ᠳ᠋ᠦᠩ ᠾᠧ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠳᠠᠯᠳᠤᠭᠠᠨ ᠤ ᠲᠣᠭᠤᠷᠢᠭ ᠤᠨ ︽ᠰᠠᠨᠠᠭ᠎ᠠ ᠠᠮᠤᠷ ᠢᠳᠡᠭᠡᠨ ᠤᠮᠳᠠᠭᠠᠨ︾ ᠢ ᠪᠥᠬᠦ ᠬᠦᠴᠦᠨ ᠢᠶᠠᠷ ᠢᠶᠠᠨ ᠪᠦᠲᠦᠭᠡᠬᠦ
ᠨᠡᠶᠢᠲᠡᠯᠡᠭᠰᠡᠨ ᠴᠠᠭ᠄
2022/4/21
     ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ  ᠲᠠᠢ ᠬᠤᠷᠠᠯᠳᠤᠬᠤ  ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠬᠤᠷᠢᠭ᠎ᠠ ᠱᠤᠭᠤᠮ ᠢ ᠪᠠᠲᠤ ᠰᠠᠬᠢᠵᠤ᠂ ᠳ᠋ᠦᠩ ᠾᠧ ᠲᠣᠭᠤᠷᠢᠭ ᠤᠨ ᠢᠳᠡᠭᠡᠨ ᠤ ᠠᠮᠤᠷ ᠲᠦᠪᠰᠢᠨ ᠤ ︽ᠪᠦᠬᠦ ᠣᠷᠣᠨ ᠪᠦᠰᠡ ᠶᠢᠨ ᠪᠦᠬᠦ ᠵᠢᠯ ︾ ᠤᠨ ᠲᠣᠭᠲᠠᠭᠤᠨ ᠪᠠᠶᠢᠳᠠᠯ ᠢ ᠬᠠᠮᠠᠭᠠᠯᠠᠵᠤ᠂ ᠪᠦᠬᠦ ᠤᠯᠤᠰ ᠤᠨ ᠢᠳᠡᠭᠡᠨ ᠤ ᠠᠮᠤᠷ ᠲᠦᠪᠰᠢᠨ ᠤ ᠠᠯᠪᠠᠨ ᠭᠡᠷ ᠤᠨ ᠡᠷᠬᠢᠯᠡᠭᠴᠢ ᠶᠢᠨ ᠬᠠᠷᠠᠭᠠᠨ ᠳᠠᠪᠲᠠᠮᠵᠢ ᠶᠢᠨ ᠬᠤᠷᠠᠯ ᠤᠨ ᠵᠣᠷᠢᠭ ᠰᠠᠨᠠᠭ᠎ᠠ ᠪᠠ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ︽ᠢᠳᠡᠭᠡᠨ ᠤ ᠠᠮᠤᠷ ᠲᠦᠪᠰᠢᠨ︾ ᠤ ᠬᠤᠷᠢᠭ᠎ᠠ ᠱᠤᠭᠤᠮ ᠢ ᠰᠠᠬᠢᠬᠤ᠂ ᠳᠠᠯᠳᠠ ᠭᠡᠮ ᠢ ᠪᠠᠶᠢᠴᠠᠭᠠᠬᠤ᠂ ᠠᠮᠤᠷ ᠲᠦᠪᠰᠢᠨ ᠢ ᠪᠠᠲᠤᠯᠠᠬᠤ ︽ᠲᠤᠰᠬᠠᠢ ᠠᠵᠢᠯᠯᠠᠭ᠎ᠠ︾ ᠶᠢ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠳ᠋ᠦᠩ ᠾᠧ ᠲᠣᠭᠤᠷᠢᠭ ᠤᠨ ᠬᠤᠳᠠᠯᠳᠤᠭᠠᠨ ᠤ ᠲᠣᠭᠤᠷᠢᠭ ᠤᠨ ᠢᠳᠡᠭᠡᠨ ᠤᠮᠳᠠᠭᠠᠨ ᠤ ᠳᠡᠯᠭᠡᠭᠦᠷ ᠤᠨ ᠵᠢᠵᠢᠭ᠂ ᠡᠮᠬᠢ ᠵᠠᠮᠪᠠᠷᠠᠭ᠎ᠠ ᠦᠭᠡᠢ ᠪᠠᠶᠢᠬᠤ ᠪᠣᠳᠠᠲᠤ ᠪᠠᠶᠢᠳᠠᠯ ᠪᠠ ᠪᠥᠬᠦ ᠲᠠᠯ᠎ᠠ ᠪᠠᠷ ᠥᠷᠨᠢᠭᠦᠯᠦᠭᠰᠡᠨ ᠡᠩ ᠤᠨ ᠬᠠᠤᠯᠢ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠴᠡᠷᠢᠭ ᠤᠨ ᠪᠣᠯᠪᠠᠰᠤᠷᠠᠯ ᠤᠨ ᠠᠵᠢᠯᠯᠠᠭ᠎ᠠ ᠲᠠᠢ ᠤᠶᠠᠯᠳᠤᠭᠤᠯᠤᠨ᠂ ᠳ᠋ᠦᠩ ᠾᠧ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ ᠲᠣᠪᠴᠢᠶ᠎ᠠ ᠲᠣᠰ ᠲᠣᠰ 4 ᠰᠠᠷ᠎ᠠ ᠶᠢᠨ 8 ᠤ ᠡᠳᠦᠷ᠂ 4 ᠰᠠᠷ᠎ᠠ ᠶᠢᠨ 13 ᠤ ᠡᠳᠦᠷ ᠢᠳᠡᠭᠡᠨ ᠤᠮᠳᠠᠭᠠᠨ ᠤ ᠨᠢᠭᠡᠴᠡ ᠬᠠᠷᠢᠴᠠᠩᠭᠤᠢ ᠪᠠᠷ ᠲᠥᠪᠯᠡᠷᠡᠭᠰᠡᠨ ᠴᠢᠤᠸᠠᠨ ᠶᠧ ᠲᠣᠭᠤᠷᠢᠭ ᠤᠨ ᠪᠠᠷᠠᠭᠤᠨ ᠬᠡᠰᠡᠭ ᠤᠨ ᠬᠤᠳᠠᠯᠳᠤᠭᠠᠨ ᠤ ᠲᠣᠭᠤᠷᠢᠭ᠂ ᠸᠢᠺᠲ᠋ᠣᠷᠢ ᠶᠢᠨ ᠰᠢᠨ᠎ᠡ ᠲᠡᠭᠷᠢ ᠭᠠᠵᠠᠷ ᠤᠨ ᠬᠤᠳᠠᠯᠳᠤᠭᠠᠨ ᠤ ᠲᠣᠭᠤᠷᠢᠭ ᠤᠨ ᠢᠳᠡᠭᠡᠨ ᠤᠮᠳᠠᠭᠠᠨ ᠤ ᠨᠢᠭᠡᠴᠡ ᠶᠢ ᠲᠥᠪᠯᠡᠷᠡᠭᠦᠯᠦᠨ ᠴᠡᠭᠴᠡᠯᠡᠨ ᠵᠠᠰᠠᠪᠠ᠃      ᠲᠣᠰ ᠤᠳᠠᠭ᠎ᠠ ᠲᠥᠪᠯᠡᠷᠡᠭᠦᠯᠦᠨ ᠴᠡᠭᠴᠡᠯᠡᠨ ᠵᠠᠰᠠᠬᠤ ᠳᠠᠭᠠᠨ ︽ᠬᠤᠳᠠᠯᠳᠤᠭᠠᠨ ᠤ ᠲᠣᠭᠤᠷᠢᠭ ᠤᠨ ᠰᠠᠨᠠᠭ᠎ᠠ ᠠᠮᠤᠷ ᠢᠳᠡᠭᠡᠨ ᠤᠮᠳᠠᠭᠠᠨ ᠢ ᠬᠦᠴᠦᠯᠡᠨ ᠪᠣᠶ ᠪᠣᠯᠭᠠᠵᠤ᠂ ᠬᠤᠳᠠᠯᠳᠤᠭᠠᠨ ᠤ ᠲᠣᠭᠤᠷᠢᠭ ᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ︾ ᠠᠵᠢᠯ ᠤᠨ ᠬᠠᠷᠠᠯᠲᠠ ᠶᠢᠨ ᠲᠣᠭᠤᠷᠢᠨ ᠳᠤ᠂ ᠨᠢᠭᠡᠳᠦᠯᠲᠡᠢ ᠱᠠᠭᠠᠷᠳᠠᠯᠭ᠎ᠠ᠂ ᠨᠢᠭᠡᠳᠦᠯᠲᠡᠢ ᠪᠠᠷᠢᠮᠵᠢᠶ᠎ᠠ᠂ ᠨᠢᠭᠡᠳᠦᠯᠲᠡᠢ ᠠᠵᠢᠯᠯᠠᠭ᠎ᠠ᠂ ᠨᠢᠭᠡᠳᠦᠯᠲᠡᠢ ᠰᠢᠯᠭᠠᠨ ᠠᠪᠬᠤ ︽ᠳᠥᠷᠪᠡᠨ ᠨᠢᠭᠡᠳᠦᠯᠲᠡᠢ︾ ᠠᠵᠢᠯ ᠤᠨ ᠠᠷᠭ᠎ᠠ ᠶᠢ ᠠᠪᠤᠭᠰᠠᠨ ᠪᠠᠶᠢᠨ᠎ᠠ᠃ᠬᠤᠳᠠᠯᠳᠤᠭᠠᠨ ᠤ ᠲᠣᠭᠤᠷᠢᠭ ᠲᠠᠬᠢ ᠢᠳᠡᠭᠡᠨ ᠤᠮᠳᠠᠭᠠᠨ ᠤ ᠨᠢᠭᠡᠴᠡ ᠶᠢᠨ ᠢᠳᠡᠭᠡᠨ ᠡᠵᠡᠩᠨᠡᠬᠦ ᠵᠥᠪᠰᠢᠶᠡᠷᠡᠯ ᠤᠨ ᠦᠨᠡᠮᠯᠡᠯ ᠢ ᠬᠠᠤᠯᠢ ᠶᠣᠰᠣᠭᠠᠷ ᠣᠯᠣᠭᠰᠠᠨ ᠡᠰᠡᠬᠦ ᠶᠢ ᠭᠤᠣᠯᠳᠠᠯᠭ᠎ᠠ ᠲᠠᠶᠢᠬᠦᠮᠦᠨ ᠤ ᠡᠷᠡᠭᠦᠯ ᠮᠡᠨᠳᠦ ᠶᠢᠨ ᠦᠨᠡᠮᠯᠡᠯ ᠨᠢ ᠪᠦᠷᠢᠨ ᠭᠦᠢᠴᠡᠳ ᠪᠠᠶᠢᠬᠤ ᠡᠰᠡᠬᠦ ᠪᠥᠭᠡᠳ ᠬᠦᠴᠦᠨ ᠲᠠᠢ ᠬᠤᠭᠤᠴᠠᠭᠠᠨ ᠳᠤ ᠪᠠᠶᠢᠬᠤ ᠡᠰᠡᠬᠦ ᡽ᠢᠳᠡᠭᠡᠨ ᠤ ᠮᠠᠲ᠋ᠧᠷᠢᠶᠠᠯ ᠤᠨ ᠭᠡᠷᠡᠴᠢ ᠪᠠᠷᠢᠮᠲᠠ ᠠᠪᠬᠤ ᠪᠠ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ︔ᠢᠳᠡᠭᠡᠨ ᠤ ᠠᠶᠤᠯᠭᠦᠢ ᠶᠢᠨ ᠪᠠᠷᠢᠮᠵᠢᠶ᠎ᠠ ᠳᠤ ᠦᠯᠦ ᠨᠡᠶᠢᠴᠡᠬᠦ ᠢᠳᠡᠭᠡᠨ ᠵᠢᠴᠢ ᠲᠦᠭᠦᠬᠡᠢ ᠮᠠᠲ᠋ᠧᠷᠢᠶᠠᠯ ᠢ ᠬᠤᠳᠠᠯᠳᠤᠨ ᠠᠪᠬᠤ ᠪᠠ ᠬᠡᠷᠡᠭᠯᠡᠬᠦ ᠡᠰᠡᠬᠦ;ᠢᠯᠵᠢᠷᠡᠵᠦ ᠴᠢᠨᠠᠷ ᠨᠢ ᠬᠤᠪᠢᠷᠠᠭᠰᠠᠨ᠂ ᠥᠭᠡᠬᠦ ᠲᠣᠰᠣ ᠨᠢ ᠢᠰᠬᠦᠯᠡᠩ ᠪᠣᠯᠤᠭᠰᠠᠨ᠂ ᠸᠠᠯᠠᠵᠤ ᠬᠤᠷᠣᠬᠠᠶᠢᠲᠤᠭᠰᠠᠨ᠂ ᠪᠤᠵᠠᠷ ᠪᠤᠷᠲᠠᠭ ᠪᠣᠯᠤᠭᠰᠠᠨ᠂ ᠣᠨᠳᠣᠣ ᠶᠠᠭᠤᠮ᠎ᠠ ᠬᠤᠯᠢᠭᠰᠠᠨ᠂ ᠬᠠᠭᠤᠷᠮᠠᠭ ᠶᠠᠭᠤᠮ᠎ᠠ ᠬᠤᠯᠢᠭᠰᠠᠨ ᠪᠤᠶᠤ ᠰᠡᠷᠡᠯ ᠤᠨ ᠡᠷᠬᠡᠲᠡᠨ ᠤ ᠰᠢᠨᠵᠢ ᠪᠠᠶᠢᠳᠠᠯ ᠨᠢ ᠬᠡᠪ ᠤᠨ ᠪᠤᠰᠤ ᠪᠣᠯᠤᠭᠰᠠᠨ ᠢᠳᠡᠭᠡᠨ ᠤ ᠮᠠᠲ᠋ᠧᠷᠢᠶᠠᠯ ᠢ ᠬᠡᠷᠡᠭᠯᠡᠭᠰᠡᠨ ᠡᠰᠡᠬᠦ ᡽ᠬᠡᠪᠴᠢᠶ᠎ᠡ ᠠᠴᠠ ᠬᠡᠲᠦᠷᠡᠭᠰᠡᠨ᠂ ᠬᠡᠮᠵᠢᠶ᠎ᠡ ᠠᠴᠠ ᠬᠡᠲᠦᠷᠡᠭᠰᠡᠨ ᠡᠰᠡᠬᠦ ᠵᠢᠴᠢ ᠨᠡᠮᠡᠯᠲᠡ ᠡᠳ᠋ ᠢ ᠬᠠᠤᠯᠢ ᠪᠤᠰᠤ ᠪᠠᠷ ᠬᠡᠷᠡᠭᠯᠡᠭᠰᠡᠨ ᠵᠡᠷᠭᠡ ᠪᠠᠶᠢᠳᠠᠯ ᠳᠤ ᠪᠠᠶᠢᠴᠠᠭᠠᠯᠲᠠ ᠬᠢᠨ᠎ᠡ᠃ᠲᠣᠭᠤᠭᠠᠴᠢ ᠶᠢᠨ ᠬᠤᠶᠢᠲᠤ ᠲᠠᠯ᠎ᠠ ᠶᠢᠨ ᠠᠵᠢᠯᠲᠠᠳ ᠲᠤ ᠴᠡᠪᠡᠷᠯᠡᠭᠴᠢ ᠶᠢᠨ ᠬᠤᠪᠴᠠᠰᠤ ᠬᠤᠨᠠᠷ ᠤᠨ ᠮᠠᠯᠠᠭᠠᠢ ᠡᠮᠦᠰᠬᠡᠬᠦ ᠶᠢ ᠵᠢᠷᠤᠮᠵᠢᠭᠤᠯᠤᠭᠰᠠᠨ ᠦᠭᠡᠢ︔ᠬᠥᠯᠳᠡᠭᠡᠭᠦᠷ ᠤᠨ ᠳᠣᠲᠣᠷᠠᠬᠢ ᠢᠳᠡᠭᠡᠨ ᠤ ᠮᠠᠲ᠋ᠧᠷᠢᠶᠠᠯ ᠢ ᠲᠦᠭᠦᠬᠡᠢ ᠪᠤᠯᠭᠤᠬᠤ ᠳᠤ ᠬᠤᠯᠢᠵᠤ ᠲᠠᠯᠪᠢᠨ᠎ᠠ᠂ ᠬᠠᠯᠢᠰᠤ ᠶᠢ ᠨᠢ ᠳᠠᠷᠤᠵᠤ ᠪᠣᠯᠬᠤ ᠦᠭᠡᠢ︔ᠬᠡᠷᠡᠭᠯᠡᠵᠦ ᠳᠠᠭᠤᠰᠤᠭ᠎ᠠ ᠦᠭᠡᠢ ᠢᠳᠡᠭᠡᠨ ᠤ ᠮᠠᠲ᠋ᠧᠷᠢᠶᠠᠯ ᠢ ᠵᠠᠳᠠᠭᠠᠢ  ᠪᠠᠷ ᠬᠠᠳᠠᠭᠠᠯᠠᠨ᠎ᠠ ᡽ᠢᠳᠡᠭᠡᠨ ᠤ ᠮᠠᠲ᠋ᠧᠷᠢᠶᠠᠯ ᠤᠨ ᠭᠡᠷᠡᠴᠢ ᠪᠠᠷᠢᠮᠲᠠ ᠠᠪᠬᠤ ᠪᠠ ᠫᠢᠶᠣᠣ ᠪᠠᠷᠢᠮᠲᠠ ᠠᠪᠬᠤ ᠲᠠᠯ᠎ᠠ ᠪᠠᠷ ᠪᠦᠷᠢᠨ ᠪᠤᠰᠤ;ᠬᠤᠶᠢᠲᠤ ᠲᠣᠭᠤᠭᠠᠨ ᠭᠡᠷ ᠲᠤ ᠭᠢᠰᠬᠢᠭᠦᠷ ᠢᠶᠠᠷ ᠬᠠᠪᠬᠠᠭᠠᠰᠤ ᠲᠠᠢ ᠬᠤᠭ ᠤᠨ ᠰᠠᠪᠠ ᠶᠢ ᠬᠡᠷᠡᠭᠯᠡᠭᠰᠡᠨ ᠦᠭᠡᠢ ᠵᠡᠷᠭᠡ ᠦᠵᠡᠭᠳᠡᠯ ᠢ ᠴᠥᠮ ᠲᠤᠬᠠᠢ ᠶᠢᠨ ᠲᠠᠯᠠᠪᠤᠷ ᠲᠤᠨᠢ ᠴᠡᠭᠴᠡᠯᠡᠨ ᠵᠠᠰᠠᠪᠠ᠃      ᠡᠨᠡ ᠤᠳᠠᠭ᠎ᠠ ᠶᠢᠨ ᠴᠡᠭᠴᠡᠯᠡᠨ ᠵᠠᠰᠠᠯᠲᠠ ᠨᠢ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠪᠦᠬᠦ ᠲᠠᠯ᠎ᠠ  ᠪᠠᠷ ᠭᠦᠨᠵᠡᠭᠡᠢ ᠵᠢᠭᠰᠠᠭᠠᠨ ᠪᠠᠶᠢᠴᠠᠭᠠᠵᠤ᠂ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠵᠦ᠂ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠬᠢᠨᠠᠨ ᠬᠠᠮᠢᠶᠠᠷᠬᠤ ᠬᠠᠷᠢᠭᠤᠴᠠᠯᠭ᠎ᠠ᠂ ᠦᠢᠯᠡᠳᠪᠦᠷᠢᠯᠡᠨ ᠡᠵᠡᠩᠨᠡᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠨᠠᠭᠰᠢᠳᠠ ᠨᠠᠶᠢᠳᠠᠪᠤᠷᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠵᠤ᠂ ᠬᠤᠳᠠᠯᠳᠤᠭᠠᠨ ᠤ ᠲᠣᠭᠤᠷᠢᠭ ᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠶᠠᠰᠤ ᠴᠢᠨᠠᠷ ᠪᠣᠯᠣᠨ ᠠᠷᠠᠳ ᠤᠯᠠᠨ ᠤ ᠢᠳᠡᠭᠡᠨ ᠤ ᠠᠮᠤᠷ ᠲᠦᠪᠰᠢᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠬᠦ ᠠᠷᠭ᠎ᠠ ᠬᠡᠮᠵᠢᠶ᠎ᠡ ᠨᠢ ᠨᠡᠩ ᠴᠤ ᠶᠡᠭᠡ ᠰᠤᠷᠭᠠᠭᠤᠯᠢ ᠶᠢᠨ ᠬᠠᠤᠯᠢ ᠶᠢᠨ ᠤᠬᠠᠭᠠᠨ ᠤ ᠶᠡᠭᠡ ᠰᠤᠷᠭᠠᠭᠤᠯᠢ ᠶᠢᠨ ᠲᠣᠭᠤᠷᠢᠨ ᠳᠤ ᠴᠡᠷᠢᠭ ᠪᠣᠯᠪᠠᠰᠤᠷᠠᠭᠤᠯᠬᠤ ᠨᠢᠭᠡ ᠤᠳᠠᠭ᠎ᠠ ᠶᠢᠨ ᠪᠣᠳᠠᠲᠤ ᠳᠠᠶᠢᠯᠠᠯᠳᠤᠭᠠᠨ ᠪᠣᠯᠣᠨ᠎ᠠ᠃ᠬᠤᠶᠠᠷ ᠤᠳᠠᠭ᠎ᠠ ᠶᠢᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠳᠤ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 110 ᠬᠥᠮᠥᠨ ᠤᠳᠠᠭ᠎ᠠ ᠲᠠᠲᠠᠵᠤ ᠂ ᠢᠳᠡᠭᠡᠨ ᠤᠮᠳᠠᠭᠠᠨ ᠤ ᠨᠢᠭᠡᠴᠡ ᠶᠢ 97 ᠡᠷᠦᠬᠡ ᠪᠠᠶᠢᠴᠠᠭᠠᠪᠠ᠃ᠰᠡᠭᠦᠯᠴᠢ  ᠶᠢᠨ ᠬᠤᠭᠤᠴᠠᠭᠠᠨ ᠳᠤ ᠬᠤᠳᠠᠯᠳᠤᠭᠠᠴᠢᠨ ᠡᠷᠦᠬᠡ ᠨᠢᠭᠡᠪᠦᠷᠢ  ᠶᠢᠨ ᠪᠠᠶᠢᠳᠠᠯ ᠳᠤ ᠴᠢᠭᠯᠡᠭᠦᠯᠦᠨ᠂ ᠡᠷᠦᠬᠡ ᠳᠠᠷᠠᠭᠠᠯᠠᠨ ᠴᠡᠭᠴᠡᠯᠡᠨ ᠥᠭᠡᠷᠡᠴᠢᠯᠡᠬᠦ ᠰᠠᠨᠠᠯ ᠳᠤᠷᠠᠳᠴᠤ᠂ ᠬᠤᠳᠠᠯᠳᠤᠭᠠᠴᠢᠨ ᠡᠷᠦᠬᠡ ᠱᠠᠭᠠᠷᠳᠠᠯᠭ᠎ᠠ ᠶᠣᠰᠣᠭᠠᠷ ᠨᠢᠭᠡ ᠭᠠᠷᠠᠭ ᠤᠨ ᠳᠣᠲᠣᠷ᠎ᠠ ᠴᠡᠭᠴᠡᠯᠡᠨ ᠥᠭᠡᠷᠡᠴᠢᠯᠡᠵᠦ ᠳᠠᠭᠤᠰᠬᠠᠬᠤ ᠬᠡᠷᠡᠭᠲᠡᠢ᠂ ᠴᠡᠭᠴᠡᠯᠡᠨ ᠥᠭᠡᠷᠡᠴᠢᠯᠡᠭᠰᠡᠨ ᠤ ᠳᠠᠷᠠᠭ᠎ᠠ ᠬᠤᠲᠠ  ᠶᠢᠨ ᠬᠠᠮᠢᠶᠠᠷᠤᠯᠲᠠ  ᠶᠢᠨ ᠭᠠᠵᠠᠷ  ᠠᠴᠠ ᠬᠢᠨᠠᠨ ᠪᠠᠶᠢᠴᠠᠭᠠᠭᠠᠳ ᠠᠰᠠᠭᠤᠳᠠᠯ ᠦᠭᠡᠢ ᠪᠠᠷ ᠦᠷᠭᠦᠯᠵᠢᠯᠡᠨ ᠡᠵᠡᠩᠨᠡᠵᠦ᠂ ᠴᠡᠭᠴᠡᠯᠡᠨ ᠥᠭᠡᠷᠡᠴᠢᠯᠡᠭᠰᠡᠨ  ᠢᠶᠠᠷ ᠬᠦᠷᠦᠯᠴᠡᠬᠦ ᠦᠭᠡᠢ ᠬᠤᠳᠠᠯᠳᠤᠭᠠᠴᠢᠨ  ᠢ ︽ᠤᠷᠢᠳᠠᠪᠠᠷ ᠬᠠᠤᠯᠢ ᠴᠠᠭᠠᠵᠠ  ᠶᠢᠨ ᠶᠡᠷᠦ  ᠶᠢᠨ ᠮᠡᠳᠡᠯᠭᠡ  ᠶᠢ ᠲᠦᠭᠡᠮᠡᠯᠵᠢᠭᠦᠯᠵᠦ᠂ ᠳᠠᠷᠠᠭ᠎ᠠ ᠨᠢ ᠬᠠᠤᠯᠢ ᠬᠡᠷᠡᠭᠵᠢᠭᠦᠯᠬᠦ︾ ᠵᠠᠷᠴᠢᠮ ᠶᠣᠰᠣᠭᠠᠷ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠢᠳᠪᠦᠷᠢᠯᠡᠨ᠎ᠡ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1