ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ 5 | ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨᠠᠬᠢ 3 ᠴᠠᠭ ᠲᠤ ᠰᠣᠨᠢᠨ ᠮᠡᠳᠡᠭᠡ ᠨᠡᠶᠢᠲᠡᠯᠡᠬᠦ ᠬᠤᠷᠠᠯ | ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠴᠠᠭ ᠮᠥᠴᠡ ᠶᠢ ᠠᠯᠳᠠᠯ ᠦᠭᠡᠢ᠂ ᠰᠢᠨᠵᠢᠯᠡᠬᠦ | ᠤᠬᠠᠭᠠᠨᠴᠢ ᠨᠠᠷᠢᠯᠢᠭ ᠣᠨᠣᠴᠠᠲᠠᠢ ᠪᠠᠷ᠂ ᠪᠣᠳᠠᠲᠠᠢ ᠪᠥᠭᠡᠳ ᠨᠠᠷᠢᠯᠢᠭ ᠠᠳᠬᠤᠵᠤ ᠪᠠᠶᠢᠭ᠎ᠠ ᠬᠤᠯᠪᠣᠭᠳᠠᠯ ᠪᠦᠬᠦᠢ ᠪᠠᠶᠢᠳᠠᠯ ᠢ | ᠲᠠᠨᠢᠯᠴᠠᠭᠤᠯᠵᠠᠢ᠃ ᠬᠠᠮᠲᠤ ᠪᠠᠷ ᠠᠩᠬᠠᠷᠤᠯ ᠳᠠᠭᠠᠨ ᠠᠪᠴᠠᠭᠠᠶ᠎ᠠ︕ | 21 ᠮᠤᠵᠢ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠪᠦᠬᠦ | ᠣᠷᠣᠨ ᠪᠦᠰᠡ ᠪᠠᠷ ᠢᠶᠠᠨ ᠳᠣᠣᠷ᠎ᠠ ᠲᠦᠭᠰᠢᠭᠦᠷᠢᠲᠡᠢ ᠭᠠᠵᠠᠷ ᠣᠷᠣᠨ ᠪᠣᠯᠬᠤ ᠪᠣᠯᠪᠠᠴᠤ ᠬᠢᠵᠢᠭ ᠤᠨ ᠪᠠᠶᠢᠳᠠᠯ ᠮᠥᠨ ᠬᠦ | ᠳᠠᠬᠢᠨ ᠦᠷᠪᠢᠰᠬᠦ ᠲᠦᠭᠰᠢᠭᠦᠷᠢ ᠣᠷᠣᠰᠢᠵᠤ ᠪᠠᠶᠢᠨ᠎ᠠ | 4 ᠳ᠋ᠦ᠋ᠭᠡᠷ ᠰᠠᠷ᠎ᠠ ᠶᠢᠨ ᠳᠤᠮᠳᠠᠴᠢ ᠠᠴᠠ ᠨᠠᠭᠠᠰᠢ᠂ ᠮᠠᠨ ᠤ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ | ᠦᠷᠭᠦᠯᠵᠢᠯᠡᠨ ᠬᠡᠯᠪᠡᠯᠵᠡᠨ ᠪᠠᠭᠤᠷᠠᠬᠤ ᠬᠠᠨᠳᠤᠰᠢ ᠲᠠᠢ ᠪᠠᠶᠢᠵᠤ᠂ ︽5.1︾ ᠤ ᠠᠮᠠᠷᠠᠯᠲᠠ ᠶᠢᠨ ᠬᠤᠭᠤᠴᠠᠭᠠᠨ ᠳᠤ ᠪᠥᠬᠦ | ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠲᠣᠭᠲᠠᠭᠤᠨ ᠪᠣᠯᠵᠤ᠂ 4 ᠳ᠋ᠦ᠋ᠭᠡᠷ ᠰᠠᠷ᠎ᠠ ᠶᠢᠨ 30 ᠤ ᠡᠳᠦᠷ ᠠᠴᠠ 5 | ᠳ᠋ᠤᠭᠠᠷ ᠰᠠᠷ᠎ᠠ ᠶᠢᠨ 5 ᠤ ᠡᠳᠦᠷ ᠪᠣᠯᠲᠠᠯ᠎ᠠ᠂ ᠪᠥᠬᠦ ᠤᠯᠤᠰ ᠤᠨ ᠡᠳᠦᠷ ᠳᠤᠮᠳᠠᠴᠢ ᠶᠢᠨ ᠰᠢᠨ᠎ᠡ ᠪᠠᠷ ᠨᠡᠮᠡᠭᠳᠡᠭᠰᠡᠨ | ᠬᠠᠯᠳᠠᠪᠤᠷᠢᠯᠠᠭᠳᠠᠭᠴᠢ ᠪᠠᠷᠤᠭ 5800 ᠭᠠᠷᠤᠢ ᠵᠢᠱᠢᠶ᠎ᠡ ᠳᠤ ᠬᠦᠷᠴᠦ᠂ ᠣᠷᠭᠢᠯ ᠤᠨ ᠬᠤᠭᠤᠴᠠᠭᠠᠨ ᠤ ᠬᠢ ᠠᠴᠠ | 80% ᠪᠠᠷ ᠪᠠᠭᠤᠷᠠᠪᠠ᠃ ᠱᠠᠩᠬᠠᠢ ᠬᠤᠲᠠ ᠶᠢᠨ ᠬᠢᠵᠢᠭ ᠤᠨ ᠪᠠᠶᠢᠳᠠᠯ ᠨᠢ ᠣᠶᠢᠷ᠎ᠠ ᠶᠢᠨ ᠬᠤᠭᠤᠴᠠᠭᠠᠨ ᠳᠤ ᠡᠳᠦᠷ | ᠪᠦᠷᠢ ᠶᠢᠨ ᠰᠢᠨ᠎ᠡ ᠪᠠᠷ ᠨᠡᠮᠡᠭᠳᠡᠬᠦ ᠬᠠᠯᠳᠠᠪᠤᠷᠢᠯᠠᠭᠳᠠᠭᠴᠢ ᠶᠢᠨ ᠲᠤᠭ᠎ᠠ ᠦᠷᠭᠦᠯᠵᠢᠯᠡᠨ ᠪᠠᠭᠠᠰᠴᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠶᠢᠳᠠᠯ ᠦᠷᠭᠦᠯᠵᠢᠯᠡᠨ ᠲᠣᠭᠲᠠᠭᠤᠨ ᠪᠣᠯᠬᠤ ᠬᠠᠨᠳᠤᠰᠢ ᠲᠠᠢ︔ ᠭᠢᠷᠢᠨ ᠮᠤᠵᠢ ᠶᠢᠨ ᠬᠢᠵᠢᠭ ᠤᠨ | ᠪᠠᠶᠢᠳᠠᠯ ᠮᠥᠨ ᠬᠦ ᠰᠡᠭᠦᠯ ᠬᠤᠷᠢᠶᠠᠬᠤ ᠱᠠᠲᠤᠨ ᠳᠤ ᠪᠠᠨ ᠪᠠᠶᠢᠵᠤ᠂ ᠲᠤᠰᠠᠭᠠᠷᠯᠠᠬᠤ ᠴᠡᠭ ᠪᠠ ᠪᠢᠲᠡᠭᠦᠮᠵᠢᠯᠡᠨ ᠡᠵᠡᠮᠳᠡᠬᠦ | ᠣᠷᠣᠨ ᠠᠴᠠ ᠭᠠᠳᠠᠨᠠᠬᠢ ᠲᠦᠭᠰᠢᠭᠦᠷᠢ ᠶᠢ ᠦᠨᠳᠦᠰᠦᠨ ᠳᠤ ᠪᠠᠨ ᠡᠵᠡᠮᠳᠡᠪᠡ︔ ᠪᠡᠭᠡᠵᠢᠩ ᠬᠤᠲᠠ ᠶᠢᠨ ᠬᠢᠵᠢᠭ ᠤᠨ ᠪᠠᠶᠢᠳᠠᠯ | ᠨᠢ ᠣᠷᠣᠨ ᠬᠡᠪᠴᠢᠶᠡᠨ ᠤ ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ ᠬᠢᠬᠦ ᠪᠠ ᠨᠢᠭᠲᠠ ᠣᠶᠢᠷᠠᠲᠤᠭᠰᠠᠳ ᠢ ᠵᠢᠭᠰᠠᠭᠠᠨ | ᠪᠠᠶᠢᠴᠠᠭᠠᠵᠤ ᠬᠠᠮᠢᠶᠠᠷᠤᠨ ᠡᠵᠡᠮᠳᠡᠬᠦ ᠪᠠᠷ ᠳᠡᠮᠵᠢᠨ᠂ ᠬᠢᠵᠢᠭ ᠲᠠᠷᠬᠠᠬᠤ ᠲᠦᠭᠰᠢᠭᠦᠷᠢ ᠨᠢᠭᠡᠨᠲᠡ ᠨᠡᠯᠢᠶᠡᠳ ᠪᠠᠭᠤᠷᠠᠭᠰᠠᠨ | ᠪᠠᠶᠢᠨ᠎ᠠ︔ ᠵᠢᠶᠠᠩᠰᠢ ᠮᠤᠵᠢ ᠶᠢᠨ ᠨᠠᠨᠴᠠᠩ ᠬᠤᠲᠠ ᠶᠢᠨ ᠬᠢᠵᠢᠭ ᠤᠨ ᠪᠠᠶᠢᠳᠠᠯ ᠢ ᠨᠢᠭᠡᠨᠲᠡ ᠪᠦᠲᠦᠮᠵᠢᠲᠡᠶ ᠡᠵᠡᠮᠳᠡᠭᠰᠡᠨ | ᠪᠣᠯᠪᠠᠴᠤ ᠱᠠᠩ ᠷᠣᠣ ᠬᠤᠲᠠ ᠶᠢᠨ ᠬᠢᠵᠢᠭ ᠤᠨ ᠪᠠᠶᠢᠳᠠᠯ ᠨᠢ ᠰᠢᠭᠰᠢᠨ ᠪᠠᠶᠢᠴᠠᠭᠠᠬᠤ ᠪᠠ ᠬᠠᠮᠢᠶᠠᠷᠤᠨ ᠡᠵᠡᠮᠳᠡᠬᠦ | ᠡᠷᠴᠢᠮ ᠢᠶᠠᠨ ᠴᠢᠩᠭᠠᠷᠠᠭᠤᠯᠬᠤ ᠴᠢᠬᠤᠯᠠᠲᠠᠢ ᠪᠠᠶᠢᠨ᠎ᠠ︔ ᠯᠢᠶᠣᠤᠨᠢᠩ᠂ ᠵᠧᠵᠢᠶᠠᠩ᠂ ᠾᠧᠨᠠᠨ ᠵᠡᠷᠭᠡ ᠭᠠᠵᠠᠷ ᠲᠤ ᠣᠶᠢᠷ᠎ᠠ ᠶᠢᠨ | ᠬᠤᠭᠤᠴᠠᠭᠠᠨ ᠳᠤ ᠬᠠᠯᠳᠠᠪᠤᠷᠢᠯᠠᠯ ᠤᠨ ᠢᠷᠡᠯᠲᠡ ᠨᠢ ᠲᠣᠳᠣᠷᠬᠠᠢ ᠦᠭᠡᠢ ᠬᠢᠵᠢᠭ ᠤᠨ ᠪᠠᠶᠢᠳᠠᠯ ᠰᠢᠨ᠎ᠡ ᠪᠠᠷ ᠡᠭᠦᠰᠴᠦ᠂ | ᠨᠢᠭᠤᠭᠳᠠᠮᠠᠯ ᠴᠢᠨᠠᠷᠲᠠᠢ ᠪᠠᠷ ᠲᠠᠷᠬᠠᠨ ᠳᠡᠯᠭᠡᠷᠡᠬᠦ ᠲᠦᠭᠰᠢᠭᠦᠷᠢ ᠣᠷᠣᠰᠢᠵᠤ᠂ ᠤᠭ ᠦᠨᠳᠦᠰᠦ ᠶᠢ ᠨᠢ ᠡᠷᠢᠵᠦ ᠪᠠᠶᠢᠴᠠᠭᠠᠬᠤ | ᠪᠠ ᠬᠠᠮᠢᠶᠠᠷᠤᠨ ᠡᠵᠡᠮᠳᠡᠵᠦ ᠰᠡᠷᠭᠡᠶᠢᠯᠡᠬᠦ ᠬᠦᠴᠢᠷᠳᠡᠯ ᠨᠡᠮᠡᠭᠳᠡᠵᠡᠢ᠃ | ᠣᠲᠣ ᠪᠣᠯᠲᠠᠯ᠎ᠠ᠂ 21 ᠮᠤᠵᠢ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ | ᠪᠢᠩᠲ᠋ᠤᠸᠠᠨ ᠤ ᠪᠥᠬᠦ ᠣᠷᠣᠨ ᠪᠦᠰᠡ ᠪᠠᠷ ᠢᠶᠠᠨ ᠳᠣᠣᠷ᠎ᠠ ᠲᠦᠭᠰᠢᠭᠦᠷᠢᠲᠡᠢ ᠭᠠᠵᠠᠷ ᠣᠷᠣᠨ ᠪᠣᠯᠬᠤ ᠪᠣᠯᠪᠠᠴᠤ ᠬᠢᠵᠢᠭ ᠤᠨ | ᠪᠠᠶᠢᠳᠠᠯ ᠮᠥᠨ ᠬᠦ ᠳᠠᠬᠢᠨ ᠦᠷᠪᠢᠰᠬᠦ ᠲᠦᠭᠰᠢᠭᠦᠷᠢ ᠣᠷᠣᠰᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ | ᠮᠥᠨ ᠬᠦ ᠬᠦᠨᠳᠦ ᠬᠡᠴᠡᠭᠦᠦ ᠪᠥᠭᠡᠳ ᠪᠤᠳᠤᠯᠢᠶᠠᠨᠲᠠᠢ ᠪᠠᠶᠢᠨ᠎ᠠ᠃ | 5 ᠳ᠋ᠤᠭᠠᠷ ᠰᠠᠷ᠎ᠠ ᠶᠢᠨ 5 ᠤ ᠡᠳᠦᠷ᠂ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ | ᠢᠯᠡᠷᠬᠡᠶᠢᠯᠡᠭᠰᠡᠨ ᠢᠶᠠᠷ᠂ 2020 ᠣᠨ ᠪᠠ 2021 ᠣᠨ ᠳᠤ᠂ ᠪᠥᠬᠦ ᠳᠡᠯᠡᠬᠡᠢ ᠶᠢᠨ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠶᠡᠭᠡ ᠳᠡᠯᠭᠡᠷᠡᠯᠲᠡ ᠲᠠᠢ ᠰᠢᠭᠤᠳ ᠪᠤᠶᠤ ᠳᠠᠮ ᠤᠨ ᠬᠤᠯᠪᠤᠭ᠎ᠠ ᠪᠠᠷ ᠦᠬᠦᠭᠰᠡᠨ ᠬᠥᠮᠥᠨ ᠤ ᠲᠤᠭ᠎ᠠ ᠪᠠᠷᠤᠭ | 1490 ᠲᠦᠮᠡ ᠳᠤ ᠬᠦᠷᠴᠡᠢ᠃ ᠣᠳᠣᠬᠠᠨ ᠳᠤ᠂ ᠪᠥᠬᠦ ᠳᠡᠯᠡᠬᠡᠢ ᠶᠢᠨ ᠬᠢᠵᠢᠭ ᠤᠨ ᠪᠠᠶᠢᠳᠠᠯ ᠮᠥᠨ ᠬᠦ ᠥᠨᠳᠥᠷ | ᠪᠠᠶᠢᠷᠢᠨ ᠳᠤ ᠪᠠᠶᠢᠵᠤ᠂ ᠸᠢᠷᠦ᠋ᠰ ᠮᠥᠨ ᠯᠡ ᠲᠠᠰᠤᠷᠠᠯᠲᠠ ᠦᠭᠡᠢ ᠬᠤᠪᠢᠰᠴᠤ ᠪᠠᠶᠢᠨ᠎ᠠ᠃ | ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠥᠬᠦ ᠲᠠᠯ᠎ᠠ ᠪᠠᠷ ᠶᠡᠷᠦᠩᠬᠡᠶᠢᠯᠡᠨ | ᠰᠡᠷᠭᠡᠶᠢᠯᠡᠨ ᠡᠵᠡᠮᠳᠡᠬᠦ ︽ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ᠂ ᠡᠪᠡᠳᠴᠢᠨ ᠤ ᠵᠢᠱᠢᠶ᠎ᠡ ᠶᠢ ᠬᠥᠳᠡᠯᠦᠩᠭᠦᠢ ᠪᠠᠷ | ᠦᠭᠡᠢ ᠪᠣᠯᠭᠠᠬᠤ︾ ᠳᠥᠷᠪᠡᠳᠦᠭᠡᠷ ᠱᠠᠲᠤᠨ ᠳᠤ ᠣᠷᠣᠪᠠ | 2020 ᠣᠨ ᠠᠴᠠ ᠨᠠᠭᠠᠰᠢ᠂ ᠮᠠᠨ ᠤ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠶᠡᠭᠡ ᠲᠥᠯᠥᠪ᠄ ᠭᠡᠨᠡᠳᠲᠡ ᠶᠢᠨ ᠬᠢᠵᠢᠭ ᠤᠨ ᠪᠠᠶᠢᠳᠠᠯ ᠢ ᠠᠷᠭᠠᠴᠠᠭᠠᠬᠤ | ᠪᠦᠰᠡᠯᠡᠨ ᠬᠤᠷᠢᠭᠯᠠᠬᠤ ᠱᠠᠲᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠶᠢᠨ ᠰᠦᠪᠡᠭᠴᠢᠯᠡᠬᠦ | ᠱᠠᠲᠤ᠂ ᠪᠥᠬᠦ ᠬᠡᠯᠬᠢᠶ᠎ᠡ ᠪᠠᠷ ᠰᠡᠷᠭᠡᠶᠢᠯᠡᠨ ᠡᠵᠡᠮᠳᠡᠬᠦ ︽ᠡᠪᠡᠳᠴᠢᠨ ᠤ ᠵᠢᠱᠢᠶ᠎ᠡ ᠶᠢ ᠬᠥᠳᠡᠯᠦᠩᠭᠦᠢ ᠪᠠᠷ ᠦᠭᠡᠢ ᠪᠣᠯᠭᠠᠬᠤ︾ | ᠱᠠᠲᠤ᠂ ᠪᠥᠬᠦ ᠲᠠᠯ᠎ᠠ ᠪᠠᠷ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ︽ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ᠂ | ᠡᠪᠡᠳᠴᠢᠨ ᠤ ᠵᠢᠱᠢᠶ᠎ᠡ ᠶᠢ ᠬᠥᠳᠡᠯᠦᠩᠭᠦᠢ ᠪᠠᠷ ᠦᠭᠡᠢ ᠪᠣᠯᠭᠠᠬᠤ︾ ᠱᠠᠲᠤ ᠭᠡᠬᠦ ᠳᠦᠷᠪᠡᠨ ᠱᠠᠲᠤ ᠬᠤᠪᠢᠶᠠᠵᠤ ᠪᠣᠯᠣᠨ᠎ᠠ᠃ | ᠡᠨᠡ ᠵᠢᠯ ᠤᠨ 3 ᠳ᠋ᠤᠭᠠᠷ ᠰᠠᠷ᠎ᠠ ᠠᠴᠠ ᠨᠠᠭᠠᠰᠢ᠂ ᠮᠠᠨ ᠤ ᠤᠯᠤᠰ ᠣᠲᠣ ᠶᠠᠭ ᠪᠥᠬᠦ ᠲᠠᠯ᠎ᠠ ᠪᠠᠷ ᠶᠡᠷᠦᠩᠬᠡᠶᠢᠯᠡᠨ ᠰᠡᠷᠭᠡᠶᠢᠯᠡᠨ | ᠡᠵᠡᠮᠳᠡᠬᠦ ︽ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ᠂ ᠡᠪᠡᠳᠴᠢᠨ ᠤ ᠵᠢᠱᠢᠶ᠎ᠡ ᠶᠢ ᠬᠥᠳᠡᠯᠦᠩᠭᠦᠢ ᠪᠠᠷ ᠦᠭᠡᠢ ᠪᠣᠯᠭᠠᠬᠤ︾ | ᠱᠠᠲᠤᠨ ᠳᠤ ᠣᠷᠣᠪᠠ᠂ ᠲᠤᠬᠠᠶᠢᠯᠠᠪᠠᠯ ᠳᠥᠷᠪᠡᠳᠦᠭᠡᠷ ᠱᠠᠲᠤ ᠪᠣᠯᠣᠨ᠎ᠠ᠃ ᠲᠣᠰ ᠱᠠᠲᠤᠨ ᠳᠤ ᠲᠦᠷᠭᠡᠨ ᠪᠥᠭᠡᠳ ᠨᠠᠷᠢᠯᠢᠭ | ᠣᠨᠣᠴᠠᠲᠠᠢ ᠪᠠᠶᠢᠬᠤ ᠶᠢ ᠴᠢᠬᠤᠯᠠᠴᠢᠯᠠᠬᠤ ᠠᠴᠠ ᠭᠠᠳᠠᠨ᠎ᠠ ᠶᠡᠷᠦᠩᠬᠡᠶᠢᠯᠡᠭᠰᠡᠨ ᠴᠢᠨᠠᠷ ᠢ ᠨᠠᠩ ᠴᠢᠬᠤᠯᠠᠴᠢᠯᠠᠬᠤ ᠬᠡᠷᠡᠭᠲᠡᠢ᠂ | ᠥᠭᠡᠷ᠎ᠡ ᠪᠠᠷ ᠬᠡᠯᠡᠪᠡᠯ ᠬᠠᠯᠳᠠᠪᠤᠷᠢᠯᠠᠯ ᠤᠨ ᠡᠬᠢ ᠰᠤᠷᠪᠤᠯᠵᠢ ᠶᠢᠨ ᠬᠠᠮᠢᠶᠠᠷᠤᠯᠲᠠ ᠪᠠ ᠬᠠᠯᠳᠠᠪᠤᠷᠢᠯᠠᠬᠤ ᠠᠷᠭ᠎ᠠ ᠵᠠᠮ ᠢ | ᠲᠦᠷᠭᠡᠨ ᠲᠠᠰᠤᠯᠬᠤ ᠶᠢ ᠪᠠᠭᠲᠠᠭᠠᠭᠰᠠᠨ ᠶᠡᠷᠦᠩᠬᠡᠶᠢᠯᠡᠭᠰᠡᠨ ᠴᠢᠨᠠᠷᠲᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠦᠭᠦᠳ ᠢ | ᠠᠪᠴᠤ᠂ ᠠᠮᠠᠷᠬᠠᠨ ᠬᠠᠯᠳᠠᠪᠤᠷᠢᠯᠠᠬᠤ ᠬᠥᠮᠥᠰ ᠢ ᠬᠠᠮᠠᠭᠠᠯᠠᠬᠤ ᠬᠡᠷᠡᠭᠲᠡᠢ᠃ | ᠳᠥᠷᠪᠡᠳᠦᠭᠡᠷ ᠱᠠᠲᠤᠨ ᠳᠤ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠣᠨᠣᠰᠢᠯᠠᠨ ᠡᠮᠨᠡᠬᠦ ᠲᠥᠰᠥᠯ ︵ᠲᠤᠷᠰᠢᠨ | ᠬᠡᠷᠡᠭᠵᠢᠭᠦᠯᠬᠦ ᠶᠢᠰᠦᠳᠦᠭᠡᠷ ᠬᠡᠪ︶︾ ᠤᠨ ᠶᠣᠰᠣᠭᠠᠷ ᠴᠠᠭ ᠲᠤᠬᠠᠢ ᠳᠤ ᠨᠢ ᠵᠥᠪ ᠣᠨᠣᠪᠴᠢᠲᠠᠶ ᠪᠠᠷ ᠲᠥᠷᠥᠯ ᠬᠡᠯᠪᠡᠷᠢ | ᠬᠤᠪᠢᠶᠠᠬᠤ ᠪᠠ ᠭᠥᠯᠢᠶᠡᠨ ᠠᠪᠴᠤ ᠡᠮᠨᠡᠨ ᠵᠠᠰᠠᠬᠤ ᠬᠠᠮᠢᠶ᠎ᠠ ᠪᠦᠬᠦᠢ ᠠᠵᠢᠯ ᠢ ᠬᠢᠨ᠎ᠡ᠃ ᠵᠢᠱᠢᠶᠡᠯᠡᠪᠡᠯ ᠠᠭᠤᠰᠬᠢᠨ | ᠦᠷᠪᠢᠰᠦᠯ ᠤᠨ ᠢᠯᠡᠷᠡᠯ ᠲᠠᠢ᠂ ᠰᠠᠭᠤᠷᠢ ᠡᠪᠡᠳᠴᠢᠨ ᠲᠠᠢ᠂ ᠥᠨᠳᠥᠷ ᠲᠦᠭᠰᠢᠭᠦᠷᠢᠲᠦ ᠬᠦᠴᠦᠨ ᠵᠦᠢᠯ ᠲᠠᠢ᠂ ᠨᠠᠰᠤᠲᠠᠨ | ᠨᠢᠯᠬᠠᠰ ᠵᠡᠷᠭᠡ ᠬᠠᠯᠳᠠᠪᠤᠷᠢᠯᠠᠭᠳᠠᠭᠴᠢ ᠢ ᠪᠦᠷ ᠴᠡᠭ ᠲᠣᠭᠲᠠᠭᠠᠭᠰᠠᠨ ᠡᠮᠨᠡᠯᠭᠡ ᠶᠢᠨ ᠬᠤᠷᠢᠶᠠᠨ ᠳᠤ ᠭᠥᠯᠢᠶᠡᠨ ᠠᠪᠴᠤ ᠡᠮᠨᠡᠨ | ᠵᠠᠰᠠᠨ᠎ᠠ︔ ᠬᠥᠩᠭᠡᠨ ᠡᠪᠡᠳᠴᠢᠨ ᠪᠤᠶᠤ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠶᠢ ᠴᠢᠩᠭᠡᠯᠢᠭᠲᠦ ᠡᠮᠨᠡᠯᠭᠡ ᠶᠢᠨ | ᠬᠤᠷᠢᠶᠠᠨ ᠳᠤ ᠡᠮᠨᠡᠨ ᠵᠠᠰᠠᠨ᠎ᠠ︔ ᠢᠯᠠᠷᠢᠰᠢᠵᠤ ᠡᠮᠨᠡᠯᠭᠡ ᠠᠴᠠ ᠭᠠᠷᠬᠤ ᠪᠤᠶᠤ ᠴᠢᠩᠭᠡᠯᠢᠭ ᠠᠴᠠ ᠭᠠᠷᠤᠭᠰᠠᠳ ᠰᠢᠭᠤᠳ | ᠭᠡᠷ ᠲᠤ ᠪᠠᠨ ᠰᠠᠭᠤᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠥᠩᠭᠡᠨ ᠡᠪᠡᠳᠴᠢᠨ ᠪᠠ ᠡᠪᠡᠳᠴᠢᠨ ᠤ ᠢᠯᠡᠷᠡᠯ | ᠦᠭᠡᠢ ᠬᠠᠯᠳᠠᠪᠤᠷᠢᠯᠠᠭᠳᠠᠭᠴᠢ ᠶᠢᠨ ᠡᠳᠦᠷ ᠲᠤᠲᠤᠮ ᠤᠨ ᠡᠮᠴᠢᠯᠡᠭᠡᠨ ᠤ ᠡᠬᠢ ᠪᠠᠶᠠᠯᠢᠭ ᠢ ᠰᠢᠬᠠᠨ ᠡᠵᠡᠯᠡᠬᠦ ᠪᠠᠶᠢᠳᠠᠯ ᠢ | ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ | ︽ᠡᠪᠡᠳᠴᠢᠨ ᠤ ᠵᠢᠱᠢᠶ᠎ᠡ ᠶᠢ ᠬᠥᠳᠡᠯᠦᠩᠭᠦᠢ ᠪᠠᠷ ᠦᠭᠡᠢ ᠪᠣᠯᠭᠠᠬᠤ︾ ᠪᠠᠷ ᠬᠥᠭᠡᠭᠡᠴᠡᠯᠳᠦᠬᠦ ᠬᠠᠷᠠᠯᠲᠠ ᠶᠢᠨ ᠨᠢᠭᠡ ᠨᠢ | ᠳᠠᠷᠤᠢ ᠠᠯᠢ ᠴᠢᠳᠠᠬᠤ ᠪᠠᠷ ᠪᠥᠬᠦ ᠣᠷᠣᠨ ᠪᠦᠰᠡ ᠶᠢᠨ ᠲᠣᠭᠲᠠᠮᠠᠯ ᠬᠠᠮᠢᠶᠠᠷᠤᠯᠲᠠ ᠠᠴᠠ ᠵᠠᠶᠢᠯᠠᠰᠬᠢᠨ᠎ᠡ | ︽ᠡᠪᠡᠳᠴᠢᠨ ᠤ ᠵᠢᠱᠢᠶ᠎ᠡ ᠶᠢ ᠬᠥᠳᠡᠯᠦᠩᠭᠦᠢ ᠪᠠᠷ ᠦᠭᠡᠢ ᠪᠣᠯᠭᠠᠬᠤ︾ ᠨᠢ ᠪᠥᠬᠦ ᠣᠷᠣᠨ ᠪᠦᠰᠡ ᠳᠤ ᠲᠣᠭᠲᠠᠮᠠᠯ | ᠬᠠᠮᠢᠶᠠᠷᠤᠯᠲᠠ ᠶᠠᠪᠤᠭᠤᠯᠬᠤ ᠭᠡᠰᠡᠨ ᠦᠭᠡ ᠪᠢᠰᠢ ᠶᠤᠮ᠃ ᠡᠭᠦᠨ ᠲᠠᠢ ᠶᠠᠭ ᠡᠰᠡᠷᠭᠦ ᠪᠠᠷ᠂ ︽ᠡᠪᠡᠳᠴᠢᠨ ᠤ ᠵᠢᠱᠢᠶ᠎ᠡ ᠶᠢ | ᠬᠥᠳᠡᠯᠦᠩᠭᠦᠢ ᠪᠠᠷ ᠦᠭᠡᠢ ᠪᠣᠯᠭᠠᠬᠤ︾ ᠬᠥᠭᠡᠭᠡᠴᠡᠯᠳᠦᠬᠦ ᠬᠠᠷᠠᠯᠲᠠ ᠶᠢᠨ ᠨᠢᠭᠡ ᠨᠢ ᠳᠠᠷᠤᠢ ᠪᠦᠬᠦ ᠣᠷᠣᠨ ᠪᠦᠰᠡ ᠶᠢᠨ | ᠲᠣᠭᠲᠠᠮᠠᠯ ᠬᠠᠮᠢᠶᠠᠷᠤᠯᠲᠠ ᠠᠴᠠ ᠠᠯᠢ ᠴᠢᠳᠠᠬᠤ ᠪᠠᠷ ᠵᠠᠶᠢᠯᠠᠰᠬᠢᠬᠦ ᠶᠠᠪᠤᠳᠠᠯ ᠪᠣᠯᠣᠨ᠎ᠠ᠃ ᠣᠳᠣᠬᠠᠨ ᠳᠤ᠂ ᠣᠮᠢᠺᠷᠤᠨ | ᠣᠨᠳᠣᠣᠰᠢᠭᠰᠠᠨ ᠸᠢᠷᠦ᠋ᠰ ᠤᠨ ᠣᠨᠴᠠᠯᠢᠭ ᠲᠤ ᠴᠢᠭᠯᠡᠭᠦᠯᠦᠨ᠂ ᠨᠢᠭᠡ ᠲᠠᠯ᠎ᠠ ᠪᠠᠷ ᠲᠦᠷᠭᠡᠨ ᠪᠥᠭᠡᠳ ᠡᠷᠡᠰ ᠰᠢᠭᠤᠷᠬᠠᠢ᠂ | ᠲᠤᠶᠢᠯᠪᠤᠷᠢᠲᠠᠢ ᠪᠠᠷ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠠᠪᠬᠤ ᠬᠡᠷᠡᠭᠲᠡᠢ︔ ᠨᠦᠭᠦᠭᠡ ᠲᠠᠯ᠎ᠠ ᠪᠠᠷ | ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠨᠡᠶᠢᠭᠡᠮ ᠤᠨ ᠠᠵᠤ ᠠᠬᠤᠢ ᠶᠢᠨ ᠬᠥᠭᠵᠢᠯᠲᠡ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ | ᠬᠤᠭᠤᠷᠣᠨᠳᠣᠬᠢ ᠬᠠᠷᠢᠴᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠲᠡᠩᠴᠡᠭᠦᠷᠢᠰᠢᠭᠦᠯᠵᠦ᠂ ᠱᠠᠲᠤ ᠱᠠᠲᠤ ᠪᠠᠷ ᠡᠭᠦᠷᠭᠡ ᠨᠡᠮᠡᠬᠦ | ᠪᠠ ︽ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ︾ ᠶᠢ ᠡᠷᠡᠰ ᠰᠡᠷᠭᠡᠶᠢᠯᠡᠬᠦ ᠬᠡᠷᠡᠭᠲᠡᠢ᠃ ᠦᠯᠦ ᠦᠢᠯᠡᠳᠬᠦᠢ ᠪᠠ ᠲᠤᠰᠬᠠᠯ | ᠤᠳᠠᠭᠠᠨ ᠪᠠᠶᠢᠬᠤ ᠶᠢ ᠰᠡᠷᠭᠡᠶᠢᠯᠡᠬᠦ ᠮᠥᠷᠲᠡᠭᠡᠨ ᠪᠠᠰᠠ ᠳᠤᠷ᠎ᠠ ᠪᠠᠷ ᠢᠶᠠᠨ ᠦᠢᠯᠡᠳᠬᠦᠢ ᠪᠠ ᠱᠠᠲᠤ ᠱᠠᠲᠤ ᠪᠠᠷ ᠡᠭᠦᠷᠭᠡ | ᠨᠡᠮᠡᠬᠦ ᠶᠢ ᠰᠡᠷᠭᠡᠶᠢᠯᠡᠬᠦ ᠬᠡᠷᠡᠭᠲᠡᠢ᠃ | ᠵᠠᠷᠴᠢᠮ ᠤᠨ ᠲᠠᠯ᠎ᠠ ᠠᠴᠠ ᠠᠪᠴᠤ ᠬᠡᠯᠡᠪᠡᠯ᠂ ᠬᠢᠵᠢᠭ ᠤᠨ ᠪᠠᠶᠢᠳᠠᠯ ᠤᠨ ᠡᠬᠢᠨ ᠤ ᠬᠤᠭᠤᠴᠠᠭᠠᠨ ᠳᠤ᠂ | ᠬᠠᠯᠳᠠᠪᠤᠷᠢᠯᠠᠬᠤ ᠬᠡᠯᠬᠢᠶ᠎ᠡ ᠨᠢ ᠲᠣᠳᠣᠷᠬᠠᠢ᠂ ᠠᠶᠤᠯ ᠲᠦᠭᠰᠢᠭᠦᠷᠢ ᠶᠢ ᠡᠵᠡᠮᠳᠡᠵᠦ ᠪᠣᠯᠬᠤ ᠪᠠᠶᠢᠳᠠᠯ ᠳᠣᠣᠷ᠎ᠠ᠂ ᠪᠥᠬᠦ ᠣᠷᠣᠨ | ᠪᠦᠰᠡ ᠶᠢᠨ ᠲᠣᠭᠲᠠᠮᠠᠯ ᠬᠠᠮᠢᠶᠠᠷᠤᠯᠲᠠ ᠶᠢ ᠬᠡᠷᠡᠭᠵᠢᠭᠦᠯᠬᠦ ᠴᠢᠬᠤᠯᠠ ᠦᠭᠡᠢ ᠶᠤᠮ᠃ ᠭᠡᠪᠡᠴᠦ ᠨᠡᠶᠢᠭᠡᠮ ᠲᠣᠭᠤᠷᠢᠭ ᠲᠤ | ᠥᠷᠭᠡᠨ ᠢᠶᠠᠷ ᠲᠠᠷᠬᠠᠨ ᠳᠡᠯᠭᠡᠷᠡᠭᠰᠡᠨ ᠦᠶ᠎ᠡ ᠳᠤ᠂ ᠬᠠᠯᠳᠠᠪᠤᠷᠢᠯᠠᠬᠤ ᠬᠡᠯᠬᠢᠶ᠎ᠡ ᠨᠢ ᠲᠣᠳᠣᠷᠬᠠᠢ ᠦᠭᠡᠢ᠂ ᠲᠤᠬᠠᠶᠢᠯᠠᠪᠠᠯ᠂ | ᠬᠠᠯᠳᠠᠪᠤᠷᠢᠯᠠᠯ ᠤᠨ ᠡᠬᠢ ᠢᠷᠡᠯᠲᠡ ᠪᠠ ᠬᠠᠯᠳᠠᠪᠤᠷᠢᠯᠠᠭᠳᠠᠭᠴᠢ ᠶᠢᠨ ᠬᠤᠭᠤᠷᠣᠨᠳᠤ᠂ ᠨᠢᠭᠲᠠ ᠣᠶᠢᠷᠠᠲᠤᠭᠰᠠᠳ ᠤᠨ | ᠬᠤᠭᠤᠷᠣᠨᠳᠣᠬᠢ ᠬᠠᠷᠢᠴᠠᠭ᠎ᠠ ᠨᠢ ᠲᠣᠳᠣᠷᠬᠠᠢ ᠦᠭᠡᠢ᠂ ᠶᠡᠭᠡ ᠪᠠᠷ ᠲᠠᠷᠬᠠᠨ ᠳᠡᠯᠭᠡᠷᠡᠬᠦ ᠪᠠ ᠬᠡᠪᠴᠢᠶᠡᠵᠢᠯ ᠤᠨ ᠴᠢᠨᠠᠷᠲᠠᠢ | ᠳᠠᠬᠢᠨ ᠦᠷᠪᠢᠰᠬᠦ ᠠᠶᠤᠯ ᠲᠦᠭᠰᠢᠭᠦᠷᠢ ᠨᠡᠯᠢᠶᠡᠳ ᠶᠡᠭᠡ ᠪᠣᠯᠤᠭᠰᠠᠨ ᠪᠠᠶᠢᠳᠠᠯ ᠳᠣᠣᠷ᠎ᠠ᠂ ᠬᠢᠵᠢᠭ ᠤᠨ ᠪᠠᠶᠢᠳᠠᠯ ᠤᠨ | ᠣᠨᠴᠠᠯᠢᠭ᠂ ᠣᠷᠣᠰᠢᠵᠤ ᠪᠠᠶᠢᠭ᠎ᠠ ᠱᠠᠲᠤ ᠦᠶ᠎ᠡ᠂ ᠰᠡᠷᠭᠡᠶᠢᠯᠡᠨ ᠡᠵᠡᠮᠳᠡᠬᠦ ᠴᠢᠳᠠᠪᠤᠷᠢ᠂ ᠨᠡᠶᠢᠭᠡᠮ ᠠᠵᠤ ᠠᠬᠤᠢ ᠶᠢᠨ ᠬᠢᠷᠢ | ᠲᠦᠪᠰᠢᠨ᠂ ᠬᠥᠮᠥᠨ ᠠᠮᠠ ᠶᠢᠨ ᠣᠨᠴᠠᠯᠢᠭ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠭᠰᠠᠨ ᠪᠠᠶᠢᠳᠠᠯ ᠳᠣᠣᠷ᠎ᠠ | ᠰᠠᠶ᠋ᠢ ᠲᠣᠭᠲᠠᠮᠠᠯ ᠬᠠᠮᠢᠶᠠᠷᠤᠯᠲᠠ ᠵᠢᠴᠢ ᠲᠣᠭᠲᠠᠮᠠᠯ ᠬᠠᠮᠢᠶᠠᠷᠤᠯᠲᠠ ᠶᠠᠪᠤᠭᠤᠯᠬᠤ ᠪᠣᠳᠠᠲᠠᠢ ᠣᠷᠣᠨ ᠪᠦᠰᠡ ᠶᠢᠨ ᠶᠡᠭᠡ ᠪᠠᠭ᠎ᠠ᠂ | ᠬᠦᠷᠢᠶ᠎ᠡ ᠬᠡᠪᠴᠢᠶ᠎ᠡ᠂ ᠴᠠᠭ ᠬᠤᠭᠤᠴᠠᠭ᠎ᠠ ᠪᠠ ᠬᠠᠮᠢᠶᠠᠷᠤᠯᠲᠠ ᠶᠢᠨ ᠡᠷᠴᠢᠮ ᠵᠡᠷᠭᠡ ᠨᠡᠩ ᠴᠢᠩᠭ᠎ᠠ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠠᠪᠬᠤ ᠡᠰᠡᠬᠦ ᠶᠢ ᠲᠣᠭᠲᠠᠭᠠᠬᠤ ᠬᠡᠷᠡᠭᠲᠡᠢ᠃ ᠡᠭᠦᠨ ᠠᠴᠠ ᠦᠵᠡᠬᠦ ᠳᠤ᠂ ︽ᠳᠥᠷᠪᠡ ᠶᠢ ᠡᠷᠲᠡ | ᠭᠦᠢᠴᠡᠳᠬᠡᠬᠦ︾ ᠶᠢ ᠨᠠᠶᠢᠳᠠᠪᠤᠷᠢᠵᠢᠭᠤᠯᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠪᠠᠯ᠂ ᠳᠠᠷᠤᠢ | ᠪᠥᠬᠦ ᠣᠷᠣᠨ ᠪᠦᠰᠡ ᠶᠢᠨ ᠲᠣᠭᠲᠠᠮᠠᠯ ᠬᠠᠮᠢᠶᠠᠷᠤᠯᠲᠠ ᠠᠴᠠ ᠪᠦᠲᠦᠮᠵᠢᠲᠡᠶ ᠵᠠᠶᠢᠯᠠᠰᠬᠢᠵᠦ ᠴᠢᠳᠠᠨ᠎ᠠ᠃ | ᠬᠢᠯᠢ ᠶᠢᠨ ᠪᠣᠭᠤᠮᠲᠠ ᠶᠢᠨ ᠬᠤᠲᠠ ᠨᠢ ᠬᠢᠯᠢ ᠶᠢᠨ ᠪᠣᠭᠤᠮᠲᠠ ᠶᠢᠨ ᠰᠡᠷᠭᠡᠶᠢᠯᠡᠨ ᠡᠵᠡᠮᠳᠡᠬᠦ ᠲᠤᠰᠬᠠᠢ ᠠᠩᠭᠢ | ᠪᠠᠶᠢᠭᠤᠯᠵᠤ᠂ ᠨᠥᠬᠦᠴᠡᠯ ᠲᠠᠢ ᠬᠢᠯᠢ ᠶᠢᠨ ᠪᠣᠭᠤᠮᠲᠠ ᠶᠢᠨ ᠬᠤᠲᠠ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠠᠪᠰᠠᠷ ᠤᠨ ᠣᠷᠣᠨ ᠭᠠᠷᠭᠠᠵᠤ ᠪᠣᠯᠣᠨ᠎ᠠ | ᠣᠳᠣᠬᠠᠨ ᠳᠤ ᠬᠢᠯᠢ ᠶᠢᠨ ᠪᠣᠭᠤᠮᠲᠠ ᠶᠢᠨ ᠬᠤᠲᠠ ᠨᠢ ᠬᠢᠯᠢ ᠶᠢᠨ ᠪᠣᠭᠤᠮᠲᠠ ᠶᠢᠨ ᠰᠡᠷᠭᠡᠶᠢᠯᠡᠨ ᠡᠵᠡᠮᠳᠡᠬᠦ ᠲᠤᠰᠬᠠᠢ | ᠠᠩᠭᠢ ᠪᠠᠶᠢᠭᠤᠯᠵᠤ᠂ ᠲᠤᠬᠠᠢ ᠶᠢᠨ ᠭᠠᠵᠠᠷ ᠤᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ | ᠳᠣᠣᠷ᠎ᠠ᠂ ᠡᠯ᠎ᠡ ᠰᠠᠯᠠᠭ᠎ᠠ ᠮᠥᠴᠢᠷ ᠤᠨ ᠬᠢᠨ ᠲᠠᠢ ᠬᠠᠮᠵᠢᠯᠴᠠᠭ᠎ᠠ ᠪᠠᠨ ᠴᠢᠩᠭᠠᠳᠬᠠᠨ᠂ ᠬᠠᠷᠢᠶ᠎ᠠ ᠭᠠᠵᠠᠷ᠂ ᠠᠵᠢᠯ ᠲᠥᠷᠥᠯ᠂ | ᠰᠠᠯᠠᠭ᠎ᠠ ᠮᠥᠴᠢᠷ᠂ ᠨᠢᠭᠡᠴᠢ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠭᠤᠭᠴᠤᠭ᠎ᠠ ᠶᠢᠨ | ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠡᠯ᠎ᠡ ᠵᠦᠢᠯ ᠤᠨ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠱᠠᠭᠠᠷᠳᠠᠵᠤ ᠪᠠᠶᠢᠨ᠎ᠠ᠃ ᠥᠭᠡᠷ᠎ᠡ ᠪᠠᠷ ᠬᠡᠯᠡᠪᠡᠯ᠂ | ᠬᠢᠯᠢ ᠶᠢᠨ ᠪᠣᠭᠤᠮᠲᠠ ᠶᠢᠨ ᠬᠤᠲᠠ ᠶᠢᠨ ᠪᠦᠬᠦᠯᠢ ᠴᠣᠭᠴᠠ ᠪᠠᠷ ᠨᠢ ᠬᠠᠮᠢᠶᠠᠷᠤᠨ ᠡᠵᠡᠮᠳᠡᠬᠦ ᠣᠷᠣᠨ ᠪᠣᠯᠭᠠᠵᠤ ᠴᠢᠩᠭ᠎ᠠ | ᠬᠠᠮᠢᠶᠠᠷᠤᠨ ᠡᠵᠡᠮᠳᠡᠬᠦ ᠣᠳᠣᠬᠢ ᠪᠠᠶᠢᠳᠠᠯ ᠢ ᠬᠤᠪᠢᠷᠠᠭᠤᠯᠵᠤ᠂ ᠨᠥᠬᠦᠴᠡᠯ ᠲᠠᠢ ᠬᠢᠯᠢ ᠶᠢᠨ ᠪᠣᠭᠤᠮᠲᠠ ᠶᠢᠨ ᠬᠤᠲᠠ ᠳᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠪᠰᠠᠷ ᠤᠨ ᠣᠷᠣᠨ ᠭᠠᠷᠭᠠᠵᠤ᠂ ᠣᠷᠣᠨ ᠬᠤᠪᠢᠶᠠᠨ ᠵᠦᠷᠢᠶᠡᠴᠢᠯᠡᠨ | ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠪᠣᠯᠣᠨ᠎ᠠ᠃ ᠵᠠᠪᠰᠠᠷ ᠤᠨ ᠣᠷᠣᠨ ᠳᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠨᠡᠯᠢᠶᠡᠳ ᠴᠢᠩᠭ᠎ᠠ ᠬᠠᠮᠢᠶᠠᠷᠤᠯᠲᠠ ᠶᠢ ᠬᠡᠷᠡᠭᠵᠢᠭᠦᠯᠵᠦ᠂ ᠵᠠᠪᠰᠠᠷ ᠤᠨ ᠣᠷᠣᠨ ᠠᠴᠠ ᠭᠠᠳᠠᠨᠠᠬᠢ ᠭᠠᠵᠠᠷ | ᠣᠷᠣᠨ ᠳᠤ ᠪᠠᠶᠢᠩᠭᠤᠵᠢᠭᠰᠠᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ | ᠲᠦᠷᠭᠡᠨ ᠢᠯᠡᠭᠡᠯᠲᠡ᠂ ᠪᠣᠭᠤᠳᠠᠯ ᠪᠠᠭᠯᠠᠭ᠎ᠠ ᠪᠣᠯᠣᠨ ᠰᠤᠷᠭᠠᠭᠤᠯᠢ ᠶᠢᠨ ᠬᠦᠷᠢᠶᠡᠨ ᠳᠤ ᠣᠷᠣᠬᠤ ᠪᠤᠰᠤᠳ | ᠪᠣᠳᠠᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠬᠡᠪ ᠤᠨ ᠪᠠᠶᠢᠴᠠᠭᠠᠯᠲᠠ ᠶᠢ ᠰᠠᠶᠢᠲᠤᠷ ᠬᠢᠬᠦ | ᠬᠡᠷᠡᠭᠲᠡᠢ | ᠰᠤᠷᠭᠠᠭᠤᠯᠢ ᠶᠢᠨ ᠬᠦᠷᠢᠶᠡᠨ ᠳᠤ ᠲᠦᠷᠭᠡᠨ ᠢᠯᠡᠭᠡᠯᠲᠡ ᠪᠠ ᠬᠥᠮᠥᠰ ᠤᠨ ᠶᠠᠪᠤᠯᠴᠠᠭ᠎ᠠ ᠶᠢ ᠪᠠᠭᠲᠠᠭᠠᠭᠰᠠᠨ | ᠰᠤᠷᠭᠠᠭᠤᠯᠢ ᠶᠢᠨ ᠭᠠᠳᠠᠨᠠᠬᠢ ᠬᠥᠮᠥᠰ ᠲᠠᠢ ᠶᠠᠩᠵᠤ ᠪᠦᠷᠢ ᠶᠢᠨ ᠬᠠᠷᠢᠯᠴᠠᠭ᠎ᠠ ᠶᠠᠪᠤᠭᠳᠠᠬᠤ ᠨᠢ ᠯᠠᠪᠲᠠᠢ ᠶᠤᠮ᠃ ᠲᠦᠷᠭᠡᠨ | ᠢᠯᠡᠭᠡᠯᠲᠡ᠂ ᠪᠣᠭᠤᠳᠠᠯ ᠪᠠᠭᠯᠠᠭ᠎ᠠ ᠪᠣᠯᠣᠨ ᠰᠤᠷᠭᠠᠭᠤᠯᠢ ᠶᠢᠨ ᠬᠦᠷᠢᠶᠡᠨ ᠳᠤ ᠣᠷᠣᠬᠤ ᠪᠤᠰᠤᠳ ᠡᠳ᠋ ᠪᠣᠳᠠᠰ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠬᠡᠪ ᠤᠨ ᠪᠠᠶᠢᠴᠠᠭᠠᠯᠲᠠ ᠶᠢ ᠰᠠᠶᠢᠲᠤᠷ ᠬᠢᠬᠦ ᠬᠡᠷᠡᠭᠲᠡᠢ᠃ | ᠰᠤᠷᠭᠠᠭᠤᠯᠢ ᠶᠢᠨ ᠬᠦᠷᠢᠶᠡᠨ ᠳᠤ ᠣᠷᠣᠬᠤ ᠡᠳ᠋ ᠪᠣᠳᠠᠰ ᠠᠴᠠ ᠭᠠᠳᠠᠨ᠎ᠠ᠂ ᠰᠤᠷᠭᠠᠭᠤᠯᠢ ᠶᠢᠨ ᠬᠦᠷᠢᠶᠡᠨ ᠳᠣᠲᠣᠷᠠᠬᠢ ᠬᠤᠭ | ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠪᠠ ᠤᠯᠠᠨ ᠨᠡᠶᠢᠲᠡ ᠶᠢᠨ ᠲᠠᠯᠠᠪᠤᠷ ᠭᠠᠵᠠᠷ ᠤᠨ ᠬᠠᠮᠢᠶᠠᠷᠤᠯᠲᠠ ᠶᠢ ᠴᠤ ᠦᠨᠡᠨ ᠬᠦ | ᠪᠣᠳᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ |