠦᠨ ᠤ ᠰᠢᠲᠠᠮᠠᠬᠠᠢ ᠬᠡᠢ ᠤᠰᠤᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 3.9% ᠪᠠᠷ ᠪᠠᠭᠤᠷᠠᠪᠠ᠃ᠭᠤᠷᠪᠠᠨ ᠲᠣᠮᠣ ᠲᠥᠷᠥᠯ ᠤᠨ ᠨᠡᠮᠡᠭᠳᠡᠯ ᠥᠷᠲᠡᠭ ᠤᠨ ᠡᠵᠡᠯᠡᠬᠦ ᠬᠠᠷᠢᠴᠠᠯ ᠨᠢ ᠲᠣᠰ ᠲᠣᠰ 19.1%᠂ 66.3% ᠪᠠ 14.6% ᠪᠣᠯᠣᠨ᠎ᠠ᠃ᠠᠵᠢᠯ ᠲᠥᠷᠥᠯ ᠢᠶᠠᠷ ᠬᠤᠪᠢᠶᠠᠵᠤ ᠦᠵᠡᠪᠡᠯ᠂ 31 ᠠᠵᠢᠯ ᠲᠥᠷᠥᠯ ᠤᠨ ᠶᠡᠭᠡ ᠲᠥᠷᠥᠯ ᠤᠨ ᠳᠣᠲᠣᠷ᠎ᠠ᠂ 24 ᠠᠵᠢᠯ ᠲᠥᠷᠥᠯ ᠤᠨ ᠨᠡᠮᠡᠭᠳᠡᠯ ᠥᠷᠲᠡᠭ ᠨᠢ ᠵᠥᠪ ᠴᠢᠭᠯᠡᠯ ᠢᠶᠠᠷ ᠨᠡᠮᠡᠭᠳᠡᠵᠦ᠂ ᠡᠵᠡᠯᠡᠬᠦ ᠬᠠᠷᠢᠴᠠᠯ ᠨᠢ 77.4% ᠳᠤ ᠬᠦᠷᠴᠡᠢ᠃      ᠭᠤᠣᠯᠳᠠᠯᠭ᠎ᠠ ᠲᠠᠢ ᠠᠵᠤ ᠦᠢᠯᠡᠰ ᠤᠨ ᠲᠤᠯᠭᠠᠭᠤᠷᠢᠯᠠᠯ ᠢᠯᠡᠷᠬᠡᠢ ᠪᠠᠶᠢᠵᠤ᠂ ᠴᠠᠬᠢᠭᠤᠷ ᠤᠨ ᠦᠢᠯᠡᠰ ᠡᠷᠴᠢᠮᠲᠡᠢ ᠨᠡᠮᠡᠭᠳᠡᠯ ᠤᠨ ᠬᠠᠨᠳᠤᠰᠢ ᠪᠠᠨ ᠪᠠᠲᠤᠯᠠᠪᠠ᠃1-2 ᠰᠠᠷ᠎ᠠ ᠳᠤ᠂ ᠪᠥᠬᠦ ᠬᠤᠲᠠ ᠶᠢᠨ ᠪᠣᠯᠣᠳ ᠲᠡᠮᠦᠷ᠂ ᠬᠥᠩᠭᠡᠨ ᠴᠠᠭᠠᠨ ᠤ ᠦᠢᠯᠡᠰ᠂ ᠲᠣᠨᠤᠭ ᠲᠥᠬᠦᠭᠡᠷᠦᠮᠵᠢ ᠦᠶᠯᠡᠳᠬᠦ ᠦᠢᠯᠡᠰ᠂ ᠬᠤᠪᠣᠷ ᠰᠢᠷᠣᠢ᠂ ᠴᠠᠬᠢᠯᠭᠠᠨ ᠬᠦᠴᠦᠨ᠂ ᠴᠠᠬᠢᠭᠤᠷ ᠤᠨ ᠦᠢᠯᠡᠰ ᠵᠡᠷᠭᠡ ᠵᠢᠷᠭᠤᠭᠠᠨ ᠶᠡᠭᠡ ᠭᠤᠣᠯᠳᠠᠯᠭ᠎ᠠ ᠲᠠᠢ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 26.7% ᠨᠡᠮᠡᠭᠳᠡᠵᠦ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 81.9% ᠬᠦᠷᠴᠡᠢ᠃ᠡᠭᠦᠨ ᠳᠤ᠂ ᠴᠠᠬᠢᠭᠤᠷ ᠤᠨ ᠦᠢᠯᠡᠰ ᠤᠨ ᠨᠡᠮᠡᠭᠳᠡᠯ ᠤᠨ ᠬᠤᠷᠳᠤᠴᠠ ᠨᠢ ᠵᠢᠷᠭᠤᠭᠠᠨ ᠶᠡᠭᠡ ᠠᠵᠤ ᠦᠢᠯᠡᠰ ᠤᠨ ᠲᠡᠷᠢᠭᠦᠨ ᠳᠤ ᠣᠷᠣᠵᠤ᠂ 175.8% ᠳᠤ ᠬᠦᠷᠴᠡᠢ︔ᠬᠤᠪᠣᠷ ᠰᠢᠷᠣᠢ᠂ ᠲᠣᠨᠣᠭᠯᠠᠯ ᠦᠢᠯᠡᠳᠬᠦ ᠵᠢᠴᠢ ᠬᠥᠩᠭᠡᠨ ᠴᠠᠭᠠᠨ ᠤ ᠦᠢᠯᠡᠰ ᠲᠤᠰ ᠲᠤᠰ 66.4%᠂ 48.9% ᠪᠠ 22.1% ᠪᠠᠷ ᠨᠡᠮᠡᠭᠳᠡᠪᠡ᠃      ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢ ᠲᠦᠷᠭᠡᠪᠴᠢᠯᠡᠨ ᠬᠤᠪᠢᠷᠠᠭᠤᠯᠵᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠠᠮᠢᠳᠤᠯᠢᠭ ᠬᠦᠴᠦᠨ ᠢ ᠴᠢᠩᠭᠠᠷᠠᠭᠤᠯᠪᠠ᠃1-2 ᠰᠠᠷ᠎ᠠ ᠳᠤ᠂ ᠬᠤᠩ ᠶᠤᠸᠠᠨ ᠰᠢᠨ᠎ᠡ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ᠂ ᠱᠤᠸᠠᠩ ᠯᠢᠶᠠᠩ ᠴᠠᠬᠢᠭᠤᠷ ᠮᠠᠲ᠋ᠧᠷᠢᠶᠠᠯ ︵ᠪᠤᠭᠤᠲᠤ︶ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠤᠨ ᠳᠠᠶᠢᠴᠢᠯᠠᠯᠲᠠ ᠳᠣᠣᠷ᠎ᠠ᠂ ᠪᠥᠬᠦ ᠬᠤᠲᠠ ᠶᠢᠨ ᠳᠡᠭᠡᠳᠦ ᠮᠡᠷᠭᠡᠵᠢᠯ ᠤᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 78.7% ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠴᠠ 57.1 ᠵᠠᠭᠤᠨ ᠤ ᠨᠢᠭᠡᠴᠢ ᠥᠨᠳᠥᠷ ᠪᠣᠯᠪᠠ︔ᠠᠷᠠᠳ ᠤᠨ ᠡᠵᠡᠩᠨᠡᠭᠰᠡᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 24.3% ᠪᠠᠷ ᠨᠡᠮᠡᠭᠳᠡᠵᠦ᠂ ᠠᠷᠠᠳ ᠤᠨ ᠡᠵᠡᠩᠨᠡᠭᠰᠡᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠡᠵᠡᠯᠡᠬᠦ ᠬᠠᠷᠢᠴᠠᠯ 24.4% ᠪᠣᠯᠪᠠ᠃      ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠬᠦ ᠬᠡᠮᠵᠢᠶ᠎ᠡ ᠪᠠᠭ᠎ᠠ ᠬᠡᠮᠵᠢᠶ᠎ᠡ ᠪᠠᠷ ᠨᠡᠮᠡᠭᠳᠡᠵᠦ᠂ ᠤᠢᠢᠯᠡᠳᠬ᠋ᠡᠭᠦᠨ ᠤ ᠭᠠᠷᠤᠯᠲᠠ ᠵᠠᠷᠢᠮ ᠲᠠᠯ᠎ᠠ ᠪᠠᠷ ᠨᠡᠮᠡᠭᠳᠡᠵᠦ ᠵᠠᠷᠢᠮ ᠲᠠᠯ᠎ᠠ ᠪᠠᠷ ᠬᠠᠰᠤᠭᠳᠠᠪᠠ᠃1-2 ᠰᠠᠷ᠎ᠠ ᠳᠤ᠂ ᠪᠥᠬᠦ ᠬᠤᠲᠠ ᠶᠢᠨ ᠠᠵᠤ ᠦᠢᠯᠡᠳᠪᠦᠷᠢ ᠳᠤ ᠬᠡᠷᠡᠭᠯᠡᠭᠰᠡᠨ ᠴᠠᠬᠢᠯᠭᠠᠨ ᠤ ᠬᠡᠮᠵᠢᠶ᠎ᠡ 120 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.6% ᠪᠠᠷ ᠨᠡᠮᠡᠭᠳᠡᠪᠡ᠃ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠭᠤᠣᠯ ᠪᠣᠯᠬᠤ ᠦᠢᠯᠡᠳᠬᠦᠨ ᠤ ᠭᠠᠷᠤᠯᠲᠠ ᠨᠡᠮᠡᠭᠳᠡᠯ ᠲᠠᠢ ᠬᠠᠰᠤᠭᠳᠠᠯ ᠲᠠᠢ ᠪᠠᠶᠢᠵᠤ᠂ ᠡᠭᠦᠨ ᠳᠤ ᠲᠠᠩ ᠲᠠᠯᠠᠰᠲᠤ ᠴᠠᠬᠢᠭᠤᠷ ᠤᠨ ᠭᠠᠷᠤᠯᠲᠠ ᠠᠳᠠᠯᠢ ᠬᠤᠭᠤᠴᠠᠭᠠᠨ ᠤ ᠬᠢ ᠠᠴᠠ 98.7%  ᠪᠠᠷ ᠨᠡᠮᠡᠭᠳᠡᠵᠦ᠂ ᠣᠯᠠᠨ ᠲᠠᠯᠠᠰᠲᠤ ᠴᠠᠬᠢᠭᠤᠷ 12.9% ᠪᠠᠷ ᠨᠡᠮᠡᠭᠳᠡᠵᠦ᠂ ᠲᠠᠩ ᠭᠠᠭᠴᠠ ᠬᠤᠪᠣᠷ ᠰᠢᠷᠣᠢ ᠶᠢᠨ ᠲᠡᠮᠦᠷᠯᠢᠭ 70.4% ᠪᠠᠷ ᠨᠡᠮᠡᠭᠳᠡᠵᠦ᠂ ᠠᠭᠤᠷᠬᠠᠢ ᠶᠢᠨ ᠲᠤᠰᠬᠠᠢ ᠬᠡᠷᠡᠭᠯᠡᠭᠡᠨ ᠤ ᠲᠥᠬᠦᠭᠡᠷᠦᠮᠵᠢ 35.5 ᠳᠠᠬᠢᠨ ᠢᠶᠠᠷ ᠨᠡᠮᠡᠭᠳᠡᠵᠦ᠂ ᠤᠤᠯ ᠤᠨ ᠬᠥᠩᠭᠡᠨ ᠴᠠᠭᠠᠨ 5.1% ᠪᠠᠷ ᠨᠡᠮᠡᠭᠳᠡᠪᠡ᠃      ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠡᠬᠡᠪᠡᠷ ᠨᠡᠮᠡᠭᠳᠡᠪᠡ      1︱ 2 ᠰᠠᠷ᠎ᠠ ᠳᠤ᠂ ᠪᠥᠬᠦ ᠬᠤᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 63.9% ᠪᠠᠷ ᠨᠡᠮᠡᠭᠳᠡᠪᠡ᠃      ᠠᠵᠤ ᠦᠢᠯᠡᠰ ᠤᠨ ᠪᠡᠯᠡ ᠣᠷᠣᠭᠤᠯᠤᠯᠲᠠ ᠶᠢᠨ ︽ᠬᠤᠶᠠᠷ ᠢ ᠳᠡᠭᠡᠭᠰᠢᠯᠡᠭᠦᠯᠵᠦ ᠨᠢᠭᠡ ᠶᠢ ᠪᠠᠭᠤᠷᠠᠭᠤᠯᠵᠤ︾᠂ ᠬᠤᠶᠠᠳᠤᠭᠠᠷ ᠠᠵᠤ ᠦᠢᠯᠡᠰ ᠤᠨ ᠬᠤᠪᠢ ᠨᠡᠮᠡᠷᠢ ᠲᠣᠪᠣᠶᠢᠮ᠎ᠠ ᠪᠣᠯᠪᠠ᠃ᠠᠵᠤ ᠦᠢᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 87.8% ᠪᠠᠷ ᠪᠠᠭᠤᠷᠠᠪᠠ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 1.4 ᠳᠠᠬᠢᠨ ᠨᠡᠮᠡᠭᠳᠡᠵᠦ᠂ ᠪᠥᠬᠦ ᠬᠤᠲᠠ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ 77.9 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ 63.2 ᠵᠠᠭᠤᠨ ᠤ ᠨᠢᠭᠡᠴᠢ ᠳᠠᠶᠢᠴᠢᠯᠠᠪᠠ︔ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 7.1% ᠪᠠᠷ ᠨᠡᠮᠡᠭᠳᠡᠪᠡ᠃      ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠪᠡᠯᠡ ᠣᠷᠣᠭᠤᠯᠤᠯᠲᠠ ᠲᠣᠭᠲᠠᠭᠤᠨ ᠢᠶᠠᠷ ᠨᠡᠮᠡᠭᠳᠡᠵᠦ᠂ ᠠᠷᠠᠳ ᠤᠨ ᠪᠡᠯᠡ ᠣᠷᠣᠭᠤᠯᠤᠯᠲᠠ ᠶᠢᠨ ᠠᠮᠢᠳᠤᠯᠢᠭ1-2 ᠰᠠᠷ᠎ᠠ ᠳᠤ᠂ ᠪᠥᠬᠦ ᠬᠤᠲᠠ ᠶᠢᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ‍ᠤᠡᠭᠦᠨ ᠠᠴᠠ ᠭᠠᠳᠠᠨ᠎ᠠ᠂ ᠪᠥᠬᠦ ᠬᠤᠲᠠ ᠶᠢᠨ ᠠᠷᠠᠳ ᠤᠨ ᠪᠡᠯᠡ ᠣᠷᠣᠭᠤᠯᠤᠯᠲᠠ 1.1 ᠳᠠᠬᠢᠨ ᠨᠡᠮᠡᠭᠳᠡᠵᠦ᠂ ᠪᠥᠬᠦ ᠬᠤᠲᠠ ᠶᠢᠨ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ 70.4% ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 15.7 ᠵᠠᠭᠤᠨ ᠤ ᠨᠢᠭᠡᠴᠢ ᠳᠡᠭᠡᠭᠰᠢᠯᠡᠪᠡ︔ᠠᠷᠠᠳ ᠤᠨ ᠪᠡᠯᠡ ᠣᠷᠣᠭᠤᠯᠤᠯᠲᠠ ᠶᠢᠨ ᠪᠥᠬᠦ ᠬᠤᠲᠠ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 95% ᠳᠤ ᠬᠦᠷᠴᠦ᠂ ᠪᠥᠬᠦ ᠬᠤᠲᠠ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ 60.7 ᠵᠠᠭᠤᠨ ᠤ ᠨᠢᠭᠡᠴᠢ ᠳᠠᠶᠢᠴᠢᠯᠠᠪᠠ᠃      ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠠᠨᠳᠤᠰᠢ ᠪᠠᠭᠤᠷᠠᠬᠤ ᠦᠭᠡᠢ ᠪᠠᠶᠢᠵᠤ᠂ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ ᠶᠡᠭᠡ ᠬᠡᠮᠵᠢᠶ᠎ᠡ ᠪᠠᠷ ᠨᠡᠮᠡᠭᠳᠡᠪᠡ᠃1-2 ᠰᠠᠷ᠎ᠠ ᠳᠤ᠂ ᠪᠥᠬᠦ ᠬᠤᠲᠠ ᠶᠢᠨ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠳᠡᠭᠡᠷ᠎ᠡ ᠵᠢᠯ ᠤᠨ ᠬᠦᠴᠦᠲᠡᠢ ᠨᠡᠮᠡᠭᠳᠡᠯ ᠤᠨ ᠬᠠᠨᠳᠤᠰᠢ ᠪᠠᠨ ᠦᠷᠭᠦᠯᠵᠢᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2 ᠳᠠᠬᠢᠨ ᠨᠡᠮᠡᠭᠳᠡᠨ᠂ ᠪᠥᠬᠦ ᠬᠤᠲᠠ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 19.1% ᠳᠤ ᠬᠦᠷᠴᠦ᠂ ᠪᠥᠬᠦ ᠬᠤᠲᠠ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠢ 12.2 ᠵᠠᠭᠤᠨ ᠤ ᠨᠢᠭᠡᠴᠢ ᠳᠠᠶᠢᠴᠢᠯᠠᠪᠠ᠃ᠡᠭᠦᠨ ᠠᠴᠠ ᠭᠠᠳᠠᠨ᠎ᠠ᠂ ᠠᠵᠤ ᠦᠢᠯᠡᠳᠪᠦᠷᠢ ᠶᠢᠨ ᠮᠡᠷᠭᠡᠵᠢᠯ ᠤᠨ ᠥᠭᠡᠷᠡᠴᠢᠯᠡᠯᠲᠡ ᠶᠢᠨ ᠪᠡᠯᠡ ᠣᠷᠣᠭᠤᠯᠤᠯᠲᠠ 2.8 ᠳᠠᠬᠢᠨ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠣᠰ ᠲᠣᠰ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠪᠠ ᠪᠥᠬᠦ ᠪᠡᠯᠡ ᠣᠷᠣᠭᠤᠯᠤᠯᠲᠠ ᠠᠴᠠ 139.5 ᠪᠠ 217.4 ᠵᠠᠭᠤᠨ ᠤ ᠨᠢᠭᠡᠴᠢ ᠥᠨᠳᠥᠷ ᠪᠣᠯᠪᠠ᠃      ᠬᠡᠷᠡᠭᠯᠡᠭᠡᠨ ᠤ ᠦᠨ᠎ᠡ ᠬᠠᠩᠰᠢ ︽ᠬᠤᠶᠠᠷ  ᠢ ᠪᠠᠭᠤᠷᠠᠭᠤᠯᠵᠤ ᠵᠢᠷᠭᠤᠭ᠎ᠠ  ᠶᠢ ᠥᠰᠬᠡᠪᠡ︾      1︱ 2 ᠰᠠᠷ᠎ᠠ ᠳᠤ᠂ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 161.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ  ᠬᠢ ᠠᠴᠠ 4.4% ᠨᠡᠮᠡᠭᠳᠡᠪᠡ᠃ᠡᠵᠡᠩᠨᠡᠯᠲᠡ ᠶᠢᠨ ᠭᠠᠵᠠᠷ ᠢᠶᠠᠷ ᠨᠢ ᠬᠤᠪᠢᠶᠠᠪᠠᠯ᠂ ᠬᠤᠳᠠ ᠪᠠᠯᠭᠠᠰᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠬᠡᠮᠵᠢᠶ᠎ᠡ ᠶᠢ 157.8 ᠳ᠋ᠦᠩᠰᠢᠭᠤᠷ ᠲᠥᠭᠦᠷᠢᠭ ᠢᠶᠠᠷ ᠲᠣᠬᠢᠷᠠᠭᠤᠯᠵᠤ᠂ 4.4% ᠪᠠᠷ ᠨᠡᠮᠡᠭᠳᠡᠭᠦᠯᠦᠨ᠎ᠡ;ᠬᠥᠳᠡᠭᠡ ᠲᠣᠰᠬᠤᠨ ᠤ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠬᠡᠮᠵᠢᠶ᠎ᠡ ᠶᠢ 3.3 ᠳ᠋ᠦᠩᠰᠢᠭᠤᠷ ᠲᠥᠭᠦᠷᠢᠭ ᠢᠶᠠᠷ ᠲᠣᠬᠢᠷᠠᠭᠤᠯᠵᠤ᠂ 4% ᠪᠠᠷ ᠨᠡᠮᠡᠭᠳᠡᠭᠦᠯᠦᠨ᠎ᠡ᠃ᠬᠡᠷᠡᠭᠯᠡᠭᠡᠨ ᠤ ᠲᠦᠷᠦᠯ ᠵᠦᠢᠯ ᠢᠶᠠᠷ ᠬᠤᠪᠢᠶᠠᠪᠠᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 145 ᠳ᠋ᠦᠩᠰᠢᠭᠤᠷ ᠲᠥᠭᠦᠷᠢᠭ ᠲᠤ ᠬᠦᠷᠴᠦ᠂ 4.7% ᠪᠠᠷ ᠨᠡᠮᠡᠭᠳᠡᠨ᠎ᠡ;ᠢᠳᠡᠭᠡᠨ ᠤᠮᠳᠠᠭᠠᠨ ᠤ ᠣᠷᠣᠯᠭ᠎ᠠ ᠶᠢ 16.1 ᠳ᠋ᠦᠩᠰᠢᠭᠤᠷ ᠲᠥᠭᠦᠷᠢᠭ ᠢᠶᠠᠷ ᠲᠣᠬᠢᠷᠠᠭᠤᠯᠵᠤ᠂ 1.3% ᠪᠠᠷ ᠨᠡᠮᠡᠭᠳᠡᠭᠦᠯᠦᠨ᠎ᠡ᠃      ᠠᠵᠤ ᠠᠬᠤᠶᠢᠯᠠᠯ ᠤᠨ ᠲᠣᠭᠲᠠᠭᠤᠨ ᠢᠶᠠᠷ ᠬᠥᠭᠵᠢᠬᠦ ᠶᠢ ᠬᠢᠵᠠᠭᠠᠷᠯᠠᠵᠤ᠂ ᠰᠦᠯᠵᠢᠶ᠎ᠡ ᠪᠠᠷ ᠵᠢᠵᠢᠭᠯᠡᠨ ᠬᠤᠳᠠᠯᠳᠤᠬᠤ ᠬᠡᠮᠵᠢᠶ᠎ᠡ ᠶᠡᠭᠡ ᠪᠠᠷ ᠨᠡᠮᠡᠭᠳᠡᠪᠡ᠃1-2 ᠰᠠᠷ᠎ᠠ ᠳᠤ᠂ ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ ᠠᠵᠤ ᠠᠬᠤᠶᠢᠯᠠᠯ ᠤᠨ ᠵᠢᠵᠢᠭᠯᠡᠨ ᠬᠤᠳᠠᠯᠳᠤᠭᠰᠠᠨ ᠲᠤᠭ᠎ᠠ 38.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2% ᠨᠡᠮᠡᠭᠳᠡᠵᠡᠢ᠃ᠡᠭᠦᠨ ᠤ ᠳᠣᠲᠣᠷ᠎ᠠ᠂ ᠲᠠᠸᠠᠷ ᠢ ᠵᠢᠵᠢᠭᠯᠡᠨ ᠬᠤᠳᠠᠯᠳᠤᠬᠤ ᠬᠡᠮᠵᠢᠶ᠎ᠡ ᠶᠢ 35.8 ᠳ᠋ᠦᠩᠰᠢᠭᠤᠷ ᠲᠥᠭᠦᠷᠢᠭ ᠢᠶᠠᠷ ᠲᠣᠬᠢᠷᠠᠭᠤᠯᠵᠤ᠂ 8.1% ᠪᠠᠷ ᠨᠡᠮᠡᠭᠳᠡᠭᠦᠯᠦᠨ᠎ᠡ;ᠢᠳᠡᠭᠡᠨ ᠤᠮᠳᠠᠭᠠᠨ ᠤ ᠣᠷᠣᠯᠭ᠎ᠠ 2.7 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.9% ᠪᠠᠭᠤᠷᠠᠵᠠᠢ᠃ᠡᠭᠦᠨ ᠠᠴᠠ ᠭᠠᠳᠠᠨ᠎ᠠ᠂ ᠪᠥᠬᠦ ᠬᠤᠲᠠ ᠶᠢᠨ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠣᠯᠠᠨ ᠨᠡᠶᠢᠲᠡ ᠶᠢᠨ ᠰᠦᠯᠵᠢᠶ᠎ᠡ ᠪᠠᠷ ᠳᠠᠮᠵᠢᠭᠤᠯᠤᠨ ᠪᠡᠶᠡᠯᠡᠭᠦᠯᠦᠭᠰᠡᠨ ᠲᠠᠸᠠᠷ ᠤᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 1.1 ᠳᠠᠬᠢᠨ ᠨᠡᠮᠡᠭᠳᠡᠵᠡᠢ᠃      ᠴᠢᠯᠠᠭᠤᠨ ᠲᠤᠰᠤᠨ ᠤ ᠵᠢᠵᠢᠭᠯᠡᠨ ᠬᠤᠳᠠᠯᠳᠤᠬᠤ ᠬᠡᠮᠵᠢᠶ᠎ᠡ ᠨᠡᠯᠢᠶᠡᠳ ᠲᠦᠷᠭᠡᠨ ᠢᠶᠠᠷ ᠨᠡᠮᠡᠭᠳᠡᠵᠦ᠂ ᠮᠠᠰᠢᠨ ᠲᠡᠷᠭᠡᠨ ᠤ ᠪᠣᠷᠤᠯᠠᠭᠤᠯᠭ᠎ᠠ ᠨᠡᠯᠢᠶᠡᠳ ᠪᠠᠷᠤᠭᠲᠠᠢ ᠪᠠᠶᠢᠨ᠎ᠠ᠃ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠲᠥᠷᠥᠯ ᠬᠤᠪᠢᠶᠠᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠴᠠ ᠦᠵᠡᠪᠡᠯ᠂ 1-2 ᠰᠠᠷ᠎ᠠ ᠳᠤ᠂ ᠲᠣᠰᠣᠨ ᠤ ᠦᠨ᠎ᠡ ᠥᠰᠦᠭᠰᠡᠨ ᠬᠦᠴᠦᠨ ᠵᠦᠢᠯ ᠤᠨ ᠨᠥᠯᠥᠭᠡ ᠠᠴᠠ ᠪᠣᠯᠵᠤ᠂ ᠴᠢᠯᠠᠭᠤᠨ ᠲᠣᠰᠣ ᠵᠢᠴᠢ ᠪᠦᠲᠦᠭᠡᠭᠳᠡᠬᠦᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 21.7% ᠪᠠᠷ ᠨᠡᠮᠡᠭᠳᠡᠪᠡ︔ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 9.5% ᠪᠠᠷ ᠪᠠᠭᠤᠷᠠᠪᠠ᠃      1︱ 2 ᠰᠠᠷ᠎ᠠ ᠳᠤ᠂ ᠪᠥᠬᠦ ᠬᠤᠲᠠ ᠶᠢᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠶᠡᠷᠦᠩᠬᠡᠢ ᠲᠦᠪᠰᠢᠨ ᠠᠳᠠᠯᠢ ᠬᠤᠭᠤᠴᠠᠭᠠᠨ ᠤ ᠬᠢ ᠠᠴᠠ 0.5% ᠪᠠᠷ ᠥᠰᠴᠡᠢ᠃ᠲᠥᠷᠥᠯ ᠬᠤᠪᠢᠶᠠᠵᠤ ᠦᠵᠡᠪᠡᠯ ᠂ ᠢᠳᠡᠭᠡᠨ ᠤ ᠵᠦᠢᠯ ᠠᠷᠢᠬᠢ ᠲᠠᠮᠠᠬᠢᠨ ᠤ ᠵᠦᠢᠯ᠂ ᠡᠮ ᠡᠮᠨᠡᠯᠭᠡ ᠡᠷᠡᠭᠦᠯᠵᠢᠯ ᠤᠨ ᠵᠦᠢᠯ ᠤᠨ ᠦᠨ᠎ᠡ ᠬᠠᠩᠰᠢ ᠲᠣᠰ ᠲᠣᠰ 2.8% ᠪᠠ 0.3% ᠪᠠᠭᠤᠷᠠᠭᠰᠠᠨ  ᠠᠴᠠ ᠭᠠᠳᠠᠨ᠎ᠠ᠂ ᠪᠤᠰᠤᠳ ᠲᠠᠸᠠᠷ ᠪᠠ ᠦᠢᠯᠡᠴᠢᠯᠡᠭᠡᠨ ᠤ ᠵᠦᠢᠯᠡᠰ ᠤᠨ ᠦᠨ᠎ᠡ ᠬᠠᠩᠰᠢ ᠴᠥᠮ ᠥᠰᠬᠦ ᠬᠠᠨᠳᠤᠰᠢ ᠲᠠᠢ ᠪᠠᠶᠢᠨ᠎ᠠ᠃ᠡᠭᠦᠨ ᠤ ᠳᠣᠲᠣᠷ᠎ᠠ ᠵᠠᠮ ᠬᠠᠷᠢᠯᠴᠠᠭ᠎ᠠ ᠪᠠ ᠮᠡᠳᠡᠭᠡ ᠬᠤᠯᠪᠣᠭᠠᠨ ᠤ ᠲᠥᠷᠥᠯ ᠤᠨ ᠦᠨ᠎ᠡ ᠬᠠᠩᠰᠢ 4.9% ᠥᠰᠴᠦ᠂ ᠬᠠᠮᠤᠭ ᠤᠨ ᠶᠡᠭᠡ ᠥᠰᠦᠭᠰᠡᠨ ᠪᠠᠶᠢᠨ᠎ᠠ ᡽ᠰᠤᠷᠭᠠᠨ ᠬᠥᠮᠦᠵᠢᠯ ᠰᠣᠶᠣᠯ ᠪᠠ ᠵᠤᠭ᠎ᠠ ᠴᠡᠩᠭᠡᠯ ᠤᠨ ᠲᠦᠷᠦᠯ ᠤᠨ ᠦᠨ᠎ᠡ ᠬᠠᠩᠰᠢ 4.2% ᠢᠶᠠᠷ ᠥᠰᠴᠦ᠂ ᠪᠤᠰᠤᠳ ᠬᠡᠷᠡᠭᠯᠡᠭᠡᠨ ᠤ ᠵᠦᠢᠯ ᠪᠠ ᠦᠢᠯᠡᠴᠢᠯᠡᠭᠡᠨ ᠤ ᠵᠦᠢᠯ ᠤᠨ ᠦᠨ᠎ᠡ ᠬᠠᠩᠰᠢ 0.7% ᠪᠠᠷ ᠥᠰᠴᠦ᠂ ᠣᠷᠣᠨ ᠰᠠᠭᠤᠴᠠ ᠶᠢᠨ ᠵᠦᠢᠯ᠂ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡᠨ ᠤ ᠵᠦᠢᠯ ᠤᠨ ᠦᠨ᠎ᠡ ᠬᠠᠩᠰᠢ ᠴᠥᠮ 0.5% ᠪᠠᠷ ᠥᠰᠴᠦ᠂ ᠬᠤᠪᠴᠠᠰᠤ ᠬᠤᠨᠠᠷ ᠤᠨ ᠵᠦᠢᠯ ᠤᠨ ᠦᠨ᠎ᠡ ᠬᠠᠩᠰᠢ 0.4% ᠪᠠᠷ ᠥᠰᠪᠡ᠃
 
ᠢᠷᠡᠯᠲᠡ᠄ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1