︽ᠨᠠᠨ ᠭᠧ ᠳ᠋ᠦᠩ ᠵᠡᠭᠡᠯᠢ ᠭᠤᠳᠤᠮᠵᠢ︾ ᠨᠠᠨ ᠭᠧ ᠳ᠋ᠦᠩ ᠵᠡᠭᠡᠯᠢ ᠭᠤᠳᠤᠮᠵᠢ ᠶᠢᠨ ᠪᠠᠶᠢᠯᠳᠤᠬᠤ ᠬᠦᠴᠦᠨ ᠤ ᠨᠡᠮᠡᠭᠳᠡᠯ ᠤᠨ ᠬᠤᠷᠳᠤᠴᠠ ᠶᠢ ᠨᠡᠮᠡᠭᠳᠡᠭᠦᠯᠵᠡᠢ
ᠨᠡᠶᠢᠲᠡᠯᠡᠭᠰᠡᠨ ᠴᠠᠭ᠄
2022/3/8
     2 ᠰᠠᠷ᠎ᠠ ᠶᠢᠨ 16 ᠤ ᠡᠳᠦᠷ᠂ ᠨᠠᠨ ᠭᠧ ᠳ᠋ᠦᠩ ᠵᠡᠭᠡᠯᠢ ᠭᠤᠳᠤᠮᠵᠢ ᠳᠤ ︽ᠨᠢᠭᠲᠠᠷᠠᠯ ᠤᠨ ᠬᠦᠴᠦᠨ ᠢᠶᠠᠨ ᠴᠢᠩᠭᠠᠷᠠᠭᠤᠯᠵᠤ᠂ ᠳᠠᠶᠢᠴᠢᠨ ᠬᠦᠴᠦᠨ ᠢᠶᠠᠨ ᠳᠡᠭᠡᠭᠰᠢᠯᠡᠭᠦᠯᠦᠶ᠎ᠡ︾ ᠭᠡᠬᠦ ᠨᠢᠭᠡᠳᠦᠭᠡᠷ ᠬᠤᠭᠤᠴᠠᠭᠠᠨ ᠤ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠵᠦ᠂ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢᠦ ᠵᠢᠢ ᠢᠦᠢ᠂ ᠳᠡᠳ᠋ ᠱᠦᠵᠢ ᠳ᠋ᠦᠩ ᠴᠢᠶᠣᠤ ᠧ ᠠᠩᠭᠢ ᠡᠬᠢᠯᠡᠬᠦ ᠶᠠᠷᠢᠶ᠎ᠠ ᠲᠠᠯᠪᠢᠵᠤ᠂ ᠪᠥᠬᠦ ᠺᠠᠳ᠋ᠷᠴᠤᠳ ᠢ ᠠᠵᠠ ᠲᠣᠬᠢᠶᠠᠯ ᠢ ᠨᠠᠨᠳᠢᠩᠨᠠᠨ᠂ ᠳᠠᠷᠤᠤ ᠬᠢᠴᠢᠶᠡᠩᠭᠦᠢ ᠪᠠᠷ ᠰᠤᠷᠤᠯᠴᠠᠵᠤ᠂ ᠰᠡᠳᠬᠢᠨ ᠪᠣᠳᠣᠯᠬᠢᠯᠠᠬᠤ ᠳᠠᠭᠠᠨ ᠴᠢᠳᠠᠮᠠᠭᠠᠢ ᠪᠠᠶᠢᠵᠤ᠂ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃ᠣᠳᠣᠬᠠᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠥᠨᠳᠥᠷ ᠪᠦᠲᠦᠮᠵᠢᠲᠡᠶ ᠪᠥᠭᠡᠳ ᠡᠮᠬᠢ ᠵᠢᠷᠤᠮ ᠲᠠᠢ ᠥᠷᠨᠢᠭᠦᠯᠬᠦ ᠶᠢ ᠪᠠᠲᠤᠯᠠᠬᠤ ᠶᠢᠨ ᠲᠥᠯᠥᠭᠡ᠂ ᠵᠡᠭᠡᠯᠢ ᠭᠤᠳᠤᠮᠵᠢ ᠶᠢᠨ ᠬᠢᠨ ︽ᠪᠡᠶ᠎ᠡ ᠪᠠᠨ ᠬᠡᠮᠵᠢᠵᠦ ᠬᠤᠪᠴᠠᠰᠤ ᠡᠰᠬᠡᠵᠦ︾᠂ ᠠᠯᠪᠠᠨ ᠪᠢᠴᠢᠭ ᠤᠨ ᠵᠢᠷᠤᠮᠵᠢᠯ᠂ ᠰᠣᠨᠢᠨ ᠮᠡᠳᠡᠭᠡᠨ ᠤ ᠵᠣᠬᠢᠶᠠᠨ ᠪᠢᠴᠢᠯᠭᠡ᠂ ᠬᠠᠷᠠᠭᠠᠨ ᠳᠠᠪᠲᠠᠮᠵᠢ ᠶᠢᠨ ᠤᠬᠠᠭᠤᠯᠭ᠎ᠠ ᠶᠢ ᠪᠣᠯᠪᠠᠰᠤᠷᠠᠭᠤᠯᠬᠤ ᠶᠢᠨ ᠬᠠᠮᠲᠤ ᠨᠡᠶᠢᠭᠡᠮ ᠲᠣᠭᠤᠷᠢᠭ ᠤᠨ ᠠᠵᠢᠯ᠂ ᠨᠤᠷᠠᠭᠠᠵᠤ ᠨᠡᠭᠦᠯᠭᠡᠬᠦ ᠠᠵᠢᠯ ᠢ ᠬᠡᠷᠬᠢᠨ ᠥᠷᠨᠢᠭᠦᠯᠬᠦ ᠲᠤᠬᠠᠢ ᠰᠠᠨᠠᠯ ᠢᠶᠠᠨ ᠰᠣᠯᠢᠯᠴᠠᠵᠤ᠂ ᠵᠢᠯ ᠤᠨ ᠡᠬᠢᠨ ᠳᠤ ᠲᠣᠭᠲᠠᠭᠠᠭᠰᠠᠨ 2022 ᠣᠨ ᠤ ︽ᠳᠠᠶᠢᠴᠢᠨ ᠬᠦᠴᠦᠨ ᠢ ᠳᠡᠭᠡᠭᠰᠢᠯᠡᠭᠦᠯᠬᠦ ᠣᠨ︾ ᠤ ᠠᠵᠢᠯ ᠤᠨ ᠴᠢᠭᠯᠡᠯ ᠳᠤ ᠯᠠᠪᠳᠠᠭᠤᠨ ᠪᠠᠲᠤᠲᠠᠢ ᠨᠢᠭᠡ ᠠᠯᠬᠤᠮ ᠠᠯᠬᠤᠪᠠ᠃ᠳᠠᠷᠠᠭᠠᠴᠢ ᠶᠢᠨ ᠠᠯᠬᠤᠮ ᠳᠤ᠂ ᠵᠡᠭᠡᠯᠢ ᠭᠤᠳᠤᠮᠵᠢ ᠶᠢᠨ ᠬᠢᠨ ᠦᠷᠭᠦᠯᠵᠢᠯᠡᠨ ︽ᠠᠵᠢᠯ ᠶᠠᠪᠤᠳᠠᠯ ᠬᠢᠬᠦ ᠪᠠᠶᠢᠳᠠᠯ ᠲᠠᠢ᠂ ᠨᠡᠩ ᠴᠤ ᠠᠵᠢᠯ ᠶᠠᠪᠤᠳᠠᠯ ᠬᠢᠬᠦ ᠴᠢᠳᠠᠪᠤᠷᠢ ᠲᠠᠢ ᠪᠠᠶᠢᠬᠤ︾ ᠪᠠᠷ ᠭᠠᠷᠳᠠᠴᠠ ᠪᠣᠯᠭᠠᠵᠤ᠂ ᠠᠵᠢᠯ ᠢᠶᠠᠨ ᠨᠢᠭᠡ ᠨᠢᠭᠡ ᠪᠠᠷ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠵᠤ᠂ ᠵᠣᠷᠢᠭᠲᠠᠢ ᠪᠠᠷ ᠤᠷᠤᠭᠰᠢᠯᠠᠨ ᠲᠠᠪᠰᠢᠬᠤ᠂ ᠴᠥᠬᠦᠷᠡᠰᠢ ᠦᠭᠡᠢ ᠴᠢᠷᠮᠠᠶᠢᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠵᠣᠷᠢᠭᠲᠠᠢ ᠪᠠᠷ ᠬᠢᠵᠦ ᠵᠣᠷᠢᠭᠲᠠᠢ ᠪᠠᠷ ᠠᠵᠢᠯᠯᠠᠬᠤ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠷ ᠴᠢᠷᠮᠠᠶᠢᠨ ᠠᠵᠢᠯᠯᠠᠵᠤ᠂ ᠴᠠᠭ ᠢ ᠠᠮᠵᠢᠵᠤ᠂ ᠲᠡᠷᠢᠭᠦᠨ ᠤ ᠬᠢ ᠶᠢ ᠲᠡᠮᠡᠴᠡᠨ ᠣᠯᠵᠤ᠂ ᠵᠡᠭᠡᠯᠢ ᠭᠤᠳᠤᠮᠵᠢ ᠶᠢᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠪᠣᠯᠣᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠨ ᠭᠧ ᠳ᠋ᠦᠩ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1