ᠨᠢᠭᠡ᠂ 1-2 ᠰᠠᠷ᠎ᠠ ᠶᠢᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠬᠦ ᠲᠤᠭ᠎ᠠ ᠶᠢ ᠪᠡᠶᠡᠯᠡᠭᠦᠯᠦᠭᠰᠡᠨ ᠪᠠᠶᠢᠳᠠᠯ | ︵ᠨᠢᠭᠡ︶ ᠬᠡᠪᠴᠢᠶ᠎ᠡ ᠠᠴᠠ ᠳᠡᠭᠡᠭᠰᠢᠬᠢ ᠠᠵᠤ ᠦᠢᠯᠡᠳᠪᠦᠷᠢ | 1 ︱ 2 ᠳ᠋ᠤᠭᠠᠷ ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ | ᠥᠷᠲᠡᠭ ᠠᠳᠠᠯᠢ ᠬᠤᠭᠤᠴᠠᠭᠠᠨ ᠤ ᠬᠢ ᠠᠴᠠ 60.7% ᠪᠠᠷ ᠨᠡᠮᠡᠭᠳᠡᠵᠦ᠂ ᠨᠡᠮᠡᠭᠳᠡᠯ ᠥᠷᠲᠡᠭ ᠤᠨ ᠨᠡᠮᠡᠭᠳᠡᠯ ᠤᠨ | ᠬᠤᠷᠳᠤᠴᠠ 28.2% ᠢᠶᠠᠷ ᠨᠡᠮᠡᠭᠳᠡᠨ᠂ ᠬᠤᠶᠠᠷ ᠵᠢᠯ ᠳᠤ ᠳᠤᠮᠳᠠᠴᠢ ᠪᠠᠷ 20.9% ᠪᠠᠷ ᠨᠡᠮᠡᠭᠳᠡᠵᠦ᠂ | ᠨᠡᠮᠡᠭᠳᠡᠯ ᠤᠨ ᠬᠤᠷᠳᠤᠴᠠ ᠨᠢ ᠥᠪᠡᠷᠲᠡᠭᠡᠨ ᠵᠠᠰᠠᠬᠤ ᠣᠷᠣᠨ ︵4.9%︶ ᠤ 23.3 ᠵᠠᠭᠤᠨ ᠤ ᠨᠢᠭᠡᠴᠢ ᠠᠴᠠ | ᠥᠨᠳᠥᠷ ᠪᠠᠶᠢᠵᠤ᠂ ᠪᠥᠬᠦ ᠬᠤᠲᠠ ︵21.6%︶ ᠶᠢᠨ 6.6 ᠵᠠᠭᠤᠨ ᠤ ᠨᠢᠭᠡᠴᠢ ᠠᠴᠠ ᠥᠨᠳᠥᠷ ᠪᠠᠶᠢᠵᠤ᠂ | ᠠᠷᠪᠠᠨ ᠬᠤᠰᠢᠭᠤ ᠰᠢᠶᠠᠨ ᠲᠣᠭᠤᠷᠢᠭ ᠤᠨ ᠳᠣᠲᠣᠷ᠎ᠠ 3 ᠳ᠋ᠤᠭᠠᠷ ᠲᠤ ᠵᠢᠭᠰᠠᠭᠠᠭᠳᠠᠵᠠᠢ᠃ | ︵ᠬᠤᠶᠠᠷ︶ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | 1 ︱ 2 ᠳ᠋ᠤᠭᠠᠷ ᠰᠠᠷ᠎ᠠ ᠳᠤ᠂ ᠳ᠋ᠦᠩ ᠾᠧ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠨᠡᠶᠢᠲᠡ 0.84 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6. | 2% ᠢᠶᠠᠷ ᠪᠠᠭᠤᠷᠠᠵᠤ᠂ ᠬᠤᠶᠠᠷ ᠵᠢᠯ ᠳᠤ ᠳᠤᠮᠳᠠᠴᠢ ᠪᠠᠷ 38.7% ᠪᠠᠷ ᠪᠠᠭᠤᠷᠠᠵᠤ᠂ ᠪᠥᠬᠦ ᠬᠤᠲᠠ ︵63. | 9%︶ ᠶᠢᠨ 70.1 ᠵᠠᠭᠤᠨ ᠤ ᠨᠢᠭᠡᠴᠢ ᠠᠴᠠ ᠳᠣᠣᠷ᠎ᠠ ᠪᠠᠶᠢᠵᠤ᠂ ᠠᠷᠪᠠᠨ ᠬᠤᠰᠢᠭᠤ ᠰᠢᠶᠠᠨ ᠲᠣᠭᠤᠷᠢᠭ ᠤᠨ 8 | ᠳ᠋ᠤᠭᠠᠷ ᠲᠤ ᠵᠢᠭᠰᠠᠭᠠᠭᠳᠠᠵᠠᠢ᠃ | ︵ᠭᠤᠷᠪᠠ︶ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ | 1-2 ᠳ᠋ᠤᠭᠠᠷ ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ | ᠲᠤᠭ᠎ᠠ ᠨᠡᠶᠢᠲᠡ 29.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.4% | ᠪᠠᠷ ᠨᠡᠮᠡᠭᠳᠡᠨ᠂ ᠬᠤᠶᠠᠷ ᠵᠢᠯ ᠳᠤ ᠳᠤᠮᠳᠠᠴᠢ ᠪᠠᠷ 15% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ | ᠥᠪᠡᠷᠲᠡᠭᠡᠨ ᠵᠠᠰᠠᠬᠤ ᠣᠷᠣᠨ ︵6.4%︶ ᠠᠴᠠ 2 ᠵᠠᠭᠤᠨ ᠤ ᠨᠢᠭᠡᠴᠢ ᠳᠣᠣᠷ᠎ᠠ ᠪᠠᠶᠢᠵᠤ᠂ ᠪᠥᠬᠦ ᠬᠤᠲᠠ ᠶᠢᠨ | ᠬᠢᠷᠢ ᠲᠦᠪᠰᠢᠨ ᠲᠠᠢ ᠲᠡᠩᠴᠡᠵᠦ᠂ ᠠᠷᠪᠠᠨ ᠬᠤᠰᠢᠭᠤ ᠰᠢᠶᠠᠨ ᠲᠣᠭᠤᠷᠢᠭ ᠤᠨ ᠶᠡᠷᠦᠩᠬᠡᠢ ᠬᠡᠮᠵᠢᠶ᠎ᠡ ᠶᠢᠨ 3 | ᠳ᠋ᠤᠭᠠᠷ ᠲᠤ ᠵᠢᠭᠰᠠᠭᠠᠭᠳᠠᠵᠤ᠂ ᠨᠡᠮᠡᠭᠳᠡᠯ ᠤᠨ ᠬᠤᠷᠳᠤᠴᠠ ᠶᠢᠨ 5 ᠳ᠋ᠤᠭᠠᠷ ᠲᠤ ᠵᠢᠭᠰᠠᠭᠠᠭᠳᠠᠵᠠᠢ᠃ | |