ᠲᠣᠭᠤᠷᠢᠭ ᠤᠨ ᠰᠣᠶᠣᠯ ᠤᠨ ᠵᠢᠭᠤᠯᠴᠢᠯᠠᠯ ᠤᠨ ᠲᠣᠪᠴᠢᠶ᠎ᠠ ᠰᠣᠶᠣᠯ ᠴᠡᠩᠭᠡᠯ ᠤᠨ ᠭᠠᠵᠠᠷ ᠢ ᠪᠠᠴᠢᠮ ᠬᠠᠭᠠᠵᠤ ᠵᠣᠭᠰᠣᠭᠠᠪᠠ
ᠨᠡᠶᠢᠲᠡᠯᠡᠭᠰᠡᠨ ᠴᠠᠭ᠄
2022/4/21
     ᠣᠳᠣᠬᠠᠨ ᠤ ᠪᠤᠭᠤᠲᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ︽ᠬᠢᠵᠢᠭ ᠤᠨ ᠪᠠᠶᠢᠳᠠᠯ ᠪᠣᠯ ᠳᠠᠷᠤᠢ ᠵᠠᠷᠯᠢᠭ᠂ ᠰᠡᠷᠭᠡᠶᠢᠯᠡᠨ ᠡᠵᠡᠮᠳᠡᠬᠦ ᠪᠣᠯ ᠳᠠᠷᠤᠢ ᠬᠠᠷᠢᠭᠤᠴᠠᠯᠭ᠎ᠠ︾ ᠭᠡᠬᠦ ᠠᠵᠢᠯ ᠤᠨ ᠣᠪᠣᠷ ᠢᠶᠠᠷ ᠳ᠋ᠦᠩ ᠾᠧ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠳᠲᠡᠷ ᠲᠦᠷᠭᠡᠨ ᠡᠬᠢᠯᠡᠭᠦᠯᠪᠡ᠃2 ᠳ᠋ᠤᠭᠠᠷ ᠰᠠᠷ᠎ᠠ ᠶᠢᠨ 18 ᠤ ᠡᠳᠦᠷ ᠤᠨ ᠦᠳᠡ ᠶᠢᠨ ᠡᠮᠦᠨᠡᠬᠢ 12 ᠴᠠᠭ ᠪᠣᠯᠲᠠᠯ᠎ᠠ᠂ ᠪᠥᠬᠦ ᠣᠷᠣᠨ ᠤ ᠰᠣᠶᠣᠯ ᠴᠡᠩᠭᠡᠯ ᠤᠨ 33 ᠲᠠᠯᠠᠪᠤᠷ ᠭᠠᠵᠠᠷ᠂ 40 ᠪᠡᠶ᠎ᠡ ᠶᠢᠨ ᠲᠠᠮᠢᠷ ᠤᠨ ᠡᠵᠡᠩᠨᠡᠯᠲᠡ ᠶᠢᠨ ᠲᠠᠯᠠᠪᠤᠷ ᠭᠠᠵᠠᠷ᠂ 8 ᠵᠢᠭᠤᠯᠴᠢᠯᠠᠯ ᠤᠨ ᠦᠢᠯᠡᠴᠢᠯᠡᠭᠡ ᠶᠢ ᠲᠦᠷ ᠵᠣᠭᠰᠣᠭᠠᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠣᠳᠣᠨ ᠲᠠᠰ ᠤᠨ ᠪᠠᠭᠤᠳᠠᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠥᠮᠥᠰ ᠤᠨ ᠪᠡᠶ᠎ᠡ ᠶᠢᠨ ᠳᠤᠯᠠᠭᠠᠨ ᠢ ᠬᠡᠮᠵᠢᠬᠦ᠂ ᠳᠠᠩᠰᠠᠯᠠᠬᠤ᠂ ᠤᠰᠠᠳᠬᠠᠬᠤ᠂ ᠭᠥᠯᠢᠶᠡᠨ ᠠᠪᠬᠤ ᠬᠥᠮᠥᠨ ᠤ ᠲᠤᠭ᠎ᠠ ᠶᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠬᠢᠨ᠎ᠡ︔ᠲᠣᠭᠤᠷᠢᠭ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠠᠯᠠᠪᠤᠷ ᠣᠷᠳᠣᠨ ᠢ ᠪᠥᠬᠦᠳᠡ ᠶᠢ ᠬᠠᠭᠠᠪᠠ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1