3 ᠰᠠᠷ᠎ᠠ ᠶᠢᠨ 4 ᠤ ᠡᠳᠦᠷ ᠬᠠᠷᠢᠶ᠎ᠠ ᠣᠷᠣᠨ ᠤ ᠳ᠋ᠢ ᠱᠠᠩ ᠯᠠᠨ ᠴᠤᠸᠠᠩ ᠬᠤᠳᠠᠯᠳᠤᠭ᠎ᠠ ᠠᠷᠠᠯᠵᠢᠶᠠᠨ ᠤ | ᠬᠢᠵᠠᠭᠠᠷᠲᠤ ᠺᠣᠮᠫᠠᠨᠢ ᠶᠢᠨ ᠾᠧ ᠫᠢᠩ ᠵᠠᠮ ᠤᠨ ᠳᠡᠯᠭᠡᠭᠦᠷ ᠠᠴᠠ ᠨᠡᠶᠢᠭᠡᠮ ᠲᠣᠭᠤᠷᠢᠭ ᠲᠤ ᠦᠨᠢᠶᠡᠨ ᠰᠦ᠋᠂ ᠳᠥᠭᠦᠮ | ᠮᠢᠨᠲᠤᠤᠷ᠂ ᠷᠠᠰᠢᠶᠠᠨ ᠤᠰᠤ ᠵᠡᠷᠭᠡ ᠠᠮᠢᠳᠤᠷᠠᠯ ᠤᠨ ᠡᠳ᠋ ᠪᠣᠳᠠᠰ ᠬᠠᠨᠳᠢᠪᠯᠡᠵᠤ᠂ ᠬᠢᠵᠢᠭ ᠤᠨ ᠪᠠᠶᠢᠳᠠᠯ ᠢ | ᠡᠰᠡᠷᠭᠦᠴᠡᠬᠦ ᠳᠤ ᠬᠦᠴᠦ ᠨᠡᠮᠡᠷᠢᠯᠡᠪᠡ᠃ | ᠺᠣᠮᠫᠠᠨᠢ ᠶᠢᠨ ᠤᠳᠤᠷᠢᠳᠤᠯᠭ᠎ᠠ ᠥᠪᠡᠷ ᠤᠨ ᠪᠡᠶ᠎ᠡ ᠪᠠᠷ ᠢᠶᠠᠨ ᠠᠮᠢᠳᠤᠷᠠᠯ ᠤᠨ ᠡᠳ᠋ ᠪᠣᠳᠠᠰ ᠢ ᠨᠡᠶᠢᠭᠡᠮ | ᠲᠣᠭᠤᠷᠢᠭ ᠲᠤ ᠬᠦᠷᠭᠡᠭᠰᠡᠨ ᠳᠤ ᠲᠡᠷᠡ᠄ ︽ᠲᠠ ᠨᠠᠷ ᠳᠠᠩᠴᠤ ᠵᠦᠳᠡᠷᠡᠯᠲᠡᠢ ᠪᠠᠶᠢᠨ᠎ᠠ᠂ ᠨᠢᠳᠤᠨᠤᠨ ᠤ ᠬᠤᠲᠠ | ᠪᠠᠶᠢᠭᠤᠯᠤᠭᠰᠠᠨ ᠠᠴᠠ ᠠᠪᠤᠭᠠᠳ ᠡᠨᠡ ᠵᠢᠯ ᠤᠨ ᠬᠢᠵᠢᠭ ᠢ ᠰᠡᠷᠭᠡᠶᠢᠯᠡᠬᠦ ᠪᠣᠯᠲᠠᠯ᠎ᠠ᠂ ᠡᠳᠦᠷ ᠪᠦᠷᠢ ᠬᠢᠵᠢᠭ ᠤᠨ | ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠷᠢᠭᠯᠠᠨ ᠴᠣᠬᠢᠬᠤ ᠬᠠᠮᠤᠭ ᠤᠨ ᠡᠮᠦᠨ᠎ᠡ ᠵᠠᠬ᠎ᠠ ᠳᠤ ᠣᠷᠣᠵᠤ ᠪᠠᠶᠢᠨ᠎ᠠ᠂ | ᠬᠠᠷᠢᠶ᠎ᠠ ᠣᠷᠣᠨ ᠤ ᠪᠠᠨ ᠰᠠᠭᠤᠷᠢ ᠬᠤᠳᠠᠯᠳᠤᠭᠠᠴᠢᠨ ᠪᠣᠯᠤᠭᠰᠠᠨ ᠤ ᠬᠤᠪᠢ ᠳᠤ ᠪᠢᠳᠡ ᠪᠠᠰᠠ ᠥᠴᠥᠬᠡᠨ ᠲᠡᠳᠦᠢ | ᠬᠦᠴᠦ ᠭᠠᠷᠭᠠᠵᠤ ᠪᠠᠶᠢᠭᠠᠳ ᠡᠨᠡ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠷᠢᠭᠯᠠᠨ | ᠴᠣᠬᠢᠬᠤ ᠳᠠᠶᠢᠨ ᠤ ᠢᠯᠠᠯᠲᠠ ᠶᠢ ᠣᠯᠬᠤ ᠳᠤ ᠰᠤᠮᠤ ᠨᠡᠮᠡᠵᠦ ᠠᠮᠤ ᠪᠤᠳᠠᠭ᠎ᠠ ᠨᠥᠬᠦᠪᠦᠷᠢᠯᠡᠬᠦ ᠶᠢ ᠬᠦᠰᠡᠵᠦ ᠪᠠᠶᠢᠨ᠎ᠠ | ︾ ᠭᠡᠵᠡᠢ᠃ | ᠡᠨᠡ ᠤᠳᠠᠭᠠᠨ ᠤ ᠬᠢᠵᠢᠭ ᠤᠨ ᠪᠠᠶᠢᠳᠠᠯ ᠤᠨ ᠪᠡᠷᠬᠡ ᠰᠡᠳᠦᠪ ᠢ ᠰᠢᠢᠳᠪᠦᠷᠢᠯᠡᠬᠦ ᠲᠡᠶᠢᠨ ᠤ ᠳᠤᠮᠳᠠ ᠪᠠᠰᠠ | ᠮᠠᠰᠢ ᠣᠯᠠᠨ ᠰᠠᠶᠢᠨ ᠳᠤᠷ᠎ᠠ ᠶᠢᠨ ᠠᠵᠢᠯᠯᠠᠭᠴᠢᠳ ᠡᠯ᠎ᠡ ᠵᠦᠢᠯ ᠤᠨ ᠬᠡᠯᠪᠡᠷᠢ ᠪᠠᠷ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠠᠵᠢᠯ ᠳᠤ ᠬᠦᠴᠦᠨ ᠨᠡᠮᠡᠷᠢᠯᠡᠵᠦ ᠪᠠᠶᠢᠨ᠎ᠠ᠃ᠠᠮᠢ ᠨᠠᠰᠤ ᠲᠠᠶᠢᠱᠠᠨ ᠠᠭᠤᠯᠠ ᠮᠡᠲᠦ | ᠬᠦᠨᠳᠦ᠂ ᠬᠢᠵᠢᠭ ᠤᠨ ᠪᠠᠶᠢᠳᠠᠯ ᠴᠡᠷᠢᠭ ᠤᠨ ᠵᠠᠷᠯᠢᠭ ᠮᠡᠲᠦ᠂ ᠡᠨᠡ ᠬᠦ ᠣᠨᠴᠠᠭᠠᠶ ᠴᠠᠭ ᠦᠶ᠎ᠡ ᠳᠤ᠂ ᠪᠢᠳᠡ ᠥᠪᠡᠷ | ᠥᠪᠡᠷ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠡᠨᠡ ᠬᠦ ᠳᠠᠷᠢ ᠶᠢᠨ ᠤᠲᠤᠭ᠎ᠠ ᠶᠢ ᠥᠯᠥ ᠣᠯᠵᠤ ᠦᠵᠡᠬᠦ | ᠳᠠᠶᠢᠨ ᠤ ᠢᠯᠠᠯᠲᠠ ᠶᠢ ᠣᠯᠬᠤ ᠪᠠᠷ ᠴᠢᠷᠮᠠᠶᠢᠵᠠᠭᠠᠶ᠎ᠠ᠃ | | |