| ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠣᠷᠣᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ | ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠥᠷᠨᠢᠭᠦᠯᠬᠦ ᠲᠤᠬᠠᠢ | ᠨᠠᠢᠮᠠᠳᠤᠭᠠᠷ ᠲᠠᠪᠤᠨ ᠵᠢᠯ ᠤᠨ ᠲᠥᠯᠦᠪᠵᠢᠭᠦᠯᠭᠡ ︵2021 - 2025 ᠣᠨ︶ | ᠠᠷᠠᠳ ᠨᠡᠶᠢᠲᠡ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠣᠯ ᠪᠦᠬᠦ ᠲᠠᠯ᠎ᠠ ᠪᠠᠷ | ᠬᠠᠤᠯᠢ ᠶᠣᠰᠣᠭᠠᠷ ᠤᠯᠤᠰ ᠢᠶᠠᠨ ᠵᠠᠰᠠᠬᠤ ᠬᠠᠷᠠᠯᠲᠠ ᠶᠢ ᠪᠡᠶᠡᠯᠡᠭᠦᠯᠬᠦ ᠶᠠᠪᠤᠴᠠ ᠳᠠᠬᠢ ᠨᠢᠭᠡᠨ ᠤᠷᠳᠤ ᠬᠤᠭᠤᠴᠠᠭᠠᠨ ᠤ | ᠴᠢᠨᠠᠷᠲᠠᠢ ᠰᠠᠭᠤᠷᠢ ᠴᠢᠨᠠᠷᠲᠠᠢ ᠠᠵᠢᠯ ᠮᠥᠨ᠃ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠰᠢ ᠶᠢᠨ ᠫᠢᠩ ᠤᠨ ᠬᠠᠤᠯᠢᠵᠢᠯ ᠤᠨ ᠦᠵᠡᠯ | ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠣᠣᠷ᠎ᠠ᠂ ᠣᠷᠣᠨ ᠤ ᠨᠠᠮ ᠤᠨ ᠬᠤᠷᠢᠶ᠎ᠠ᠂ ᠣᠷᠣᠨ ᠤ | ᠵᠠᠰᠠᠭ ᠤᠨ ᠣᠷᠳᠣᠨ ᠤ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠮᠠᠨ ᠤ ᠣᠷᠣᠨ ᠤ ᠳᠣᠯᠣᠳᠤᠭᠠᠷ ᠲᠠᠪᠤᠨ | ᠵᠢᠯ ᠤᠨ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠲᠥᠯᠦᠪᠵᠢᠭᠦᠯᠭᠡ ︵2016 ︱ 2020 ᠣᠨ︶ ᠶᠢ | ᠤᠷᠤᠭᠰᠢᠲᠠᠢ ᠪᠡᠶᠡᠯᠡᠭᠦᠯᠵᠦ᠂ ᠪᠦᠬᠦ ᠣᠷᠣᠨ ᠤ ᠥᠷᠭᠡᠨ ᠤᠯᠠᠨ ᠺᠠᠳ᠋ᠷ ᠪᠣᠯᠣᠨ ᠤᠯᠠᠨ ᠲᠦᠮᠡᠨ ᠤ ᠬᠠᠤᠯᠢᠵᠢᠯ ᠤᠨ | ᠦᠵᠡᠯᠲᠡ ᠢᠯᠡᠳᠲᠡ ᠴᠢᠩᠭᠠᠷᠠᠵᠤ᠂ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠠᠵᠢᠯ ᠢᠯᠡᠳᠲᠡ ᠦᠷ᠎ᠡ | ᠪᠦᠲᠦᠮᠵᠢ ᠣᠯᠪᠠ᠃ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠴᠢᠨᠠᠭᠰᠢᠳᠠ ᠭᠦᠨᠵᠡᠭᠡᠢ ᠰᠤᠷᠤᠯᠴᠠᠨ | ᠤᠬᠠᠭᠤᠯᠵᠤ ᠲᠤᠤᠱᠯᠠᠭᠤᠯᠬᠤ ᠶᠢᠨ ᠲᠥᠯᠥᠭᠡ᠂ ᠮᠠᠨ ᠤ ᠣᠷᠣᠨ ᠤ ᠪᠥᠬᠦ ᠠᠷᠠᠳ ᠲᠤ ᠬᠠᠤᠯᠢ ᠲᠦᠭᠡᠮᠡᠯᠵᠢᠭᠦᠯᠬᠦ | ᠠᠵᠢᠯ ᠤᠨ ᠡᠷᠴᠢᠮ ᠢ ᠴᠢᠩᠭᠠᠷᠠᠭᠤᠯᠵᠤ᠂ ᠰᠢᠨ᠎ᠡ ᠴᠠᠭ ᠦᠶ᠎ᠡ ᠶᠢᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ | ᠯᠠᠪᠳᠠᠭᠤᠨ ᠪᠠᠲᠤᠲᠠᠢ ᠥᠷᠨᠢᠭᠦᠯᠦᠨ᠂ ᠬᠠᠤᠯᠢ ᠪᠠᠷ ᠵᠠᠰᠠᠬᠤ ᠵᠡᠭᠦᠨ ᠭᠤᠣᠯ ᠤᠨ ᠪᠦᠲᠦᠭᠡᠨ ᠪᠠᠶᠢᠭᠤᠯᠤᠯᠲᠠ ᠶᠢᠨ | ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠤᠭᠤᠲᠤ ᠬᠤᠲᠠ ᠶᠢᠨ | ᠬᠤᠯᠪᠣᠭᠳᠠᠯ ᠪᠦᠬᠦᠢ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠨᠠᠢᠮᠠᠳᠤᠭᠠᠷ ᠲᠠᠪᠤᠨ ᠵᠢᠯ ᠤᠨ | ᠲᠥᠯᠦᠪᠵᠢᠭᠦᠯᠭᠡ ︵2021 ︱ 2025 ᠣᠨ︶ ᠶᠢᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ | ᠦᠨᠳᠦᠰᠦᠯᠡᠨ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠲᠥᠯᠦᠪᠵᠢᠭᠦᠯᠭᠡ ᠶᠢ | ᠲᠣᠭᠲᠠᠭᠠᠪᠠ᠃ | ᠨᠢᠭᠡ᠂ ᠰᠢ ᠶᠢᠨ ᠫᠢᠩ ᠤ ᠬᠠᠤᠯᠢ ᠪᠠᠷ ᠵᠠᠰᠠᠬᠤ ᠦᠵᠡᠯ ᠰᠠᠨᠠᠭ᠎ᠠ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠮᠠᠨ ᠤ | ᠣᠷᠣᠨ ᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ | ᠣᠨᠣᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ | ᠦᠵᠡᠯᠲᠡ᠂ ᠮᠠᠷᠺᠰ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ | ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠤᠨ | ᠬᠠᠤᠯᠢᠵᠢᠯ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠰᠢ ᠶᠢᠨ ᠫᠢᠩ ᠶᠡᠷᠦᠩᠬᠡᠢ | ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ︽ᠳᠥᠷᠪᠡᠨ ᠤᠬᠠᠮᠰᠠᠷ︾ ᠢ ᠴᠢᠩᠭᠠᠳᠬᠠᠵᠤ᠂ ︽ᠳᠥᠷᠪᠡᠨ ᠢᠲᠡᠭᠡᠯ︾ | ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳ᠋ᠦᠩ ᠾᠧ ᠲᠣᠭᠤᠷᠢᠭ ᠤᠨ ︽ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠦᠢᠯᠡᠴᠢᠯᠡᠬᠦ ᠲᠠᠢ ᠨᠢᠭᠲᠠ ᠤᠶᠠᠯᠳᠤᠭᠤᠯᠤᠨ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ | ᠰᠠᠭᠤᠷᠢᠯᠠᠬᠤ ᠴᠢᠨᠠᠷᠲᠠᠢ᠂ ᠤᠳᠤᠷᠢᠳᠤᠮᠵᠢ ᠶᠢᠨ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠤᠯᠢ ᠪᠠᠷ | ᠵᠠᠰᠠᠬᠤ ᠤᠬᠠᠭᠤᠯᠭ᠎ᠠ ᠬᠥᠮᠦᠵᠢᠯ ᠤᠨ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠰᠢᠨ᠎ᠡ ᠪᠠᠶᠢᠷᠢᠰᠢᠯ ᠢ ᠪᠣᠶ ᠪᠣᠯᠭᠠᠬᠤ ᠬᠡᠷᠡᠭᠲᠡᠢ︔ᠨᠡᠶᠢᠭᠡᠮ | ᠵᠢᠷᠤᠮ ᠤᠨ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ | ᠰᠣᠶᠣᠯ ᠢ ᠴᠡᠴᠡᠭᠯᠡᠭᠦᠯᠦᠨ ᠬᠥᠭᠵᠢᠭᠦᠯᠬᠦ;︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠤᠯᠢ | ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠠᠤᠯᠢ | ᠶᠣᠰᠣᠭᠠᠷ ᠵᠠᠰᠠᠬᠤ ᠶᠢ ᠪᠥᠬᠦ ᠲᠠᠯ᠎ᠠ ᠪᠠᠷ ᠠᠬᠢᠭᠤᠯᠤᠨ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠬᠢᠭᠡᠳ | ᠬᠠᠤᠯᠢ ᠪᠠᠷ ᠵᠠᠰᠠᠬᠤ ᠦᠢᠯᠡᠳᠦᠯᠭᠡ ᠶᠢᠨ ᠭᠦᠨᠵᠡᠭᠡᠢ ᠠᠭᠤᠰᠤᠯᠴᠠᠯ ᠢ ᠪᠡᠶᠡᠯᠡᠭᠦᠯᠵᠦ᠂ ᠪᠥᠬᠦ ᠲᠠᠯ᠎ᠠ ᠪᠠᠷ ᠬᠠᠤᠯᠢ ᠪᠠᠷ | ᠣᠷᠣᠨ ᠢᠶᠠᠨ ᠵᠠᠰᠠᠬᠤ ᠶᠢ ᠠᠬᠢᠭᠤᠯᠬᠤ ᠦᠢᠯᠡᠳᠦᠯᠭᠡ ᠶᠢᠨ ᠳᠤᠮᠳᠠ ᠨᠠᠩ ᠶᠡᠭᠡ ᠬᠠᠷᠢᠭᠤᠴᠠᠯᠭ᠎ᠠ ᠡᠭᠦᠷᠭᠡᠯᠡᠨ ᠵᠢᠳᠬᠦᠯ | ᠭᠠᠷᠭᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠣᠳᠣᠬᠢᠴᠢᠯᠠᠯᠲᠠ ᠶᠢᠨ ᠰᠢᠨ᠎ᠡ ᠵᠡᠭᠦᠨ ᠭᠤᠣᠯ ᠢ ᠪᠦᠲᠦᠭᠡᠨ ᠪᠠᠶᠢᠭᠤᠯᠬᠤ ᠳᠤ ᠬᠠᠤᠯᠢ ᠪᠠᠷ ᠵᠠᠰᠠᠬᠤ ᠰᠠᠶᠢᠨ ᠰᠠᠶᠢᠬᠠᠨ | ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠢ᠃ | ︵ᠬᠤᠶᠠᠷ︶ ᠭᠤᠣᠯ ᠬᠠᠷᠠᠯᠲᠠ | 2025 ᠣᠨ ᠪᠣᠯᠬᠤ ᠳᠤ᠂ ᠬᠠᠤᠯᠢᠵᠢᠯ ᠤᠨ ᠵᠡᠭᠦᠨ ᠭᠤᠣᠯ ᠤᠨ ᠪᠦᠲᠦᠭᠡᠨ ᠪᠠᠶᠢᠭᠤᠯᠤᠯᠲᠠ ᠶᠢ ᠰᠢᠨ᠎ᠡ | ᠳᠡᠭᠲᠡᠷ ᠲᠤ ᠭᠠᠷᠭᠠᠵᠤ᠂ ︽ᠲᠦᠷᠪᠡᠨ ᠨᠢᠭᠡ ᠠᠯᠬᠤᠮ︾ ᠋ ᠢ ᠴᠢᠷᠮᠠᠶᠢᠨ ᠪᠡᠶᠡᠯᠡᠭᠦᠯᠦᠨ᠎ᠡ᠄ ᠲᠤᠬᠠᠶᠢᠯᠠᠪᠠᠯ ᠨᠠᠮ ᠤᠨ | ᠬᠠᠤᠯᠢ ᠴᠠᠭᠠᠵᠠ ᠶᠢ ᠲᠦᠭᠡᠮᠡᠯᠵᠢᠭᠦᠯᠬᠦ ᠬᠠᠤᠯᠢ ᠴᠠᠭᠠᠵᠠ ᠶᠢ ᠰᠠᠬᠢᠬᠤ ᠠᠵᠢᠯ ᠳᠠᠬᠢ ᠤᠳᠤᠷᠢᠳᠤᠯᠭ᠎ᠠ ᠶᠢ ᠴᠢᠨᠠᠭᠰᠢᠳᠠ | ᠴᠢᠩᠭᠠᠳᠬᠠᠵᠤ᠂ ᠪᠦᠬᠦ ᠨᠡᠶᠢᠭᠡᠮ ᠤᠨ ᠬᠠᠤᠯᠢᠵᠢᠯ ᠤᠨ ᠦᠵᠡᠯᠲᠡ ᠶᠢ ᠬᠥᠮᠥᠰ ᠤᠨ ᠰᠡᠳᠬᠢᠯ ᠳᠤ ᠳᠠᠰᠤᠷᠠᠯᠳᠠ ᠦᠭᠡᠢ | ᠭᠦᠨ ᠰᠠᠭᠤᠭᠳᠠᠭᠤᠯᠤᠨ᠎ᠠ︔ᠠᠷᠠᠳ ᠢᠷᠭᠡᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠬᠠᠤᠯᠢ ᠶᠢ ᠬᠦᠨᠳᠦᠳᠬᠡᠬᠦ ᠬᠠᠤᠯᠢ ᠶᠢ ᠬᠦᠨᠳᠦᠳᠬᠡᠬᠦ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ | ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ ᠢᠯᠡᠳᠲᠡ ᠴᠢᠩᠭᠠᠷᠠᠭᠤᠯᠤᠨ᠎ᠠ︔ᠨᠡᠶᠢᠭᠡᠮ ᠤᠨ ᠵᠠᠰᠠᠯᠲᠠ ᠶᠢᠨ | ᠬᠠᠤᠯᠢ ᠪᠠᠷ ᠵᠠᠰᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠠᠨ ᠲᠡᠰ ᠳᠠᠪᠬᠤᠷᠭ᠎ᠠ ᠤᠯᠠᠨ | ᠬᠦᠷᠢᠶᠡᠨ ᠤ ᠬᠠᠤᠯᠢ ᠶᠣᠰᠣᠭᠠᠷ ᠵᠠᠰᠠᠬᠤ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ᠠᠵᠢᠯ ᠶᠠᠪᠤᠳᠠᠯ | ᠰᠢᠢᠳᠪᠦᠷᠢᠯᠡᠬᠦ ᠳᠡᠭᠡᠨ ᠬᠠᠤᠯᠢ ᠶᠣᠰᠣᠭᠠᠷ᠂ ᠤᠴᠢᠷ ᠶᠠᠪᠤᠳᠠᠯ ᠲᠣᠬᠢᠶᠠᠯᠳᠤᠪᠠᠯ ᠬᠠᠤᠯᠢ ᠶᠢ ᠡᠷᠢᠬᠦ᠂ ᠠᠰᠠᠭᠤᠳᠠᠯ ᠢ | ᠰᠢᠢᠳᠪᠦᠷᠢᠯᠡᠬᠦ ᠳᠡᠭᠡᠨ ᠬᠠᠤᠯᠢ ᠶᠢ ᠬᠡᠷᠡᠭᠯᠡᠬᠦ᠂ ᠵᠥᠷᠢᠴᠡᠯ ᠢ ᠠᠷᠢᠯᠭᠠᠬᠤ ᠳᠤ ᠬᠠᠤᠯᠢ ᠳᠤ ᠲᠦᠰᠢᠭᠯᠡᠬᠦ ᠬᠠᠤᠯᠢ ᠪᠠᠷ | ᠵᠠᠰᠠᠬᠤ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠤᠨ᠎ᠠ;ᠠᠷᠠᠳ ᠨᠡᠶᠢᠲᠡ ᠶᠢᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ | ᠴᠢᠩᠭᠠᠷᠠᠭᠤᠯᠵᠤ᠂ ᠳᠦᠷᠢᠮ ᠨᠢ ᠪᠦᠷᠢᠨ ᠲᠡᠭᠦᠯᠳᠡᠷ᠂ ᠨᠠᠷᠢᠯᠢᠭ ᠣᠨᠣᠴᠠᠲᠠᠢ ᠪᠠᠷ ᠬᠡᠷᠡᠭᠵᠢᠭᠦᠯᠦᠭᠰᠡᠨ᠂ ᠰᠢᠨᠵᠢᠯᠡᠬᠦ | ᠤᠬᠠᠭᠠᠨᠴᠢ ᠦᠨᠡᠯᠡᠯᠲᠡ ᠬᠢᠭᠰᠡᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠠᠵᠢᠯ ᠤᠨ ᠰᠢᠰᠲ᠋ᠧᠮ ᠢ | ᠦᠨᠳᠦᠰᠦᠨ ᠳᠡᠭᠡᠨ ᠪᠦᠷᠢᠯᠳᠦᠭᠦᠯᠪᠡ᠃ | ︵ᠭᠤᠷᠪᠠ︶ ᠠᠵᠢᠯ ᠤᠨ ᠵᠠᠷᠴᠢᠮ | ︱ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ᠎ᠠ᠃ᠨᠠᠮ ᠤᠨ ᠤᠳᠤᠷᠢᠳᠤᠯᠭ᠎ᠠ ᠪᠣᠯ ᠨᠡᠶᠢᠭᠡᠮ | ᠵᠢᠷᠤᠮ ᠤᠨ ᠬᠠᠤᠯᠢ ᠪᠠᠷ ᠵᠠᠰᠠᠬᠤ ᠶᠢᠨ ᠬᠠᠮᠤᠭ ᠤᠨ ᠦᠨᠳᠦᠰᠦᠨ ᠪᠠᠲᠤᠯᠠᠭ᠎ᠠ ᠪᠣᠯᠬᠤ ᠶᠢ ᠪᠠᠲᠤ ᠡᠵᠡᠮᠳᠡᠵᠦ᠂ ᠨᠠᠮ ᠤᠨ | ᠤᠳᠤᠷᠢᠳᠤᠯᠭ᠎ᠠ ᠶᠢ ᠪᠦᠬᠦ ᠠᠷᠠᠳ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠦᠬᠦ | ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠵᠤ᠂ ᠵᠥᠪ ᠤᠯᠤᠰ ᠲᠦᠷᠦ ᠶᠢᠨ ᠴᠢᠭᠯᠡᠯ ᠢ ᠢᠮᠠᠭᠲᠠ ᠪᠠᠷᠢᠮᠲᠠᠯᠠᠨ᠎ᠠ᠃ | ︱ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠎ᠠ᠃ᠬᠠᠤᠯᠢ ᠪᠠᠷ ᠵᠠᠰᠠᠬᠤ ᠤᠬᠠᠭᠤᠯᠭ᠎ᠠ | ᠬᠥᠮᠦᠵᠢᠯ ᠢ ᠠᠷᠠᠳ ᠲᠦᠮᠡᠨ ᠤ ᠲᠥᠯᠥᠭᠡ ᠪᠠᠶᠢᠬᠤ᠂ ᠠᠷᠠᠳ ᠲᠦᠮᠡᠨ ᠳᠤ ᠲᠦᠰᠢᠭᠯᠡᠬᠦ᠂ ᠠᠷᠠᠳ ᠲᠦᠮᠡᠨ ᠳᠤ | ᠦᠢᠯᠡᠴᠢᠯᠡᠬᠦ ᠶᠢ ᠪᠠᠷᠢᠮᠲᠠᠯᠠᠵᠤ᠂ ᠠᠷᠠᠳ ᠤᠯᠠᠨ ᠤ ᠦᠨᠳᠦᠰᠦᠨ ᠠᠰᠢᠭ ᠲᠤᠰᠠ ᠶᠢ ᠬᠠᠮᠠᠭᠠᠯᠠᠬᠤ ᠪᠠᠷ ᠡᠭᠦᠰᠬᠡᠯ | ᠲᠡᠭᠦᠰᠬᠡᠯ ᠪᠣᠯᠭᠠᠵᠤ᠂ ᠠᠷᠠᠳ ᠤᠯᠠᠨ ᠤ ᠦᠨᠳᠦᠰᠦᠨ ᠠᠰᠢᠭ ᠲᠤᠰᠠ ᠶᠢ ᠬᠠᠮᠠᠭᠠᠯᠠᠬᠤ ᠪᠠᠷ ᠨᠡᠩ ᠤᠯᠠᠨ | ᠲᠦᠮᠡᠨ ᠲᠠᠢ ᠣᠶᠢᠷᠠᠲᠤᠬᠤ᠂ ᠨᠡᠩ ᠤᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠠᠷᠭ᠎ᠠ ᠮᠠᠶ᠋ᠢᠭ ᠢᠶᠠᠷ ᠨᠠᠷᠢᠯᠢᠭ | ᠣᠨᠣᠴᠠᠲᠠᠢ ᠪᠠᠷ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠬᠡᠷᠡᠭᠵᠢᠭᠦᠯᠵᠦ᠂ ᠠᠷᠠᠳ | ᠤᠯᠠᠨ ᠤ ᠬᠠᠤᠯᠢ ᠪᠠᠷ ᠵᠠᠰᠠᠬᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ ᠲᠦᠪᠰᠢᠨ ᠤ | ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃ | ︱ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠨ᠎ᠠ᠃ᠣᠷᠣᠨ ᠤ ᠨᠠᠮ ᠤᠨ ᠬᠤᠷᠢᠶ᠎ᠠ᠂ ᠣᠷᠣᠨ ᠤ ᠵᠠᠰᠠᠭ ᠤᠨ | ᠣᠷᠳᠣᠨ ᠤ ᠭᠤᠣᠯ ᠠᠵᠢᠯ ᠤᠨ ᠲᠣᠭᠤᠷᠢᠨ ᠳᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠭᠤᠣᠯᠳᠠᠯᠭ᠎ᠠ ᠶᠢ ᠲᠤᠪᠤᠶᠢᠯᠭᠠᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠡᠯᠪᠡᠷᠢ ᠶᠢᠨ | ᠰᠢᠨ᠎ᠡ ᠶᠢ ᠡᠭᠦᠳᠴᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠣᠳᠠᠲᠤ ᠦᠷ᠎ᠡ | ᠪᠦᠲᠦᠮᠵᠢ ᠶᠢ ᠨᠡᠮᠡᠭᠳᠡᠭᠦᠯᠵᠦ᠂ ᠴᠡᠴᠡᠭᠯᠡᠨ ᠬᠥᠭᠵᠢᠭᠰᠡᠨ᠂ ᠴᠡᠴᠡᠭᠯᠡᠨ ᠬᠥᠭᠵᠢᠭᠰᠡᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠵᠡᠭᠦᠨ ᠭᠤᠣᠯ ᠢ ᠪᠦᠲᠦᠭᠡᠨ | ᠪᠠᠶᠢᠭᠤᠯᠬᠤ ᠳᠤ ᠬᠦᠴᠦᠲᠡᠢ ᠳᠡᠮᠵᠢᠯᠭᠡ ᠬᠠᠩᠭᠠᠨ᠎ᠠ᠃ | ︱ ᠬᠠᠤᠯᠢᠵᠢᠯ ᠤᠨ ᠦᠢᠯᠡᠳᠦᠯᠭᠡ ᠲᠠᠢ ᠭᠦᠨᠵᠡᠭᠡᠢ ᠠᠭᠤᠰᠤᠯᠴᠠᠬᠤ ᠶᠢ ᠪᠠᠷᠢᠮᠲᠠᠯᠠᠨ᠎ᠠ᠃ᠠᠷᠠᠳ | ᠨᠡᠶᠢᠲᠡ ᠪᠠᠷ ᠢᠶᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨᠴᠢ ᠪᠠᠷ | ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠲᠥᠪ ᠭᠤᠣᠯᠴᠢ ᠪᠠᠷ ᠬᠠᠤᠯᠢ ᠪᠠᠷᠢᠬᠤ ᠶᠢ ᠨᠢᠭᠡ | ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ | ᠭᠤᠣᠯᠯᠠᠬᠤ ᠦᠷᠳᠡᠭ ᠤᠨ ᠦᠵᠡᠯᠲᠡ ᠶᠢ ᠪᠠᠳᠠᠷᠠᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠶᠢ ᠬᠠᠤᠯᠢ ᠪᠠᠷ ᠵᠠᠰᠠᠬᠤ ᠦᠢᠯᠡᠳᠦᠯᠭᠡ ᠳᠤ ᠠᠭᠤᠰᠬᠠᠵᠤ᠂ ᠦᠨᠳᠦᠰᠦᠨ ᠱᠠᠲᠤᠨ ᠤ ᠵᠠᠰᠠᠯᠲᠠ ᠳᠤ | ᠠᠭᠤᠰᠬᠠᠵᠤ᠂ ᠡᠳᠦᠷ ᠲᠤᠳᠤᠮ ᠤᠨ ᠠᠮᠢᠳᠤᠷᠠᠯ ᠳᠤ ᠠᠭᠤᠰᠬᠠᠵᠤ᠂ ᠬᠠᠤᠯᠢ ᠪᠠᠷ ᠵᠠᠰᠠᠬᠤ ᠵᠡᠭᠦᠨ ᠭᠤᠣᠯ ᠤᠨ | ᠪᠦᠲᠦᠭᠡᠨ ᠪᠠᠶᠢᠭᠤᠯᠤᠯᠲᠠ ᠶᠢᠨ ᠪᠦᠬᠦ ᠶᠠᠪᠤᠴᠠ᠃ | ︱ ᠬᠤᠯᠪᠤᠭᠠᠯᠠᠨ ᠬᠥᠭᠵᠢᠬᠦ ᠶᠢ ᠪᠠᠷᠢᠮᠲᠠᠯᠠᠨ᠎ᠠ᠃ᠮᠠᠨ ᠤ ᠣᠷᠣᠨ ᠤ ᠬᠠᠤᠯᠢ ᠴᠠᠭᠠᠵᠠ ᠶᠢ ᠲᠦᠭᠡᠮᠡᠯᠵᠢᠭᠦᠯᠬᠦ | ᠬᠠᠤᠯᠢ ᠴᠠᠭᠠᠵᠠ ᠶᠢ ᠰᠠᠬᠢᠬᠤ ᠶᠢ ᠵᠣᠬᠢᠴᠠᠭᠤᠯᠬᠤ ᠳᠤᠭᠤᠶᠢᠯᠠᠩ ᠤᠨ ᠶᠡᠷᠦᠩᠬᠡᠶᠢᠯᠡᠨ ᠵᠢᠯᠤᠭᠤᠳᠬᠤ ᠦᠢᠯᠡᠳᠦᠯ ᠢ | ᠭᠦᠢᠴᠡᠳ ᠪᠠᠳᠠᠷᠠᠭᠤᠯᠵᠤ᠂ ᠪᠥᠬᠦ ᠲᠠᠯ᠎ᠠ ᠪᠠᠷ ᠲᠥᠯᠥᠪᠵᠢᠭᠦᠯᠬᠦ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ | ᠪᠦᠬᠦᠯᠢ ᠴᠣᠭᠴᠠ ᠪᠠᠷ ᠠᠬᠢᠭᠤᠯᠬᠤ ᠠᠵᠢᠯ ᠤᠨ ᠲᠣᠭᠲᠠᠴᠠ ᠶᠢ ᠴᠢᠩᠭᠠᠷᠠᠭᠤᠯᠤᠨ᠂ ᠬᠠᠤᠯᠢ ᠴᠠᠭᠠᠵᠠ ᠶᠢ | ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠬᠠᠤᠯᠢ ᠪᠠᠷ | ᠵᠠᠰᠠᠬᠤ ᠤᠬᠠᠭᠤᠯᠭ᠎ᠠ ᠬᠥᠮᠦᠵᠢᠯ ᠤᠨ ᠰᠢᠨ᠎ᠡ ᠪᠠᠶᠢᠷᠢᠰᠢᠯ ᠢ ᠪᠠᠶᠢᠭᠤᠯᠵᠤ᠂ ᠪᠥᠬᠦ ᠠᠷᠠᠳ ᠤᠨ ᠬᠠᠤᠯᠢ ᠴᠠᠭᠠᠵᠠ ᠶᠢ | ᠲᠦᠭᠡᠮᠡᠯᠵᠢᠭᠦᠯᠬᠦ ᠴᠢᠨᠠᠷ ᠰᠠᠶᠢᠲᠠᠢ ᠬᠤᠯᠪᠤᠭᠠᠯᠠᠨ ᠬᠥᠳᠡᠯᠦᠯᠴᠡᠵᠦ ᠬᠥᠭᠵᠢᠬᠦ ᠶᠢ ᠠᠬᠢᠭᠤᠯᠤᠨ᠎ᠠ᠃ | ︱ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠪᠣᠳᠠᠲᠤ ᠦᠷ᠎ᠡ | ᠪᠦᠲᠦᠮᠵᠢ ᠣᠯᠬᠤ ᠪᠠᠷ ᠴᠢᠷᠮᠠᠶᠢᠨ᠎ᠠ᠃ᠠᠰᠠᠭᠤᠳᠠᠯ ᠢᠶᠠᠷ ᠤᠳᠤᠷᠢᠳᠤᠮᠵᠢ ᠪᠣᠯᠭᠠᠨ᠂ ᠠᠳᠠᠯᠢ ᠪᠤᠰᠤ ᠰᠠᠯᠠᠭ᠎ᠠ ᠮᠥᠴᠢᠷ᠂ | ᠠᠵᠢᠯ ᠲᠦᠷᠦᠯ ᠤᠨ ᠪᠣᠳᠠᠲᠤ ᠪᠠᠶᠢᠳᠠᠯ ᠢ ᠦᠨᠳᠦᠰᠦᠯᠡᠨ᠂ ᠠᠳᠠᠯᠢ ᠪᠤᠰᠤ ᠳ᠋ᠦᠢᠰᠢᠶᠠᠩ ᠤᠨ ᠬᠠᠤᠯᠢ ᠪᠠᠷ ᠵᠠᠰᠠᠬᠤ | ᠬᠡᠷᠡᠭᠴᠡᠭᠡ ᠳᠤ ᠴᠢᠭᠯᠡᠭᠦᠯᠦᠨ᠂ ᠭᠤᠣᠯᠳᠠᠯᠭ᠎ᠠ ᠲᠠᠢ ᠠᠭᠤᠯᠭ᠎ᠠ ᠪᠠ ᠠᠷᠭ᠎ᠠ ᠮᠠᠶ᠋ᠢᠭ ᠢ ᠲᠣᠭᠲᠠᠭᠠᠵᠤ᠂ ᠱᠠᠲᠤ ᠬᠤᠪᠢᠶᠠᠨ | ᠲᠦᠷᠦᠯ ᠬᠤᠪᠢᠶᠠᠨ ᠬᠡᠷᠡᠭᠵᠢᠭᠦᠯᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢᠨ | ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ ᠢ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠤᠬᠠᠭᠤᠯᠭ᠎ᠠ | ᠬᠥᠮᠦᠵᠢᠯ ᠢ ᠪᠣᠳᠠᠲᠤ ᠪᠠᠶᠢᠳᠠᠯ ᠲᠠᠢ ᠨᠡᠩ ᠣᠶᠢᠷᠠᠲᠤᠭᠤᠯᠵᠤ᠂ ᠠᠮᠢᠳᠤᠷᠠᠯ ᠲᠠᠢ ᠨᠡᠩ ᠣᠶᠢᠷᠠᠲᠤᠭᠤᠯᠵᠤ᠂ ᠤᠯᠠᠨ | ᠲᠦᠮᠡᠨ ᠲᠠᠢ ᠨᠡᠩ ᠣᠶᠢᠷᠠᠲᠤᠭᠤᠯᠤᠨ᠎ᠠ᠃ | ᠬᠤᠶᠠᠷ᠂ ᠬᠠᠤᠯᠢ ᠴᠠᠭᠠᠵᠠ ᠶᠢ ᠲᠦᠭᠡᠮᠡᠯᠵᠢᠭᠦᠯᠬᠦ ᠭᠤᠣᠯᠳᠠᠯᠭ᠎ᠠ ᠲᠠᠢ ᠠᠭᠤᠯᠭ᠎ᠠ ᠶᠢ ᠲᠤᠪᠤᠶᠢᠯᠭᠠᠵᠦ᠂ ᠬᠠᠤᠯᠢ | ᠴᠠᠭᠠᠵᠠ ᠶᠢ ᠲᠦᠭᠡᠮᠡᠯᠵᠢᠭᠦᠯᠬᠦ ᠠᠵᠢᠯ ᠤᠨ ᠰᠢᠨ᠎ᠡ ᠠᠭᠤᠯᠤᠭᠳᠠᠬᠤᠨ ᠢ ᠥᠷᠭᠡᠳᠬᠡᠨ᠎ᠡ | ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭᠠᠨ ᠤ ᠴᠢᠬᠤᠯᠠ ᠶᠡᠭᠡ ᠠᠴᠢ ᠬᠤᠯᠪᠣᠭᠳᠠᠯ᠂ | ᠪᠠᠶᠠᠯᠢᠭ ᠠᠭᠤᠯᠤᠭᠳᠠᠬᠤᠨ᠂ ᠵᠣᠷᠢᠭ ᠰᠠᠨᠠᠭᠠᠨ ᠤ ᠮᠥᠨ ᠴᠢᠨᠠᠷ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ | ᠰᠤᠷᠤᠯᠴᠠᠨ ᠤᠬᠠᠭᠤᠯᠵᠤ᠂ ᠪᠦᠬᠦ ᠨᠡᠶᠢᠭᠡᠮ ᠢ ᠬᠥᠲᠥᠯᠥᠨ ᠵᠢᠯᠤᠭᠤᠳᠴᠤ ᠪᠠᠶᠢᠭᠠᠳ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠭᠤᠯᠤᠨ᠎ᠠ᠃ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠤᠬᠠᠭᠤᠯᠬᠤ | ᠶᠠᠪᠤᠳᠠᠯ ᠢ ᠦᠷᠭᠦᠯᠵᠢᠯᠡᠨ ᠦᠨᠳᠦᠰᠦᠨ ᠡᠭᠦᠷᠭᠡ ᠪᠠᠨ ᠪᠣᠯᠭᠠᠵᠤ᠂ ᠤᠯᠤᠰ ᠤᠨ ᠦᠨᠳᠦᠰᠦᠨ ᠬᠠᠤᠯᠢ ᠴᠠᠭᠠᠵᠠ ᠶᠢ | ᠶᠡᠭᠡ ᠪᠠᠷ ᠤᠬᠠᠭᠤᠯᠵᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠵᠤ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠭᠤᠣᠯᠳᠠᠯᠭ᠎ᠠ ᠲᠠᠢ ᠠᠵᠢᠯ ᠪᠠ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ | ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠰᠠᠶᠢᠲᠤᠷ ᠬᠢᠨ᠎ᠡ᠃ | ︵ᠨᠢᠭᠡ︶ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠤᠬᠠᠭᠤᠯᠬᠤ ᠶᠢ | ᠲᠤᠪᠤᠶᠢᠯᠭᠠᠪᠠ᠃ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠤᠯᠬᠤ ᠶᠢ | ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠵᠤ᠂ ᠰᠢ ᠶᠢᠨ ᠫᠢᠩ ᠤ | ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ | ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠭᠤᠣᠯᠳᠠᠯᠭ᠎ᠠ ᠲᠠᠢ ᠠᠭᠤᠯᠭ᠎ᠠ ᠪᠣᠯᠭᠠᠵᠤ᠂ ᠣᠷᠣᠨ ᠤ | ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠭᠤᠣᠯᠳᠠᠯᠭ᠎ᠠ ᠲᠠᠢ ᠬᠢᠴᠢᠶᠡᠯ ᠲᠤ | ᠵᠢᠭᠰᠠᠭᠠᠨ ᠣᠷᠣᠭᠤᠯᠵᠤ᠂ ᠰᠤᠷᠭᠠᠭᠤᠯᠢ ᠶᠢᠨ ᠬᠠᠤᠯᠢ ᠪᠠᠷ ᠵᠠᠰᠠᠬᠤ ᠬᠥᠮᠦᠵᠢᠯ ᠲᠤ ᠠᠭᠤᠰᠬᠠᠬᠤ ᠶᠢᠨ ᠬᠠᠮᠲᠤ | ᠬᠠᠤᠯᠢ ᠪᠠᠷ ᠵᠠᠰᠠᠬᠤ ᠠᠵᠢᠯ ᠤᠨ ᠡᠩᠨᠡᠭᠡᠨ ᠲᠤ ᠪᠥᠬᠦᠨ ᠢ ᠬᠠᠮᠤᠷᠤᠭᠰᠠᠨ ᠪᠣᠯᠪᠠᠰᠤᠷᠠᠭᠤᠯᠤᠯ ᠪᠠ ᠡᠭᠡᠯᠵᠢᠯᠡᠨ | ᠪᠣᠯᠪᠠᠰᠤᠷᠠᠭᠤᠯᠤᠯ ᠥᠷᠨᠢᠭᠦᠯᠵᠦ᠂ ᠬᠠᠤᠯᠢ ᠪᠠᠷ ᠣᠷᠣᠨ ᠢᠶᠠᠨ ᠵᠠᠰᠠᠬᠤ ᠶᠢ ᠪᠥᠬᠦ ᠲᠠᠯ᠎ᠠ ᠪᠠᠷ ᠲᠦᠯᠬᠢᠨ | ᠠᠬᠢᠭᠤᠯᠬᠤ ᠶᠢᠨ ᠦᠵᠡᠯ ᠰᠠᠨᠠᠭ᠎ᠠ ᠤᠨᠤᠯ ᠤᠨ ᠰᠠᠭᠤᠷᠢ ᠶᠢ ᠪᠠᠬᠢᠵᠢᠭᠦᠯᠦᠨ᠎ᠡ᠃ᠣᠷᠣᠨ ᠤ ᠬᠠᠤᠯᠢ ᠴᠠᠭᠠᠵᠠ ᠶᠢ | ᠰᠠᠬᠢᠬᠤ ᠬᠠᠤᠯᠢ ᠴᠠᠭᠠᠵᠠ ᠶᠢ ᠲᠦᠭᠡᠮᠡᠯᠵᠢᠭᠦᠯᠬᠦ ᠶᠢ ᠵᠣᠬᠢᠴᠠᠭᠤᠯᠬᠤ ᠳᠤᠭᠤᠶᠢᠯᠠᠩ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠬᠠᠤᠯᠢ ᠪᠠᠷ ᠵᠠᠰᠠᠬᠤ ᠭᠤᠣᠯ ᠮᠥᠷᠡᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠬᠠᠤᠯᠢ ᠪᠠᠷ | ᠵᠠᠰᠠᠬᠤ ᠨᠡᠶᠢᠭᠡᠮ ᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠦᠢᠯᠡᠳᠦᠯᠭᠡ ᠲᠠᠢ ᠤᠶᠠᠯᠳᠤᠭᠤᠯᠤᠨ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠣᠯᠠᠨ | ᠵᠦᠢᠯ ᠤᠨ ᠬᠡᠯᠪᠡᠷᠢ ᠪᠠᠷ ᠳᠠᠮᠵᠢᠭᠤᠯᠤᠨ᠂ ᠡᠯ᠎ᠡ ᠲᠥᠷᠥᠯ ᠤᠨ ᠵᠠᠭᠤᠴᠢᠯᠠᠭᠤᠷ ᠤᠨ ᠲᠠᠪᠴᠠᠩ ᠪᠠ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠵᠢᠭᠰᠠᠭᠠᠯ ᠤᠨ ᠭᠠᠵᠠᠷ ᠢ ᠬᠡᠷᠡᠭᠯᠡᠨ᠂ ᠠᠳᠠᠯᠢ ᠪᠤᠰᠤ ᠠᠵᠢᠯ | ᠲᠥᠷᠥᠯ᠂ ᠠᠳᠠᠯᠢ ᠪᠤᠰᠤ ᠬᠠᠮᠲᠤᠯᠢᠭ ᠲᠤ ᠬᠠᠨᠳᠤᠭᠤᠯᠤᠭᠰᠠᠨ ᠤᠬᠠᠭᠤᠯᠤᠨ ᠲᠠᠶᠢᠯᠪᠤᠷᠢᠯᠠᠬᠤ ᠤᠬᠠᠭᠤᠯᠭ᠎ᠠ ᠶᠢ | ᠥᠷᠨᠢᠭᠦᠯᠵᠦ᠂ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠲᠠᠷᠢᠬᠢ ᠲᠣᠯᠣᠭᠠᠢ ᠳᠤ ᠬᠠᠳᠠᠩᠰᠢᠭᠤᠯᠤᠨ | ᠰᠡᠳᠬᠢᠯ ᠳᠤ ᠬᠠᠳᠠᠩᠰᠢᠭᠤᠯᠬᠤ᠂ ᠭᠦᠨ ᠭᠦᠨᠵᠡᠭᠡᠢ ᠪᠣᠳᠠᠲᠠᠶᠢᠵᠢᠭᠤᠯᠬᠤ ᠶᠢ ᠲᠦᠯᠬᠢᠨ ᠠᠬᠢᠭᠤᠯᠵᠤ᠂ ᠥᠷᠭᠡᠨ | ᠣᠯᠠᠨ ᠺᠠᠳ᠋ᠷ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠪᠠᠷ ᠵᠠᠰᠠᠬᠤ ᠵᠡᠭᠦᠨ ᠭᠤᠣᠯ ᠤᠨ | ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ | ᠤᠬᠠᠮᠰᠠᠷ᠂ ᠦᠶᠯᠡ ᠠᠵᠢᠯᠯᠠᠭ᠎ᠠ ᠶᠢᠨ ᠤᠬᠠᠮᠰᠠᠷ ᠢ ᠲᠠᠰᠤᠷᠠᠯᠲᠠ ᠦᠭᠡᠢ ᠴᠢᠩᠭᠠᠷᠠᠭᠤᠯᠤᠨ᠎ᠠ᠃ | ︵ᠬᠤᠶᠠᠷ︶ ᠦᠨᠳᠦᠰᠦᠨ ᠬᠠᠤᠯᠢ ᠶᠢ ᠲᠣᠪᠤᠶᠢᠯᠭᠠᠨ ᠤᠬᠠᠭᠤᠯᠤᠨ᠎ᠠ᠃ᠦᠨᠳᠦᠰᠦᠨ ᠬᠠᠤᠯᠢ ᠶᠢ | ᠬᠦᠨᠳᠦᠳᠬᠡᠬᠦ᠂ ᠦᠨᠳᠦᠰᠦᠨ ᠬᠠᠤᠯᠢ ᠶᠢ ᠰᠤᠷᠤᠯᠴᠠᠬᠤ᠂ ᠦᠨᠳᠦᠰᠦᠨ ᠬᠠᠤᠯᠢ ᠶᠢ ᠵᠢᠷᠤᠮᠯᠠᠬᠤ᠂ ᠦᠨᠳᠦᠰᠦᠨ | ᠬᠠᠤᠯᠢ ᠶᠢ ᠬᠠᠮᠠᠭᠠᠯᠠᠬᠤ᠂ ᠦᠨᠳᠦᠰᠦᠨ ᠬᠠᠤᠯᠢ ᠶᠢ ᠬᠡᠷᠡᠭᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ | ᠳᠡᠯᠭᠡᠷ ᠭᠦᠨᠵᠡᠭᠡᠢ ᠥᠷᠨᠢᠭᠦᠯᠵᠦ᠂ ᠰᠢᠨ᠎ᠡ ᠴᠠᠭ ᠦᠶ᠎ᠡ ᠳᠤ ᠦᠨᠳᠦᠰᠦᠨ ᠬᠠᠤᠯᠢ ᠪᠠᠷ ᠤᠯᠤᠰ ᠢᠶᠠᠨ ᠵᠠᠰᠠᠬᠤ᠂ | ᠦᠨᠳᠦᠰᠦᠨ ᠬᠠᠤᠯᠢ ᠪᠠᠷ ᠲᠦᠷᠦ ᠪᠠᠷᠢᠬᠤ ᠶᠢᠨ ᠠᠭᠤᠯᠤᠭᠳᠠᠬᠤᠨ ᠪᠠ ᠠᠴᠢ ᠬᠤᠯᠪᠣᠭᠳᠠᠯ ᠢ ᠰᠠᠶᠢᠲᠤᠷ | ᠲᠠᠶᠢᠯᠪᠤᠷᠢᠯᠠᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ᠤᠯᠤᠰ ᠢᠶᠠᠨ ᠬᠠᠶᠢᠷᠠᠯᠠᠬᠤ | ᠦᠵᠡᠯ ᠤᠨ ᠬᠥᠮᠦᠵᠢᠯ ᠲᠠᠢ ᠣᠷᠭᠠᠨᠢᠭ ᠢᠶᠠᠷ ᠤᠶᠠᠯᠳᠤᠭᠤᠯᠵᠤ᠂ ᠤᠯᠤᠰ ᠤᠨ ᠲᠤᠭ ᠤᠨ ᠬᠠᠤᠯᠢ᠂ ᠤᠯᠤᠰ ᠤᠨ | ᠳᠠᠭᠤᠤ ᠶᠢᠨ ᠬᠠᠤᠯᠢ᠂ ᠤᠯᠤᠰ ᠤᠨ ᠰᠦᠯᠳᠡ ᠶᠢᠨ ᠬᠠᠤᠯᠢ ᠵᠡᠷᠭᠡ ᠦᠨᠳᠦᠰᠦᠨ ᠬᠠᠤᠯᠢ ᠶᠢᠨ ᠬᠤᠯᠪᠣᠭᠳᠠᠯ ᠪᠦᠬᠦᠢ | ᠬᠠᠤᠯᠢ ᠶᠢᠨ ᠰᠤᠷᠤᠯᠴᠠᠯᠭ᠎ᠠ ᠤᠬᠠᠭᠤᠯᠭ᠎ᠠ ᠶᠢ ᠴᠢᠩᠭᠠᠳᠬᠠᠵᠤ᠂ ᠤᠯᠤᠰ ᠤᠨ ᠮᠡᠳᠡᠷᠡᠮᠵᠢ ᠶᠢ ᠴᠢᠩᠭᠠᠳᠬᠠᠨ᠎ᠠ᠃ | ᠦᠨᠳᠦᠰᠦᠨ ᠬᠠᠤᠯᠢ ᠳᠤ ᠲᠠᠩᠭᠠᠷᠢᠭᠯᠠᠬᠤ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠦᠷᠦ ᠶᠢᠨ | ᠠᠵᠢᠯᠲᠠᠨ ᠤ ᠦᠨᠳᠦᠰᠦᠨ ᠬᠠᠤᠯᠢ ᠶᠢᠨ ᠢᠲᠡᠭᠡᠯ ᠪᠢᠰᠢᠷᠡᠯ ᠢ ᠪᠠᠲᠤᠳᠬᠠᠬᠤ᠂ ᠲᠦᠷᠦᠭᠦᠯᠡᠨ ᠦᠨᠳᠦᠰᠦᠨ ᠬᠠᠤᠯᠢ ᠶᠢᠨ | ᠵᠠᠷᠴᠢᠮ ᠢ ᠵᠢᠷᠤᠮᠯᠠᠬᠤ᠂ ᠦᠨᠳᠦᠰᠦᠨ ᠬᠠᠤᠯᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ᠂ ᠦᠨᠳᠦᠰᠦᠨ | ᠬᠠᠤᠯᠢ ᠶᠢᠨ ᠡᠷᠬᠡ ᠰᠦᠷ ᠢ ᠬᠠᠮᠠᠭᠠᠯᠠᠬᠤ ᠶᠢ ᠠᠬᠢᠭᠤᠯᠤᠨ᠎ᠠ᠃ᠡᠳᠦᠷ ᠲᠤᠳᠤᠮ ᠤᠨ ᠤᠬᠠᠭᠤᠯᠭ᠎ᠠ ᠪᠠ ᠲᠥᠪᠯᠡᠷᠡᠭᠦᠯᠦᠨ | ᠤᠬᠠᠭᠤᠯᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠦᠨᠳᠦᠰᠦᠨ ᠬᠠᠤᠯᠢ ᠶᠢ ᠬᠡᠷᠡᠭᠵᠢᠭᠦᠯᠦᠭᠰᠡᠨ ᠬᠡᠷᠡᠭ ᠤᠨ | ᠵᠢᠱᠢᠶ᠎ᠡ ᠶᠢᠨ ᠤᠬᠠᠭᠤᠯᠭ᠎ᠠ ᠶᠢ ᠴᠢᠩᠭᠠᠳᠬᠠᠵᠤ᠂ ︽12· 4︾· ᠤ ᠤᠯᠤᠰ ᠤᠨ ᠦᠨᠳᠦᠰᠦᠨ ᠬᠠᠤᠯᠢ ᠶᠢᠨ ᠡᠳᠦᠷ | ᠪᠠ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠤᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠦᠨ᠎ᠡ᠃ᠵᠠᠯᠠᠭᠤᠴᠤᠳ ᠪᠠᠭᠠᠴᠤᠳ ᠰᠤᠷᠤᠭᠴᠢᠳ ᠤᠨ ︽ᠦᠨᠳᠦᠰᠦᠨ | ᠬᠠᠤᠯᠢ ᠶᠢ ᠰᠤᠷᠤᠯᠴᠠᠵᠤ ᠦᠨᠳᠦᠰᠦᠨ ᠬᠠᠤᠯᠢ ᠶᠢ ᠡᠷᠬᠢᠮᠯᠡᠬᠦ︾ ᠭᠤᠣᠯ ᠰᠡᠳᠦᠪᠲᠦ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠨᠠᠰᠤᠨ ᠳᠤ ᠭᠦᠷᠦᠭᠰᠡᠳ ᠤᠨ ᠶᠣᠰᠣᠯᠠᠯ᠂ ᠰᠤᠷᠤᠭᠴᠢᠳ ᠤᠨ | ᠲᠡᠭᠦᠰᠬᠦ ᠶᠣᠰᠣᠯᠠᠯ ᠵᠡᠷᠭᠡ ᠠᠵᠢᠯᠯᠠᠭ᠎ᠠ ᠳᠤ ᠶᠣᠰᠣᠯᠠᠯ ᠤᠨ ᠦᠨᠳᠦᠰᠦᠨ ᠬᠠᠤᠯᠢ ᠶᠢᠨ ᠭᠤᠭᠴᠤᠭ᠎ᠠ ᠶᠢ | ᠪᠠᠶᠢᠷᠢᠯᠠᠭᠤᠯᠤᠨ᠎ᠠ᠃ᠡᠯ᠎ᠡ ᠲᠦᠷᠦᠯ ᠤᠨ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠵᠢᠭᠰᠠᠭᠠᠯ ᠤᠨ ᠭᠠᠵᠠᠷ ᠲᠤ | ᠦᠨᠳᠦᠰᠦᠨ ᠬᠠᠤᠯᠢ ᠶᠢᠨ ᠡᠯᠧᠮᠧᠨ᠋ᠲ ᠢ ᠣᠷᠭᠠᠨᠢᠭ ᠢᠶᠠᠷ ᠠᠭᠤᠰᠤᠯᠴᠠᠭᠤᠯᠵᠤ᠂ ᠦᠨᠳᠦᠰᠦᠨ ᠬᠠᠤᠯᠢ ᠶᠢᠨ | ᠠᠭᠤᠯᠭ᠎ᠠ ᠶᠢ ᠨᠡᠮᠡᠵᠦ᠂ ᠦᠨᠳᠦᠰᠦᠨ ᠬᠠᠤᠯᠢ ᠶᠢ ᠬᠥᠮᠥᠨ ᠪᠦᠬᠦᠨ ᠳᠤ ᠮᠡᠳᠡᠭᠦᠯᠬᠦ᠂ ᠬᠥᠮᠥᠰ ᠤᠨ ᠰᠡᠳᠬᠢᠯ ᠳᠤ | ᠬᠠᠳᠠᠩᠰᠢᠭᠤᠯᠬᠤ ᠶᠢ ᠠᠬᠢᠭᠤᠯᠵᠤ᠂ ᠦᠨᠳᠦᠰᠦᠨ ᠬᠠᠤᠯᠢ ᠶᠢᠨ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠬᠤ ᠪᠠ | ᠳᠦᠷᠢᠮᠵᠢᠭᠦᠯᠬᠦ ᠶᠢ ᠪᠡᠶᠡᠯᠡᠭᠦᠯᠦᠨ᠎ᠡ᠃ | ︵ᠭᠤᠷᠪᠠ︶ ᠢᠷᠭᠡᠨ ᠤ ᠬᠠᠤᠯᠢ ᠶᠢᠨ ᠪᠢᠴᠢᠭ ᠢ ᠲᠣᠪᠤᠶᠢᠯᠭᠠᠨ ᠤᠬᠠᠭᠤᠯᠪᠠ᠃ᠢᠷᠭᠡᠨ ᠤ ᠬᠠᠤᠯᠢ ᠶᠢᠨ | ᠪᠢᠴᠢᠭ ᠤᠨ ᠰᠤᠷᠤᠯᠴᠠᠯᠭ᠎ᠠ ᠤᠬᠠᠭᠤᠯᠭ᠎ᠠ ᠶᠢ ᠭᠤᠣᠯᠳᠠᠯᠭ᠎ᠠ ᠲᠠᠢ ᠠᠵᠢᠯ ᠪᠣᠯᠭᠠᠬᠤ ᠶᠢ ᠪᠠᠷᠢᠮᠲᠠᠯᠠᠵᠤ᠂ ᠢᠷᠭᠡᠨ ᠤ | ᠬᠠᠤᠯᠢ ᠶᠢᠨ ᠪᠢᠴᠢᠭ ᠤᠨ ᠴᠢᠬᠤᠯᠠ ᠶᠡᠭᠡ ᠠᠴᠢ ᠬᠤᠯᠪᠣᠭᠳᠠᠯ ᠪᠠ ᠴᠢᠬᠤᠯᠠ ᠪᠠᠶᠢᠷᠢ ᠰᠠᠭᠤᠷᠢ ᠶᠢ ᠶᠡᠭᠡ ᠪᠠᠷ | ᠤᠬᠠᠭᠤᠯᠵᠤ᠂ ᠢᠷᠭᠡᠨ ᠤ ᠬᠠᠤᠯᠢ ᠶᠢᠨ ᠪᠢᠴᠢᠭ ᠤᠨ ᠶᠡᠷᠦᠩᠬᠡᠢ ᠳᠦᠷᠢᠮ ᠤᠨ ᠠᠩᠭᠢ ᠪᠠ ᠡᠯ᠎ᠡ ᠬᠤᠪᠢᠶᠠᠷᠢ | ᠠᠩᠭᠢ ᠶᠢᠨ ᠡᠵᠡᠮᠰᠢᠬᠦ ᠴᠢᠬᠤᠯᠠᠲᠠᠢ ᠭᠤᠣᠯ ᠴᠢᠬᠤᠯᠠ ᠠᠭᠤᠯᠭ᠎ᠠ ᠪᠠ ᠭᠤᠣᠯᠳᠠᠯᠭ᠎ᠠ ᠲᠠᠢ ᠠᠰᠠᠭᠤᠳᠠᠯ ᠢ ᠰᠠᠶᠢᠲᠤᠷ | ᠲᠣᠳᠣᠷᠬᠠᠶᠢᠯᠠᠨ ᠲᠠᠶᠢᠯᠪᠤᠷᠢᠯᠠᠨ᠎ᠠ᠃ᠡᠯ᠎ᠡ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠢᠷᠭᠡᠨ ᠤ ᠬᠠᠤᠯᠢ ᠶᠢᠨ | ᠪᠢᠴᠢᠭ ᠢ ᠲᠦᠷᠦᠭᠦᠯᠡᠨ ᠰᠤᠷᠤᠯᠴᠠᠵᠤ ᠤᠬᠠᠭᠤᠯᠬᠤ ᠶᠢ ᠲᠦᠯᠬᠢᠨ ᠠᠬᠢᠭᠤᠯᠵᠤ᠂ ᠲᠤᠰᠬᠠᠢ ᠰᠡᠳᠦᠪᠲᠦ | ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ | ᠢᠷᠭᠡᠨ ᠤ ᠬᠠᠤᠯᠢ ᠶᠢᠨ ᠪᠢᠴᠢᠭ ᠢ ᠬᠡᠷᠡᠭᠯᠡᠨ ᠠᠷᠠᠳ ᠲᠦᠮᠡᠨ ᠤ ᠡᠷᠬᠡ ᠠᠰᠢᠭ ᠢ ᠬᠠᠮᠠᠭᠠᠯᠠᠬᠤ᠂ ᠵᠥᠷᠢᠴᠡᠯ | ᠵᠢᠭᠤᠷᠠᠯᠳᠤᠭᠠᠨ ᠢ ᠠᠷᠢᠯᠭᠠᠬᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠬᠤ ᠴᠢᠳᠠᠪᠤᠷᠢ | ᠪᠠ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ᠪᠥᠬᠦ ᠣᠷᠣᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠢᠷᠭᠡᠨ ᠤ | ᠬᠠᠤᠯᠢ ᠶᠢᠨ ᠪᠢᠴᠢᠭ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠵᠠᠯᠠᠭᠤᠴᠤᠳ | ᠪᠠᠭᠠᠴᠤᠳ ᠤᠨ ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ᠃︽ᠰᠠᠶᠢᠨ | ᠰᠠᠶᠢᠬᠠᠨ ᠠᠮᠢᠳᠤᠷᠠᠯ ᠢᠷᠭᠡᠨ ᠤ ᠬᠠᠤᠯᠢ ᠶᠢᠨ ᠪᠢᠴᠢᠭ ᠢ ᠬᠠᠮᠲᠤ ᠪᠠᠶᠢᠯᠭᠠᠬᠤ︾ ᠭᠤᠣᠯ ᠰᠡᠳᠦᠪᠲᠦ | ᠤᠬᠠᠭᠤᠯᠭ᠎ᠠ ᠪᠠ ︽ᠢᠷᠭᠡᠨ ᠤ ᠬᠠᠤᠯᠢ ᠶᠢᠨ ᠪᠢᠴᠢᠭ ᠤᠨ ᠤᠬᠠᠭᠤᠯᠭ᠎ᠠ ᠶᠢᠨ ᠰᠠᠷ᠎ᠠ︾ ᠶᠢᠨ ᠲᠥᠪᠯᠡᠷᠡᠩᠭᠦᠢ | ᠤᠬᠠᠭᠤᠯᠭ᠎ᠠ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠪᠠᠶᠢᠩᠭᠤᠵᠢᠭᠤᠯᠤᠭᠰᠠᠨ ᠤᠬᠠᠭᠤᠯᠭ᠎ᠠ ᠶᠢᠨ | ᠲᠣᠭᠲᠠᠴᠠ ᠶᠢ ᠪᠠᠶᠢᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠯᠧᠺᠲ᠋ᠣᠷ ᠤᠨ | ᠪᠦᠯᠬᠦᠮ ᠤᠨ ᠤᠬᠠᠭᠤᠯᠤᠨ ᠲᠠᠶᠢᠯᠪᠤᠷᠢᠯᠠᠬᠤ ᠦᠢᠯᠡᠳᠦᠯ ᠢ ᠪᠠᠳᠠᠷᠠᠭᠤᠯᠵᠤ᠂ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠲᠠᠶᠢᠯᠤᠮᠵᠢ᠂ ᠬᠠᠤᠯᠢ ᠴᠠᠭᠠᠵᠠ ᠶᠢᠨ ᠯᠠᠪᠯᠠᠯᠭ᠎ᠠ᠂ ᠰᠦᠯᠵᠢᠶᠡᠨ ᠤ ᠰᠢᠨ᠎ᠡ | ᠵᠠᠭᠤᠴᠢᠯᠠᠭᠤᠷ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠂ ᠰᠦᠯᠵᠢᠶᠡᠨ ᠳᠡᠭᠡᠷᠡᠬᠢ | ᠮᠡᠳᠡᠯᠭᠡ ᠶᠢᠨ ᠥᠷᠢᠰᠦᠯᠳᠦᠭᠡᠨ ᠤ ᠬᠠᠷᠢᠭᠤᠯᠲᠠ ᠵᠡᠷᠭᠡ ᠬᠡᠯᠪᠡᠷᠢ ᠪᠠᠷ ᠳᠠᠮᠵᠢᠭᠤᠯᠤᠨ᠂ ᠢᠷᠭᠡᠨ ᠤ ᠬᠠᠤᠯᠢ ᠶᠢᠨ | ᠪᠢᠴᠢᠭ ᠢ ᠰᠤᠷᠤᠯᠴᠠᠵᠤ ᠤᠬᠠᠭᠤᠯᠬᠤ ᠲᠦᠷᠦᠯ ᠲᠡᠮᠳᠡᠭ ᠢ ᠡᠭᠦᠳᠴᠦ᠂ ᠡᠯ᠎ᠡ ᠰᠠᠯᠠᠭ᠎ᠠ ᠮᠥᠴᠢᠷ ᠨᠢᠭᠡᠴᠢ ᠶᠢᠨ | ᠢᠷᠭᠡᠨ ᠤ ᠬᠠᠤᠯᠢ ᠶᠢᠨ ᠪᠢᠴᠢᠭ ᠤᠨ ᠵᠢᠭᠰᠠᠭᠠᠯ ᠤᠨ ᠭᠠᠵᠠᠷ ᠪᠠᠶᠢᠭᠤᠯᠬᠤ ᠶᠢ ᠵᠣᠷᠢᠭᠵᠢᠭᠤᠯᠵᠤ᠂ ᠢᠷᠭᠡᠨ ᠤ | ᠬᠠᠤᠯᠢ ᠶᠢᠨ ᠪᠢᠴᠢᠭ ᠢ ᠤᠯᠠᠨ ᠲᠦᠮᠡᠨ ᠤ ᠳᠡᠷᠭᠡᠳᠡ ᠬᠦᠷᠭᠡᠵᠦ᠂ ᠤᠯᠠᠨ ᠲᠦᠮᠡᠨ ᠤ ᠰᠡᠳᠬᠢᠯ ᠳᠤ | ᠬᠠᠳᠠᠩᠰᠢᠭᠤᠯᠤᠨ᠎ᠠ᠃ | ︵ᠳᠥᠷᠪᠡ︶ ᠪᠥᠬᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠯᠤᠭ᠎ᠠ ᠨᠢᠭᠲᠠ | ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ ᠤᠬᠠᠭᠤᠯᠬᠤ ᠬᠡᠷᠡᠭᠲᠡᠢ᠃ᠮᠠᠨ ᠤ ᠤᠯᠤᠰ ᠤᠨ | ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠪᠠ | ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢᠨ | ᠱᠠᠭᠠᠷᠳᠠᠯᠭ᠎ᠠ ᠶᠢᠨ ᠲᠣᠭᠤᠷᠢᠨ ᠳᠤ᠂ ᠪᠣᠬᠢᠷᠳᠤᠯ ᠢ ᠰᠡᠷᠭᠡᠶᠢᠯᠡᠨ ᠵᠠᠰᠠᠬᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠶᠢ ᠬᠥᠭᠵᠢᠭᠦᠯᠬᠦ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ᠂ ᠡᠬᠢ ᠪᠠᠶᠠᠯᠢᠭ ᠢ ᠥᠨᠳᠥᠷ | ᠪᠦᠲᠦᠮᠵᠢᠲᠡᠶ ᠪᠠᠷ ᠠᠰᠢᠭᠯᠠᠬᠤ ᠵᠡᠷᠭᠡ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠶᠡᠭᠡ ᠪᠠᠷ ᠤᠬᠠᠭᠤᠯᠤᠨ᠎ᠠ᠃ | ᠮᠠᠨ ᠤ ᠣᠷᠣᠨ ᠤ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠪᠠ ︽ᠳᠤᠮᠳᠠᠳᠤ ᠮᠣᠩᠭᠤᠯ ᠣᠷᠣᠰ ᠤᠨ | ᠠᠵᠤ ᠠᠬᠤᠢ ᠶᠢᠨ ᠬᠤᠩᠭᠢᠯ︾ ᠤᠨ ᠪᠦᠲᠦᠭᠡᠨ ᠪᠠᠶᠢᠭᠤᠯᠤᠯᠲᠠ ᠳᠤ ᠴᠢᠨᠠᠷ ᠰᠠᠶᠢᠲᠠᠢ ᠣᠷᠤᠯᠴᠠᠬᠤ᠂ ᠪᠥᠬᠦ | ᠤᠯᠤᠰ ᠤᠨ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠪᠣᠶ ᠪᠣᠯᠭᠠᠬᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠬᠤᠣᠰ ᠡᠷᠭᠢᠯᠲᠡ ᠳᠤ ᠢᠳᠡᠪᠬᠢᠲᠡᠢ ᠠᠭᠤᠰᠤᠯᠴᠠᠬᠤ᠂ ᠠᠵᠤ ᠠᠬᠤᠢ ᠶᠢᠨ ᠨᠡᠮᠡᠭᠳᠡᠯ ᠤᠨ ᠳᠠᠯᠳᠠ | ᠬᠦᠴᠦᠨ ᠢ ᠠᠭᠤᠳᠠᠯᠬᠤ᠂ ᠭᠠᠵᠠᠷ ᠣᠷᠣᠨ ᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠱᠠᠭᠠᠷᠳᠠᠯᠭ᠎ᠠ ᠶᠢᠨ | ᠲᠣᠭᠤᠷᠢᠨ ᠳᠤ᠂ ᠭᠠᠳᠠᠭᠠᠳᠤ ᠠᠷᠠᠯᠵᠢᠶ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ᠂ | ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠤᠮᠳᠠ ᠵᠢᠵᠢᠭ | ᠠᠵᠤ ᠠᠬᠤᠶᠢᠯᠠᠯ ᠤᠨ ᠬᠥᠭᠵᠢᠯᠲᠡ ᠵᠡᠷᠭᠡ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠶᠡᠬᠡᠪᠡᠷ | ᠤᠬᠠᠭᠤᠯᠤᠨ᠎ᠠ᠃ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠪᠠ | ᠮᠠᠨ ᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢᠨ ︽ᠬᠤᠶᠠᠷ ᠢ | ᠳᠡᠭᠡᠭᠰᠢᠯᠡᠭᠦᠯᠬᠦ︾ ᠢᠨᠵᠧᠨᠧᠷᠢᠩ ᠢ ᠬᠡᠷᠡᠭᠵᠢᠭᠦᠯᠬᠦ ᠶᠢᠨ ᠲᠣᠭᠤᠷᠢᠨ ᠳᠤ᠂ ᠮᠡᠳᠡᠯᠭᠡ ᠶᠢᠨ ᠪᠦᠲᠦᠭᠡᠭᠳᠡᠬᠦᠨ ᠤ | ᠥᠮᠴᠢᠯᠡᠬᠦ ᠡᠷᠬᠡ ᠶᠢ ᠬᠠᠮᠠᠭᠠᠯᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ᠂ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠵᠡᠷᠭᠡ ᠲᠠᠯ᠎ᠠ ᠶᠢᠨ ᠬᠠᠥᠯᠢᠮᠠᠨ ᠤ ᠣᠷᠣᠨ ᠤ | ᠬᠥᠩᠭᠡᠨ ᠴᠠᠭᠠᠨ ᠤ ᠠᠵᠤ ᠦᠢᠯᠡᠰ ᠤᠨ ᠪᠣᠬᠢᠷᠳᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ | ᠵᠢᠱᠢᠶ᠎ᠡ ᠦᠵᠡᠭᠦᠯᠬᠦ ᠣᠷᠣᠨ᠂ ᠬᠠᠲᠤᠨ ᠭᠤᠣᠯ ᠤᠨ ᠨᠤᠭᠤ ᠭᠠᠵᠠᠷ ᠤᠨ ᠠᠮᠢ ᠠᠬᠤᠢ ᠶᠢᠨ ᠣᠶᠢᠯᠠᠭᠠᠯᠲᠠ ᠪᠠ | ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠲᠥᠯᠥᠨ ᠳᠠᠭᠠᠭᠤᠯᠬᠤ ᠣᠷᠣᠨ᠂ ᠰᠣᠶᠣᠯ ᠬᠤᠳᠠᠯᠳᠤᠭ᠎ᠠ | ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠤᠨ ᠤᠷᠢᠳ ᠢᠶᠠᠷ ᠬᠡᠷᠡᠭᠵᠢᠭᠦᠯᠬᠦ ᠣᠷᠣᠨ᠂ ᠣᠳᠣ ᠦᠶ᠎ᠡ ᠶᠢᠨ | ᠲᠠᠷᠢᠶᠠᠯᠠᠩ ᠤᠨ ᠬᠥᠭᠵᠢᠯᠲᠡ ᠶᠢᠨ ᠲᠥᠪᠯᠡᠷᠡᠭᠰᠡᠨ ᠣᠷᠣᠨ᠂ ᠴᠢᠨᠠᠷ ᠰᠠᠶᠢᠲᠠᠢ ᠣᠯᠠᠨ ᠨᠡᠶᠢᠲᠡ ᠶᠢᠨ ᠦᠢᠯᠡᠴᠢᠯᠡᠭᠡᠨ ᠤ | ᠪᠠᠲᠤᠯᠠᠭ᠎ᠠ ᠶᠢᠨ ᠣᠷᠣᠨ ᠢ ᠪᠠᠶᠢᠭᠤᠯᠬᠤ ︽ᠲᠠᠪᠤᠨ ᠣᠷᠣᠨ ᠤ ᠬᠠᠷᠠᠯᠲᠠ︾ ᠶᠢᠨ ᠲᠣᠭᠤᠷᠢᠨ ᠳᠤ᠂ ᠡᠨᠧᠷᠭᠢ ᠶᠢᠨ | ᠮᠠᠲ᠋ᠧᠷᠢᠶᠠᠯ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ᠂ ᠲᠠᠷᠢᠶᠠᠯᠠᠩ ᠣᠶ ᠰᠢᠭᠤᠢ ᠮᠠᠯ ᠠᠵᠤ ᠠᠬᠤᠢ | ᠵᠢᠭᠠᠰᠤᠨ ᠠᠵᠤ ᠠᠬᠤᠢ᠂ ᠰᠣᠶᠣᠯ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ᠂ ᠠᠷᠠᠯᠵᠢᠶ᠎ᠠ ᠬᠤᠳᠠᠯᠳᠤᠭᠠᠨ ᠤ | ᠭᠦᠢᠯᠭᠡᠭᠡ ᠵᠡᠷᠭᠡ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠶᠡᠬᠡᠪᠡᠷ ᠤᠬᠠᠭᠤᠯᠤᠨ᠎ᠠ᠃ᠮᠠᠨ ᠤ ᠣᠷᠣᠨ ᠤ | ᠬᠥᠩᠭᠡᠨ ᠴᠠᠭᠠᠨ ᠤ ᠦᠢᠯᠡᠰ ᠤᠨ ᠬᠦᠷᠢᠶᠡᠯᠡᠩ ᠲᠣᠭᠤᠷᠢᠭ᠂ ᠡᠮᠦᠨᠡᠲᠦ ᠬᠡᠰᠡᠭ ᠤᠨ ᠭᠠᠵᠠᠷ ᠣᠷᠣᠨ᠂ ᠪᠧᠢ ᠯᠢᠶᠠᠩ | ᠭᠠᠵᠠᠷ ᠣᠷᠣᠨ᠂ ᠵᠡᠭᠦᠨ ᠬᠡᠰᠡᠭ ᠤᠨ ᠲᠠᠷᠢᠶᠠᠯᠠᠬᠤ ᠣᠷᠣᠨ᠂ ᠲᠥᠪ ᠬᠤᠲᠠ ᠶᠢᠨ ᠲᠣᠭᠤᠷᠢᠭ ᠢ ᠪᠦᠲᠦᠭᠡᠨ | ᠪᠠᠶᠢᠭᠤᠯᠬᠤ ︽ᠲᠠᠪᠤᠨ ᠶᠡᠭᠡ ᠪᠦᠯᠬᠦᠮ ᠪᠠᠶᠢᠭᠤᠯᠬᠤ︾ ᠬᠠᠷᠠᠯᠲᠠ ᠶᠢᠨ ᠲᠣᠭᠤᠷᠢᠨ ᠳᠤ᠂ ᠲᠥᠪᠯᠡᠷᠡᠭᠦᠯᠦᠨ | ᠲᠥᠪᠯᠡᠷᠡᠭᠦᠯᠵᠦ ᠡᠷᠴᠢᠮᠵᠢᠭᠦᠯᠦᠨ ᠬᠥᠭᠵᠢᠭᠦᠯᠬᠦ ᠶᠢ ᠪᠠᠷᠢᠮᠲᠠᠯᠠᠨ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ | ᠨᠡᠭᠡᠭᠡᠨ ᠬᠥᠭᠵᠢᠭᠦᠯᠵᠦ ᠬᠠᠮᠠᠭᠠᠯᠠᠬᠤ ᠰᠢᠨ᠎ᠡ ᠪᠠᠶᠢᠷᠢᠰᠢᠯ ᠢ ᠪᠠᠶᠢᠭᠤᠯᠵᠤ᠂ ᠬᠤᠲᠠ ᠶᠢᠨ ᠲᠥᠯᠦᠪᠵᠢᠭᠦᠯᠭᠡ᠂ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠶᠢᠨ | ᠬᠠᠤᠯᠢ ᠴᠠᠭᠠᠵᠠ ᠬᠠᠤᠯᠢ ᠲᠣᠭᠲᠠᠭᠠᠯ ᠢ ᠶᠡᠬᠡᠪᠡᠷ ᠤᠬᠠᠭᠤᠯᠤᠨ᠎ᠠ᠃ | ︵ᠲᠠᠪᠤ︶ ᠨᠡᠶᠢᠭᠡᠮ ᠤᠨ ᠵᠠᠰᠠᠯᠲᠠ ᠯᠤᠭ᠎ᠠ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠬᠠᠤᠯᠢ ᠲᠣᠭᠲᠠᠭᠠᠯ ᠢ | ᠭᠦᠨᠵᠡᠭᠡᠢ ᠤᠬᠠᠭᠤᠯᠤᠨ᠎ᠠ᠃ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ | ᠪᠠᠬᠢᠵᠢᠭᠦᠯᠬᠦ ᠯᠦᠭᠡ ᠨᠢᠭᠲᠠ ᠬᠤᠯᠪᠣᠭ᠎ᠠ ᠲᠠᠢ ᠤᠯᠤᠰ ᠤᠨ ᠠᠮᠤᠷ ᠲᠦᠪᠰᠢᠨ᠂ ᠤᠯᠠᠨ ᠨᠡᠶᠢᠲᠡ ᠶᠢᠨ ᠠᠮᠤᠷ ᠲᠦᠪᠰᠢᠨ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠬᠦᠷᠢᠶᠡᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠢ | ᠤᠬᠠᠭᠤᠯᠤᠨ᠎ᠠ᠃ᠤᠯᠤᠰ ᠤᠨ ᠵᠠᠰᠠᠭ ᠤᠨ ᠡᠷᠬᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ | ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠶᠡᠷᠦᠩᠬᠡᠢ ᠴᠣᠭᠴᠠ ᠶᠢᠨ ᠤᠯᠤᠰ ᠤᠨ | ᠠᠮᠤᠷ ᠲᠦᠪᠰᠢᠨ ᠤ ᠦᠵᠡᠯᠲᠡ ᠪᠠ ᠤᠯᠤᠰ ᠤᠨ ᠠᠮᠤᠷ ᠲᠦᠪᠰᠢᠨ ᠤ ᠬᠠᠤᠯᠢ᠂ ᠤᠯᠤᠰ ᠣᠷᠣᠨ ᠢ | ᠬᠠᠭᠠᠴᠠᠭᠤᠯᠬᠤ ᠶᠢ ᠡᠰᠡᠷᠭᠦᠴᠡᠬᠦ ᠬᠠᠤᠯᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠠᠤᠯᠢ᠂ ᠰᠦᠷᠳᠡᠭᠦᠯᠬᠦ | ᠦᠵᠡᠯ ᠢ ᠡᠰᠡᠷᠭᠦᠴᠡᠬᠦ ᠬᠠᠤᠯᠢ᠂ ᠠᠮᠢᠳᠤ ᠪᠣᠳᠠᠰ ᠤᠨ ᠠᠮᠤᠷ ᠲᠦᠪᠰᠢᠨ ᠤ ᠬᠠᠤᠯᠢ᠂ ᠰᠦᠯᠵᠢᠶᠡᠨ ᠤ ᠠᠮᠤᠷ | ᠲᠦᠪᠰᠢᠨ ᠤ ᠬᠠᠤᠯᠢ ᠵᠡᠷᠭᠡ ᠶᠢ ᠶᠡᠭᠡ ᠪᠠᠷ ᠤᠬᠠᠭᠤᠯᠵᠤ᠂ ︽4·15︾·15 ᠤ ᠪᠦᠬᠦ ᠠᠷᠠᠳ ᠤᠨ ᠤᠯᠤᠰ ᠤᠨ | ᠠᠮᠤᠷ ᠲᠦᠪᠰᠢᠨ ᠤ ᠬᠥᠮᠦᠵᠢᠯ ᠤᠨ ᠡᠳᠦᠷ ᠲᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠪᠠ ᠠᠶᠤᠯ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠨᠡᠮᠡᠭᠳᠡᠭᠦᠯᠦᠨ᠎ᠡ᠃ᠦᠨᠳᠦᠰᠦᠲᠡᠨ ᠤ ᠪᠦᠯᠬᠦᠮᠳᠡᠯ ᠤᠨ ᠶᠡᠭᠡ | ᠲᠠᠯ᠎ᠠ ᠶᠢ ᠪᠠᠬᠢᠵᠢᠭᠦᠯᠦᠨ ᠬᠥᠭᠵᠢᠭᠦᠯᠬᠦ ᠶᠢᠨ ᠲᠣᠭᠤᠷᠢᠨ ᠳᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ | ᠬᠠᠤᠯᠢ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ ᠵᠢᠴᠢ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ ᠵᠡᠷᠭᠡ ᠬᠠᠤᠯᠢ ᠴᠠᠭᠠᠵᠠ ᠬᠠᠤᠯᠢ | ᠲᠣᠭᠲᠠᠭᠠᠯ ᠪᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠶᠡᠬᠡᠪᠡᠷ ᠤᠬᠠᠭᠤᠯᠵᠤ᠂ ︽ | ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠭᠤᠣᠯ ᠰᠡᠳᠦᠪᠲᠦ ᠤᠬᠠᠭᠤᠯᠭ᠎ᠠ ᠶᠢᠨ | ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠦᠵᠡᠯ ᠤᠬᠠᠮᠰᠠᠷ ᠢ ᠦᠨᠡᠨᠬᠦ ᠪᠠᠲᠤᠳᠬᠠᠨ᠎ᠠ᠃ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠢ | ᠪᠠᠲᠤᠯᠠᠬᠤ ᠲᠠᠢ ᠤᠶᠠᠯᠳᠤᠭᠤᠯᠤᠨ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ᠂ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠵᠠᠰᠠᠬᠤ᠂ ᠠᠶᠤᠯᠭᠦᠢ ᠦᠢᠯᠡᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ | ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠡᠷᠭᠡ ᠲᠠᠯ᠎ᠠ ᠶᠢᠨ ᠬᠠᠤᠯᠢ ᠴᠠᠭᠠᠵᠠ | ᠬᠠᠤᠯᠢ ᠲᠣᠭᠲᠠᠭᠠᠯ ᠢ ᠶᠡᠭᠡ ᠪᠠᠷ ᠤᠬᠠᠭᠤᠯᠵᠤ᠂ ᠪᠦᠬᠦ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠬᠤ ᠪᠠᠶᠢᠳᠠᠯ | ᠳᠣᠣᠷ᠎ᠠ ᠬᠠᠤᠯᠢ ᠶᠣᠰᠣᠭᠠᠷ ᠠᠵᠢᠯᠯᠠᠬᠤ᠂ ᠬᠠᠤᠯᠢ ᠶᠣᠰᠣᠭᠠᠷ ᠠᠵᠢᠯᠯᠠᠬᠤ᠂ ᠨᠡᠶᠢᠭᠡᠮ ᠤᠨ ᠡᠮᠬᠢ ᠵᠢᠷᠤᠮ ᠢ ᠬᠠᠤᠯᠢ | ᠶᠣᠰᠣᠭᠠᠷ ᠬᠠᠮᠠᠭᠠᠯᠠᠬᠤ ᠶᠢ ᠠᠬᠢᠭᠤᠯᠵᠤ᠂ ᠤᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ᠂ ᠬᠤᠲᠠ ᠶᠢᠨ ᠶᠠᠰᠤ ᠴᠢᠨᠠᠷ᠂ | ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ᠂ ᠠᠷᠠᠳ ᠤᠨ ᠠᠮᠢᠳᠤᠷᠠᠯ ᠤᠨ ᠠᠵᠠ ᠵᠢᠷᠭᠠᠯ᠂ | ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢᠨ ︽ᠲᠠᠪᠤᠨ ᠶᠡᠭᠡ ᠳᠡᠭᠡᠭᠰᠢᠯᠡᠯᠲᠡ︾ ᠶᠢ ᠪᠡᠶᠡᠯᠡᠭᠦᠯᠬᠦ ᠶᠢᠨ | ᠲᠣᠭᠤᠷᠢᠨ ᠳᠤ᠂ ᠨᠡᠩ ᠥᠨᠳᠥᠷ ᠲᠦᠪᠰᠢᠨ ᠪᠦᠬᠦᠢ ᠬᠠᠤᠯᠢᠵᠢᠯ ᠤᠨ ᠵᠡᠭᠦᠨ ᠭᠤᠣᠯ ᠤᠨ ᠪᠦᠲᠦᠭᠡᠨ | ᠪᠠᠶᠢᠭᠤᠯᠤᠯᠲᠠ ᠶᠢᠨ ᠬᠡᠷᠡᠭᠴᠡᠭᠡ ᠳᠤ ᠦᠢᠯᠡᠴᠢᠯᠡᠵᠦ᠂ ᠬᠠᠷ᠎ᠠ ᠬᠠᠷᠭᠢᠰ ᠬᠦᠴᠦᠨ ᠢ ᠠᠷᠢᠯᠭᠠᠬᠤ᠂ ᠢᠳᠡᠭᠡᠨ ᠤ ᠵᠦᠢᠯ | ᠡᠮ ᠤᠨ ᠵᠦᠢᠯ ᠤᠨ ᠠᠮᠤᠷ ᠲᠦᠪᠰᠢᠨ᠂ ᠬᠤᠣᠷᠲᠤ ᠡᠳ᠋ ᠢ ᠤᠷᠢᠳᠴᠢᠯᠠᠨ ᠰᠡᠷᠭᠡᠶᠢᠯᠡᠬᠦ᠂ ᠨᠡᠶᠢᠭᠡᠮ ᠲᠣᠭᠤᠷᠢᠭ ᠤᠨ | ᠬᠠᠮᠢᠶᠠᠷᠤᠯᠲᠠ ᠦᠢᠯᠡᠴᠢᠯᠡᠭᠡ᠂ ᠬᠥᠳᠡᠯᠮᠦᠷᠢ ᠶᠢᠨ ᠪᠠᠲᠤᠯᠠᠭ᠎ᠠ᠂ ᠭᠡᠷ ᠪᠦᠯᠢ ᠶᠢᠨ ᠬᠦᠴᠦᠷᠬᠡᠭᠯᠡᠯ ᠢ ᠰᠡᠷᠭᠡᠶᠢᠯᠡᠨ ᠵᠠᠰᠠᠬᠤ᠂ | ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ᠂ ᠴᠠᠬᠢᠯᠭᠠᠨ ᠬᠤᠯᠪᠣᠭᠠᠨ ᠤ ᠮᠡᠬᠡᠯᠡᠯ ᠢ ᠤᠷᠢᠳᠴᠢᠯᠠᠨ | ᠰᠡᠷᠭᠡᠶᠢᠯᠡᠬᠦ᠂ ᠶᠠᠯᠠᠲᠤ ᠠᠵᠢᠯᠯᠠᠭ᠎ᠠ ᠶᠢ ᠵᠠᠯᠬᠠᠭᠠᠨ ᠰᠢᠳᠬᠡᠬᠦ ᠪᠠ ᠤᠷᠢᠳᠴᠢᠯᠠᠨ ᠰᠡᠷᠭᠡᠶᠢᠯᠡᠬᠦ᠂ ᠵᠠᠷᠭᠤᠯᠳᠤᠬᠤ ᠪᠠ ᠦᠯᠦ | ᠵᠠᠷᠭᠤᠯᠳᠤᠬᠤ ᠵᠢᠷᠤᠮ ᠤᠨ ᠬᠠᠤᠯᠢ ᠵᠡᠷᠭᠡ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠶᠡᠭᠡ ᠪᠠᠷ | ᠤᠬᠠᠭᠤᠯᠵᠤ᠂ ᠨᠡᠶᠢᠭᠡᠮ ᠤᠨ ᠲᠣᠭᠲᠠᠭᠤᠨ ᠪᠠᠶᠢᠳᠠᠯ ᠪᠠ ᠠᠷᠠᠳ ᠲᠦᠮᠡᠨ ᠤ ᠠᠮᠤᠷ ᠲᠣᠭᠲᠠᠭᠤᠨ ᠢ ᠬᠠᠤᠯᠢ ᠶᠣᠰᠣᠭᠠᠷ | ᠪᠠᠲᠤᠯᠠᠵᠤ᠂ ᠵᠣᠯ ᠵᠢᠷᠭᠠᠯᠲᠤ ᠠᠮᠤᠷ ᠠᠮᠤᠭᠤᠯᠠᠩ ᠬᠤᠳᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ | ︵ᠵᠢᠷᠭᠤᠭ᠎ᠠ︶ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠭᠦᠨᠵᠡᠭᠡᠢ ᠤᠬᠠᠭᠤᠯᠤᠨ᠎ᠠ᠃ᠨᠠᠮ ᠤᠨ | ᠳᠦᠷᠢᠮ᠂ ᠪᠠᠷᠢᠮᠵᠢᠶ᠎ᠠ᠂ ᠳᠦᠷᠢᠮ ᠢᠶᠠᠷ ᠭᠤᠣᠯᠳᠠᠯᠭ᠎ᠠ ᠪᠣᠯᠭᠠᠨ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ | ᠭᠦᠨᠵᠡᠭᠡᠢ ᠰᠤᠷᠤᠯᠴᠠᠨ ᠤᠬᠠᠭᠤᠯᠤᠨ᠎ᠠ᠃ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠤᠬᠠᠭᠤᠯᠭ᠎ᠠ ᠶᠢ | ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠲᠠᠢ ᠵᠣᠯᠭᠠᠭᠤᠯᠤᠨ ᠵᠣᠬᠢᠴᠠᠭᠤᠯᠬᠤ ᠶᠢ ᠴᠢᠬᠤᠯᠠᠴᠢᠯᠠᠵᠤ᠂ | ᠨᠠᠮ ᠤᠨ ᠳᠦᠷᠢᠮ ᠢ ᠰᠤᠷᠤᠯᠴᠠᠨ ᠤᠬᠠᠭᠤᠯᠬᠤ ᠶᠢ ᠲᠤᠪᠤᠶᠢᠯᠭᠠᠵᠤ᠂ ᠥᠷᠭᠡᠨ ᠤᠯᠠᠨ ᠨᠠᠮ ᠤᠨ ᠭᠡᠰᠢᠭᠦᠨ ᠢ | ᠬᠥᠮᠥᠵᠢᠭᠦᠯᠦᠨ ᠨᠠᠮ ᠤᠨ ᠳᠦᠷᠢᠮ ᠢ ᠬᠦᠨᠳᠦᠳᠬᠡᠬᠦ᠂ ᠨᠠᠮ ᠤᠨ ᠳᠦᠷᠢᠮ ᠢ ᠵᠢᠷᠤᠮᠯᠠᠬᠤ᠂ ᠨᠠᠮ ᠤᠨ ᠳᠦᠷᠢᠮ ᠢ | ᠲᠤᠭᠤᠰᠢᠯᠠᠭᠤᠯᠬᠤ᠂ ᠨᠠᠮ ᠤᠨ ᠳᠦᠷᠢᠮ ᠢ ᠬᠠᠮᠠᠭᠠᠯᠠᠬᠤ ᠪᠣᠯᠭᠠᠨ᠎ᠠ;ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ | ᠪᠠᠷᠢᠮᠵᠢᠶ᠎ᠠ᠂ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ ᠵᠡᠷᠭᠡ ᠨᠠᠮ ᠤᠨ ᠳᠣᠲᠣᠭᠠᠳᠤ ᠶᠢᠨ ᠬᠠᠤᠯᠢ | ᠲᠣᠭᠲᠠᠭᠠᠯ ᠢ ᠶᠡᠭᠡ ᠪᠠᠷ ᠤᠬᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ | ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠤᠬᠠᠮᠰᠠᠷ ᠢ ᠨᠢ ᠴᠢᠩᠭᠠᠷᠠᠭᠤᠯᠵᠤ᠂ ᠨᠠᠮ ᠤᠨ ᠲᠣᠭᠲᠠᠭᠠᠯ | ᠨᠠᠮ ᠤᠨ ᠰᠠᠬᠢᠯᠭ᠎ᠠ ᠪᠠᠲᠤ ᠶᠢᠨ ᠤᠬᠠᠮᠰᠠᠷ ᠠᠴᠠ ᠪᠠᠨ ᠬᠦᠨᠳᠦᠳᠬᠡᠭᠴᠢ᠂ ᠵᠢᠱᠢᠶᠡᠴᠢ ᠪᠠᠷ ᠵᠢᠷᠤᠮᠯᠠᠭᠴᠢ᠂ ᠡᠷᠡᠰ ᠪᠠᠲᠤ | ᠬᠠᠮᠠᠭᠠᠯᠠᠭᠴᠢ ᠪᠣᠯᠭᠠᠨ᠎ᠠ᠃ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠰᠤᠷᠤᠯᠴᠠᠨ ᠡᠵᠡᠮᠰᠢᠬᠦ ᠶᠢ ᠨᠠᠮ ᠤᠨ | ᠭᠡᠰᠢᠭᠦᠨ ᠤ ᠵᠠᠪᠠᠯ ᠰᠤᠷᠬᠤ ᠰᠠᠭᠤᠷᠢ ᠬᠢᠴᠢᠶᠡᠯ ᠪᠣᠯᠭᠠᠵᠤ᠂ ᠬᠢᠷᠢ ᠲᠡᠩᠴᠡᠭᠰᠡᠨ ᠨᠠᠮ ᠤᠨ ᠭᠡᠰᠢᠭᠦᠨ ᠤ ᠦᠨᠳᠦᠰᠦᠨ | ᠱᠠᠭᠠᠷᠳᠠᠯᠭ᠎ᠠ ᠪᠣᠯᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ︽ᠭᠤᠷᠪᠠᠨ ᠬᠤᠷᠠᠯ ᠨᠢᠭᠡ ᠬᠢᠴᠢᠶᠡᠯ︾ ᠤᠨ | ᠠᠭᠤᠯᠭ᠎ᠠ ᠳᠤ ᠣᠷᠣᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠡᠳᠦᠷ ᠲᠤᠳᠤᠮ ᠤᠨ ᠬᠢᠨᠠᠨ ᠰᠢᠯᠭᠠᠯᠲᠠ ᠳᠤ | ᠣᠷᠣᠭᠤᠯᠵᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠰᠤᠷᠤᠯᠴᠠᠯᠭ᠎ᠠ ᠤᠬᠠᠭᠤᠯᠭ᠎ᠠ ᠶᠢ | ᠪᠠᠶᠢᠩᠭᠤᠵᠢᠭᠤᠯᠬᠤ ᠪᠠ ᠳᠦᠷᠢᠮᠵᠢᠭᠦᠯᠬᠦ ᠶᠢ ᠠᠬᠢᠭᠤᠯᠤᠨ᠎ᠠ᠃ | ︵ᠳᠣᠯᠤᠭ᠎ᠠ︶ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠳᠦᠷᠢᠮ | ᠲᠣᠭᠲᠠᠭᠠᠯ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠨ᠎ᠠ᠃ᠥᠪᠡᠷᠲᠡᠭᠡᠨ ᠵᠠᠰᠠᠬᠤ ᠣᠷᠣᠨ᠂ | ᠪᠤᠭᠤᠲᠤ ᠬᠤᠲᠠ ᠪᠣᠯᠣᠨ ᠳ᠋ᠦᠩ ᠾᠧ ᠲᠣᠭᠤᠷᠢᠭ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠶᠢᠨ | ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠰᠢᠨ᠎ᠡ ᠪᠠᠷ ᠲᠣᠭᠲᠠᠭᠠᠭᠰᠠᠨ ᠪᠠ | ᠵᠠᠰᠠᠪᠤᠷᠢ ᠣᠷᠣᠭᠤᠯᠤᠭᠰᠠᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠵᠠᠰᠠᠭ ᠤᠨ ᠣᠷᠳᠣᠨ ᠤ ᠳᠦᠷᠢᠮ | ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠦᠨᠡᠨᠬᠦ ᠴᠢᠩᠭᠠᠳᠬᠠᠵᠤ᠂ ᠲᠡᠳᠡᠨ ᠤ ᠮᠠᠨ ᠤ ᠣᠷᠣᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢ ᠵᠢᠷᠤᠮᠵᠢᠭᠤᠯᠤᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ | ᠬᠠᠤᠯᠢ ᠴᠠᠭᠠᠵᠠ ᠶᠢᠨ ᠦᠵᠡᠯ ᠤᠬᠠᠮᠰᠠᠷ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠤᠨ᠎ᠠ᠃ | ᠭᠤᠷᠪᠠ᠂ ᠬᠠᠤᠯᠢ ᠲᠦᠭᠡᠮᠡᠯᠵᠢᠭᠦᠯᠬᠦ ᠭᠤᠣᠯᠳᠠᠯᠭ᠎ᠠ ᠲᠠᠢ ᠡᠲᠡᠭᠡᠳ ᠢ ᠡᠵᠡᠮᠳᠡᠵᠦ᠂ ᠠᠷᠠᠳ ᠢᠷᠭᠡᠳ ᠤᠨ ᠬᠠᠤᠯᠢ ᠪᠠᠷ | ᠵᠠᠰᠠᠬᠤ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ | ᠲᠦᠷᠦ ᠶᠢᠨ ᠠᠵᠢᠯᠲᠠᠨ᠂ ᠵᠠᠯᠠᠭᠤᠴᠤᠳ ᠪᠠᠭᠠᠴᠤᠳ᠂ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ | ᠠᠵᠢᠯᠲᠠᠨ᠂ ᠲᠣᠰᠬᠤᠨ ︵ᠰᠠᠭᠤᠭᠠᠯᠢ︶ ᠠᠷᠠᠳ ᠵᠡᠷᠭᠡ ᠪᠠᠷ ᠭᠤᠣᠯᠳᠠᠯᠭ᠎ᠠ ᠪᠣᠯᠭᠠᠨ᠂ ᠠᠷᠠᠳ ᠢᠷᠭᠡᠳ ᠤᠨ ᠨᠠᠰᠤᠨ | ᠲᠤᠷᠰᠢᠲᠠ ᠶᠢᠨ ᠬᠠᠤᠯᠢ ᠪᠠᠷ ᠵᠠᠰᠠᠬᠤ ᠬᠥᠮᠦᠵᠢᠯ ᠢ ᠬᠡᠷᠡᠭᠵᠢᠭᠦᠯᠵᠦ᠂ ᠠᠷᠠᠳ ᠨᠡᠶᠢᠲᠡ ᠶᠢᠨ ᠬᠠᠤᠯᠢ ᠪᠠᠷ ᠵᠠᠰᠠᠬᠤ | ᠤᠬᠠᠮᠰᠠᠷ ᠪᠠ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | ︵ᠨᠢᠭᠡ︶ ᠲᠥᠷᠥ ᠶᠢᠨ ᠠᠵᠢᠯᠲᠠᠨ ᠤ ᠬᠠᠤᠯᠢ ᠪᠠᠷ ᠵᠠᠰᠠᠬᠤ ᠬᠥᠮᠦᠵᠢᠯ ᠢ ᠦᠷᠭᠦᠯᠵᠢᠯᠡᠨ ᠠᠬᠢᠭᠤᠯᠤᠨ᠎ᠠ᠃ | ᠬᠠᠤᠯᠢ ᠪᠠᠷ ᠵᠠᠰᠠᠬᠤ ᠬᠥᠮᠦᠵᠢᠯ ᠢ ᠺᠠᠳ᠋ᠷ ᠤᠨ ᠬᠥᠮᠦᠵᠢᠯ ᠤᠨ ᠰᠢᠰᠲ᠋ᠧᠮ ᠳᠤ ᠣᠷᠣᠭᠤᠯᠵᠤ᠂ ᠤᠳᠤᠷᠢᠳᠬᠤ ᠺᠠᠳ᠋ᠷ | ᠭᠡᠬᠦ ᠡᠨᠡ ᠬᠦ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠠᠳᠬᠤᠨ ᠠᠪᠬᠤ ᠶᠢ ᠪᠠᠷᠢᠮᠲᠠᠯᠠᠵᠤ᠂ ᠨᠠᠮ ᠤᠨ | ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠠᠤᠯᠢ | ᠰᠤᠷᠤᠯᠴᠠᠬᠤ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠠᠤᠯᠢ ᠰᠤᠷᠤᠯᠴᠠᠬᠤ᠂ ︽ᠨᠢᠭᠡᠳᠦᠭᠡᠷ ᠭᠠᠷ︾ ᠤᠨ | ᠬᠠᠤᠯᠢ ᠲᠠᠶᠢᠯᠪᠤᠷᠢᠯᠠᠬᠤ᠂ ᠤᠳᠤᠷᠢᠳᠬᠤ ᠺᠠᠳ᠋ᠷ ᠤᠨ ᠲᠤᠰᠢᠶᠠᠯ ᠳᠤ ᠭᠠᠷᠬᠤ ᠠᠴᠠ ᠡᠮᠦᠨᠡᠬᠢ ᠬᠠᠤᠯᠢ ᠴᠠᠭᠠᠵᠠ ᠶᠢᠨ | ᠮᠡᠳᠡᠯᠭᠡ ᠶᠢ ᠰᠢᠯᠭᠠᠨ ᠪᠠᠶᠢᠴᠠᠭᠠᠬᠤ᠂ ᠲᠢᠩᠬᠢᠮ ᠤᠨ ᠰᠢᠭᠦᠯᠲᠡ ᠶᠢ ᠰᠤᠯᠠ ᠰᠣᠨᠣᠰᠬᠤ᠂ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠵᠡᠷᠭᠡ ᠳᠦᠷᠢᠮ ᠢ | ᠨᠠᠶᠢᠳᠠᠪᠤᠷᠢᠵᠢᠭᠤᠯᠵᠤ᠂ ᠤᠳᠤᠷᠢᠳᠬᠤ ᠺᠠᠳ᠋ᠷᠴᠤᠳ ᠤᠨ ᠮᠡᠳᠡᠪᠡᠯ ᠵᠣᠬᠢᠬᠤ ᠬᠠᠤᠯᠢ ᠴᠠᠭᠠᠵᠠ ᠬᠠᠤᠯᠢ ᠲᠣᠭᠲᠠᠭᠠᠯ ᠤᠨ | ᠲᠣᠳᠣᠷᠬᠠᠢ ᠬᠠᠭᠤᠳᠠᠰᠤ ᠶᠢᠨ ᠳᠦᠷᠢᠮ ᠢ ᠪᠠᠶᠢᠭᠤᠯᠵᠤ᠂ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠤ ᠵᠢᠯ ᠤᠨ | ᠡᠴᠦᠰ ᠲᠤ ᠬᠠᠤᠯᠢ ᠶᠢ ᠲᠣᠭᠠᠴᠢᠬᠤ ᠳᠦᠷᠢᠮ ᠢ ᠲᠦᠯᠬᠢᠨ ᠠᠬᠢᠭᠤᠯᠵᠤ᠂ ᠡᠯ᠎ᠡ ᠱᠠᠲᠤᠨ ᠤ ᠤᠳᠤᠷᠢᠳᠤᠯᠭ᠎ᠠ ᠶᠢᠨ | ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ᠂ ᠬᠥᠭᠵᠢᠯᠲᠡ ᠶᠢ ᠲᠦᠯᠬᠢᠨ ᠠᠬᠢᠭᠤᠯᠬᠤ᠂ ᠵᠥᠷᠢᠴᠡᠯ ᠢ ᠠᠷᠢᠯᠭᠠᠬᠤ᠂ ᠲᠣᠭᠲᠠᠭᠤᠨ ᠪᠠᠶᠢᠳᠠᠯ ᠢ | ᠬᠠᠮᠠᠭᠠᠯᠠᠬᠤ᠂ ᠠᠶᠤᠯ ᠲᠦᠭᠰᠢᠭᠦᠷᠢ ᠶᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ᠬᠠᠤᠯᠢ ᠪᠠᠷ ᠵᠠᠰᠠᠬᠤ | ᠬᠥᠮᠦᠵᠢᠯ ᠢ ᠲᠣᠭᠤᠷᠢᠭ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠵᠢᠴᠢ | ᠲᠥᠷᠥ ᠶᠢᠨ ᠠᠵᠢᠯᠲᠠᠨ ᠤ ᠠᠩᠬ᠎ᠠ ᠲᠤᠰᠢᠶᠠᠯ ᠡᠭᠦᠷᠭᠡᠯᠡᠬᠦ ᠪᠣᠯᠪᠠᠰᠤᠷᠠᠭᠤᠯᠤᠯ᠂ ᠲᠤᠰᠢᠶᠠᠯ ᠡᠭᠦᠷᠭᠡᠯᠡᠬᠦ | ᠪᠣᠯᠪᠠᠰᠤᠷᠠᠭᠤᠯᠤᠯ ᠤᠨ ᠵᠠᠪᠠᠯ ᠪᠣᠯᠪᠠᠰᠤᠷᠠᠭᠤᠯᠬᠤ ᠠᠭᠤᠯᠭ᠎ᠠ ᠪᠣᠯᠭᠠᠵᠤ᠂ ᠲᠥᠷᠥ ᠶᠢᠨ ᠠᠵᠢᠯᠲᠠᠨ ᠤ ᠬᠠᠤᠯᠢ ᠶᠢ | ᠰᠤᠷᠴᠤ ᠬᠠᠤᠯᠢ ᠶᠢ ᠬᠡᠷᠡᠭᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠲᠥᠷᠥ ᠶᠢᠨ ᠠᠵᠢᠯᠲᠠᠨ ᠤ ᠬᠠᠤᠯᠢ | ᠶᠣᠰᠣᠭᠠᠷ ᠠᠵᠢᠯᠯᠠᠬᠤ ᠦᠵᠡᠯ ᠤᠬᠠᠮᠰᠠᠷ ᠪᠠ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠦᠨᠳᠦᠰᠦᠨ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠪᠠᠷ ᠵᠠᠰᠠᠬᠤ ᠬᠥᠮᠦᠵᠢᠯ ᠢ | ᠴᠢᠩᠭᠠᠳᠬᠠᠵᠤ᠂ ᠠᠵᠢᠯ ᠤᠨ ᠪᠠᠶᠢᠷᠢ ᠶᠢᠨ ᠪᠣᠯᠪᠠᠰᠤᠷᠠᠭᠤᠯᠤᠯ ᠤᠨ ᠳᠦᠷᠢᠮ ᠢ ᠲᠡᠭᠦᠯᠳᠡᠷᠵᠢᠭᠦᠯᠵᠦ᠂ ᠠᠵᠢᠯ ᠤᠨ | ᠪᠠᠶᠢᠷᠢ ᠳᠤ ᠭᠠᠷᠬᠤ ᠠᠴᠠ ᠡᠮᠦᠨᠡᠬᠢ ᠬᠥᠮᠦᠵᠢᠯ᠂ ᠡᠳᠦᠷ ᠲᠤᠳᠤᠮ ᠤᠨ ᠬᠠᠤᠯᠢ ᠰᠤᠷᠬᠤ᠂ ᠬᠠᠤᠯᠢ ᠬᠡᠷᠡᠭᠵᠢᠭᠦᠯᠬᠦ ᠪᠦᠬᠦ | ᠶᠠᠪᠤᠴᠠ ᠳᠤ ᠬᠠᠤᠯᠢ ᠴᠠᠭᠠᠵᠠ ᠶᠢ ᠲᠦᠭᠡᠮᠡᠯᠵᠢᠭᠦᠯᠬᠦ᠂ ᠲᠣᠭᠲᠠᠮᠠᠯ ᠬᠤᠭᠤᠴᠠᠭ᠎ᠠ ᠲᠠᠢ ᠪᠠᠷ ᠬᠠᠤᠯᠢ ᠴᠠᠭᠠᠵᠠ ᠶᠢ | ᠰᠢᠯᠭᠠᠬᠤ ᠵᠡᠷᠭᠡ ᠲᠣᠭᠲᠠᠴᠠ ᠪᠠᠷ ᠳᠠᠮᠵᠢᠭᠤᠯᠤᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ᠬᠢᠨᠠᠨ ᠰᠢᠯᠭᠠᠵᠤ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢ ᠪᠠᠷ ᠵᠠᠰᠠᠬᠤ ᠬᠡᠪ | ᠪᠣᠯᠪᠠᠰᠤᠷᠠᠯ ᠪᠠ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠺᠠᠳ᠋ᠷ ᠤᠨ ᠣᠨ ᠤ | ᠬᠢᠨᠠᠨ ᠰᠢᠯᠭᠠᠵᠤ ᠦᠨᠡᠯᠡᠬᠦ ᠴᠢᠬᠤᠯᠠ ᠠᠭᠤᠯᠭ᠎ᠠ ᠳᠤ ᠣᠷᠣᠭᠤᠯᠵᠤ᠂ ᠬᠠᠤᠯᠢ ᠶᠢ ᠬᠦᠨᠳᠦᠳᠬᠡᠬᠦ ᠬᠠᠤᠯᠢ ᠶᠢ ᠰᠤᠷᠬᠤ | ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠶᠠᠪᠤᠳᠠᠯ ᠢ ᠤᠳᠤᠷᠢᠳᠬᠤ ᠺᠠᠳ᠋ᠷᠴᠤᠳ ᠤᠨ ᠤᠬᠠᠮᠰᠠᠷᠲᠤ ᠠᠵᠢᠯᠯᠠᠭ᠎ᠠ ᠪᠠ | ᠡᠷᠬᠡᠪᠰᠢ ᠪᠦᠷᠢᠯᠳᠦᠭᠦᠯᠬᠦ ᠬᠡᠪ ᠴᠢᠨᠠᠷ ᠪᠣᠯᠭᠠᠨ᠎ᠠ᠃ | ︵ᠬᠤᠶᠠᠷ︶ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠬᠥᠮᠦᠵᠢᠯ ᠢ ᠲᠠᠰᠤᠷᠠᠯᠲᠠ ᠦᠭᠡᠢ | ᠴᠢᠩᠭᠠᠳᠬᠠᠨ᠎ᠠ᠃ᠵᠠᠰᠠᠭ ᠤᠨ ᠣᠷᠳᠣᠨ᠂ ᠬᠠᠤᠯᠢ ᠪᠠᠷᠢᠬᠤ ᠪᠠᠶᠢᠭᠤᠯᠭ᠎ᠠ᠂ ᠰᠤᠷᠭᠠᠭᠤᠯᠢ᠂ ᠨᠡᠶᠢᠭᠡᠮ᠂ ᠭᠡᠷ ᠪᠦᠯᠢ ᠶᠢᠨ | ᠬᠢᠨ ᠬᠠᠮᠲᠤ ᠪᠠᠷ ᠣᠷᠣᠯᠴᠠᠭᠰᠠᠨ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠬᠥᠮᠦᠵᠢᠯ ᠤᠨ ᠰᠢᠨ᠎ᠡ | ᠪᠠᠶᠢᠷᠢᠰᠢᠯ ᠢ ᠲᠡᠭᠦᠯᠳᠡᠷᠵᠢᠭᠦᠯᠵᠦ᠂ ᠭᠡᠷ ᠪᠦᠯᠢ ᠪᠠ ᠰᠤᠷᠭᠠᠭᠤᠯᠢ ᠬᠠᠮᠵᠢᠯᠴᠠᠬᠤ ᠲᠣᠭᠲᠠᠴᠠ ᠶᠢ ᠴᠢᠩᠭᠠᠳᠬᠠᠵᠤ᠂ | ᠰᠤᠷᠭᠠᠭᠤᠯᠢ ᠶᠢᠨ ᠳᠣᠲᠣᠨ᠎ᠠ ᠭᠠᠳᠠᠨᠠᠬᠢ᠂ ᠬᠢᠴᠢᠶᠡᠯ ᠤᠨ ᠳᠣᠲᠣᠨ᠎ᠠ ᠭᠠᠳᠠᠨᠠᠬᠢ᠂ ᠰᠦᠯᠵᠢᠶᠡᠨ ᠳᠡᠭᠡᠷ᠎ᠡ ᠪᠠ | ᠰᠦᠯᠵᠢᠶᠡᠨ ᠭᠠᠳᠠᠨᠠᠬᠢ ᠶᠢ ᠤᠶᠠᠯᠳᠤᠭᠤᠯᠤᠭᠰᠠᠨ ᠬᠠᠤᠯᠢ ᠪᠠᠷ ᠵᠠᠰᠠᠬᠤ ᠬᠥᠮᠦᠵᠢᠯ ᠤᠨ ᠨᠡᠶᠢᠯᠡᠮᠡᠯ ᠬᠦᠴᠦᠨ ᠢ | ᠪᠦᠷᠢᠯᠳᠦᠭᠦᠯᠦᠨ᠎ᠡ᠃ᠬᠠᠤᠯᠢ ᠪᠠᠷ ᠵᠠᠰᠠᠬᠤ ᠬᠥᠮᠦᠵᠢᠯ ᠢ ᠤᠯᠤᠰ ᠠᠷᠠᠳ ᠤᠨ ᠰᠤᠷᠭᠠᠨ ᠬᠥᠮᠦᠵᠢᠯ ᠤᠨ ᠰᠢᠰᠲ᠋ᠧᠮ ᠳᠤ | ᠣᠷᠣᠭᠤᠯᠵᠤ᠂ ︽ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠬᠥᠮᠦᠵᠢᠯ ᠤᠨ ᠬᠥᠲᠥᠯᠪᠦᠷᠢ︾ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠬᠥᠮᠦᠵᠢᠯ ᠢ ᠰᠤᠷᠭᠠᠭᠤᠯᠢ ᠶᠢᠨ ᠰᠤᠷᠭᠠᠨ ᠬᠥᠮᠦᠵᠢᠯ ᠤᠨ | ᠡᠯ᠎ᠡ ᠱᠠᠲᠤᠨ ᠳᠤ ᠠᠭᠤᠰᠬᠠᠨ ᠣᠷᠣᠭᠤᠯᠵᠤ᠂ ᠵᠠᠯᠠᠭᠤᠴᠤᠳ ᠪᠠᠭᠠᠴᠤᠳ ᠢ ᠬᠠᠷᠠᠬᠠᠨ ᠪᠠᠭ᠎ᠠ ᠠᠴᠠ ᠨᠢ ᠬᠠᠤᠯᠢ ᠶᠢ | ᠬᠦᠨᠳᠦᠳᠬᠡᠵᠦ ᠬᠠᠤᠯᠢ ᠶᠢ ᠰᠠᠬᠢᠬᠤ ᠳᠠᠳᠬᠠᠯ ᠲᠠᠢ ᠪᠣᠯᠭᠠᠬᠤ ᠪᠠᠷ ᠬᠥᠮᠥᠵᠢᠭᠦᠯᠦᠨ ᠬᠥᠲᠥᠯᠥᠨ ᠵᠢᠯᠣᠭᠤᠳᠤᠨ᠎ᠠ᠃ | ᠨᠠᠰᠤᠨ ᠳᠤ ᠦᠯᠤ ᠬᠥᠷᠦᠭᠰᠡᠳ ᠢ ᠬᠠᠮᠠᠭᠠᠯᠠᠬᠤ ᠬᠠᠤᠯᠢ᠂ ᠨᠠᠰᠤᠨ ᠳᠤ ᠦᠯᠤ ᠬᠥᠷᠦᠭᠰᠡᠳ ᠤᠨ ᠶᠠᠯ᠎ᠠ ᠬᠢᠬᠦ ᠶᠢ | ᠤᠷᠢᠳᠴᠢᠯᠠᠨ ᠰᠡᠷᠭᠡᠶᠢᠯᠡᠬᠦ ᠬᠠᠤᠯᠢ᠂ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ ᠵᠡᠷᠭᠡ ᠶᠢᠨ ᠰᠤᠷᠤᠯᠴᠠᠯᠭ᠎ᠠ | ᠤᠬᠠᠭᠤᠯᠭ᠎ᠠ ᠶᠢ ᠭᠦᠨᠵᠡᠭᠡᠢ ᠥᠷᠨᠢᠭᠦᠯᠵᠦ᠂ ᠣᠨᠴᠠᠭᠠᠶ ᠵᠠᠯᠠᠭᠤᠴᠤᠳ ᠪᠠᠭᠠᠴᠤᠳ ᠤᠨ ᠬᠠᠮᠲᠤᠯᠢᠭ ᠤᠨ ᠬᠠᠤᠯᠢ ᠪᠠᠷ | ᠵᠠᠰᠠᠬᠤ ᠬᠥᠮᠦᠵᠢᠯ ᠢ ᠴᠢᠩᠭᠠᠳᠬᠠᠬᠤ ᠶᠢ ᠴᠢᠬᠤᠯᠠᠴᠢᠯᠠᠵᠤ᠂ ᠵᠠᠯᠠᠭᠤᠴᠤᠳ ᠪᠠᠭᠠᠴᠤᠳ ᠤᠨ ᠬᠠᠤᠯᠢ ᠶᠢ ᠵᠥᠷᠢᠴᠡᠵᠦ | ᠶᠠᠯ᠎ᠠ ᠬᠢᠬᠦ ᠵᠢᠬᠠᠤᠯᠢᠵᠢᠯ ᠤᠨ ᠬᠥᠮᠦᠵᠢᠯ ᠤᠨ ᠪᠠᠭᠰᠢ ᠶᠢ ᠬᠥᠮᠥᠵᠢᠭᠦᠯᠬᠦ ᠶᠢ ᠴᠢᠩᠭᠠᠳᠬᠠᠵᠤ᠂ ᠬᠠᠤᠯᠢᠵᠢᠯ ᠤᠨ | ᠬᠢᠴᠢᠶᠡᠯ ᠤᠨ ᠪᠠᠭᠰᠢ ᠶᠢ ᠪᠦᠷᠢᠨ ᠲᠣᠬᠢᠷᠠᠭᠤᠯᠤᠨ ᠴᠢᠩᠭ᠎ᠠ ᠲᠣᠬᠢᠷᠠᠭᠤᠯᠵᠤ᠂ ᠪᠦᠬᠦ ᠤᠯᠤᠰ ᠤᠨ ᠣᠶᠤᠨᠲᠤ ᠬᠠᠤᠯᠢ | ᠴᠠᠭᠠᠵᠠ ᠶᠢ ᠲᠦᠭᠡᠮᠡᠯᠵᠢᠭᠦᠯᠬᠦ ᠨᠢᠭᠡᠳᠦᠯᠲᠡᠢ ᠲᠠᠪᠴᠠᠩ ᠵᠢᠴᠢ ᠤᠯᠠᠨ ᠬᠡᠯᠪᠡᠷᠢ ᠶᠢᠨ ᠰᠦᠯᠵᠢᠶᠡᠨ ᠠᠴᠠ ᠭᠠᠳᠠᠨᠠᠬᠢ | ᠠᠵᠢᠯᠯᠠᠭ᠎ᠠ ᠪᠠᠷ ᠳᠠᠮᠵᠢᠭᠤᠯᠵᠤ᠂ ᠪᠤᠢ ᠪᠦᠬᠦᠢ ᠶᠣᠰᠣ ᠰᠤᠷᠲᠠᠬᠤᠨ ᠪᠣᠯᠣᠨ ᠬᠠᠤᠯᠢᠵᠢᠯ ᠤᠨ ᠬᠢᠴᠢᠶᠡᠯ ᠤᠨ ᠪᠠᠭᠰᠢ ᠶᠢ | ᠡᠭᠡᠯᠵᠢᠯᠡᠨ ᠪᠣᠯᠪᠠᠰᠤᠷᠠᠭᠤᠯᠤᠨ᠎ᠠ᠃ᠬᠢᠴᠢᠶᠡᠯ ᠤᠨ ᠲᠠᠩᠬᠢᠮ ᠤᠨ ᠭᠤᠣᠯ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠵᠤ᠂ | ᠰᠡᠳᠦᠪ ᠤᠨ ᠰᠤᠳᠤᠯᠭᠠᠨ ᠪᠠ ᠪᠠᠭᠰᠢ ᠰᠣᠷᠣᠭᠴᠢ ᠶᠢᠨ ᠬᠢᠴᠢᠶᠡᠯ ᠦᠨᠡᠯᠡᠬᠦ ᠠᠵᠢᠯᠯᠠᠭ᠎ᠠ ᠶᠢ ᠥᠷᠨᠢᠭᠦᠯᠵᠦ᠂ | ᠬᠠᠤᠯᠢ ᠪᠠᠷ ᠵᠠᠰᠠᠬᠤ ᠬᠥᠮᠦᠵᠢᠯ ᠤᠨ ᠰᠢᠯᠢᠳᠡᠭ ᠬᠢᠴᠢᠶᠡᠯ ᠤᠨ ᠡᠬᠢ ᠪᠠᠶᠠᠯᠢᠭ ᠤᠨ ᠬᠥᠮᠥᠷᠭᠡ ᠶᠢᠨ ᠪᠠᠶᠢᠭᠤᠯᠤᠯᠲᠠ ᠪᠠ | ᠬᠡᠷᠡᠭᠯᠡᠯᠲᠡ ᠶᠢ ᠠᠬᠢᠭᠤᠯᠤᠨ᠎ᠠ᠃ᠵᠠᠯᠠᠭᠤᠴᠤᠳ ᠪᠠᠭᠠᠴᠤᠳ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ | ᠤᠬᠠᠭᠤᠯᠤᠭᠴᠢ ᠶᠢᠨ ᠡᠩᠨᠡᠭᠡ ᠶᠢ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠤ ᠬᠠᠤᠯᠢ ᠪᠠᠷ ᠵᠠᠰᠠᠬᠤ | ᠤᠬᠠᠭᠤᠯᠭ᠎ᠠ ᠶᠢᠨ ᠬᠦᠴᠦᠨ ᠢ︽ᠦᠨᠳᠦᠰᠦᠨ ᠬᠠᠤᠯᠢ ᠶᠢ ᠰᠤᠷᠤᠯᠴᠠᠵᠤ ᠦᠨᠳᠦᠰᠦᠨ ᠬᠠᠤᠯᠢ ᠶᠢ ᠶᠠᠷᠢᠬᠤ︾᠂ ︽ | ᠦᠨᠳᠦᠰᠦᠨ ᠬᠠᠤᠯᠢ ᠶᠢᠨ ᠥᠷᠯᠥᠭᠡ ᠶᠢᠨ ᠤᠩᠰᠢᠯᠭ᠎ᠠ︾᠂ ᠵᠠᠯᠠᠭᠤᠴᠤᠳ ᠪᠠᠭᠠᠴᠤᠳ ᠤᠨ ᠬᠠᠤᠯᠢ ᠰᠤᠷᠬᠤ | ᠠᠵᠢᠯᠯᠠᠭ᠎ᠠ ᠶᠢᠨ ᠭᠠᠷᠠᠭ᠂ ᠵᠠᠯᠠᠭᠤᠴᠤᠳ ᠪᠠᠭᠠᠴᠤᠳ ᠤᠨ ᠰᠦᠯᠵᠢᠶᠡᠨ ᠳᠡᠭᠡᠷ᠎ᠡ ᠬᠠᠤᠯᠢ ᠰᠤᠷᠬᠤ ᠬᠠᠤᠯᠢ ᠬᠡᠷᠡᠭᠯᠡᠬᠦ | ᠵᠡᠷᠭᠡ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠵᠦ᠂ ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ᠂ ᠲᠤᠭ | ᠮᠠᠨᠳᠤᠭᠤᠯᠬᠤ ᠶᠣᠰᠣᠯᠠᠯ᠂ ᠲᠡᠭᠦᠰᠬᠦ ᠶᠣᠰᠣᠯᠠᠯ᠂ ᠨᠠᠰᠤᠨ ᠳᠤ ᠭᠦᠷᠦᠭᠰᠡᠳ ᠤᠨ ᠶᠣᠰᠣᠯᠠᠯ ᠳᠤ ᠬᠠᠤᠯᠢ ᠪᠠᠷ ᠵᠠᠰᠠᠬᠤ | ᠬᠥᠮᠦᠵᠢᠯ ᠤᠨ ᠠᠭᠤᠯᠭ᠎ᠠ ᠶᠢ ᠣᠷᠭᠠᠨᠢᠭ ᠢᠶᠠᠷ ᠠᠭᠤᠰᠬᠠᠨ ᠣᠷᠣᠭᠤᠯᠤᠨ᠎ᠠ᠃ᠵᠠᠯᠠᠭᠤᠴᠤᠳ ᠪᠠᠭᠠᠴᠤᠳ ᠤᠨ | ᠬᠠᠤᠯᠢ ᠪᠠᠷ ᠵᠠᠰᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠬᠠᠤᠯᠢ ᠪᠠᠷ ᠵᠠᠰᠠᠬᠤ ᠦᠢᠯᠡᠳᠦᠯᠭᠡ ᠶᠢᠨ ᠵᠢᠭᠠᠨ ᠰᠤᠷᠭᠠᠯᠲᠠ ᠪᠠ ᠬᠡᠷᠡᠭ ᠤᠨ ᠵᠢᠱᠢᠶ᠎ᠡ ᠶᠢᠨ ᠵᠢᠭᠠᠨ | ᠰᠤᠷᠭᠠᠯᠲᠠ ᠶᠢ ᠳᠡᠯᠭᠡᠷᠡᠭᠦᠯᠵᠦ᠂ ᠬᠠᠷᠢᠯᠴᠠᠨ ᠬᠥᠳᠡᠯᠦᠯᠴᠡᠬᠦ ᠮᠠᠶ᠋ᠢᠭ ᠤᠨ᠂ ᠪᠡᠶ᠎ᠡ ᠪᠠᠷ ᠢᠶᠠᠨ ᠣᠶᠢᠯᠠᠭᠠᠬᠤ ᠮᠠᠶ᠋ᠢᠭ ᠤᠨ | ᠵᠢᠭᠠᠨ ᠰᠤᠷᠭᠠᠯᠲᠠ ᠶᠢᠨ ᠠᠷᠭ᠎ᠠ ᠪᠠ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠵᠠᠯᠠᠭᠤᠴᠤᠳ | ᠪᠠᠭᠠᠴᠤᠳ ᠤᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠦᠭᠡᠢ | ᠳᠡᠭᠡᠭᠰᠢᠯᠡᠭᠦᠯᠬᠦ ᠃ | ︵ᠭᠤᠷᠪᠠ︶ ᠲᠣᠰᠬᠤᠨ ᠤ ︵ᠰᠠᠭᠤᠭᠠᠯᠢ︶ ᠠᠷᠠᠳ ᠲᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ | ᠡᠷᠴᠢᠮ ᠢ ᠴᠢᠩᠭᠠᠷᠠᠭᠤᠯᠤᠨ᠎ᠠ᠃ᠬᠠᠤᠯᠢ ᠪᠠᠷ ᠵᠠᠰᠠᠬᠤ ᠬᠥᠮᠦᠵᠢᠯ ᠢ ᠨᠡᠶᠢᠭᠡᠮ ᠤᠨ ᠰᠤᠷᠭᠠᠨ ᠬᠥᠮᠦᠵᠢᠯ ᠤᠨ | ᠰᠢᠰᠲ᠋ᠧᠮ ᠳᠤ ᠣᠷᠣᠭᠤᠯᠵᠤ᠂ ᠠᠷᠠᠳ ᠢᠷᠭᠡᠳ ᠤᠨ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ | ᠠᠵᠢᠯᠯᠠᠭ᠎ᠠ ᠶᠢ ᠬᠡᠷᠡᠭᠵᠢᠭᠦᠯᠵᠦ᠂ ᠠᠷᠠᠳ ᠢᠷᠭᠡᠳ ᠢ ᠬᠥᠲᠥᠯᠥᠨ ᠵᠢᠯᠤᠭᠤᠳᠴᠤ ᠪᠠᠶᠢᠭᠠᠳ ᠳᠦᠷᠢᠮ ᠤᠨ ᠤᠬᠠᠮᠰᠠᠷ ᠢ | ᠨᠢ ᠴᠢᠩᠭᠠᠷᠠᠭᠤᠯᠵᠤ᠂ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠢ ᠬᠠᠮᠠᠭᠠᠯᠠᠨ᠂ ᠭᠤᠮᠣᠳᠠᠯ | ᠱᠠᠭᠠᠷᠳᠠᠯᠭ᠎ᠠ ᠪᠠᠨ ᠣᠶᠤᠨᠴᠢ ᠪᠠᠷ ᠢᠯᠡᠳᠬᠡᠵᠦ᠂ ᠬᠠᠤᠯᠢ ᠪᠠᠷ ᠲᠣᠭᠲᠠᠭᠠᠭᠰᠠᠨ ᠡᠭᠦᠷᠭᠡ᠂ ᠨᠡᠶᠢᠭᠡᠮ ᠤᠨ ᠬᠠᠷᠢᠭᠤᠴᠠᠯᠭ᠎ᠠ᠂ | ᠭᠡᠷ ᠪᠦᠯᠢ ᠶᠢᠨ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠭᠦᠢᠴᠡᠳᠬᠡᠯᠭᠡᠨ᠎ᠡ᠃ᠬᠠᠤᠯᠢᠵᠢᠯ ᠤᠨ ᠤᠬᠠᠭᠤᠯᠭ᠎ᠠ | ᠬᠥᠮᠦᠵᠢᠯ ᠢ ᠦᠨᠳᠦᠰᠦᠨ ᠱᠠᠲᠤᠨ ᠤ ᠨᠠᠮ ᠤᠯᠠᠨ ᠲᠦᠮᠡᠨ ᠤ ᠠᠵᠢᠯ ᠳᠤ ᠠᠭᠤᠰᠤᠯᠴᠠᠭᠤᠯᠬᠤ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠣᠰᠬᠤᠨ︵ᠨᠡᠶᠢᠭᠡᠮ | ᠲᠣᠭᠤᠷᠢᠭ︶︶᠋ ᠤ ︽ᠬᠤᠶᠠᠷ ᠵᠥᠪᠯᠡᠯ︾︾᠋ ᠤᠨ ᠺᠠᠳ᠋ᠷ ᠤᠨ ᠬᠠᠤᠯᠢᠵᠢᠯ ᠤᠨ ᠪᠣᠯᠪᠠᠰᠤᠷᠠᠯ ᠢ ᠥᠷᠨᠢᠭᠦᠯᠵᠦ᠂ | ᠲᠡᠳᠡᠨ ᠤ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠬᠠᠤᠯᠢ ᠴᠠᠭᠠᠵᠠ ᠶᠢᠨ ᠠᠷᠭ᠎ᠠ | ᠪᠠᠷᠢᠯ ᠢ ᠬᠡᠷᠡᠭᠯᠡᠨ ᠦᠨᠳᠦᠰᠦᠨ ᠱᠠᠲᠤᠨ ᠤ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ︔ᠬᠡᠷᠡᠭ | ᠵᠥᠪᠯᠡᠵᠦ ᠵᠥᠪᠳᠡᠯᠴᠡᠬᠦ ᠬᠤᠷᠠᠯ᠂ ᠭᠠᠴᠠᠭ᠎ᠠ ︵ᠰᠠᠭᠤᠭᠠᠯᠢ︶ ᠶᠢᠨ ᠠᠷᠠᠳ ᠤᠨ ᠣᠷᠣᠢ ᠶᠢᠨ ᠰᠤᠷᠭᠠᠭᠤᠯᠢ ᠵᠡᠷᠭᠡ | ᠠᠴᠢᠶᠠᠯᠠᠪᠤᠷᠢ ᠶᠢ ᠭᠦᠢᠴᠡᠳ ᠠᠰᠢᠭᠯᠠᠨ᠂ ︽ᠬᠠᠤᠯᠢ ᠴᠠᠭᠠᠵᠠ ᠶᠢ ᠬᠥᠳᠡᠭᠡ ᠲᠣᠰᠬᠤᠨ ᠳᠤ ᠣᠷᠣᠭᠤᠯᠬᠤ︾᠂ ︽ᠬᠠᠤᠯᠢ | ᠴᠠᠭᠠᠵᠠ ᠶᠢ ᠨᠡᠶᠢᠭᠡᠮ ᠲᠣᠭᠤᠷᠢᠭ ᠲᠤ ᠣᠷᠣᠭᠤᠯᠬᠤ︾ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠵᠦ᠂ ᠲᠡᠳᠡᠨ ᠢ ᠬᠠᠪᠰᠤᠷᠤᠨ ᠡᠳᠦᠷ ᠲᠤᠳᠤᠮ ᠤᠨ ᠦᠢᠯᠡᠳᠪᠦᠷᠢᠯᠡᠯ ᠠᠮᠢᠳᠤᠷᠠᠯ ᠳᠤ | ᠵᠠᠪᠠᠯ ᠱᠠᠭᠠᠷᠳᠠᠭᠳᠠᠬᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠪᠠ ᠬᠠᠤᠯᠢ ᠴᠠᠭᠠᠵᠠ ᠶᠢᠨ ᠲᠤᠰᠠᠯᠠᠮᠵᠢ ᠣᠯᠬᠤ | ᠠᠷᠭ᠎ᠠ ᠵᠠᠮ ᠢ ᠡᠵᠡᠮᠰᠢᠭᠦᠯᠬᠦ ᠬᠡᠷᠡᠭᠲᠡᠢ᠃ | ︵ᠳᠥᠷᠪᠡ︶ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠠᠵᠢᠯᠲᠠᠨ ᠪᠠ ᠠᠵᠢᠯᠲᠠᠨ | ᠠᠵᠢᠯᠴᠢᠨ ᠤ ᠬᠠᠤᠯᠢ ᠪᠠᠷ ᠵᠠᠰᠠᠬᠤ ᠬᠥᠮᠦᠵᠢᠯ ᠢ ᠴᠢᠩᠭᠠᠳᠬᠠᠨ᠎ᠠ᠃︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ | ᠰᠢᠨ᠎ᠡ ᠪᠠᠶᠢᠳᠠᠯ ᠳᠤ ᠵᠣᠬᠢᠴᠠᠭᠤᠯᠤᠨ᠂ ᠠᠵᠤ ᠠᠬᠤᠶᠢᠯᠠᠯ ᠤᠨ ᠳᠣᠲᠣᠭᠠᠳᠤ ᠶᠢᠨ ᠢᠲᠡᠭᠡᠮᠵᠢ ᠶᠢᠨ ᠬᠠᠮᠢᠶᠠᠷᠤᠯᠲᠠ ᠶᠢᠨ | ᠳᠦᠷᠢᠮ᠂ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠪᠠᠷ | ᠵᠠᠰᠠᠬᠤ ᠲᠠᠶᠢᠯᠤᠮᠵᠢ ᠬᠢᠬᠦ᠂ ᠬᠠᠤᠯᠢ ᠪᠠᠷ ᠵᠠᠰᠠᠬᠤ ᠰᠤᠳᠤᠯᠤᠨ ᠶᠠᠷᠢᠯᠴᠠᠬᠤ᠂ ᠲᠥᠪᠯᠡᠷᠡᠭᠦᠯᠦᠨ ᠡᠭᠡᠯᠵᠢᠯᠡᠨ | ᠪᠣᠯᠪᠠᠰᠤᠷᠠᠭᠤᠯᠬᠤ ᠵᠡᠷᠭᠡ ᠬᠡᠯᠪᠡᠷᠢ ᠶᠢᠨ ᠬᠠᠤᠯᠢ ᠪᠠᠷ ᠵᠠᠰᠠᠬᠤ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠲᠡᠳᠡᠨ ᠤ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠬᠤ᠂ ᠬᠠᠤᠯᠢ ᠶᠣᠰᠣᠭᠠᠷ ᠡᠵᠡᠩᠨᠡᠬᠦ᠂ | ᠬᠠᠤᠯᠢ ᠶᠣᠰᠣᠭᠠᠷ ᠠᠵᠢᠯᠴᠢᠨ ᠬᠡᠷᠡᠭᠯᠡᠬᠦ᠂ ᠬᠠᠤᠯᠢ ᠶᠣᠰᠣᠭᠠᠷ ᠠᠵᠢᠯᠯᠠᠬᠤ ᠤᠬᠠᠮᠰᠠᠷ ᠪᠠ ᠴᠢᠳᠠᠪᠤᠷᠢ ᠶᠢ | ᠳᠡᠭᠡᠭᠰᠢᠯᠡᠭᠦᠯᠦᠨ᠎ᠡ᠃ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠵᠢᠴᠢ ᠠᠵᠢᠯ ᠡᠷᠬᠢᠯᠡᠭᠰᠡᠳ ᠤᠨ ᠬᠠᠤᠯᠢ ᠪᠠᠷ ᠵᠠᠰᠠᠬᠤ ᠬᠥᠮᠦᠵᠢᠯ ᠢ | ᠴᠢᠩᠭᠠᠳᠬᠠᠵᠤ᠂ ᠬᠠᠤᠯᠢ ᠶᠣᠰᠣᠭᠠᠷ ᠦᠨᠡᠨᠴᠢ ᠢᠲᠡᠭᠡᠮᠵᠢᠲᠡᠢ ᠪᠠᠷ ᠡᠵᠡᠩᠨᠡᠨ ᠬᠠᠮᠢᠶᠠᠷᠬᠤ ᠶᠢ ᠠᠬᠢᠭᠤᠯᠤᠨ᠎ᠠ᠃ | ︵ᠲᠠᠪᠤ︶ ᠠᠳᠠᠯᠢ ᠪᠤᠰᠤ ᠬᠠᠮᠲᠤᠯᠢᠭ ᠤᠨ ᠬᠠᠨᠳᠤᠯᠭᠠᠲᠤ ᠴᠢᠨᠠᠷᠲᠠᠢ ᠬᠠᠤᠯᠢ ᠪᠠᠷ ᠵᠠᠰᠠᠬᠤ ᠬᠥᠮᠦᠵᠢᠯ ᠢ | ᠴᠢᠩᠭᠠᠳᠬᠠᠨ᠎ᠠ᠃ᠡᠮᠡᠭᠲᠡᠶᠢᠴᠦᠳ᠂ ᠨᠠᠰᠤᠲᠠᠶᠢᠴᠤᠳ᠂ ᠵᠡᠮᠳᠡᠭᠴᠦᠳ᠂ ᠬᠥᠯᠥᠰᠦᠨ ᠠᠵᠢᠯᠴᠢᠨ᠂ ᠠᠮᠢᠳᠤᠯᠢᠭ ᠢᠶᠠᠷ ᠠᠵᠢᠯ | ᠣᠯᠣᠭᠰᠠᠳ ᠵᠡᠷᠭᠡ ᠬᠠᠮᠲᠤᠯᠢᠭ ᠤᠨ ᠣᠨᠴᠠᠯᠢᠭ ᠢ ᠦᠨᠳᠦᠰᠦᠯᠡᠨ᠂ ᠤᠯᠠᠨ ᠰᠠᠯᠠᠭ᠎ᠠ ᠮᠥᠴᠢᠷ ᠬᠤᠯᠪᠤᠭᠠᠯᠠᠨ | ᠬᠥᠳᠡᠯᠦᠯᠴᠡᠵᠦ ᠬᠠᠨᠳᠤᠯᠭᠠᠲᠤ ᠴᠢᠨᠠᠷᠲᠠᠢ ᠪᠠᠷ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ | ᠥᠷᠨᠢᠭᠦᠯᠵᠦ᠂ ᠲᠡᠳᠡᠨ ᠤ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠤᠬᠠᠮᠰᠠᠷ ᠪᠠ ᠴᠢᠳᠠᠪᠤᠷᠢ ᠶᠢ | ᠳᠡᠭᠡᠭᠰᠢᠯᠡᠭᠦᠯᠦᠨ᠎ᠡ᠃ᠠᠷᠠᠳ ᠢᠷᠭᠡᠳ ᠤᠨ ᠦᠭᠡ ᠶᠠᠷᠢᠶ᠎ᠠ ᠦᠢᠯᠡ ᠠᠵᠢᠯᠯᠠᠭ᠎ᠠ ᠶᠢ ᠰᠤᠷᠭᠠᠨ ᠬᠥᠮᠥᠵᠢᠭᠦᠯᠬᠦ᠂ | ᠦᠨᠡᠯᠡᠬᠦ᠂ ᠬᠥᠲᠥᠯᠥᠨ ᠵᠢᠯᠤᠭᠤᠳᠬᠤ ᠳᠤᠮᠳᠠᠬᠢ ᠨᠡᠶᠢᠭᠡᠮ ᠤᠨ ᠵᠢᠷᠤᠮᠵᠢᠯ ᠤᠨ ᠦᠢᠯᠡᠳᠦᠯ ᠢ ᠪᠠᠳᠠᠷᠠᠭᠤᠯᠵᠤ᠂ | ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠦᠨᠳᠦᠰᠦᠨ ᠱᠠᠭᠠᠷᠳᠠᠯᠭ᠎ᠠ ᠶᠢ ᠬᠤᠲᠠ ᠶᠢᠨ ᠠᠷᠠᠳ ᠤᠨ | ᠨᠡᠶᠢᠲᠡ ᠶᠢᠨ ᠭᠡᠷ᠎ᠡ᠂ ᠲᠣᠰᠬᠤᠨ ᠤ ᠳᠦᠷᠢᠮ ᠠᠷᠠᠳ ᠤᠨ ᠭᠡᠷ᠎ᠡ᠂ ᠠᠵᠢᠯ ᠲᠥᠷᠥᠯ ᠤᠨ ᠳᠦᠷᠢᠮ᠂ ᠪᠦᠯᠬᠦᠮ ᠤᠨ | ᠳᠦᠷᠢᠮ ᠵᠡᠷᠭᠡ ᠨᠡᠶᠢᠭᠡᠮ ᠤᠨ ᠵᠢᠷᠤᠮᠵᠢᠯ ᠳᠤ ᠠᠭᠤᠰᠬᠠᠨ ᠣᠷᠣᠭᠤᠯᠵᠤ᠂ ᠪᠣᠯᠪᠠᠰᠤᠨ ᠢ ᠡᠭᠦᠳᠦᠨ ᠪᠠᠶᠢᠭᠤᠯᠬᠤ᠂ | ᠬᠠᠤᠯᠢ ᠪᠠᠷ ᠵᠠᠰᠠᠬᠤ ᠦᠯᠢᠭᠡᠷ ᠵᠢᠱᠢᠶ᠎ᠡ ᠶᠢ ᠡᠭᠦᠳᠦᠨ ᠪᠠᠶᠢᠭᠤᠯᠬᠤ ᠪᠠ ᠠᠮᠤᠷ ᠠᠮᠤᠭᠤᠯᠠᠩ ᠤᠨ ᠪᠠᠶᠢᠭᠤᠯᠤᠯᠲᠠ ᠶᠢᠨ | ᠠᠵᠢᠯᠯᠠᠭ᠎ᠠ ᠳᠤ ᠠᠭᠤᠰᠤᠯᠴᠠᠭᠤᠯᠵᠤ᠂ ᠬᠠᠤᠯᠢ ᠶᠢ ᠰᠠᠬᠢᠬᠤ ᠦᠢᠯᠡ ᠠᠵᠢᠯᠯᠠᠭ᠎ᠠ ᠶᠢ ᠵᠥᠪ ᠴᠢᠭᠯᠡᠯ ᠢᠶᠠᠷ | ᠤᠷᠮᠠᠰᠢᠭᠤᠯᠬᠤ ᠪᠠ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠳᠦᠷᠢᠮ ᠢ | ᠪᠠᠶᠢᠭᠤᠯᠤᠨ ᠲᠡᠭᠦᠯᠳᠡᠷᠵᠢᠭᠦᠯᠵᠦ᠂ ᠬᠠᠤᠯᠢ ᠶᠢ ᠡᠷᠬᠢᠮᠯᠡᠨ ᠰᠠᠶᠢᠨ ᠶᠠᠪᠤᠳᠠᠯ ᠢ ᠡᠷᠬᠢᠮᠯᠡᠬᠦ᠂ ᠬᠠᠤᠯᠢ ᠪᠠᠷ ᠵᠠᠰᠠᠬᠤ ᠶᠢ | ᠪᠠᠲᠤ ᠰᠠᠬᠢᠬᠤ ᠵᠢᠱᠢᠶᠡᠴᠢ ᠬᠥᠮᠥᠰ ᠢ ᠶᠡᠭᠡ ᠪᠠᠷ ᠤᠬᠠᠭᠤᠯᠵᠤ᠂ ᠬᠠᠤᠯᠢ ᠶᠢ ᠰᠠᠬᠢᠬᠤ ᠨᠢ ᠢᠷᠠᠭᠤ ᠠᠯᠳᠠᠷᠲᠠᠢ᠂ | ᠬᠠᠤᠯᠢ ᠶᠢ ᠵᠥᠷᠢᠴᠡᠬᠦ ᠨᠢ ᠢᠴᠢᠭᠦᠷᠢᠲᠡᠢ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠨ᠎ᠠ᠃ᠠᠷᠠᠳ ᠢᠷᠭᠡᠳ ᠤᠨ | ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠲᠠᠢ ᠵᠣᠯᠭᠠᠭᠤᠯᠵᠤ᠂ | ᠢᠲᠡᠭᠡᠮᠵᠢ ᠶᠢ ᠵᠠᠯᠬᠠᠭᠠᠨ ᠴᠡᠭᠡᠷᠯᠡᠭᠦᠯᠬᠦ ᠪᠠ ᠢᠲᠡᠭᠡᠮᠵᠢ ᠶᠢ ᠰᠡᠷᠭᠦᠭᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ | ᠳᠥᠷᠪᠡ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠨ᠎ᠠ | ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠪᠠᠳᠠᠷᠠᠭᠤᠯᠬᠤ ᠪᠠᠷ ᠬᠠᠤᠯᠢ ᠪᠠᠷ ᠵᠠᠰᠠᠬᠤ | ᠰᠣᠶᠣᠯ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠵᠤ᠂ ᠬᠠᠤᠯᠢ ᠪᠠᠷ ᠵᠠᠰᠠᠬᠤ ᠬᠥᠮᠦᠵᠢᠯ ᠪᠠ ᠶᠣᠰᠣ ᠮᠣᠷᠠᠯ ᠤᠨ | ᠬᠥᠮᠦᠵᠢᠯ ᠢ ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠤᠨ᠂ | ᠬᠠᠤᠯᠢ ᠪᠠᠷ ᠵᠠᠰᠠᠬᠤ ᠪᠠᠷ ᠶᠣᠰᠣ ᠮᠣᠷᠠᠯ ᠤᠨ ᠣᠶᠢᠯᠠᠭᠠᠭᠳᠠᠬᠤᠨ ᠢ ᠢᠯᠡᠷᠡᠭᠦᠯᠵᠦ᠂ ᠶᠣᠰᠣ ᠮᠣᠷᠠᠯ ᠢᠶᠠᠷ ᠬᠠᠤᠯᠢ ᠪᠠᠷ | ᠵᠠᠰᠠᠬᠤ ᠵᠣᠷᠢᠭ ᠰᠠᠨᠠᠭ᠎ᠠ ᠶᠢ ᠬᠥᠮᠥᠵᠢᠭᠦᠯᠦᠨ᠎ᠡ᠃ | ︵ᠨᠢᠭᠡ︶ ᠬᠠᠤᠯᠢ ᠪᠠᠷ ᠵᠠᠰᠠᠬᠤ ᠰᠣᠶᠣᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ᠬᠠᠤᠯᠢ ᠪᠠᠷ ᠵᠠᠰᠠᠬᠤ ᠰᠣᠶᠣᠯ ᠤᠨ ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠤᠳᠠ | ᠬᠥᠳᠡᠭᠡ ᠶᠢᠨ ᠲᠥᠯᠦᠪᠵᠢᠭᠦᠯᠭᠡ ᠳᠤ ᠣᠷᠣᠭᠤᠯᠵᠤ᠂ ᠤᠯᠠᠨ ᠨᠡᠶᠢᠲᠡ ᠶᠢᠨ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠪᠠ ᠤᠯᠠᠨ ᠨᠡᠶᠢᠲᠡ ᠶᠢᠨ ᠣᠷᠣᠨ ᠵᠠᠢ ᠶᠢ ᠠᠰᠢᠭᠯᠠᠬᠤ ᠦᠶ᠎ᠡ ᠳᠤ ᠬᠠᠤᠯᠢ ᠪᠠᠷ ᠵᠠᠰᠠᠬᠤ ᠰᠣᠶᠣᠯ ᠤᠨ | ᠡᠯᠧᠮᠧᠨ᠋ᠲ ᠢ ᠭᠦᠢᠴᠡᠳ ᠢᠯᠡᠷᠡᠭᠦᠯᠵᠦ᠂ ᠬᠠᠤᠯᠢ ᠪᠠᠷ ᠵᠠᠰᠠᠬᠤ ᠰᠣᠶᠣᠯ ᠬᠢᠭᠡᠳ ᠤᠯᠠᠮᠵᠢᠯᠠᠯᠲᠤ ᠰᠣᠶᠣᠯ᠂ | ᠬᠤᠪᠢᠰᠬᠠᠯ ᠤᠨ ᠰᠣᠶᠣᠯ᠂ ᠣᠷᠣᠨ ᠨᠤᠲᠤᠭ ᠤᠨ ᠰᠣᠶᠣᠯ᠂ ᠠᠵᠢᠯ ᠲᠦᠷᠦᠯ ᠤᠨ ᠰᠣᠶᠣᠯ᠂ ᠠᠵᠤ ᠠᠬᠤᠶᠢᠯᠠᠯ ᠤᠨ | ᠰᠣᠶᠣᠯ ᠵᠡᠷᠭᠡ ᠶᠢᠨ ᠠᠭᠤᠰᠤᠯᠳᠤᠨ ᠬᠥᠭᠵᠢᠬᠦ ᠶᠢ ᠲᠦᠯᠬᠢᠨ ᠠᠬᠢᠭᠤᠯᠤᠨ᠎ᠠ᠃ᠮᠠᠨ ᠤ ᠣᠷᠣᠨ ᠤ ᠬᠠᠤᠯᠢ ᠪᠠᠷ ᠵᠠᠰᠠᠬᠤ | ᠰᠣᠶᠣᠯ ᠤᠨ ᠤᠬᠠᠭᠤᠯᠭ᠎ᠠ ᠬᠥᠮᠦᠵᠢᠯ ᠤᠨ ᠰᠠᠭᠤᠷᠢᠨ ᠭᠠᠵᠠᠷ ᠢ ᠨᠡᠷᠡᠶᠢᠳᠬᠦ᠂ ᠬᠠᠮᠢᠶᠠᠷᠬᠤ ᠶᠢ ᠴᠢᠩᠭᠠᠳᠬᠠᠵᠤ᠂ | ᠬᠡᠷᠡᠭᠯᠡᠭᠡᠨ ᠤ ᠴᠢᠨᠠᠷ ᠢ ᠨᠡᠮᠡᠭᠳᠡᠭᠦᠯᠦᠨ᠂ ᠬᠡᠷᠡᠭᠯᠡᠬᠦ ᠨᠣᠷᠮ᠎ᠠ ᠪᠠ ᠣᠯᠠᠨ ᠲᠦᠮᠡᠨ ᠤ ᠣᠷᠤᠯᠴᠠᠬᠤ ᠬᠡᠮᠵᠢᠶ᠎ᠡ ᠶᠢ | ᠳᠡᠭᠡᠭᠰᠢᠯᠡᠭᠦᠯᠵᠦ᠂ ᠲᠡᠳᠡᠨ ᠤ ᠬᠥᠲᠥᠯᠥᠨ ᠳᠠᠭᠠᠭᠤᠯᠬᠤ ᠪᠠ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠎ᠠ᠃ | ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠰᠠᠭᠤᠷᠢᠨ ᠭᠠᠵᠠᠷ᠂ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ᠂ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠨᠡᠶᠢᠭᠡᠮ ᠲᠣᠭᠤᠷᠢᠭ ︵ | ᠲᠣᠰᠬᠤᠨ︶ ᠤᠨ ᠰᠣᠶᠣᠯ ᠤᠨ ᠠᠵᠢᠯᠯᠠᠭᠠᠨ ᠤ ᠲᠥᠪ᠂ ᠰᠣᠶᠣᠯ ᠤᠨ ᠶᠡᠭᠡ ᠬᠦᠷᠢᠶ᠎ᠡ ᠵᠡᠷᠭᠡ ᠲᠠᠯᠠᠪᠤᠷ ᠢ ᠠᠰᠢᠭᠯᠠᠵᠤ | ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠠᠤᠯᠢ ᠪᠠᠷ ᠵᠠᠰᠠᠬᠤ ᠡᠯᠧᠮᠧᠨ᠋ᠲ ᠪᠠ ᠰᠣᠶᠣᠯ ᠤᠨ | ᠡᠯᠧᠮᠧᠨ᠋ᠲ ᠢ ᠠᠭᠤᠰᠤᠯᠴᠠᠭᠤᠯᠤᠨ ᠨᠢᠭᠡ ᠴᠣᠭᠴᠠᠵᠢᠭᠤᠯᠤᠭᠰᠠᠨ᠂ ᠤᠯᠠᠨ ᠲᠦᠮᠡᠨ ᠤ ᠬᠡᠷᠡᠭᠴᠡᠭᠡ ᠪᠠ ᠲᠤᠰ | ᠭᠠᠵᠠᠷ ᠤᠨ ᠣᠨᠴᠠᠯᠢᠭ ᠢ ᠬᠠᠷᠠᠭᠤᠯᠤᠭᠰᠠᠨ ᠬᠠᠤᠯᠢ ᠪᠠᠷ ᠵᠠᠰᠠᠬᠤ ᠰᠣᠶᠣᠯ ᠤᠨ ᠵᠢᠭᠰᠠᠭᠠᠯ ᠤᠨ ᠭᠠᠵᠠᠷ ᠤᠨ | ᠪᠥᠭᠡᠮᠨᠡᠷᠡᠯ ᠢ ᠪᠤᠢ ᠪᠣᠯᠭᠠᠵᠤ᠂ ᠤᠯᠠᠨ ᠲᠦᠮᠡᠨ ᠢ ᠬᠠᠤᠯᠢ ᠪᠠᠷ ᠵᠠᠰᠠᠬᠤ ᠰᠣᠶᠣᠯ ᠤᠨ ᠵᠢᠭᠰᠠᠭᠠᠯ ᠤᠨ ᠭᠠᠵᠠᠷ ᠲᠤ | ᠬᠠᠤᠯᠢ ᠪᠠᠷ ᠵᠠᠰᠠᠬᠤ ᠰᠣᠶᠣᠯ ᠤᠨ ᠨᠥᠯᠥᠭᠡ ᠶᠢ ᠬᠦᠷᠲᠡᠭᠡᠵᠦ᠂ ᠬᠠᠤᠯᠢ ᠪᠠᠷ ᠵᠠᠰᠠᠬᠤ ᠶᠢ ᠡᠷᠬᠢᠮᠯᠡᠬᠦ | ᠣᠶᠢᠯᠠᠭᠠᠭᠳᠠᠬᠤᠨ ᠢ ᠪᠤᠢ ᠪᠣᠯᠭᠠᠨ᠎ᠠ᠃ᠬᠠᠤᠯᠢ ᠪᠠᠷ ᠵᠠᠰᠠᠬᠤ ᠰᠣᠶᠣᠯ ᠤᠨ ᠵᠢᠭᠰᠠᠭᠠᠯ ᠤᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ 2025 ᠣᠨ ᠪᠣᠯᠬᠤ ᠳᠤ᠂ ᠪᠥᠬᠦ ᠣᠷᠣᠨ ᠳᠤ ᠬᠠᠤᠯᠢ ᠪᠠᠷ ᠵᠠᠰᠠᠬᠤ | ᠰᠣᠶᠣᠯ ᠤᠨ ᠭᠤᠣᠯ ᠰᠡᠳᠦᠪᠲᠦ ᠴᠡᠴᠡᠷᠯᠢᠭ ︵ᠲᠠᠯᠠᠪᠠᠶ︶ ᠲᠠᠢ ᠪᠣᠯᠭᠠᠬᠤ᠂ ᠪᠠᠯᠭᠠᠰᠤ ︵ᠵᠡᠭᠡᠯᠢ ᠭᠤᠳᠤᠮᠵᠢ︶ | ᠨᠢᠭᠡᠪᠦᠷᠢ ᠳᠤ ᠬᠠᠤᠯᠢ ᠪᠠᠷ ᠵᠠᠰᠠᠬᠤ ᠰᠣᠶᠣᠯ ᠤᠨ ᠲᠠᠯᠠᠪᠤᠷ ᠭᠠᠵᠠᠷ ᠲᠠᠢ ᠪᠣᠯᠭᠠᠬᠤ᠂ ᠲᠣᠰᠬᠤᠨ ︵ᠨᠡᠶᠢᠭᠡᠮ | ᠲᠣᠭᠤᠷᠢᠭ︶ ᠨᠢᠭᠡᠪᠦᠷᠢ ᠳᠤ ᠬᠠᠤᠯᠢ ᠪᠠᠷ ᠵᠠᠰᠠᠬᠤ ᠰᠣᠶᠣᠯ ᠤᠨ ᠤᠬᠠᠭᠤᠯᠭ᠎ᠠ ᠶᠢᠨ ᠪᠤᠯᠤᠩ ︵ᠣᠷᠳᠣ ᠬᠤᠩᠭᠢᠯ︶ | ᠵᠡᠷᠭᠡ ᠵᠢᠭᠰᠠᠭᠠᠯ ᠤᠨ ᠭᠠᠵᠠᠷ ᠲᠠᠢ ᠪᠣᠯᠭᠠᠬᠤ᠂ ᠡᠯ᠎ᠡ ᠰᠠᠯᠠᠭ᠎ᠠ ᠮᠥᠴᠢᠷ᠂ ᠠᠵᠢᠯ ᠲᠥᠷᠥᠯ ᠳᠤ ᠬᠠᠤᠯᠢ ᠪᠠᠷ ᠵᠠᠰᠠᠬᠤ | ᠰᠣᠶᠣᠯ ᠤᠨ ︽ᠪᠢᠴᠢᠯ ᠦᠵᠡᠮᠵᠢ︾ ᠲᠠᠢ ᠪᠣᠯᠭᠠᠬᠤ᠂ ᠬᠡᠯᠪᠡᠷᠢ ᠲᠠᠢ ᠪᠠᠷ ᠪᠦᠷᠬᠦᠭᠦᠯᠵᠦ ᠪᠠᠶᠢᠭᠰᠠᠨ ᠠᠴᠠ ᠪᠠᠨ | ᠪᠦᠲᠦᠮᠵᠢᠲᠡᠶ ᠪᠦᠷᠬᠦᠭᠦᠯᠬᠦ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ᠣᠯᠠᠨ ᠨᠡᠶᠢᠲᠡ ᠶᠢᠨ ᠠᠵᠢᠯᠯᠠᠭᠠᠨ ᠤ | ᠲᠠᠯᠠᠪᠤᠷ ᠭᠠᠵᠠᠷ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠮᠵᠢ ᠵᠢᠴᠢ ᠭᠤᠣᠯ ᠵᠠᠮ ᠤᠨ ᠵᠡᠭᠡᠯᠢ | ᠳᠠᠭᠠᠤ ᠶᠢᠨ ᠤᠬᠠᠭᠤᠯᠭ᠎ᠠ ᠬᠥᠮᠦᠵᠢᠯ ᠤᠨ ᠪᠡᠯᠡᠳᠬᠡᠮᠵᠢ ᠶᠢ ᠢᠳᠡᠪᠬᠢᠲᠡᠢ ᠬᠡᠷᠡᠭᠯᠡᠨ᠂ ᠨᠡᠶᠢᠲᠡ ᠶᠢᠨ ᠠᠰᠠᠷᠠᠮᠵᠢ ᠶᠢᠨ | ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠦᠨ᠎ᠡ᠃ | ︵ᠬᠤᠶᠠᠷ︶ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠰᠣᠶᠣᠯ ᠢ ᠬᠥᠭᠵᠢᠭᠦᠯᠦᠨ᠎ᠡ᠃ᠳ᠋ᠦᠩ ᠾᠧ ᠶᠢᠨ | ᠰᠣᠶᠣᠯ ᠲᠡᠦᠬᠡ ᠶᠢᠨ ᠣᠨᠴᠠᠯᠢᠭ ᠲᠠᠢ ᠤᠶᠠᠯᠳᠤᠭᠤᠯᠤᠨ᠂ ᠪᠠᠶᠠᠯᠢᠭ ᠰᠠᠶᠢᠬᠠᠨ ᠤᠯᠠᠨ ᠲᠦᠮᠡᠨᠴᠢ ᠴᠢᠨᠠᠷᠲᠠᠢ | ᠬᠠᠤᠯᠢ ᠪᠠᠷ ᠵᠠᠰᠠᠬᠤ ᠰᠣᠶᠣᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ᠬᠠᠤᠯᠢ ᠪᠠᠷ ᠵᠠᠰᠠᠬᠤ | ᠰᠣᠶᠣᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠨᠢᠭᠡ ᠪᠦᠯᠦᠭ ᠬᠠᠤᠯᠢ ᠪᠠᠷ ᠵᠠᠰᠠᠬᠤ | ᠤᠳᠬ᠎ᠠ ᠤᠷᠠᠯᠢᠭ ᠤᠨ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ ᠦᠢᠯᠡᠳᠪᠦᠷᠢᠯᠡᠨ᠂ ᠨᠢᠭᠡ ᠪᠦᠯᠦᠭ ᠬᠠᠤᠯᠢ ᠪᠠᠷ | ᠵᠠᠰᠠᠬᠤ ᠰᠣᠶᠣᠯ ᠤᠨ ᠰᠣᠳᠣᠨ ᠪᠦᠲᠦᠭᠡᠯ ᠢ ᠭᠠᠷᠭᠠᠵᠤ᠂ ᠨᠢᠭᠡ ᠪᠦᠯᠦᠭ ᠣᠷᠣᠨ ᠨᠤᠲᠤᠭ ᠤᠨ ᠣᠨᠴᠠᠯᠢᠭ ᠪᠦᠬᠦᠢ | ᠬᠠᠤᠯᠢ ᠪᠠᠷ ᠵᠠᠰᠠᠬᠤ ᠰᠣᠶᠣᠯ ᠢ ᠤᠯᠠᠮᠵᠢᠯᠠᠨ ᠳᠡᠯᠭᠡᠷᠡᠭᠦᠯᠬᠦ ᠪᠦᠲᠦᠭᠡᠯ ᠢ ᠪᠣᠶᠢᠵᠢᠭᠤᠯᠤᠨ᠎ᠠ᠃ᠨᠡᠶᠢᠭᠡᠮ ᠵᠢᠷᠤᠮ ᠤᠨ | ᠬᠠᠤᠯᠢ ᠪᠠᠷ ᠵᠠᠰᠠᠬᠤ ᠰᠣᠶᠣᠯ ᠤᠨ ᠪᠠᠶᠢᠭᠤᠯᠤᠯᠲᠠ ᠶᠢ ᠣᠲᠣ ᠦᠶ᠎ᠡ ᠶᠢᠨ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠰᠢᠰᠲ᠋ᠧᠮᠵᠢ ᠳᠤ ᠣᠷᠣᠭᠤᠯᠬᠤ ᠶᠢ ᠠᠬᠢᠭᠤᠯᠵᠤ᠂ ᠣᠯᠠᠨ ᠨᠡᠶᠢᠲᠡ ᠶᠢᠨ ᠲᠣᠭᠠᠴᠢᠯᠠᠭᠰᠠᠨ | ᠰᠣᠶᠣᠯ ᠤᠨ ᠢᠨᠵᠧᠨᠧᠷᠢᠩ ᠵᠡᠷᠭᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠭᠤᠣᠯᠳᠠᠯᠭ᠎ᠠ ᠲᠠᠢ ᠲᠥᠷᠥᠯ | ᠵᠦᠢᠯ ᠳᠤ ᠣᠷᠣᠭᠤᠯᠤᠨ᠂ ᠨᠡᠶᠢᠭᠡᠮ ᠤᠨ ᠦᠷ᠎ᠡ ᠠᠰᠢᠭ ᠢ ᠲᠡᠷᠢᠭᠦᠨ ᠪᠠᠶᠢᠷᠢᠨ ᠳᠤ ᠲᠠᠯᠪᠢᠵᠤ᠂ ᠵᠠᠰᠠᠭ ᠤᠨ | ᠣᠷᠳᠣᠨ ᠢᠶᠠᠷ ᠭᠤᠣᠯᠯᠠᠭᠤᠯᠤᠭᠰᠠᠨ᠂ ᠨᠡᠶᠢᠭᠡᠮ ᠢᠶᠠᠷ ᠢᠶᠠᠨ ᠣᠷᠣᠯᠴᠠᠭᠰᠠᠨ᠂ ᠵᠠᠬ᠎ᠠ ᠳᠡᠯᠭᠡᠭᠦᠷ ᠢᠶᠠᠷ | ᠠᠵᠢᠯᠯᠠᠭᠤᠯᠤᠭᠰᠠᠨ᠂ ᠠᠷᠠᠳ ᠣᠯᠠᠨ ᠳᠤ ᠠᠰᠢᠭ ᠬᠦᠷᠲᠡᠭᠡᠭᠰᠡᠨ ᠬᠠᠩᠭᠠᠯᠭ᠎ᠠ ᠶᠢᠨ ᠵᠠᠭᠪᠤᠷ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠯᠢᠳᠡᠭ ᠬᠠᠤᠯᠢ ᠪᠠᠷ ᠵᠠᠰᠠᠬᠤ ᠰᠣᠶᠣᠯ ᠤᠨ ᠪᠦᠲᠦᠭᠡᠯ ᠢ | ᠵᠣᠷᠢᠭᠵᠢᠭᠤᠯᠤᠨ ᠳᠡᠮᠵᠢᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ᠳ᠋ᠦᠩ ᠾᠧ ᠶᠢᠨ ᠬᠠᠤᠯᠢ | ᠲᠦᠭᠡᠮᠡᠯᠵᠢᠭᠦᠯᠬᠦ ᠨᠠᠷᠠᠲᠤ ᠲᠥᠷᠥᠯ ᠲᠡᠮᠳᠡᠭᠲᠦ ᠶᠢ ᠦᠷᠭᠦᠯᠵᠢᠯᠡᠨ ᠰᠢᠯᠢᠳᠡᠭᠵᠢᠭᠦᠯᠦᠨ ᠬᠥᠭᠵᠢᠭᠦᠯᠬᠦ ᠶᠢ ᠠᠬᠢᠭᠤᠯᠵᠤ᠂ | ᠪᠥᠬᠦ ᠣᠷᠣᠨ ᠤ ᠬᠠᠤᠯᠢ ᠪᠠᠷ ᠵᠠᠰᠠᠬᠤ ᠰᠣᠶᠣᠯ ᠤᠨ ᠪᠦᠲᠦᠭᠡᠯ ᠤᠨ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠤᠨ᠎ᠠ | ᠃ᠳᠤᠮᠳᠠᠳᠤ ᠶᠢᠨ ᠬᠠᠤᠯᠢ ᠶᠢᠨ ᠰᠠᠯᠪᠤᠷᠢ ᠶᠢᠨ ᠰᠢᠯᠢᠳᠡᠭ ᠦᠵᠡᠯ ᠰᠠᠨᠠᠭ᠎ᠠ ᠪᠠ ᠣᠶᠢᠯᠠᠭᠠᠭᠳᠠᠬᠤᠨ ᠢ ᠰᠤᠳᠤᠯᠬᠤ᠂ | ᠤᠬᠠᠭᠤᠯᠬᠤ᠂ ᠤᠯᠠᠮᠵᠢᠯᠠᠬᠤ ᠶᠢ ᠴᠢᠩᠭᠠᠳᠬᠠᠵᠤ᠂ ᠠᠷᠠᠳ ᠢᠶᠠᠷ ᠤᠯᠤᠰ ᠤᠨ ᠦᠨᠳᠦᠰᠦ ᠪᠣᠯᠭᠠᠬᠤ᠂ ᠶᠣᠰᠣᠯᠠᠯ | ᠬᠠᠤᠯᠢ ᠶᠢ ᠵᠡᠷᠭᠡ ᠪᠠᠷ ᠬᠡᠷᠡᠭᠯᠡᠬᠦ᠂ ᠡᠶ᠎ᠡ ᠨᠠᠶᠢᠷᠠᠮᠳᠠᠭᠤ ᠶᠢ ᠡᠷᠬᠢᠮᠯᠡᠬᠦ᠂ ᠶᠣᠰᠣ ᠮᠣᠷᠠᠯ ᠢ ᠮᠡᠳᠡᠵᠦ ᠵᠠᠯᠬᠠᠭᠠᠬᠤ ᠶᠢ | ᠬᠢᠴᠢᠶᠡᠬᠦ᠂ ᠬᠠᠤᠯᠢ ᠶᠢ ᠠᠭᠤᠯᠠ ᠮᠡᠲᠦ ᠬᠡᠷᠡᠭᠵᠢᠭᠦᠯᠬᠦ ᠵᠡᠷᠭᠡ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠬᠠᠤᠯᠢ | ᠴᠠᠭᠠᠵᠠ ᠶᠢᠨ ᠰᠣᠶᠣᠯ ᠤᠨ ᠤᠬᠢ ᠰᠣᠳᠣ ᠶᠢ ᠠᠭᠤᠳᠠᠯᠵᠤ᠂ ᠬᠠᠤᠯᠢ ᠪᠠᠷ ᠵᠠᠰᠠᠬᠤ ᠨᠡᠷᠡᠲᠦ ᠬᠥᠮᠥᠰ ᠤᠨ ᠦᠯᠢᠭᠡᠷ᠂ | ᠬᠠᠤᠯᠢ ᠪᠠᠷ ᠵᠠᠰᠠᠬᠤ ᠰᠡᠴᠡᠨ ᠦᠭᠡ ᠰᠡᠷᠡᠮᠵᠢ ᠶᠢᠨ ᠥᠭᠦᠯᠡᠪᠦᠷᠢ ᠶᠢ ᠡᠮᠬᠢᠯᠡᠵᠦ᠂ ᠰᠠᠶᠢᠨ ᠰᠠᠶᠢᠬᠠᠨ ᠵᠠᠩ ᠳᠠᠳᠬᠠᠯ᠂ | ᠭᠡᠷ ᠤᠨ ᠶᠣᠰᠣ ᠭᠡᠷ ᠤᠨ ᠰᠤᠷᠭᠠᠯ ᠳᠠᠬᠢ ᠰᠢᠯᠢᠳᠡᠭ ᠬᠠᠤᠯᠢ ᠪᠠᠷ ᠵᠠᠰᠠᠬᠤ ᠠᠭᠤᠯᠭ᠎ᠠ ᠶᠢ ᠡᠮᠬᠢᠳᠬᠡᠨ ᠪᠠᠳᠠᠷᠠᠭᠤᠯᠵᠤ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠬᠠᠤᠯᠢ ᠴᠠᠭᠠᠵᠠ ᠶᠢᠨ ᠰᠣᠶᠣᠯ ᠳᠤ ᠴᠠᠭ ᠦᠶ᠎ᠡ ᠶᠢᠨ ᠰᠢᠨ᠎ᠡ | ᠠᠭᠤᠯᠤᠭᠳᠠᠬᠤᠨ ᠢ ᠨᠡᠮᠡᠷᠢᠯᠡᠨ᠎ᠡ᠃ᠮᠠᠨ ᠤ ᠣᠷᠣᠨ ᠤ ᠬᠤᠪᠢᠰᠬᠠᠯ ᠤᠨ ᠡᠬᠢ ᠪᠠᠶᠠᠯᠢᠭ ᠢ ᠠᠭᠤᠳᠠᠯᠬᠤ ᠶᠢ ᠰᠤᠳᠤᠯᠵᠤ᠂ | ᠬᠤᠪᠢᠰᠬᠠᠯ ᠤᠨ ᠬᠠᠤᠯᠢᠵᠢᠯ ᠤᠨ ᠰᠣᠶᠣᠯ ᠢ ᠤᠬᠠᠭᠤᠯᠵᠤ᠂ ᠬᠤᠪᠢᠰᠬᠠᠯ ᠤᠨ ᠬᠠᠤᠯᠢᠵᠢᠯ ᠤᠨ ᠦᠯᠢᠭᠡᠷ ᠢ ᠰᠠᠶᠢᠲᠤᠷ | ᠶᠠᠷᠢᠨ᠎ᠠ᠃ | ︵ᠭᠤᠷᠪᠠ︶ ᠬᠠᠤᠯᠢ ᠪᠠᠷ ᠵᠠᠰᠠᠬᠤ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ | ᠥᠷᠨᠢᠭᠦᠯᠦᠨ᠎ᠡ᠃ᠣᠷᠣᠨ ᠤ ᠳᠣᠲᠣᠷᠠᠬᠢ ᠡᠯ᠎ᠡ ᠨᠢᠭᠡᠴᠡ ᠵᠢᠴᠢ ᠣᠯᠠᠨ ᠲᠦᠮᠡᠨ ᠤ ᠬᠠᠤᠯᠢ ᠪᠠᠷ ᠵᠠᠰᠠᠬᠤ ᠡᠯᠧᠮᠧᠨ᠋ᠲ ᠢ | ᠤᠯᠠᠮᠵᠢᠯᠠᠯᠲᠤ ᠪᠠᠶᠠᠷ ᠤᠨ ᠡᠳᠦᠷ ᠪᠠ ᠠᠷᠠᠳ ᠤᠨ ᠵᠠᠩ ᠵᠠᠩᠰᠢᠯ ᠠᠷᠠᠳ ᠤᠨ ᠵᠠᠩ ᠦᠢᠯᠡ ᠶᠢᠨ ᠠᠵᠢᠯᠯᠠᠭ᠎ᠠ ᠳᠤ | ᠣᠷᠣᠭᠤᠯᠬᠤ ᠶᠢ ᠵᠣᠷᠢᠭᠵᠢᠭᠤᠯᠤᠨ ᠳᠡᠮᠵᠢᠵᠦ᠂ ᠣᠷᠣᠨ ᠨᠤᠲᠤᠭ ᠤᠨ ᠣᠨᠴᠠᠯᠢᠭᠲᠤ ᠰᠣᠶᠣᠯ ᠤᠷᠠᠯᠢᠭ ᠤᠨ | ᠬᠡᠯᠪᠡᠷᠢ ᠳᠤ ᠠᠭᠤᠰᠤᠯᠴᠠᠭᠤᠯᠵᠤ᠂ ᠬᠠᠤᠯᠢ ᠪᠠᠷ ᠵᠠᠰᠠᠬᠤ ᠰᠣᠶᠣᠯ ᠤᠨ ᠤᠬᠠᠭᠤᠯᠭ᠎ᠠ ᠬᠥᠮᠦᠵᠢᠯ ᠤᠨ ᠰᠠᠭᠤᠷᠢᠨ | ᠭᠠᠵᠠᠷ ᠵᠢᠴᠢ ᠣᠷᠣᠨ ᠤ ᠳᠣᠲᠣᠷᠠᠬᠢ ᠡᠯ᠎ᠡ ᠨᠢᠭᠡᠴᠢ ᠡᠯ᠎ᠡ ᠲᠦᠷᠦᠯ ᠤᠨ ᠰᠣᠶᠣᠯ ᠤᠨ ᠲᠠᠯᠠᠪᠤᠷ ᠭᠠᠵᠠᠷ ᠢ ᠭᠦᠢᠴᠡᠳ | ᠠᠰᠢᠭᠯᠠᠨ ᠤᠯᠠᠨ ᠬᠡᠯᠪᠡᠷᠢ ᠶᠢᠨ᠂ ᠤᠯᠠᠨ ᠲᠦᠮᠡᠨ ᠲᠠᠢ ᠣᠶᠢᠷᠠᠲᠤᠭᠰᠠᠨ ᠤᠯᠠᠨ ᠲᠦᠮᠡᠨᠴᠢ ᠴᠢᠨᠠᠷᠲᠠᠢ ᠬᠠᠤᠯᠢ ᠪᠠᠷ | ᠵᠠᠰᠠᠬᠤ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠰᠣᠶᠣᠯ ᠤᠨ | ᠰᠢᠨ᠎ᠡ ᠶᠢ ᠡᠭᠦᠳᠬᠦ ᠪᠠ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠠᠤᠯᠢ ᠪᠠᠷ ᠵᠠᠰᠠᠬᠤ | ᠰᠣᠶᠣᠯ ᠤᠨ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠨᠡᠮᠡᠭᠳᠡᠭᠦᠯᠦᠨ᠎ᠡ᠃︽ᠹᠠ ᠷᠦᠨ ᠳ᠋ᠦᠩ ᠾᠧ ᠭᠤᠣᠯ︾ | ᠤᠨ ᠬᠠᠤᠯᠢ ᠪᠠᠷ ᠵᠠᠰᠠᠬᠤ ᠨᠡᠷᠡᠲᠦ ᠲᠡᠮᠳᠡᠭ ᠢ ᠡᠭᠦᠳᠬᠦ ᠡᠷᠴᠢᠮ ᠢᠶᠠᠨ ᠴᠢᠩᠭᠠᠷᠠᠭᠤᠯᠵᠤ᠂ ᠣᠷᠣᠨ ᠤ ᠳᠣᠲᠣᠷᠠᠬᠢ | ᠡᠯ᠎ᠡ ᠨᠢᠭᠡᠴᠡ ᠶᠢᠨ ᠬᠦᠷᠢᠶ᠎ᠡ ᠠᠯᠤᠰᠯᠠᠭᠰᠠᠨ ᠬᠠᠮᠲᠤᠷᠠᠯᠴᠠᠭ᠎ᠠ ᠶᠢ ᠴᠢᠩᠭᠠᠳᠬᠠᠵᠤ᠂ ᠳᠤᠷᠠᠰᠬᠠᠯ ᠤᠨ ᠡᠳᠦᠷ᠂ | ᠪᠠᠶᠠᠷ ᠤᠨ ᠡᠳᠦᠷ ᠪᠠ ᠴᠢᠬᠤᠯᠠ ᠴᠠᠭ ᠤᠨ ᠵᠠᠩᠭᠢᠯᠠᠭ᠎ᠠ ᠶᠢᠨ ᠴᠡᠭ ᠢ ᠠᠰᠢᠭᠯᠠᠵᠤ᠂ ︽ᠭᠤᠷᠪᠠ ᠶᠢ ᠬᠥᠳᠡᠭᠡ | ᠪᠠᠭᠤᠯᠭᠠᠬᠤ︾᠂ ᠦᠨᠳᠦᠰᠦᠨ ᠱᠠᠲᠤᠨ ᠤ ᠰᠣᠶᠣᠯ ᠤᠷᠠᠯᠢᠭ ᠤᠨ ᠲᠣᠭᠯᠠᠯᠲᠠ ᠵᠡᠷᠭᠡ ᠠᠵᠢᠯᠯᠠᠭ᠎ᠠ ᠲᠠᠢ | ᠤᠶᠠᠯᠳᠤᠭᠤᠯᠤᠨ᠂ ᠰᠣᠶᠣᠯ ᠤᠨ ᠲᠠᠯᠠᠪᠤᠷ ᠣᠷᠳᠣᠨ᠂ ᠤᠷᠠᠯᠢᠭ ᠤᠨ ᠪᠦᠯᠬᠦᠮ᠂ ᠤᠯᠠᠮᠵᠢᠯᠠᠬᠤ ᠵᠠᠭᠤᠴᠢ ᠶᠢᠨ ᠺᠣᠮᠫᠠᠨᠢ | ᠵᠢᠴᠢ ᠬᠠᠤᠯᠢᠴᠢ ᠶᠢᠨ ᠰᠠᠶᠢᠨ ᠳᠤᠷ᠎ᠠ ᠶᠢᠨ ᠠᠵᠢᠯᠯᠠᠭᠴᠢ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ᠂ ᠤᠷᠠᠨ ᠰᠠᠶᠢᠬᠠᠨ ᠤ ᠬᠠᠮᠲᠤᠷᠠᠭᠰᠠᠨ | ᠲᠣᠭᠯᠠᠯᠲᠠ᠂ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ᠂ ᠺᠢᠨᠣ᠋ ᠶᠢᠨ ᠦᠵᠡᠭᠦᠯᠦᠯᠭᠡ ᠨᠡᠪᠲᠡᠷᠡᠭᠦᠯᠭᠡ᠂ ᠨᠣᠮ | ᠪᠢᠴᠢᠭ ᠤᠩᠰᠢᠬᠤ᠂ ᠦᠯᠢᠭᠡᠷ ᠤᠨ ᠶᠠᠷᠢᠶ᠎ᠠ ᠢᠯᠡᠳᠬᠡᠯ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠲᠠᠶᠢᠯᠤᠮᠵᠢ ᠵᠡᠷᠭᠡ ᠤᠯᠠᠨ ᠲᠦᠮᠡᠨᠴᠢ ᠴᠢᠨᠠᠷᠲᠠᠢ ᠪᠠᠶᠠᠯᠢᠭ ᠰᠠᠶᠢᠬᠠᠨ ᠬᠠᠤᠯᠢ ᠪᠠᠷ ᠵᠠᠰᠠᠬᠤ | ᠰᠣᠶᠣᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠬᠠᠤᠯᠢ ᠪᠠᠷ ᠵᠠᠰᠠᠬᠤ ᠰᠣᠶᠣᠯ ᠤᠨ ᠭᠥᠯᠢᠶᠡᠨ ᠠᠪᠬᠤ | ᠬᠡᠪᠴᠢᠶ᠎ᠡ ᠪᠠ ᠨᠥᠯᠥᠭᠡᠯᠡᠬᠦ ᠬᠦᠴᠦᠨ ᠢ ᠥᠷᠭᠡᠳᠬᠡᠵᠦ᠂ ᠠᠷᠠᠳ ᠤᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ | ᠬᠠᠤᠯᠢ ᠪᠠᠷ ᠵᠠᠰᠠᠬᠤ ᠰᠣᠶᠣᠯ ᠤᠨ ᠬᠡᠷᠡᠭᠴᠡᠭᠡ ᠶᠢ ᠬᠠᠩᠭᠠᠨ᠎ᠠ᠃ | ᠲᠠᠪᠤ᠂ ᠤᠯᠠᠨ ᠲᠡᠰ ᠳᠠᠪᠬᠤᠷᠭ᠎ᠠ ᠤᠯᠠᠨ ᠬᠦᠷᠢᠶᠡᠨ ᠤ ᠬᠠᠤᠯᠢ ᠶᠣᠰᠣᠭᠠᠷ ᠵᠠᠰᠠᠬᠤ ᠶᠢ ᠭᠦᠨᠵᠡᠭᠡᠢ ᠠᠬᠢᠭᠤᠯᠤᠨ᠎ᠠ | ᠬᠠᠤᠯᠢ ᠶᠣᠰᠣᠭᠠᠷ ᠵᠠᠰᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠵᠠᠰᠠᠯᠲᠠ ᠶᠢᠨ ᠳᠤᠮᠳᠠᠬᠢ | ᠳᠤᠲᠠᠭᠤᠳᠠᠯ ᠪᠠᠭᠤᠷᠠᠢ ᠲᠠᠯ᠎ᠠ ᠶᠢ ᠲᠦᠷᠭᠡᠨ ᠨᠥᠬᠦᠪᠦᠷᠢᠯᠡᠵᠦ᠂ ᠬᠠᠤᠯᠢ ᠪᠠᠷ ᠵᠠᠰᠠᠬᠤ ᠶᠢᠨ ᠬᠤᠪᠢ ᠶᠢ ᠲᠣᠭᠲᠠᠭᠠᠵᠤ | ᠮᠠᠷᠭᠤᠭᠠᠨ ᠢ ᠵᠣᠭᠰᠤᠭᠠᠬᠤ ᠳᠤᠮᠳᠠᠬᠢ ᠡᠷᠬᠡ ᠰᠦᠷᠲᠦ ᠪᠠᠶᠢᠷᠢ ᠰᠠᠭᠤᠷᠢ ᠶᠢ ᠴᠢᠩᠭᠠᠳᠬᠠᠨ᠎ᠠ᠃ᠦᠨᠳᠦᠰᠦᠨ | ᠱᠠᠲᠤᠨ ᠤ ᠬᠠᠤᠯᠢ ᠶᠣᠰᠣᠭᠠᠷ ᠵᠠᠰᠠᠬᠤ ᠶᠢ ᠭᠤᠣᠯᠳᠠᠯᠭ᠎ᠠ ᠲᠠᠢ ᠴᠢᠩᠭᠠᠳᠬᠠᠵᠤ᠂ ᠵᠥᠷᠢᠴᠡᠯ ᠵᠢᠭᠤᠷᠠᠯᠳᠤᠭᠠᠨ ᠢ | ᠦᠨᠳᠦᠰᠦᠨ ᠱᠠᠲᠤᠨ ᠳᠤ ᠠᠷᠢᠯᠭᠠᠵᠤ᠂ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠦᠨᠳᠦᠰᠦᠨ ᠱᠠᠲᠤᠨ ᠳᠤ | ᠡᠭᠦᠳᠦᠨ ᠪᠠᠶᠢᠭᠤᠯᠤᠨ᠎ᠠ᠃ᠡᠯ᠎ᠡ ᠠᠵᠢᠯ ᠲᠦᠷᠦᠯ ᠤᠨ ᠬᠢᠨ ᠤ ᠬᠠᠤᠯᠢ ᠶᠣᠰᠣᠭᠠᠷ ᠨᠡᠶᠢᠲᠡ ᠶᠢᠨ ᠭᠡᠷ᠎ᠡ᠂ ᠳᠦᠷᠢᠮ | ᠲᠣᠭᠲᠠᠭᠠᠬᠤ ᠶᠢ ᠬᠥᠲᠥᠯᠥᠨ ᠵᠢᠯᠤᠭᠤᠳᠬᠤ ᠪᠠ ᠲᠡᠮᠵᠢᠵᠤ᠂ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠪᠠ | ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠴᠢᠳᠠᠮᠵᠢ ᠶᠢ ᠪᠠᠳᠠᠷᠠᠭᠤᠯᠵᠤ᠂ ᠠᠵᠢᠯ ᠲᠦᠷᠦᠯ ᠤᠨ ᠬᠢᠨ ᠤ ᠥᠪᠡᠷ ᠢ ᠪᠠᠨ | ᠬᠢᠵᠠᠭᠠᠷᠯᠠᠬᠤ᠂ ᠥᠪᠡᠷ ᠢ ᠪᠠᠨ ᠬᠠᠮᠢᠶᠠᠷᠬᠤ ᠶᠢ ᠪᠡᠶᠡᠯᠡᠭᠦᠯᠵᠦ᠂ ᠪᠦᠷᠢᠯᠳᠦᠭᠦᠨ ᠤ ᠬᠠᠤᠯᠢ ᠶᠣᠰᠣᠨ ᠤ ᠡᠷᠬᠡ ᠠᠰᠢᠭ ᠢ | ᠬᠠᠤᠯᠢ ᠶᠣᠰᠣᠭᠠᠷ ᠬᠠᠮᠠᠭᠠᠯᠠᠨ᠎ᠠ᠃ | ︵ᠨᠢᠭᠡ︶ ᠦᠨᠳᠦᠰᠦᠨ ᠱᠠᠲᠤᠨ ᠤ ᠬᠠᠤᠯᠢ ᠶᠣᠰᠣᠭᠠᠷ ᠵᠠᠰᠠᠬᠤ ᠶᠢ ᠭᠦᠨᠵᠡᠭᠡᠶᠢᠷᠡᠭᠦᠯᠦᠨ᠎ᠡ᠃ᠬᠠᠤᠯᠢ ᠪᠠᠷ | ᠵᠠᠰᠠᠬᠤ ᠬᠥᠳᠡᠭᠡ ᠲᠣᠰᠬᠤᠨ ︵ᠨᠡᠶᠢᠭᠡᠮ ᠲᠣᠭᠤᠷᠢᠭ︶ ᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠨᠠᠮ ᠤᠨ | ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ | ᠵᠠᠰᠠᠬᠤ ᠶᠢ ᠤᠶᠠᠯᠳᠤᠭᠤᠯᠤᠭᠰᠠᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ | ᠠᠷᠠᠳᠴᠢᠯᠠᠯ ᠢᠶᠠᠷ ᠬᠠᠤᠯᠢ ᠪᠠᠷ ᠵᠠᠰᠠᠬᠤ ᠶᠢᠨ ᠵᠢᠱᠢᠶ᠎ᠡ ᠦᠵᠡᠭᠦᠯᠬᠦ ᠲᠣᠰᠬᠤᠨ ︵ᠨᠡᠶᠢᠭᠡᠮ ᠲᠣᠭᠤᠷᠢᠭ︶ ᠢ ᠡᠭᠦᠳᠦᠨ | ᠪᠠᠶᠢᠭᠤᠯᠬᠤ ᠠᠵᠢᠯ ᠢ ᠭᠦᠨᠵᠡᠭᠡᠶᠢᠷᠡᠭᠦᠯᠵᠦ᠂ ᠬᠥᠳᠡᠯᠦᠩᠭᠦᠢ ᠬᠠᠮᠢᠶᠠᠷᠤᠯᠲᠠ ᠶᠢ ᠴᠢᠩᠭᠠᠷᠠᠭᠤᠯᠤᠨ᠂ ᠡᠭᠦᠳᠦᠨ | ᠪᠠᠶᠢᠭᠤᠯᠬᠤ ᠶᠠᠰᠤ ᠴᠢᠨᠠᠷ ᠢ ᠳᠡᠭᠡᠭᠰᠢᠯᠡᠭᠦᠯᠵᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ | ᠪᠠᠳᠠᠷᠠᠭᠤᠯᠤᠨ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠵᠦ᠂ 2025 ᠣᠨ ᠪᠣᠯᠬᠤ ᠳᠤ ᠮᠠᠨ ᠤ ᠣᠷᠣᠨ ᠤ 85% ᠶᠢᠨ ᠲᠣᠰᠬᠤᠨ ︵ᠨᠡᠶᠢᠭᠡᠮ ᠲᠣᠭᠤᠷᠢᠭ︶ | ᠢ ᠠᠷᠠᠳᠴᠢᠯᠠᠯ ᠢᠶᠠᠷ ᠬᠠᠤᠯᠢ ᠪᠠᠷ ᠵᠠᠰᠠᠬᠤ ᠶᠢᠨ ᠵᠢᠱᠢᠶ᠎ᠡ ᠦᠵᠡᠭᠦᠯᠬᠦ ᠲᠣᠰᠬᠤᠨ ︵ᠨᠡᠶᠢᠭᠡᠮ ᠲᠣᠭᠤᠷᠢᠭ︶ ᠢ | ᠡᠭᠦᠳᠦᠨ ᠪᠠᠶᠢᠭᠤᠯᠬᠤ ᠱᠠᠭᠠᠷᠳᠠᠯᠭ᠎ᠠ ᠳᠤ ᠨᠡᠶᠢᠴᠡᠭᠦᠯᠬᠦ ᠪᠠᠷ ᠴᠢᠷᠮᠠᠶᠢᠨ᠎ᠠ᠃ᠦᠨᠳᠦᠰᠦᠨ ᠱᠠᠲᠤᠨ ᠤ ᠤᠯᠠᠨ ᠲᠦᠮᠡᠨᠴᠢ | ᠴᠢᠨᠠᠷᠲᠠᠢ ᠥᠪᠡᠷᠲᠡᠭᠡᠨ ᠵᠠᠰᠠᠬᠤ ᠵᠣᠬᠢᠶᠠᠨ ᠪᠠᠶᠢᠭᠤᠯᠤᠯᠲᠠ ᠶᠢ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠵᠤ᠂ | ᠲᠣᠰᠬᠤᠨ᠂ ᠨᠡᠶᠢᠭᠡᠮ ᠲᠣᠭᠤᠷᠢᠭ ︵ᠰᠠᠭᠤᠭᠠᠯᠢ︶ ᠤᠨ ᠠᠷᠠᠳ ᠤᠨ ᠥᠪᠡᠷᠲᠡᠭᠡᠨ ᠵᠠᠰᠠᠬᠤ ᠳᠦᠷᠢᠮ᠂ ᠬᠡᠷᠡᠭ ᠵᠥᠪᠯᠡᠬᠦ | ᠳᠦᠷᠢᠮ᠂ ᠲᠣᠰᠬᠤᠨ ᠤ ᠲᠣᠭᠲᠠᠭᠠᠯ ᠠᠷᠠᠳ ᠤᠨ ᠭᠡᠷ᠎ᠡ᠂ ᠰᠠᠭᠤᠭᠠᠯᠢ ᠠᠷᠠᠳ ᠤᠨ ᠨᠡᠶᠢᠲᠡ ᠶᠢᠨ ᠭᠡᠷ᠎ᠡ᠂ ᠨᠡᠶᠢᠲᠡ ᠶᠢᠨ | ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠵᠡᠷᠭᠡ ᠨᠡᠶᠢᠭᠡᠮ ᠤᠨ ᠵᠢᠷᠤᠮᠵᠢᠯ ᠢ ᠵᠢᠷᠤᠮᠯᠠᠬᠤ ᠢᠳᠡᠪᠬᠢᠵᠢᠯ ᠢ | ᠲᠠᠶᠢᠴᠢᠯᠠᠨ᠂ ᠡᠯ᠎ᠡ ᠲᠦᠷᠦᠯ ᠤᠨ ᠤᠯᠠᠨ ᠲᠦᠮᠡᠨ ᠤ ᠥᠪᠡᠷᠲᠡᠭᠡᠨ ᠵᠠᠰᠠᠬᠤ ᠳᠦᠷᠢᠮ ᠤᠨ ᠢᠳᠡᠪᠬᠢᠲᠡᠢ | ᠦᠢᠯᠡᠳᠦᠯ ᠢᠶᠠᠨ ᠪᠠᠳᠠᠷᠠᠭᠤᠯᠬᠤ ᠶᠢ ᠲᠦᠯᠬᠢᠨ ᠠᠬᠢᠭᠤᠯᠵᠤ᠂ ᠲᠣᠰᠬᠤᠨ᠂ ᠨᠡᠶᠢᠭᠡᠮ ᠲᠣᠭᠤᠷᠢᠭ ︵ᠰᠠᠭᠤᠭᠠᠯᠢ︶ ᠤᠨ | ᠠᠷᠠᠳ ᠤᠨ ᠥᠪᠡᠷ ᠢ ᠪᠠᠨ ᠬᠢᠵᠠᠭᠠᠷᠯᠠᠬᠤ᠂ ᠥᠪᠡᠷ ᠢ ᠪᠠᠨ ᠬᠠᠮᠢᠶᠠᠷᠬᠤ᠂ ᠥᠪᠡᠷ ᠢ ᠪᠠᠨ ᠵᠢᠷᠤᠮᠵᠢᠭᠤᠯᠬᠤ ᠤᠬᠠᠮᠰᠠᠷ ᠢ | ᠬᠥᠮᠥᠵᠢᠭᠦᠯᠦᠨ᠎ᠡ᠃︽ᠬᠠᠤᠯᠢ ᠴᠠᠭᠠᠵᠠ ᠶᠢᠨ ᠮᠡᠷᠭᠡᠨ ᠬᠥᠮᠥᠨ︾ ᠢ ᠬᠥᠮᠥᠵᠢᠭᠦᠯᠬᠦ ᠢᠨᠵᠧᠨᠧᠷᠢᠩ ᠢ ᠦᠷᠭᠦᠯᠵᠢᠯᠡᠨ | ᠥᠷᠨᠢᠭᠦᠯᠵᠦ᠂ ᠲᠡᠳᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠤᠬᠠᠭᠤᠯᠬᠤ᠂ ᠬᠠᠤᠯᠢ ᠴᠠᠭᠠᠵᠠ ᠶᠢᠨ | ᠦᠢᠯᠡᠴᠢᠯᠡᠭᠡ ᠶᠢ ᠬᠥᠲᠥᠯᠥᠨ ᠵᠢᠯᠤᠭᠤᠳᠬᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ᠂ ᠨᠡᠶᠢᠭᠡᠮ ᠤᠨ | ᠵᠠᠰᠠᠯᠲᠠ ᠳᠤ ᠣᠷᠤᠯᠴᠠᠬᠤ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ 2025 ᠣᠨ ᠪᠣᠯᠬᠤ ᠳᠤ | ᠲᠣᠰᠬᠤᠨ ︵ᠨᠡᠶᠢᠭᠡᠮ ᠲᠣᠭᠤᠷᠢᠭ︶ ᠳᠤ 5 ᠨᠡᠷᠡᠰ ᠠᠴᠠ ᠳᠡᠭᠡᠭᠰᠢ ︽ᠬᠠᠤᠯᠢ ᠴᠠᠭᠠᠵᠠ ᠶᠢᠨ ᠮᠡᠷᠭᠡᠨ ᠬᠥᠮᠥᠨ︾ ᠢ | ᠬᠥᠮᠥᠵᠢᠭᠦᠯᠦᠨ᠎ᠡ᠃ᠲᠣᠰᠬᠤᠨ︵ᠨᠡᠶᠢᠭᠡᠮ ᠲᠣᠭᠤᠷᠢᠭ︶︶ ᠤ ᠬᠠᠤᠯᠢ ᠴᠠᠭᠠᠵᠠ ᠶᠢᠨ ᠵᠥᠪᠯᠡᠭᠴᠢ ᠶᠢᠨ ᠳᠦᠷᠢᠮ ᠢ | ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠵᠤ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ | ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠲᠣᠰᠬᠤᠨ︵ᠨᠡᠶᠢᠭᠡᠮ ᠲᠣᠭᠤᠷᠢᠭ︶︶ ᠤ ᠬᠠᠤᠯᠢ ᠴᠠᠭᠠᠵᠠ ᠶᠢᠨ | ᠵᠥᠪᠯᠡᠭᠴᠢ ᠶᠢᠨ ᠦᠢᠯᠡᠳᠦᠯ ᠢ ᠦᠨᠡᠨᠬᠦ ᠪᠠᠳᠠᠷᠠᠭᠤᠯᠵᠤ᠂ ᠰᠠᠷ᠎ᠠ ᠪᠦᠷᠢ ᠠᠳᠠᠭ ᠲᠠᠭᠠᠨ ᠨᠢᠭᠡ ᠤᠳᠠᠭ᠎ᠠ ᠲᠤᠬᠠᠢ ᠶᠢᠨ | ᠲᠠᠯᠠᠪᠤᠷ ᠤᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠵᠤ᠂ ᠤᠯᠠᠷᠢᠯ ᠪᠦᠷᠢ ᠠᠳᠠᠭ ᠲᠠᠭᠠᠨ ᠨᠢᠭᠡ ᠤᠳᠠᠭ᠎ᠠ | ᠬᠠᠤᠯᠢᠵᠢᠯ ᠤᠨ ᠲᠠᠶᠢᠯᠤᠮᠵᠢ ᠡᠷᠬᠢᠯᠡᠨ᠎ᠡ᠃ᠭᠡᠷ ᠪᠦᠯᠢ ᠪᠠᠷ ᠨᠢᠭᠡᠴᠢ ᠪᠣᠯᠭᠠᠨ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠵᠦ᠂ ᠬᠠᠤᠯᠢ ᠶᠢ | ᠰᠤᠷᠴᠤ ᠬᠠᠤᠯᠢ ᠶᠢ ᠬᠡᠷᠡᠭᠯᠡᠬᠦ ᠵᠢᠱᠢᠶ᠎ᠡ ᠦᠵᠡᠭᠦᠯᠬᠦ ᠡᠷᠦᠬᠡ ᠶᠢ ᠪᠣᠶᠢᠵᠢᠭᠤᠯᠤᠨ᠂ ᠰᠠᠶᠢᠨ ᠰᠠᠶᠢᠬᠠᠨ ᠭᠡᠷ ᠤᠨ | ᠰᠤᠷᠲᠠᠯ ᠢ ᠪᠤᠢ ᠪᠣᠯᠭᠠᠵᠤ᠂ ᠭᠡᠷ ᠪᠦᠯᠢ ᠶᠢᠨ ᠡᠶ᠎ᠡ ᠵᠣᠬᠢᠴᠠᠯ ᠢᠶᠠᠷ ᠨᠡᠶᠢᠭᠡᠮ ᠤᠨ ᠲᠣᠭᠲᠠᠭᠤᠨ ᠪᠠᠶᠢᠳᠠᠯ ᠢ | ᠠᠬᠢᠭᠤᠯᠤᠨ᠎ᠠ᠃ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠮᠠᠨ ᠤ ᠣᠷᠣᠨ ᠤ ᠦᠨᠳᠦᠰᠦᠨ | ᠱᠠᠲᠤᠨ ᠤ ᠵᠠᠰᠠᠯᠲᠠ ᠶᠢᠨ ᠦᠢᠯᠡᠳᠦᠯᠭᠡ ᠲᠠᠢ ᠤᠶᠠᠯᠳᠤᠭᠤᠯᠬᠤ ᠶᠢ ᠠᠬᠢᠭᠤᠯᠵᠤ᠂ ᠠᠷᠠᠳ ᠤᠨ ᠡᠶᠡᠳᠡᠭᠦᠯᠭᠡ ᠶᠢᠨ | ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠢ ᠬᠠᠮᠠᠭᠠᠯᠠᠬᠤ ᠳᠤᠮᠳᠠᠬᠢ ᠰᠠᠭᠤᠷᠢ ᠴᠢᠨᠠᠷᠲᠠᠢ ᠦᠢᠯᠡᠳᠦᠯ ᠢ | ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠬᠦ ᠪᠠᠷ ᠴᠢᠷᠮᠠᠶᠢᠨ᠎ᠠ᠃ | ︵ᠬᠤᠶᠠᠷ︶ ᠬᠠᠤᠯᠢ ᠶᠣᠰᠣᠭᠠᠷ ᠰᠤᠷᠭᠠᠭᠤᠯᠢ ᠶᠢ ᠵᠠᠰᠠᠬᠤ ᠶᠢ ᠭᠦᠨᠵᠡᠭᠡᠶᠢᠷᠡᠭᠦᠯᠦᠨ᠎ᠡ᠃︽ᠬᠠᠤᠯᠢ | ᠴᠠᠭᠠᠵᠠ ᠶᠢ ᠰᠤᠷᠭᠠᠭᠤᠯᠢ ᠳᠤ ᠣᠷᠣᠭᠤᠯᠬᠤ︾ ᠠᠵᠢᠯ ᠢ ᠠᠬᠢᠭᠤᠯᠵᠤ᠂ ︽ᠬᠠᠤᠯᠢ ᠪᠠᠷ ᠵᠠᠰᠠᠬᠤ ᠵᠢᠱᠢᠶ᠎ᠡ | ᠦᠵᠡᠭᠦᠯᠬᠦ ᠰᠤᠷᠭᠠᠭᠤᠯᠢ ᠶᠢᠨ ᠬᠦᠷᠢᠶ᠎ᠡ︾ ᠶᠢ ᠡᠭᠦᠳᠦᠨ ᠪᠠᠶᠢᠭᠤᠯᠬᠤ ᠠᠵᠢᠯᠯᠠᠭ᠎ᠠ ᠲᠠᠢ ᠤᠶᠠᠯᠳᠤᠭᠤᠯᠤᠨ᠂ ᠡᠯ᠎ᠡ | ᠲᠥᠷᠥᠯ ᠤᠨ ᠰᠤᠷᠭᠠᠭᠤᠯᠢ ᠶᠢᠨ ᠬᠠᠤᠯᠢ ᠶᠣᠰᠣᠭᠠᠷ ᠵᠠᠰᠠᠬᠤ ᠳᠦᠷᠢᠮ ᠤᠨ ᠰᠢᠰᠲ᠋ᠧᠮ ᠢ ᠪᠦᠷᠢᠨᠰᠢᠭᠦᠯᠦᠨ | ᠲᠡᠭᠦᠯᠳᠡᠷᠵᠢᠭᠦᠯᠬᠦ ᠶᠢ ᠠᠬᠢᠭᠤᠯᠵᠤ᠂ ᠪᠣᠯᠪᠠᠰᠤᠷᠠᠭᠤᠯᠬᠤ᠂ ᠰᠢᠯᠭᠠᠨ ᠦᠨᠡᠯᠡᠬᠦ ᠲᠣᠭᠲᠠᠴᠠ ᠶᠢ ᠪᠠᠶᠢᠭᠤᠯᠵᠤ᠂ | ᠬᠠᠤᠯᠢ ᠪᠠᠷ ᠵᠠᠰᠠᠬᠤ ᠳᠡᠳ᠋ ᠵᠠᠬᠢᠷᠤᠯ᠂ ᠬᠠᠤᠯᠢ ᠪᠠᠷ ᠵᠠᠰᠠᠬᠤ ᠬᠠᠪᠰᠤᠷᠤᠨ ᠵᠢᠯᠣᠭᠤᠳᠤᠭᠴᠢ ᠶᠢᠨ ᠠᠵᠢᠯ ᠤᠨ | ᠠᠭᠤᠯᠭ᠎ᠠ ᠶᠢ ᠰᠢᠯᠢᠳᠡᠭᠵᠢᠭᠦᠯᠵᠦ᠂ ᠬᠡᠷᠡᠭ ᠢᠶᠠᠷ ᠬᠠᠤᠯᠢ ᠴᠠᠭᠠᠵᠠ ᠶᠢ ᠲᠦᠭᠡᠮᠡᠯᠵᠢᠭᠦᠯᠬᠦ᠂ ᠲᠤᠰᠬᠠᠢ ᠰᠡᠳᠦᠪᠲᠦ | ᠬᠠᠤᠯᠢ ᠪᠠᠷ ᠵᠠᠰᠠᠬᠤ ᠲᠠᠶᠢᠯᠤᠮᠵᠢ᠂ ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ ᠵᠡᠷᠭᠡ ᠠᠵᠢᠯᠯᠠᠭ᠎ᠠ ᠶᠢ | ᠪᠠᠶᠢᠩᠭᠤᠵᠢᠭᠤᠯᠤᠨ ᠥᠷᠨᠢᠭᠦᠯᠵᠦ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ᠂ ᠪᠡᠯᠭᠡ ᠶᠢᠨ ᠬᠠᠯᠳᠠᠯᠭ᠎ᠠ᠂ | ᠰᠤᠷᠭᠠᠭᠤᠯᠢ ᠶᠢᠨ ᠬᠦᠷᠢᠶᠡᠨ ᠤ ᠵᠢᠭᠡᠯᠡᠯᠭᠡ᠂ ᠮᠡᠬᠡᠯᠡᠯ᠂ ᠬᠤᠣᠷᠲᠤ ᠡᠳ᠋᠂ ᠰᠦᠯᠵᠢᠶᠡᠨ ᠤ ᠰᠢᠨᠤᠯ ᠢ ᠰᠡᠷᠭᠡᠶᠢᠯᠡᠬᠦ᠂ ᠬᠠᠤᠯᠢ | ᠪᠤᠰᠤ ᠪᠠᠷ ᠱᠠᠰᠢᠨ ᠳᠡᠯᠭᠡᠷᠡᠭᠦᠯᠬᠦ ᠵᠡᠷᠭᠡ ᠲᠠᠯ᠎ᠠ ᠶᠢᠨ ᠬᠠᠤᠯᠢ ᠪᠠᠷ ᠵᠠᠰᠠᠬᠤ ᠬᠥᠮᠦᠵᠢᠯ ᠢ ᠴᠢᠩᠭᠠᠳᠬᠠᠵᠤ᠂ ᠬᠠᠤᠯᠢ | ᠶᠣᠰᠣᠭᠠᠷ ᠰᠤᠷᠭᠠᠭᠤᠯᠢ ᠡᠷᠬᠢᠯᠡᠬᠦ᠂ ᠬᠠᠤᠯᠢ ᠶᠣᠰᠣᠭᠠᠷ ᠪᠠᠭᠰᠢᠯᠠᠬᠤ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠵᠦ᠂ | ᠪᠠᠭᠰᠢ ᠰᠤᠷᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃ᠰᠤᠷᠭᠠᠭᠤᠯᠢ ᠶᠢᠨ | ᠬᠠᠤᠯᠢ ᠪᠠᠷ ᠵᠠᠰᠠᠬᠤ ᠰᠣᠶᠣᠯ ᠤᠨ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠰᠤᠷᠭᠠᠭᠤᠯᠢ ᠶᠢᠨ | ᠬᠦᠷᠢᠶᠡᠨ ᠤ ᠤᠬᠠᠭᠤᠯᠭ᠎ᠠ ᠶᠢᠨ ᠪᠤᠯᠤᠩ᠂ ᠰᠠᠮᠪᠠᠷ᠎ᠠ ᠶᠢᠨ ᠰᠣᠨᠢᠨ᠂ ᠷᠠᠳᠢᠣ᠋ ᠨᠡᠪᠲᠡᠷᠡᠭᠦᠯᠭᠡ᠂ ᠰᠤᠷᠭᠠᠭᠤᠯᠢ ᠶᠢᠨ | ᠬᠦᠷᠢᠶᠡᠨ ᠤ ᠰᠦᠯᠵᠢᠶ᠎ᠡ᠂ ᠲᠤᠭ ᠮᠠᠨᠳᠤᠭᠤᠯᠬᠤ ᠶᠣᠰᠣᠯᠠᠯ᠂ ᠠᠩᠭᠢ ᠶᠢᠨ ᠬᠠᠮᠢᠶᠠᠷᠤᠯᠲᠠ ᠵᠡᠷᠭᠡ ᠠᠴᠢᠶᠠᠯᠠᠪᠤᠷᠢ ᠳᠤ | ᠬᠠᠤᠯᠢ ᠪᠠᠷ ᠵᠠᠰᠠᠬᠤ ᠡᠯᠧᠮᠧᠨ᠋ᠲ ᠢ ᠠᠭᠤᠰᠬᠠᠨ ᠣᠷᠣᠭᠤᠯᠵᠤ᠂ ᠬᠠᠤᠯᠢ ᠴᠠᠭᠠᠵᠠ ᠶᠢᠨ ᠮᠡᠳᠡᠯᠭᠡ ᠶᠢ ᠤᠬᠠᠭᠤᠯᠵᠤ᠂ | ᠰᠤᠷᠤᠭᠴᠢᠳ ᠤᠨ ᠬᠠᠤᠯᠢ ᠪᠠᠷ ᠵᠠᠰᠠᠬᠤ ᠦᠵᠡᠯ ᠤᠬᠠᠮᠰᠠᠷ ᠢ ᠬᠥᠮᠥᠵᠢᠭᠦᠯᠦᠨ᠎ᠡ᠃ | ︵ᠭᠤᠷᠪᠠ︶ ᠬᠠᠤᠯᠢ ᠶᠣᠰᠣᠭᠠᠷ ᠠᠵᠤ ᠠᠬᠤᠶᠢᠯᠠᠯ ᠢ ᠵᠠᠰᠠᠬᠤ ᠶᠢ ᠭᠦᠨᠵᠡᠭᠡᠶᠢᠷᠡᠭᠦᠯᠦᠨ᠎ᠡ᠃︽ᠬᠠᠤᠯᠢ | ᠴᠠᠭᠠᠵᠠ ᠶᠢ ᠠᠵᠤ ᠠᠬᠤᠶᠢᠯᠠᠯ ᠳᠤ ᠣᠷᠣᠭᠤᠯᠬᠤ︾ ᠠᠵᠢᠯ ᠢ ᠲᠦᠯᠬᠢᠨ ᠠᠬᠢᠭᠤᠯᠵᠤ᠂ ᠡᠵᠡᠩᠨᠡᠨ ᠬᠠᠮᠢᠶᠠᠷᠤᠭᠴᠢ ᠪᠠ | ᠠᠵᠢᠯᠲᠠᠨ ᠠᠵᠢᠯᠴᠢᠨ ᠤ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠳᠦᠷᠢᠮ ᠢ ᠨᠠᠶᠢᠳᠠᠪᠤᠷᠢᠵᠢᠭᠤᠯᠵᠤ᠂ ᠠᠶᠤᠯᠭᠦᠢ | ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠂ | ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠵᠡᠷᠭᠡ ᠬᠠᠤᠯᠢ ᠪᠠᠷ ᠵᠠᠰᠠᠬᠤ ᠤᠬᠠᠭᠤᠯᠭ᠎ᠠ | ᠬᠥᠮᠦᠵᠢᠯ ᠢ ᠥᠷᠨᠢᠭᠦᠯᠵᠦ᠂ ᠠᠵᠤ ᠠᠬᠤᠶᠢᠯᠠᠯ ᠤᠨ ᠡᠵᠡᠩᠨᠡᠨ ᠬᠠᠮᠢᠶᠠᠷᠤᠭᠴᠢ ᠪᠠ ᠠᠵᠢᠯᠲᠠᠨ ᠠᠵᠢᠯᠴᠢᠨ ᠤ | ᠬᠠᠤᠯᠢ ᠪᠠᠷ ᠵᠠᠰᠠᠬᠤ ᠦᠵᠡᠯᠲᠡ ᠶᠢ ᠴᠢᠩᠭᠠᠷᠠᠭᠤᠯᠤᠨ᠎ᠠ᠃ᠠᠵᠤ ᠠᠬᠤᠶᠢᠯᠠᠯ ᠤᠨ ᠬᠠᠤᠯᠢ ᠪᠠᠷ ᠵᠠᠰᠠᠬᠤ ᠰᠣᠶᠣᠯ ᠤᠨ | ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠰᠣᠶᠣᠯ ᠬᠢᠭᠡᠳ ᠬᠠᠤᠯᠢ ᠪᠠᠷ ᠵᠠᠰᠠᠬᠤ ᠰᠣᠶᠣᠯ ᠤᠨ | ᠠᠭᠤᠰᠤᠯᠴᠠᠨ ᠬᠥᠭᠵᠢᠬᠦ ᠶᠢ ᠠᠬᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠪᠠᠷ | ᠵᠠᠰᠠᠬᠤ ᠤᠬᠠᠭᠤᠯᠭ᠎ᠠ ᠶᠢᠨ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ ᠪᠠᠷ ᠡᠭᠦᠷᠭᠡᠯᠡᠭᠦᠯᠦᠨ᠎ᠡ᠃ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ︽ᠬᠠᠤᠯᠢ ᠪᠠᠷ ᠵᠠᠰᠠᠬᠤ ᠪᠡᠶ᠎ᠡ ᠶᠢᠨ ᠪᠠᠶᠢᠴᠠᠭᠠᠯᠲᠠ︾ ᠶᠢᠨ ᠠᠵᠢᠯᠯᠠᠭ᠎ᠠ ᠶᠢ | ᠥᠷᠨᠢᠭᠦᠯᠵᠦ᠂ ᠠᠵᠤ ᠠᠬᠤᠶᠢᠯᠠᠯ ᠤᠨ ᠳᠦᠷᠢᠮ ᠳᠤ ᠨᠡᠶᠢᠴᠡᠬᠦ ᠪᠠᠶᠢᠭᠤᠯᠤᠯᠲᠠ ᠶᠢ ᠠᠬᠢᠭᠤᠯᠤᠨ᠂ ᠠᠵᠤ | ᠠᠬᠤᠶᠢᠯᠠᠯ ᠤᠨ ᠬᠠᠤᠯᠢ ᠴᠠᠭᠠᠵᠠ ᠶᠢᠨ ᠵᠥᠪᠯᠡᠭᠴᠢ᠂ ᠺᠣᠮᠫᠠᠨᠢ ᠶᠢᠨ ᠬᠠᠤᠯᠢᠴᠢ ᠶᠢᠨ ᠳᠦᠷᠢᠮ ᠢ ᠰᠠᠶᠢᠲᠤᠷ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠡᠵᠡᠩᠨᠡᠭᠴᠢ ᠶᠢᠨ ᠳᠦᠷᠢᠮ ᠳᠤ ᠨᠡᠶᠢᠴᠡᠬᠦ | ᠬᠠᠮᠢᠶᠠᠷᠤᠯᠲᠠ ᠶᠢ ᠲᠤᠬᠠᠶᠢᠯᠠᠭᠰᠠᠨ ᠠᠵᠢᠯ ᠤᠨ ᠪᠥᠬᠦ ᠶᠠᠪᠤᠴᠠ ᠶᠢᠨ ᠡᠯ᠎ᠡ ᠭᠤᠭᠴᠤᠭ᠎ᠠ ᠳᠤ ᠠᠭᠤᠰᠤᠯᠴᠠᠭᠤᠯᠬᠤ | ᠦᠵᠡᠯ ᠤᠬᠠᠮᠰᠠᠷ ᠢ ᠳᠡᠭᠡᠭᠰᠢᠯᠡᠭᠦᠯᠦᠨ᠂ ᠠᠵᠤ ᠠᠬᠤᠶᠢᠯᠠᠯ ᠢ ᠬᠠᠪᠰᠤᠷᠤᠨ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ | ᠂ ᠠᠵᠤ ᠠᠬᠤᠶᠢᠯᠠᠯ ᠤᠨ ᠬᠠᠮᠢᠶᠠᠷᠤᠯᠲᠠ ᠶᠢᠨ ᠬᠠᠤᠯᠢ ᠪᠠᠷ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ᠠᠵᠤ | ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠦᠭᠰᠢᠭᠦᠷᠢ ᠶᠢ ᠰᠡᠷᠭᠡᠶᠢᠯᠡᠬᠦ | ᠲᠣᠭᠲᠠᠴᠠ ᠶᠢᠨ ᠪᠠᠶᠢᠭᠤᠯᠤᠯᠲᠠ ᠪᠠ ᠲᠣᠭᠲᠠᠭᠠᠯ ᠳᠤ ᠨᠡᠶᠢᠴᠡᠬᠦ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠᠨ | ᠴᠢᠩᠭᠠᠳᠬᠠᠬᠤ ᠶᠢ ᠵᠣᠷᠢᠭᠵᠢᠭᠤᠯᠵᠤ᠂ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠬᠦ ᠦᠨᠡᠨᠴᠢ ᠢᠲᠡᠭᠡᠮᠵᠢᠲᠡᠢ ᠪᠠᠷ | ᠡᠵᠡᠩᠨᠡᠬᠦ ᠶᠢ ᠠᠬᠢᠭᠤᠯᠤᠨ᠂ ᠠᠵᠤ ᠠᠬᠤᠶᠢᠯᠠᠯ ᠪᠠ ᠠᠵᠢᠯᠲᠠᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠬᠤ ᠃ | ︵ᠳᠥᠷᠪᠡ︶ ᠰᠦᠯᠵᠢᠶᠡᠨ ᠤ ᠣᠷᠣᠨ ᠵᠠᠢ ᠶᠢᠨ ᠬᠠᠤᠯᠢ ᠶᠣᠰᠣᠭᠠᠷ ᠵᠠᠰᠠᠬᠤ ᠶᠢ ᠭᠦᠨᠵᠡᠭᠡᠶᠢᠷᠡᠭᠦᠯᠦᠨ᠎ᠡ᠃ | ︽ᠬᠠᠤᠯᠢ ᠴᠠᠭᠠᠵᠠ ᠶᠢ ᠰᠦᠯᠵᠢᠶᠡᠨ ᠳᠤ ᠣᠷᠣᠭᠤᠯᠬᠤ︾ ᠠᠵᠢᠯ ᠢ ᠲᠦᠯᠬᠢᠨ ᠠᠬᠢᠭᠤᠯᠵᠤ᠂ ᠨᠡᠶᠢᠭᠡᠮ ᠳᠠᠶᠠᠭᠠᠷ ᠤᠨ | ᠰᠦᠯᠵᠢᠶᠡᠨ ᠤ ᠬᠠᠤᠯᠢ ᠪᠠᠷ ᠵᠠᠰᠠᠬᠤ ᠪᠠ ᠰᠦᠯᠵᠢᠶᠡᠨ ᠤ ᠬᠡᠪ ᠪᠣᠯᠪᠠᠰᠤᠷᠠᠯ ᠤᠨ ᠬᠥᠮᠦᠵᠢᠯ ᠢ ᠴᠢᠩᠭᠠᠳᠬᠠᠵᠤ᠂ | ᠲᠤᠰᠬᠠᠢ ᠰᠡᠳᠦᠪᠲᠦ ᠪᠣᠯᠪᠠᠰᠤᠷᠠᠭᠤᠯᠤᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠰᠦᠯᠵᠢᠶᠡᠨ ᠤ | ᠠᠵᠤ ᠠᠬᠤᠶᠢᠯᠠᠯ ᠤᠨ ᠬᠠᠮᠢᠶᠠᠷᠤᠯᠲᠠ ᠪᠠ ᠠᠵᠢᠯ ᠡᠷᠬᠢᠯᠡᠭᠰᠡᠳ ᠤᠨ ᠬᠠᠤᠯᠢ ᠪᠠᠷ ᠵᠠᠰᠠᠬᠤ ᠬᠥᠮᠦᠵᠢᠯ ᠢ | ᠴᠢᠩᠭᠠᠳᠬᠠᠵᠤ᠂ ᠰᠦᠯᠵᠢᠶᠡᠨ ᠤ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠡᠭᠦᠷᠭᠡ ᠪᠠ ᠨᠡᠶᠢᠭᠡᠮ ᠤᠨ | ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠭᠦᠢᠴᠡᠳᠬᠡᠬᠦ ᠶᠢ ᠲᠦᠯᠬᠢᠨ ᠠᠬᠢᠭᠤᠯᠵᠤ᠂ ᠰᠦᠯᠵᠢᠶᠡᠨ ᠤ | ᠬᠠᠮᠢᠶᠠᠷᠤᠯᠲᠠ ᠶᠢᠨ ᠳᠦᠷᠢᠮ ᠤᠨ ᠵᠢᠷᠤᠮᠵᠢᠯ ᠢ ᠲᠡᠭᠦᠯᠳᠡᠷᠵᠢᠭᠦᠯᠵᠦ᠂ ᠬᠠᠤᠯᠢ ᠲᠣᠭᠲᠠᠭᠠᠯ ᠶᠣᠰᠣᠭᠠᠷ ᠡᠵᠡᠩᠨᠡᠨ᠎ᠡ᠃ | ᠬᠠᠤᠯᠢ ᠶᠣᠰᠣᠭᠠᠷ ᠰᠦᠯᠵᠢᠶ᠎ᠡ ᠶᠢ ᠵᠠᠰᠠᠬᠤ ᠪᠠ ᠶᠣᠰᠣ ᠮᠣᠷᠠᠯ ᠢᠶᠠᠷ ᠰᠦᠯᠵᠢᠶ᠎ᠡ ᠶᠢ ᠬᠡᠷᠡᠭᠯᠡᠬᠦ ᠶᠢ ᠤᠶᠠᠯᠳᠤᠭᠤᠯᠬᠤ ᠶᠢ | ᠪᠠᠷᠢᠮᠲᠠᠯᠠᠵᠤ᠂ ᠰᠦᠯᠵᠢᠶᠡᠨ ᠤ ᠠᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠵᠢᠷᠤᠮ ᠤᠨ ᠭᠤᠣᠯᠯᠠᠬᠤ | ᠦᠷᠳᠡᠭ ᠤᠨ ᠦᠵᠡᠯᠲᠡ᠂ ᠳᠤᠮᠳᠠᠳᠤ ᠶᠢᠨ ᠰᠣᠶᠣᠯ ᠤᠨ ᠰᠢᠨ᠎ᠡ ᠵᠠᠭᠤᠴᠢᠯᠠᠭᠤᠷ ᠤᠨ ᠳᠠᠮᠵᠢᠭᠤᠯᠭ᠎ᠠ ᠵᠡᠷᠭᠡ | ᠢᠨᠵᠧᠨᠧᠷᠢᠩ ᠢ ᠨᠠᠶᠢᠳᠠᠪᠤᠷᠢᠵᠢᠭᠤᠯᠤᠨ᠎ᠠ᠃ᠰᠦᠯᠵᠢᠶᠡᠨ ᠤ ᠠᠮᠤᠷ ᠲᠦᠪᠰᠢᠨ ᠤ ᠬᠥᠮᠦᠵᠢᠯ ᠢ ᠴᠢᠩᠭᠠᠳᠬᠠᠵᠤ᠂ | ᠰᠦᠯᠵᠢᠶᠡᠨ ᠤ ᠬᠦᠷᠢᠶᠡᠨ ᠳᠠᠬᠢ ᠬᠠᠤᠯᠢ ᠴᠠᠭᠠᠵᠠ ᠬᠠᠤᠯᠢ ᠲᠣᠭᠲᠠᠭᠠᠯ ᠪᠠ ᠦᠢᠯᠡ ᠠᠵᠢᠯᠯᠠᠭᠠᠨ ᠤ ᠵᠢᠷᠤᠮᠵᠢᠯ ᠢ | ᠨᠠᠶᠢᠳᠠᠪᠤᠷᠢᠵᠢᠭᠤᠯᠵᠤ᠂ ᠰᠦᠯᠵᠢᠶᠡᠨ ᠤ ᠢᠷᠭᠡᠳ ᠤᠨ ᠪᠣᠯᠪᠠᠰᠤᠨ ᠢᠶᠠᠷ ᠰᠦᠯᠵᠢᠶᠡᠨ ᠳᠤ ᠭᠠᠷᠬᠤ᠂ ᠣᠶᠤᠨᠴᠢ ᠪᠠᠷ | ᠢᠯᠡᠳᠬᠡᠬᠦ ᠶᠢ ᠬᠥᠲᠥᠯᠥᠨ ᠵᠢᠯᠤᠭᠤᠳᠴᠤ᠂ ᠰᠦᠯᠵᠢᠶᠡᠨ ᠤ ᠢᠷᠭᠡᠳ ᠤᠨ ᠬᠠᠤᠯᠢ ᠪᠠᠷ ᠵᠠᠰᠠᠬᠤ ᠤᠬᠠᠮᠰᠠᠷ ᠢ | ᠳᠡᠭᠡᠭᠰᠢᠯᠡᠭᠦᠯᠵᠦ᠂ ᠰᠦᠯᠵᠢᠶᠡᠨ ᠤ ᠴᠡᠪᠡᠷ ᠲᠤᠩᠭᠠᠯᠠᠭ ᠣᠷᠣᠨ ᠵᠠᠢ ᠶᠢ ᠪᠤᠢ ᠪᠣᠯᠭᠠᠨ᠎ᠠ᠃ᠰᠦᠯᠵᠢᠶᠡᠨ ᠤ ᠠᠵᠤ | ᠠᠬᠤᠶᠢᠯᠠᠯ ᠤᠨ ᠲᠣᠰ ᠪᠡᠶ᠎ᠡ ᠶᠢᠨ ᠠᠵᠢᠯ ᠲᠥᠷᠥᠯ ᠤᠨ ᠣᠨᠴᠠᠯᠢᠭ ᠢᠶᠠᠨ ᠦᠨᠳᠦᠰᠦᠯᠡᠨ᠂ ᠰᠦᠯᠵᠢᠶᠡᠨ ᠤ ᠰᠢᠨ᠎ᠡ | ᠵᠠᠭᠤᠴᠢᠯᠠᠭᠤᠷ ᠤᠨ ᠲᠠᠪᠴᠠᠩ ᠳᠤ ᠲᠦᠰᠢᠭᠯᠡᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠵᠦ᠂ | ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠬᠥᠲᠥᠯᠥᠨ ᠵᠢᠯᠤᠭᠤᠳᠴᠤ ᠳᠡᠮᠵᠢᠨ᠎ᠡ᠃ | ᠵᠢᠷᠭᠤᠭ᠎ᠠ᠂ ᠤᠨᠢᠨ ᠳᠡᠭᠡᠷ᠎ᠡ ᠨᠢ ᠬᠡᠷᠡᠭᠵᠢᠭᠦᠯᠦᠨ ᠦᠢᠯᠡᠳᠦᠯᠭᠡ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠬᠠᠨᠳᠤᠯᠭᠠᠲᠤ ᠴᠢᠨᠠᠷ ᠪᠠ ᠦᠷ᠎ᠡ ᠪᠦᠲᠦᠮᠵᠢᠲᠦ ᠴᠢᠨᠠᠷ ᠢ ᠠᠬᠢᠭᠤᠯᠪᠠ | ︵ᠨᠢᠭᠡ︶ ᠬᠠᠤᠯᠢ ᠪᠠᠷ ᠵᠠᠰᠠᠬᠤ ᠦᠢᠯᠡᠳᠦᠯᠭᠡ ᠶᠢᠨ ᠶᠠᠪᠤᠴᠠ ᠳᠤ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠴᠠᠭ ᠲᠤᠬᠠᠢ ᠳᠤᠨᠢ ᠲᠦᠭᠡᠮᠡᠯᠵᠢᠭᠦᠯᠬᠦ ᠶᠢ ᠥᠷᠨᠢᠭᠦᠯᠦᠨ᠎ᠡ᠃ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠬᠠᠤᠯᠢ ᠬᠡᠷᠡᠭᠵᠢᠭᠦᠯᠬᠦ ᠳᠤ ᠠᠭᠤᠰᠬᠠᠨ ᠣᠷᠣᠭᠤᠯᠵᠤ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ | ᠶᠠᠪᠤᠴᠠ ᠳᠠᠬᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠵᠢᠯᠣᠭᠤᠳᠤᠮᠵᠢ ᠶᠢ | ᠲᠣᠭᠲᠠᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ ᠰᠢᠳᠬᠡᠯ᠂ ᠵᠠᠰᠠᠭ ᠵᠠᠬᠢᠷᠭᠠᠨ ᠤ ᠠᠯᠪᠠᠳᠠᠯᠭ᠎ᠠ᠂ | ᠵᠠᠰᠠᠭ ᠵᠠᠬᠢᠷᠭᠠᠨ ᠤ ᠵᠠᠷᠭᠤ ᠬᠦᠯᠢᠶᠡᠬᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠵᠡᠷᠭᠡ ᠠᠵᠢᠯ ᠤᠨ ᠳᠤᠮᠳᠠ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠴᠠᠭ ᠲᠤᠬᠠᠢ ᠳᠤᠨᠢ ᠥᠷᠨᠢᠭᠦᠯᠵᠦ᠂ ᠬᠠᠤᠯᠢ ᠬᠡᠷᠡᠭᠵᠢᠭᠦᠯᠵᠦ ᠬᠡᠷᠡᠭ | ᠰᠢᠢᠳᠪᠦᠷᠢᠯᠡᠬᠦ ᠠᠵᠢᠯ ᠤᠨ ᠪᠦᠬᠦ ᠠᠵᠢᠯᠲᠠᠨ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠂ | ᠪᠦᠬᠦ ᠶᠠᠪᠤᠴᠠ ᠳᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠪᠡᠶᠡᠯᠡᠭᠦᠯᠦᠨ᠎ᠡ᠃ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠬᠠᠤᠯᠢ ᠴᠠᠭᠠᠵᠠ ᠳᠤ ᠠᠭᠤᠰᠬᠠᠨ ᠣᠷᠣᠭᠤᠯᠵᠤ᠂ ᠢᠯᠡ ᠪᠠᠷ ᠲᠢᠩᠬᠢᠮ ᠨᠡᠭᠡᠭᠡᠬᠦ᠂ | ᠲᠣᠭᠤᠷᠢᠨ ᠰᠢᠭᠦᠨ ᠲᠠᠰᠤᠯᠬᠤ ᠵᠡᠷᠭᠡ ᠬᠠᠤᠯᠢ ᠴᠠᠭᠠᠵᠠ ᠶᠢᠨ ᠠᠵᠢᠯᠯᠠᠭ᠎ᠠ ᠶᠢ ᠭᠦᠢᠴᠡᠳ ᠬᠡᠷᠡᠭᠯᠡᠨ᠂ ᠲᠢᠩᠬᠢᠮ ᠤᠨ | ᠰᠢᠭᠦᠯᠲᠡ ᠶᠢᠨ ᠲᠤᠬᠠᠢ ᠶᠢᠨ ᠲᠠᠯᠠᠪᠤᠷ ᠤᠨ ᠰᠢᠭᠤᠳ ᠨᠡᠪᠲᠡᠷᠡᠭᠦᠯᠭᠡ᠂ ᠬᠦᠴᠦᠨ ᠲᠠᠢ ᠪᠣᠯᠤᠭᠰᠠᠨ ᠬᠠᠤᠯᠢ | ᠴᠠᠭᠠᠵᠠ ᠶᠢᠨ ᠪᠢᠴᠢᠭ ᠬᠠᠷ᠎ᠠ ᠶᠢ ᠰᠦᠯᠵᠢᠶᠡᠨ ᠳᠤ ᠨᠢᠭᠡᠳᠦᠯᠲᠡᠢ ᠣᠷᠣᠭᠤᠯᠬᠤ ᠪᠠ ᠢᠯᠡ ᠪᠠᠷ ᠪᠠᠶᠢᠴᠠᠭᠠᠨ ᠯᠠᠪᠯᠠᠬᠤ᠂ | ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠬᠦ ᠵᠡᠷᠭᠡ ᠠᠮᠢᠳᠤᠯᠢᠭ ᠪᠥᠭᠡᠳ ᠰᠢᠭᠤᠳ ᠦᠵᠡᠭᠦᠯᠬᠦ ᠠᠷᠭ᠎ᠠ | ᠮᠠᠶ᠋ᠢᠭ ᠢᠶᠠᠷ ᠳᠠᠮᠵᠢᠭᠤᠯᠤᠨ ᠬᠠᠤᠯᠢ ᠴᠠᠭᠠᠵᠠ ᠶᠢ ᠤᠬᠠᠭᠤᠯᠤᠨ ᠲᠠᠶᠢᠯᠪᠤᠷᠢᠯᠠᠵᠤ᠂ ᠬᠠᠤᠯᠢ ᠴᠠᠭᠠᠵᠠ ᠶᠢ ᠲᠠᠶᠢᠯᠪᠤᠷᠢᠯᠠᠨ | ᠶᠣᠰᠣ ᠶᠠᠷᠢᠬᠤ ᠠᠵᠢᠯ ᠢ ᠥᠷᠨᠢᠭᠦᠯᠵᠦ᠂ ᠨᠡᠶᠢᠭᠡᠮ ᠳᠠᠶᠠᠭᠠᠷ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ | ᠴᠠᠭᠠᠵᠠ ᠶᠢᠨ ᠲᠠᠰᠤᠯᠤᠨ ᠲᠣᠭᠲᠠᠭᠠᠯᠲᠠ ᠶᠢ ᠬᠦᠨᠳᠦᠳᠬᠡᠬᠦ᠂ ᠬᠠᠤᠯᠢ ᠴᠠᠭᠠᠵᠠ ᠶᠢᠨ ᠡᠷᠬᠡ ᠰᠦᠷ ᠢ | ᠬᠠᠮᠠᠭᠠᠯᠠᠭᠤᠯᠤᠨ᠎ᠠ᠃ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠬᠠᠤᠯᠢ ᠴᠠᠭᠠᠵᠠ ᠶᠢᠨ | ᠦᠢᠯᠡᠴᠢᠯᠡᠭᠡ ᠳᠤ ᠠᠭᠤᠰᠬᠠᠨ ᠣᠷᠣᠭᠤᠯᠵᠤ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ ᠢ ᠵᠢᠭᠠᠨ | ᠵᠢᠯᠤᠭᠤᠳᠴᠤ ᠪᠠᠶᠢᠭᠠᠳ ᠲᠤᠬᠠᠢ ᠶᠢᠨ ᠬᠥᠮᠥᠨ ᠳᠤ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ᠂ ᠵᠥᠷᠢᠴᠡᠯ | ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ᠂ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ ᠳᠤ | ᠬᠤᠯᠪᠣᠭᠳᠠᠭᠰᠠᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠳᠤ ᠣᠷᠣᠯᠴᠠᠭᠤᠯᠬᠤ ᠦᠶ᠎ᠡ ᠳᠤ᠂ ᠬᠠᠤᠯᠢ | ᠴᠠᠭᠠᠵᠠ ᠶᠢ ᠲᠠᠶᠢᠯᠪᠤᠷᠢᠯᠠᠨ ᠶᠣᠰᠣ ᠤᠴᠢᠷ ᠢ ᠵᠠᠳᠠᠯᠬᠤ ᠶᠢ ᠴᠢᠩᠭᠠᠳᠬᠠᠵᠤ᠂ ᠲᠤᠬᠠᠢ ᠶᠢᠨ ᠬᠥᠮᠥᠨ ᠪᠠ ᠨᠡᠶᠢᠭᠡᠮ | ᠨᠡᠶᠢᠲᠡ ᠶᠢᠨ ᠬᠠᠤᠯᠢ ᠶᠣᠰᠣᠭᠠᠷ ᠬᠡᠷᠡᠭ ᠡᠷᠬᠢᠯᠡᠬᠦ ᠶᠢ ᠬᠥᠲᠥᠯᠥᠨ ᠵᠢᠯᠤᠭᠤᠳᠴᠤ᠂ ᠠᠷᠠᠳ ᠤᠯᠠᠨ ᠳᠤ ᠬᠠᠤᠯᠢ | ᠴᠠᠭᠠᠵᠠ ᠶᠢᠨ ᠬᠠᠯᠠᠭᠤᠨ ᠳᠤᠯᠠᠭᠠᠨ ᠪᠠ ᠬᠦᠴᠦᠨ ᠴᠢᠳᠠᠯ ᠢ ᠴᠠᠭ ᠲᠤᠬᠠᠢ ᠳᠤᠨᠢ ᠮᠡᠳᠡᠷᠡᠭᠦᠯᠦᠨ᠎ᠡ᠃ | ︵ᠬᠤᠶᠠᠷ︶ ᠬᠡᠷᠡᠭ ᠢᠶᠠᠷ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ ᠦᠷᠭᠦᠯᠵᠢᠯᠡᠨ ᠥᠷᠨᠢᠭᠦᠯᠪᠡ᠃ | ᠬᠡᠷᠡᠭ ᠢᠶᠠᠷ ᠬᠠᠤᠯᠢ ᠴᠠᠭᠠᠵᠠ ᠶᠢ ᠲᠦᠭᠡᠮᠡᠯᠵᠢᠭᠦᠯᠬᠦ ᠪᠠ ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠬᠤ ᠡᠷᠴᠢᠮ ᠢ | ᠴᠢᠩᠭᠠᠷᠠᠭᠤᠯᠵᠤ᠂ ᠰᠢᠭᠦᠬᠦ ᠲᠤᠰᠢᠶᠠᠯᠲᠠᠨ᠂ ᠪᠠᠶᠢᠴᠠᠭᠠᠬᠤ ᠲᠤᠰᠢᠶᠠᠯᠲᠠᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ | ᠠᠵᠢᠯᠲᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ᠂ ᠬᠠᠤᠯᠢ ᠴᠠᠭᠠᠵᠠ ᠶᠢᠨ ᠦᠢᠯᠡᠴᠢᠯᠡᠭᠡᠨ ᠤ | ᠠᠵᠢᠯᠲᠠᠨ ᠵᠡᠷᠭᠡ ᠶᠢᠨ ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠬᠤ ᠳᠦᠷᠢᠮ ᠢ ᠨᠠᠶᠢᠳᠠᠪᠤᠷᠢᠵᠢᠭᠤᠯᠵᠤ᠂ | ᠵᠠᠷᠭᠤ ᠳᠤ ᠣᠷᠣᠯᠴᠠᠭᠰᠠᠳ᠂ ᠵᠠᠰᠠᠭ ᠵᠠᠬᠢᠷᠭᠠᠨ ᠤ ᠬᠠᠷᠢᠴᠠᠩᠭᠤᠢ ᠬᠥᠮᠥᠨ᠂ ᠠᠰᠢᠭ ᠬᠤᠣᠷ ᠤᠨ ᠬᠠᠷᠢᠴᠠᠭ᠎ᠠ ᠲᠠᠢ | ᠬᠥᠮᠥᠨ ᠵᠡᠷᠭᠡ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠴᠢᠩᠭᠠᠳᠬᠠᠨ᠎ᠠ᠃ᠨᠡᠶᠢᠲᠡᠯᠢᠭ | ᠬᠡᠷᠡᠭ ᠤᠨ ᠵᠢᠱᠢᠶ᠎ᠡ ᠶᠢᠨ ᠣᠨ ᠤ ᠡᠯᠰᠡᠬᠦ ᠠᠵᠢᠯᠯᠠᠭ᠎ᠠ ᠶᠢ ᠥᠷᠨᠢᠭᠦᠯᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ | ᠴᠤᠭᠯᠠᠭᠤᠯᠬᠤ᠂ ᠡᠮᠬᠢᠳᠬᠡᠬᠦ᠂ ᠰᠤᠳᠤᠯᠬᠤ ᠪᠠ ᠨᠡᠶᠢᠲᠡᠯᠡᠬᠦ ᠠᠵᠢᠯ ᠢ ᠴᠢᠩᠭᠠᠳᠬᠠᠵᠤ᠂ ᠬᠡᠷᠡᠭ ᠢᠶᠠᠷ ᠬᠠᠤᠯᠢ | ᠴᠠᠭᠠᠵᠠ ᠶᠢ ᠲᠦᠭᠡᠮᠡᠯᠵᠢᠭᠦᠯᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ | ᠬᠡᠷᠡᠭ ᠢᠶᠠᠷ ᠬᠠᠤᠯᠢ ᠴᠠᠭᠠᠵᠠ ᠶᠢ ᠲᠦᠭᠡᠮᠡᠯᠵᠢᠭᠦᠯᠬᠦ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠵᠤ᠂ ᠬᠡᠷᠡᠭ ᠢᠶᠠᠷ | ᠬᠠᠤᠯᠢ ᠴᠠᠭᠠᠵᠠ ᠶᠢ ᠲᠦᠭᠡᠮᠡᠯᠵᠢᠭᠦᠯᠬᠦ ᠨᠡᠷᠡᠳᠤ ᠲᠡᠮᠳᠡᠭᠲᠦ ᠶᠢ ᠪᠣᠶᠢᠵᠢᠭᠤᠯᠤᠨ᠂ ᠠᠷᠠᠳ ᠤᠯᠠᠨ ᠤ ᠡᠳᠦᠷ | ᠲᠤᠳᠤᠮ ᠤᠨ ᠠᠮᠢᠳᠤᠷᠠᠯ ᠳᠤ ᠲᠤᠯᠭᠠᠷᠠᠭᠰᠠᠨ ︽ᠪᠠᠴᠢᠮ ᠪᠡᠷᠬᠡ ᠵᠣᠪᠠᠨᠢᠯ︾ ᠤᠨ ᠪᠣᠳᠠᠲᠠᠢ ᠬᠠᠤᠯᠢ ᠴᠠᠭᠠᠵᠠ ᠶᠢᠨ | ᠠᠰᠠᠭᠤᠳᠠᠯ ᠳᠤ ᠴᠢᠭᠯᠡᠭᠦᠯᠦᠨ ᠬᠡᠷᠡᠭ ᠢᠶᠠᠷ ᠬᠠᠤᠯᠢ ᠴᠠᠭᠠᠵᠠ ᠶᠢ ᠲᠠᠶᠢᠯᠪᠤᠷᠢᠯᠠᠬᠤ ᠠᠵᠢᠯ ᠢ ᠥᠷᠨᠢᠭᠦᠯᠵᠦ᠂ ᠤᠯᠠᠨ | ᠨᠡᠶᠢᠲᠡ ᠶᠢᠨ ᠬᠠᠤᠯᠢ ᠪᠠᠷ ᠵᠠᠰᠠᠬᠤ ᠦᠵᠡᠯᠲᠡ ᠶᠢ ᠳᠡᠭᠡᠭᠰᠢᠯᠡᠭᠦᠯᠦᠨ᠂ ᠨᠡᠶᠢᠲᠡᠯᠢᠭ ᠬᠡᠷᠡᠭ ᠶᠠᠪᠤᠳᠠᠯ ᠢ ᠬᠠᠤᠯᠢ | ᠶᠣᠰᠣᠭᠠᠷ ᠰᠢᠢᠳᠪᠦᠷᠢᠯᠡᠬᠦ ᠶᠠᠪᠤᠴᠠ ᠶᠢ ᠠᠷᠠᠳ ᠨᠡᠶᠢᠲᠡ ᠶᠢᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠶᠢᠨ ᠢᠯᠡ | ᠬᠢᠴᠢᠶᠡᠯ ᠪᠣᠯᠭᠠᠨ᠎ᠠ᠃ | ︵ᠭᠤᠷᠪᠠ︶ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ ᠬᠡᠷᠡᠭᠯᠡᠬᠦ ᠶᠢ ᠴᠢᠩᠭᠠᠳᠬᠠᠨ᠎ᠠ᠃ᠨᠡᠶᠢᠭᠡᠮ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠬᠥᠮᠦᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠬᠦᠴᠦᠨ ᠳᠤ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢᠨ ᠬᠠᠮᠢᠶᠠᠷᠤᠯᠲᠠ ᠦᠢᠯᠡᠴᠢᠯᠡᠭᠡ᠂ ᠵᠢᠷᠤᠮᠵᠢᠭᠤᠯᠤᠨ | ᠬᠥᠲᠥᠯᠥᠨ ᠵᠢᠯᠤᠭᠤᠳᠬᠤ ᠪᠠ ᠲᠦᠷᠦ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠶᠢ ᠴᠢᠩᠭᠠᠳᠬᠠᠵᠤ᠂ ᠵᠠᠰᠠᠭ ᠤᠨ | ᠣᠷᠳᠣᠨ ᠬᠤᠳᠠᠯᠳᠤᠨ ᠠᠪᠬᠤ᠂ ᠨᠡᠶᠢᠭᠡᠮ ᠤᠨ ᠣᠷᠣᠭᠤᠯᠤᠯᠲᠠ ᠬᠢᠬᠦ᠂ ᠨᠡᠶᠢᠲᠡ ᠶᠢᠨ ᠠᠰᠠᠷᠠᠮᠵᠢ ᠶᠢᠨ ᠳᠡᠮᠵᠢᠯᠭᠡ | ᠦᠵᠡᠭᠦᠯᠬᠦ ᠵᠡᠷᠭᠡ ᠶᠢ ᠤᠶᠠᠯᠳᠤᠭᠤᠯᠤᠭᠰᠠᠨ ᠨᠡᠶᠢᠭᠡᠮ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠠᠵᠢᠯᠯᠠᠭᠠᠨ ᠤ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠨᠡᠶᠢᠭᠡᠮᠴᠢᠯᠡᠬᠦ᠂ ᠵᠦᠢᠯᠡᠰᠴᠢᠯᠡᠬᠦ ᠶᠢ ᠲᠦᠯᠬᠢᠨ ᠠᠬᠢᠭᠤᠯᠤᠨ᠎ᠠ᠃ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠤᠨ | ᠵᠢᠯᠣᠭᠤᠳᠤᠯᠭ᠎ᠠ ᠶᠢ ᠰᠤᠳᠤᠯᠤᠨ ᠲᠣᠭᠲᠠᠭᠠᠵᠤ᠂ ᠦᠨᠡᠯᠡᠬᠦ ᠪᠠ ᠤᠷᠮᠠᠰᠢᠭᠤᠯᠬᠤ ᠳᠦᠷᠢᠮ ᠢ ᠪᠠᠶᠢᠭᠤᠯᠵᠤ᠂ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡ ᠶᠢ ᠪᠠᠶᠢᠩᠭᠤᠵᠢᠭᠤᠯᠬᠤ | ᠪᠠ ᠳᠦᠷᠢᠮᠵᠢᠭᠦᠯᠬᠦ ᠶᠢ ᠲᠦᠯᠬᠢᠨ ᠠᠬᠢᠭᠤᠯᠤᠨ᠎ᠠ᠃ᠬᠠᠤᠯᠢ ᠴᠠᠭᠠᠵᠠ ᠶᠢᠨ ᠦᠢᠯᠡᠴᠢᠯᠡᠭᠡᠨ ᠤ ᠡᠩᠨᠡᠭᠡ ᠶᠢᠨ ᠬᠠᠤᠯᠢ ᠪᠠᠷ | ᠵᠠᠰᠠᠬᠤ ᠤᠬᠠᠭᠤᠯᠭ᠎ᠠ ᠬᠥᠮᠦᠵᠢᠯ ᠤᠨ ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠯᠧᠺᠲ᠋ᠣᠷ ᠤᠨ ᠪᠦᠯᠬᠦᠮ ᠪᠣᠯᠣᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠬᠠᠤᠯᠢ ᠪᠠᠷᠢᠬᠤ ᠪᠠ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠲᠠᠨ᠂ ᠬᠠᠤᠯᠢ ᠶᠢᠨ ᠤᠬᠠᠭᠠᠨ ᠤ ᠳᠡᠭᠡᠳᠦ | ᠰᠤᠷᠭᠠᠭᠤᠯᠢ ᠶᠢᠨ ᠪᠠᠭᠰᠢ ᠰᠤᠷᠤᠭᠴᠢᠳ ᠢ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡᠨ ᠳᠤ ᠶᠡᠭᠡ ᠪᠠᠷ | ᠣᠷᠣᠯᠴᠠᠭᠤᠯᠵᠤ᠂ ᠠᠵᠢᠯ ᠠᠴᠠ ᠪᠠᠨ ᠪᠠᠭᠤᠭᠰᠠᠨ ᠰᠢᠭᠦᠬᠦ ᠲᠤᠰᠢᠶᠠᠯᠲᠠᠨ᠂ ᠪᠠᠶᠢᠴᠠᠭᠠᠬᠤ ᠲᠤᠰᠢᠶᠠᠯᠲᠠᠨ᠂ ᠠᠬᠠᠮᠠᠳ | ᠨᠠᠮ ᠤᠨ ᠭᠡᠰᠢᠭᠦᠨ᠂ ᠠᠬᠠᠮᠠᠳ ᠺᠠᠳ᠋ᠷ᠂ ᠠᠬᠠᠮᠠᠳ ᠪᠠᠭᠰᠢ ᠵᠡᠷᠭᠡ ᠶᠢ ᠥᠷᠭᠡᠨ ᠢᠶᠠᠷ ᠲᠠᠶᠢᠴᠢᠯᠠᠨ ᠵᠣᠬᠢᠶᠠᠨ ᠪᠠᠶᠢᠭᠤᠯᠵᠤ | ᠪᠠᠶᠢᠭᠠᠳ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠡ | ᠥᠷᠨᠢᠭᠦᠯᠵᠦ᠂ ᠤᠳᠬ᠎ᠠ ᠤᠷᠠᠯᠢᠭ ᠤᠨ ᠠᠵᠢᠯᠲᠠᠨ᠂ ᠰᠦᠯᠵᠢᠶᠡᠨ ᠤ ᠨᠡᠷᠡᠳᠤ ᠬᠥᠮᠥᠰ᠂ ᠰᠢᠨ᠎ᠡ ᠵᠠᠭᠤᠴᠢᠯᠠᠭᠤᠷ ᠤᠨ | ᠠᠵᠢᠯ ᠡᠷᠬᠢᠯᠡᠭᠰᠡᠳ ᠵᠢᠴᠢ ᠨᠡᠶᠢᠭᠡᠮ ᠤᠨ ᠪᠤᠰᠤᠳ ᠡᠯ᠎ᠡ ᠡᠲᠡᠭᠡᠳ ᠤᠨ ᠬᠥᠮᠥᠰ ᠤᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯᠯᠠᠭ᠎ᠠ ᠳᠤ ᠣᠷᠤᠯᠴᠠᠬᠤ ᠶᠢ ᠵᠣᠷᠢᠭᠵᠢᠭᠤᠯᠤᠨ ᠲᠡᠮᠵᠢᠨ᠎ᠠ᠃ | ︵ᠳᠥᠷᠪᠡ︶ ᠳᠡᠭᠡᠳᠦ ᠰᠢᠨ᠎ᠡ ᠮᠡᠷᠭᠡᠵᠢᠯ ᠢ ᠬᠡᠷᠡᠭᠯᠡᠨ ᠨᠠᠷᠢᠯᠢᠭ ᠣᠨᠣᠴᠠᠲᠠᠢ ᠪᠠᠷ ᠬᠠᠤᠯᠢ ᠲᠦᠭᠡᠮᠡᠯᠵᠢᠭᠦᠯᠬᠦ | ᠠᠵᠢᠯ ᠢ ᠥᠷᠨᠢᠭᠦᠯᠦᠨ᠎ᠡ᠃ᠲᠣᠭᠠᠴᠢᠯᠠᠭᠰᠠᠨ ᠨᠡᠶᠢᠭᠡᠮ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠨᠡᠶᠢᠲᠡ ᠶᠢᠨ | ᠬᠠᠤᠯᠢ ᠴᠠᠭᠠᠵᠠ ᠶᠢᠨ ᠦᠢᠯᠡᠴᠢᠯᠡᠭᠡ᠂ ᠨᠡᠶᠢᠭᠡᠮ ᠤᠨ ᠵᠠᠰᠠᠯᠲᠠ ᠵᠡᠷᠭᠡ ᠲᠣᠭᠠᠴᠢᠯᠠᠯᠲᠠ᠂ ᠣᠶᠤᠨᠴᠢᠯᠠᠯᠲᠠ ᠶᠢᠨ | ᠲᠦᠪᠰᠢᠨ ᠢ ᠳᠡᠭᠡᠭᠰᠢᠯᠡᠭᠦᠯᠵᠦ᠂ ᠬᠠᠮ ᠵᠠᠭᠤᠴᠢᠯᠠᠭᠤᠷ ᠤᠨ ᠴᠠᠭ ᠦᠶ᠎ᠡ ᠶᠢᠨ ᠤᠯᠠᠨ ᠲᠦᠮᠡᠨᠴᠢ ᠱᠤᠭᠤᠮ ᠢᠶᠠᠷ | ᠰᠠᠶᠢᠲᠤᠷ ᠵᠠᠮᠨᠠᠵᠤ᠂ ᠡᠯ᠎ᠡ ᠬᠠᠤᠯᠢ ᠲᠦᠭᠡᠮᠡᠯᠵᠢᠭᠦᠯᠬᠦ ᠭᠤᠣᠯ ᠴᠣᠭᠴᠠ ᠵᠢᠴᠢ ᠨᠡᠶᠢᠭᠡᠮ ᠤᠨ ᠵᠣᠬᠢᠶᠠᠨ ᠪᠠᠶᠢᠭᠤᠯᠤᠯᠲᠠ᠂ | ᠬᠠᠤᠯᠢ ᠴᠠᠭᠠᠵᠠ ᠶᠢᠨ ᠠᠵᠢᠯᠲᠠᠨ᠂ ᠰᠢᠯᠢᠳᠡᠭ ᠬᠤᠪᠢ ᠶᠢᠨ ᠵᠠᠭᠤᠴᠢᠯᠠᠭᠤᠷ᠂ ᠨᠡᠶᠢᠭᠡᠮ ᠤᠨ ᠬᠠᠮᠲᠤ ᠪᠠᠷ ᠬᠠᠤᠯᠢ | ᠲᠦᠭᠡᠮᠡᠯᠵᠢᠭᠦᠯᠬᠦ ᠥᠪᠡᠷᠮᠢᠴᠡ ᠦᠢᠯᠡᠳᠬᠦᠨ ᠢ ᠵᠣᠬᠢᠶᠠᠨ ᠪᠦᠲᠦᠭᠡᠬᠦ ᠳᠤ ᠣᠷᠤᠯᠴᠠᠬᠤ ᠶᠢ ᠵᠣᠷᠢᠭᠵᠢᠭᠤᠯᠤᠨ | ᠬᠥᠲᠥᠯᠥᠨ ᠵᠢᠯᠤᠭᠤᠳᠴᠤ᠂ ᠰᠢᠯᠢᠳᠡᠭ ᠬᠠᠤᠯᠢ ᠪᠠᠷ ᠵᠠᠰᠠᠬᠤ ᠪᠦᠲᠦᠭᠡᠯ ᠢ ᠡᠯᠰᠡᠨ ᠴᠤᠭᠯᠠᠭᠤᠯᠵᠤ ᠳᠡᠯᠭᠡᠨ ᠦᠵᠡᠭᠦᠯᠬᠦ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠬᠡᠪᠴᠢᠶ᠎ᠡ ᠶᠢ | ᠥᠷᠭᠡᠳᠬᠡᠨ᠎ᠡ᠃ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠵᠠᠭᠪᠤᠷ ᠢ ᠲᠦᠷᠭᠡᠪᠴᠢᠯᠡᠨ | ᠬᠡᠷᠡᠭᠯᠡᠵᠦ ᠪᠠᠶᠢᠭᠠᠳ ᠠᠳᠠᠯᠢ ᠪᠤᠰᠤ ᠬᠠᠮᠲᠤᠯᠢᠭ ᠤᠨ ᠬᠠᠤᠯᠢ ᠪᠠᠷ ᠵᠠᠰᠠᠬᠤ ᠬᠡᠷᠡᠭᠴᠡᠭᠡ ᠪᠠ ᠡᠯ᠎ᠡ ᠵᠦᠢᠯ ᠤᠨ | ᠤᠬᠠᠭᠤᠯᠭ᠎ᠠ ᠶᠢᠨ ᠬᠡᠯᠪᠡᠷᠢ ᠶᠢᠨ ᠪᠦᠲᠦᠮᠵᠢᠲᠦ ᠴᠢᠨᠠᠷ ᠢ ᠴᠤᠭᠯᠠᠭᠤᠯᠤᠨ ᠵᠠᠳᠠᠯᠬᠤ ᠶᠢ ᠲᠦᠯᠬᠢᠨ ᠠᠬᠢᠭᠤᠯᠵᠤ᠂ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠴᠢᠶᠠᠯᠠᠪᠤᠷᠢ ᠪᠠ ᠠᠭᠤᠯᠭ᠎ᠠ ᠶᠢ ᠰᠢᠯᠢᠳᠡᠭᠴᠢᠯᠡᠨ | ᠰᠣᠩᠭᠤᠵᠤ᠂ ᠨᠠᠷᠢᠯᠢᠭ ᠣᠨᠣᠴᠠᠲᠠᠢ ᠪᠠᠷ ᠤᠬᠠᠭᠤᠯᠬᠤ᠂ ᠤᠯᠠᠨ ᠬᠤᠪᠢᠶᠠᠨ ᠤᠬᠠᠭᠤᠯᠬᠤ ᠶᠢ ᠪᠡᠶᠡᠯᠡᠭᠦᠯᠵᠦ᠂ ᠰᠢᠨ᠎ᠡ | ᠵᠠᠭᠤᠴᠢᠯᠠᠭᠤᠷ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢᠨ ᠪᠣᠳᠠᠲᠤ ᠪᠦᠲᠦᠮᠵᠢᠲᠦ | ᠴᠢᠨᠠᠷ ᠢ ᠦᠨᠡᠨ ᠬᠦ ᠳᠡᠭᠡᠭᠰᠢᠯᠡᠭᠦᠯᠦᠨ᠎ᠡ᠃ᠡᠯ᠎ᠡ ᠲᠥᠷᠥᠯ ᠤᠨ ᠰᠢᠨ᠎ᠡ ᠵᠠᠭᠤᠴᠢᠯᠠᠭᠤᠷ ᠤᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠠᠪᠴᠠᠩ ᠤᠨ ᠪᠠᠶᠢᠭᠤᠯᠤᠯᠲᠠ᠂ ᠬᠡᠷᠡᠭᠯᠡᠯᠲᠡ ᠪᠠ ᠳᠡᠯᠭᠡᠷᠡᠭᠦᠯᠦᠯᠲᠡ ᠶᠢ | ᠴᠢᠩᠭᠠᠳᠬᠠᠵᠤ᠂ ᠲᠠᠭᠤ ᠳᠦᠷᠰᠦ ᠰᠢᠩᠭᠡᠭᠡᠯᠲᠡ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠠᠭᠤᠯᠭ᠎ᠠ ᠶᠢᠨ ᠬᠠᠩᠭᠠᠯᠭ᠎ᠠ ᠶᠢ ᠨᠡᠮᠡᠭᠳᠡᠭᠦᠯᠦᠨ᠂ ᠸᠢᠴᠠᠲ᠂ ᠪᠢᠴᠢᠯ ᠪᠦᠷᠭᠡ᠂ ᠪᠢᠴᠢᠯ ᠬᠠᠷᠠᠭᠠᠨ᠂ | ᠲᠠᠭᠤ ᠴᠡᠴᠡᠷᠡᠭᠦᠯᠬᠦ ᠵᠡᠷᠭᠡ ᠲᠠᠪᠴᠠᠩ ᠢᠶᠠᠷ ᠳᠠᠮᠵᠢᠭᠤᠯᠤᠨ ᠨᠢᠭᠡ ᠪᠦᠯᠦᠭ ᠨᠠᠷᠠᠲᠤ ᠲᠡᠮᠳᠡᠭᠴᠢᠯᠡᠭᠰᠡᠨ᠂ ᠰᠢᠷᠢᠰᠵᠢᠭᠰᠡᠨ | ᠲᠠᠭᠤ ᠳᠦᠷᠰᠦ ᠰᠢᠩᠭᠡᠭᠡᠯᠲᠡ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠦᠢᠯᠡᠳᠬᠦᠨ ᠢ | ᠭᠠᠷᠭᠠᠨ᠎ᠠ᠃ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠳᠠᠮᠵᠢᠭᠤᠯᠭ᠎ᠠ ᠶᠢᠨ ᠠᠷᠭ᠎ᠠ ᠮᠠᠶ᠋ᠢᠭ ᠤᠨ | ᠰᠢᠨ᠎ᠡ ᠶᠢ ᠡᠭᠦᠳᠴᠦ᠂ ᠬᠠᠷᠢᠯᠴᠠᠨ ᠬᠥᠳᠡᠯᠦᠯᠴᠡᠬᠦ ᠮᠠᠶ᠋ᠢᠭ ᠤᠨ᠂ ᠦᠢᠯᠡᠴᠢᠯᠡᠬᠦ ᠮᠠᠶ᠋ᠢᠭ ᠤᠨ᠂ ᠠᠬᠤᠢ ᠲᠠᠯᠠᠪᠤᠷ ᠤᠨ | ᠮᠠᠶ᠋ᠢᠭ ᠤᠨ ᠳᠠᠮᠵᠢᠭᠤᠯᠭ᠎ᠠ ᠶᠢᠨ ᠠᠷᠭ᠎ᠠ ᠵᠠᠮ ᠢ ᠥᠷᠭᠡᠳᠬᠡᠨ᠂ ︽ᠰᠣᠨᠢᠨ᠂ ᠰᠦᠯᠵᠢᠶ᠎ᠡ᠂ ᠦᠵᠦᠭᠦᠷ᠂ ᠪᠢᠴᠢᠯ ᠳᠡᠯᠭᠡᠴᠡ︾ | ᠶᠢ ᠨᠢᠭᠡ ᠴᠣᠭᠴᠠᠵᠢᠭᠤᠯᠤᠭᠰᠠᠨ ᠬᠠᠮ ᠵᠠᠭᠤᠴᠢᠯᠠᠭᠤᠷ ᠤᠨ ᠬᠠᠤᠯᠢ ᠪᠠᠷ ᠵᠠᠰᠠᠬᠤ ᠳᠠᠮᠵᠢᠭᠤᠯᠭ᠎ᠠ ᠶᠢᠨ ᠰᠢᠰᠲ᠋ᠧᠮ ᠢ | ᠰᠦᠪᠡᠭᠴᠢᠯᠡᠨ ᠪᠠᠶᠢᠭᠤᠯᠵᠤ᠂ ᠬᠤᠯᠪᠣᠯᠳᠤᠨ ᠨᠡᠪᠲᠡᠷᠡᠯᠴᠡᠬᠦ᠂ ᠬᠠᠮ ᠵᠠᠭᠤᠴᠢᠯᠠᠭᠤᠷ ᠢᠶᠠᠷ ᠬᠦᠷᠭᠡᠬᠦ᠂ ᠤᠯᠠᠨ ᠲᠠᠯ᠎ᠠ ᠪᠠᠷ | ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠭᠥᠯᠢᠶᠡᠨ ᠠᠪᠤᠭᠴᠢᠳ ᠤᠨ ᠣᠷᠤᠯᠴᠠᠬᠤ ᠲᠥᠷᠥᠭᠳᠡᠯ᠂ ᠣᠶᠢᠯᠠᠭᠠᠬᠤ | ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠳᠤ ᠨᠡᠩ ᠤᠯᠠᠨ ᠲᠦᠮᠡᠨ ᠤ ᠳᠤᠷ᠎ᠠ ᠰᠣᠨᠢᠷᠬᠠᠯ ᠢ ᠲᠠᠲᠠᠵᠤ᠂ ᠨᠡᠩ ᠤᠯᠠᠨ ᠲᠦᠮᠡᠨ ᠤ ᠳᠤᠷ᠎ᠠ | ᠰᠣᠨᠢᠷᠬᠠᠯ ᠢ ᠲᠠᠲᠠᠨ᠎ᠠ᠃ | ᠳᠣᠯᠤᠭ᠎ᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠤᠯᠢ ᠲᠦᠭᠡᠮᠡᠯᠵᠢᠭᠦᠯᠬᠦ | ᠠᠵᠢᠯ ᠤᠨ ᠰᠢᠨ᠎ᠡ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ᠡᠯ᠎ᠡ ᠰᠠᠯᠠᠭ᠎ᠠ ᠮᠥᠴᠢᠷ | ᠂ ᠨᠢᠭᠡᠴᠡ ᠨᠦᠭᠦᠳ ᠪᠦᠬᠦ ᠠᠷᠠᠳ ᠢᠶᠠᠷ ᠢᠶᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠪᠠ | ᠬᠠᠤᠯᠢ ᠶᠢ ᠰᠠᠬᠢᠬᠤ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠲᠤᠰ | ᠰᠢᠰᠲ᠋ᠧᠮ ᠤᠨ ᠲᠠᠪᠤᠨ ᠵᠢᠯ ᠤᠨ ᠲᠥᠯᠦᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠶᠢᠨ ᠬᠠᠮᠲᠤ | ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠠᠵᠢᠯ ᠢ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠶᠡᠷᠦᠩᠬᠡᠢ ᠪᠠᠶᠢᠷᠢᠯᠠᠭᠤᠯᠤᠯᠲᠠ ᠳᠤ | ᠣᠷᠣᠭᠤᠯᠵᠤ᠂ ᠪᠦᠬᠦ ᠣᠷᠣᠨ ᠤ ᠶᠡᠷᠦᠩᠬᠡᠶᠢᠯᠡᠭᠰᠡᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠵᠡᠷᠭᠡ | ᠬᠢᠨᠠᠨ ᠰᠢᠯᠭᠠᠵᠤ ᠦᠨᠡᠯᠡᠬᠦ ᠠᠭᠤᠯᠭ᠎ᠠ ᠳᠤ ᠣᠷᠣᠭᠤᠯᠵᠤ᠂ ᠡᠯ᠎ᠡ ᠰᠠᠯᠠᠭ᠎ᠠ ᠮᠥᠴᠢᠷ ᠤᠨ ᠨᠠᠮ ᠵᠠᠰᠠᠭ ᠤᠨ ᠭᠤᠣᠯ | ᠬᠠᠷᠢᠭᠤᠴᠠᠯᠭᠠᠲᠠᠨ ᠨᠠᠷ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ | ᠬᠠᠷᠢᠭᠤᠴᠠᠯᠭ᠎ᠠ ᠶᠢ ᠠᠬᠢᠭᠤᠯᠬᠤ ᠱᠠᠭᠠᠷᠳᠠᠯᠭ᠎ᠠ ᠶᠣᠰᠣᠭᠠᠷ᠂ ᠲᠣᠭᠲᠠᠭᠰᠠᠨ ᠬᠤᠭᠤᠴᠠᠭ᠎ᠠ ᠲᠠᠢ ᠪᠠᠷ ᠬᠠᠷᠢᠭᠤ | ᠮᠡᠳᠡᠭᠦᠯᠦᠯᠲᠡ ᠶᠢ ᠰᠣᠨᠣᠰᠴᠤ᠂ ᠠᠵᠢᠯ ᠤᠨ ᠳᠤᠮᠳᠠᠬᠢ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ | ᠰᠢᠢᠳᠪᠦᠷᠢᠯᠡᠵᠦ᠂ ᠨᠡᠩ ᠤᠯᠠᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠠᠷᠠᠳ | ᠤᠯᠠᠨ ᠤ ᠬᠡᠷᠡᠭᠴᠡᠭᠡ ᠱᠠᠭᠠᠷᠳᠠᠯᠭ᠎ᠠ ᠳᠤ ᠣᠶᠢᠷᠠᠲᠤᠭᠤᠯᠬᠤ ᠶᠢ ᠠᠬᠢᠭᠤᠯᠬᠤ ᠬᠡᠷᠡᠭᠲᠡᠢ᠃ᠣᠷᠣᠨ ᠤ ᠨᠠᠮ ᠤᠨ | ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠵᠥᠪᠯᠡᠯ ᠤᠨ ᠬᠠᠤᠯᠢ ᠶᠢ ᠰᠠᠬᠢᠵᠤ ᠬᠠᠤᠯᠢ ᠶᠢ | ᠲᠦᠭᠡᠮᠡᠯᠵᠢᠭᠦᠯᠬᠦ ᠶᠢ ᠵᠣᠬᠢᠴᠠᠭᠤᠯᠬᠤ ᠳᠤᠭᠤᠶᠢᠯᠠᠩ ᠨᠢ ᠲᠣᠰ ᠲᠥᠯᠦᠪᠵᠢᠭᠦᠯᠭᠡ ᠶᠢᠨ ᠬᠡᠷᠡᠭᠵᠢᠭᠦᠯᠦᠯᠲᠡ ᠶᠢ | ᠵᠣᠬᠢᠶᠠᠨ ᠪᠠᠶᠢᠭᠤᠯᠵᠤ ᠤᠳᠤᠷᠢᠳᠬᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠪᠦᠬᠦᠯᠢ ᠴᠣᠭᠴᠠ ᠪᠠᠷ | ᠠᠬᠢᠭᠤᠯᠬᠤ ᠶᠢ ᠴᠢᠩᠭᠠᠳᠬᠠᠬᠤ ᠬᠡᠷᠡᠭᠲᠡᠢ᠃ᠡᠯ᠎ᠡ ᠰᠠᠯᠠᠭ᠎ᠠ ᠮᠥᠴᠢᠷ ᠨᠢᠭᠡᠴᠡ ᠶᠢᠨ ᠬᠠᠤᠯᠢ ᠲᠦᠭᠡᠮᠡᠯᠵᠢᠭᠦᠯᠬᠦ | ᠠᠵᠢᠯ ᠤᠨ ᠬᠠᠷᠢᠭᠤᠴᠠᠯᠭᠠᠲᠤ ᠪᠠᠶᠢᠭᠤᠯᠤᠮᠵᠢ ᠨᠤᠭᠤᠳ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠵᠣᠬᠢᠶᠠᠨ ᠪᠠᠶᠢᠭᠤᠯᠤᠨ ᠠᠬᠢᠭᠤᠯᠵᠤ᠂ ᠰᠢᠮᠳᠠᠭᠤᠯᠤᠨ ᠵᠢᠯᠣᠭᠤᠳᠤᠨ᠎ᠠ᠃ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠥᠬᠦ ᠠᠷᠠᠳ ᠤᠨ ᠬᠠᠤᠯᠢ ᠲᠦᠭᠡᠮᠡᠯᠵᠢᠭᠦᠯᠬᠦ ᠠᠵᠢᠯ ᠳᠤ | ᠬᠢᠨᠠᠯᠲᠠ ᠲᠠᠯᠪᠢᠬᠤ ᠪᠠ ᠲᠤᠰᠬᠠᠢ ᠪᠠᠶᠢᠴᠠᠭᠠᠯᠲᠠ ᠬᠢᠬᠦ ᠪᠠᠨ ᠴᠢᠩᠭᠠᠳᠬᠠᠬᠤ ᠶᠢ ᠪᠥᠬᠦ ᠬᠦᠴᠦᠨ ᠢᠶᠠᠷ ᠢᠶᠠᠨ ᠳᠡᠮᠵᠢᠵᠦ | ᠂ ᠲᠥᠯᠦᠪᠵᠢᠭᠦᠯᠭᠡ ᠶᠢᠨ ᠤᠷᠤᠭᠰᠢᠲᠠᠢ ᠬᠡᠷᠡᠭᠵᠢᠭᠦᠯᠦᠭᠳᠡᠬᠦ ᠶᠢ ᠠᠬᠢᠭᠤᠯᠤᠨ᠎ᠠ︔ᠣᠷᠣᠨ ᠤ ᠤᠯᠤᠰ ᠲᠦᠷᠦ ᠶᠢᠨ | ᠵᠥᠪᠯᠡᠯᠭᠡᠨ ᠲᠠᠢ ᠢᠳᠡᠪᠬᠢᠲᠡᠢ ᠬᠠᠮᠵᠢᠯᠴᠠᠨ ᠪᠦᠬᠦ ᠠᠷᠠᠳ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠠᠵᠢᠯ ᠤᠨ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠪᠠ ᠵᠥᠪᠳᠡᠯᠴᠡᠭᠡ ᠶᠢ | ᠴᠢᠩᠭᠠᠳᠬᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠯ᠎ᠡ ᠵᠦᠢᠯ ᠤᠨ ᠠᠵᠢᠯ ᠤᠨ | ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ᠃ | ︵ᠬᠤᠶᠠᠷ︶ ᠳᠦᠷᠢᠮ ᠤᠨ ᠰᠢᠰᠲ᠋ᠧᠮᠵᠢ ᠶᠢ ᠪᠦᠷᠢᠨᠰᠢᠭᠦᠯᠦᠨ᠎ᠡ᠃ᠨᠠᠮ ᠤᠨ ᠬᠤᠷᠢᠶ᠎ᠠ ᠤᠳᠤᠷᠢᠳᠬᠤ᠂ | ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠬᠢᠨᠠᠯᠲᠠ | ᠲᠠᠯᠪᠢᠬᠤ᠂ ᠤᠯᠤᠰ ᠲᠦᠷᠦ ᠶᠢᠨ ᠵᠥᠪᠯᠡᠯᠭᠡᠨ ᠠᠴᠠ ᠳᠡᠮᠵᠢᠬᠦ᠂ ᠰᠠᠯᠠᠭ᠎ᠠ ᠮᠥᠴᠢᠷ ᠤᠳ ᠲᠤᠰ ᠲᠤᠰ ᠤᠨ | ᠬᠠᠷᠢᠭᠤᠴᠠᠯᠭ᠎ᠠ ᠪᠠᠨ ᠭᠦᠢᠴᠡᠳᠬᠡᠬᠦ᠂ ᠨᠡᠶᠢᠭᠡᠮ ᠨᠡᠶᠢᠲᠡ ᠪᠠᠷ ᠢᠶᠠᠨ ᠥᠷᠭᠡᠨ ᠢᠶᠠᠷ ᠣᠷᠤᠯᠴᠠᠬᠤ᠂ ᠠᠷᠠᠳ ᠤᠯᠠᠨ ᠢᠶᠠᠷ | ᠭᠤᠣᠯ ᠴᠣᠭᠴᠠ ᠪᠣᠯᠭᠠᠭᠰᠠᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠤᠳᠤᠷᠢᠳᠬᠤ ᠪᠠᠶᠢᠭᠤᠯᠤᠯ ᠪᠠ | ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠬᠠᠤᠯᠢ ᠴᠠᠭᠠᠵᠠ ᠶᠢᠨ ᠶᠡᠭᠡ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠠᠵᠢᠯ ᠤᠨ ᠪᠠᠶᠢᠷᠢᠰᠢᠯ ᠢ ᠪᠦᠷᠢᠯᠳᠦᠭᠦᠯᠦᠨ᠎ᠡ᠃ᠤᠬᠠᠭᠤᠯᠬᠤ ᠰᠠᠯᠠᠭ᠎ᠠ ᠮᠥᠴᠢᠷ᠂ ᠬᠠᠤᠯᠢ ᠴᠠᠭᠠᠵᠠ ᠶᠢᠨ ᠵᠠᠰᠠᠭ | ᠵᠠᠬᠢᠷᠭᠠᠨ ᠤ ᠰᠠᠯᠠᠭ᠎ᠠ ᠮᠥᠴᠢᠷ ᠵᠡᠷᠭᠡ ᠨᠢᠭᠡᠴᠢ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠢᠳᠡᠪᠬᠢᠲᠡᠢ | ᠪᠠᠳᠠᠷᠠᠭᠤᠯᠵᠤ᠂ ᠠᠵᠢᠯ ᠢ ᠵᠣᠬᠢᠶᠠᠨ ᠪᠠᠶᠢᠭᠤᠯᠵᠤ ᠲᠣᠬᠢᠷᠠᠭᠤᠯᠬᠤ᠂ ᠵᠥᠪᠳᠡᠯᠴᠡᠬᠦ ᠪᠠ ᠵᠢᠯᠤᠭᠤᠳᠬᠤ᠂ ᠰᠢᠪᠠᠳᠠᠨ | ᠪᠠᠶᠢᠴᠠᠭᠠᠬᠤ ᠶᠢ ᠴᠢᠩᠭᠠᠳᠬᠠᠨ᠎ᠠ᠃ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠨᠢᠭᠡᠳᠦᠯᠲᠡᠢ ᠲᠥᠯᠥᠪᠯᠡᠨ | ᠠᠬᠢᠭᠤᠯᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠳᠦᠷᠢᠮ︾ ᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ | ᠃ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠴᠠ ᠪᠦᠬᠦ ᠣᠷᠣᠨ ᠤ | ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠡᠯ᠎ᠡ ᠰᠠᠯᠠᠭ᠎ᠠ ᠮᠥᠴᠢᠷ ᠵᠢᠴᠢ ᠡᠯ᠎ᠡ ᠠᠷᠠᠳ ᠤᠨ ᠪᠦᠯᠬᠦᠮ ᠤᠨ | ᠤᠳᠤᠷᠢᠳᠬᠤ ᠺᠠᠳ᠋ᠷᠴᠤᠳ ᠤᠨ ᠬᠠᠤᠯᠢ ᠶᠢ ᠰᠤᠷᠴᠤ ᠬᠠᠤᠯᠢ ᠶᠢ ᠬᠡᠷᠡᠭᠯᠡᠬᠦ ᠠᠵᠢᠯ ᠢ ᠨᠢᠭᠡᠳᠦᠯᠲᠡᠢ ᠲᠥᠯᠥᠪᠯᠡᠵᠦ᠂ | ᠡᠪᠯᠡᠯ ᠲᠣᠭᠤᠷᠢᠭ ᠤᠨ ᠬᠤᠷᠢᠶ᠎ᠠ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠵᠠᠯᠠᠭᠤᠴᠤᠳ | ᠪᠠᠭᠠᠴᠤᠳ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯ ᠢ ᠬᠠᠷᠢᠭᠤᠴᠠᠵᠤ᠂ ᠣᠷᠣᠨ ᠤ ᠲᠠᠷᠢᠶᠠᠯᠠᠩ | ᠮᠠᠯ ᠠᠵᠤ ᠠᠬᠤᠢ ᠶᠢᠨ ᠲᠣᠪᠴᠢᠶ᠎ᠠ᠂ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ | ᠮᠠᠯᠴᠢᠨ ᠲᠠᠷᠢᠶᠠᠴᠢᠨ ᠤ ᠬᠠᠤᠯᠢᠵᠢᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠲᠦᠷᠦᠭᠦᠯᠡᠨ ᠬᠢᠵᠦ᠂ | ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ᠂ ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ | ᠲᠣᠪᠴᠢᠶ᠎ᠠ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠲᠣᠭᠤᠷᠢᠭ ᠤᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠨᠢᠭᠡᠴᠡ ᠨᠦᠭᠦᠳ ᠠᠵᠤ ᠠᠬᠤᠶᠢᠯᠠᠯ ᠤᠨ ᠡᠵᠡᠩᠨᠡᠨ ᠬᠠᠮᠢᠶᠠᠷᠤᠭᠴᠢ | ᠵᠢᠴᠢ ᠠᠵᠢᠯᠲᠠᠨ ᠠᠵᠢᠯᠴᠢᠨ ᠳᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯ ᠢ ᠴᠢᠩᠭᠠᠳᠬᠠᠵᠤ᠂ | ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠡᠯ᠎ᠡ ᠵᠡᠭᠡᠯᠢ ᠪᠠᠯᠭᠠᠰᠤ ᠨᠤᠭᠤᠳ ᠨᠠᠰᠤᠲᠠᠶᠢᠴᠤᠳ ᠪᠠ | ᠭᠡᠷ ᠲᠡᠭᠡᠨ ᠬᠤᠴᠣᠷᠤᠭᠰᠠᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠬᠠᠤᠯᠢ ᠪᠠᠷ ᠵᠠᠰᠠᠬᠤ ᠤᠬᠠᠭᠤᠯᠭ᠎ᠠ | ᠬᠥᠮᠦᠵᠢᠯ ᠤᠨ ᠠᠵᠢᠯ ᠢ ᠬᠠᠷᠢᠭᠤᠴᠠᠵᠤ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠨᠢ ᠡᠮᠡᠭᠲᠡᠶᠢᠴᠦᠳ ᠤᠨ | ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯ ᠢ ᠬᠠᠷᠢᠭᠤᠴᠠᠨ᠎ᠠ᠃ᠠᠷᠠᠳ ᠨᠡᠶᠢᠲᠡ ᠶᠢᠨ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠬᠢᠨᠠᠨ ᠰᠢᠯᠭᠠᠵᠤ ᠦᠨᠡᠯᠡᠨ ᠵᠢᠱᠢᠬᠦ | ᠭᠦᠢᠴᠡᠳᠬᠡᠯ ᠲᠣᠭᠠᠨ ᠤ ᠰᠢᠰᠲ᠋ᠧᠮ ᠪᠠ ᠬᠢᠨᠠᠨ ᠰᠢᠯᠭᠠᠬᠤ ᠠᠷᠭ᠎ᠠ ᠮᠠᠶ᠋ᠢᠭ ᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠰᠢᠨ᠎ᠡ ᠵᠠᠭᠤᠴᠢᠯᠠᠭᠤᠷ᠂ ᠲᠣᠮᠣ ᠳ᠋ᠠᠶᠢᠲ᠋ᠠ᠂ ᠰᠦᠯᠵᠢᠶᠡᠨ ᠤ ᠳᠠᠮᠵᠢᠭᠤᠯᠭ᠎ᠠ ᠵᠡᠷᠭᠡ ᠮᠡᠷᠭᠡᠵᠢᠯ ᠤᠨ ᠠᠷᠭ᠎ᠠ ᠪᠠᠷᠢᠯ ᠢ | ᠰᠦᠪᠡᠭᠴᠢᠯᠡᠨ ᠬᠡᠷᠡᠭᠯᠡᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠦᠭᠰᠡᠨ ᠦᠷ᠎ᠡ ᠪᠦᠲᠦᠮᠵᠢ | ᠪᠠ ᠠᠷᠠᠳ ᠢᠷᠭᠡᠨ ᠤ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠳᠡᠭᠡᠭᠰᠢᠯᠡᠭᠦᠯᠦᠭᠰᠡᠨ ᠦᠷ᠎ᠡ ᠪᠦᠲᠦᠮᠵᠢ ᠶᠢᠨ | ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠶᠢ ᠥᠷᠨᠢᠭᠦᠯᠦᠨ᠎ᠡ᠃ᠬᠢᠨᠠᠨ ᠰᠢᠯᠭᠠᠵᠤ ᠦᠨᠡᠯᠡᠨ ᠵᠢᠱᠢᠭᠰᠡᠨ ᠦᠷ᠎ᠡ | ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠂ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠲᠡᠷᠢᠭᠦᠨ ᠤ ᠬᠠᠮᠲᠤ᠂ ᠲᠡᠷᠢᠭᠦᠨ ᠤ ᠬᠤᠪᠢ ᠬᠥᠮᠥᠨ ᠪᠠ | ᠬᠠᠤᠯᠢ ᠶᠣᠰᠣᠭᠠᠷ ᠵᠠᠰᠠᠬᠤ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠲᠡᠷᠢᠭᠦᠨ ᠤ ᠨᠢᠭᠡᠴᠢ ᠶᠢ ᠲᠣᠭᠲᠠᠭᠠᠯ | ᠶᠣᠰᠣᠭᠠᠷ ᠬᠥᠬᠢᠭᠦᠯᠦᠨ ᠱᠠᠩᠨᠠᠨ᠎ᠠ᠃ | ︵ᠭᠤᠷᠪᠠ︶ ᠬᠠᠤᠯᠢ ᠴᠠᠭᠠᠵᠠ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ | ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠤᠯᠠᠮ ᠨᠢᠭᠡ ᠠᠯᠬᠤᠮ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠤᠨ ᠬᠠᠮᠲᠤᠷᠠᠭᠰᠠᠨ ᠬᠤᠷᠠᠯ ᠤᠨ | ᠦᠢᠯᠡᠳᠦᠯ ᠢ ᠪᠠᠳᠠᠷᠠᠭᠤᠯᠤᠨ᠂ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠬᠠᠷᠢᠭᠤᠴᠠᠯᠭᠠᠲᠤ | ᠨᠢᠭᠡᠴᠡ ᠶᠢᠨ ᠣᠨ ᠤ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠮᠡᠳᠡᠭᠦᠯᠦᠯᠲᠡ ᠶᠢ ᠦᠨᠡᠯᠡᠨ ᠶᠠᠷᠢᠯᠴᠠᠬᠤ ᠠᠵᠢᠯ ᠢ | ᠪᠥᠬᠦ ᠲᠠᠯ᠎ᠠ ᠪᠠᠷ ᠬᠡᠷᠡᠭᠵᠢᠭᠦᠯᠵᠦ᠂ ᠲᠣᠰ ᠲᠥᠯᠦᠪᠵᠢᠭᠦᠯᠭᠡ ᠶᠢᠨ ᠴᠠᠭ ᠬᠤᠭᠤᠴᠠᠭᠠᠨ ᠳᠤ ᠪᠥᠬᠦ ᠣᠷᠣᠨ ᠤ ᠪᠣᠶ | ᠪᠦᠬᠦᠢ ᠨᠢᠭᠡᠴᠡ ᠶᠢᠨ ᠮᠡᠳᠡᠭᠦᠯᠦᠯᠲᠡ ᠶᠢ ᠦᠨᠡᠯᠡᠨ ᠶᠠᠷᠢᠯᠴᠠᠬᠤ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ | ᠬᠥᠳᠡᠯᠦᠩᠭᠦᠢ ᠪᠠᠷ ᠬᠢᠨᠠᠨ ᠬᠡᠮᠵᠢᠬᠦ ᠪᠠ ᠡᠳᠦᠷ ᠲᠤᠲᠤᠮ ᠤᠨ ᠵᠢᠭᠠᠨ ᠵᠢᠯᠤᠭᠤᠳᠴᠤ ᠬᠢᠨᠠᠯᠲᠠ ᠲᠠᠯᠪᠢᠬᠤ ᠶᠢ | ᠴᠢᠩᠭᠠᠳᠬᠠᠵᠤ᠂ ᠨᠠᠷᠢᠨ ᠲᠠᠩᠰᠠ ᠶᠢᠨ ᠬᠠᠮᠢᠶᠠᠷᠤᠯᠲᠠ᠂ ᠮᠥᠷᠳᠡᠨ ᠰᠠᠨᠠᠭᠤᠯᠬᠤ᠂ ᠰᠢᠮᠳᠠᠭᠤᠯᠤᠨ ᠵᠢᠯᠤᠭᠤᠳᠬᠤ᠂ | ᠦᠨᠡᠯᠡᠨ ᠵᠢᠱᠢᠵᠦ ᠬᠠᠷᠢᠭᠤ ᠲᠤᠰᠬᠠᠬᠤ ᠬᠠᠮᠢᠶᠠᠷᠤᠯᠲᠠ ᠶᠢᠨ ᠵᠠᠭᠪᠤᠷ ᠢ ᠠᠯᠬᠤᠮ ᠠᠯᠬᠤᠮ ᠢᠶᠠᠷ ᠪᠣᠶ ᠪᠣᠯᠭᠠᠵᠤ᠂ | ᠲᠥᠷᠥ ᠶᠢᠨ ᠪᠠᠶᠢᠭᠤᠯᠭ᠎ᠠ ᠶᠢᠨ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠳᠦᠷᠢᠮ ᠢ | ᠲᠠᠰᠤᠷᠠᠯᠲᠠ ᠦᠭᠡᠢ ᠪᠦᠷᠢᠨᠰᠢᠭᠦᠯᠵᠦ᠂ ᠬᠠᠤᠯᠢ ᠲᠦᠭᠡᠮᠡᠯᠵᠢᠭᠦᠯᠬᠦ ᠠᠭᠤᠯᠭ᠎ᠠ᠂ ᠠᠷᠭ᠎ᠠ ᠬᠡᠮᠵᠢᠶ᠎ᠡ ᠪᠠ | ᠬᠠᠷᠢᠭᠤᠴᠠᠯᠭ᠎ᠠ ᠶᠢ ᠲᠣᠳᠣᠷᠬᠠᠶᠢᠯᠠᠨ᠎ᠠ᠃ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠣᠨ ᠤ ᠰᠢᠯᠭᠠᠨ | ᠦᠨᠡᠯᠡᠯᠲᠡ᠂ ᠳᠤᠮᠳᠠ ᠬᠤᠭᠤᠴᠠᠭᠠᠨ ᠤ ᠦᠨᠡᠯᠡᠨ ᠵᠢᠱᠢᠯᠲᠡ ᠶᠢᠨ ᠪᠠᠶᠢᠴᠠᠭᠠᠯᠲᠠ ᠪᠠ ᠡᠴᠦᠰ ᠤᠨ ᠬᠤᠭᠤᠴᠠᠭᠠᠨ ᠤ | ᠳ᠋ᠦᠩᠨᠡᠨ ᠰᠢᠯᠭᠠᠨ ᠠᠪᠬᠤ ᠠᠵᠢᠯ ᠢ ᠬᠢᠨᠠᠮᠠᠭᠠᠢ ᠥᠷᠨᠢᠭᠦᠯᠵᠦ᠂ ᠠᠰᠢᠭᠲᠠᠢ ᠲᠤᠷᠰᠢᠯᠭ᠎ᠠ ᠶᠢ ᠴᠠᠭ ᠲᠤᠬᠠᠢ ᠳᠤᠨᠢ | ᠳ᠋ᠦᠩᠨᠡᠵᠦ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠯ᠎ᠡ ᠵᠦᠢᠯ ᠤᠨ ᠡᠭᠦᠷᠭᠡ ᠶᠢ ᠪᠣᠳᠠᠲᠠᠢ | ᠭᠠᠵᠠᠷ ᠲᠤᠨᠢ ᠨᠠᠶᠢᠳᠠᠪᠤᠷᠢᠵᠢᠭᠤᠯᠬᠤ ᠶᠢ ᠠᠬᠢᠭᠤᠯᠪᠠ᠃︽ᠬᠡᠨ ᠬᠠᠮᠢᠶᠠᠷᠪᠠᠯ ᠬᠡᠨ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ︾᠂ ︽ᠬᠡᠨ ᠦᠢᠯᠡᠴᠢᠯᠡᠪᠡᠯ ᠬᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ︾ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠡᠯ᠎ᠡ ᠨᠡᠶᠢᠭᠡᠮ ᠤᠨ ᠪᠦᠯᠬᠦᠮ᠂ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠣᠨ ᠪᠤᠰᠤᠳ ᠵᠣᠬᠢᠶᠠᠨ ᠪᠠᠶᠢᠭᠤᠯᠤᠯᠲᠠ ᠶᠢᠨ ᠠᠵᠢᠯ ᠲᠥᠷᠥᠯ ᠤᠨ | ᠣᠨᠴᠠᠯᠢᠭ ᠪᠣᠯᠣᠨ ᠬᠠᠤᠯᠢ ᠲᠦᠭᠡᠮᠡᠯᠵᠢᠭᠦᠯᠬᠦ ᠡᠲᠡᠭᠡᠳ ᠤᠨ ᠬᠠᠤᠯᠢ ᠴᠠᠭᠠᠵᠠ ᠶᠢᠨ ᠬᠡᠷᠡᠭᠴᠡᠭᠡ ᠱᠠᠭᠠᠷᠳᠠᠯᠭ᠎ᠠ ᠲᠠᠢ | ᠤᠶᠠᠯᠳᠤᠭᠤᠯᠬᠤ ᠶᠢ ᠠᠬᠢᠭᠤᠯᠵᠤ᠂ ᠲᠣᠰ ᠰᠢᠰᠲ᠋ᠧᠮ ᠲᠣᠰ ᠠᠵᠢᠯ ᠲᠥᠷᠥᠯ ᠤᠨ ᠢᠶᠠᠨ ᠬᠠᠤᠯᠢ ᠲᠦᠭᠡᠮᠡᠯᠵᠢᠭᠦᠯᠬᠦ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠲᠣᠭᠲᠠᠭᠠᠨ ᠨᠡᠶᠢᠲᠡᠯᠡᠵᠦ᠂ ᠲᠣᠰ ᠰᠢᠰᠲ᠋ᠧᠮ ᠲᠣᠰ ᠠᠵᠢᠯ ᠲᠥᠷᠥᠯ | ᠲᠣᠰ ᠨᠢᠭᠡᠴᠡ ᠶᠢᠨ ᠢᠶᠠᠨ ᠠᠵᠢᠯᠲᠠᠨ ᠤ ᠬᠠᠤᠯᠢ ᠶᠢ ᠰᠤᠷᠴᠤ ᠬᠡᠷᠡᠭᠯᠡᠬᠦ ᠠᠷᠭ᠎ᠠ ᠶᠢ ᠴᠢᠩᠭᠠᠳᠬᠠᠬᠤ ᠶᠢᠨ ᠬᠠᠮᠲᠤ᠂ | ᠨᠡᠶᠢᠭᠡᠮ ᠤᠨ ᠬᠡᠷᠡᠭ ᠶᠠᠪᠤᠳᠠᠯ ᠤᠨ ᠬᠠᠮᠢᠶᠠᠷᠤᠯᠲᠠ ᠳᠤ ᠣᠷᠤᠯᠴᠠᠬᠤ᠂ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ | ᠶᠠᠪᠤᠴᠠ ᠳᠤ᠂ ᠬᠠᠮᠢᠶᠠᠷᠤᠭᠳᠠᠬᠤ ᠡᠲᠡᠭᠡᠳ᠂ ᠦᠢᠯᠡᠴᠢᠯᠡᠬᠦ ᠡᠲᠡᠭᠡᠳ ᠪᠠ ᠨᠡᠶᠢᠭᠡᠮ ᠨᠡᠶᠢᠲᠡ ᠳᠤ ᠬᠠᠨᠳᠤᠭᠤᠯᠤᠨ | ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠥᠷᠨᠢᠭᠦᠯᠬᠦ ᠡᠷᠴᠢᠮ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ᠴᠢᠬᠤᠯᠠᠴᠢᠯᠠᠭᠰᠠᠨ ᠢᠶᠠᠷ ᠬᠦᠷᠦᠯᠴᠡᠬᠦ ᠦᠭᠡᠢ᠂ ᠠᠷᠭ᠎ᠠ ᠬᠡᠮᠵᠢᠶ᠎ᠡ ᠠᠪᠤᠭᠰᠠᠨ ᠨᠢ ᠬᠦᠴᠦᠨ ᠦᠭᠡᠢ᠂ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢ ᠭᠦᠢᠴᠡᠳᠬᠡᠭᠰᠡᠨ ᠢᠶᠠᠷ ᠬᠦᠷᠦᠯᠴᠡᠬᠦ | ᠦᠭᠡᠢ ᠪᠠᠶᠢᠪᠠᠯ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠠᠴᠠ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠰᠠᠨᠠᠭᠤᠯᠤᠮᠵᠢ ᠶᠢᠨ ᠵᠠᠬᠢᠳᠠᠯ᠂ | ᠰᠢᠪᠠᠳᠠᠨ ᠰᠢᠢᠳᠪᠦᠷᠢᠯᠡᠭᠦᠯᠬᠦ ᠮᠡᠳᠡᠭᠳᠡᠯ ᠪᠤᠶᠤ ᠰᠠᠨᠠᠭᠤᠯᠭ᠎ᠠ ᠶᠢᠨ ᠪᠢᠴᠢᠭ ᠶᠠᠪᠤᠭᠤᠯᠵᠤ᠂ ᠴᠢᠬᠤᠯᠠᠲᠠᠢ ᠦᠶ᠎ᠡ ᠳᠤ | ᠪᠣᠯᠵᠣᠨ ᠶᠠᠷᠢᠯᠴᠠᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠤ᠂ ᠬᠦᠨᠳᠦ ᠨᠣᠴᠢᠲᠠᠢ ᠤᠷᠰᠢᠭ | ᠲᠠᠲᠠᠭᠰᠠᠨ ᠪᠠᠶᠢᠪᠠᠯ ᠵᠠᠷᠯᠠᠨ ᠰᠢᠭᠦᠮᠵᠢᠯᠡᠵᠦ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ | ᠰᠢᠢᠳᠪᠦᠷᠢᠯᠡᠨ᠎ᠡ᠃ | ︵ᠳᠥᠷᠪᠡ︶ ᠵᠠᠭᠤᠴᠢᠯᠠᠭᠤᠷ ᠤᠨ ᠨᠡᠶᠢᠲᠡ ᠶᠢᠨ ᠠᠰᠠᠷᠠᠮᠵᠢ ᠶᠢᠨ ᠬᠠᠤᠯᠢ ᠲᠦᠭᠡᠮᠡᠯᠵᠢᠭᠦᠯᠬᠦ | ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠣᠷᠣᠨ ᠤ | ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠣᠷᠣᠨ ᠤ ᠰᠣᠶᠣᠯ ᠪᠡᠶ᠎ᠡ ᠶᠢᠨ ᠲᠠᠮᠢᠷ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠪᠠᠳᠠᠷᠠᠭᠤᠯᠵᠤ᠂ ᠦᠨᠡᠨᠬᠦ | ᠶᠠᠪᠤᠭᠳᠠᠭᠤᠰᠢᠲᠠᠢ ᠠᠷᠭ᠎ᠠ ᠬᠡᠮᠵᠢᠶ᠎ᠡ ᠲᠣᠭᠲᠠᠭᠠᠵᠤ᠂ ᠪᠥᠬᠦ ᠣᠷᠣᠨ ᠤ ᠡᠯ᠎ᠡ ᠲᠥᠷᠥᠯ ᠤᠨ ᠣᠯᠠᠨ ᠨᠡᠶᠢᠲᠡ ᠶᠢᠨ | ᠵᠠᠭᠤᠴᠢᠯᠠᠭᠤᠷ ᠤᠨ ᠨᠡᠶᠢᠲᠡ ᠶᠢᠨ ᠠᠰᠠᠷᠠᠮᠵᠢ ᠶᠢᠨ ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠪᠠᠨ ᠤᠬᠠᠮᠰᠠᠷ | ᠠᠴᠠ ᠪᠠᠨ ᠭᠦᠢᠴᠡᠳᠬᠡᠬᠦ ᠶᠢ ᠵᠢᠯᠣᠭᠤᠳᠤᠨ ᠬᠢᠨᠠᠯᠲᠠ ᠲᠠᠯᠪᠢᠵᠤ᠂ ︽12 · 4︾· ᠤ ᠤᠯᠤᠰ ᠤᠨ ᠦᠨᠳᠦᠰᠦᠨ | ᠬᠠᠤᠯᠢ ᠶᠢᠨ ᠡᠳᠦᠷ᠂ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ᠂ ᠤᠯᠤᠰ ᠤᠨ | ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ | ᠡᠳᠦᠷ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ᠂ ᠢᠷᠭᠡᠨ ᠤ | ᠬᠠᠤᠯᠢ ᠶᠢᠨ ᠪᠢᠴᠢᠭ ᠤᠨ ᠭᠤᠣᠯ ᠰᠡᠳᠦᠪᠲᠦ ᠤᠬᠠᠭᠤᠯᠭ᠎ᠠ ᠶᠢᠨ ᠰᠠᠷ᠎ᠠ ᠵᠡᠷᠭᠡ ᠴᠢᠬᠤᠯᠠ ᠵᠠᠩᠭᠢᠯᠠᠭ᠎ᠠ ᠶᠢᠨ ᠴᠡᠭ ᠢ | ᠢᠳᠡᠪᠬᠢᠲᠡᠢ ᠠᠰᠢᠭᠯᠠᠨ᠂ ᠬᠠᠤᠯᠢ ᠲᠦᠭᠡᠮᠡᠯᠵᠢᠭᠦᠯᠬᠦ ᠲᠤᠰᠬᠠᠢ ᠪᠤᠯᠤᠩ ᠲᠤᠰᠬᠠᠢ ᠰᠡᠳᠦᠪ ᠭᠠᠷᠭᠠᠵᠤ᠂ ᠡᠷᠬᠡ | ᠰᠦᠷᠲᠦ ᠬᠠᠤᠯᠢ ᠴᠠᠭᠠᠵᠠ ᠶᠢᠨ ᠲᠠᠶᠢᠯᠤᠮᠵᠢ ᠶᠢ ᠴᠠᠭ ᠲᠤᠬᠠᠢ ᠳᠤᠨᠢ ᠥᠷᠨᠢᠭᠦᠯᠦᠨ᠎ᠡ᠃ᠬᠠᠤᠯᠢ ᠪᠠᠷ ᠵᠠᠰᠠᠬᠤ | ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢ ᠵᠠᠭᠤᠴᠢᠯᠠᠭᠤᠷ ᠤᠨ ᠨᠡᠶᠢᠲᠡ ᠶᠢᠨ ᠠᠰᠠᠷᠠᠮᠵᠢ ᠶᠢᠨ ᠵᠠᠷ | ᠮᠡᠳᠡᠭᠡ ᠶᠢ ᠨᠡᠶᠢᠲᠡᠯᠡᠵᠦ ᠨᠡᠪᠲᠡᠷᠡᠭᠦᠯᠬᠦ ᠬᠠᠷᠢᠭᠤᠴᠠᠯᠭ᠎ᠠ ᠳᠤ ᠣᠷᠣᠭᠤᠯᠬᠤ ᠬᠡᠷᠡᠭᠲᠡᠶᠢᠨᠡᠶᠢᠲᠡ ᠶᠢᠨ ᠠᠰᠠᠷᠠᠮᠵᠢ ᠶᠢᠨ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ | ᠴᠢᠩᠭᠠᠳᠬᠠᠵᠤ᠂ ᠣᠷᠣᠨ ᠤ ᠳᠣᠲᠣᠷᠠᠬᠢ ᠡᠯ᠎ᠡ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ︽ᠬᠠᠤᠯᠢ ᠪᠠᠷ | ᠵᠠᠰᠠᠬᠤ ᠪᠠᠶᠢᠭᠤᠯᠤᠯᠲᠠ︾ ᠶᠢᠨ ᠲᠤᠰᠬᠠᠢ ᠬᠡᠪᠯᠡᠯ ᠪᠠᠶᠢᠭᠤᠯᠬᠤ ᠶᠢ ᠠᠬᠢᠭᠤᠯᠵᠤ᠂ ᠵᠠᠭᠤᠴᠢᠯᠠᠭᠤᠷ ᠤᠨ ᠨᠡᠶᠢᠲᠡ ᠶᠢᠨ | ᠠᠰᠠᠷᠠᠮᠵᠢ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠵᠢᠮᠠᠨ ᠤ ᠬᠤᠲᠠ ᠶᠢᠨ ᠨᠡᠶᠢᠲᠡ ᠶᠢᠨ ᠠᠰᠠᠷᠠᠮᠵᠢ ᠶᠢᠨ | ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ︽ᠲᠦᠮᠡᠨ ᠳᠡᠯᠭᠡᠴᠡ︾ ᠶᠢᠨ ᠣᠯᠠᠨ ᠵᠠᠭᠤᠴᠢᠯᠠᠭᠤᠷ ᠤᠨ | ᠬᠤᠯᠪᠤᠭᠠᠯᠠᠨ ᠬᠥᠳᠡᠯᠦᠯᠴᠡᠬᠦ ᠲᠥᠷᠥᠯ ᠵᠦᠢᠯ ᠲᠠᠢ ᠢᠳᠡᠪᠬᠢᠲᠡᠢ ᠬᠠᠮᠵᠢᠯᠴᠠᠵᠤ᠂ ᠭᠤᠣᠯ ᠵᠠᠮ᠂ ᠣᠯᠠᠨ ᠨᠡᠶᠢᠲᠡ ᠶᠢᠨ | ᠲᠠᠯᠠᠪᠤᠷ᠂ ᠲᠣᠰᠬᠤᠨ ᠨᠡᠶᠢᠭᠡᠮ ᠲᠣᠭᠤᠷᠢᠭ᠂ ᠪᠠᠶᠢᠭᠤᠯᠭ᠎ᠠ ᠨᠢᠭᠡᠴᠡ ᠶᠢᠨ ᠳᠡᠯᠭᠡᠴᠡ ᠵᠢᠴᠢ ᠰᠢᠯᠵᠢᠮᠡᠯ ᠦᠵᠦᠭᠦᠷ | ᠵᠡᠷᠭᠡ ᠠᠴᠢᠶᠠᠯᠠᠪᠤᠷᠢ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠬᠦ ᠶᠢ ᠠᠬᠢᠭᠤᠯᠤᠨ᠎ᠠ᠃ᠵᠠᠭᠤᠴᠢᠯᠠᠭᠤᠷ ᠤᠨ ᠠᠵᠢᠯ | ᠡᠷᠬᠢᠯᠡᠭᠰᠡᠳ ᠤᠨ ᠬᠠᠤᠯᠢ ᠪᠠᠷ ᠵᠠᠰᠠᠬᠤ ᠬᠥᠮᠦᠵᠢᠯ ᠢ ᠴᠢᠩᠭᠠᠳᠬᠠᠵᠤ᠂ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ | ᠠᠵᠢᠯ ᠡᠷᠬᠢᠯᠡᠬᠦ ᠬᠢᠷᠢ ᠬᠡᠮ ᠢ ᠰᠢᠯᠭᠠᠨ ᠦᠨᠡᠯᠡᠬᠦ ᠶᠢᠨ ᠴᠢᠬᠤᠯᠠ ᠠᠭᠤᠯᠭ᠎ᠠ ᠪᠣᠯᠭᠠᠵᠤ᠂ ᠲᠡᠭᠦᠨ ᠤ ᠬᠠᠤᠯᠢ ᠪᠠᠷ | ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠨᠡᠶᠢᠭᠡᠮ ᠤᠨ ᠠᠰᠠᠭᠤᠳᠠᠯ ᠢ | ᠲᠠᠶᠢᠯᠪᠤᠷᠢᠯᠠᠬᠤ᠂ ᠨᠡᠶᠢᠭᠡᠮ ᠤᠨ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠤᠭᠤᠳᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠲᠠᠪᠤ︶ ᠠᠵᠢᠯ ᠤᠨ ᠪᠠᠲᠤᠯᠠᠭ᠎ᠠ ᠶᠢ ᠴᠢᠬᠤᠯᠠᠴᠢᠯᠠᠨ᠎ᠠ᠃ᠦᠨᠳᠦᠰᠦᠨ ᠱᠠᠲᠤ ᠶᠢ ᠠᠳᠬᠤᠬᠤ᠂ ᠰᠠᠭᠤᠷᠢ ᠶᠢ | ᠴᠢᠩᠭᠠᠳᠬᠠᠬᠤ᠂ ᠦᠨᠳᠦᠰᠦᠨ ᠵᠦᠢᠯ ᠢ ᠪᠠᠬᠢᠵᠢᠭᠦᠯᠬᠦ ᠠᠵᠢᠯ ᠤᠨ ᠤᠳᠤᠷᠢᠳᠤᠮᠵᠢ ᠶᠢ ᠳᠣᠪᠤᠶᠢᠯᠭᠠᠵᠤ᠂ ᠲᠦᠷᠦ ᠶᠢᠨ | ᠪᠣᠳᠣᠯᠭ᠎ᠠ᠂ ᠳᠦᠷᠢᠮ᠂ ᠲᠣᠭᠲᠠᠴᠠ ᠶᠢᠨ ᠪᠠᠲᠤᠯᠠᠭ᠎ᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠵᠢᠯᠤᠭᠤᠳᠬᠤ ᠪᠠ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠲᠤᠰᠬᠠᠢ ᠮᠡᠷᠭᠡᠵᠢᠯ ᠤᠨ ᠠᠵᠢᠯᠲᠠᠨ᠂ ᠬᠠᠤᠯᠢ ᠴᠠᠭᠠᠵᠠ ᠶᠢᠨ ᠮᠡᠳᠡᠯᠭᠡ᠂ ᠵᠠᠷᠤᠳᠠᠯ᠂ ᠲᠣᠨᠣᠭᠯᠠᠯ ᠵᠡᠷᠭᠡ | ᠡᠬᠢ ᠪᠠᠶᠠᠯᠢᠭ ᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠦᠨᠳᠦᠰᠦᠨ ᠱᠠᠲᠤᠨ ᠤ | ᠨᠢᠭᠡᠳᠦᠭᠡᠷ ᠹᠷᠣᠨᠲ ᠲᠡᠶᠢᠰᠢ ᠬᠡᠯᠪᠡᠶᠢᠯᠭᠡᠬᠦ ᠶᠢ ᠲᠦᠯᠬᠢᠨ ᠠᠬᠢᠭᠤᠯᠵᠤ᠂ ᠬᠠᠤᠯᠢ ᠴᠠᠭᠠᠵᠠ ᠶᠢᠨ ᠠᠵᠢᠯ ᠮᠡᠷᠭᠡᠵᠢᠯ ᠤᠨ | ᠬᠢᠷᠢ ᠬᠡᠮ ᠲᠠᠢ ᠠᠵᠢᠯᠲᠠᠨ ᠢ ᠡᠯᠰᠡᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ | ᠨᠢᠭᠡᠳᠦᠭᠡᠷ ᠹᠷᠣᠨᠲ ᠲᠤ ᠣᠴᠢᠭᠤᠯᠬᠤ ᠶᠢ ᠵᠣᠷᠢᠭᠵᠢᠭᠤᠯᠵᠤ᠂ ᠬᠠᠤᠯᠢ ᠪᠠᠷᠢᠬᠤ ᠭᠠᠵᠠᠷ ᠤᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ᠡᠯ᠎ᠡ ᠨᠢᠭᠡᠴᠡ ᠶᠢᠨ | ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠡᠩᠨᠡᠭᠡ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ | ᠪᠣᠯᠪᠠᠰᠤᠷᠠᠭᠤᠯᠤᠯ ᠤᠨ ᠳᠦᠷᠢᠮ ᠢ ᠪᠠᠶᠢᠭᠤᠯᠤᠨ᠂ ᠲᠤᠬᠠᠶᠢᠯᠠᠭᠰᠠᠨ ᠠᠵᠢᠯ ᠤᠨ ᠡᠭᠡᠯᠵᠢᠯᠡᠨ ᠪᠣᠯᠪᠠᠰᠤᠷᠠᠭᠤᠯᠬᠤ᠂ | ᠲᠤᠰᠬᠠᠢ ᠰᠡᠳᠦᠪᠲᠦ ᠪᠣᠯᠪᠠᠰᠤᠷᠠᠭᠤᠯᠤᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠤᠯᠢ ᠴᠠᠭᠠᠵᠠ ᠶᠢᠨ | ᠮᠡᠳᠡᠯᠭᠡ ᠶᠢ ᠲᠦᠭᠡᠮᠡᠯᠵᠢᠭᠦᠯᠬᠦ ᠭᠤᠣᠯᠯᠠᠭᠴᠢ ᠬᠦᠴᠦᠨ ᠤ ᠡᠩᠨᠡᠭᠡ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ | ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠡᠩᠨᠡᠭᠡ ᠵᠢᠴᠢ ᠬᠠᠤᠯᠢ ᠴᠠᠭᠠᠵᠠ ᠶᠢᠨ ᠮᠡᠳᠡᠯᠭᠡ ᠶᠢ | ᠲᠦᠭᠡᠮᠡᠯᠵᠢᠭᠦᠯᠬᠦ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢᠨ ᠡᠭᠡᠯᠵᠢᠯᠡᠨ ᠪᠣᠯᠪᠠᠰᠤᠷᠠᠭᠤᠯᠬᠤ ᠡᠷᠴᠢᠮ ᠢ | ᠴᠢᠩᠭᠠᠷᠠᠭᠤᠯᠤᠨ᠎ᠠ᠃ᠲᠥᠯᠦᠪᠵᠢᠭᠦᠯᠭᠡ ᠶᠢ ᠬᠡᠷᠡᠭᠵᠢᠭᠦᠯᠬᠦ ᠳᠤ ᠦᠵᠡᠭᠦᠯᠬᠦ ᠲᠣᠭᠤᠷᠢᠭ ᠤᠨ ᠲᠣᠰ ᠱᠠᠲᠤᠨ ᠤ | ᠡᠳ᠋ ᠤᠨ ᠵᠠᠰᠠᠭ ᠤᠨ ᠪᠠᠲᠤᠯᠠᠭ᠎ᠠ ᠶᠢᠨ ᠦᠢᠯᠡᠳᠦᠯ ᠢ ᠴᠢᠩᠭᠠᠷᠠᠭᠤᠯᠵᠤ᠂ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠵᠠᠷᠤᠳᠠᠯ ᠢ ᠲᠣᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ | ᠣᠷᠣᠭᠤᠯᠬᠤ ᠶᠢᠨ ᠬᠠᠮᠲᠤ᠂ ᠡᠯ᠎ᠡ ᠰᠠᠯᠠᠭ᠎ᠠ ᠮᠥᠴᠢᠷ᠂ ᠨᠢᠭᠡᠴᠡ ᠨᠦᠭᠦᠳ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠠᠵᠢᠯ ᠤᠨ ᠡᠭᠦᠷᠭᠡ ᠶᠢ ᠦᠨᠳᠦᠰᠦᠯᠡᠨ ᠵᠣᠬᠢᠴᠠᠩᠭᠤᠢ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠤᠰᠬᠠᠢ ᠵᠦᠢᠯ ᠤᠨ ᠵᠠᠷᠤᠳᠠᠯ ᠢ ᠲᠣᠬᠢᠷᠠᠭᠤᠯᠵᠤ᠂ ᠲᠤᠰᠬᠠᠢ ᠵᠣᠭᠤᠰ ᠢ | ᠲᠤᠰᠬᠠᠢ ᠵᠦᠢᠯ ᠳ᠋ᠦ᠋ᠲᠣᠭᠲᠠᠭᠠᠯ ᠶᠣᠰᠣᠭᠠᠷ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠵᠦᠢᠯᠡᠰ ᠢ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ ᠠᠪᠬᠤ ᠵᠢᠯᠤᠭᠤᠳᠬᠤ ᠴᠢᠨᠠᠷᠲᠠᠢ ᠭᠠᠷᠴᠠᠭ ᠲᠤ | ᠣᠷᠣᠭᠤᠯᠤᠨ᠎ᠠ᠃ᠨᠡᠶᠢᠭᠡᠮ ᠤᠨ ᠪᠡᠯᠡ ᠮᠥᠩᠭᠦ ᠶᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠳᠤ ᠣᠷᠣᠯᠴᠠᠭᠤᠯᠤᠨ ᠳᠡᠮᠵᠢᠭᠦᠯᠵᠦ᠂ ᠵᠢᠷᠤᠮᠵᠢᠭᠤᠯᠬᠤ ᠪᠠ | ᠬᠠᠮᠢᠶᠠᠷᠬᠤ ᠶᠢ ᠴᠢᠩᠭᠠᠳᠬᠠᠨ᠎ᠠ᠃ | ᠡᠯ᠎ᠡ ᠰᠠᠯᠠᠭ᠎ᠠ ᠮᠥᠴᠢᠷ᠂ ᠨᠢᠭᠡᠴᠢ ᠲᠤᠰ ᠲᠥᠯᠦᠪᠵᠢᠭᠦᠯᠭᠡ ᠶᠢ ᠦᠨᠳᠦᠰᠦᠯᠡᠨ ᠲᠤᠰ ᠰᠠᠯᠠᠭ᠎ᠠ | ᠮᠥᠴᠢᠷ ᠤᠨ ᠢᠶᠠᠨ ᠲᠠᠪᠤᠨ ᠵᠢᠯ ᠤᠨ ᠲᠥᠯᠦᠪᠵᠢᠭᠦᠯᠭᠡ ᠪᠤᠶᠤ ᠬᠡᠷᠡᠭᠵᠢᠭᠦᠯᠬᠦ ᠲᠥᠰᠥᠯ ᠢ ᠨᠠᠷᠢᠨ ᠬᠢᠨᠠᠮᠠᠭᠠᠢ | ᠲᠣᠭᠲᠠᠭᠠᠵᠤ᠂ ᠨᠠᠢᠮᠠᠳᠤᠭᠠᠷ ᠲᠠᠪᠤᠨ ᠵᠢᠯ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ | ᠲᠥᠯᠦᠪᠵᠢᠭᠦᠯᠭᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠣᠳᠠᠲᠠᠢ ᠭᠠᠵᠠᠷ ᠲᠤᠨᠢ ᠨᠠᠶᠢᠳᠠᠪᠤᠷᠢᠵᠢᠭᠤᠯᠬᠤ ᠶᠢ | ᠦᠨᠡᠨ ᠬᠦ ᠪᠠᠲᠤᠯᠠᠬᠤ ᠬᠡᠷᠡᠭᠲᠡᠢ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ http://www.donghe.gov. | cn/zcjd/24934765.jhtml |