《ᠨᠠᠨ ᠭᠧ ᠳ᠋ᠦᠩ ᠵᠡᠭᠡᠯᠢ》 ᠶᠢᠨ ᠵᠣᠬᠢᠶᠠᠨ ᠪᠢᠴᠢᠯᠭᠡ ᠪᠠ ᠯᠧᠨᠰ  ᠤᠨ ᠵᠣᠬᠢᠴᠠᠯᠳᠤ ᠬᠦᠩᠭᠢᠨᠡᠮ᠎ᠡ
ᠨᠡᠶᠢᠲᠡᠯᠡᠭᠰᠡᠨ ᠴᠠᠭ᠄
2022/3/9
     ᠺᠠᠳ᠋ᠷ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠨᠠᠨ ᠭᠧ ᠳ᠋ᠦᠩ ᠵᠡᠭᠡᠯᠢ ᠭᠤᠳᠤᠮᠵᠢ ᠶᠢᠨ ᠬᠢᠨ ︽ᠨᠢᠭᠲᠠᠷᠠᠯ ᠤᠨ ᠬᠦᠴᠦᠨ ᠢ ᠴᠢᠩᠭᠠᠷᠠᠭᠤᠯᠵᠤ᠂ ᠳᠠᠶᠢᠴᠢᠨ ᠬᠦᠴᠦᠨ ᠢ ᠳᠡᠭᠡᠭᠰᠢᠯᠡᠭᠦᠯᠬᠦ︾ ᠰᠢᠷᠢᠰ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠥᠷᠨᠢᠭᠦᠯᠪᠡ᠃2022 ᠣᠨ ᠤ 2 ᠰᠠᠷ᠎ᠠ ᠶᠢᠨ 16 ᠤ ᠦᠳᠡ ᠶᠢᠨ ᠡᠮᠦᠨᠡᠬᠢ 9 ᠴᠠᠭ ᠲᠤ᠂ ᠬᠡᠷᠡᠭ ᠡᠷᠬᠢᠯᠡᠬᠦ ᠭᠠᠵᠠᠷ ᠤᠨ ᠭᠤᠷᠪᠠᠳᠤᠭᠠᠷ ᠳᠠᠪᠬᠤᠷᠯᠢᠭ ᠤᠨ ᠬᠤᠷᠠᠯ ᠤᠨ ᠭᠡᠷ ᠲᠤ᠂ ᠵᠡᠭᠡᠯᠢ ᠭᠤᠳᠤᠮᠵᠢ ᠶᠢᠨ ᠬᠢᠨ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ ᠶᠠᠩ ᠴᠧᠩ ᠢᠦᠢ ᠨᠥᠬᠦᠷ ᠢ ᠤᠷᠢᠵᠤ᠂ ᠰᠣᠨᠢᠨ ᠮᠡᠳᠡᠭᠡᠨ ᠤ ᠵᠣᠬᠢᠶᠠᠨ ᠪᠢᠴᠢᠯᠭᠡ  ᠶᠢᠨ ︽ᠳᠥᠭᠦᠮ︾ ᠪᠠ ︽ᠪᠤᠳᠤᠯᠢᠶᠠᠨᠲᠠᠢ︾ ᠰᠡᠳᠦᠪ  ᠢᠶᠠᠷ ᠺᠠᠳ᠋ᠷᠴᠤᠳ ᠲᠤ ᠮᠡᠳᠡᠭᠡ ᠵᠠᠩᠭᠢ  ᠶᠢᠨ ᠤᠬᠠᠭᠤᠯᠭ᠎ᠠ  ᠶᠢᠨ ᠡᠬᠡ ᠪᠢᠴᠢᠭ  ᠢ ᠬᠡᠷᠬᠢᠨ ᠪᠢᠴᠢᠬᠦ ᠲᠤᠬᠠᠢ ᠲᠠᠶᠢᠯᠪᠤᠷᠢᠯᠠᠨ ᠥᠭᠴᠦ᠂ ᠡᠬᠡ ᠪᠢᠴᠢᠭ ᠤᠨ ᠪᠣᠳᠠᠲᠤ ᠵᠢᠱᠢᠶ᠎ᠡ᠂ ᠡᠬᠡ ᠪᠢᠴᠢᠭ ᠤᠨ ᠰᠠᠶᠢᠨ ᠮᠠᠭᠤ  ᠶᠢᠨ ᠬᠠᠷᠢᠴᠠᠭᠤᠯᠤᠯ᠂ ᠰᠢᠯᠢᠳᠡᠭ ᠡᠬᠡ ᠪᠢᠴᠢᠭ  ᠢ ᠬᠡᠷᠬᠢᠨ ᠪᠢᠴᠢᠬᠦ᠂ ᠮᠡᠳᠡᠭᠡ ᠵᠠᠩᠭᠢ ᠪᠠ ᠤᠬᠠᠭᠤᠯᠭ᠎ᠠ  ᠶᠢᠨ ᠡᠬᠡ ᠪᠢᠴᠢᠭ ᠤᠨ ᠵᠥᠷᠢᠶ᠎ᠡ ᠵᠢᠴᠢ ᠥᠪᠡᠷ ᠤᠨ ᠵᠣᠬᠢᠶᠠᠨ ᠪᠢᠴᠢᠯᠭᠡ  ᠶᠢᠨ ᠣᠯᠣᠯᠲᠠ ᠣᠯᠣᠯᠲᠠ ᠵᠡᠷᠭᠡ ᠠᠭᠤᠯᠭ᠎ᠠ  ᠶᠢ ᠲᠠᠶᠢᠯᠪᠤᠷᠢᠯᠠᠨ ᠥᠭᠴᠦ᠂ ᠰᠣᠨᠢᠨ ᠮᠡᠳᠡᠭᠡᠨ ᠤ ᠵᠣᠬᠢᠶᠠᠨ ᠪᠢᠴᠢᠯᠭᠡ  ᠶᠢᠨ ᠡᠯᠧᠮᠧᠨ᠋ᠲ  ᠢ ᠭᠦᠨᠵᠡᠭᠡᠢ ᠳᠥᠭᠦᠮᠴᠢᠯᠡᠨ ᠣᠯᠠᠨ ᠳᠤ ᠲᠠᠶᠢᠯᠪᠤᠷᠢᠯᠠᠵᠤ ᠥᠭᠬᠦ ᠬᠡᠷᠡᠭᠲᠡᠢ᠃ᠠᠳᠠᠯᠢᠬᠠᠨ ᠢᠶᠠᠷ ᠣᠷᠣᠨ ᠤ ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠭᠴᠢ ᠪᠠᠨ ᠳ᠋ᠠ ᠸᠧᠢ ᠨᠥᠬᠦᠷ᠂ ᠥᠪᠡᠷ ᠤᠨ ᠭᠡᠷᠡᠯ ᠵᠢᠷᠤᠭ ᠲᠠᠲᠠᠭᠰᠠᠨ ᠣᠯᠣᠯᠲᠠ ᠲᠥᠷᠥᠭᠳᠡᠯ᠂ ᠤᠷ᠎ᠠ ᠮᠡᠷᠭᠡᠵᠢᠯ ᠢᠶᠠᠨ ᠠᠳᠡ ᠰᠠᠭᠤᠭ᠎ᠠ ᠠᠵᠢᠯᠲᠠᠳ ᠲᠠᠭᠠᠨ ᠨᠢᠭᠡᠳ ᠨᠢᠭᠡ ᠪᠠᠷ ᠬᠤᠪᠢᠶᠠᠯᠴᠠᠵᠤ᠂ ᠲᠡᠭᠦᠨ ᠤ ᠨᠠᠷᠢᠨ ᠨᠢᠮᠪᠠᠢ ᠬᠦᠯᠢᠴᠡᠩᠭᠦᠢ ᠲᠠᠶᠢᠯᠤᠮᠵᠢ ᠶᠢᠨ ᠳᠣᠣᠷ᠎ᠠ ᠰᠡᠭᠦᠳᠡᠷᠯᠡᠬᠦ ᠮᠠᠰᠢᠨ ᠤ ᠢᠯᠡᠷᠡᠭᠦᠯᠦᠯ ᠤᠨ ᠬᠦᠴᠦᠨ ᠢ ᠲᠤᠪᠤᠶᠢᠯᠭᠠᠪᠠ᠃      ᠲᠣᠰ ᠤᠳᠠᠭᠠᠨ ᠤ ᠪᠣᠯᠪᠠᠰᠤᠷᠠᠭᠤᠯᠤᠯ ᠨᠢ ᠠᠵᠢᠯᠲᠠᠳ ᠲᠤ ᠰᠣᠨᠢᠨ ᠮᠡᠳᠡᠭᠡᠨ ᠤ ᠡᠬᠡ ᠪᠢᠴᠢᠭ ᠤᠨ ᠴᠢᠬᠤᠯᠠ ᠠᠴᠢ ᠬᠤᠯᠪᠣᠭᠳᠠᠯ ᠢ ᠤᠯᠠᠮ ᠨᠢᠭᠡ ᠠᠯᠬᠤᠮ ᠣᠶᠢᠯᠠᠭᠠᠭᠤᠯᠬᠤ ᠶᠢᠨ ᠬᠠᠮᠲᠤ ᠺᠠᠳ᠋ᠷᠴᠤᠳ ᠤᠨ ᠤᠬᠠᠭᠤᠯᠬᠤ ᠴᠢᠳᠠᠪᠤᠷᠢ᠂ ᠵᠣᠬᠢᠶᠠᠨ ᠪᠢᠴᠢᠬᠦ ᠴᠢᠳᠠᠪᠤᠷᠢ ᠶᠢ ᠨᠡᠮᠡᠭᠳᠡᠭᠦᠯᠵᠦ᠂ ᠤᠬᠠᠭᠤᠯᠭ᠎ᠠ ᠶᠢᠨ ᠭᠤᠣᠯ ᠬᠥᠭ ᠠᠶᠠᠰ ᠢ ᠴᠢᠩᠭᠠᠷᠠᠭᠤᠯᠤᠨ᠂ ᠢᠳᠡᠪᠬᠢ ᠬᠦᠴᠦᠨ ᠤ ᠤᠬᠠᠮᠰᠠᠷ ᠢ ᠤᠯᠠᠮᠵᠢᠯᠠᠵᠤ᠂ 2022 ᠣᠨ ᠤ ᠵᠡᠭᠡᠯᠢ ᠭᠤᠳᠤᠮᠵᠢ ᠶᠢᠨ ᠤᠬᠠᠭᠤᠯᠭ᠎ᠠ ᠶᠢᠨ ᠠᠵᠢᠯ ᠳᠤ ᠪᠠᠲᠤ ᠰᠠᠭᠤᠷᠢ ᠶᠢ ᠲᠠᠯᠪᠢᠭᠰᠠᠨ ᠪᠠᠶᠢᠨ᠎ᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠨ ᠭᠧ ᠳ᠋ᠦᠩ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1