︽ᠨᠠᠨ ᠭᠧ ᠳ᠋ᠦᠩ ᠵᠡᠭᠡᠯᠢ︾ ᠬᠢᠵᠢᠭ ᠢ ᠰᠡᠷᠭᠡᠶᠢᠯᠡᠬᠦ ᠭᠤᠷᠪᠠᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠵᠤ ᠤᠯᠠᠨ ᠲᠦᠮᠡᠨ ᠤ ᠡᠷᠡᠭᠦᠯ ᠮᠡᠨᠳᠦ ᠶᠢᠨ ᠬᠤᠷᠢᠭ᠎ᠠ ᠱᠤᠭᠤᠮ ᠢ ᠰᠠᠬᠢᠨ ᠬᠠᠮᠠᠭᠠᠯᠠᠪᠠ
ᠨᠡᠶᠢᠲᠡᠯᠡᠭᠰᠡᠨ ᠴᠠᠭ᠄
2022/3/9
   
     ᠣᠶᠢᠷ᠎ᠠ  ᠶᠢᠨ ᠡᠳᠦᠷ ᠤᠳ ᠲᠤ᠂ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠴᠢᠩᠭ᠎ᠠ ᠰᠡᠷᠭᠡᠶᠢᠯᠡᠨ ᠰᠠᠬᠢᠵᠤ ᠪᠠᠶᠢᠭ᠎ᠠ ᠰᠦᠷ ᠬᠦᠴᠦᠲᠦ ᠪᠠᠶᠢᠳᠠᠯ ᠤᠨ ᠡᠮᠦᠨ᠎ᠡ᠂ ᠥᠪᠡᠷᠲᠡᠭᠡᠨ ᠵᠠᠰᠠᠬᠤ ᠣᠷᠣᠨ᠂ ᠬᠤᠲᠠ᠂ ᠲᠣᠭᠤᠷᠢᠭ ᠤᠨ ᠡᠯ᠎ᠡ ᠱᠠᠲᠤᠨ ᠤ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠤᠬᠠᠭᠤᠯᠭ᠎ᠠ  ᠶᠢᠨ ᠠᠵᠢᠯ ᠤᠨ ᠱᠠᠭᠠᠷᠳᠠᠯᠭ᠎ᠠ  ᠶᠢ ᠭᠦᠨᠵᠡᠭᠡᠢ ᠨᠠᠶᠢᠳᠠᠪᠤᠷᠢᠵᠢᠭᠤᠯᠬᠤ  ᠶᠢᠨ ᠲᠤᠰᠠᠳᠠ᠂ ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠪᠠᠶᠢᠳᠠᠯ  ᠢ ᠴᠠᠭ ᠲᠤᠬᠠᠢ ᠳᠤᠨᠢ ᠣᠨᠣᠪᠴᠢᠲᠠᠶ ᠠᠷᠭᠠᠴᠠᠵᠤ᠂ ᠤᠬᠠᠭᠤᠯᠭ᠎ᠠ ᠶᠠᠷᠢᠶ᠎ᠠ ᠬᠡᠯᠡᠯᠴᠡᠭᠡᠨ ᠤ ᠬᠥᠲᠥᠯᠥᠨ ᠵᠢᠯᠤᠭᠤᠳᠬᠤ ᠠᠵᠢᠯ  ᠢ ᠰᠠᠶᠢᠲᠤᠷ ᠬᠢᠭᠰᠡᠨ ᠪᠠᠶᠢᠨ᠎ᠠ᠃ᠮᠠᠨ ᠤ ᠵᠡᠭᠡᠯᠢ ᠭᠤᠳᠤᠮᠵᠢ ᠶᠢᠨ ᠬᠢᠨ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠮᠥᠨ ᠬᠦ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠠ ᠣᠳᠣᠬᠠᠨ ᠤ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠣᠳᠠᠲᠠᠢ ᠨᠠᠷᠢᠯᠢᠭ ᠰᠠᠶᠢᠲᠤᠷ ᠠᠳᠬᠤᠵᠤ᠂ ᠪᠦᠲᠦᠮᠵᠢᠲᠡᠢ ᠲᠤᠷᠰᠢᠯᠭ᠎ᠠ ᠠᠷᠭ᠎ᠠ ᠬᠢᠳᠡᠯ ᠢ ᠪᠠᠲᠤᠳᠬᠠᠨ ᠰᠢᠯᠢᠳᠡᠭᠵᠢᠭᠦᠯᠵᠦ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠵᠦ᠂ ᠤᠨᠢᠨ ᠳᠡᠭᠡᠷ᠎ᠡ  ᠨᠢ ᠰᠡᠷᠭᠡᠶᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠶᠢᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳᠦ ᠶᠢ ᠰᠠᠬᠢᠨ ᠬᠠᠮᠠᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠠᠮᠠᠭᠠᠯᠠᠬᠤ ᠭᠤᠷᠪᠠᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃      ᠨᠢᠭᠡ ᠳᠤ ᠪᠤᠴᠠᠭᠠᠨ ᠳᠠᠭᠠᠭᠠᠴᠢᠯᠠᠭᠤᠯᠬᠤ ᠬᠥᠮᠥᠰ ᠤᠨ ᠡᠬᠢ ᠡᠭᠦᠰᠦᠯ ᠤᠨ ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠰᠠᠬᠢᠨ᠎ᠠ᠃ᠬᠢᠵᠢᠭ ᠳᠡᠯᠭᠡᠷᠡᠭᠰᠡᠨ ᠬᠦᠨᠳᠦ ᠨᠣᠴᠢᠲᠠᠢ ᠪᠠᠶᠢᠳᠠᠯ ᠤᠨ ᠡᠮᠦᠨ᠎ᠡ᠂ ᠮᠠᠨ ᠤ ᠵᠡᠭᠡᠯᠢ ᠭᠤᠳᠤᠮᠵᠢ ᠶᠢᠨ ᠬᠢᠨ ᠨᠠᠷᠢᠨ ᠨᠢᠭᠲᠠ ᠪᠥᠭᠡᠳ ᠬᠥᠮᠥᠨᠴᠢᠯᠡᠭᠰᠡᠨ ᠬᠢᠵᠢᠭ ᠢ ᠰᠡᠷᠭᠡᠶᠢᠯᠡᠬᠦ ᠣᠶᠢᠯᠠᠭᠠᠭᠳᠠᠬᠤᠨ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠨᠠᠷᠢᠨ ᠵᠦᠢᠯᠡᠰ ᠠᠴᠠ ᠪᠣᠳᠣᠯᠬᠢᠯᠠᠨ᠂ ᠵᠢᠵᠢᠭ ᠵᠦᠢᠯᠡᠰ ᠠᠴᠠ ᠭᠠᠷᠳᠠᠵᠤ᠂ ᠬᠢᠵᠢᠭ ᠰᠡᠷᠭᠡᠶᠢᠯᠡᠬᠦ ᠶᠢ ᠨᠠᠷᠢᠯᠢᠭ ᠠᠳᠬᠤᠵᠤ᠂ ᠨᠠᠷᠢᠨ ᠨᠢᠮᠪᠠᠢ ᠦᠢᠯᠡᠴᠢᠯᠡᠵᠦ᠂ ᠡᠯ᠎ᠡ ᠨᠡᠶᠢᠭᠡᠮ ᠲᠣᠭᠤᠷᠢᠭ ᠤᠨ ᠬᠢᠨ︽ᠭᠠᠳᠠᠨ᠎ᠠ ᠠᠴᠠ ᠰᠡᠷᠭᠡᠶᠢᠯᠡᠬᠦ︾ᠠᠵᠢᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠭᠠᠳᠠᠨ᠎ᠠ ᠠᠴᠠ ᠪᠤᠴᠠᠵᠤ ᠳᠠᠭᠠᠭᠠᠴᠢᠯᠠᠭᠤᠯᠤᠨ ᠭᠡᠷ ᠪᠦᠯᠢ ᠶᠢ ᠲᠤᠰᠠᠭᠠᠷᠯᠠᠭᠰᠠᠨ ᠰᠠᠭᠤᠭᠠᠯᠢ ᠠᠷᠠᠳ ᠲᠤ ᠡᠳᠦᠷ ᠲᠤᠳᠤᠮ ᠤᠨ ᠬᠢᠨᠠᠨ ᠬᠡᠮᠵᠢᠯᠲᠡ ᠬᠢᠵᠦ᠂ ︽ᠥᠴᠥᠬᠡᠨ ᠴᠦ ᠴᠠᠯᠠᠭᠠᠶᠢᠷᠠᠵᠤ ᠪᠣᠯᠬᠤ ᠦᠭᠡᠢ᠂ ᠶᠠᠮᠠᠷ ᠴᠤ ᠠᠵᠠ ᠵᠠᠪᠰᠢᠶᠠᠨ ᠢᠶᠠᠷ ᠬᠠᠨᠳᠤᠵᠤ ᠪᠣᠯᠬᠤ ᠦᠭᠡᠢ︾ᠭᠡᠬᠦ ᠢᠲᠡᠭᠡᠯ ᠪᠢᠰᠢᠷᠡᠯ ᠢ ᠪᠠᠲᠤ ᠰᠠᠬᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠦᠲᠦᠮᠵᠢᠲᠡᠢ ᠨᠠᠶᠢᠳᠠᠪᠤᠷᠢᠵᠢᠭᠤᠯᠤᠭᠳᠠᠬᠤ ᠶᠢ ᠪᠠᠲᠤᠯᠠᠬᠤ ᠬᠡᠷᠡᠭᠲᠡᠢ᠃      ᠬᠤᠶᠠᠷ ᠲᠤ ᠡᠵᠡᠩᠨᠡᠯᠲᠡ ᠶᠢᠨ ᠲᠠᠯᠠᠪᠤᠷ ᠭᠠᠵᠠᠷ ᠤᠨ ᠴᠤᠭᠯᠠᠷᠠᠯ ᠤᠨ ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠰᠠᠬᠢᠨ᠎ᠠ᠃ᠡᠯ᠎ᠡ ᠲᠥᠷᠥᠯ ᠤᠨ ᠡᠵᠡᠩᠨᠡᠯᠲᠡ ᠶᠢᠨ ᠭᠠᠵᠠᠷ ᠨᠢ ᠠᠷᠠᠳ ᠣᠯᠠᠨ ᠤ ᠠᠮᠢᠳᠤᠷᠠᠯ ᠲᠠᠢ ᠨᠢᠭᠲᠠ ᠬᠤᠯᠪᠣᠭ᠎ᠠ  ᠲᠠᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠩᠭᠤ ᠶᠢᠨ ᠬᠤᠭᠤᠴᠠᠭᠠᠨ ᠳᠤ᠂ ᠬᠤᠳᠠᠯᠳᠤᠭᠠᠨ ᠤ ᠡᠷᠦᠬᠡ ᠶᠢᠨ ᠠᠮᠤᠷ ᠲᠦᠪᠰᠢᠨ᠂ ᠲᠣᠭᠲᠠᠭᠤᠨ ᠪᠠᠶᠢᠳᠠᠯ ᠨᠢ ᠨᠡᠩ ᠴᠢᠬᠤᠯᠠ ᠪᠣᠯᠵᠤ᠂ ᠮᠠᠨ ᠤ ᠵᠡᠭᠡᠯᠢ ᠭᠤᠳᠤᠮᠵᠢ ᠶᠢᠨ ᠡᠯ᠎ᠡ ᠨᠡᠶᠢᠭᠡᠮ ᠲᠣᠭᠤᠷᠢᠭ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠳᠡᠪᠬᠢᠲᠡᠢ ᠥᠷᠨᠢᠭᠦᠯᠵᠦ᠂ ᠬᠠᠷᠢᠶ᠎ᠠ ᠣᠷᠣᠨ ᠤ ᠪᠠᠨ ᠡᠯ᠎ᠡ ᠲᠦᠷᠦᠯ ᠤᠨ ᠬᠤᠳᠠᠯᠳᠤᠭᠠᠨ ᠤ ᠡᠷᠦᠬᠡ᠂ ᠡᠵᠡᠩᠨᠡᠯᠲᠡ ᠶᠢᠨ ᠭᠠᠵᠠᠷ ᠤᠨ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭᠠᠳᠬᠠᠵᠤ᠂ ᠡᠭᠦᠳᠡᠨ ᠨᠣᠮᠧᠷ ᠢ ᠰᠢᠯᠭᠠᠨ ᠪᠠᠶᠢᠴᠠᠭᠠᠬᠤ᠂ ᠠᠷᠢᠭᠤᠳᠬᠠᠬᠤ᠂ ᠳᠤᠯᠠᠭᠠᠨ ᠢ ᠬᠡᠮᠵᠢᠬᠦ᠂ ᠮᠡᠳᠡᠭᠡ ᠵᠠᠩᠭᠢ ᠶᠢ ᠳᠠᠩᠰᠠᠯᠠᠬᠤ ᠵᠡᠷᠭᠡ ᠬᠢᠵᠢᠭ ᠢ ᠰᠡᠷᠭᠡᠶᠢᠯᠡᠬᠦ ᠠᠵᠢᠯ ᠲᠤᠲᠠᠭᠳᠠᠵᠤ ᠪᠣᠯᠣᠰᠢ ᠦᠭᠡᠢ ᠪᠠᠶᠢᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠨ ᠴᠡᠪᠡᠷ ᠢ ᠰᠠᠶᠢᠲᠤᠷ ᠬᠢᠬᠦ ᠶᠢᠨ ᠬᠠᠮᠲᠤ ᠤᠰᠠᠳᠬᠠᠬᠤ ᠵᠡᠷᠭᠡ ᠶᠢ ᠰᠠᠶᠢᠲᠤᠷ ᠬᠢᠵᠦ᠂ ᠠᠷᠢᠭᠤᠨ ᠴᠡᠪᠡᠷ᠂ ᠠᠮᠤᠷ ᠲᠦᠪᠰᠢᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠵᠤ᠂ ᠤᠯᠠᠨ ᠲᠦᠮᠡᠨ ᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠪᠠ᠃      ᠭᠤᠷᠪᠠ ᠳᠤ᠂ ᠬᠤᠪᠢ ᠬᠥᠮᠥᠨ ᠤ ᠰᠡᠷᠭᠡᠶᠢᠯᠡᠨ ᠡᠵᠡᠮᠳᠡᠬᠦ ᠡᠴᠦᠰ ᠤᠨ ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠰᠠᠬᠢᠬᠤ ᠬᠡᠷᠡᠭᠲᠡᠢ᠃ᠬᠢᠵᠢᠭ ᠤᠨ ᠪᠠᠶᠢᠳᠠᠯ  ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠳᠠᠬᠢᠨᠲᠠ ᠪᠠᠴᠢᠮ ᠪᠣᠯᠵᠤ᠂ ᠬᠤᠪᠢ ᠬᠥᠮᠥᠨ ᠤ ᠰᠡᠷᠭᠡᠶᠢᠯᠡᠨ ᠬᠠᠮᠠᠭᠠᠯᠠᠯᠲᠠ ᠳᠤ ᠪᠣᠯᠭᠤᠮᠵᠢ ᠦᠭᠡᠢ ᠪᠠᠶᠢᠵᠤ ᠪᠣᠯᠬᠤ ᠦᠭᠡᠢ᠃ᠡᠯ᠎ᠡ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠥᠷᠲᠡᠭᠡ ᠤᠬᠠᠭᠤᠯᠵᠤ ᠬᠥᠲᠥᠯᠥᠨ ᠵᠢᠯᠤᠭᠤᠳᠬᠤ ᠪᠠ ᠬᠢᠨᠠᠯᠲᠠ ᠲᠠᠯᠪᠢᠬᠤ ᠠᠵᠢᠯ ᠢ ᠰᠠᠶᠢᠲᠤᠷ ᠬᠢᠵᠦ᠂ ᠠᠵᠢᠯ ᠤᠨ ᠲᠠᠯᠠᠪᠤᠷ ᠲᠤ ᠣᠷᠣᠬᠤ ᠳᠠᠭᠠᠨ ᠡᠷᠬᠡᠪᠰᠢ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠡᠭᠦᠨ ᠤ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠤᠬᠠᠭᠤᠯᠭ᠎ᠠ ᠶᠢᠨ ᠤᠷᠢᠶ᠎ᠠ ᠯᠣᠽᠦ᠋ᠩ ᠨᠠᠭᠠᠬᠤ ᠪᠠᠷ ᠳᠠᠮᠵᠢᠭᠤᠯᠤᠨ ᠣᠯᠠᠨ ᠲᠦᠮᠡᠨ ᠳᠤ ᠠᠮᠠᠪᠴᠢ  ᠶᠢ ᠰᠠᠶᠢᠲᠤᠷ ᠵᠡᠭᠦᠬᠦ  ᠶᠢ ᠰᠠᠨᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠨᠢ ᠬᠥᠮᠥᠨ ᠨᠢᠭᠡᠪᠦᠷᠢ ᠶᠢᠨ ᠣᠶᠢᠯᠠᠭᠠᠯᠲᠠ ᠠᠴᠠ ᠰᠠᠯᠵᠤ ᠴᠢᠳᠠᠬᠤ ᠦᠭᠡᠢ ᠶᠤᠮ᠂ ᠪᠢᠳᠡ ᠬᠥᠮᠥᠨ ᠨᠢᠭᠡᠪᠦᠷᠢ ᠴᠥᠮ ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠬᠢᠵᠢᠭ ᠢ ᠰᠡᠷᠭᠡᠶᠢᠯᠡᠬᠦ ᠤᠬᠠᠮᠰᠠᠷ ᠢᠶᠠᠨ ᠨᠡᠮᠡᠭᠳᠡᠭᠦᠯᠦᠨ᠂ ᠨᠠᠮ ᠪᠠ ᠵᠠᠰᠠᠭ ᠤᠨ ᠣᠷᠳᠣᠨ ᠤ ᠤᠷᠢᠶᠠᠯᠠᠭ᠎ᠠ ᠲᠠᠢ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠷ ᠵᠣᠬᠢᠴᠠᠵᠤ᠂ ᠬᠢᠵᠢᠭ ᠢ ᠰᠡᠷᠭᠡᠶᠢᠯᠡᠬᠦ ᠱᠠᠭᠠᠷᠳᠠᠯᠭ᠎ᠠ ᠶᠢ ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠵᠦ᠂ ᠴᠢᠩᠭ᠎ᠠ ᠵᠢᠷᠤᠮᠯᠠᠨ᠂ ᠥᠪᠡᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠬᠠᠷᠢᠭᠤᠴᠠᠯᠭᠠᠲᠠᠨ ᠢᠶᠠᠨ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠡᠴᠦᠰ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃      ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠨᠢᠭᠡᠨᠲᠡ ᠪᠠᠶᠢᠩᠭᠤ ᠶᠢᠨ ᠬᠤᠭᠤᠴᠠᠭᠠᠨ ᠳᠤ ᠣᠷᠣᠵᠤ᠂ ᠨᠠᠨ ᠭᠧ ᠳ᠋ᠦᠩ ᠵᠡᠭᠡᠯᠢ ᠭᠤᠳᠤᠮᠵᠢ ᠶᠢᠨ ᠬᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠲᠠᠯ᠎ᠠ ᠪᠠᠷ ᠦᠷᠭᠦᠯᠵᠢᠯᠡᠨ ᠥᠷᠨᠢᠭᠦᠯᠵᠦ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠰᠡᠷᠭᠦᠬᠦ ᠶᠢ ᠰᠡᠷᠭᠡᠶᠢᠯᠡᠬᠦ︾ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠴᠢᠩᠭ᠎ᠠ ᠰᠡᠷᠭᠡᠶᠢᠯᠡᠨ ᠦᠬᠦᠮᠡᠯ ᠢᠶᠠᠷ ᠰᠠᠬᠢᠵᠤ᠂ ᠬᠥᠮᠥᠨ ᠬᠠᠷ᠎ᠠ ᠰᠢᠯᠵᠢᠬᠦ ᠭᠤᠭᠴᠤᠭ᠎ᠠ ᠶᠢ ᠪᠦᠬᠦ ᠬᠦᠴᠦᠨ ᠢᠶᠠᠷ ᠢᠶᠠᠨ ᠴᠢᠩᠭ᠎ᠠ ᠠᠳᠬᠤᠵᠤ᠂ ᠪᠣᠳᠠᠲᠤ ᠪᠠᠶᠢᠯᠳᠤᠭᠠᠨ ᠤ ᠰᠣᠷᠢᠯᠲᠠ ᠶᠢ ᠴᠢᠩᠭᠠᠳᠬᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠠᠷᠠᠳ ᠲᠦᠮᠡᠨ ᠤ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠴᠣᠬᠢᠬᠤ ᠳᠠᠶᠢᠯᠠᠯᠳᠤᠭᠠᠨ ᠤ ᠢᠯᠠᠯᠲᠠ ᠶᠢ ᠵᠠᠪᠠᠯ ᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠨ ᠭᠧ ᠳ᠋ᠦᠩ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1