【 ᠨᠠᠨ ᠭᠧ ᠳ᠋ᠦᠩ ᠵᠡᠭᠡᠯᠢ ᠭᠤᠳᠤᠮᠵᠢ】 ᠨᠠᠨ ᠭᠧ ᠳ᠋ᠦᠩ ᠵᠡᠭᠡᠯᠢ ᠭᠤᠳᠤᠮᠵᠢ ᠶᠢᠨ ︽ᠡᠭᠦᠳᠡᠨ ᠰᠣᠷᠢᠨᠵᠢᠨ︾ ᠨᠢ ᠲᠠᠨ ᠤ ᠪᠦᠷᠢᠨ ᠪᠦᠲᠦᠨ ᠪᠠᠶᠢᠬᠤ ᠶᠢ ᠬᠠᠮᠠᠭᠠᠯᠠᠨ᠎ᠠ
ᠨᠡᠶᠢᠲᠡᠯᠡᠭᠰᠡᠨ ᠴᠠᠭ᠄
2022/3/8
   
     ᠮᠠᠨ ᠤ ᠬᠠᠷᠢᠶᠠᠲᠤ ᠣᠷᠣᠨ ᠤ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠶᠢᠨ ᠲᠤᠰᠠᠳᠠ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠲᠦᠷᠭᠡᠨ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠦᠨᠡᠨᠬᠦ ᠪᠠᠲᠤᠯᠠᠬᠤ ᠬᠡᠷᠡᠭᠲᠡᠢ᠃︽ᠪᠤᠭᠤᠲᠤ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ 2022 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠤ ᠪᠤᠭᠤᠲᠤ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠵᠠᠷᠯᠠᠯ ︵2022 ᠣᠨ ᠤ 4 ᠳ᠋ᠦᠭᠡᠷ ᠲᠣᠭᠠᠲᠤ︶︾ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠬᠢᠨ ᠮᠠᠨ ᠤ ᠤᠯᠤᠰ ᠤᠨ ᠬᠠᠷᠢᠶ᠎ᠠ ᠲᠣᠭᠤᠷᠢᠭ ᠤᠨ ᠬᠥᠬᠡᠬᠤᠲᠠ ᠠᠴᠠ ᠢᠷᠡᠭᠰᠡᠨ ︵ᠪᠤᠴᠠᠵᠤ ᠢᠷᠡᠭᠰᠡᠨ︶ ᠬᠥᠮᠥᠰ ᠢ ᠦᠳᠲᠡᠷ ᠲᠦᠷᠭᠡᠨ ᠵᠢᠭᠰᠠᠭᠠᠨ ᠪᠠᠶᠢᠴᠠᠭᠠᠵᠤ᠂ ᠬᠠᠮᠢᠶᠠᠷᠤᠨ ᠡᠵᠡᠮᠳᠡᠬᠦ ᠠᠵᠢᠯ ᠢ ᠬᠡᠷᠡᠭᠵᠢᠭᠦᠯᠪᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠨ ᠭᠧ ᠳ᠋ᠦᠩ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1