ᠶᠠᠩ ᠡᠯ ᠰᠢ ᠪᠦᠬᠦ ᠣᠷᠣᠨ ᠤ ᠡᠳ᠋ ᠤᠨ ᠵᠠᠰᠠᠭ ᠭᠠᠶᠢᠯᠢ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/3/7
     2 ᠳ᠋ᠤᠭᠠᠷ ᠰᠠᠷ᠎ᠠ ᠶᠢᠨ 23 ᠤ ᠡᠳᠦᠷ᠂ ᠣᠷᠣᠨ ᠤ ᠨᠠᠮ ᠤᠨ ᠬᠤᠷᠢᠶ᠎ᠠ ᠶᠢᠨ ᠱᠦᠵᠢ ᠶᠠᠩ ᠡᠯ ᠰᠢ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠠᠶᠢᠯᠢ ᠶᠢᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ  ᠡᠳ᠋ ᠤᠨ ᠵᠠᠰᠠᠭ ᠭᠠᠶᠢᠯᠢ ᠶᠢᠨ ᠠᠵᠢᠯ ᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ᠃
ᠶᠠᠩ ᠡᠯ ᠰᠢ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠠᠶᠢᠯᠢ ᠶᠢᠨ ᠶᠡᠭᠡ ᠲᠢᠩᠬᠢᠮ ᠳᠤ ᠪᠠᠶᠢᠴᠠᠭᠠᠨ ᠰᠤᠳᠤᠯᠬᠤ      ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠯᠢ ᠰᠢᠶᠣᠣ ᠬᠤᠩ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠬᠤ ᠭᠦᠸᠧ ᠷᠦᠢ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠮᠠ ᠨᠢ᠂ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠩ ᠴᠢᠤᠸᠠᠨ ᠸᠧᠢ᠂ ᠶᠠᠩ ᠵᠢᠶᠠᠨ ᠵᠢᠶᠦ᠋ᠨ᠂ ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ‌‍ᠰᠤᠳᠤᠯᠤᠯᠲᠠ ᠬᠢᠬᠦ᠃      ᠬᠤᠷᠠᠯ ᠳᠤ᠂ ᠶᠠᠩ ᠡᠯ ᠰᠢ ᠪᠦᠬᠦ ᠣᠷᠣᠨ ᠤ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠪᠦᠬᠦ ᠣᠷᠣᠨ ᠤ ᠭᠠᠶᠢᠯᠢ ᠶᠢᠨ ᠣᠷᠣᠯᠭ᠎ᠠ᠂ ᠭᠠᠶᠢᠯᠢ ᠶᠢᠨ ᠲᠦᠷᠦ ᠶᠢᠨ ᠪᠣᠳᠣᠯᠭ᠎ᠠ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠪᠦᠬᠦ ᠣᠷᠣᠨ ᠤ ᠳᠠᠷᠠᠭᠠᠴᠢ ᠶᠢᠨ ᠠᠯᠬᠤᠮ ᠤᠨ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃
ᠭᠠᠢᠯᠢ ᠶᠢᠨ ᠲᠣᠪᠴᠢᠶᠠᠨ ᠳᠤ ᠶᠠᠷᠢᠯᠴᠠᠬᠤ ᠬᠤᠷᠠᠯ ᠬᠢᠨ᠎ᠡ ᠶᠠᠩ ᠡᠯ ᠰᠢ ᠵᠢᠭᠠᠵᠤ ᠭᠠᠷᠭᠠᠭᠰᠠᠨ ᠨᠢ      ᠡᠳ᠋ ᠤᠨ ᠵᠠᠰᠠᠭ ᠭᠠᠶᠢᠯᠢ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠵᠢᠴᠢ ᠲᠤᠯᠭᠠᠷᠠᠵᠤ ᠪᠠᠶᠢᠭ᠎ᠠ ᠪᠠᠶᠢᠳᠠᠯ ᠢ ᠭᠦᠢᠴᠡᠳ ᠲᠠᠨᠢᠵᠤ᠂ ᠪᠦᠬᠦ ᠣᠷᠣᠨ ᠤ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠡᠳ᠋ ᠤᠨ ᠵᠠᠰᠠᠭ ᠭᠠᠶᠢᠯᠢ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠩ ᠨᠠᠷᠢᠯᠢᠭ᠂ ᠨᠡᠩ ᠪᠣᠳᠠᠲᠠᠢ᠂ ᠨᠡᠩ ᠪᠦᠲᠦᠮᠵᠢᠲᠡᠢ ᠠᠷᠭ᠎ᠠ ᠬᠡᠮᠵᠢᠶ᠎ᠡ ᠪᠠᠷ ᠠᠷᠠᠳ ᠤᠨ ᠠᠮᠢᠳᠤᠷᠠᠯ ᠢ ᠤᠨᠢᠨ ᠳᠡᠭᠡᠷ᠎ᠡ  ᠨᠢ ᠰᠠᠶᠢᠵᠢᠷᠠᠭᠤᠯᠵᠤ᠂ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠵᠦ᠂ ᠳ᠋ᠦᠩ ᠾᠧ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃ᠶᠠᠩ ᠡᠯ ᠰᠢ ᠴᠢᠬᠤᠯᠠᠴᠢᠯᠠᠭᠰᠠᠨ ᠨᠢ      ᠬᠤᠪᠢᠳᠠᠨ ᠬᠠᠮᠢᠶᠠᠷᠴᠤ ᠪᠠᠶᠢᠭ᠎ᠠ ᠣᠷᠣᠨ ᠤ ᠤᠳᠤᠷᠢᠳᠤᠯᠭ᠎ᠠ ᠪᠣᠯᠣᠨ ᠡᠯ᠎ᠡ ᠰᠠᠯᠠᠭ᠎ᠠ ᠮᠥᠴᠢᠷ᠂ ᠨᠢᠭᠡᠴᠡ ᠨᠦᠭᠦᠳ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠲᠡᠳᠬᠦᠬᠦ ᠲᠥᠷᠥ ᠶᠢᠨ ᠪᠣᠳᠣᠯᠭ᠎ᠠ ᠶᠢ ᠭᠦᠨᠵᠡᠭᠡᠢ ᠰᠤᠳᠤᠯᠵᠤ᠂ ᠠᠵᠢᠯ ᠤᠨ ᠰᠢᠪᠲᠤᠯᠤᠯᠲᠠ ᠶᠢᠨ ᠴᠢᠭ᠋ ᠢ  ᠣᠨᠣᠪᠴᠢᠲᠠᠶ ᠣᠯᠵᠤ᠂ ᠳᠡᠭᠡᠳᠦ ᠱᠠᠲᠤᠨ ᠤ  ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠢᠳᠡᠪᠬᠢᠯᠡᠨ ᠣᠯᠵᠤ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠥᠰᠦᠯᠲᠡ ᠶᠢᠨ ᠴᠢᠨᠠᠷ ᠢᠶᠠᠷ ᠰᠠᠶᠢᠨ᠂ ᠭᠠᠶᠢᠯᠢ ᠲᠠᠲᠠᠪᠤᠷᠢ ᠶᠢᠨ ᠬᠤᠪᠢ ᠨᠡᠮᠡᠷᠢ ᠪᠠᠷ ᠶᠡᠭᠡ ᠠᠵᠤ ᠠᠬᠤᠶᠢᠯᠠᠯ   ᠢ  ᠶᠡᠬᠡᠪᠡᠷ ᠲᠡᠳᠬᠦᠵᠦ᠂ ᠭᠠᠶᠢᠯᠢ ᠲᠠᠲᠠᠪᠤᠷᠢ ᠶᠢᠨ ᠰᠢᠨ᠎ᠡ ᠨᠡᠮᠡᠭᠳᠡᠯ   ᠤᠨ ᠴᠢᠭ᠋   ᠢ   ᠲᠠᠰᠤᠷᠠᠯᠳᠠ ᠦᠭᠡᠢ ᠪᠣᠶᠢᠵᠢᠭᠤᠯᠬᠤ ᠬᠡᠷᠡᠭᠲᠡᠢ᠃      ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠠᠵᠤ ᠠᠬᠤᠢ ᠶᠢᠨ ᠪᠠᠶᠢᠳᠠᠯ ᠤᠨ ᠬᠤᠪᠢᠷᠠᠯᠲᠠ ᠶᠢ ᠨᠢᠭᠲᠠ ᠠᠩᠬᠠᠷᠴᠤ᠂ ᠭᠠᠶᠢᠯᠢ ᠶᠢᠨ ᠢᠷᠡᠯᠲᠡ ᠶᠢ ᠪᠣᠶᠢᠵᠢᠭᠤᠯᠬᠤ ᠶᠢ ᠬᠠᠤᠯᠢ ᠶᠣᠰᠣᠭᠠᠷ ᠲᠠᠲᠠᠪᠤᠷᠢᠯᠠᠬᠤ ᠯᠤᠭ᠎ᠠ ᠬᠠᠷᠢᠯᠴᠠᠨ ᠤᠶᠠᠯᠳᠤᠭᠤᠯᠵᠤ᠂ ᠲᠠᠲᠠᠪᠤᠷᠢᠯᠠᠬᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠭᠠᠶᠢᠯᠢ ᠲᠠᠲᠠᠪᠤᠷᠢᠯᠠᠵᠤ ᠬᠠᠮᠢᠶᠠᠷᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠤᠨ᠂ ᠬᠤᠷᠢᠶᠠᠬᠤ ᠶᠣᠰᠣᠲᠠᠢ ᠪᠦᠬᠦᠨ ᠢ ᠬᠤᠷᠢᠶᠠᠵᠤ᠂ ᠣᠨ ᠤ ᠡᠳ᠋ ᠤᠨ ᠵᠠᠰᠠᠭ ᠭᠠᠶᠢᠯᠢ ᠶᠢᠨ ᠬᠠᠷᠠᠯᠲᠠᠲᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ︔ᠢᠮᠠᠭᠲᠠ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠬᠥᠭᠵᠢᠯᠲᠡ ᠳᠤ ᠦᠢᠯᠡᠴᠢᠯᠡᠬᠦ ᠶᠢ ᠬᠢᠪᠡᠰᠦ ᠵᠣᠬᠢᠬᠤ ᠠᠵᠢᠯ ᠢᠶᠠᠨ ᠪᠣᠯᠭᠠᠵᠤ᠂ ᠭᠠᠶᠢᠯᠢ ᠲᠤᠰᠢᠶᠠᠬᠤ ᠦᠢᠯᠡᠴᠢᠯᠡᠭᠡ ᠶᠢ ᠪᠦᠬᠦ ᠲᠠᠯ᠎ᠠ ᠪᠠᠷ ᠰᠢᠯᠢᠳᠡᠭᠵᠢᠭᠦᠯᠵᠦ᠂ ᠴᠠᠭᠠᠷᠠᠭᠰᠠᠨ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠠᠵᠤ ᠠᠬᠤᠶᠢᠯᠠᠯ ᠤᠨ ᠭᠠᠶᠢᠯᠢ ᠲᠤᠰᠢᠶᠠᠬᠤ ᠳᠠᠷᠤᠭᠠᠰᠤ ᠶᠢ ᠬᠥᠩᠭᠡᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠭᠤᠣᠯ ᠬᠦᠴᠦᠨ ᠤ ᠦᠢᠯᠡᠳᠦᠯ ᠢ ᠦᠨᠡᠨᠬᠦ ᠪᠠᠳᠠᠷᠠᠭᠤᠯᠬᠤ ᠬᠡᠷᠡᠭᠲᠡᠢ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1