ᠰᠢᠨᠬᠤᠸᠠ ᠬᠤᠷᠢᠶᠠᠨ ᠤ ᠪᠡᠭᠡᠵᠢᠩ ᠤᠨ 5 ᠰᠠᠷ᠎ᠠ ᠶᠢᠨ 10 ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ ᠡᠪ | ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ 10 ᠤ | ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ | ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠬᠤ ᠳᠠᠭᠠᠨ᠂ ᠵᠠᠯᠠᠭᠤ ᠨᠠᠰᠤ | ᠬᠢᠵᠠᠭᠠᠯᠠᠰᠢ ᠦᠭᠡᠢ ᠬᠦᠰᠡᠯ ᠡᠷᠡᠮᠡᠯᠵᠡᠯ ᠢ ᠬᠥᠪᠥᠷᠡᠭᠦᠯᠵᠦ᠂ ᠵᠠᠯᠠᠭᠤᠴᠤᠳ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠨ᠎ᠠ᠃ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠴᠠᠭ ᠲᠠᠭᠠᠨ ᠲᠣᠬᠢᠶᠠᠵᠤ᠂ ᠬᠦᠨᠳᠦ ᠡᠭᠦᠷᠭᠡ ᠮᠥᠷᠥᠨ | ᠳᠡᠭᠡᠷ᠎ᠡ ᠲᠠᠯᠪᠢᠭᠳᠠᠵᠤ᠂ ᠡᠷᠳᠡᠮ ᠴᠢᠳᠠᠪᠤᠷᠢ ᠪᠠᠨ ᠪᠠᠳᠠᠷᠠᠭᠤᠯᠬᠤ ᠲᠠᠪᠴᠠᠩ ᠬᠢᠵᠠᠭᠠᠯᠠᠰᠢ ᠦᠭᠡᠢ ᠥᠷᠭᠡᠨ ᠠᠭᠤᠳᠠᠮ ᠪᠠᠶᠢᠵᠤ᠂ | ᠬᠦᠰᠡᠯ ᠵᠡᠭᠦᠳᠦ ᠪᠠᠨ ᠲᠡᠷᠭᠡᠯᠰᠢᠭᠦᠯᠬᠦ ᠢᠷᠡᠭᠡᠳᠦᠢ ᠬᠢᠵᠠᠭᠠᠯᠠᠰᠢ ᠦᠭᠡᠢ ᠭᠡᠭᠡᠨ ᠰᠠᠷᠠᠭᠤᠯ ᠪᠠᠶᠢᠨ᠎ᠠ᠃ ᠳᠤᠮᠳᠠᠳᠤ ᠶᠢᠨ | ᠵᠡᠭᠦᠳᠦ ᠶᠢ ᠲᠡᠷᠭᠡᠯᠰᠢᠭᠦᠯᠬᠦ ᠪᠣᠯ ᠲᠡᠦᠬᠡ ᠶᠢᠨ ᠪᠤᠤᠬᠢᠶ᠎ᠠ ᠳᠠᠮᠵᠢᠭᠤᠯᠬᠤ ᠤᠷᠤᠯᠳᠤᠭᠠᠨ ᠮᠥᠨ᠂ ᠤᠳᠤ ᠦᠶ᠎ᠡ ᠶᠢᠨ | ᠵᠠᠯᠠᠭᠤᠴᠤᠳ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠤᠷᠤᠯᠳᠤᠭᠠᠨ ᠤ ᠵᠠᠮ ᠳᠡᠭᠡᠷ᠎ᠡ ᠡᠷᠡᠮᠡᠬᠡᠶᠢᠯᠡᠨ | ᠲᠡᠮᠡᠴᠡᠬᠦ ᠬᠡᠷᠡᠭᠲᠡᠢ᠃ ᠡᠪ ᠬᠠᠮᠲᠤ ᠵᠠᠯᠠᠭᠤᠴᠤᠳ ᠤᠨ ᠡᠪᠯᠡᠯ ᠤᠨ ᠬᠢᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ | ᠪᠣᠯᠣᠨ ᠵᠠᠯᠭᠠᠮᠵᠢᠯᠠᠭᠴᠢ ᠶᠢ ᠬᠥᠮᠥᠵᠢᠭᠦᠯᠬᠦ ᠡᠨᠡ ᠬᠦ ᠦᠨᠳᠦᠰᠦᠨ ᠡᠭᠦᠷᠭᠡ ᠶᠢ ᠪᠠᠲᠤ ᠡᠵᠡᠮᠳᠡᠵᠦ᠂ ᠨᠠᠮ ᠤᠨ ᠲᠥᠯᠥᠭᠡ | ᠬᠥᠮᠥᠨ ᠬᠥᠮᠥᠵᠢᠭᠦᠯᠬᠦ᠂ ᠤᠬᠠᠮᠰᠠᠷ ᠠᠴᠠ ᠪᠠᠨ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠬᠡᠬᠦ᠂ ᠥᠷᠭᠡᠨ | ᠤᠯᠠᠨ ᠵᠠᠯᠠᠭᠤᠴᠤᠳ ᠲᠠᠢ ᠰᠡᠳᠬᠢᠯ ᠵᠢᠷᠦᠬᠡ ᠪᠠᠨ ᠬᠤᠯᠪᠣᠬᠤ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ | ᠬᠢᠬᠦ ᠶᠢ ᠪᠠᠷᠢᠮᠲᠠᠯᠠᠵᠤ᠂ ᠥᠷᠭᠡᠨ ᠤᠯᠠᠨ ᠡᠪᠯᠡᠯ ᠤᠨ ᠭᠡᠰᠢᠭᠦᠨ ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ | ᠬᠦᠰᠡᠯᠡᠩ ᠲᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠬᠦᠴᠢᠷ ᠠᠴᠠ ᠠᠶᠤᠬᠤ ᠦᠭᠡᠢ᠂ ᠵᠣᠷᠢᠭᠲᠠᠢ ᠪᠠᠷ ᠲᠡᠮᠡᠴᠡᠬᠦ | ᠰᠢᠨ᠎ᠡ ᠴᠠᠭ ᠦᠶ᠎ᠡ ᠶᠢᠨ ᠰᠠᠶᠢᠨ ᠵᠠᠯᠠᠭᠤᠴᠤᠳ ᠪᠣᠯᠣᠨ ᠦᠰᠦᠨ ᠪᠣᠶᠢᠵᠢᠵᠤ᠂ ᠵᠠᠯᠠᠭᠤ ᠨᠠᠰᠤᠨ ᠤ ᠬᠥᠳᠡᠯᠭᠡᠭᠦ ᠬᠦᠴᠦᠨ | ᠪᠣᠯᠣᠨ ᠡᠭᠦᠳᠦᠨ ᠪᠦᠲᠦᠭᠡᠬᠦ ᠬᠦᠴᠦᠨ ᠢᠶᠠᠷ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠴᠦᠲᠦ ᠤᠷᠤᠰᠬᠠᠯ ᠢ | ᠬᠥᠭᠵᠢᠭᠡᠵᠦ᠂ ᠵᠠᠯᠠᠭᠤ ᠨᠠᠰᠤᠨ ᠤ ᠤᠶᠤᠨ ᠤᠬᠠᠭᠠᠨ ᠪᠣᠯᠣᠨ ᠬᠦᠴᠦ ᠬᠥᠯᠥᠰᠦ ᠪᠠᠷ ᠢᠶᠠᠨ ᠨᠡᠩ ᠦᠵᠡᠰᠬᠦᠯᠡᠩᠲᠦ ᠰᠠᠶᠢᠬᠠᠨ | ᠳᠤᠮᠳᠠᠳᠤ ᠤᠯᠤᠰ ᠢ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠯᠢ ᠺᠧ ᠴᠢᠶᠠᠩ᠂ ᠯᠢ | ᠵᠠᠨ ᠱᠣ᠋᠂ ᠸᠠᠩ ᠶᠠᠩ᠂ ᠸᠠᠩ ᠬᠤ᠋ ᠨᠢᠩ᠂ ᠵᠤᠤ ᠯᠧ ᠵᠢᠢ᠂ ᠬᠠᠨ ᠵᠧᠩ ᠶᠡᠭᠡ ᠬᠤᠷᠠᠯ ᠳᠤ ᠣᠷᠣᠯᠴᠠᠪᠠ᠃ | ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠠᠳᠤᠭᠠᠷ ᠳᠠᠪᠬᠤᠷᠭ᠎ᠠ ᠶᠢᠨ ᠳᠠᠶᠢᠯᠠᠯᠭ᠎ᠠ ᠶᠢᠨ ᠲᠢᠩᠬᠢᠮ ᠳᠤ ᠬᠥᠷ | ᠬᠥᠭᠵᠢᠶᠡᠨ ᠢᠶᠠᠷ ᠪᠢᠯᠬᠠᠮ᠎ᠠ ᠪᠠᠶᠢᠯ᠎ᠠ᠃ ᠲᠡᠷᠢᠭᠦᠯᠡᠭᠴᠢ ᠶᠢᠨ ᠲᠠᠶᠢᠰᠠᠨ ᠤ ᠳᠡᠭᠡᠷ᠎ᠡ ᠲᠠᠯ᠎ᠠ ᠳᠤ ︽ᠳᠤᠮᠳᠠᠳᠤ ᠤᠯᠤᠰ ᠤᠨ ᠡᠪ | ᠬᠠᠮᠲᠤ ᠵᠠᠯᠠᠭᠤᠴᠤᠳ ᠤᠨ ᠡᠪᠯᠡᠯ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ︾ ᠭᠡᠬᠦ ᠬᠤᠷᠠᠯ ᠤᠨ | ᠢᠯᠡᠷᠬᠡᠶᠢᠯᠡᠯ ᠢ ᠡᠯᠭᠦᠵᠦ᠂ ᠠᠷᠤ ᠬᠥᠰᠢᠭᠡ ᠶᠢᠨ ᠲᠥᠪ ᠳᠤᠮᠳᠠ ᠨᠢ ᠡᠪᠯᠡᠯ ᠤᠨ ᠰᠦᠯᠳᠡ ᠶᠢ ᠡᠯᠭᠦᠵᠦ᠂ ᠡᠪᠯᠡᠯ ᠤᠨ | ᠰᠦᠯᠳᠡ ᠶᠢᠨ ᠳᠣᠣᠷ᠎ᠠ ᠲᠠᠯ᠎ᠠ ᠳᠤ ︽1922 - 2022︾ ᠭᠡᠬᠦ ᠪᠢᠴᠢᠭᠡᠰᠦ ᠲᠠᠢ᠂ 10 ᠤᠯᠠᠭᠠᠨ ᠲᠤᠭ ᠢ ᠬᠤᠶᠠᠷ | ᠭᠠᠷᠯᠠᠨ ᠵᠢᠭᠰᠠᠭᠠᠵᠠᠢ᠃ | ᠦᠳᠡ ᠶᠢᠨ ᠡᠮᠦᠨᠡᠬᠢ 10 ᠴᠠᠭ ᠲᠤ ᠶᠡᠭᠡ ᠬᠤᠷᠠᠯ ᠡᠬᠢᠯᠡᠪᠡ᠃ ᠪᠦᠭᠦᠳᠡᠭᠡᠷ ᠢᠶᠠᠨ ᠪᠣᠰᠴᠤ ᠵᠣᠭᠰᠣᠨ ᠤᠯᠤᠰ ᠤᠨ | ᠰᠦᠯᠳᠡ ᠳᠠᠭᠤᠤ ᠶᠢ ᠳᠠᠭᠤᠯᠠᠪᠠ᠃ | ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ ᠡᠩ | ᠲᠡᠷᠢᠭᠦᠨ ᠳᠤ ᠨᠠᠮ ᠤᠨ ᠲᠥᠪ ᠬᠤᠷᠢᠶᠠᠨ ᠤ ᠡᠮᠦᠨ᠎ᠡ ᠠᠴᠠ ᠡᠪ ᠬᠠᠮᠲᠤ ᠵᠠᠯᠠᠭᠤᠴᠤᠳ ᠤᠨ ᠡᠪᠯᠡᠯ ᠤᠨ ᠪᠦᠬᠦ ᠭᠡᠰᠢᠭᠦᠨ | ᠪᠣᠯᠣᠨ ᠡᠯ᠎ᠡ ᠱᠠᠲᠤᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠵᠣᠬᠢᠶᠠᠨ ᠪᠠᠶᠢᠭᠤᠯᠤᠯᠲᠠ᠂ ᠡᠪᠯᠡᠯ ᠤᠨ ᠺᠠᠳ᠋ᠷ ᠲᠤ | ᠬᠠᠯᠠᠭᠤᠨ ᠪᠠᠶᠠᠷ ᠬᠦᠷᠭᠡᠵᠦ᠂ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ | ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠮᠡᠭᠴᠡ ᠵᠠᠯᠠᠭᠤᠴᠤᠳ ᠲᠤ ᠠᠩᠬᠠᠷᠤᠯ ᠢᠶᠠᠨ | ᠬᠠᠨᠳᠤᠭᠤᠯᠵᠤ᠂ ᠬᠤᠪᠢᠰᠬᠠᠯ ᠤᠨ ᠬᠦᠰᠡᠯ ᠡᠷᠡᠮᠡᠯᠵᠡᠯ ᠢᠶᠠᠨ ᠵᠠᠯᠠᠭᠤᠴᠤᠳ ᠲᠤ ᠲᠠᠯᠪᠢᠪᠠ᠃ ᠵᠠᠭᠤᠨ ᠵᠢᠯ ᠤᠨ ᠲᠤᠷᠰᠢ᠂ | ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠭ ᠰᠠᠨᠠᠭ᠎ᠠ ᠪᠠᠨ ᠦᠯᠦ | ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠵᠠᠯᠠᠭᠤᠴᠤᠳ ᠤᠨ ᠡᠮᠦᠨ᠎ᠡ ᠡᠩᠨᠡᠭᠡᠨ ᠳᠤ ᠬᠤᠰᠢᠭᠤᠷᠠᠵᠤ᠂ | ᠦᠶ᠎ᠡ ᠦᠶ᠎ᠡ ᠶᠢᠨ ᠵᠠᠯᠠᠭᠤᠴᠤᠳ ᠢ ᠵᠣᠬᠢᠶᠠᠨ ᠪᠠᠶᠢᠭᠤᠯᠤᠨ ᠬᠥᠲᠥᠯᠥᠨ ᠳᠠᠭᠠᠭᠤᠯᠵᠤ ᠢᠲᠡᠭᠡᠯ ᠪᠢᠰᠢᠷᠡᠯ ᠢᠶᠠᠨ ᠪᠠᠲᠤᠳᠬᠠᠵᠤ᠂ | ᠨᠠᠮ ᠢᠶᠠᠨ ᠰᠠᠯᠤᠯ ᠦᠭᠡᠢ ᠲᠠᠭᠠᠵᠤ᠂ ᠦᠨᠳᠦᠰᠦᠲᠡᠨ ᠤ ᠲᠤᠰᠠᠭᠠᠷ ᠲᠣᠭᠲᠠᠨᠢᠯ᠂ ᠠᠷᠠᠳ ᠲᠦᠮᠡᠨ ᠤ ᠴᠢᠯᠦᠭᠡᠯᠡᠯᠲᠡ ᠶᠢ | ᠲᠡᠮᠡᠴᠡᠨ ᠣᠯᠬᠤ ᠪᠠ ᠤᠯᠤᠰ ᠣᠷᠣᠨ ᠤ ᠪᠠᠶᠠᠵᠢᠯ ᠬᠦᠴᠦᠷᠬᠡᠭᠵᠢᠯ᠂ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ | ᠲᠥᠯᠥᠭᠡ ᠬᠦᠴᠦᠨ ᠴᠢᠳᠠᠯ ᠢᠶᠠᠨ ᠡᠷᠭᠦᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠠᠬᠢᠴᠠ ᠳᠤᠮᠳᠠᠬᠢ ᠣᠮᠤᠭ ᠪᠠᠭ᠋ᠠᠳᠤᠮ᠎ᠠ ᠵᠠᠯᠠᠭᠤ ᠨᠠᠰᠤᠨ ᠤ ᠳᠠᠭᠤᠯᠠᠯ ᠢ ᠪᠢᠴᠢᠭᠯᠡᠭᠰᠡᠨ ᠪᠠᠶᠢᠨ᠎ᠠ᠃ ᠵᠠᠭᠤᠨ ᠵᠢᠯ ᠤᠨ ᠲᠤᠷᠰᠢ᠂ | ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠢᠮᠠᠭᠲᠠ ᠨᠠᠮ ᠲᠠᠢ ᠪᠠᠨ ᠰᠡᠳᠬᠢᠯ ᠨᠢᠭᠡᠳᠴᠦ᠂ | ᠨᠠᠮ ᠢᠶᠠᠨ ᠲᠠᠭᠠᠨ ᠲᠡᠮᠡᠴᠡᠵᠦ᠂ ᠥᠷᠭᠡᠨ ᠤᠯᠠᠨ ᠡᠪᠯᠡᠯ ᠤᠨ ᠭᠡᠰᠢᠭᠦᠨ ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ | ᠦᠨᠡᠨᠴᠢ ᠰᠢᠳᠤᠷᠭᠤ ᠪᠠᠶᠢᠬᠤ ᠪᠠᠨ ᠨᠠᠮ ᠪᠣᠯᠣᠨ ᠠᠷᠠᠳ ᠲᠦᠮᠡᠨ ᠤ ᠠᠵᠢᠯ ᠦᠢᠯᠡᠰ ᠳᠤᠮᠳᠠ ᠪᠢᠴᠢᠭᠯᠡᠵᠦ᠂ ᠵᠠᠯᠠᠭᠤ | ᠨᠠᠰᠤ ᠪᠠᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠶᠠᠨ ᠳᠤ ᠦᠷᠡᠯᠡᠭᠦᠯᠦᠨ ᠰᠠᠴᠤᠵᠤ᠂ ᠢᠷᠠᠭᠤ ᠠᠯᠳᠠᠷ ᠢᠶᠠᠨ | ᠲᠡᠦᠬᠡ ᠶᠢᠨ ᠤᠷᠤᠭᠰᠢᠯᠠᠯᠲᠠ ᠶᠢᠨ ᠲᠡᠦᠬᠡᠨ ᠬᠠᠭᠤᠳᠠᠰᠤᠨ᠎ᠠ ᠰᠡᠶᠢᠯᠪᠡ᠃ ᠳᠤᠮᠳᠠᠳᠤ ᠤᠯᠤᠰ ᠤᠨ ᠡᠪ ᠬᠠᠮᠲᠤ | ᠵᠠᠯᠠᠭᠤᠴᠤᠳ ᠤᠨ ᠡᠪᠯᠡᠯ ᠪᠣᠯ ᠨᠡᠷ᠎ᠡ ᠨᠢᠳᠡᠷ ᠲᠡᠭᠡᠨ ᠲᠣᠬᠢᠷᠠᠭᠰᠠᠨ ᠳᠤᠮᠳᠠᠳᠤ ᠤᠯᠤᠰ ᠤᠨ ᠵᠠᠯᠠᠭᠤᠴᠤᠳ ᠤᠨ | ᠬᠥᠳᠡᠯᠭᠡᠭᠡᠨ ᠤ ᠬᠤᠰᠢᠭᠤᠴᠢ ᠠᠩᠭᠢ ᠮᠥᠨ᠂ ᠨᠠᠮ ᠤᠨ ᠰᠢᠳᠤᠷᠭᠤ ᠬᠠᠪᠰᠤᠷᠤᠭᠴᠢ ᠪᠠ ᠨᠠᠶᠢᠳᠠᠪᠤᠷᠢᠲᠠᠢ ᠪᠡᠯᠡᠳᠬᠡᠯ ᠴᠡᠷᠢᠭ | ᠮᠥᠨ ᠭᠡᠳᠡᠭ ᠢ ᠲᠡᠦᠬᠡ ᠪᠠ ᠦᠢᠯᠡᠳᠦᠯᠭᠡ ᠭᠦᠢᠴᠡᠳ ᠭᠡᠷᠡᠴᠢᠯᠡᠵᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠵᠠᠭᠤᠨ ᠵᠢᠯ ᠤᠨ ᠲᠤᠷᠰᠢ᠂ ᠡᠪ ᠬᠠᠮᠲᠤ ᠵᠠᠯᠠᠭᠤᠴᠤᠳ ᠤᠨ ᠡᠪᠯᠡᠯ ᠬᠦᠰᠡᠯᠡᠩ ᠢᠶᠠᠨ ᠪᠠᠲᠤᠳᠬᠠᠵᠤ᠂ | ᠴᠥᠬᠦᠷᠡᠰᠢ ᠦᠭᠡᠢ ᠲᠡᠮᠡᠴᠡᠵᠦ᠂ ᠡᠷᠬᠢᠮ ᠨᠠᠨᠳᠢᠨ ᠲᠤᠷᠰᠢᠯᠭ᠎ᠠ ᠶᠢ ᠪᠦᠷᠢᠯᠳᠦᠭᠦᠯᠵᠡᠢ᠃ ᠵᠠᠭᠤᠨ ᠵᠢᠯ ᠤᠨ ᠠᠶᠠᠨ ᠵᠠᠮ ᠳᠤ᠂ ᠡᠪ | ᠬᠠᠮᠲᠤ ᠵᠠᠯᠠᠭᠤᠴᠤᠳ ᠤᠨ ᠡᠪᠯᠡᠯ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢᠨ ᠣᠷᠣᠰᠢᠨ ᠲᠣᠭᠲᠠᠨᠢᠬᠤ ᠦᠨᠳᠦᠰᠦ ᠶᠢ | ᠱᠤᠭᠤᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤ ᠰᠠᠬᠢᠬᠤ ᠤᠯᠤᠰ | ᠲᠦᠷᠦ ᠶᠢᠨ ᠰᠦᠭ ᠰᠦᠨᠡᠰᠦ ᠶᠢ ᠱᠤᠭᠤᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠲᠡᠨ ᠤ ᠰᠡᠷᠭᠦᠨ | ᠮᠠᠨᠳᠤᠯᠲᠠ ᠳᠤ ᠣᠷᠤᠯᠴᠠᠬᠤ ᠡᠷᠡᠮᠡᠬᠡᠶᠢᠯᠡᠨ ᠤᠷᠤᠭᠰᠢᠯᠠᠬᠤ ᠬᠦᠴᠦᠨ ᠢ ᠱᠤᠭᠤᠵᠤ᠂ ᠡᠪ ᠬᠠᠮᠲᠤ ᠵᠠᠯᠠᠭᠤᠴᠤᠳ ᠤᠨ | ᠡᠪᠯᠡᠯ ᠤᠨ ᠥᠷᠭᠡᠨ ᠤᠯᠠᠨ ᠵᠠᠯᠠᠭᠤᠴᠤᠳ ᠤᠨ ᠳᠤᠮᠳᠠ ᠦᠨᠳᠦᠰᠦᠯᠡᠬᠦ ᠠᠮᠢᠵᠢᠷᠠᠯ ᠤᠨ ᠬᠦᠴᠦᠨ ᠤ ᠡᠬᠢ ᠪᠤᠯᠠᠭ ᠢ | ᠱᠤᠭᠤᠵᠠᠢ᠃ ᠡᠨᠡ ᠪᠣᠯ ᠡᠪ ᠬᠠᠮᠲᠤ ᠵᠠᠯᠠᠭᠤᠴᠤᠳ ᠤᠨ ᠡᠪᠯᠡᠯ ᠤᠨ ᠢᠷᠡᠭᠡᠳᠦᠢ ᠳᠤ ᠬᠠᠨᠳᠤᠵᠤ᠂ ᠲᠠᠬᠢᠨ ᠰᠢᠨ᠎ᠡ ᠭᠠᠪᠢᠶ᠎ᠠ | ᠪᠠᠶᠢᠭᠤᠯᠬᠤ ᠶᠢᠨ ᠴᠢᠬᠤᠯᠠ ᠵᠢᠷᠤᠮᠯᠠᠯ ᠮᠥᠨ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨ᠎ᠡ ᠠᠶᠠᠨ ᠵᠠᠮ ᠳᠤ᠂ ᠵᠠᠯᠠᠭᠤᠴᠤᠳ ᠢ ᠬᠡᠷᠬᠢᠨ ᠨᠡᠩ ᠰᠠᠶᠢᠲᠤᠷ ᠪᠦᠯᠬᠦᠮᠳᠡᠭᠦᠯᠵᠦ᠂ ᠵᠣᠬᠢᠶᠠᠨ | ᠪᠠᠶᠢᠭᠤᠯᠵᠤ᠂ ᠲᠠᠶᠢᠴᠢᠯᠠᠵᠥ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ | ᠲᠡᠮᠡᠴᠡᠬᠦ ᠪᠣᠯ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠵᠠᠯᠠᠭᠤᠴᠤᠳ ᠤᠨ ᠬᠥᠳᠡᠯᠭᠡᠭᠡᠨ ᠪᠣᠯᠣᠨ ᠵᠠᠯᠠᠭᠤᠴᠤᠳ ᠤᠨ | ᠠᠵᠢᠯ ᠳᠤ ᠡᠷᠬᠡᠪᠰᠢ ᠬᠠᠷᠢᠭᠤᠯᠬᠤ ᠴᠢᠬᠤᠯᠠ ᠶᠡᠭᠡ ᠰᠡᠳᠦᠪ ᠪᠣᠯᠣᠨ᠎ᠠ ᠭᠡᠵᠦ ᠵᠢᠭᠠᠵᠤ ᠭᠠᠷᠭᠠᠪᠠ᠃ ᠰᠢ ᠶᠢᠨ ᠫᠢᠩ ᠡᠪ | ᠬᠠᠮᠲᠤ ᠵᠠᠯᠠᠭᠤᠴᠤᠳ ᠤᠨ ᠡᠪᠯᠡᠯ ᠳᠤ 4 ᠬᠦᠰᠡᠯ ᠳᠤᠷᠠᠳᠴᠠᠢ᠄ ᠨᠢᠭᠡᠳᠦᠭᠡᠷ ᠲᠤ᠂ ᠨᠠᠮ ᠤᠨ ᠲᠥᠯᠥᠭᠡ ᠬᠥᠮᠥᠨ | ᠬᠥᠮᠥᠵᠢᠭᠦᠯᠬᠦ ᠶᠢ ᠪᠠᠷᠢᠮᠲᠠᠯᠠᠵᠤ᠂ ᠢᠮᠠᠭᠲᠠ ᠳᠤᠮᠳᠠᠳᠤ ᠤᠯᠤᠰ ᠤᠨ ᠵᠠᠯᠠᠭᠤᠴᠤᠳ ᠤᠨ ᠦᠵᠡᠯ ᠰᠠᠨᠠᠭᠠᠨ ᠤ ᠲᠠᠪᠰᠢᠯᠳᠠ ᠶᠢ | ᠬᠥᠲᠥᠯᠥᠨ ᠳᠠᠭᠠᠭᠤᠯᠬᠤ ᠤᠯᠤᠰ ᠲᠦᠷᠦ ᠶᠢᠨ ᠰᠤᠷᠭᠠᠭᠤᠯᠢ ᠪᠣᠯᠬᠤ ᠬᠡᠷᠡᠭᠲᠡᠢ᠃ ᠤᠯᠤᠰ ᠲᠦᠷᠦ ᠶᠢᠨ ᠲᠠᠯ᠎ᠠ ᠠᠴᠠ | ᠪᠣᠳᠣᠯᠬᠢᠯᠠᠵᠤ᠂ ᠦᠵᠡᠯ ᠰᠠᠨᠠᠭᠠᠨ ᠤ ᠲᠠᠯ᠎ᠠ ᠠᠴᠠ ᠭᠠᠷᠳᠠᠨ᠂ ᠵᠠᠯᠠᠭᠤᠴᠤᠳ ᠤᠨ ᠣᠨᠴᠠᠯᠢᠭ ᠠᠴᠠ ᠡᠭᠦᠰᠴᠦ᠂ ᠲᠡᠳᠡᠨ ᠢ | ᠬᠠᠪᠰᠤᠷᠤᠨ ᠡᠷᠲᠡ ᠬᠦᠰᠡᠯᠡᠩ ᠬᠥᠭᠡᠭᠡᠴᠡᠯᠳᠦᠯ ᠲᠠᠢ ᠪᠤᠯᠭᠠᠵᠤ᠂ ᠠᠯᠤᠰ ᠬᠤᠯᠠ ᠶᠢᠨ ᠲᠡᠮᠡᠦᠯᠦᠯ ᠲᠠᠢ ᠪᠤᠯᠭᠠᠵᠤ᠂ ᠨᠠᠮ ᠤᠨ | ᠲᠤᠬᠠᠢ ᠢᠲᠡᠭᠡᠯ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠢᠲᠡᠭᠡᠯ᠂ ᠮᠠᠷᠺᠰ ᠤᠨ ᠦᠵᠡᠯ ᠤᠨ | ᠲᠤᠬᠠᠢ ᠢᠲᠡᠭᠡᠯ ᠪᠢᠰᠢᠷᠡᠯ ᠢ ᠨᠢ ᠰᠡᠳᠬᠢᠯ ᠤᠨ ᠭᠦᠨ ᠠᠴᠠ ᠨᠢ ᠵᠤᠵᠠᠭᠠᠳᠬᠠᠬᠤ ᠬᠡᠷᠡᠭᠲᠡᠢ᠃ ᠨᠠᠮ ᠤᠨ ᠦᠢᠯᠡᠰ ᠤᠨ | ᠵᠠᠯᠭᠠᠮᠵᠢᠯᠠᠭᠴᠢ ᠲᠠᠢ ᠪᠠᠶᠢᠬᠤ ᠡᠨᠡ ᠬᠦ ᠦᠨᠳᠦᠰᠦᠨ ᠶᠡᠭᠡ ᠪᠣᠳᠣᠯᠭ᠎ᠠ ᠳᠤ ᠰᠠᠭᠤᠷᠢᠯᠠᠵᠤ᠂ ᠨᠡᠶᠢᠭᠡᠮ ᠵᠢᠷᠤᠮ ᠤᠨ ᠪᠦᠲᠦᠭᠡᠨ | ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠢ ᠬᠥᠮᠥᠵᠢᠭᠦᠯᠬᠦ ᠡᠨᠡ ᠬᠦ ᠦᠨᠳᠦᠰᠦᠨ ᠡᠭᠦᠷᠭᠡ ᠶᠢ ᠪᠠᠲᠤ ᠡᠵᠡᠮᠳᠡᠵᠦ᠂ ᠥᠷᠭᠡᠨ | ᠤᠯᠠᠨ ᠵᠠᠯᠠᠭᠤᠴᠤᠳ ᠢ ᠬᠥᠲᠥᠯᠥᠨ ᠳᠠᠭᠠᠭᠤᠯᠵᠤ ᠪᠠᠶᠢᠭᠠᠳ ᠦᠵᠡᠯ ᠰᠠᠨᠠᠭᠠᠨ ᠤ ᠲᠠᠯ᠎ᠠ ᠪᠠᠷ ᠠᠷᠢᠭᠤᠳᠬᠠᠯ ᠬᠦᠷᠲᠡᠭᠡᠵᠦ᠂ | ᠦᠢᠯᠡᠳᠦᠯᠭᠡ ᠶᠢᠨ ᠳᠠᠪᠲᠠᠯᠲᠠ ᠳᠤᠮᠳᠠ ᠳᠤᠮᠳᠠᠳᠤ ᠤᠯᠤᠰ ᠤᠨ ᠬᠥᠮᠥᠨ ᠪᠣᠯᠬᠤ ᠡᠷᠴᠢ ᠵᠣᠷᠢᠭ᠂ ᠰᠥᠰᠥ ᠵᠣᠷᠢᠭ᠂ ᠢᠲᠡᠭᠡᠯ | ᠵᠣᠷᠢᠭ ᠢ ᠨᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠬᠤᠶᠠᠳᠤᠭᠠᠷ ᠲᠤ᠂ ᠤᠬᠠᠮᠰᠠᠷ ᠠᠴᠠ ᠪᠠᠨ ᠬᠠᠷᠢᠭᠤᠴᠠᠯᠭ᠎ᠠ | ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠬᠡᠵᠦ᠂ ᠢᠮᠠᠭᠲᠠ ᠳᠤᠮᠳᠠᠳᠤ ᠤᠯᠤᠰ ᠤᠨ ᠵᠠᠯᠠᠭᠤᠴᠤᠳ ᠢ ᠵᠣᠬᠢᠶᠠᠨ ᠪᠠᠶᠢᠭᠤᠯᠵᠤ | ᠡᠭᠦᠷᠢᠳᠡ ᠲᠡᠮᠡᠴᠡᠭᠦᠯᠬᠦ ᠬᠤᠰᠢᠭᠤᠴᠢ ᠬᠦᠴᠦᠨ ᠪᠣᠯᠬᠤ ᠬᠡᠷᠡᠭᠲᠡᠢ᠃ ᠥᠷᠭᠡᠨ ᠤᠯᠠᠨ ᠡᠪᠯᠡᠯ ᠤᠨ ᠭᠡᠰᠢᠭᠦᠨ ᠵᠠᠯᠠᠭᠤᠴᠤᠳ ᠢ | ᠪᠦᠯᠬᠦᠮᠳᠡᠭᠦᠯᠦᠨ ᠳᠠᠭᠠᠭᠤᠯᠵᠤ ᠤᠬᠠᠮᠰᠠᠷ ᠠᠴᠠ ᠪᠠᠨ ᠨᠠᠮ ᠪᠣᠯᠣᠨ ᠠᠷᠠᠳ ᠲᠦᠮᠡᠨ ᠤ ᠤᠷᠢᠶᠠᠯᠠᠭ᠎ᠠ ᠶᠢ ᠲᠠᠭᠠᠵᠦ᠂ ᠬᠡᠬᠦᠳᠡᠭ | ᠴᠡᠭᠡᠵᠢᠨ ᠳᠡᠭᠡᠨ ︽ᠤᠯᠤᠰ ᠤᠨ ᠶᠡᠭᠡ ᠶᠠᠪᠤᠳᠠᠯ︾ ᠢ ᠪᠠᠭᠲᠠᠭᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠰᠢᠨ᠎ᠡ ᠴᠠᠭ | ᠦᠶ᠎ᠡ ᠰᠢᠨ᠎ᠡ ᠣᠷᠴᠢᠨ ᠨᠥᠬᠦᠴᠡᠯ ᠳᠤ ᠬᠦᠷᠴᠦ ᠬᠦᠰᠡᠯ ᠵᠣᠷᠢᠭ ᠢᠶᠠᠨ ᠢᠯᠡᠷᠡᠭᠦᠯᠵᠦ᠂ ᠭᠠᠪᠢᠶ᠎ᠠ ᠪᠠᠶᠢᠭᠤᠯᠤᠨ ᠦᠢᠯᠡᠰ | ᠪᠣᠰᠬᠠᠵᠤ᠂ ᠠᠭᠤᠤ ᠶᠡᠭᠡ ᠬᠦᠰᠡᠯᠡᠩ ᠢᠶᠠᠨ ᠪᠡᠶᠡᠯᠡᠭᠦᠯᠬᠦ ᠬᠥᠭᠡᠭᠡᠴᠡᠯᠳᠦᠭᠴᠢ ᠪᠣᠯᠬᠤ ᠪᠠᠷ ᠴᠢᠷᠮᠠᠶᠢᠵᠤ᠂ ᠠᠭᠤᠤ ᠶᠡᠭᠡ | ᠦᠢᠯᠡᠰ ᠤᠨ ᠰᠢᠨ᠎ᠡ ᠬᠦᠴᠦᠨ ᠪᠣᠯᠬᠤ ᠪᠠᠷ ᠴᠢᠷᠮᠠᠶᠢᠬᠤ ᠬᠡᠷᠡᠭᠲᠡᠢ᠃ ᠭᠤᠷᠪᠠᠳᠤᠭᠠᠷ ᠲᠤ᠂ ᠥᠷᠭᠡᠨ ᠤᠯᠠᠨ ᠵᠠᠯᠠᠭᠤᠴᠤᠳ ᠲᠠᠢ | ᠰᠡᠳᠬᠢᠯ ᠵᠢᠷᠦᠬᠡ ᠪᠠᠨ ᠬᠤᠯᠪᠣᠵᠤ᠂ ᠢᠮᠠᠭᠲᠠ ᠨᠠᠮ ᠤᠨ ᠵᠠᠯᠠᠭᠤᠴᠤᠳ ᠲᠠᠢ ᠬᠠᠷᠢᠯᠴᠠᠬᠤ ᠬᠠᠮᠤᠭ ᠤᠨ ᠪᠠᠲᠤ ᠪᠠᠬᠢ ᠬᠥᠭᠦᠷᠭᠡ | ᠬᠤᠯᠪᠣᠭᠠᠰᠤ ᠪᠣᠯᠬᠤ ᠬᠡᠷᠡᠭᠲᠡᠢ᠃ ᠵᠠᠯᠠᠭᠤᠴᠤᠳ ᠲᠤ ᠦᠢᠯᠡᠴᠢᠯᠡᠬᠦ ᠠᠵᠢᠯ ᠤᠨ ᠠᠮᠢᠨ ᠰᠤᠳᠠᠰᠤ ᠲᠠᠢ ᠨᠢᠭᠲᠠ | ᠤᠶᠠᠯᠳᠤᠭᠤᠯᠤᠨ᠂ ᠨᠠᠮ ᠤᠨ ᠲᠦᠷᠦ ᠪᠠᠷᠢᠬᠤ ᠵᠠᠯᠠᠭᠤᠴᠤᠳ ᠤᠨ ᠰᠠᠭᠤᠷᠢ ᠶᠢ ᠪᠠᠬᠢᠵᠢᠭᠦᠯᠦᠨ ᠥᠷᠭᠡᠳᠬᠡᠬᠦ ᠡᠨᠡ ᠬᠦ ᠤᠯᠤᠰ | ᠲᠦᠷᠦ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠵᠠᠯᠠᠭᠤᠴᠤᠳ ᠲᠤ | ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠨ ᠥᠭᠴᠦ᠂ ᠰᠠᠨᠠᠭᠠᠴᠢᠯᠠᠭ᠎ᠠ ᠠᠴᠠ ᠪᠠᠨ | ᠵᠠᠯᠠᠭᠤᠴᠤᠳ ᠤᠨ ᠪᠤᠳᠤᠵᠦ ᠪᠠᠶᠢᠭ᠎ᠠ ᠵᠦᠢᠯ ᠢ ᠪᠤᠳᠤᠵᠦ᠂ ᠵᠠᠯᠠᠭᠤᠴᠤᠳ ᠤᠨ ᠪᠠᠴᠢᠮᠳᠠᠵᠤ ᠪᠠᠶᠢᠭ᠎ᠠ ᠵᠦᠢᠯ ᠳᠤ ᠪᠠᠴᠢᠮᠳᠠᠵᠤ᠂ | ᠵᠠᠯᠠᠭᠤᠴᠤᠳ ᠲᠤ ᠦᠨᠡᠨ ᠪᠣᠳᠠᠲᠠᠢ ᠬᠠᠪᠰᠤᠷᠤᠯᠭ᠎ᠠ ᠬᠠᠩᠭᠠᠬᠤ ᠬᠡᠷᠡᠭᠲᠡᠢ᠃ ᠳᠥᠷᠪᠡᠳᠦᠭᠡᠷ ᠲᠤ᠂ ᠵᠣᠷᠢᠭᠲᠠᠢ ᠪᠠᠷ ᠥᠪᠡᠷ ᠤᠨ | ᠪᠡᠶ᠎ᠡ ᠳᠡᠭᠡᠨ ᠬᠤᠪᠢᠰᠬᠠᠯ ᠬᠢᠵᠦ᠂ ᠢᠮᠠᠭᠲᠠ ᠨᠠᠮ ᠢ ᠳᠠᠭᠠᠵᠤ ᠴᠠᠭ ᠦᠶ᠎ᠡ ᠶᠢᠨ ᠡᠮᠦᠨ᠎ᠡ ᠡᠩᠨᠡᠭᠡᠨ ᠳᠤ ᠶᠠᠪᠤᠬᠤ ᠲᠡᠷᠢᠭᠦᠨ ᠤ | ᠵᠣᠬᠢᠶᠠᠨ ᠪᠠᠶᠢᠭᠤᠯᠤᠯᠲᠠ ᠪᠣᠯᠬᠤ ᠬᠡᠷᠡᠭᠲᠡᠢ᠃ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠠᠵᠢᠯ ᠤᠨ ᠪᠥᠬᠦ ᠶᠠᠪᠤᠴᠠ | ᠡᠯ᠎ᠡ ᠬᠦᠷᠢᠶᠡᠨ ᠳᠤ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠯᠠᠨ ᠲᠦᠮᠡᠨ ᠤ | ᠪᠦᠯᠬᠦᠮ ᠤᠨ ᠬᠥᠭᠵᠢᠯᠲᠡ ᠶᠢᠨ ᠵᠠᠮ ᠢᠶᠠᠷ ᠰᠠᠶᠢᠲᠤᠷ ᠵᠠᠮᠨᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ | ᠥᠭᠡᠷᠡᠴᠢᠯᠡᠯᠲᠡ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠵᠠᠯᠠᠭᠤᠴᠤᠳ ᠤᠨ ᠪᠠᠶᠢᠳᠠᠯ ᠢ ᠰᠡᠷᠭᠡᠭ ᠢᠶᠠᠷ | ᠡᠵᠡᠮᠰᠢᠵᠦ᠂ ᠵᠠᠯᠠᠭᠤᠴᠤᠳ ᠤᠨ ᠠᠵᠢᠯ ᠠᠮᠢᠳᠤᠷᠠᠯ ᠤᠨ ᠠᠷᠭ᠎ᠠ ᠬᠡᠯᠪᠡᠷᠢ ᠶᠢᠨ ᠰᠢᠨ᠎ᠡ ᠬᠤᠪᠢᠷᠠᠯᠲᠠ ᠰᠢᠨ᠎ᠡ ᠣᠨᠴᠠᠯᠢᠭ ᠢ | ᠦᠨᠳᠦᠰᠦᠯᠡᠨ᠂ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠰᠢᠨ᠎ᠡ ᠰᠡᠳᠬᠢᠴᠡ | ᠰᠢᠨ᠎ᠡ ᠵᠠᠭᠪᠤᠷ ᠢ ᠰᠦᠪᠡᠭᠴᠢᠯᠡᠵᠦ᠂ ᠵᠠᠯᠠᠭᠤᠴᠤᠳ ᠤᠨ ᠬᠤᠯᠪᠣᠭ᠎ᠠ᠂ ᠰᠤᠷᠤᠭᠴᠢᠳ ᠤᠨ ᠬᠤᠯᠪᠣᠭ᠎ᠠ ᠶᠢᠨ ᠵᠣᠬᠢᠶᠠᠨ | ᠪᠠᠶᠢᠭᠤᠯᠤᠯᠲᠠ ᠶᠢ ᠳᠠᠶᠢᠴᠢᠯᠠᠨ ᠤᠯᠤᠰ ᠢᠶᠠᠨ ᠬᠠᠶᠢᠷᠠᠯᠠᠬᠤ ᠦᠵᠡᠯ᠂ ᠨᠡᠶᠢᠭᠡᠮ ᠵᠢᠷᠤᠮ ᠤᠨ ᠲᠤᠭ ᠢ ᠥᠨᠳᠥᠷ ᠮᠠᠨᠳᠤᠭᠤᠯᠵᠤ᠂ | ᠵᠠᠯᠠᠭᠤᠴᠤᠳ ᠤᠨ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠳᠠᠰᠤᠷᠠᠯᠳᠠ ᠦᠭᠡᠢ ᠪᠠᠬᠢᠵᠢᠭᠦᠯᠦᠨ ᠥᠷᠭᠡᠳᠬᠡᠬᠦ | ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠷᠰᠢᠯᠭ᠎ᠠ ᠠᠷᠭ᠎ᠠ ᠬᠢᠳᠡᠯ ᠲᠠᠢ ᠤᠬᠠᠮᠰᠠᠷ ᠠᠴᠠ ᠪᠠᠨ | ᠪᠠᠷᠢᠮᠵᠢᠶᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠣᠯᠣᠨ ᠴᠢᠩᠭ᠎ᠠ ᠪᠣᠳᠠᠲᠠᠢ ᠪᠠᠶᠢᠬᠤ | ᠰᠤᠷᠲᠠᠯ ᠢᠶᠠᠷ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠪᠦᠯᠬᠦᠮ ᠢᠶᠠᠨ ᠴᠢᠩᠭ᠎ᠠ ᠬᠠᠮᠢᠶᠠᠷᠤᠨ ᠵᠠᠰᠠᠵᠤ᠂ ᠪᠦᠬᠦ | ᠲᠠᠯ᠎ᠠ ᠶᠢᠨ᠂ ᠥᠨᠳᠥᠷ ᠪᠠᠷᠢᠮᠵᠢᠶ᠎ᠠ ᠪᠠᠷ ᠳᠠᠪᠲᠠᠨ ᠪᠣᠯᠪᠠᠰᠤᠷᠠᠭᠤᠯᠬᠤ ᠳᠤᠮᠳᠠ ᠡᠪ ᠬᠠᠮᠲᠤ ᠵᠠᠯᠠᠭᠤᠴᠤᠳ ᠤᠨ ᠡᠪᠯᠡᠯ ᠤᠨ | ᠴᠤᠭ ᠪᠠᠳᠠᠷᠠᠩᠭᠤᠢ ᠥᠭᠡᠳᠡᠯᠡᠨ ᠳᠠᠪᠰᠢᠬᠤ ᠴᠠᠭ ᠦᠶ᠎ᠡ ᠶᠢᠨ ᠳᠦᠷᠰᠦ ᠪᠠᠶᠢᠳᠠᠯ ᠢ ᠢᠯᠡᠷᠡᠭᠦᠯᠬᠦ ᠬᠡᠷᠡᠭᠲᠡᠢ ᠭᠡᠪᠡ᠃ | ᠰᠢ ᠶᠢᠨ ᠫᠢᠩ᠂ ᠲᠠᠪᠰᠢᠯᠳᠠ ᠶᠢ ᠬᠥᠭᠡᠭᠡᠴᠡᠯᠳᠦᠬᠦ ᠪᠣᠯ ᠵᠠᠯᠠᠭᠤᠴᠤᠳ ᠤᠨ ᠬᠠᠮᠤᠭ ᠤᠨ ᠡᠷᠬᠢᠮ ᠨᠠᠨᠳᠢᠨ ᠣᠨᠴᠠᠯᠢᠭ | ᠮᠥᠨ᠂ ᠪᠠᠰᠠ ᠴᠤ ᠨᠠᠮ ᠪᠠ ᠠᠷᠠᠳ ᠲᠦᠮᠡᠨ ᠤ ᠬᠠᠮᠤᠭ ᠤᠨ ᠨᠠᠨᠳᠢᠨ ᠬᠦᠰᠡᠯ ᠡᠷᠡᠮᠡᠯᠵᠡᠯ ᠮᠥᠨ᠃ ᠰᠢᠨ᠎ᠡ ᠴᠠᠭ ᠦᠶ᠎ᠡ ᠶᠢᠨ | ᠥᠷᠭᠡᠨ ᠣᠯᠠᠨ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ ᠠᠯᠤᠰ ᠬᠡᠲᠦ ᠶᠢᠨ ᠬᠦᠰᠡᠯᠡᠩ ᠲᠠᠢ᠂ ᠢᠲᠡᠭᠡᠯ | ᠪᠢᠰᠢᠷᠡᠯ ᠪᠠᠲᠤ ᠴᠢᠩᠭ᠎ᠠ ᠵᠢᠱᠢᠶᠡᠴᠢ ᠪᠣᠯᠵᠤ᠂ ᠮᠠᠷᠺᠰ ᠤᠨ ᠦᠵᠡᠯ ᠤᠨ ᠣᠨᠣᠯ ᠢ ᠲᠦᠷᠦᠭᠦᠯᠡᠨ ᠰᠤᠷᠤᠯᠴᠠᠵᠤ᠂ ᠡᠪ ᠬᠠᠮᠲᠤ | ᠶᠣᠰᠣᠨ ᠤ ᠠᠯᠤᠰ ᠬᠡᠲᠦ ᠶᠢᠨ ᠬᠦᠰᠡᠯᠡᠩ ᠪᠣᠯᠣᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠬᠠᠮᠲᠤ ᠶᠢᠨ ᠬᠦᠰᠡᠯᠡᠩ ᠢ ᠪᠣᠶ ᠪᠣᠯᠭᠠᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ | ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠬᠤ ᠬᠡᠷᠡᠭᠲᠡᠢ︔ ᠰᠢᠷᠭᠠᠭᠤ ᠬᠠᠲᠠᠭᠤᠵᠢᠯᠲᠠᠢ ᠰᠤᠷᠤᠯᠴᠠᠵᠦ᠂ ᠵᠣᠷᠢᠭᠲᠠᠢ ᠪᠠᠷ ᠰᠢᠨ᠎ᠡ ᠶᠢ ᠡᠭᠦᠳᠬᠦ ᠵᠢᠱᠢᠶᠡᠴᠢ | ᠪᠣᠯᠵᠤ᠂ ᠲᠦᠷᠦᠭᠦᠯᠡᠨ ᠠᠵᠢᠯ ᠤᠨ ᠪᠠᠶᠢᠷᠢ ᠳᠠᠭᠠᠨ ᠰᠠᠭᠤᠷᠢᠯᠠᠵᠤ᠂ ᠡᠷᠳᠡᠮ ᠴᠢᠳᠠᠪᠤᠷᠢ ᠪᠠᠨ ᠬᠠᠲᠠᠭᠤᠵᠢᠯᠲᠠᠢ ᠪᠣᠯᠪᠠᠰᠤᠷᠠᠵᠤ᠂ | ᠲᠡᠷᠢᠭᠦᠨ ᠤ ᠬᠢ ᠶᠢ ᠡᠭᠦᠳᠴᠦ ᠰᠢᠯᠢᠳᠡᠭ ᠪᠣᠯᠬᠤ ᠪᠠᠷ ᠴᠢᠷᠮᠠᠶᠢᠵᠤ᠂ ᠠᠵᠢᠯ ᠲᠦᠷᠦᠯ ᠤᠨ ᠭᠤᠣᠯᠯᠠᠭᠴᠢ᠂ ᠵᠠᠯᠠᠭᠤᠴᠤᠳ ᠤᠨ | ᠬᠤᠰᠢᠭᠤᠴᠢ ᠪᠣᠯᠬᠤ ᠪᠠᠷ ᠴᠢᠷᠮᠠᠶᠢᠬᠤ ᠬᠡᠷᠡᠭᠲᠡᠢ︔ ᠵᠣᠷᠢᠭᠲᠠᠢ ᠲᠡᠮᠡᠴᠡᠬᠦ᠂ ᠴᠢᠳᠠᠮᠠᠭᠠᠢ ᠲᠡᠮᠡᠴᠡᠬᠦ ᠵᠢᠱᠢᠶᠡᠴᠢ ᠪᠣᠯᠵᠤ᠂ | ᠲᠦᠷᠦᠭᠦᠯᠡᠨ ᠬᠦᠴᠢᠷ ᠢ ᠰᠥᠷᠦᠨ ᠤᠷᠤᠭᠰᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠭᠠᠵᠢᠭᠤ ᠶᠢ ᠢᠲᠡᠭᠡᠬᠦ | ᠦᠭᠡᠢ᠂ ᠴᠢᠳᠬᠦᠷ ᠰᠢᠮᠨᠤᠰ ᠠᠴᠠ ᠠᠶᠤᠬᠤ ᠦᠭᠡᠢ᠂ ᠶᠠᠰᠤ ᠬᠠᠲᠠᠭᠤ ᠪᠠᠶᠢᠬᠤ ᠬᠡᠷᠡᠭᠲᠡᠢ︔ ᠲᠡᠰᠪᠦᠷᠢ ᠬᠠᠲᠠᠭᠤᠵᠢᠯᠲᠠᠢ ᠪᠠᠷ | ᠲᠡᠮᠡᠴᠡᠬᠦ᠂ ᠭᠤᠶᠠᠴᠢ ᠦᠭᠡᠢ ᠵᠢᠳᠬᠦᠬᠦ ᠵᠢᠱᠢᠶᠡᠴᠢ ᠪᠣᠯᠵᠤ᠂ ᠲᠦᠷᠦᠭᠦᠯᠡᠨ ᠠᠷᠠᠳ ᠲᠦᠮᠡᠨ ᠤ ᠵᠣᠭᠰᠣᠯᠲᠠ ᠳᠤ ᠪᠠᠲᠤ | ᠵᠣᠭᠰᠣᠵᠤ᠂ ᠯᠠᠪᠳᠠᠭᠤᠨ ᠪᠠᠲᠤᠲᠠᠢ ᠠᠵᠢᠯᠯᠠᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠵᠣᠪᠠᠭᠤᠷᠢ ᠵᠦᠳᠡᠭᠦᠷᠢ ᠶᠢ | ᠤᠷᠢᠳ ᠢᠶᠠᠷ ᠠᠮᠰᠠᠵᠤ᠂ ᠵᠣᠯ ᠵᠢᠷᠭᠠᠯ ᠢ ᠬᠤᠶᠢᠨ᠎ᠠ ᠨᠢ ᠡᠳ᠋ᠯᠡᠵᠦ᠂ ᠬᠡᠵᠢᠶᠡᠳᠡ ᠵᠢᠪᠡᠷᠡᠬᠦ ᠦᠭᠡᠢ ᠡᠷᠭᠢ ᠱᠤᠷᠠᠭ ᠪᠣᠯᠬᠤ | ᠬᠡᠷᠡᠭᠲᠡᠢ︔ ᠶᠣᠰᠣ ᠮᠣᠷᠠᠯ ᠢ ᠡᠷᠬᠢᠮᠯᠡᠨ ᠰᠠᠶᠢᠨ ᠶᠠᠪᠤᠳᠠᠯ ᠢ ᠡᠷᠬᠢᠮᠯᠡᠬᠦ᠂ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠵᠢᠱᠢᠶᠡᠴᠢ | ᠪᠣᠯᠵᠤ᠂ ᠲᠦᠷᠦᠭᠦᠯᠡᠨ ᠶᠡᠭᠡ ᠶᠣᠰᠣ ᠶᠢ ᠮᠡᠳᠡᠵᠤ᠂ ᠨᠡᠶᠢᠲᠡ ᠶᠢᠨ ᠶᠣᠰᠣ ᠮᠣᠷᠠᠯ ᠢ ᠰᠠᠬᠢᠵᠤ᠂ ᠬᠤᠪᠢ ᠶᠢᠨ ᠶᠣᠰᠣ ᠮᠣᠷᠠᠯ ᠢ | ᠴᠢᠩᠳᠠᠯᠠᠵᠤ᠂ ᠰᠠᠬᠢᠯᠭ᠎ᠠ ᠪᠠᠲᠤ ᠬᠠᠤᠯᠢ ᠴᠠᠭᠠᠵᠠ ᠶᠢ ᠴᠢᠩᠭ᠎ᠠ ᠵᠢᠷᠤᠮᠯᠠᠵᠤ᠂ ᠡᠪᠯᠡᠯ ᠤᠨ ᠭᠡᠰᠢᠭᠦᠨ ᠤ ᠡᠭᠦᠷᠭᠡ ᠪᠠᠨ ᠴᠢᠩᠭ᠎ᠠ | ᠭᠦᠢᠴᠡᠳᠬᠡᠬᠦ ᠬᠡᠷᠡᠭᠲᠡᠢ᠃ ᠥᠷᠭᠡᠨ ᠤᠯᠠᠨ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ ᠤᠯᠤᠰ ᠲᠦᠷᠦ ᠶᠢᠨ | ᠪᠣᠯᠪᠠᠰᠤᠷᠠᠯ ᠢ ᠨᠠᠷᠢᠨ ᠬᠢᠨᠠᠮᠠᠭᠠᠢ ᠬᠦᠯᠢᠶᠡᠵᠦ᠂ ᠤᠯᠤᠰ ᠲᠦᠷᠦ ᠶᠢᠨ ᠳᠠᠪᠲᠠᠯᠲᠠ ᠶᠢ ᠴᠢᠩᠭᠠᠳᠬᠠᠵᠤ᠂ ᠤᠯᠤᠰ ᠲᠦᠷᠦ ᠶᠢᠨ | ᠲᠠᠪᠰᠢᠯᠳᠠ ᠶᠢ ᠬᠥᠭᠡᠭᠡᠴᠡᠯᠳᠦᠵᠦ᠂ ᠨᠠᠮ ᠤᠨ ᠵᠣᠬᠢᠶᠠᠨ ᠪᠠᠶᠢᠭᠤᠯᠤᠯᠲᠠ ᠲᠠᠢ ᠢᠳᠡᠪᠬᠢᠲᠡᠢ ᠣᠶᠢᠷᠠᠲᠤᠵᠤ᠂ ᠬᠢᠷᠢ ᠲᠡᠩᠴᠡᠭᠰᠡᠨ | ᠡᠪ ᠬᠠᠮᠲᠤ ᠨᠠᠮ ᠤᠨ ᠭᠡᠰᠢᠭᠦᠨ ᠪᠣᠯᠬᠤ ᠪᠠᠷ ᠬᠠᠷᠠᠯᠲᠠ᠂ ᠢᠷᠠᠭᠤ ᠠᠯᠳᠠᠷ ᠢᠶᠠᠨ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | ᠰᠢ ᠶᠢᠨ ᠫᠢᠩ᠂ ᠡᠪᠯᠡᠯ ᠤᠨ ᠺᠠᠳ᠋ᠷᠴᠤᠳ ᠨᠠᠮ ᠳᠠᠭᠠᠨ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠵᠠᠩ | ᠴᠢᠨᠠᠷ ᠢ ᠪᠠᠲᠤ ᠪᠠᠬᠢ ᠪᠤᠢ ᠪᠣᠯᠭᠠᠵᠤ᠂ ᠬᠦᠰᠡᠯᠡᠩᠴᠢ ᠦᠵᠡᠯ ᠤᠨ ᠤᠶᠤᠨ ᠰᠠᠨᠠᠭᠠᠨ ᠤ ᠴᠤᠭ ᠰᠦᠯᠳᠡ ᠶᠢ ᠥᠨᠳᠥᠷ | ᠮᠠᠨᠳᠤᠭᠤᠯᠬᠤ ᠬᠡᠷᠡᠭᠲᠡᠢ᠃ ᠤᠯᠠᠨ ᠲᠦᠮᠡᠨᠴᠢ ᠱᠤᠭᠤᠮ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠤᠯᠠᠨ ᠲᠦᠮᠡᠨᠴᠢ | ᠦᠵᠡᠯᠲᠡ ᠶᠢ ᠪᠠᠲᠤ ᠪᠤᠢ ᠪᠣᠯᠭᠠᠵᠤ᠂ ᠥᠷᠭᠡᠨ ᠤᠯᠠᠨ ᠵᠠᠯᠠᠭᠤᠴᠤᠳ ᠲᠠᠢ ᠨᠢᠭᠲᠠᠷᠠᠨ ᠪᠦᠯᠬᠦᠮᠳᠡᠵᠦ᠂ ᠵᠠᠯᠠᠭᠤᠴᠤᠳ ᠤᠨ | ᠨᠠᠶᠢᠵᠠ ᠪᠣᠯᠵᠤ᠂ ᠵᠠᠯᠠᠭᠤᠴᠤᠳ ᠤᠨ ︽ᠨᠣᠶᠠᠨ︾ ᠪᠣᠯᠬᠤ ᠦᠭᠡᠢ ᠪᠠᠶᠢᠵᠤ᠂ ᠵᠠᠯᠠᠭᠤᠴᠤᠳ ᠤᠨ ᠲᠥᠯᠥᠭᠡ ᠢᠯᠡᠭᠦᠬᠡᠨ | ᠪᠣᠳᠣᠯᠬᠢᠯᠠᠵᠤ᠂ ᠥᠪᠡᠷ ᠤᠨ ᠢᠶᠠᠨ ᠲᠥᠯᠥᠭᠡ ᠳᠤᠲᠠᠭᠤ ᠪᠣᠳᠣᠯᠬᠢᠯᠠᠬᠤ ᠬᠡᠷᠡᠭᠲᠡᠢ᠃ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠨ ᠪᠣᠳᠠᠲᠠᠢ ᠠᠵᠢᠯᠯᠠᠬᠤ ᠠᠵᠢᠯ ᠤᠨ ᠰᠤᠷᠲᠠᠯ ᠢ ᠪᠤᠢ ᠪᠣᠯᠭᠠᠵᠤ᠂ ᠬᠤᠭᠤᠰᠤᠨ ᠦᠭᠡ ᠶᠠᠷᠢᠬᠤ ᠦᠭᠡᠢ᠂ ᠢᠯᠡᠭᠦᠬᠡᠨ | ᠪᠣᠳᠠᠲᠠᠢ ᠶᠢ ᠡᠷᠬᠢᠮᠯᠡᠵᠦ᠂ ᠵᠣᠷᠢᠭᠲᠠᠢ ᠪᠠᠷ ᠪᠡᠷᠬᠡ ᠬᠠᠲᠠᠭᠤᠵᠢᠯᠲᠠᠢ ᠣᠷᠴᠢᠨ ᠲᠣᠭᠤᠷᠢᠨ ᠪᠠ ᠦᠨᠳᠦᠰᠦᠨ ᠱᠠᠲᠤᠨ ᠤ | ᠡᠮᠦᠨ᠎ᠡ ᠹᠷᠣᠨᠲ ᠲᠤ ᠬᠦᠷᠴᠦ ᠵᠣᠪᠠᠭᠤᠷᠢ ᠵᠦᠳᠡᠭᠦᠷᠢ ᠶᠢ ᠡᠭᠦᠷᠭᠡᠯᠡᠵᠦ᠂ ᠬᠦᠴᠢᠷ ᠪᠡᠷᠬᠡᠰᠢᠶᠡᠯ ᠢ ᠡᠭᠦᠷᠭᠡᠯᠡᠵᠦ᠂ ᠬᠦᠨᠳᠦ | ᠡᠭᠦᠷᠭᠡ ᠶᠢ ᠡᠭᠦᠷᠭᠡᠯᠡᠵᠦ᠂ ᠠᠶᠤᠯ ᠲᠦᠭᠰᠢᠭᠦᠷᠢ ᠶᠢ ᠡᠭᠦᠷᠭᠡᠯᠡᠵᠦ᠂ ᠨᠣᠮᠣᠬᠠᠨ ᠰᠢᠳᠤᠷᠭᠤ ᠪᠠᠷ ᠬᠥᠮᠥᠨ ᠪᠣᠯᠵᠤ᠂ ᠯᠠᠪᠳᠠᠭᠤᠨ | ᠪᠠᠲᠤᠲᠠᠢ ᠪᠠᠷ ᠠᠵᠢᠯ ᠬᠢᠬᠦ ᠬᠡᠷᠡᠭᠲᠡᠢ᠃ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠶᠣᠰᠣ ᠰᠤᠷᠲᠠᠬᠤᠨ ᠤ ᠬᠡᠪ | ᠪᠣᠯᠪᠠᠰᠤᠷᠠᠯ ᠢ ᠬᠥᠮᠥᠵᠢᠭᠦᠯᠵᠦ᠂ ᠰᠡᠳᠬᠢᠯ ᠳᠡᠭᠡᠨ ᠵᠢᠷᠦᠬᠡᠰᠢᠶᠡᠯ ᠲᠠᠢ᠂ ᠦᠭᠡ ᠶᠠᠷᠢᠶᠠᠨ ᠳᠠᠭᠠᠨ ᠴᠡᠭᠡᠷᠯᠡᠯ ᠲᠠᠢ᠂ ᠦᠢᠯᠡ | ᠠᠵᠢᠯᠯᠠᠭ᠎ᠠ ᠳᠠᠭᠠᠨ ᠬᠤᠷᠢᠭ᠎ᠠ ᠴᠡᠭᠡᠷ ᠲᠠᠢ ᠪᠠᠶᠢᠵᠤ᠂ ᠰᠥᠰᠥ ᠵᠣᠷᠢᠭ᠂ ᠲᠡᠰᠪᠦᠷᠢ ᠲᠡᠪᠴᠢᠶᠡᠷᠢ᠂ ᠪᠡᠶ᠎ᠡ ᠪᠠᠨ ᠪᠠᠷᠢᠬᠤ | ᠴᠢᠳᠠᠪᠤᠷᠢ ᠪᠠᠨ ᠲᠠᠰᠤᠷᠠᠯᠲᠠ ᠦᠭᠡᠢ ᠳᠠᠪᠲᠠᠨ ᠪᠣᠯᠪᠠᠰᠤᠷᠠᠭᠤᠯᠵᠤ᠂ ᠨᠢᠭᠡ ᠰᠡᠳᠬᠢᠯ ᠢᠶᠠᠷ ᠲᠥᠪ ᠭᠤᠣᠯᠴᠢ᠂ ᠲᠥᠪ ᠴᠢᠬᠡᠴᠢ᠂ | ᠠᠷᠢᠭᠤᠨ ᠴᠢᠬᠡᠴᠢ ᠬᠥᠮᠥᠨ ᠪᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠶᠠᠨ ᠳᠤ᠂ | ᠳᠤᠮᠳᠠᠳᠤ ᠤᠯᠤᠰ ᠤᠨ ᠡᠪ ᠬᠠᠮᠲᠤ ᠨᠠᠮ ᠪᠣᠯ ᠬᠤᠰᠢᠭᠤᠴᠢ ᠠᠩᠭᠢ᠂ ᠡᠪ ᠬᠠᠮᠲᠤ ᠵᠠᠯᠠᠭᠤᠴᠤᠳ ᠤᠨ ᠡᠪᠯᠡᠯ ᠪᠣᠯ ᠭᠠᠪᠰᠢᠭᠠᠢ | ᠠᠩᠭᠢ᠂ ᠪᠠᠭᠠᠴᠤᠳ ᠤᠨ ᠬᠤᠰᠢᠭᠤᠴᠢ ᠠᠩᠭᠢ ᠪᠣᠯ ᠪᠡᠯᠡᠳᠬᠡᠯ ᠠᠩᠭᠢ ᠪᠣᠯᠣᠨ᠎ᠠ᠃ ᠪᠠᠭᠠᠴᠤᠳ ᠤᠨ ᠬᠤᠰᠢᠭᠤᠴᠢ ᠠᠩᠭᠢ ᠳᠤ | ᠣᠷᠣᠬᠤ᠂ ᠡᠪᠯᠡᠯ ᠳᠤ ᠣᠷᠣᠬᠤ᠂ ᠨᠠᠮ ᠳᠤ ᠣᠷᠣᠬᠤ ᠪᠣᠯ ᠵᠠᠯᠠᠭᠤᠴᠤᠳ ᠤᠨ ᠤᠯᠤᠰ ᠲᠦᠷᠦ ᠶᠢᠨ ᠲᠠᠪᠰᠢᠯᠳᠠ ᠶᠢ | ᠬᠥᠭᠡᠭᠡᠴᠡᠯᠳᠦᠬᠦ ︽ᠬᠥᠮᠥᠨ ᠤ ᠠᠮᠢᠳᠤᠷᠠᠯ ᠤᠨ ᠭᠤᠷᠪᠠᠨ ᠠᠯᠬᠤᠮ︾ ᠮᠥᠨ᠃ ᠡᠪ ᠬᠠᠮᠲᠤ ᠵᠠᠯᠠᠭᠤᠴᠤᠳ ᠤᠨ ᠡᠪᠯᠡᠯ ᠨᠢ | ᠪᠥᠬᠦ ᠡᠪᠯᠡᠯ ᠢᠶᠠᠷ ᠢᠶᠠᠨ ᠡᠩᠨᠡᠭᠡ ᠳᠠᠭᠠᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ | ᠪᠠᠭᠠᠴᠤᠳ ᠤᠨ ᠬᠤᠰᠢᠭᠤᠴᠢ ᠠᠩᠭᠢ ᠠᠴᠠ ᠡᠪᠯᠡᠯ ᠳᠤ ᠰᠢᠯᠢᠳᠡᠭ ᠭᠡᠰᠢᠭᠦᠳ ᠢ ᠨᠢ ᠰᠢᠭᠤᠳ ᠲᠠᠨᠢᠯᠴᠠᠭᠤᠯᠬᠤ᠂ ᠡᠪ ᠬᠠᠮᠲᠤ | ᠵᠠᠯᠠᠭᠤᠴᠤᠳ ᠤᠨ ᠡᠪᠯᠡᠯ ᠠᠴᠠ ᠨᠠᠮ ᠳᠤ ᠰᠢᠯᠢᠳᠡᠭ ᠡᠪᠯᠡᠯ ᠤᠨ ᠭᠡᠰᠢᠭᠦᠳ ᠢ ᠰᠢᠭᠤᠳ ᠲᠠᠨᠢᠯᠴᠠᠭᠤᠯᠬᠤ ᠠᠵᠢᠯ ᠤᠨ | ᠲᠣᠭᠲᠠᠴᠠ ᠶᠢ ᠵᠢᠷᠤᠮᠵᠢᠭᠤᠯᠤᠨ ᠴᠢᠩᠭᠠᠳᠬᠠᠵᠤ᠂ ᠨᠠᠮ᠂ ᠡᠪᠯᠡᠯ᠂ ᠪᠠᠭᠠᠴᠤᠳ ᠤᠨ ᠬᠤᠰᠢᠭᠤᠴᠢ ᠠᠩᠭᠢ ᠶᠢᠨ ᠬᠥᠮᠥᠨ | ᠬᠥᠮᠥᠵᠢᠭᠦᠯᠬᠦ ᠬᠡᠯᠬᠢᠶ᠎ᠡ ᠶᠢ ᠬᠠᠷᠢᠯᠴᠠᠨ ᠵᠣᠯᠭᠠᠭᠤᠯᠵᠤ ᠬᠠᠷᠢᠯᠴᠠᠨ ᠨᠡᠪᠲᠡᠷᠡᠯᠴᠡᠭᠦᠯᠬᠦ ᠶᠢ ᠬᠦᠴᠦᠯᠡᠨ ᠠᠬᠢᠭᠤᠯᠬᠤ ᠬᠡᠷᠡᠭᠲᠡᠢ᠃ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠠᠯᠠᠭᠤ ᠨᠠᠮ ᠤᠨ ᠭᠡᠰᠢᠭᠦᠨ ᠢ ᠬᠥᠮᠥᠵᠢᠭᠦᠯᠦᠨ ᠬᠥᠭᠵᠢᠭᠦᠯᠬᠦ ᠶᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠢᠯᠠᠩᠭᠤᠶ᠎ᠠ ᠰᠢᠯᠢᠳᠡᠭ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ ᠤ | ᠳᠤᠮᠳᠠ ᠠᠴᠠ ᠨᠠᠮ ᠤᠨ ᠭᠡᠰᠢᠭᠦᠨ ᠢ ᠬᠥᠮᠥᠵᠢᠭᠦᠯᠦᠨ ᠡᠯᠰᠡᠬᠦ ᠶᠢ ᠴᠢᠬᠤᠯᠠᠴᠢᠯᠠᠵᠤ᠂ ᠬᠤᠪᠢᠰᠬᠠᠯ ᠤᠨ ᠲᠦᠷᠦ ᠵᠠᠰᠠᠭ | ᠡᠭᠦᠷᠢᠳᠡ ᠥᠩᠭᠡ ᠬᠤᠪᠢᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠲᠤᠶᠢᠯ ᠤᠨ ᠶᠡᠭᠡ | ᠬᠠᠯᠠᠭᠤᠨ ᠰᠡᠳᠬᠢᠯᠭᠡ ᠪᠠᠷ ᠵᠠᠯᠠᠭᠤᠴᠤᠳ ᠤᠨ ᠦᠰᠦᠨ ᠪᠤᠶᠢᠵᠢᠯᠲᠠ ᠶᠢᠨ ᠵᠢᠮ᠎ᠡ ᠶᠣᠰᠣ ᠪᠣᠯᠣᠨ ᠴᠠᠭ ᠦᠶ᠎ᠡ ᠶᠢᠨ | ᠣᠨᠴᠠᠯᠢᠭ ᠢ ᠰᠤᠳᠤᠯᠵᠤ᠂ ᠲᠤᠶᠢᠯ ᠤᠨ ᠶᠡᠭᠡ ᠤᠶᠤᠨ ᠴᠢᠳᠠᠯ ᠢᠶᠠᠷ ᠵᠠᠯᠠᠭᠤᠴᠤᠳ ᠤᠨ ᠠᠵᠢᠯ ᠢ ᠠᠳᠬᠤᠵᠤ᠂ ᠵᠠᠯᠠᠭᠤ | ᠨᠠᠶᠢᠵᠠ ᠨᠠᠷ ᠤᠨ ᠰᠡᠳᠬᠢᠯ ᠢ ᠮᠡᠳᠡᠭᠴᠢ᠂ ᠵᠠᠯᠠᠭᠤᠴᠤᠳ ᠤᠨ ᠠᠵᠢᠯ ᠤᠨ ᠬᠠᠯᠠᠭᠤᠨ ᠰᠡᠳᠬᠢᠯᠲᠡᠨ᠂ ᠵᠠᠯᠠᠭᠤᠴᠤᠳ ᠤᠨ | ᠵᠠᠮᠴᠢᠯᠠᠭᠴᠢ ᠪᠣᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠪᠠᠶᠢᠭᠤᠯᠤᠯᠲᠠ ᠪᠠᠷ | ᠡᠪᠯᠡᠯ ᠤᠨ ᠪᠠᠶᠢᠭᠤᠯᠤᠯᠲᠠ ᠶᠢ ᠳᠠᠶᠢᠴᠢᠯᠠᠬᠤ ᠳᠦᠷᠢᠮ ᠲᠣᠭᠲᠠᠴᠠ ᠶᠢ ᠨᠠᠶᠢᠳᠠᠪᠤᠷᠢᠵᠢᠭᠤᠯᠵᠤ᠂ ᠡᠪ ᠬᠠᠮᠲᠤ ᠵᠠᠯᠠᠭᠤᠴᠤᠳ ᠤᠨ | ᠡᠪᠯᠡᠯ ᠤᠨ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠦᠷᠭᠦᠯᠵᠢ ᠰᠤᠳᠤᠯᠤᠨ ᠰᠢᠢᠳᠪᠦᠷᠢᠯᠡᠵᠦ᠂ ᠡᠪᠯᠡᠯ ᠤᠨ | ᠺᠠᠳ᠋ᠷ ᠢ ᠬᠠᠯᠠᠭᠤᠨ ᠢᠶᠠᠷ ᠬᠠᠯᠠᠮᠵᠢᠯᠠᠨ ᠴᠢᠩᠭ᠎ᠠ ᠱᠠᠭᠠᠷᠳᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠤᠯᠠᠨ ᠲᠦᠮᠡᠨ ᠤ | ᠪᠦᠯᠬᠦᠮ ᠤᠨ ᠠᠵᠢᠯ ᠤᠨ ᠣᠨᠴᠠᠯᠢᠭ ᠪᠠ ᠵᠢᠮ᠎ᠡ ᠶᠣᠰᠣ ᠪᠠᠷ ᠠᠵᠢᠯ ᠢᠶᠠᠨ ᠪᠦᠲᠦᠭᠡᠯᠴᠢ ᠪᠠᠷ ᠥᠷᠨᠢᠭᠦᠯᠬᠦ ᠶᠢ ᠳᠡᠮᠵᠢᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠪᠠ ᠤᠯᠤᠰ ᠲᠤ ᠠᠪᠴᠤ ᠬᠡᠯᠡᠪᠡᠯ ᠵᠠᠯᠠᠭᠤᠴᠤᠳ ᠪᠣᠯ ᠬᠠᠮᠤᠭ ᠠᠴᠠ ᠢᠯᠡᠭᠦᠦ ᠬᠠᠶᠢᠷᠠᠯᠠᠨ | ᠬᠠᠮᠠᠭᠠᠯᠠᠭᠤᠰᠢᠲᠠᠢ᠂ ᠬᠠᠮᠤᠭ ᠠᠴᠠ ᠢᠯᠡᠭᠦᠦ ᠬᠦᠰᠡᠨ ᠬᠦᠯᠢᠶᠡᠭᠦᠰᠢᠲᠡᠢ ᠶᠤᠮ᠃ ᠵᠠᠯᠠᠭᠤᠴᠤᠳ ᠡᠬᠡ ᠭᠠᠵᠠᠷ ᠳᠡᠭᠡᠷ᠎ᠡ | ᠢᠳᠡᠷᠡᠭᠦᠨ ᠤᠷᠭᠤᠭᠰᠠᠨ ᠵᠢᠵᠢᠭ ᠮᠣᠳᠣ ᠰᠢᠭ᠋᠂ ᠠᠯᠢ ᠨᠢᠭᠡᠨ ᠡᠳᠦᠷ ᠲᠡᠭᠷᠢ ᠲᠤᠯᠤᠮ᠎ᠠ ᠲᠣᠮᠣ ᠮᠣᠳᠣ ᠪᠣᠯᠵᠤ ᠲᠡᠭᠷᠢ ᠶᠢ | ᠪᠠᠭᠠᠨᠠᠳᠠᠬᠤ ᠶᠤᠮ᠃ ᠵᠠᠯᠠᠭᠤᠴᠤᠳ ᠪᠠᠰᠠ ᠮᠠᠨᠳᠤᠬᠤ ᠨᠡᠷᠡᠨ ᠰᠢᠭ᠋᠂ ᠲᠠᠰᠤᠷᠠᠯᠲᠠ ᠦᠭᠡᠢ ᠡᠨᠧᠷᠭᠢ ᠬᠤᠷᠠᠮᠳᠤᠭᠤᠯᠵᠤ᠂ | ᠢᠷᠡᠭᠡᠳᠦᠢ ᠳᠤ ᠭᠡᠷᠡᠯ ᠪᠠ ᠢᠯᠴᠢ ᠪᠠᠨ ᠡᠬᠡ ᠭᠠᠵᠠᠷ ᠲᠤ ᠬᠠᠷᠠᠮ ᠦᠭᠡᠢ ᠲᠦᠭᠡᠭᠡᠬᠦ ᠶᠤᠮ᠃ ᠨᠠᠮ ᠪᠣᠯᠣᠨ ᠤᠯᠤᠰ ᠤᠨ | ᠬᠦᠰᠡᠯ ᠡᠷᠡᠮᠡᠯᠵᠡᠯ ᠵᠠᠯᠠᠭᠤᠴᠤᠳ ᠤᠨ ᠪᠡᠶ᠎ᠡ ᠳᠡᠭᠡᠷ᠎ᠡ ᠪᠤᠢ ᠭᠡᠵᠦ ᠴᠢᠬᠤᠯᠠᠴᠢᠯᠠᠪᠠ᠃ | ᠸᠠᠩ ᠬᠤ᠋ ᠨᠢᠩ ᠶᠡᠭᠡ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ | 100 ᠵᠢᠯ ᠤᠨ ᠲᠤᠷᠰᠢᠬᠢ ᠡᠪ ᠬᠠᠮᠲᠤ ᠵᠠᠯᠠᠭᠤᠴᠤᠳ ᠤᠨ ᠡᠪᠯᠡᠯ ᠤᠨ ᠭᠤᠶᠢᠪᠢᠰᠢ ᠦᠭᠡᠢ ᠪᠠᠷ ᠨᠠᠮ ᠤᠨ ᠦᠭᠡ ᠶᠢ | ᠰᠣᠨᠣᠰᠴᠤ᠂ ᠨᠠᠮ ᠢᠶᠠᠨ ᠲᠠᠭᠠᠵᠤ ᠶᠠᠪᠤᠭᠰᠠᠨ ᠵᠠᠯᠠᠭᠤ ᠨᠠᠰᠤᠨ ᠤ ᠥᠩᠭᠡᠷᠡᠯᠲᠡ ᠶᠢ ᠪᠦᠬᠦ ᠲᠠᠯ᠎ᠠ ᠪᠠᠷ ᠡᠷᠭᠢᠴᠡᠭᠦᠯᠵᠦ᠂ ᠡᠪ | ᠬᠠᠮᠲᠤ ᠵᠠᠯᠠᠭᠤᠴᠤᠳ ᠤᠨ ᠡᠪᠯᠡᠯ ᠤᠨ ᠨᠠᠮ ᠤᠨ ᠤᠳᠤᠷᠢᠳᠤᠯᠭ᠎ᠠ ᠳᠣᠣᠷ᠎ᠠ᠂ ᠦᠶ᠎ᠡ ᠦᠶ᠎ᠡ ᠶᠢᠨ ᠡᠪᠯᠡᠯ ᠤᠨ ᠭᠡᠰᠢᠭᠦᠨ | ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠭᠦᠢᠴᠡᠳ ᠨᠤᠲᠠᠯᠠᠵᠤ᠂ ᠡᠪ | ᠬᠠᠮᠲᠤ ᠵᠠᠯᠠᠭᠤᠴᠤᠳ ᠤᠨ ᠡᠪᠯᠡᠯ ᠪᠣᠯᠣᠨ ᠵᠠᠯᠠᠭᠤᠴᠤᠳ ᠤᠨ ᠠᠵᠢᠯ ᠤᠨ ᠲᠡᠦᠬᠡᠨ ᠲᠤᠷᠰᠢᠯᠭ᠎ᠠ ᠶᠢ ᠭᠦᠨᠵᠡᠭᠡᠢ | ᠲᠣᠳᠣᠷᠬᠠᠶᠢᠯᠠᠨ ᠥᠭᠦᠯᠡᠵᠦ᠂ ᠰᠢᠨ᠎ᠡ ᠴᠠᠭ ᠦᠶ᠎ᠡ ᠶᠢᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠢ ᠰᠠᠶᠢᠲᠤᠷ | ᠬᠢᠬᠦ ᠳᠤ ᠲᠣᠳᠣᠷᠬᠠᠢ ᠱᠠᠭᠠᠷᠳᠠᠯᠭ᠎ᠠ ᠳᠤᠷᠠᠳᠴᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠲᠤ ᠴᠢᠨᠠᠷ᠂ | ᠪᠠᠶᠢᠯᠳᠤᠬᠤ ᠪᠣᠳᠣᠯᠭ᠎ᠠ ᠶᠢᠨ ᠴᠢᠨᠠᠷ᠂ ᠵᠢᠯᠤᠭᠤᠳᠬᠤ ᠴᠢᠨᠠᠷ ᠲᠠᠢ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠢᠯᠡᠳᠬᠡᠪᠡ᠃ | ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶᠠᠨ ᠤ ᠱᠦᠵᠢ ᠨᠠᠷ ᠤᠨ ᠭᠠᠵᠠᠷ ᠤᠨ ᠨᠢᠭᠡᠳᠦᠭᠡᠷ ᠱᠦᠵᠢ | ᠾᠧ ᠵᠢᠶᠦ᠋ᠨ ᠺᠧ᠂ ᠳᠤᠮᠳᠠᠳᠤ ᠶᠢᠨ ᠪᠦᠬᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ ᠤᠨ ᠱᠦᠵᠢ ᠨᠠᠷ ᠤᠨ ᠭᠠᠵᠠᠷ ᠤᠨ | ᠨᠢᠭᠡᠳᠦᠭᠡᠷ ᠱᠦᠵᠢ ᠴᠧᠨ ᠭᠠᠩ ᠶᠡᠭᠡ ᠬᠤᠷᠠᠯ ᠳᠡᠭᠡᠷ᠎ᠡ ᠦᠭᠡ ᠶᠠᠷᠢᠵᠠᠢ᠃ | ᠨᠠᠮ ᠤᠨ ᠲᠥᠪ ᠬᠤᠷᠢᠶᠠᠨ ᠤ ᠱᠦᠵᠢ ᠨᠠᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ | ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠤᠳᠤᠷᠢᠳᠬᠤ | ᠨᠥᠬᠦᠳ ᠶᠡᠭᠡ ᠬᠤᠷᠠᠯ ᠳᠤ ᠣᠷᠣᠯᠴᠠᠪᠠ᠃ | ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠪᠦᠯᠬᠦᠮ ᠤᠨ ᠡᠯ᠎ᠡ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠨᠥᠬᠦᠳ᠂ ᠨᠡᠶᠢᠰᠯᠡᠯ ᠤᠨ ᠡᠯ᠎ᠡ ᠡᠲᠡᠭᠡᠳ ᠤᠨ ᠡᠪᠯᠡᠯ ᠤᠨ ᠭᠡᠰᠢᠭᠦᠨ ᠵᠠᠯᠠᠭᠤᠴᠤᠳ ᠤᠨ ᠲᠥᠯᠥᠭᠡᠯᠡᠭᠴᠢ | ᠵᠢᠴᠢ ᠳᠤᠮᠳᠠᠳᠤ ᠤᠯᠤᠰ ᠲᠤ ᠰᠠᠭᠤᠭ᠎ᠠ ᠬᠡᠰᠡᠭ ᠤᠯᠤᠰ ᠤᠨ ᠡᠯᠴᠢᠨ ᠰᠠᠶᠢᠳ ᠵᠡᠷᠭᠡ 1000 ᠰᠢᠬᠠᠮ ᠬᠥᠮᠥᠨ ᠶᠡᠭᠡ | ᠬᠤᠷᠠᠯ ᠳᠤ ᠣᠷᠣᠯᠴᠠᠪᠠ᠃ | |