ᠳ᠋ᠦᠩ ᠾᠧ ᠲᠣᠭᠤᠷᠢᠭ ᠤᠨ 2022 ᠣᠨ ᠤ ᠴᠡᠴᠡᠷᠯᠢᠭ ᠤᠨ ᠰᠣᠷᠣᠭᠴᠢ ᠡᠯᠰᠡᠬᠦ ᠠᠵᠢᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/6/27
      ︽ᠪᠤᠭᠤᠲᠤ ᠬᠤᠲᠠ ᠶᠢᠨ 2022 ᠣᠨ ᠤ ᠬᠡᠦᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠠᠵᠢᠯ ᠤᠨ ᠵᠢᠯᠤᠭᠤᠳᠬᠤ ᠰᠠᠨᠠᠯ︾ ᠶᠣᠰᠣᠭᠠᠷ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ︽ᠳ᠋ᠦᠩ ᠾᠧ ᠲᠣᠭᠤᠷᠢᠭ ᠤᠨ 2022 ᠣᠨ ᠤ ᠬᠡᠦᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠠᠵᠢᠯ ᠤᠨ ᠬᠡᠷᠡᠭᠵᠢᠭᠦᠯᠬᠦ ᠲᠥᠰᠥᠯ︾ ᠢ ᠲᠣᠭᠲᠠᠭᠠᠪᠠ᠃ᠡᠳᠦᠭᠡ ᠳ᠋ᠦᠩ ᠾᠧ ᠲᠣᠭᠤᠷᠢᠭ ᠤᠨ ᠬᠡᠦᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠠᠵᠢᠯ ᠤᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠶ᠎ᠠ᠄ᠨᠢᠭᠡ᠂ ︽ᠰᠢᠯᠭᠠᠬᠤ ᠦᠭᠡᠢ ᠪᠠᠷ ᠬᠡᠦᠬᠡᠳ ᠤᠨ ᠴᠡᠴᠡᠷᠯᠢᠭ ᠲᠤ ᠣᠷᠣᠵᠤ᠂ ᠡᠷᠦᠬᠡ ᠠᠮᠠ ᠶᠢᠨ ᠲᠠᠩᠰᠠ ᠶᠢ ᠤᠷᠢᠳᠠᠪᠠᠷ ᠪᠣᠳᠣᠯᠬᠢᠯᠠᠨ᠎ᠠ︾      ᠲᠠᠶᠢᠯᠤᠮᠵᠢ᠄ ︽ᠰᠢᠯᠭᠠᠬᠤ ᠦᠭᠡᠢ ᠪᠠᠷ ᠬᠡᠦᠬᠡᠳ ᠤᠨ ᠴᠡᠴᠡᠷᠯᠢᠭ ᠲᠤ ᠣᠷᠣᠬᠤ︾ ᠭᠡᠳᠡᠭ ᠨᠢ ᠬᠡᠦᠬᠡᠳ ᠤᠨ ᠴᠡᠴᠡᠷᠯᠢᠭ ᠲᠤ ᠪᠢᠷ ᠤᠨ ᠰᠢᠯᠭᠠᠯᠲᠠ ᠬᠢᠬᠦ᠂ ᠨᠢᠭᠤᠷᠲᠠᠨ ᠰᠢᠯᠭᠠᠬᠤ ᠵᠡᠷᠭᠡ ᠠᠷᠭ᠎ᠠ ᠮᠠᠶ᠋ᠢᠭ ᠢᠶᠠᠷ ᠬᠡᠦᠬᠡᠳ ᠢ ᠡᠯᠰᠡᠵᠦ ᠪᠣᠯᠬᠤ ᠦᠭᠡᠢ ᠭᠡᠳᠡᠭ ᠢ ᠵᠢᠭᠠᠵᠤ ᠪᠠᠶᠢᠨ᠎ᠠ᠃︽ᠡᠷᠦᠬᠡ ᠠᠮᠠ ᠶᠢᠨ ᠲᠠᠩᠰᠠ ᠶᠢ ᠲᠡᠷᠢᠭᠦᠨ ᠳᠤ ᠲᠠᠯᠪᠢᠬᠤ︾ ᠭᠡᠳᠡᠭ  ᠨᠢ ᠳ᠋ᠦᠩ ᠾᠧ ᠲᠣᠭᠤᠷᠢᠭ ᠤᠨ ᠡᠷᠦᠬᠡ ᠠᠮᠠ ᠶᠢᠨ ᠲᠠᠩᠰᠠ ᠲᠠᠢ ᠰᠤᠷᠬᠤ ᠨᠠᠰᠤᠨ ᠤ ᠬᠡᠦᠬᠡᠳ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ ᠪᠣᠯᠬᠤ ᠶᠢ ᠵᠢᠭᠠᠵᠤ ᠪᠣᠶ︔ᠳ᠋ᠦᠩ ᠾᠧ ᠶᠢᠨ ᠡᠷᠦᠬᠡ ᠠᠮᠠ ᠶᠢᠨ ᠲᠠᠩᠰᠠ ᠦᠭᠡᠢ ᠰᠤᠷᠬᠤ ᠨᠠᠰᠤᠨ ᠤ ᠬᠡᠦᠬᠡᠳ ᠤᠨ ᠬᠢᠨᠠᠨ ᠬᠠᠮᠠᠭᠠᠯᠠᠭᠴᠢ ᠨᠢ ᠰᠤᠯᠠ ᠡᠷᠳᠡᠮ ᠤᠨ ᠴᠣᠯᠠ ᠲᠠᠢ ᠠᠯᠪᠠᠨ  ᠠᠴᠠ ᠡᠷᠭᠢᠯᠡᠭᠰᠡᠨ ᠪᠤᠶᠤ ᠠᠷᠠᠳ  ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠢ ᠥᠪᠡᠰᠦᠪᠡᠨ ᠰᠣᠩᠭᠤᠵᠤ ᠪᠡᠶ᠎ᠡ ᠪᠠᠨ ᠳᠠᠭᠠᠭᠠᠵᠤ ᠰᠣᠷᠣᠭᠴᠢ ᠡᠯᠰᠡᠵᠦ ᠬᠡᠦᠬᠡᠳ ᠤᠨ ᠴᠡᠴᠡᠷᠯᠢᠭ ᠲᠤ ᠣᠷᠣᠭᠤᠯᠵᠤ ᠪᠣᠯᠣᠨ᠎ᠠ᠃ᠬᠤᠶᠠᠷ᠂ ᠲᠤᠬᠠᠢ ᠶᠢᠨ ᠲᠠᠯᠠᠪᠠᠢ ᠳᠤ ᠨᠤᠲᠠᠯᠠᠬᠤ᠂ ᠬᠢᠨᠠᠨ ᠬᠠᠷᠭᠤᠭᠤᠯᠬᠤ      ᠲᠠᠶᠢᠯᠤᠮᠵᠢ᠄ ︽ᠳᠠᠷᠤᠮᠠᠯᠯᠠᠬᠤ︾ ᠴᠢᠳᠠᠮᠵᠢ ᠶᠢ ᠡᠬᠢᠯᠡᠭᠦᠯᠦᠭᠰᠡᠨ ᠤ ᠳᠠᠷᠠᠭ᠎ᠠ᠂ ᠳᠠᠷᠤᠮᠠᠯᠯᠠᠭᠰᠠᠨ ᠰᠣᠷᠣᠭᠴᠢ ᠡᠯᠰᠡᠬᠦ ᠳᠠᠩᠰᠠᠯᠠᠯᠲᠠ ᠶᠢᠨ ᠬᠦᠰᠦᠨᠦᠭᠲᠦ ᠳᠤ ᠪᠡᠯᠡ ᠮᠥᠩᠭᠦ ᠶᠢᠨ ᠬᠢᠨᠠᠯᠲᠠ ᠶᠢᠨ ᠴᠠᠭ ᠢ ᠢᠯᠡᠷᠡᠭᠦᠯᠵᠦ᠂ ᠬᠡᠦᠬᠡᠳ ᠤᠨ ᠭᠡᠷ ᠤᠨ ᠠᠬᠠᠮᠠᠳ ︵ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ ᠲᠣᠭᠲᠠᠭᠰᠠᠨ ᠴᠠᠭ ᠤᠨ ᠳᠣᠲᠣᠷ᠎ᠠ ᠬᠠᠮᠢᠶ᠎ᠠ ᠪᠦᠬᠦᠢ ᠦᠨᠡᠮᠯᠡᠯ ᠢᠶᠠᠨ ᠠᠪᠴᠤ ᠤᠷᠢᠳᠴᠢᠯᠠᠨ ᠮᠡᠳᠡᠭᠡᠯᠡᠭᠰᠡᠨ ᠬᠡᠦᠬᠡᠳ ᠤᠨ ᠴᠡᠴᠡᠷᠯᠢᠭ ᠲᠤ ᠬᠦᠷᠴᠦ ᠲᠤᠬᠠᠢ ᠶᠢᠨ ᠲᠠᠯᠠᠪᠤᠷ ᠤᠨ ᠨᠤᠲᠠᠯᠠᠯᠲᠠ᠂ ᠬᠢᠷᠢ ᠬᠡᠮ ᠤᠨ ᠬᠢᠨᠠᠨ ᠪᠠᠶᠢᠴᠠᠭᠠᠯᠲᠠ ᠬᠢᠨ᠎ᠡ᠂ ᠲᠣᠭᠲᠠᠭᠰᠠᠨ ᠴᠠᠭ ᠲᠤ ᠨᠡᠷ᠎ᠡ ᠮᠡᠳᠡᠭᠦᠯᠵᠦ ᠪᠡᠯᠡ ᠮᠥᠩᠭᠦ ᠶᠢᠨ ᠬᠢᠨᠠᠯᠲᠠ ᠶᠢ ᠬᠢᠭᠰᠡᠨ ᠦᠭᠡᠢ ᠪᠠᠶᠢᠪᠠᠯ᠂ ᠭᠤᠶᠤᠴᠢᠯᠠᠬᠤ ᠪᠠᠨ ᠰᠠᠨᠠᠭᠠᠴᠢᠯᠠᠭ᠎ᠠ  ᠠᠴᠠ ᠪᠠᠨ ᠬᠠᠶᠠᠭᠰᠠᠨ ᠢᠶᠠᠷ ᠦᠵᠡᠨ᠎ᠡ᠃ᠭᠤᠷᠪᠠ᠂ ᠰᠣᠷᠣᠭᠴᠢ ᠡᠯᠰᠡᠬᠦ ᠡᠲᠡᠭᠡᠳ ᠤᠨ ᠨᠠᠰᠤ ᠵᠢᠯ ᠢ ᠲᠣᠳᠣᠷᠬᠠᠢ ᠪᠣᠯᠭᠠᠨ᠎ᠠ      ᠲᠠᠶᠢᠯᠤᠮᠵᠢ᠄ ︽ᠪᠦᠬᠦᠯᠢ ᠭᠤᠷᠪᠠᠨ ᠨᠠᠰᠤ ᠬᠦᠷᠦᠭᠰᠡᠨ︾ ᠭᠡᠳᠡᠭ ᠨᠢ 2022 ᠣᠨ ᠳᠤ ᠰᠣᠷᠣᠭᠴᠢ ᠡᠯᠰᠡᠭᠰᠡᠨ ᠬᠡᠦᠬᠡᠳ ᠢ 2018 ᠣᠨ ᠤ 9 ᠰᠠᠷ᠎ᠠ ᠶᠢᠨ 1 ᠤ ᠡᠳᠦᠷ ᠠᠴᠠ 2019 ᠣᠨ ᠤ 8 ᠰᠠᠷ᠎ᠠ ᠶᠢᠨ 31 ᠤ ᠡᠳᠦᠷ ᠪᠣᠯᠲᠠᠯ᠎ᠠ ᠲᠥᠷᠥᠭᠰᠡᠨ ᠡᠷᠡᠭᠦᠯ ᠴᠢᠭᠢᠷᠠᠭ ᠬᠡᠦᠬᠡᠳ ᠢ ᠵᠢᠭᠠᠵᠤ ᠪᠣᠶ᠃ᠳᠤᠮᠳᠠ ᠠᠩᠭᠢ᠂ ᠶᠡᠭᠡ ᠠᠩᠭᠢ ᠳᠤ ᠣᠷᠣᠬᠤ ᠴᠢᠬᠤᠯᠠ ᠲᠠᠢ ᠪᠣᠯ ᠰᠣᠷᠣᠭᠴᠢ ᠡᠯᠰᠡᠬᠦ ᠬᠡᠪᠴᠢᠶᠡᠨ ᠳᠤ ᠪᠠᠭᠲᠠᠬᠤ ᠦᠭᠡᠢ᠂ ᠭᠡᠷ ᠤᠨ ᠠᠬᠠᠮᠠᠳ ᠥᠪᠡᠷ ᠢᠶᠠᠨ ᠬᠡᠦᠬᠡᠳ ᠤᠨ ᠴᠡᠴᠡᠷᠯᠢᠭ ᠲᠤ ᠣᠴᠢᠵᠤ ᠠᠰᠠᠭᠤᠨ ᠯᠠᠪᠯᠠᠵᠤ᠂ ᠨᠡᠷ᠎ᠡ ᠮᠡᠳᠡᠭᠦᠯᠦᠭᠡᠷᠡᠢ᠃ᠵᠠᠩᠭᠢᠯᠠᠭ᠎ᠠ ᠶᠢᠨ ᠴᠠᠭ ᠵᠢᠴᠢ ᠠᠩᠬᠠᠷᠬᠤ ᠴᠢᠬᠤᠯᠠᠲᠠᠢ ᠵᠠᠭᠤᠴᠢᠯᠠᠭᠤᠷ᠄ᠨᠢᠭᠡ᠂ 4 ᠰᠠᠷ᠎ᠠ ᠶᠢᠨ 26 ᠤ ᠡᠳᠦᠷ ᠳ᠋ᠦᠩ ᠾᠧ ᠲᠣᠭᠤᠷᠢᠭ ᠤᠨ ᠬᠡᠦᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠲᠥᠰᠥᠯ ᠪᠠ ᠰᠣᠷᠣᠭᠴᠢ ᠡᠯᠰᠡᠬᠦ ᠠᠵᠢᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ      ᠵᠠᠭᠤᠴᠢᠯᠠᠭᠤᠷ᠄ ︽ᠪᠤᠭᠤᠲᠤ ᠶᠢᠨ ᠰᠤᠷᠭᠠᠨ ᠬᠥᠮᠦᠵᠢᠯ ᠤᠨ ᠰᠦᠯᠵᠢᠶ᠎ᠡ︾ ᠶᠢᠨ ᠠᠯᠪᠠᠨ ᠤ ᠸᠢᠴᠠᠲ ᠤᠨ ᠲᠠᠪᠴᠠᠩ ᠵᠢᠴᠢ ︽ᠳ᠋ᠦᠩ ᠾᠧ ᠰᠤᠷᠭᠠᠨ ᠬᠥᠮᠦᠵᠢᠯ ᠤᠨ ᠲᠣᠪᠴᠢᠶ᠎ᠠ︾ ᠶᠢᠨ ᠠᠯᠪᠠᠨ ᠤ ᠸᠢᠴᠠᠲ ᠤᠨ ᠲᠠᠪᠴᠠᠩ ᠢ ᠨᠡᠶᠢᠲᠡᠯᠡᠨ᠎ᠡ᠃ᠬᠤᠶᠠᠷ᠂ 5 ᠰᠠᠷ᠎ᠠ ᠶᠢᠨ 9 ᠤ ᠡᠳᠦᠷ ᠤᠨ 8᠄ 30 ︱ 5 ᠰᠠᠷ᠎ᠠ ᠶᠢᠨ 13 ᠤ ᠡᠳᠦᠷ ᠤᠨ 17᠄ 00 ᠴᠠᠭ ᠲᠤ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ      ᠰᠦᠯᠵᠢᠶᠡᠨ ᠤ ᠥᠷᠲᠡᠭᠡ᠄ ︽ᠥᠪᠥᠷ ᠮᠣᠩᠭᠤᠯ ᠤᠨ ᠲᠦᠷᠭᠡᠨ ᠬᠤᠷᠳᠤᠴᠠ APP · ·ᠪᠤᠭᠤᠲᠤ ᠶᠢᠨ ᠰᠤᠷᠭᠠᠨ ᠬᠥᠮᠦᠵᠢᠯ︾ ︽ᠪᠤᠭᠤᠲᠤ ᠶᠢᠨ ᠰᠤᠷᠭᠠᠨ ᠬᠥᠮᠦᠵᠢᠯ ᠤᠨ ᠡᠭᠦᠯᠡᠨ ᠲᠠᠪᠴᠠᠩ ︵www.btjy.net︶︾ ᠳᠤ ᠭᠠᠷᠪᠠ᠃      ᠰᠦᠯᠵᠢᠶᠡᠨ ᠳᠡᠭᠡᠷᠡᠬᠢ ᠤᠷᠢᠳᠴᠢᠯᠠᠨ ᠮᠡᠳᠡᠭᠡᠯᠡᠬᠦ ᠨᠡᠷᠡᠰ ᠤᠨ ᠶᠠᠪᠤᠴᠠ ᠶᠢᠨ ᠲᠣᠳᠣᠷᠬᠠᠶᠢᠯᠠᠯᠲᠠ᠄ ᠺᠣᠮᠫᠢᠦ᠋ᠲ᠋ᠧᠷ ᠢᠶᠠᠷ ᠰᠦᠯᠵᠢᠶᠡᠨ ᠳᠤ ᠭᠠᠷᠬᠤ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠭᠡᠷ ᠤᠨ APP · ·ᠪᠤᠭᠤᠲᠤ ᠶᠢᠨ ᠰᠤᠷᠭᠠᠨ ᠬᠥᠮᠦᠵᠢᠯ︾ ︽ᠪᠤᠭᠤᠲᠤ ᠶᠢᠨ ᠰᠤᠷᠭᠠᠨ ᠬᠥᠮᠦᠵᠢᠯ ᠤᠨ ᠡᠭᠦᠯᠡᠨ ᠲᠠᠪᠴᠠᠩ www.btjy.net︶︾ ︱ ᠰᠦᠯᠵᠢᠶᠡᠨ ᠳᠤ ᠣᠷᠣᠵᠤ ︽2022 ᠣᠨ ᠤ ᠬᠡᠦᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ︾ ᠵᠢᠷᠤᠭ ᠢ ᠲᠣᠪᠴᠢᠳᠠᠨ᠎ᠠ ︱ ︽ᠨᠡᠷ᠎ᠡ ᠮᠡᠳᠡᠭᠦᠯᠬᠦ ᠳᠤ ᠮᠡᠳᠡᠬᠦ ᠵᠦᠢᠯ︾ ᠢ ᠡᠷᠬᠡᠪᠰᠢ ᠨᠠᠷᠢᠨ ᠬᠢᠨᠠᠮᠠᠭᠠᠢ ᠤᠩᠰᠢᠬᠤ ᠬᠡᠷᠡᠭᠲᠡᠢ᠃ ᠳ᠋ᠦᠩ ᠾᠧ ᠲᠣᠭᠤᠷᠢᠭ ᠤᠨ ᠬᠡᠦᠬᠡᠳ ᠤᠨ ᠴᠡᠴᠡᠷᠯᠢᠭ ᠤᠨ ᠰᠤᠷᠤᠭᠴᠢ ᠡᠯᠰᠡᠬᠦ ᠲᠥᠰᠥᠯ ᠢ ᠪᠠᠶᠢᠴᠠᠭᠠᠨ ᠦᠵᠡᠬᠦ ᠶᠢ ᠲᠣᠪᠴᠢᠳᠠᠶ᠎ᠠ ︱ ︽ᠪᠢ ᠵᠥᠪᠰᠢᠶᠡᠷᠡᠨ᠎ᠡ︾ ᠭᠡᠳᠡᠭ ᠢ ᠲᠣᠪᠴᠢᠳᠠᠶ᠎ᠠ ᠳᠠᠷᠠᠭ᠎ᠠ ᠠᠯᠬᠤᠮ ᠳᠤ ᠣᠷᠣᠨ᠎ᠠ ︱ ︽ᠪᠤᠭᠤᠲᠤ ᠬᠤᠲᠠ ᠶᠢᠨ ᠬᠡᠦᠬᠡᠳ ᠤᠨ ᠴᠡᠴᠡᠷᠯᠢᠭ ᠤᠨ ᠰᠤᠷᠤᠭᠴᠢ ᠡᠯᠰᠡᠬᠦ ᠮᠡᠳᠡᠭᠡ ᠵᠠᠩᠭᠢ ᠶᠢ ᠴᠤᠭᠯᠠᠭᠤᠯᠬᠤ ᠰᠢᠰᠲ᠋ᠧᠮ︾ ᠳᠤ ᠣᠷᠣᠨ᠎ᠠ ︱ ᠡᠷᠦᠬᠡ ᠠᠮᠠ ᠶᠢᠨ ᠬᠠᠷᠢᠶ᠎ᠠ ᠬᠤᠰᠢᠭᠤ ᠰᠢᠶᠠᠨ ᠲᠣᠭᠤᠷᠢᠭ ᠢ ᠰᠣᠩᠭᠤᠨ᠎ᠠ᠃ ᠡᠷᠦᠬᠡ ᠠᠮᠠ ᠶᠢᠨ ᠮᠡᠳᠡᠭᠡ ᠵᠠᠩᠭᠢ ᠵᠥᠪ ᠪᠠᠶᠢᠪᠠᠯ ᠰᠠᠶ᠋ᠢ ᠦᠷᠭᠦᠯᠵᠢᠯᠡᠨ ᠨᠡᠷ᠎ᠡ ᠮᠡᠳᠡᠭᠦᠯᠵᠦ ᠪᠣᠯᠣᠨ᠎ᠠ ︱ ᠬᠠᠮᠢᠶ᠎ᠠ ᠪᠦᠬᠦᠢ ᠮᠡᠳᠡᠭᠡ ᠵᠠᠩᠭᠢ ᠶᠢ ᠲᠠᠭᠯᠠᠵᠤ ᠮᠡᠳᠡᠭᠦᠯᠦᠨ᠎ᠡ᠂ ᠮᠡᠳᠡᠭᠡ ᠵᠠᠩᠭᠢ ᠶᠢ ᠬᠠᠳᠠᠭᠠᠯᠠᠭᠰᠠᠨ ᠤ ᠳᠠᠷᠠᠭ᠎ᠠ ︱ ᠳᠠᠷᠤᠮᠠᠯᠯᠠᠬᠤ ᠬᠠᠭᠤᠳᠠᠰᠤᠨ ᠳᠤ ᠣᠷᠣᠭᠤᠯᠤᠨ᠎ᠠ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠵᠢᠯ ᠳᠠᠭᠤᠰᠬᠤ ᠠᠴᠠ ᠡᠮᠦᠨ᠎ᠡ᠂ ᠳᠠᠷᠤᠢ 5 ᠰᠠᠷ᠎ᠠ ᠶᠢᠨ 13 ᠤ ᠡᠳᠦᠷ ᠤᠨ 17᠄ 00 ᠴᠠᠭ ᠠᠴᠠ ᠡᠮᠦᠨ᠎ᠡ ᠡᠷᠬᠡᠪᠰᠢ ︽ᠳᠠᠷᠤᠮᠠᠯᠯᠠᠭᠰᠠᠨ ᠮᠡᠳᠡᠭᠡ ᠵᠠᠩᠭᠢ ᠶᠢᠨ ᠬᠦᠰᠦᠨᠦᠭᠲᠦ︾ ᠶᠢ ᠳᠠᠷᠤᠵᠤ ᠴᠠᠭᠠᠰᠤᠨ ᠮᠡᠳᠡᠭᠡ ᠵᠠᠩᠭᠢ ᠶᠢᠨ ᠬᠦᠰᠦᠨᠦᠭᠲᠦ ᠶᠢ ᠳᠠᠷᠤᠮᠠᠯᠯᠠᠵᠤ ᠭᠠᠷᠭᠠᠨ᠎ᠠ᠂ ᠡᠰᠡ ᠲᠡᠭᠡᠪᠡᠯ ᠨᠡᠷ᠎ᠡ ᠮᠡᠳᠡᠭᠦᠯᠦᠭᠡᠳ ᠪᠦᠲᠦᠬᠦ ᠦᠭᠡᠢ ᠪᠣᠯᠣᠨ᠎ᠠ᠃ᠬᠤᠭᠤᠴᠠᠭ᠎ᠠ ᠬᠡᠲᠦᠷᠡᠲᠡᠯ᠎ᠡ ᠳᠡᠭᠡᠷᠡᠬᠢ ᠠᠵᠢᠯᠯᠠᠭ᠎ᠠ ᠶᠢ ᠪᠡᠶᠡᠯᠡᠭᠦᠯᠦᠭᠰᠡᠨ ᠦᠭᠡᠢ ᠠᠴᠠ ᠪᠣᠯᠤᠭᠰᠠᠨ ᠦᠷ᠎ᠡ ᠳ᠋ᠦᠩ ᠢ ᠭᠡᠷ ᠤᠨ ᠠᠬᠠᠮᠠᠳ ᠥᠪᠡᠷ ᠢᠶᠠᠨ ᠡᠭᠦᠷᠭᠡᠯᠡᠨ᠎ᠡ᠃      ᠬᠠᠯᠠᠭᠤᠨ ᠳᠣᠲᠣᠨᠣ ᠰᠠᠨᠠᠭᠤᠯᠤᠮᠵᠢ᠄ ᠭᠡᠷ ᠤᠨ ᠠᠬᠠᠮᠠᠳ ᠡᠷᠬᠡᠪᠰᠢ ︽ᠨᠡᠷ᠎ᠡ ᠮᠡᠳᠡᠭᠦᠯᠬᠦ ᠳᠤ ᠡᠷᠬᠡᠪᠰᠢ ᠮᠡᠳᠡᠬᠦ ᠬᠡᠷᠡᠭᠲᠡᠢ ᠵᠦᠢᠯ︾ ᠢ ᠨᠠᠷᠢᠨ ᠬᠢᠨᠠᠮᠠᠭᠠᠢ ᠤᠩᠰᠢᠵᠤ᠂ ᠬᠡᠦᠬᠡᠳ ᠨᠢᠭᠡᠪᠦᠷᠢ ᠵᠥᠪᠬᠡᠨ ᠨᠢᠭᠡ ᠯᠡ ᠬᠡᠦᠬᠡᠳ ᠤᠨ ᠴᠡᠴᠡᠷᠯᠢᠭ ᠤᠨ ︽ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ︾ ᠶᠢ ᠳᠠᠷᠤᠮᠠᠯᠯᠠᠵᠤ ᠪᠣᠯᠣᠨ᠎ᠠ᠂ ︽ᠤᠷᠢᠳᠴᠢᠯᠠᠨ ᠨᠡᠷ᠎ᠡ ᠮᠡᠳᠡᠭᠦᠯᠬᠦ ᠬᠦᠰᠦᠨᠦᠭᠲᠦ︾ ᠶᠢ ᠳᠠᠷᠤᠮᠠᠯᠯᠠᠭᠠᠳ ᠠᠮᠵᠢᠯᠲᠠ ᠣᠯᠣᠭᠰᠠᠨ ᠤ ᠳᠠᠷᠠᠭ᠎ᠠ ᠮᠡᠳᠡᠭᠡ ᠵᠠᠩᠭᠢ ᠶᠢ ᠵᠠᠰᠠᠵᠤ ᠪᠣᠯᠬᠤ ᠦᠭᠡᠢ᠃ᠭᠤᠷᠪᠠ᠂ 5 ᠰᠠᠷ᠎ᠠ ᠶᠢᠨ 17 ᠤ ᠡᠳᠦᠷ ᠠᠴᠠ 5 ᠰᠠᠷ᠎ᠠ ᠶᠢᠨ 18 ᠤ ᠡᠳᠦᠷ ᠪᠣᠯᠲᠠᠯ᠎ᠠ ᠲᠤᠬᠠᠢ ᠶᠢᠨ ᠲᠠᠯᠠᠪᠠᠶ ᠳᠤ ᠨᠤᠲᠠᠯᠠᠵᠤ᠂  ᠬᠢᠨᠠᠨ ᠬᠠᠷᠭᠤᠭᠤᠯᠬᠤ      ᠬᠢᠨᠠᠨ ᠪᠠᠶᠢᠴᠠᠭᠠᠬᠤ ᠭᠠᠵᠠᠷ᠄ ᠰᠦᠯᠵᠢᠶᠡᠨ ᠳᠡᠭᠡᠷ᠎ᠡ ᠤᠷᠢᠳᠴᠢᠯᠠᠨ ᠮᠡᠳᠡᠭᠡᠯᠡᠭᠰᠡᠨ ᠬᠡᠦᠬᠡᠳ ᠤᠨ ᠴᠡᠴᠡᠷᠯᠢᠭ᠃      ᠬᠠᠯᠠᠭᠤᠨ ᠳᠣᠲᠣᠨᠣ ᠰᠠᠨᠠᠭᠤᠯᠤᠮᠵᠢ᠄ ᠬᠢᠨᠠᠨ ᠬᠠᠮᠠᠭᠠᠯᠠᠭᠴᠢ ᠨᠢ ︽ᠭᠡᠷ ᠪᠦᠯᠢ ᠶᠢᠨ ᠡᠷᠦᠬᠡ ᠠᠮᠠ ᠶᠢᠨ ᠳᠡᠪᠲᠡᠷ︾ ᠪᠠ ︽ᠪᠤᠭᠤᠲᠤ ᠬᠤᠲᠠ ᠶᠢᠨ 2022 ᠣᠨ ᠤ ᠬᠡᠦᠬᠡᠳ ᠤᠨ ᠴᠡᠴᠡᠷᠯᠢᠭ ᠤᠨ ᠤᠷᠢᠳᠴᠢᠯᠠᠨ ᠮᠡᠳᠡᠭᠡᠯᠡᠬᠦ ᠨᠡᠷ᠎ᠡ ᠶᠢᠨ ᠳᠠᠩᠰᠠᠯᠠᠯᠲᠠ ᠶᠢᠨ ᠬᠦᠰᠦᠨᠦᠭᠲᠦ︾ ᠶᠢ ᠠᠪᠴᠤ᠂ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠲᠤᠬᠠᠢ ᠶᠢᠨ ᠲᠠᠯᠠᠪᠤᠷ ᠲᠤ ᠨᠤᠲᠠᠯᠠᠬᠤ ᠶᠢᠨ ᠬᠠᠮᠲᠤ ︽ᠭᠡᠷ ᠪᠦᠯᠢ ᠶᠢᠨ ᠡᠷᠦᠬᠡ ᠠᠮᠠ ᠶᠢᠨ ᠳᠡᠪᠲᠡᠷ︾ ᠤᠨ ᠤᠭ ᠮᠠᠲ᠋ᠧᠷᠢᠶᠠᠯ ᠢ ᠦᠯᠡᠳᠡᠭᠡᠨ ᠬᠠᠳᠠᠭᠠᠯᠠᠵᠤ ᠳᠠᠬᠢᠨ ᠬᠢᠨᠠᠨ᠎ᠠ᠃ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ᠂ ᠬᠡᠷᠪᠡ ᠬᠢᠷᠢ ᠬᠡᠮ ᠤᠨ ᠬᠢᠨᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠬᠥᠮᠥᠨ ᠤ ᠲᠤᠭ᠎ᠠ ᠨᠢ ᠬᠡᠦᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠲᠥᠯᠥᠪᠯᠡᠭᠡ ᠶᠢᠨ ᠬᠥᠮᠥᠨ ᠤ ᠲᠤᠭ᠎ᠠ  ᠠᠴᠠ ᠢᠯᠡᠭᠦᠦ ᠪᠠᠶᠢᠪᠠᠯ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ  ᠠᠴᠠ ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠮᠢᠯᠠᠬᠤ ᠵᠢᠬᠡᠷᠪᠡ ᠬᠢᠷᠢ ᠬᠡᠮ ᠤᠨ  ᠬᠢᠨᠠᠨ ᠪᠠᠶᠢᠴᠠᠭᠠᠯᠲᠠ ᠲᠤ ᠬᠢᠷᠢ ᠲᠡᠩᠴᠡᠭᠰᠡᠨ ᠬᠥᠮᠥᠨ ᠤ ᠲᠤᠭ᠎ᠠ ᠨᠢ ᠬᠡᠦᠬᠡᠳ ᠤᠨ ᠴᠡᠴᠡᠷᠯᠢᠭ ᠤᠨ ᠰᠤᠷᠤᠭᠴᠢ ᠡᠯᠰᠡᠬᠦ ᠲᠥᠯᠥᠪᠯᠡᠭᠡ ᠶᠢᠨ ᠲᠤᠭ᠎ᠠ ᠠᠴᠠ ᠳᠤᠲᠠᠭᠤ ᠪᠠᠶᠢᠪᠠᠯ᠂ ᠪᠥᠬᠦᠨ  ᠢ ᠬᠡᠦᠬᠡᠳ ᠤᠨ ᠴᠡᠴᠡᠷᠯᠢᠭ ᠠᠴᠠ ᠡᠯᠰᠡᠨ᠎ᠡ᠃ᠳᠥᠷᠪᠡ᠂ 5 ᠰᠠᠷ᠎ᠠ ᠶᠢᠨ 21 ᠤ ᠡᠳᠦᠷ ᠲᠤᠰᠢᠶᠠᠯ ᠳᠤ ᠲᠣᠮᠢᠯᠠᠬᠤ ᠴᠢᠬᠤᠯᠠᠲᠠᠢ ᠠᠯᠪᠠᠨ  ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠨᠡᠷᠡᠰ ᠢ ᠨᠡᠶᠢᠲᠡᠯᠡᠨ᠎ᠡ      ᠵᠠᠭᠤᠴᠢᠯᠠᠭᠤᠷ᠄ ︽ᠳ᠋ᠦᠩ ᠾᠧ ᠰᠤᠷᠭᠠᠨ ᠬᠥᠮᠦᠵᠢᠯ ᠤᠨ ᠲᠣᠪᠴᠢᠶ᠎ᠠ︾ ᠶᠢᠨ ᠠᠯᠪᠠᠨ ᠤ ᠸᠢᠴᠠᠲ ᠤᠨ ᠲᠠᠪᠴᠠᠩ ᠢ ᠨᠡᠶᠢᠲᠡᠯᠡᠪᠡ᠃ᠲᠠᠪᠤ᠂ 5 ᠰᠠᠷ᠎ᠠ ᠶᠢᠨ 26 ᠤ ᠡᠳᠦᠷ ᠺᠣᠮᠫᠢᠦ᠋ᠲ᠋ᠧᠷ ᠢᠶᠠᠷ ᠣᠷᠣ ᠲᠣᠮᠢᠯᠠᠬᠤ     ᠵᠠᠭᠤᠴᠢᠯᠠᠭᠤᠷ᠄ ︽ᠳ᠋ᠦᠩ ᠾᠧ ᠰᠤᠷᠭᠠᠨ ᠬᠥᠮᠦᠵᠢᠯ ᠤᠨ ᠲᠣᠪᠴᠢᠶ᠎ᠠ︾ ᠶᠢᠨ ᠠᠯᠪᠠᠨ ᠤ ᠸᠢᠴᠠᠲ ᠤᠨ ᠲᠠᠪᠴᠠᠩ ᠢ ᠨᠡᠶᠢᠲᠡᠯᠡᠪᠡ᠃ᠵᠢᠷᠭᠤᠭ᠎ᠠ᠂ 5 ᠰᠠᠷ᠎ᠠ ᠶᠢᠨ 30 ᠤ ᠡᠳᠦᠷ ᠤᠨ 8᠄ 30 ︱ 6 ᠰᠠᠷ᠎ᠠ ᠶᠢᠨ 1 ᠤ ᠡᠳᠦᠷ ᠤᠨ 17᠄ 30 ᠲᠤ ᠪᠠᠶᠢᠷᠢ ᠲᠣᠮᠢᠯᠠᠭᠰᠠᠨ ᠦᠷ᠎ᠡ ᠳ᠋ᠦᠩ ᠢ ᠪᠠᠶᠢᠴᠠᠭᠠᠨ ᠯᠠᠪᠯᠠᠨ᠎ᠠ      ᠲᠠᠶᠢᠯᠤᠮᠵᠢ᠄ ᠺᠣᠮᠫᠢᠦ᠋ᠲ᠋ᠧᠷ ᠢᠶᠠᠷ ᠪᠠᠶᠢᠷᠢ ᠲᠣᠮᠢᠯᠠᠬᠤ ᠳᠤ ᠣᠷᠣᠯᠴᠠᠭᠰᠠᠨ ᠬᠡᠦᠬᠡᠳ ᠤᠨ ᠭᠡᠷ ᠤᠨ ᠠᠬᠠᠮᠠᠳ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠭᠡᠷ ᠤᠨ APP · ·ᠪᠤᠭᠤᠲᠤ ᠶᠢᠨ ᠰᠤᠷᠭᠠᠨ ᠬᠥᠮᠦᠵᠢᠯ︾ ︽ᠪᠤᠭᠤᠲᠤ ᠶᠢᠨ ᠰᠤᠷᠭᠠᠨ ᠬᠥᠮᠦᠵᠢᠯ ᠤᠨ ᠡᠭᠦᠯᠡᠨ ᠲᠠᠪᠴᠠᠩ ︵www.btjy.net︶︾ ᠳᠤ ᠣᠷᠣᠵᠤ ᠣᠪᠣᠭ ᠨᠡᠷ᠎ᠡ ᠪᠠ ᠪᠡᠶ᠎ᠡ ᠶᠢᠨ ᠦᠨᠡᠮᠯᠡᠯ ᠤᠨ ᠨᠣᠮᠧᠷ ᠢᠶᠠᠷ ᠪᠠᠶᠢᠴᠠᠭᠠᠨ ᠯᠠᠪᠯᠠᠵᠤ ᠪᠣᠯᠣᠨ᠎ᠠ᠃ᠳᠣᠯᠤᠭ᠎ᠠ᠂ ᠬᠤᠭᠤᠰᠤᠨ ᠡᠷᠳᠡᠮ ᠤᠨ ᠴᠣᠯᠠ ᠲᠠᠢ ᠠᠯᠪᠠᠨ  ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠨᠡᠷᠡᠰ ᠢ ᠨᠡᠶᠢᠲᠡᠯᠡᠨ᠎ᠡ      ᠵᠠᠭᠤᠴᠢᠯᠠᠭᠤᠷ᠄ ︽ᠳ᠋ᠦᠩ ᠾᠧ ᠰᠤᠷᠭᠠᠨ ᠬᠥᠮᠦᠵᠢᠯ ᠤᠨ ᠲᠣᠪᠴᠢᠶ᠎ᠠ︾ ᠶᠢᠨ ᠠᠯᠪᠠᠨ ᠤ ᠸᠢᠴᠠᠲ ᠤᠨ ᠲᠠᠪᠴᠠᠩ ᠢ ᠨᠡᠶᠢᠲᠡᠯᠡᠪᠡ᠃      ᠲᠠᠶᠢᠯᠤᠮᠵᠢ᠄ ᠬᠡᠦᠬᠡᠳ ᠤᠨ ᠴᠡᠴᠡᠷᠯᠢᠭ ᠲᠤ ᠭᠤᠶᠤᠴᠢᠯᠠᠯ ᠭᠠᠷᠭᠠᠭᠰᠠᠨ ᠦᠭᠡᠢ ᠰᠤᠷᠬᠤ ᠨᠠᠰᠤᠨ ᠤ ᠬᠡᠦᠬᠡᠳ ᠢ ᠬᠢᠨᠠᠨ ᠬᠠᠮᠠᠭᠠᠯᠠᠭᠴᠢ ᠨᠢ ᠰᠤᠯᠠ ᠡᠷᠳᠡᠮ ᠤᠨ ᠴᠣᠯᠠ ᠲᠠᠢ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠠᠯᠪᠠᠨ  ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠪᠤᠶᠤ ᠠᠷᠠᠳ  ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠢ ᠥᠪᠡᠰᠦᠪᠡᠨ ᠰᠣᠩᠭᠤᠵᠤ ᠴᠡᠴᠡᠷᠯᠢᠭ ᠲᠤ ᠣᠷᠣᠭᠤᠯᠤᠨ᠎ᠠ᠃ᠨᠠᠢᠮᠠ᠂ ᠨᠠᠮᠤᠷ ᠤᠨ ᠤᠯᠠᠷᠢᠯ ᠤᠨ ᠰᠢᠨ᠎ᠡ ᠲᠥᠷᠥᠭᠰᠡᠨ ᠬᠡᠦᠬᠡᠳ  ᠢ ᠲᠣᠮᠢᠯᠠᠵᠤ ᠨᠡᠷ᠎ᠡ ᠮᠡᠳᠡᠭᠦᠯᠦᠨ᠎ᠡ      ᠲᠠᠶᠢᠯᠤᠮᠵᠢ᠄ ᠪᠣᠳᠠᠲᠠᠢ ᠴᠠᠭ ᠨᠢ ᠡᠯ᠎ᠡ ᠬᠡᠦᠬᠡᠳ ᠤᠨ ᠴᠡᠴᠡᠷᠯᠢᠭ ᠤᠨ ᠠᠯᠪᠠᠨ ᠵᠠᠷ  ᠢ ᠠᠩᠬᠠᠷᠤᠭᠠᠷᠠᠢ
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1