︽ᠨᠠᠨ ᠭᠧ ᠳ᠋ᠦᠩ ᠵᠡᠭᠡᠯᠢ︾ ᠨᠠᠨ ᠭᠧ ᠳ᠋ᠦᠩ ᠵᠡᠭᠡᠯᠢ ᠭᠤᠳᠤᠮᠵᠢ ᠶᠢᠨ ᠨᠠᠮ ᠤᠨ ᠭᠡᠰᠢᠭᠦᠨ ᠺᠠᠳ᠋ᠷᠴᠤᠳ ᠤᠨ ᠬᠤᠯᠠ ᠪᠠᠶᠢᠭ᠎ᠠ ᠠᠷᠪᠠᠨ ᠵᠦᠢᠯ ᠤᠨ ᠨᠠᠵᠠᠭᠠᠢ ᠳᠦᠷᠢ
ᠨᠡᠶᠢᠲᠡᠯᠡᠭᠰᠡᠨ ᠴᠠᠭ᠄
2022/3/8
ᠨᠠᠨ ᠭᠧ ᠳ᠋ᠦᠩ ᠵᠡᠭᠡᠯᠢ ᠭᠤᠳᠤᠮᠵᠢ ᠶᠢᠨ ᠨᠠᠮ ᠤᠨ ᠭᠡᠰᠢᠭᠦᠨ ᠺᠠᠳ᠋ᠷᠴᠤᠳ ᠤᠨ ᠬᠤᠯᠠ ᠪᠠᠶᠢᠭ᠎ᠠ ᠠᠷᠪᠠᠨ ᠵᠦᠢᠯ ᠤᠨ ᠨᠠᠵᠠᠭᠠᠢ ᠳᠦᠷᠢ      ᠪᠦᠬᠦ ᠬᠤᠳᠠ ᠶᠢᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂︽ᠡᠳᠦᠷ ᠪᠣᠯᠭᠠᠨ ᠢ ᠰᠠᠶᠢᠲᠤᠷ ᠠᠳᠬᠤᠵᠤ᠂ 2022 ᠣᠨ ᠤ ᠢᠯᠠᠯᠲᠠ ᠶᠢ ᠣᠯᠬᠤ︾ᠲᠡᠮᠡᠴᠡᠬᠦ ᠬᠠᠷᠠᠯᠲᠠ ᠶᠢ ᠪᠡᠶᠡᠯᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠤᠨ ᠰᠤᠷᠲᠠᠯ ᠢ ᠦᠨᠡᠨᠬᠦ ᠵᠢᠷᠤᠮᠵᠢᠭᠤᠯᠵᠤ᠂ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ᠂ ᠦᠨᠡᠨᠴᠢ ᠰᠢᠳᠤᠷᠭᠤ ᠪᠠᠷ ᠬᠠᠷᠢᠭᠤᠴᠠᠯᠭ᠎ᠠ ᠡᠭᠦᠷᠭᠡᠯᠡᠬᠦ᠂ ᠣᠪᠣᠷ ᠰᠤᠷᠲᠠᠯ ᠪᠠᠲᠤ ᠴᠢᠩᠭ᠎ᠠ ᠦᠨᠳᠦᠰᠦᠨ ᠱᠠᠲᠤᠨ ᠤ ᠺᠠᠳ᠋ᠷᠴᠤᠳ ᠤᠨ ᠡᠩᠨᠡᠭᠡ ᠶᠢ ᠪᠠᠶᠢᠭᠤᠯᠵᠤ᠂ ᠥᠨᠳᠥᠷ ᠬᠡᠪ ᠪᠣᠯᠪᠠᠰᠤᠷᠠᠯ ᠲᠠᠢ︽ᠪᠠᠷᠢᠯᠭ᠎ᠠ ᠶᠢᠨ ᠡᠩᠨᠡᠭᠡ︾ᠪᠠ ᠲᠠᠶᠢᠴᠢᠨ ᠬᠦᠴᠦᠨ ᠢᠶᠠᠷ ᠴᠢᠩᠭ᠎ᠠ ︽ᠨᠢᠭᠡᠳᠦᠭᠡᠷ ᠹᠷᠣᠨᠲ ᠤᠨ ᠪᠠᠶᠢᠯᠳᠤᠭᠠᠨ ᠤ ᠡᠩᠨᠡᠭᠡ︾ ᠶᠢ ᠪᠠᠶᠢᠭᠤᠯᠬᠤ ᠶᠢᠨ ᠲᠥᠯᠥᠭᠡ ᠶᠤᠮ᠃ᠨᠠᠨ ᠭᠧ ᠳ᠋ᠦᠩ ᠵᠡᠭᠡᠯᠢ ᠭᠤᠳᠤᠮᠵᠢ ᠶᠢᠨ ᠬᠢᠨ 2022 ᠣᠨ ᠢ ᠨᠠᠮ ᠤᠨ ᠭᠡᠰᠢᠭᠦᠨ ᠺᠠᠳ᠋ᠷᠴᠤᠳ ᠤᠨ︽ᠲᠠᠶᠢᠴᠢᠨ ᠬᠦᠴᠦᠨ ᠢ ᠳᠡᠭᠡᠭᠰᠢᠯᠡᠭᠦᠯᠬᠦ ᠣᠨ︾ ᠪᠣᠯᠭᠠᠵᠤ᠂ ᠪᠡᠷᠬᠡ ᠬᠠᠲᠠᠭᠤᠵᠢᠯᠲᠠᠢ ᠨᠠᠷᠢᠨ ᠪᠤᠳᠤᠯᠢᠶᠠᠨᠲᠠᠢ ᠦᠨᠳᠦᠰᠦᠨ ᠱᠠᠲᠤᠨ ᠤ ᠵᠠᠰᠠᠯᠲᠠ ᠪᠣᠯᠣᠨ ᠬᠤᠳᠠ ᠶᠢᠨ ᠰᠢᠨᠡᠴᠢᠯᠡᠯᠲᠡ ᠶᠢᠨ ᠬᠥᠭᠵᠢᠯᠲᠡ ᠶᠢᠨ ᠡᠭᠦᠷᠭᠡ ᠶᠢᠨ ᠡᠮᠦᠨ᠎ᠡ᠂ ᠶᠠᠭᠠᠬᠢᠭᠰᠠᠨ ᠴᠤ ᠶᠠᠳᠠᠷᠠᠵᠤ ᠵᠦᠳᠡᠷᠡᠬᠦ᠂ ᠤᠳᠠᠭᠠᠰᠢᠷᠠᠭᠤᠯᠬᠤ᠂ ᠪᠠᠶᠢᠳᠠᠯ ᠢ ᠲᠣᠳᠣᠷᠬᠠᠢ ᠣᠶᠢᠯᠠᠭᠠᠬᠤ ᠦᠭᠡᠢ᠂ ᠠᠵᠢᠯ ᠳᠠᠭᠠᠨ ᠰᠡᠳᠬᠢᠴᠡ ᠦᠭᠡᠢ ᠪᠠᠶᠢᠬᠤ ᠬᠡᠷᠡᠭᠲᠡᠢ︔ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠦᠯᠬᠢᠨ ᠠᠬᠢᠭᠤᠯᠬᠤ ᠳᠤ ᠶᠠᠭᠠᠬᠢᠭᠰᠠᠨ ᠴᠤ ᠬᠠᠰᠢ ᠶᠠᠰᠢ ᠪᠠᠷ ᠠᠷᠭᠠᠴᠠᠬᠤ᠂ ᠣᠪᠣᠷ ᠰᠤᠷᠲᠠᠯ ᠨᠢ ᠬᠥᠩᠭᠡᠨ ᠬᠠᠭᠤᠮᠠᠭᠠᠢ ᠪᠠᠶᠢᠵᠤ᠂ ᠠᠵᠢᠯ ᠢᠶᠠᠨ ᠠᠳᠬᠤᠬᠤ ᠠᠴᠠ ᠪᠢᠰᠢ ᠨᠠᠷᠢᠨ ᠠᠳᠬᠤᠬᠤ ᠦᠭᠡᠢ᠂ ᠠᠳᠬᠤᠬᠤ ᠠᠴᠠ ᠪᠢᠰᠢ ᠪᠣᠳᠠᠲᠠᠢ ᠠᠳᠬᠤᠬᠤ ᠦᠭᠡᠢ ᠪᠠᠶᠢᠵᠤ᠂ ᠭᠡᠨᠡᠳᠲᠡ ᠭᠡᠨᠡᠳᠲᠡ ᠡᠭᠦᠰᠬᠦ ᠵᠥᠷᠢᠴᠡᠯ ᠠᠰᠠᠭᠤᠳᠠᠯ ᠲᠤᠯᠭᠠᠷᠠᠪᠠᠯ᠂ ᠡᠭᠦᠨ ᠠᠴᠠ ᠠᠶᠤᠬᠤ᠂ ᠬᠠᠷᠢᠭᠤᠴᠠᠯᠭ᠎ᠠ ᠠᠴᠠ ᠵᠠᠶᠢᠯᠠᠬᠤ᠂ ᠠᠰᠠᠭᠤᠳᠠᠯ ᠲᠤᠯᠭᠠᠷᠠᠪᠠᠯ ᠳᠡᠭᠡᠭᠰᠢ ᠲᠦᠯᠬᠢᠬᠦ᠂ ᠠᠵᠢᠯ ᠤᠨ ᠬᠠᠷᠢᠭᠤᠴᠠᠯᠭ᠎ᠠ ᠪᠠᠨ ᠳᠣᠷᠣᠭᠰᠢ ᠬᠠᠶᠠᠬᠤ ᠦᠵᠡᠭᠳᠡᠯ ᠶᠠᠭᠠᠬᠢᠭᠰᠠᠨ ᠴᠤ ᠭᠠᠷᠬᠤ ᠦᠭᠡᠢ ᠶᠤᠮ᠃ᠨᠠᠨ ᠭᠧ ᠳ᠋ᠦᠩ ᠵᠡᠭᠡᠯᠢ ᠭᠤᠳᠤᠮᠵᠢ ᠶᠢᠨ ᠬᠢᠨ ᠺᠠᠳ᠋ᠷᠴᠤᠳ ᠢ ᠠᠷᠪᠠᠨ ᠵᠦᠢᠯ ᠤᠨ ᠨᠠᠵᠠᠭᠠᠢ ᠳᠦᠷᠢ ᠠᠴᠠ ᠵᠠᠶᠢᠳᠠᠭᠤ ᠪᠠᠶᠢᠬᠤ ᠶᠢ ᠱᠠᠭᠠᠷᠳᠠᠵᠤ ᠪᠠᠶᠢᠨ᠎ᠠ᠃      ᠨᠢᠭᠡ ᠳᠤ᠂ ᠰᠠᠭᠤᠵᠤ ᠪᠠᠶᠢᠭᠠᠳ ᠶᠣᠰᠣ ᠶᠠᠷᠢᠬᠤ᠂ ᠠᠮᠠ ᠬᠥᠳᠡᠯᠭᠡᠭᠦ ᠠᠴᠠ ᠪᠢᠰᠢ ᠭᠠᠷ ᠬᠥᠳᠡᠯᠬᠦ ᠦᠭᠡᠢ ︽ᠰᠠᠶᠢᠳ ᠡᠷᠳᠡᠮᠲᠡᠨ︾ ᠤ ᠳᠦᠷᠢ ᠠᠴᠠ ᠬᠤᠯᠠᠳᠠᠨ᠎ᠠ︔ ᠨᠢᠭᠡ ᠳᠤ᠂ ᠰᠠᠭᠤᠵᠤ ᠪᠠᠶᠢᠭᠠᠳ ᠶᠣᠰᠣ ᠶᠠᠷᠢᠬᠤ᠂ ᠠᠮᠠ ᠬᠥᠳᠡᠯᠭᠡᠭᠦ ᠠᠴᠠ ᠪᠢᠰᠢ ᠭᠠᠷ ᠬᠥᠳᠡᠯᠬᠦ ᠦᠭᠡᠢ ᠪᠠᠶᠢᠳᠠᠭ ︽ᠰᠠᠶᠢᠳ ᠡᠷᠳᠡᠮᠲᠡᠨ︾ ᠤ ᠳᠦᠷᠢ ᠠᠴᠠ ᠬᠤᠯᠠᠳᠠᠨ᠎ᠠ︔      ᠬᠤᠶᠠᠷ ᠲᠤ ᠬᠤᠯᠠᠳᠬᠤ ᠭᠡᠳᠡᠭ ᠨᠢ ᠨᠢᠭᠡ ᠯᠡ ᠳᠡᠭᠡᠷ᠎ᠡ ᠬᠥᠳᠡᠯᠬᠦ ᠶᠢ ᠵᠢᠭᠠᠵᠤ᠂ ᠬᠥᠳᠡᠯᠬᠦ ᠦᠭᠡᠢ᠂ ᠬᠡᠯᠡᠬᠦ ᠦᠭᠡᠢ ᠬᠢᠬᠦ ᠦᠭᠡᠢ᠂ ᠨᠢᠳᠦᠨ ᠳᠤᠨᠢ ᠠᠮᠢᠳᠤ ᠪᠠᠶᠢᠬᠤ ᠦᠭᠡᠢ ︽ᠰᠤᠸᠠᠮᠫᠠᠨ ᠤ ᠡᠷᠢᠬᠡ︾ ᠶᠢᠨ ᠳᠦᠷᠢ  ᠶᠢ ᠵᠢᠭᠠᠨ᠎ᠠ︔ ᠬᠤᠶᠠᠷ ᠲᠤ᠂ ᠬᠤᠯᠠᠳᠬᠤ ᠭᠡᠳᠡᠭ ᠨᠢ ᠨᠢᠭᠡ ᠯᠡ ᠳᠣᠣᠷ᠎ᠠ ᠬᠥᠳᠡᠯᠬᠦ  ᠶᠢ ᠵᠢᠭᠠᠵᠤ ᠪᠠᠶᠢᠨ᠎ᠠ᠃      ᠭᠤᠷᠪᠠ ᠳᠤ᠂ ᠠᠮᠤᠷ ᠵᠢᠮᠤᠷ ᠢ ᠬᠥᠭᠡᠭᠡᠴᠡᠯᠳᠦᠬᠦ᠂ ᠦᠬᠦᠬᠦ ᠪᠠᠨ ᠬᠦᠯᠢᠶᠡᠵᠦ ᠰᠠᠭᠤᠬᠤ᠂ ᠨᠠᠵᠠᠭᠠᠶᠢᠷᠠᠨ ᠬᠤᠶᠢᠷᠭᠤᠰᠢᠬᠤ︽ᠪᠦᠯᠢᠶᠡᠨ ᠤᠰᠤᠨ ᠤ ᠮᠡᠯᠡᠬᠡᠢ︾ ᠶᠢᠨ ᠳᠦᠷᠢ ᠠᠴᠠ ᠬᠤᠯᠠᠳᠠᠨ᠎ᠠ︔      ᠳᠥᠷᠪᠡ ᠳᠤ᠂ ᠬᠥᠮᠥᠨ ᠠᠴᠠ ᠬᠤᠯᠠ ᠵᠠᠶᠢᠳᠠᠵᠤ ᠠᠵᠢᠯ ᠶᠠᠪᠤᠳᠠᠯ ᠨᠢ ᠬᠥᠳᠡᠯᠦᠭᠡ ᠦᠭᠡᠢ᠂ ᠤᠰᠤᠨ ᠤ ᠭᠠᠳᠠᠷᠭᠤ ᠥᠩᠬᠦᠷᠢᠲᠦᠨ᠂ ᠶᠠᠭᠤ ᠴᠤ ᠮᠡᠳᠡᠬᠦ ᠦᠭᠡᠢ ︽ᠲᠣᠯᠣᠭᠠᠢ ᠦᠭᠡᠢ ᠢᠯᠠᠭ᠎ᠠ︾ ᠶᠢᠨ ᠳᠦᠷᠢ︔      ᠲᠠᠪᠤ ᠳᠤ᠂ ᠬᠡᠨ ᠨᠢ ᠬᠢᠵᠦ ᠳᠡᠶᠢᠯᠪᠡᠯ ᠬᠡᠨ ᠨᠢ ᠬᠢᠵᠦ᠂ ᠴᠢᠳᠠᠬᠤ ᠦᠭᠡᠢ ᠪᠣᠯ ᠬᠢᠬᠦ ᠦᠭᠡᠢ᠂ ᠪᠢ ᠥᠪᠡᠷ ᠤᠨ ᠶᠣᠰᠣᠲᠠᠢ ︽ᠲᠣᠮᠣ ᠨᠢᠯᠬ᠎ᠠ︾ ᠶᠢᠨ ᠳᠦᠷᠢ ᠪᠠᠨ ᠪᠠᠭᠤᠷᠠᠭᠤᠯᠤᠨ᠎ᠠ︔      ᠵᠢᠷᠭᠤᠭ᠎ᠠ ᠳᠤ᠂ ᠤᠷᠠᠨ ᠨᠢᠳᠤᠷᠭ᠎ᠠ  ᠠᠴᠠ ᠵᠠᠶᠢᠳᠠᠭᠤ᠂ ᠥᠩᠭᠡᠨ ᠳᠡᠭᠡᠷ᠎ᠡ ᠪᠠᠨ ᠶᠠᠭᠠᠷᠠᠤ ᠰᠠᠨᠳᠤᠷᠤᠤ᠂ ᠠᠵᠢᠯ ᠳᠤ ᠭᠠᠷᠬᠤ ᠳᠠᠭᠠᠨ ᠬᠦᠴᠦ ᠭᠠᠷᠭᠠᠬᠤ ᠦᠭᠡᠢ᠂ ᠣᠷᠣ ᠮᠥᠷ ᠨᠢ ᠬᠦᠨᠳᠦ ᠪᠣᠯᠪᠠᠴᠤ ᠠᠮᠵᠢᠯᠲᠠ ᠪᠦᠲᠦᠮᠵᠢ ᠦᠭᠡᠢ ︽ᠲᠣᠭᠯᠠᠭᠴᠢ︾  ᠶᠢᠨ ᠳᠦᠷᠢ ᠠᠴᠠ ᠵᠠᠶᠢᠳᠠᠭᠤ ᠪᠠᠶᠢᠬᠤ ᠬᠡᠷᠡᠭᠲᠡᠢ︔      ᠳᠣᠯᠤᠭ᠎ᠠ ᠳᠤ᠂ ᠠᠰᠢᠭ ᠦᠭᠡᠢ ᠪᠣᠯ ᠡᠷᠲᠡᠯᠡᠵᠦ ᠳᠡᠶᠢᠯᠬᠦ ᠦᠭᠡᠢ᠂ ᠮᠠᠷᠢᠶ᠎ᠠ ᠶᠢ ᠨᠢ ᠰᠢᠯᠢᠵᠦ ᠡᠴᠡᠩᠬᠡᠢ ᠶᠢ  ᠨᠢ ᠲᠡᠭᠦᠬᠦ᠂ ᠬᠥᠩᠭᠡᠨ ᠢ ᠨᠢ ᠡᠷᠢᠭᠦᠯᠵᠦ ᠬᠦᠨᠳᠦ ᠠᠴᠠ ᠠᠶᠤᠬᠤ᠂ ᠬᠠᠷᠠᠵᠤ ᠴᠤ ᠬᠥᠳᠡᠯᠬᠦ ᠦᠭᠡᠢ ︽ᠬᠥᠭᠦᠷᠭᠡᠨ ᠦᠵᠦᠭᠦᠷ ᠤᠨ ᠴᠡᠷᠢᠭ ᠠᠩᠭᠢ︾ ᠶᠢᠨ ᠳᠦᠷᠢ ᠲᠥᠷᠬᠦ ᠠᠴᠠ ᠬᠤᠯᠠᠳᠠᠨ᠎ᠠ︔      ᠨᠠᠢᠮᠠ ᠳᠤ᠂ ᠠᠵᠢᠯ ᠤᠨ ᠪᠠᠶᠢᠷᠢ ᠯᠠ ᠪᠠᠶᠢᠪᠠᠯ ᠠᠵᠢᠯ ᠬᠢᠬᠦ ᠳᠤᠷ᠎ᠠ ᠦᠭᠡᠢ᠂ ᠣᠯᠭᠤᠮᠵᠢ ᠬᠠᠷᠠᠭᠠᠯᠵᠠᠯ ᠢ ᠠᠳᠠᠯᠢᠳᠬᠠᠬᠤ ᠠᠴᠠ ᠪᠢᠰᠢ ᠬᠠᠷᠢᠭᠤᠴᠠᠯᠭ᠎ᠠ ᠶᠢ ᠠᠳᠠᠯᠢᠳᠬᠠᠬᠤ ᠦᠭᠡᠢ᠂ ᠬᠢᠷᠢ ᠬᠡᠮ ᠢ ᠠᠳᠠᠯᠢᠳᠬᠠᠬᠤ ᠠᠴᠠ ᠪᠢᠰᠢ ᠬᠤᠪᠢ ᠨᠡᠮᠡᠷᠢ ᠶᠢ ᠠᠳᠠᠯᠢᠳᠬᠠᠬᠤ ᠦᠭᠡᠢ ᠪᠠᠶᠢᠳᠠᠭ ︽ᠭᠤᠮᠣᠳᠠᠯ ᠲᠠᠢ ᠪᠦᠰᠡᠭᠦᠢ︾ ᠶᠢᠨ ᠳᠦᠷᠢ ᠠᠴᠠ ᠬᠤᠯᠠᠳᠠᠨ᠎ᠠ︔      ᠶᠢᠰᠦ ᠳᠤ᠂ ᠨᠡᠪᠲᠡ ᠦᠵᠡᠭᠡᠳ ᠨᠡᠪᠲᠡ ᠬᠡᠯᠡᠬᠦ ᠦᠭᠡᠢ᠂ ᠴᠡᠴᠡᠭ ᠲᠡᠭᠦᠵᠦ ᠥᠷᠭᠡᠰᠦ ᠶᠢ ᠨᠢ ᠠᠪᠬᠤ ᠦᠭᠡᠢ᠂ ᠬᠥᠮᠥᠨ ᠲᠠᠢ ᠮᠠᠭᠤᠳᠠᠯᠴᠠᠬᠤ ᠠᠴᠠ ᠵᠢᠷᠦᠬᠡᠰᠢᠶᠡᠬᠦ᠂ ᠴᠠᠭ ᠢ ᠰᠠᠭᠠᠲᠠᠭᠠᠵᠤ ᠬᠡᠷᠡᠭ ᠶᠠᠪᠤᠳᠠᠯ ᠢ ᠰᠠᠭᠠᠲᠠᠭᠠᠬᠤ︽ᠰᠠᠶᠢᠨ ᠬᠥᠮᠥᠨ︾ ᠳᠦᠷᠢ ᠠᠴᠠ ᠬᠤᠯᠠ ᠵᠠᠶᠢᠳᠠᠬᠤ ᠬᠡᠷᠡᠭᠲᠡᠢ︔      ᠠᠷᠪᠠ ᠳᠤ᠂ ᠨᠢᠭᠤᠷ ᠳᠡᠭᠡᠷ᠎ᠡ ᠨᠢ ᠬᠡᠯᠡᠬᠦ ᠦᠭᠡᠢ᠂ ᠠᠷᠤ ᠬᠤᠶᠢᠨ᠎ᠠ ᠨᠢ ᠳᠤᠷ᠎ᠠ ᠪᠠᠷ ᠢᠶᠠᠨ ᠶᠠᠷᠢᠬᠤ᠂ ᠰᠠᠯᠬᠢᠨ ᠤ ᠠᠶ᠎ᠠ ᠪᠠᠷ ᠡᠯᠡᠰᠦ ᠶᠢ ᠬᠡᠶᠢᠰᠬᠡᠬᠦ᠂ ᠵᠥᠪᠬᠡᠨ ᠣᠪᠣᠷ ᠢᠶᠠᠨ ᠢᠯᠡᠳᠬᠡᠭᠡᠳ ᠨᠠᠶᠢᠳᠠᠪᠤᠷᠢᠵᠢᠭᠤᠯᠬᠤ ᠦᠭᠡᠢ︽ᠬᠤᠶᠠᠷ ᠨᠢᠭᠤᠷᠲᠠᠨ︾ ᠤ ᠳᠦᠷᠢ ᠠᠴᠠ ᠵᠠᠶᠢᠳᠠᠬᠤ ᠬᠡᠷᠡᠭᠲᠡᠢ᠃      ᠰᠢᠨ᠎ᠡ ᠠᠶᠠᠨ ᠰᠢᠨ᠎ᠡ ᠬᠦᠰᠡᠯ ᠡᠷᠡᠮᠡᠯᠵᠡᠯ ᠢ ᠡᠬᠢᠯᠡᠭᠦᠯᠵᠦ᠂ ᠰᠢᠨ᠎ᠡ ᠬᠠᠷᠠᠯᠲᠠ ᠰᠢᠨ᠎ᠡ ᠡᠭᠦᠷᠭᠡ ᠶᠢ ᠡᠭᠦᠷᠭᠡᠯᠡᠵᠦ ᠪᠠᠶᠢᠨ᠎ᠠ᠃ᠨᠠᠨ ᠭᠧ ᠳ᠋ᠦᠩ ᠵᠡᠭᠡᠯᠢ ᠭᠤᠳᠤᠮᠵᠢ ᠳᠤ᠂ ᠨᠡᠶᠢᠭᠡᠮ ᠲᠣᠭᠤᠷᠢᠭ ᠤᠨ ᠪᠦᠬᠦ ᠺᠠᠳ᠋ᠷᠴᠤᠳ ᠪᠦᠬᠦ ᠲᠠᠯ᠎ᠠ ᠶᠢ ᠠᠩᠬᠠᠷᠴᠤ᠂ ᠬᠤᠷᠳᠤᠨ ᠮᠣᠷᠢᠨ ᠳᠤ ᠲᠠᠰᠢᠭᠤᠷ ᠨᠡᠮᠡᠵᠦ᠂ ᠠᠵᠢᠯ ᠤᠨ ᠪᠠᠶᠢᠷᠢ ᠪᠠᠷ ᠠᠵᠢᠯ ᠬᠢᠬᠦ ᠲᠠᠪᠴᠠᠩ ᠪᠣᠯᠭᠠᠵᠤ᠂ ᠠᠵᠢᠯ ᠤᠨ ᠪᠠᠶᠢᠷᠢ ᠪᠠᠷ ᠬᠤᠪᠢ ᠨᠡᠮᠡᠷᠢ ᠦᠵᠡᠭᠦᠯᠬᠦ ᠲᠠᠪᠴᠠᠩ ᠪᠣᠯᠭᠠᠬᠤ ᠬᠡᠷᠡᠭᠲᠡᠢ᠃ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠷᠪᠠᠨ ᠵᠦᠢᠯ ᠤᠨ ᠨᠠᠵᠠᠭᠠᠢ ᠲᠠᠯ᠎ᠠ ᠶᠢᠨ ᠳᠦᠷᠢ ᠲᠥᠷᠬᠦ ᠠᠴᠠ ᠡᠷᠡᠰ ᠵᠠᠶᠢᠳᠠᠬᠤ ᠬᠡᠷᠡᠭᠲᠡᠢ᠃ᠨᠢᠭᠡ ᠡᠳᠦᠷ ᠢ ᠴᠦ ᠰᠠᠭᠠᠲᠠᠭᠠᠬᠤ ᠦᠭᠡᠢ᠂ ᠨᠢᠭᠡ ᠮᠥᠴᠡ ᠴᠦ ᠰᠤᠯᠠᠷᠠᠬᠤ ᠦᠭᠡᠢ ᠪᠠᠶᠢᠵᠤ᠂ 2022 ᠣᠨ ᠤ ᠬᠤᠷᠳᠤᠴᠠ ᠶᠢ ᠡᠷᠡᠰ ᠭᠤᠶᠢᠪᠢᠰᠢ ᠦᠭᠡᠢ ᠪᠠᠷ ᠨᠡᠮᠡᠭᠳᠡᠭᠦᠯᠵᠦ᠂ ᠨᠠᠨ ᠭᠧ ᠳ᠋ᠦᠩ ᠵᠡᠭᠡᠯᠢ ᠭᠤᠳᠤᠮᠵᠢ ᠶᠢᠨ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠲᠡᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠨ ᠭᠧ ᠳ᠋ᠦᠩ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1