ᠬᠠᠮᠤᠭ ᠤᠨ ᠲᠦᠷᠦᠭᠦᠨ ᠳᠤ ᠪᠢᠴᠢᠨ᠎ᠡ ︵ᠦᠵᠡᠬᠦ ᠠᠴᠠ ᠡᠮᠦᠨ᠎ᠡ ᠵᠠᠪᠠᠯ ᠦᠵᠡᠨ᠎ᠡ︶᠄ ᠲᠣᠰ ᠪᠤᠴᠠᠵᠤ | ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠢᠯᠭᠠᠨ ᠲᠠᠨᠢᠬᠤ ᠪᠠ ᠬᠠᠪᠰᠤᠷᠤᠨ ᠲᠡᠳᠬᠦᠬᠦ ᠤᠬᠠᠭᠳᠠᠬᠤᠨ ᠤ | ᠵᠠᠳᠠᠯᠤᠯᠲᠠ ᠪᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ ᠭᠤᠣᠯᠳᠠᠯᠭ᠎ᠠ ᠲᠠᠢ ᠠᠵᠢᠯ ᠤᠨ ᠤᠬᠠᠭᠳᠠᠬᠤᠨ ᠪᠠ | ᠲᠥᠷᠥ ᠶᠢᠨ ᠪᠣᠳᠣᠯᠭ᠎ᠠ ᠶᠢᠨ ᠭᠦᠢᠴᠡᠳᠬᠡᠯ ᠲᠤᠭ᠎ᠠ ᠶᠢ ᠡᠮᠬᠢᠯᠡᠬᠦ ᠳᠤ᠂ ᠳᠡᠭᠡᠳᠦ ᠱᠠᠲᠤᠨ ᠤ ᠱᠠᠭᠠᠷᠳᠠᠯᠭ᠎ᠠ ᠠᠴᠠ | ᠭᠠᠳᠠᠨ᠎ᠠ᠂ ᠳ᠋ᠦᠩ ᠾᠧ ᠲᠣᠭᠤᠷᠢᠭ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳ᠋ᠦᠩ ᠾᠧ | ᠲᠣᠭᠤᠷᠢᠭ ᠤᠨ ᠠᠵᠢᠯ ᠤᠨ ᠱᠠᠭᠠᠷᠳᠠᠯᠭ᠎ᠠ ᠳᠤ ᠨᠡᠶᠢᠴᠡᠭᠦᠯᠬᠦ ᠶᠢ ᠠᠩᠬᠠᠷᠬᠤ ᠴᠢᠬᠤᠯᠠᠲᠠᠢ ᠪᠠᠶᠢᠨ᠎ᠠ᠃ᠡᠭᠦᠨ ᠠᠴᠠ | ᠭᠠᠳᠠᠨ᠎ᠠ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠢᠯᠭᠠᠨ ᠲᠠᠨᠢᠬᠤ ᠳᠤ ᠠᠮᠠᠷᠬᠠᠨ ᠳᠠᠬᠢᠨ ᠶᠠᠳᠠᠭᠤᠷᠠᠬᠤ | ᠠᠴᠠ ᠪᠣᠯᠵᠤ ᠶᠠᠳᠠᠭᠤᠷᠠᠭᠰᠠᠨ ᠡᠷᠦᠬᠡ ︵ᠪᠠᠰᠠ ︽ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠢᠨᠠᠨ ᠰᠢᠯᠭᠠᠬᠤ | ᠡᠲᠡᠭᠡᠳ︾ ᠭᠡᠳᠡᠭ᠂ ᠳᠥᠭᠦᠮᠴᠢᠯᠡᠭᠡᠳ ︽ᠬᠢᠨᠠᠨ ᠰᠢᠯᠭᠠᠬᠤ ᠡᠲᠡᠭᠡᠳ︾ ᠭᠡᠳᠡᠭ᠂ ᠤᠤᠯ ᠨᠢ ᠪᠠᠰᠠ ︽ᠠᠮᠠᠷᠬᠠᠨ | ᠶᠠᠳᠠᠭᠤᠷᠠᠬᠤ ᠪᠤᠶᠤ ᠳᠠᠬᠢᠨ ᠶᠠᠳᠠᠭᠤᠷᠠᠬᠤ ᠡᠷᠦᠬᠡ︾ ᠭᠡᠳᠡᠭ᠂ ᠳᠣᠷᠣᠭᠰᠢ ᠪᠠᠨ ︽ᠳᠠᠬᠢᠨ ᠶᠠᠳᠠᠭᠤᠷᠠᠬᠤ ᠠᠴᠠ | ᠪᠣᠯᠵᠤ ᠶᠠᠳᠠᠭᠤᠷᠠᠬᠤ ᠡᠷᠦᠬᠡ︾ ᠭᠡᠳᠡᠭ︶ ᠶᠢᠨ ᠠᠰᠠᠭᠤᠳᠠᠯ᠃ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ | ᠪᠠ ᠲᠠᠷᠢᠶᠠᠯᠠᠩ ᠳᠤ ᠬᠤᠯᠪᠣᠭᠳᠠᠬᠤ ᠨᠡᠶᠢᠭᠡᠮ ᠲᠣᠭᠤᠷᠢᠭ ᠲᠤ ᠪᠠᠯᠭᠠᠰᠤ ᠲᠣᠰᠬᠤᠨ ᠤ ᠠᠵᠢᠯ ᠤᠨ ᠱᠠᠭᠠᠷᠳᠠᠯᠭ᠎ᠠ ᠪᠠᠷ | ᠯᠠᠪᠯᠠᠯᠲᠠ ᠪᠣᠯᠭᠠᠵᠤ᠂ ᠳ᠋ᠦᠩ ᠾᠧ ᠲᠣᠭᠤᠷᠢᠭ ᠲᠤ ᠲᠠᠷᠢᠶᠠᠯᠠᠩ ᠳᠤ ᠬᠤᠯᠪᠣᠭᠳᠠᠬᠤ ᠵᠡᠭᠡᠯᠢ ᠭᠤᠳᠤᠮᠵᠢ ᠪᠠ | ᠲᠠᠷᠢᠶᠠᠯᠠᠩ ᠳᠤ ᠬᠤᠯᠪᠣᠭᠳᠠᠬᠤ ᠨᠡᠶᠢᠭᠡᠮ ᠲᠣᠭᠤᠷᠢᠭ ᠲᠦᠷ ᠪᠠᠶᠢᠬᠤ ᠦᠭᠡᠢ᠂ ᠲᠠᠷᠢᠶᠠᠯᠠᠩ ᠳᠤ ᠬᠤᠯᠪᠣᠭᠳᠠᠬᠤ | ᠦᠭᠡᠢ ᠵᠡᠭᠡᠯᠢ ᠭᠤᠳᠤᠮᠵᠢ ᠪᠠ ᠲᠠᠷᠢᠶᠠᠯᠠᠩ ᠳᠤ ᠬᠤᠯᠪᠣᠭᠳᠠᠬᠤ ᠨᠡᠶᠢᠭᠡᠮ ᠲᠣᠭᠤᠷᠢᠭ ᠲᠤ ᠪᠣᠳᠠᠲᠠᠢ ᠠᠰᠠᠭᠤᠳᠠᠯ ᠢ | ᠪᠣᠳᠠᠲᠠᠢ ᠪᠠᠷ ᠵᠠᠳᠠᠯᠬᠤ ᠬᠡᠷᠡᠭᠲᠡᠢ᠂ ᠨᠠᠷᠢᠨ ᠪᠠᠶᠢᠳᠠᠯ ᠢ ᠲᠤᠬᠠᠢ ᠶᠢᠨ ᠭᠠᠵᠠᠷ ᠤᠨ ᠵᠡᠭᠡᠯᠢ ᠭᠤᠳᠤᠮᠵᠢ᠂ ᠨᠡᠶᠢᠭᠡᠮ | ᠲᠣᠭᠤᠷᠢᠭ ᠪᠤᠶᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ︵ᠳ᠋ᠦᠩ ᠾᠧ | ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠤᠲᠠᠰᠤ᠄ | 04724388696︶ ᠠᠴᠠ ᠯᠠᠪᠯᠠᠭᠠᠷᠠᠢ᠃ | 1. ᠶᠡᠷᠦᠩᠬᠡᠢ ᠲᠣᠭᠠᠴᠢᠯ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ | ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠤᠷᠢᠲᠠᠯ | ᠪᠠ ᠪᠠᠲᠤᠯᠠᠭ᠎ᠠ ᠪᠣᠯᠣᠨ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠣᠨ᠎ᠠ᠂ ᠬᠢᠨᠠᠨ ᠰᠢᠯᠭᠠᠵᠤ | ᠦᠨᠡᠯᠡᠬᠦ ᠳᠤᠮᠳᠠ ᠴᠢᠬᠤᠯᠠ ᠬᠤᠪᠢ ᠶᠢᠨ ᠦᠷᠳᠡᠭ ᠤᠨ ᠬᠠᠷᠢᠴᠠᠯ ᠢ ᠡᠵᠡᠯᠡᠨ᠎ᠡ᠃ᠬᠤᠶᠠᠷ ᠪᠠᠯᠭᠠᠰᠤ ᠨᠢ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠶᠢᠨ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠬᠠᠷᠢᠭᠤᠴᠠᠯᠭ᠎ᠠ ᠶᠢᠨ ᠭᠤᠣᠯ | ᠴᠣᠭᠴᠠ ᠪᠣᠯᠤᠭᠰᠠᠨ ᠤ ᠬᠤᠪᠢ ᠳᠤ᠂ ᠠᠵᠢᠯ ᠲᠦᠷᠦᠯ ᠤᠨ ᠰᠠᠯᠠᠭ᠎ᠠ ᠮᠥᠴᠢᠷ ᠨᠢ ᠠᠵᠢᠯ ᠲᠦᠷᠦᠯ ᠤᠨ | ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠭᠰᠠᠨ ᠤ ᠬᠤᠪᠢ ᠳᠤ ᠤᠯᠤᠰ ᠲᠦᠷᠦ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠡᠨᠡᠬᠦ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ | ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ | ᠬᠤᠶᠠᠷ ᠪᠠᠯᠭᠠᠰᠤ ᠨᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ | ᠠᠵᠢᠯ ᠤᠨ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠭᠰᠠᠨ ᠤ ᠬᠤᠪᠢ ᠳᠤ᠂ ᠲᠠᠬᠢᠨ ᠶᠠᠳᠠᠭᠤᠷᠠᠬᠤ ᠶᠢ | ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠵᠢᠯ ᠤᠨ ᠭᠤᠣᠯᠳᠠᠯᠭ᠎ᠠ ᠪᠣᠯᠭᠠᠬᠤ ᠬᠡᠷᠡᠭᠲᠡᠢ᠃ᠪᠠᠯᠭᠠᠰᠤ | ᠲᠣᠰᠬᠤᠨ ᠨᠤᠭᠤᠳ ᠱᠠᠭᠠᠷᠳᠠᠯᠭ᠎ᠠ ᠶᠣᠰᠣᠭᠠᠷ ᠡᠳᠦᠷ ᠲᠤᠲᠤᠮ ᠤᠨ ᠬᠢᠨᠠᠨ ᠡᠵᠡᠮᠳᠡᠬᠦ᠂ ᠭᠤᠣᠯᠳᠠᠯᠭ᠎ᠠ ᠲᠠᠢ ᠬᠢᠨᠠᠨ | ᠬᠡᠮᠵᠢᠬᠦ ᠪᠠ ᠲᠥᠪᠯᠡᠷᠡᠭᠦᠯᠦᠨ ᠬᠢᠨᠠᠨ ᠬᠡᠮᠵᠢᠬᠦ ᠶᠢ ᠯᠠᠪᠳᠠᠭᠤᠨ ᠪᠠᠲᠤᠲᠠᠢ ᠥᠷᠨᠢᠭᠦᠯᠵᠦ᠂ ᠣᠯᠠᠨ ᠵᠦᠢᠯ ᠤᠨ ᠠᠷᠭ᠎ᠠ | ᠬᠡᠮᠵᠢᠶ᠎ᠡ ᠠᠪᠴᠤ ᠪᠠᠶᠢᠭᠠᠳ ᠬᠢᠨᠠᠨ ᠬᠡᠮᠵᠢᠵᠦ ᠢᠯᠭᠠᠨ ᠲᠠᠨᠢᠬᠤ ᠪᠠ ᠬᠠᠪᠰᠤᠷᠤᠨ ᠲᠡᠳᠬᠦᠬᠦ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠷᠠᠭᠤᠯᠤᠨ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠪᠠ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠶᠢᠨ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠤᠨ ᠪᠣᠳᠠᠲᠤ ᠦᠷ᠎ᠡ | ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ ᠲᠤᠰᠢᠶᠠᠪᠠᠰᠤ ᠵᠣᠬᠢᠬᠤ ᠶᠢ ᠨᠢ ᠪᠦᠬᠦᠨ ᠢ ᠣᠷᠣᠭᠤᠯᠵᠤ᠂ ᠴᠠᠭ | ᠲᠤᠬᠠᠢ ᠳᠤᠨᠢ ᠬᠠᠪᠰᠤᠷᠤᠨ ᠲᠡᠳᠬᠦᠬᠦ ᠶᠢ ᠦᠨᠡᠨᠬᠦ ᠪᠠᠲᠤᠯᠠᠬᠤ ᠬᠡᠷᠡᠭᠲᠡᠢ᠃ᠪᠠᠯᠭᠠᠰᠤ ᠲᠣᠰᠬᠤᠨ ᠡᠯ᠎ᠡ | ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠪᠠ ᠠᠵᠢᠯ ᠲᠥᠷᠥᠯ ᠤᠨ | ᠤᠷᠢᠳᠴᠢᠯᠠᠨ ᠰᠡᠷᠡᠮᠵᠢᠯᠡᠭᠦᠯᠬᠦ ᠠᠵᠢᠯ ᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ ᠪᠠᠯᠭᠠᠰᠤ ᠲᠣᠰᠬᠤᠨ ᠤ | ᠥᠪᠡᠷ ᠢᠶᠠᠨ ᠡᠵᠡᠮᠰᠢᠭᠰᠡᠨ ᠰᠣᠨᠢᠷᠬᠠᠯ ᠲᠠᠢ ᠳᠠᠬᠢᠨ ᠶᠠᠳᠠᠭᠤᠷᠠᠵᠤ ᠶᠠᠳᠠᠭᠤᠷᠠᠬᠤ ᠲᠦᠭᠰᠢᠭᠦᠷᠢ ᠲᠠᠢ ᠬᠥᠮᠥᠰ ᠢ | ᠭᠤᠣᠯᠳᠠᠯᠭ᠎ᠠ ᠲᠠᠢ ᠪᠠᠶᠢᠳᠠᠯ ᠢ ᠣᠶᠢᠯᠠᠭᠠᠬᠤ ᠬᠥᠮᠥᠰ ᠤᠨ ᠬᠡᠪᠴᠢᠶᠡᠨ ᠳᠤ ᠣᠷᠣᠭᠤᠯᠵᠤ᠂ ᠭᠤᠣᠯᠳᠠᠯᠭ᠎ᠠ ᠲᠠᠢ | ᠣᠶᠢᠯᠠᠭᠠᠵᠤ ᠵᠢᠭᠰᠠᠭᠠᠬᠤ ᠬᠥᠮᠥᠰ᠂ ᠭᠤᠣᠯᠳᠠᠯᠭ᠎ᠠ ᠲᠠᠢ ᠠᠩᠬᠠᠷᠴᠤ ᠪᠠᠶᠢᠭ᠎ᠠ ᠬᠥᠮᠥᠰ ᠪᠣᠯᠣᠨ ᠨᠢᠭᠡᠨᠲᠡ | ᠣᠷᠣᠭᠤᠯᠤᠭᠰᠠᠨ ᠬᠥᠮᠥᠰ ᠤᠨ ᠭᠤᠷᠪᠠᠨ ᠳᠡᠪᠲᠡᠷ ᠡᠬᠡ ᠳᠠᠩᠰᠠ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ | ᠬᠢᠵᠦ᠂ ᠲᠡᠮᠲᠡᠷᠢᠨ ᠵᠢᠭᠰᠠᠭᠠᠬᠤ ᠬᠥᠮᠥᠰ ᠢ ᠲᠥᠷᠥᠯ ᠬᠤᠪᠢᠶᠠᠨ ᠲᠡᠮᠲᠡᠷᠢᠨ ᠵᠢᠭᠰᠠᠭᠠᠬᠤ ᠡᠬᠡ ᠲᠠᠩᠰᠠᠨ ᠳᠤ | ᠣᠷᠣᠭᠤᠯᠤᠨ᠎ᠠ ︵ᠭᠤᠣᠯᠳᠠᠯᠭ᠎ᠠ ᠲᠠᠢ ᠲᠡᠮᠲᠡᠷᠢᠨ ᠵᠢᠭᠰᠠᠭᠠᠬᠤ ᠬᠥᠮᠥᠰ ᠤᠨ ᠡᠬᠡ ᠲᠠᠩᠰᠠ ᠭᠡᠳᠡᠭ ᠨᠢ ᠠᠵᠢᠯ | ᠲᠥᠷᠥᠯ ᠤᠨ ᠰᠢᠭᠰᠢᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ᠂ ᠪᠠᠯᠭᠠᠰᠤ ᠲᠣᠰᠬᠤᠨ ᠤ ᠥᠪᠡᠷ ᠢᠶᠠᠨ | ᠡᠵᠡᠮᠰᠢᠭᠰᠡᠨ ᠳᠠᠬᠢᠨ ᠶᠠᠳᠠᠭᠤᠷᠠᠵᠤ ᠶᠠᠳᠠᠭᠤᠷᠠᠬᠤ ᠲᠦᠭᠰᠢᠭᠦᠷᠢ ᠲᠠᠢ ᠬᠥᠮᠥᠰ ᠢ ᠣᠷᠣᠭᠤᠯᠤᠭᠰᠠᠨ ᠡᠬᠡ ᠲᠠᠩᠰᠠ ᠶᠢ | ᠵᠢᠭᠠᠵᠤ ᠪᠣᠶ᠃ ᠭᠤᠣᠯᠳᠠᠯᠭ᠎ᠠ ᠲᠠᠢ ᠠᠩᠬᠠᠷᠬᠤ ᠬᠥᠮᠥᠰ ᠤᠨ ᠡᠬᠡ ᠲᠠᠩᠰᠠ ᠭᠡᠳᠡᠭ ᠨᠢ ᠡᠯ᠎ᠡ ᠵᠦᠢᠯ ᠤᠨ ᠠᠷᠭ᠎ᠠ | ᠵᠠᠮ ᠢᠶᠠᠷ ᠳᠡᠮᠵᠢᠨ ᠲᠦᠷ ᠴᠠᠭ ᠳᠠᠬᠢᠨ ᠶᠠᠳᠠᠭᠤᠷᠠᠵᠤ ᠶᠠᠳᠠᠭᠤᠷᠠᠬᠤ ᠲᠦᠭᠰᠢᠭᠦᠷᠢ ᠦᠭᠡᠢ ᠪᠣᠯᠪᠠᠴᠤ ᠵᠠᠬ᠎ᠠ | ᠬᠢᠵᠠᠭᠠᠷ ᠲᠤ ᠣᠶᠢᠷᠠᠲᠤᠭᠰᠠᠨ ᠪᠤᠶᠤ ᠳᠠᠬᠢᠨ ᠶᠠᠳᠠᠭᠤᠷᠠᠵᠤ ᠶᠠᠳᠠᠭᠤᠷᠠᠬᠤ ᠲᠦᠭᠰᠢᠭᠦᠷᠢ ᠡᠭᠦᠰᠬᠦ ᠪᠠᠷ ᠵᠢᠱᠢᠵᠦ ᠮᠡᠳᠡᠬᠦ | ᠪᠣᠯᠣᠮᠵᠢ ᠨᠡᠯᠢᠶᠡᠳ ᠶᠡᠭᠡ ᠬᠥᠮᠥᠰ ᠤᠨ ᠣᠷᠣᠭᠤᠯᠤᠭᠰᠠᠨ ᠡᠬᠡ ᠲᠠᠩᠰᠠ ᠶᠢ ᠵᠢᠭᠠᠵᠤ ᠪᠣᠶ᠂ ᠨᠢᠭᠡᠨᠲᠡ ᠠᠵᠢᠯᠲᠠᠨ ᠤ | ᠡᠬᠡ ᠲᠠᠩᠰᠠᠨ ᠳᠤ ᠣᠷᠣᠭᠤᠯᠤᠭᠰᠠᠨ ᠭᠡᠳᠡᠭ ᠨᠢ ᠨᠢᠭᠡᠨᠲᠡ ᠠᠮᠠᠷᠬᠠᠨ ᠶᠠᠳᠠᠭᠤᠷᠠᠵᠤ ᠶᠠᠳᠠᠭᠤᠷᠠᠬᠤ ᠡᠷᠦᠬᠡ ᠳᠤ | ᠣᠷᠣᠭᠤᠯᠤᠭᠰᠠᠨ ᠬᠥᠮᠥᠰ ᠤᠨ ᠡᠬᠡ ᠲᠠᠩᠰᠠ᠂ ᠪᠣᠳᠠᠲᠠᠢ ᠠᠵᠢᠯ ᠤᠨ ᠬᠡᠪ ᠵᠠᠭᠪᠤᠷ ᠪᠠ ᠰᠢᠨᠡᠳᠬᠡᠬᠦ ᠱᠠᠭᠠᠷᠳᠠᠯᠭ᠎ᠠ ᠶᠢ | ᠨᠢᠭᠡᠨᠲᠡ ᠡᠯ᠎ᠡ ᠪᠠᠯᠭᠠᠰᠤᠨ ᠳᠤ ᠳᠠᠮᠵᠢᠭᠤᠯᠤᠨ ᠲᠠᠷᠬᠠᠭᠠᠭᠰᠠᠨ ᠢ ᠵᠢᠭᠠᠵᠤ ᠪᠣᠶ︶᠃ᠪᠠᠯᠭᠠᠰᠤ ᠲᠣᠰᠬᠤᠨ ᠨᠤᠭᠤᠳ | ᠰᠠᠷ᠎ᠠ ᠪᠦᠷᠢ ᠨᠠᠭᠠᠲᠤ ᠵᠠᠬ᠎ᠠ ᠳᠠᠭᠠᠨ ᠨᠢᠭᠡ ᠤᠳᠠᠭ᠎ᠠ ᠪᠠᠯᠭᠠᠰᠤᠨ ᠤ ᠨᠠᠮ ᠤᠨ ᠬᠤᠷᠢᠶ᠎ᠠ᠂ ᠲᠣᠰᠬᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠤᠶᠤ ᠲᠣᠰᠬᠤᠨ ᠤ ︽ᠬᠤᠶᠠᠷ ᠵᠥᠪᠯᠡᠯ︾ ᠤᠨ ᠥᠷᠭᠡᠳᠬᠡᠭᠰᠡᠨ ᠬᠤᠷᠠᠯ | ᠬᠤᠷᠠᠯᠳᠤᠭᠤᠯᠵᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ | ᠰᠤᠳᠤᠯᠵᠤ᠂ ᠰᠠᠷ᠎ᠠ ᠪᠦᠷᠢ ᠲᠣᠰ ᠣᠷᠣᠨ ᠪᠦᠰᠡ ᠶᠢᠨ ᠶᠠᠳᠠᠭᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ | ᠬᠠᠪᠰᠤᠷᠤᠨ ᠲᠡᠳᠬᠦᠭᠰᠡᠨ ᠪᠠᠶᠢᠳᠠᠯ ᠢᠶᠠᠨ ᠳ᠋ᠦᠩᠨᠡᠵᠦ ᠳᠡᠭᠡᠭᠰᠢ ᠮᠡᠳᠡᠭᠦᠯᠬᠦ ᠬᠡᠷᠡᠭᠲᠡᠢ᠃ | ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ | ᠮᠥᠩᠭᠦᠨ ᠭᠦᠢᠯᠭᠡᠭᠡᠨ ᠤ ᠠᠯᠪᠠᠨ ᠭᠡᠷ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠵᠡᠮᠳᠡᠭᠴᠦᠳ ᠤᠨ | ᠬᠤᠯᠪᠣᠭ᠎ᠠ ᠵᠡᠷᠭᠡ ᠰᠠᠯᠠᠭ᠎ᠠ ᠮᠥᠴᠢᠷ ᠤᠳ ᠠᠵᠢᠯ ᠲᠥᠷᠥᠯ ᠤᠨ ᠰᠢᠭᠰᠢᠨ ᠪᠠᠶᠢᠴᠠᠭᠠᠵᠤ ᠤᠷᠢᠳᠴᠢᠯᠠᠨ | ᠰᠡᠷᠡᠮᠵᠢᠯᠡᠭᠦᠯᠬᠦ ᠵᠢᠴᠢ ᠠᠵᠢᠯ ᠲᠥᠷᠥᠯ ᠤᠨ ᠬᠠᠪᠰᠤᠷᠤᠨ ᠲᠡᠳᠬᠦᠬᠦ ᠠᠵᠢᠯ ᠤᠨ ᠱᠠᠭᠠᠷᠳᠠᠯᠭ᠎ᠠ ᠶᠣᠰᠣᠭᠠᠷ᠂ ︽10 | ᠲᠥᠷᠥᠯ︾ ᠤᠨ ᠭᠤᠣᠯᠳᠠᠯᠭ᠎ᠠ ᠲᠠᠢ ᠡᠲᠡᠭᠡᠳ ᠵᠢᠴᠢ ᠲᠣᠰ ᠰᠠᠯᠠᠭ᠎ᠠ ᠮᠥᠴᠢᠷ᠂ ᠲᠣᠰ ᠭᠠᠵᠠᠷ ᠣᠷᠣᠨ᠂ ᠲᠣᠰ | ᠬᠦᠷᠢᠶᠡᠨ ᠳᠤ ᠡᠵᠡᠮᠰᠢᠵᠦ ᠪᠠᠶᠢᠭ᠎ᠠ ᠪᠤᠰᠤᠳ ᠭᠠᠷᠴᠤ ᠮᠡᠳᠡᠬᠦ ᠶᠠᠳᠠᠭᠤᠷᠠᠬᠤ ᠪᠠ ᠳᠠᠬᠢᠨ ᠶᠠᠳᠠᠭᠤᠷᠠᠬᠤ | ᠲᠦᠭᠰᠢᠭᠦᠷᠢ ᠶᠢᠨ ᠬᠡᠷᠡᠭᠵᠢᠭᠦᠯᠦᠯᠲᠡ ᠶᠢᠨ ᠰᠠᠷ᠎ᠠ ᠶᠢᠨ ᠮᠡᠳᠡᠭᠦᠯᠦᠯᠲᠡ᠂ ᠮᠡᠳᠡᠭᠦᠯᠦᠯᠲᠡ ᠦᠭᠡᠢ᠂ ᠭᠤᠣᠯᠳᠠᠯᠭ᠎ᠠ ᠲᠠᠢ | ᠲᠤᠭ᠎ᠠ ᠪᠠᠷᠢᠮᠲᠠ ᠶᠢ ᠴᠠᠭ ᠲᠤᠬᠠᠢ ᠳᠤᠨᠢ ᠮᠡᠳᠡᠭᠦᠯᠬᠦ ᠠᠵᠢᠯ ᠲᠥᠷᠥᠯ ᠤᠨ ᠰᠢᠭᠰᠢᠨ ᠪᠠᠶᠢᠴᠠᠭᠠᠵᠤ ᠰᠡᠷᠡᠮᠵᠢᠯᠡᠭᠦᠯᠬᠦ | ᠲᠤᠭ᠎ᠠ ᠪᠠᠷᠢᠮᠲᠠ ᠶᠢ ᠬᠠᠷᠢᠭᠤ ᠲᠤᠰᠬᠠᠬᠤ ᠲᠣᠭᠲᠠᠴᠠ ᠶᠢ ᠬᠡᠷᠡᠭᠵᠢᠭᠦᠯᠵᠦ᠂ ᠡᠭᠦᠨ ᠤ ᠬᠠᠮᠲᠤ ᠣᠷᠣᠨ ᠤ ᠨᠠᠮ ᠤᠨ | ᠬᠤᠷᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ ᠤᠨ ᠱᠠᠭᠠᠷᠳᠠᠯᠭ᠎ᠠ ᠶᠣᠰᠣᠭᠠᠷ | ᠶᠠᠳᠠᠭᠤ ᠠᠴᠠ ᠠᠩᠭᠢᠵᠢᠷᠠᠭᠰᠠᠨ ᠡᠷᠦᠬᠡ ᠪᠠ ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ ᠶᠢᠨ | ᠲᠤᠭ᠎ᠠ ᠪᠠᠷᠢᠮᠲᠠ ᠶᠢ ᠬᠠᠷᠢᠴᠠᠭᠤᠯᠬᠤ ᠠᠵᠢᠯ ᠢ ᠥᠷᠨᠢᠭᠦᠯᠵᠦ᠂ ᠵᠣᠬᠢᠶᠠᠨ ᠪᠠᠶᠢᠭᠤᠯᠤᠨ ᠥᠷᠨᠢᠭᠦᠯᠬᠦ ᠪᠤᠶᠤ ᠪᠠᠶᠢᠩᠭᠤ | ᠰᠠᠭᠤᠭ᠎ᠠ ᠮᠠᠯᠵᠢᠬᠤ ᠲᠠᠷᠢᠶᠠᠯᠠᠬᠤ ᠡᠷᠦᠬᠡ ᠶᠢᠨ ᠲᠤᠭ᠎ᠠ ᠪᠠᠷᠢᠮᠲᠠ ᠶᠢ ᠵᠠᠳᠠᠯᠤᠨ ᠰᠤᠳᠤᠯᠵᠤ ᠮᠠᠭᠠᠳᠯᠠᠬᠤ᠂ | ᠲᠤᠬᠠᠢ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠪᠠ ᠬᠠᠪᠰᠤᠷᠤᠨ ᠲᠡᠳᠬᠦᠬᠦ ᠵᠡᠷᠭᠡ ᠠᠵᠢᠯ ᠢ ᠥᠷᠨᠢᠭᠦᠯᠵᠦ | ᠂ ᠬᠠᠷᠢᠭᠤ ᠲᠤᠰᠬᠠᠭᠰᠠᠨ ᠠᠵᠢᠯ ᠲᠥᠷᠥᠯ ᠤᠨ ᠲᠤᠭ᠎ᠠ ᠪᠠᠷᠢᠮᠲᠠ ᠪᠠ ᠳᠡᠭᠡᠭᠰᠢ ᠮᠡᠳᠡᠭᠦᠯᠦᠭᠰᠡᠨ ᠬᠠᠷᠢᠴᠠᠭᠤᠯᠤᠭᠰᠠᠨ | ᠲᠤᠭ᠎ᠠ ᠪᠠᠷᠢᠮᠲᠠ ᠶᠢ ᠦᠯᠡᠳᠡᠭᠡᠨ ᠬᠠᠳᠠᠭᠠᠯᠠᠬᠤ ᠶᠢ ᠠᠩᠬᠠᠷᠴᠤ᠂ ᠠᠵᠢᠯ ᠤᠨ ᠡᠬᠡ ᠲᠠᠩᠰᠠ ᠪᠠᠶᠢᠭᠤᠯᠬᠤ ᠬᠡᠷᠡᠭᠲᠡᠢ᠃ | ᠡᠭᠦᠨ ᠤ ᠬᠠᠮᠲᠤ᠂ ᠡᠯ᠎ᠡ ᠠᠵᠢᠯ ᠲᠦᠷᠦᠯ ᠤᠨ ᠰᠠᠯᠠᠭ᠎ᠠ ᠮᠥᠴᠢᠷ ᠤᠨ ᠡᠯ᠎ᠡ ᠲᠤᠬᠠᠶᠢᠯᠠᠭᠰᠠᠨ ᠠᠵᠢᠯ ᠤᠨ ᠰᠢᠰᠲ᠋ᠧᠮ | ᠵᠢᠴᠢ ᠪᠠᠯᠭᠠᠰᠤ᠂ ᠲᠣᠰᠬᠤᠨ ᠤ ᠡᠯ᠎ᠡ ᠵᠦᠢᠯ ᠤᠨ ᠠᠷᠭ᠎ᠠ ᠵᠠᠮ ᠵᠡᠷᠭᠡ ᠠᠴᠠ ᠢᠯᠡᠷᠡᠭᠦᠯᠦᠭᠰᠡᠨ ᠶᠠᠳᠠᠭᠤᠷᠠᠬᠤ ᠪᠠ | ᠲᠠᠬᠢᠨ ᠶᠠᠳᠠᠭᠤᠷᠠᠬᠤ ᠠᠶᠤᠯ ᠲᠦᠭᠰᠢᠭᠦᠷᠢ ᠶᠢ ᠴᠠᠭ ᠲᠤᠬᠠᠢ ᠳᠤᠨᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠠᠯᠠᠭ᠎ᠠ ᠮᠥᠴᠢᠷ ᠪᠤᠶᠤ ᠪᠠᠯᠭᠠᠰᠤ᠂ ᠲᠣᠰᠬᠤᠨ ᠤ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ | ᠬᠡᠮᠵᠢᠵᠦ ᠬᠠᠪᠰᠤᠷᠤᠨ ᠲᠡᠳᠬᠦᠬᠦ ᠺᠠᠳ᠋ᠷ ᠲᠤ ᠰᠢᠯᠵᠢᠭᠦᠯᠦᠨ ᠲᠠᠨᠢᠯᠴᠠᠭᠤᠯᠤᠨ᠎ᠠ᠃ ᠣᠯᠠᠨ ᠱᠤᠭᠤᠮ ᠢ ᠨᠢᠭᠡᠳᠬᠡᠬᠦ ᠶᠢ | ᠪᠡᠶᠡᠯᠡᠭᠦᠯᠵᠦ᠂ ᠨᠥᠬᠦᠴᠡᠯ ᠳᠤ ᠨᠡᠶᠢᠴᠡᠬᠦ ᠲᠠᠷᠢᠶᠠᠴᠢᠨ ᠡᠷᠦᠬᠡ ᠶᠢ ᠴᠠᠭ ᠲᠤᠬᠠᠢ ᠳᠤᠨᠢ ᠳᠠᠬᠢᠨ ᠶᠠᠳᠠᠭᠤᠷᠠᠬᠤ ᠠᠴᠠ | ᠪᠣᠯᠵᠤ ᠶᠠᠳᠠᠭᠤᠷᠠᠭᠰᠠᠨ ᠡᠷᠦᠬᠡ ᠳᠤ ᠣᠷᠣᠭᠤᠯᠤᠨ ᠴᠠᠭ ᠲᠤᠬᠠᠢ ᠳᠤᠨᠢ ᠬᠠᠪᠰᠤᠷᠤᠨ ᠲᠡᠳᠬᠦᠵᠦ᠂ ᠰᠠᠭᠠᠳ ᠦᠭᠡᠢ | ᠨᠡᠪᠲᠡᠷᠡᠬᠦ ᠵᠠᠮ ᠳᠤ ᠣᠷᠣᠭᠤᠯᠬᠤ ᠶᠣᠰᠣᠲᠠᠢ ᠶᠢ ᠨᠢ ᠴᠠᠭ ᠲᠤᠬᠠᠢ ᠳᠤᠨᠢ ᠣᠷᠣᠭᠤᠯᠤᠨ᠂ ᠬᠠᠪᠰᠤᠷᠤᠨ ᠲᠡᠳᠬᠦᠬᠦ | ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠬᠤ ᠬᠡᠷᠡᠭᠲᠡᠢ᠃ | 2.ᠢᠯᠭᠠᠨ ᠲᠠᠨᠢᠬᠤ ᠠᠷᠭ᠎ᠠ ᠵᠠᠮ | ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ ᠶᠢ ᠢᠯᠭᠠᠨ ᠲᠠᠨᠢᠬᠤ ᠳᠤ᠂ ᠣᠳᠣᠬᠠᠨ ᠳᠤ | ᠭᠤᠣᠯᠳᠠᠭᠤ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ᠂ ᠦᠨᠳᠦᠰᠦᠨ ᠱᠠᠲᠤᠨ ᠤ ᠺᠠᠳ᠋ᠷ ᠢ ᠵᠢᠭᠰᠠᠭᠠᠨ | ᠪᠠᠶᠢᠴᠠᠭᠠᠬᠤ᠂ ᠰᠠᠯᠠᠭ᠎ᠠ ᠮᠥᠴᠢᠷ ᠤᠨ ᠰᠢᠭᠰᠢᠨ ᠪᠠᠶᠢᠴᠠᠭᠠᠵᠤ ᠤᠷᠢᠳᠴᠢᠯᠠᠨ ᠰᠡᠷᠡᠮᠵᠢᠯᠡᠭᠦᠯᠬᠦ ᠪᠠ ᠨᠡᠶᠢᠭᠡᠮ ᠤᠨ | ᠬᠢᠨᠠᠯᠲᠠ ᠲᠠᠯᠪᠢᠵᠤ ᠢᠯᠡᠷᠡᠭᠦᠯᠬᠦ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠪᠠᠶᠢᠩᠭᠤᠵᠢᠭᠤᠯᠤᠨ ᠥᠷᠨᠢᠭᠦᠯᠵᠦ᠂ ᠴᠠᠭ | ᠲᠤᠬᠠᠢ ᠳᠤᠨᠢ ᠣᠷᠣᠭᠤᠯᠤᠨ᠂ ᠴᠠᠭ ᠲᠤᠬᠠᠢ ᠳᠤᠨᠢ ᠬᠠᠪᠰᠤᠷᠤᠨ ᠲᠡᠳᠬᠦᠵᠦ ᠪᠠᠶᠢᠨ᠎ᠠ᠃ | 3.ᠢᠯᠭᠠᠨ ᠲᠠᠨᠢᠬᠤ ᠬᠡᠪᠴᠢᠶ᠎ᠡ | ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ ᠶᠢ ᠢᠯᠭᠠᠨ ᠲᠠᠨᠢᠬᠤ ᠬᠡᠪᠴᠢᠶ᠎ᠡ ᠨᠢ ᠭᠤᠣᠯᠳᠠᠭᠤ | ᠲᠣᠰ ᠣᠷᠣᠨ ᠪᠦᠰᠡ ᠶᠢᠨ ᠪᠠᠶᠢᠩᠭᠤ ᠰᠠᠭᠤᠭ᠎ᠠ ᠲᠠᠷᠢᠶᠠᠴᠢᠨ ᠡᠷᠦᠬᠡ ︵ᠪᠠᠶᠢᠩᠭᠤ ᠭᠡᠷ ᠲᠡᠭᠡᠨ ᠬᠠᠷᠢᠵᠤ ᠰᠠᠭᠤᠭᠠᠳ | ᠬᠠᠭᠠᠰ ᠵᠢᠯ ᠠᠴᠠ ᠳᠡᠭᠡᠭᠰᠢ ᠪᠣᠯᠤᠭᠰᠠᠨ ᠪᠤᠶᠤ ᠲᠣᠰᠬᠤᠨ ᠳᠤ ᠣᠷᠳᠣ ᠬᠤᠭᠤᠴᠠᠭ᠎ᠠ ᠪᠠᠷ ᠰᠠᠭᠤᠬᠤ ᠭᠡᠵᠦ ᠪᠠᠶᠢᠭ᠎ᠠ | ᠬᠥᠮᠥᠰ᠂ ᠲᠣᠰ ᠲᠣᠰᠬᠤᠨ ᠤ ᠡᠷᠦᠬᠡ ᠠᠮᠠ ᠶᠢᠨ ᠲᠠᠩᠰᠠ ᠦᠭᠡᠢ ᠬᠥᠮᠥᠨ ᠠᠮᠠ ᠶᠢ ᠴᠤ ᠪᠠᠭᠲᠠᠭᠠᠨ᠎ᠠ︶ ᠪᠣᠯᠣᠨ᠎ᠠ | ᠃ᠲᠣᠰᠬᠤᠨ ᠳᠠᠭᠠᠨ ᠪᠠᠶᠢᠩᠭᠤ ᠰᠠᠭᠤᠳᠠᠭ ᠦᠭᠡᠢ ᠪᠣᠯᠪᠠᠴᠤ ᠤᠷᠲᠤ ᠬᠤᠭᠤᠴᠠᠭ᠎ᠠ ᠪᠠᠷ ᠲᠤᠰ ᠲᠣᠰᠬᠤᠨ ᠳᠠᠭᠠᠨ | ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠬᠢᠵᠦ ᠪᠠᠶᠢᠭ᠎ᠠ ᠬᠥᠮᠥᠰ ᠦᠨᠡᠬᠡᠷ ᠪᠠᠶᠢᠩᠭᠤ ᠰᠠᠭᠤᠭ᠎ᠠ ᠭᠠᠵᠠᠷ | ᠦᠭᠡᠢ ᠬᠥᠮᠥᠰ᠂ ᠡᠷᠦᠬᠡ ᠠᠮᠠ ᠶᠢᠨ ᠳᠠᠩᠰᠠ ᠦᠭᠡᠢ ᠬᠥᠮᠥᠰ᠂ ᠠᠮᠢᠳᠤᠷᠠᠬᠤ ᠶᠢᠨ ᠠᠷᠭ᠎ᠠ ᠦᠭᠡᠢ ᠲᠡᠨᠦᠭᠦᠯ ᠪᠠ | ᠭᠤᠶᠢᠷᠠᠨᠴᠢᠳ᠂ ᠲᠣᠰᠬᠤᠨ ᠤ ᠠᠷᠠᠳ ᠢ ᠬᠤᠲᠠ ᠪᠠᠯᠭᠠᠰᠤᠨ ᠤ ᠡᠷᠦᠬᠡ ᠠᠮᠠ ᠪᠤᠶᠤ ᠬᠠᠮᠲᠤ ᠶᠢᠨ ᠡᠷᠦᠬᠡ ᠠᠮᠠ | ᠪᠣᠯᠭᠠᠭᠰᠠᠨ ᠵᠡᠷᠭᠡ ︽ᠲᠠᠷᠢᠶᠠᠯᠠᠩ ᠤᠨ ᠪᠤᠰᠤ ᠡᠷᠦᠬᠡ ᠠᠮᠠ ᠪᠣᠯᠤᠭᠰᠠᠨ︾ ᠬᠥᠮᠥᠰ᠂ ᠭᠡᠪᠡᠴᠦ ᠬᠤᠲᠠ | ᠪᠠᠯᠭᠠᠰᠤᠨ ᠤ ᠬᠠᠮᠢᠶ᠎ᠠ ᠪᠦᠬᠦᠢ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠡᠳ᠋ᠯᠡᠭᠡ ᠦᠭᠡᠢ ᠬᠥᠮᠥᠰ᠂ ᠲᠣᠰᠬᠤᠨ ᠤ | ᠳᠣᠲᠣᠷᠠᠬᠢ ᠨᠡᠶᠢᠲᠡ ᠳᠤ ᠮᠡᠳᠡᠷᠡᠭᠳᠡᠭᠰᠡᠨ ᠬᠦᠴᠢᠷᠳᠡᠯ ᠪᠠ ᠠᠮᠠᠷᠬᠠᠨ ᠶᠠᠳᠠᠭᠤᠷᠠᠬᠤ ᠪᠠ ᠳᠠᠬᠢᠨ ᠶᠠᠳᠠᠭᠤᠷᠠᠬᠤ | ᠡᠷᠦᠬᠡ ᠳᠤ ᠣᠷᠣᠭᠤᠯᠬᠤ ᠠᠷᠠᠳ ᠤᠨ ᠰᠠᠨᠠᠭ᠎ᠠ ᠪᠠᠷ ᠨᠡᠯᠢᠶᠡᠳ ᠴᠢᠩᠭ᠎ᠠ ᠵᠡᠷᠭᠡ ᠡᠯ᠎ᠡ ᠲᠥᠷᠥᠯ ᠤᠨ ᠬᠥᠮᠥᠰ ᠵᠢᠴᠢ | ᠡᠮᠦᠨ᠎ᠡ ᠳᠤᠷᠠᠳᠤᠭᠰᠠᠨ ᠪᠣᠶ ᠪᠦᠬᠦᠢ ᠲᠥᠷᠥᠯ ᠬᠡᠯᠪᠡᠷᠢ ᠶᠢᠨ ᠬᠥᠮᠥᠰ ᠲᠠᠢ ᠬᠠᠮᠲᠤ ᠠᠮᠢᠳᠤᠷᠠᠵᠤ ᠪᠠᠶᠢᠭ᠎ᠠ ᠪᠤᠶᠤ | ᠠᠵᠤ ᠠᠬᠤᠢ ᠶᠢᠨ ᠬᠤᠯᠪᠣᠭ᠎ᠠ ᠶᠢ ᠨᠢᠭᠡ ᠴᠣᠭᠴᠠ ᠪᠣᠯᠭᠠᠭᠰᠠᠨ ᠬᠥᠮᠥᠰ ᠢ ᠴᠦ ᠵᠢᠭᠰᠠᠭᠠᠨ ᠪᠠᠶᠢᠴᠠᠭᠠᠬᠤ | ᠬᠡᠪᠴᠢᠶᠡᠨ ᠳᠤ ᠣᠷᠣᠭᠤᠯᠤᠨ᠎ᠠ᠃ᠪᠠᠶᠢᠩᠭᠤ ᠰᠠᠭᠤᠭ᠎ᠠ ᠪᠤᠰᠤ ᠪᠣᠯᠪᠠᠴᠤ ᠲᠣᠰ ᠣᠷᠣᠨ ᠪᠦᠰᠡ ᠶᠢᠨ ᠡᠷᠦᠬᠡ | ᠠᠮᠠ ᠶᠢᠨ ᠬᠠᠷᠢᠶ᠎ᠠ ᠳᠤ ᠬᠠᠷᠢᠶᠠᠯᠠᠭᠳᠠᠬᠤ ᠬᠥᠮᠥᠨ ᠠᠮᠠ ︵ᠲᠠᠷᠢᠶᠠᠯᠠᠩ ᠤᠨ ᠪᠤᠰᠤ ᠡᠷᠦᠬᠡ ᠪᠠᠭᠲᠠᠨ᠎ᠠ︶ ᠨᠢ ᠪᠠᠰᠠ | ᠲᠣᠰᠬᠤᠨ ᠤ ᠪᠠᠶᠢᠳᠠᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠵᠢᠭᠰᠠᠭᠠᠨ ᠪᠠᠶᠢᠴᠠᠭᠠᠬᠤ ᠬᠦᠷᠢᠶ᠎ᠡ | ᠬᠡᠪᠴᠢᠶᠡᠨ ᠳᠤ ᠣᠷᠣᠭᠤᠯᠬᠤ ᠪᠤᠶᠤ ᠲᠥᠷᠥᠯ ᠬᠤᠪᠢᠶᠠᠨ ᠵᠢᠭᠰᠠᠭᠠᠨ ᠪᠠᠶᠢᠴᠠᠭᠠᠬᠤ ᠬᠦᠷᠢᠶ᠎ᠡ ᠬᠡᠪᠴᠢᠶᠡᠨ ᠳᠤ | ᠣᠷᠣᠭᠤᠯᠬᠤ ᠶᠢ ᠪᠣᠳᠣᠯᠬᠢᠯᠠᠬᠤ ᠬᠡᠷᠡᠭᠲᠡᠢ᠃ᠡᠭᠦᠨ ᠠᠴᠠ ᠭᠠᠳᠠᠨ᠎ᠠ᠂ ᠣᠨᠳᠣᠣ ᠭᠠᠵᠠᠷ ᠲᠤ ᠨᠡᠭᠦᠯᠭᠡᠵᠦ ᠶᠠᠳᠠᠭᠤ ᠶᠢ | ᠲᠡᠳᠬᠦᠬᠦ ᠵᠢᠴᠢ ᠵᠡᠷᠭᠡᠪᠡᠷ ᠨᠡᠭᠦᠯᠭᠡᠵᠦ ᠪᠠᠶᠢᠭ᠎ᠠ ᠬᠥᠮᠥᠨ ᠠᠮᠠ ᠶᠢ ᠴᠤ ᠵᠢᠭᠰᠠᠭᠠᠨ ᠪᠠᠶᠢᠴᠠᠭᠠᠵᠤ ᠵᠢᠭᠰᠠᠭᠠᠨ | ᠪᠠᠶᠢᠴᠠᠭᠠᠬᠤ ᠬᠡᠪᠴᠢᠶᠡᠨ ᠳᠤ ᠪᠠᠶᠢᠨ᠎ᠠ᠂ ᠭᠡᠪᠡᠴᠦ ᠳ᠋ᠦᠩ ᠾᠧ ᠲᠣᠭᠤᠷᠢᠭ ᠲᠤ ᠣᠳᠣᠬᠠᠨ ᠳᠤ ᠣᠨᠳᠣᠣ ᠭᠠᠵᠠᠷ ᠲᠤ | ᠨᠡᠭᠦᠯᠭᠡᠵᠦ ᠶᠠᠳᠠᠭᠤ ᠶᠢ ᠲᠡᠳᠬᠦᠬᠦ ᠲᠥᠷᠥᠯ ᠵᠦᠢᠯ ᠪᠠᠶᠢᠬᠤ ᠦᠭᠡᠢ᠂ ᠭᠠᠳᠠᠷ ᠣᠷᠣᠨ ᠠᠴᠠ ᠨᠡᠭᠦᠵᠦ ᠢᠷᠡᠭᠰᠡᠨ | ᠬᠥᠮᠥᠨ ᠠᠮᠠ ᠪᠠᠶᠢᠵᠤ ᠮᠡᠳᠡᠬᠦ ᠶᠢᠨ ᠬᠠᠮᠲᠤ ︽ᠴᠢᠮᠡᠭᠡ ᠢᠮᠡᠭᠡ ᠦᠭᠡᠢ︾ ᠬᠥᠮᠥᠰ ᠢ ᠢᠯᠡᠷᠡᠭᠦᠯᠬᠦ ᠶᠢ ᠳᠡᠮᠵᠢᠵᠦ | ᠪᠠᠶᠢᠨ᠎ᠠ᠃ᠣᠯᠠᠨ ᠭᠠᠵᠠᠷ ᠲᠤ ᠣᠷᠣᠰᠢᠨ ᠰᠠᠭᠤᠵᠤ ᠪᠠᠶᠢᠭ᠎ᠠ ᠵᠢᠴᠢ ᠵᠢᠭᠰᠠᠭᠠᠨ ᠪᠠᠶᠢᠴᠠᠭᠠᠬᠤ ᠬᠡᠪᠴᠢᠶᠡᠨ ᠳᠤ | ᠪᠠᠭᠲᠠᠬᠤ ᠡᠰᠡᠬᠦ ᠶᠢ ᠮᠠᠭᠠᠳᠯᠠᠬᠤ ᠳᠤ ᠪᠡᠷᠬᠡᠲᠡᠢ ᠪᠤᠰᠤᠳ ᠬᠥᠮᠥᠰ ᠲᠤ ᠪᠣᠳᠠᠲᠠᠢ ᠪᠠᠶᠢᠳᠠᠯ ᠢ ᠨᠢ ᠲᠣᠭᠤᠷᠢᠭ | ᠪᠠᠯᠭᠠᠰᠤ ᠳᠤ ᠬᠠᠷᠢᠭᠤ ᠲᠤᠰᠬᠠᠵᠤ ᠰᠠᠨᠠᠭᠤᠯᠭ᠎ᠠ ᠭᠠᠷᠭᠠᠭᠤᠯᠬᠤ ᠴᠢᠬᠤᠯᠠᠲᠠᠢ᠃ᠲᠣᠰ ᠭᠠᠴᠠᠭᠠᠨ ᠤ ᠡᠷᠦᠬᠡ | ᠠᠮᠠ ᠶᠢᠨ ᠲᠠᠩᠰᠠ ᠦᠭᠡᠢ ᠪᠠᠶᠢᠩᠭᠤ ᠰᠠᠭᠤᠭ᠎ᠠ ᠬᠥᠮᠥᠨ ᠠᠮᠠ ᠶᠢ ᠵᠢᠭᠰᠠᠭᠠᠨ ᠪᠠᠶᠢᠴᠠᠭᠠᠬᠤ ᠪᠠᠷ ᠳᠡᠮᠵᠢᠨ ᠳᠠᠬᠢᠨ | ᠶᠠᠳᠠᠭᠤᠷᠠᠵᠤ ᠶᠠᠳᠠᠭᠤᠷᠠᠬᠤ ᠲᠦᠭᠰᠢᠭᠦᠷᠢ ᠲᠠᠢ ᠪᠠᠶᠢᠪᠠᠯ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ | ᠲᠥᠬᠦᠮ ᠪᠠᠶᠢᠯᠭᠠᠬᠤ ᠶᠢ ᠪᠣᠳᠣᠯᠬᠢᠯᠠᠵᠤ᠂ ᠵᠠᠷᠴᠢᠮ ᠳᠡᠭᠡᠷ᠎ᠡ ᠪᠠᠨ ᠪᠠᠶᠢᠩᠭᠤ ᠰᠠᠭᠤᠭ᠎ᠠ ᠭᠠᠵᠠᠷ ᠢ ᠵᠢᠭᠰᠠᠭᠠᠨ | ᠪᠠᠶᠢᠴᠠᠭᠠᠭᠰᠠᠨ ᠤ ᠳᠠᠷᠠᠭ᠎ᠠ᠂ ᠡᠷᠦᠬᠡ ᠠᠮᠠ ᠶᠢᠨ ᠲᠠᠩᠰᠠ ᠪᠦᠬᠦᠢ ᠭᠠᠵᠠᠷ ᠲᠤ ᠰᠢᠯᠵᠢᠭᠦᠯᠦᠨ ᠢᠯᠭᠠᠨ | ᠲᠠᠨᠢᠭᠤᠯᠤᠨ᠎ᠠ᠂ ᠡᠶᠢᠮᠦᠷᠬᠦ ᠪᠠᠶᠢᠳᠠᠯ ᠢ ᠴᠠᠭ ᠲᠤᠬᠠᠢ ᠳᠤᠨᠢ ᠲᠣᠭᠤᠷᠢᠭ᠂ ᠪᠠᠯᠭᠠᠰᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠯᠪᠠᠨ ᠭᠡᠷ ᠲᠤ ᠮᠡᠳᠡᠭᠦᠯᠵᠦ᠂ ᠡᠷᠦᠬᠡ ᠠᠮᠠ ᠶᠢᠨ ᠲᠠᠩᠰᠠ ᠪᠦᠬᠦᠢ ᠭᠠᠵᠠᠷ ᠲᠠᠢ | ᠵᠣᠬᠢᠴᠠᠭᠤᠯᠤᠨ᠂ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠢ ᠬᠠᠮᠢᠶᠠᠷᠬᠤ ᠳᠤ ᠦᠨᠡᠬᠡᠷ ᠬᠦᠴᠢᠷᠲᠡᠢ ᠪᠠᠶᠢᠪᠠᠯ᠂ | ᠴᠠᠭ ᠲᠤᠬᠠᠢ ᠳᠤᠨᠢ ᠲᠣᠰ ᠭᠠᠵᠠᠷ ᠲᠤᠨᠢ ᠢᠯᠭᠠᠨ ᠲᠠᠨᠢᠭᠤᠯᠬᠤ ᠬᠡᠷᠡᠭᠲᠡᠢ᠃ᠬᠡᠷᠪᠡ ᠲᠣᠰ ᠣᠷᠣᠨ ᠪᠦᠰᠡ ᠶᠢᠨ | ᠵᠢᠭᠰᠠᠭᠠᠨ ᠪᠠᠶᠢᠴᠠᠭᠠᠬᠤ ᠬᠡᠪᠴᠢᠶᠡᠨ ᠳᠤ ᠪᠠᠶᠢᠬᠤ ᠦᠭᠡᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠠᠵᠢᠯᠲᠠᠨ᠂ | ᠲᠣᠰ ᠣᠷᠣᠨ ᠪᠦᠰᠡ ᠶᠢᠨ ᠵᠢᠭᠰᠠᠭᠠᠨ ᠪᠠᠶᠢᠴᠠᠭᠠᠬᠤ ᠬᠡᠪᠴᠢᠶᠡᠨ ᠳᠤ ᠪᠠᠶᠢᠬᠤ ᠦᠭᠡᠢ ᠪᠡᠶ᠎ᠡ ᠪᠠᠨ ᠳᠠᠭᠠᠭᠠᠵᠤ | ᠮᠡᠳᠡᠭᠦᠯᠬᠦ ᠠᠵᠢᠯᠲᠠᠨ ᠪᠤᠶᠤ ᠲᠣᠰ ᠣᠷᠣᠨ ᠪᠦᠰᠡ ᠶᠢᠨ ᠵᠢᠭᠰᠠᠭᠠᠨ ᠪᠠᠶᠢᠴᠠᠭᠠᠬᠤ ᠬᠡᠪᠴᠢᠶᠡᠨ ᠳᠤ ᠪᠠᠶᠢᠬᠤ ᠦᠭᠡᠢ | ᠶᠠᠳᠠᠭᠤᠷᠠᠬᠤ ᠪᠠ ᠳᠠᠬᠢᠨ ᠶᠠᠳᠠᠭᠤᠷᠠᠬᠤ ᠲᠦᠭᠰᠢᠭᠦᠷᠢ ᠲᠠᠢ ᠬᠥᠮᠥᠰ ᠵᠢᠴᠢ ᠵᠢᠭᠰᠠᠭᠠᠨ ᠪᠠᠶᠢᠴᠠᠭᠠᠬᠤ ᠶᠣᠰᠣᠲᠠᠢ | ᠪᠣᠯᠪᠠᠴᠤ ᠬᠠᠷᠢᠯᠴᠠᠵᠤ ᠳᠡᠶᠢᠯᠬᠦ ᠦᠭᠡᠢ ᠬᠥᠮᠥᠰ ᠲᠤ ᠲᠣᠬᠢᠶᠠᠯᠳᠤᠪᠠᠯ᠂ ᠪᠠᠯᠭᠠᠰᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠯᠪᠠᠨ ᠭᠡᠷ ᠲᠤ ᠴᠠᠭ ᠲᠤᠬᠠᠢ ᠳᠤᠨᠢ ᠬᠠᠷᠢᠭᠤ ᠲᠤᠰᠬᠠᠵᠤ᠂ ᠬᠤᠯᠪᠣᠭᠳᠠᠯ ᠪᠦᠬᠦᠢ | ᠣᠷᠣᠨ ᠪᠦᠰᠡ᠂ ᠰᠠᠯᠠᠭ᠎ᠠ ᠮᠥᠴᠢᠷ ᠲᠤ ᠰᠢᠯᠵᠢᠭᠦᠯᠦᠨ ᠬᠢᠨᠠᠨ ᠪᠠᠶᠢᠴᠠᠭᠠᠯᠭᠠᠵᠤ ᠭᠦᠢᠴᠡᠳᠬᠡᠬᠦ ᠬᠡᠷᠡᠭᠲᠡᠢ᠃ | ᠡᠷᠦᠬᠡ ᠪᠠᠷ ᠨᠢᠭᠡᠴᠢ ᠪᠣᠯᠭᠠᠨ ᠢᠯᠭᠠᠨ ᠲᠠᠨᠢᠬᠤ ᠶᠢ ᠠᠩᠬᠠᠷᠬᠤ ᠴᠢᠬᠤᠯᠠᠲᠠᠢ᠂ ᠡᠷᠦᠬᠡ ᠠᠮᠠ ᠶᠢᠨ ᠲᠠᠩᠰᠠ ᠶᠢ | ᠦᠵᠡᠬᠦ ᠦᠭᠡᠢ᠂ ᠪᠣᠳᠠᠲᠠᠢ ᠬᠠᠮᠲᠤ ᠶᠢᠨ ᠠᠮᠢᠳᠤᠷᠠᠯ ᠪᠤᠶᠤ ᠠᠵᠤ ᠠᠬᠤᠢ ᠶᠢᠨ ᠬᠤᠯᠪᠣᠭ᠎ᠠ ᠶᠢ ᠨᠢᠭᠡ ᠴᠣᠭᠴᠠ | ᠪᠣᠯᠭᠠᠨ ᠨᠢᠭᠡ ᠡᠷᠦᠬᠡ ᠮᠥᠨ ᠡᠰᠡᠬᠦ ᠶᠢ ᠢᠯᠭᠠᠨ ᠲᠣᠳᠣᠯᠠᠬᠤ ᠬᠡᠷᠡᠭᠲᠡᠢ᠃ᠲᠠᠬᠢᠨ ᠶᠠᠳᠠᠭᠤᠷᠠᠬᠤ ᠠᠴᠠ ᠪᠣᠯᠵᠤ | ᠶᠠᠳᠠᠭᠤᠷᠠᠭᠰᠠᠨ ᠡᠷᠦᠬᠡ ᠶᠢ ᠢᠯᠭᠠᠨ ᠲᠠᠨᠢᠬᠤ ᠬᠡᠪᠴᠢᠶ᠎ᠡ ᠶᠢ ᠨᠢᠭᠡ ᠯᠡ ᠠᠳᠠᠯᠢ ᠪᠠᠷ ᠱᠠᠭᠠᠷᠳᠠᠵᠤ ᠪᠣᠯᠬᠤ ᠦᠭᠡᠢ᠂ | ᠪᠣᠳᠠᠲᠠᠢ ᠪᠠᠶᠢᠳᠠᠯ ᠢ ᠪᠣᠳᠠᠲᠠᠢ ᠪᠠᠷ ᠵᠠᠳᠠᠯᠵᠤ᠂ ᠵᠣᠬᠢᠰᠲᠠᠢ ᠪᠠᠷ ᠠᠭᠤᠵᠢᠭᠤ ᠲᠠᠯᠪᠢᠵᠤ ᠪᠣᠯᠣᠨ᠎ᠠ᠃ | 4. ᠢᠯᠭᠠᠨ ᠲᠠᠨᠢᠬᠤ ᠪᠠᠷᠢᠮᠵᠢᠶ᠎ᠠ | ᠠᠮᠠᠷᠬᠠᠨ ᠶᠠᠳᠠᠭᠤᠷᠠᠬᠤ ᠪᠠ ᠳᠠᠬᠢᠨ ᠶᠠᠳᠠᠭᠤᠷᠠᠬᠤ ᠡᠷᠦᠬᠡ ᠶᠢᠨ ᠣᠳᠣᠬᠠᠨ ᠤ ᠢᠯᠭᠠᠨ ᠲᠠᠨᠢᠬᠤ ᠪᠠᠷᠢᠮᠵᠢᠶ᠎ᠠ | ᠪᠣᠯ ᠭᠡᠷ ᠪᠦᠯᠢ ᠪᠠᠷ ᠨᠢᠭᠡᠴᠢ ᠪᠣᠯᠭᠠᠬᠤ ᠶᠠᠪᠤᠳᠠᠯ ᠪᠣᠯᠣᠨ᠎ᠠ᠂ ᠡᠭᠦᠨ ᠳᠤ ᠭᠤᠣᠯᠳᠠᠭᠤ ︽ᠶᠠᠳᠠᠭᠤᠷᠠᠬᠤ ᠪᠠ ᠳᠠᠬᠢᠨ | ᠶᠠᠳᠠᠭᠤᠷᠠᠬᠤ ᠲᠦᠭᠰᠢᠭᠦᠷᠢ ᠪᠠᠶᠢᠬᠤ ᠡᠰᠡᠬᠦ︾ ᠭᠡᠰᠡᠨ ᠨᠢᠭᠡ ᠯᠡ ᠦᠭᠡ ᠪᠠᠷ ᠪᠣᠳᠣᠯᠬᠢᠯᠠᠨ᠎ᠠ᠃ᠡᠭᠦᠨ ᠤ ᠬᠠᠮᠲᠤ | ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ 6600 ᠲᠥᠭᠦᠷᠢᠭ ᠢᠶᠠᠷ ᠣᠳᠣᠬᠠᠨ ᠤ ᠳᠠᠬᠢᠨ ᠶᠠᠳᠠᠭᠤᠷᠠᠬᠤ ᠶᠢ | ᠰᠡᠷᠭᠡᠶᠢᠯᠡᠬᠦ ᠬᠢᠨᠠᠨ ᠬᠡᠮᠵᠢᠯᠲᠡ ᠶᠢᠨ ᠭᠤᠣᠯᠳᠠᠯᠭ᠎ᠠ ᠲᠠᠢ ᠠᠩᠬᠠᠷᠬᠤ ᠪᠠ 3 ᠲᠥᠷᠥᠯ ᠤᠨ ᠳᠠᠬᠢᠨ ᠶᠠᠳᠠᠭᠤᠷᠠᠬᠤ ᠠᠴᠠ | ᠪᠣᠯᠵᠤ ᠶᠠᠳᠠᠭᠤᠷᠠᠭᠰᠠᠨ ᠡᠷᠦᠬᠡ ᠶᠢᠨ ᠲᠥᠷᠥᠯ ᠢᠯᠭᠠᠯ ᠤᠨ ᠣᠷᠣᠯᠭ᠎ᠠ ᠶᠢᠨ ᠱᠤᠭᠤᠮ ᠪᠣᠯᠭᠠᠵᠤ᠂ ︽ᠭᠤᠷᠪᠠᠨ | ᠲᠥᠷᠥᠯ︾ ᠤᠨ ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠬᠤ ᠡᠷᠦᠬᠡ ᠶᠢᠨ ᠪᠣᠳᠠᠲᠠᠢ ᠪᠠᠷᠢᠮᠵᠢᠶ᠎ᠠ ᠨᠢ ᠳᠣᠣᠷᠠᠬᠢ | ᠮᠡᠲᠦ᠄ ᠵᠠᠬ᠎ᠠ ᠬᠢᠵᠠᠭᠠᠷ ᠤᠨ ᠠᠮᠠᠷᠬᠠᠨ ᠶᠠᠳᠠᠭᠤᠷᠠᠬᠤ ᠡᠷᠦᠬᠡ ᠭᠡᠳᠡᠭ ᠨᠢ ᠵᠢᠯ ᠤᠨ ᠬᠥᠮᠥᠨ ᠳᠤᠮᠳᠠᠴᠢ ᠶᠢᠨ ᠴᠡᠪᠡᠷ | ᠣᠷᠣᠯᠭ᠎ᠠ ᠨᠢ 6600 ᠲᠥᠭᠦᠷᠢᠭ ᠠᠴᠠ ᠳᠣᠣᠷ᠎ᠠ᠂ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ | ᠠᠮᠤᠷ ᠲᠦᠪᠰᠢᠨ ᠤ ᠨᠢᠭᠡ ᠵᠦᠢᠯ ᠤᠨ ᠲᠣᠭᠲᠠᠪᠤᠷᠢᠲᠠᠢ ᠪᠥᠭᠡᠳ ᠪᠠᠷᠢᠮᠵᠢᠶ᠎ᠠ ᠳᠤ ᠬᠦᠷᠬᠦ ᠦᠭᠡᠢ᠂ ᠡᠰᠡᠬᠦᠯ᠎ᠡ ᠡᠯ᠎ᠡ | ᠵᠦᠢᠯ ᠤᠨ ᠰᠢᠯᠲᠠᠭᠠᠨ ᠤ ᠨᠥᠯᠥᠭᠡ ᠠᠴᠠ ᠪᠣᠯᠵᠤ ᠶᠠᠳᠠᠭᠤᠷᠠᠬᠤ ᠲᠦᠭᠰᠢᠭᠦᠷᠢ ᠲᠠᠢ ᠬᠥᠮᠥᠰ ᠢ ᠵᠢᠭᠠᠵᠤ ᠪᠣᠶ︔ | ᠶᠠᠳᠠᠭᠤ ᠠᠴᠠ ᠠᠩᠭᠢᠵᠢᠷᠠᠭᠤᠯᠬᠤ ᠳᠤ ᠲᠣᠭᠲᠠᠭᠤᠨ ᠪᠤᠰᠤ ᠡᠷᠦᠬᠡ ᠶᠢᠨ ᠪᠠᠷᠢᠮᠵᠢᠶ᠎ᠠ ᠨᠢ ᠵᠠᠬ᠎ᠠ ᠬᠢᠵᠠᠭᠠᠷ ᠤᠨ | ᠠᠮᠠᠷᠬᠠᠨ ᠶᠠᠳᠠᠭᠤᠷᠠᠬᠤ ᠡᠷᠦᠬᠡ ᠲᠠᠢ ᠠᠳᠠᠯᠢ ᠪᠠᠷ᠂ ᠢᠯᠭᠠᠭ᠎ᠠ ᠨᠢ ᠭᠡᠪᠡᠯ᠂ ᠶᠠᠳᠠᠭᠤ ᠠᠴᠠ ᠠᠩᠭᠢᠵᠢᠷᠠᠭᠤᠯᠬᠤ ᠳᠤ | ᠲᠣᠭᠲᠠᠭᠤᠨ ᠪᠤᠰᠤ ᠡᠷᠦᠬᠡ ᠶᠢ ᠳᠠᠬᠢᠨ ᠶᠠᠳᠠᠭᠤᠷᠠᠬᠤ ᠳᠤ ᠬᠢᠯᠪᠠᠷ ᠶᠠᠳᠠᠭᠤᠷᠠᠬᠤ ᠡᠷᠦᠬᠡ ᠪᠠᠷ ᠢᠯᠭᠠᠨ ᠲᠠᠨᠢᠬᠤ ᠠᠴᠠ | ᠡᠮᠦᠨ᠎ᠡ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠡᠷᠦᠬᠡ ᠪᠣᠯᠵᠠᠢ︔ᠡᠪᠡᠳᠴᠢᠨ ᠤ ᠰᠢᠯᠲᠠᠭᠠᠨ ᠪᠠ ᠭᠠᠮᠰᠢᠭ ᠠᠴᠠ | ᠪᠣᠯᠵᠤ ᠭᠡᠨᠡᠳᠲᠡ ᠶᠢᠨ ᠠᠳᠡᠯ ᠵᠡᠷᠭᠡ ᠵᠠᠶᠢᠯᠠᠰᠢ ᠦᠭᠡᠢ ᠵᠠᠷᠤᠯᠭ᠎ᠠ ᠨᠡᠯᠢᠶᠡᠳ ᠶᠡᠭᠡ ᠪᠤᠶᠤ ᠣᠷᠣᠯᠭ᠎ᠠ ᠶᠡᠭᠡ ᠪᠠᠷ | ᠬᠠᠰᠤᠭᠳᠠᠭᠰᠠᠨ ᠠᠴᠠ ᠪᠣᠯᠵᠤ ᠦᠨᠳᠦᠰᠦᠨ ᠠᠮᠢᠳᠤᠷᠠᠯ ᠳᠤᠨᠢ ᠬᠦᠨᠳᠦ ᠨᠣᠴᠢᠲᠠᠢ ᠬᠦᠴᠢᠷᠳᠡᠯ ᠲᠠᠢ ᠡᠷᠦᠬᠡ ︵ | ᠳᠣᠷᠣᠭᠰᠢ ︽ᠭᠡᠨᠡᠳᠲᠡ ᠡᠭᠦᠰᠦᠭᠰᠡᠨ ᠬᠦᠨᠳᠦ ᠨᠣᠴᠢᠲᠠᠢ ᠬᠦᠴᠢᠷᠳᠡᠯ ᠲᠠᠢ ᠡᠷᠦᠬᠡ︾ ᠭᠡᠵᠦ ᠲᠣᠪᠴᠢᠯᠠᠨ᠎ᠠ︶ | ᠭᠠᠷᠴᠤ᠂ ᠬᠡᠳᠦᠶᠢᠪᠡᠷ ᠵᠢᠯ ᠤᠨ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠨᠢ 6600 ᠲᠥᠭᠦᠷᠢᠭ ᠠᠴᠠ | ᠳᠠᠪᠠᠭᠰᠠᠨ ᠪᠣᠯᠪᠠᠴᠤ ᠭᠡᠨᠡᠳᠲᠡ ᠶᠢᠨ ᠬᠡᠷᠡᠭ ᠵᠡᠷᠭᠡ ᠡᠯ᠎ᠡ ᠵᠦᠢᠯ ᠤᠨ ᠬᠦᠴᠦᠨ ᠵᠦᠢᠯ ᠤᠨ ᠨᠥᠯᠥᠭᠡ ᠠᠴᠠ ᠪᠣᠯᠵᠤ | ᠵᠠᠶᠢᠯᠠᠰᠢ ᠦᠭᠡᠢ ᠵᠠᠷᠤᠯᠭ᠎ᠠ ᠨᠡᠯᠢᠶᠡᠳ ᠶᠡᠭᠡ ᠪᠣᠯᠤᠭᠰᠠᠨ ᠪᠤᠶᠤ ᠣᠷᠣᠯᠭ᠎ᠠ ᠨᠢ ᠶᠡᠭᠡ ᠬᠡᠮᠵᠢᠶ᠎ᠡ ᠪᠠᠷ ᠪᠠᠭᠠᠰᠤᠭᠰᠠᠨ᠂ | ᠡᠰᠡᠬᠦᠯ᠎ᠡ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠨᠢᠭᠡ ᠵᠦᠢᠯ ᠤᠨ | ᠲᠣᠭᠲᠠᠪᠤᠷᠢᠲᠠᠢ ᠪᠥᠭᠡᠳ ᠪᠠᠷᠢᠮᠵᠢᠶ᠎ᠠ ᠳᠤ ᠬᠦᠷᠬᠦ ᠦᠭᠡᠢ᠂ ᠡᠰᠡᠬᠦᠯ᠎ᠡ ᠪᠤᠰᠤᠳ ᠡᠯ᠎ᠡ ᠵᠦᠢᠯ ᠤᠨ ᠪᠠᠶᠢᠳᠠᠯ ᠠᠴᠠ | ᠪᠣᠯᠵᠤ ᠦᠨᠳᠦᠰᠦᠨ ᠠᠮᠢᠳᠤᠷᠠᠯ ᠳᠤᠨᠢ ᠬᠦᠨᠳᠦ ᠨᠣᠴᠢᠲᠠᠢ ᠬᠦᠴᠢᠷᠳᠡᠯ ᠤᠴᠠᠷᠠᠭᠤᠯᠤᠭᠰᠠᠨ ᠮᠥᠷᠲᠡᠭᠡᠨ ᠳᠠᠬᠢᠨ | ᠶᠠᠳᠠᠭᠤᠷᠠᠵᠤ ᠶᠠᠳᠠᠭᠤᠷᠠᠬᠤ ᠲᠦᠭᠰᠢᠭᠦᠷᠢ ᠲᠠᠢ ᠪᠣᠯᠤᠭᠰᠠᠨ ᠬᠥᠮᠥᠰ ᠢ ᠵᠢᠭᠠᠵᠤ ᠪᠣᠶ᠃ᠳᠠᠬᠢᠨ ᠶᠠᠳᠠᠭᠤᠷᠠᠬᠤ ᠠᠴᠠ | ᠪᠣᠯᠵᠤ ᠶᠠᠳᠠᠭᠤᠷᠠᠭᠰᠠᠨ ᠡᠷᠦᠬᠡ ᠶᠢ ᠢᠯᠭᠠᠨ ᠲᠠᠨᠢᠬᠤ ᠳᠤ ︽ᠡᠭᠡᠭᠡ ᠠᠳᠠᠯᠢ ᠪᠠᠶᠢᠯᠭᠠᠬᠤ︾ ᠦᠭᠡᠢ᠂ ᠪᠣᠳᠠᠲᠠᠢ | ᠪᠠᠶᠢᠳᠠᠯ ᠢ ᠪᠣᠳᠠᠲᠠᠢ ᠪᠠᠷ ᠵᠠᠳᠠᠯᠵᠤ᠂ ᠢᠯᠭᠠᠨ ᠲᠠᠨᠢᠬᠤ ᠪᠠᠷᠢᠮᠵᠢᠶ᠎ᠠ ᠶᠢ ᠵᠣᠬᠢᠬᠤ ᠬᠡᠮᠵᠢᠶ᠎ᠡ ᠪᠠᠷ ᠠᠭᠤᠵᠢᠭᠤ ᠲᠠᠯᠪᠢᠵᠤ | ᠪᠣᠯᠣᠨ᠎ᠠ᠃ | 5. ᠶᠠᠳᠠᠭᠤ ᠠᠴᠠ ᠠᠩᠭᠢᠵᠢᠷᠠᠬᠤ ᠶᠢ ᠰᠡᠷᠭᠡᠶᠢᠯᠡᠬᠦ ᠪᠠᠶᠢᠩᠭᠤ ᠶᠢᠨ ᠬᠢᠨᠠᠨ ᠬᠡᠮᠵᠢᠯᠲᠡ ᠶᠢᠨ ᠭᠤᠣᠯ ᠠᠭᠤᠯᠭ᠎ᠠ | ᠨᠢᠭᠡ ᠳᠤ᠂ ᠠᠵᠢᠯ ᠤᠨ ᠤᠬᠠᠭᠤᠯᠭ᠎ᠠ ᠶᠢ ᠴᠢᠩᠭᠠᠳᠬᠠᠵᠤ᠂ ᠪᠤᠴᠠᠵᠤ ᠶᠠᠳᠠᠭᠤᠷᠠᠬᠤ ᠶᠢ ᠰᠡᠷᠭᠡᠶᠢᠯᠡᠬᠦ ᠬᠢᠨᠠᠨ | ᠬᠡᠮᠵᠢᠵᠦ ᠢᠯᠭᠠᠨ ᠲᠠᠨᠢᠬᠤ ᠠᠵᠢᠯ ᠢ ᠡᠷᠦᠬᠡ ᠪᠣᠯᠭᠠᠨ ᠳᠤ ᠮᠡᠳᠡᠭᠦᠯᠵᠦ᠂ ᠪᠡᠶ᠎ᠡ ᠪᠠᠨ ᠳᠠᠭᠠᠭᠠᠨ ᠮᠡᠳᠡᠭᠦᠯᠬᠦ ᠪᠠ ᠣᠯᠠᠨ | ᠲᠦᠮᠡᠨ ᠤ ᠢᠯᠡᠷᠡᠭᠦᠯᠦᠨ ᠲᠤᠰᠬᠠᠬᠤ ᠶᠢ ᠠᠬᠢᠭᠤᠯᠵᠤ᠂ ᠬᠢᠨᠠᠨ ᠬᠡᠮᠵᠢᠵᠦ ᠢᠯᠭᠠᠨ ᠲᠠᠨᠢᠬᠤ ᠠᠵᠢᠯ ᠢ ᠥᠷᠨᠢᠭᠦᠯᠦᠨ᠎ᠡ᠃ | ᠬᠤᠶᠠᠷ ᠲᠤ ᠦᠨᠳᠦᠰᠦᠨ ᠱᠠᠲᠤᠨ ᠤ ᠺᠠᠳ᠋ᠷᠴᠤᠳ ᠢ ᠪᠠᠶᠢᠩᠭᠤᠵᠢᠭᠤᠯᠤᠨ ᠬᠢᠨᠠᠨ ᠬᠡᠮᠵᠢᠵᠦ᠂ ᠺᠠᠳ᠋ᠷᠴᠤᠳ ᠤᠨ ᠡᠳᠦᠷ | ᠲᠤᠳᠤᠮ ᠤᠨ ᠪᠠᠶᠢᠴᠠᠭᠠᠯᠲᠠ ᠵᠡᠷᠭᠡ ᠡᠯ᠎ᠡ ᠵᠦᠢᠯ ᠤᠨ ᠠᠷᠭ᠎ᠠ ᠵᠠᠮ ᠢᠶᠠᠷ ᠲᠠᠮᠵᠢᠨ ᠣᠷᠣᠰᠢᠵᠤ ᠮᠡᠳᠡᠬᠦ ᠶᠠᠳᠠᠭᠤᠷᠠᠬᠤ | ᠪᠠ ᠲᠠᠬᠢᠨ ᠶᠠᠳᠠᠭᠤᠷᠠᠬᠤ ᠲᠦᠭᠰᠢᠭᠦᠷᠢ ᠶᠢ ᠢᠯᠡᠷᠡᠭᠦᠯᠵᠦ᠂ ᠴᠠᠭ ᠲᠤᠬᠠᠢ ᠳᠤᠨᠢ ᠬᠢᠨᠠᠨ ᠬᠡᠮᠵᠢᠵᠦ ᠢᠯᠭᠠᠨ | ᠲᠠᠨᠢᠬᠤ ᠶᠢᠨ ᠬᠠᠮᠲᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠠᠶᠤᠯ ᠲᠦᠭᠰᠢᠭᠦᠷᠢ ᠶᠢᠨ ᠥᠭᠡᠷᠡᠴᠢᠯᠡᠯᠲᠡ᠂ | ᠠᠪᠤᠷᠠᠨ ᠲᠤᠰᠠᠯᠠᠬᠤ ᠵᠡᠷᠭᠡ ᠪᠠᠷ ᠮᠡᠳᠡᠭᠦᠯᠦᠭᠰᠡᠨ ᠲᠠᠷᠢᠶᠠᠴᠢᠨ ᠡᠷᠦᠬᠡ ᠳᠤ ᠬᠤᠣᠰ ᠴᠢᠭᠯᠡᠯ ᠢᠶᠠᠷ ᠮᠠᠭᠠᠳᠯᠠᠨ | ᠲᠣᠭᠲᠠᠭᠠᠬᠤ ᠠᠵᠢᠯ ᠢ ᠢᠳᠡᠪᠬᠢᠲᠡᠢ ᠥᠷᠨᠢᠭᠦᠯᠵᠦ᠂ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠡᠷᠴᠢᠮ ᠢᠶᠠᠨ | ᠴᠢᠩᠭᠠᠷᠠᠭᠤᠯᠵᠤ᠂ ᠨᠥᠬᠦᠴᠡᠯ ᠳᠤ ᠨᠡᠶᠢᠴᠡᠭᠰᠡᠨ ᠢ ᠨᠢ ᠬᠢᠨᠠᠨ ᠬᠡᠮᠵᠢᠬᠦ ᠬᠡᠪᠴᠢᠶᠡᠨ ᠳᠤ ᠴᠠᠭ ᠲᠤᠬᠠᠢ ᠳᠤᠨᠢ | ᠣᠷᠣᠭᠤᠯᠬᠤ ᠬᠡᠷᠡᠭᠲᠡᠢ᠃ | 6. ᠠᠵᠢᠯ ᠲᠥᠷᠥᠯ ᠤᠨ ᠰᠢᠭᠰᠢᠨ ᠪᠠᠶᠢᠴᠠᠭᠠᠵᠤ ᠰᠡᠷᠡᠮᠵᠢᠯᠡᠭᠦᠯᠬᠦ ᠭᠤᠣᠯ ᠠᠵᠢᠯ ᠤᠨ ᠠᠭᠤᠯᠭ᠎ᠠ | ᠭᠤᠣᠯᠳᠠᠯᠭ᠎ᠠ ᠲᠠᠢ ᠬᠢᠨᠠᠨ ᠪᠠᠶᠢᠴᠠᠭᠠᠬᠤ ᠠᠷᠭ᠎ᠠ ᠮᠠᠶ᠋ᠢᠭ ᠢᠶᠠᠷ ᠥᠷᠨᠢᠭᠦᠯᠵᠦ᠂ ᠪᠠᠯᠭᠠᠰᠤ ᠲᠣᠰᠬᠤᠨ ᠤ ᠡᠳᠦᠷ | ᠲᠤᠲᠤᠮ ᠤᠨ ᠪᠠᠶᠢᠴᠠᠭᠠᠯᠲᠠ ᠳᠤ ᠭᠤᠣᠯᠳᠠᠯᠭ᠎ᠠ ᠲᠠᠢ ᠬᠢᠨᠠᠨ ᠪᠠᠶᠢᠴᠠᠭᠠᠭᠳᠠᠬᠤ ᠡᠲᠡᠭᠡᠳ ︵︽ᠠᠷᠪᠠᠨ ᠲᠥᠷᠥᠯ︾ | ᠤᠨ ᠭᠡᠷ ᠪᠦᠯᠢ ᠪᠠᠭᠲᠠᠨ᠎ᠠ︶ ᠢ ᠠᠩᠬᠠᠷᠬᠤ ᠠᠴᠠ ᠭᠠᠳᠠᠨ᠎ᠠ᠂ ᠠᠷᠠᠳ ᠤᠨ ᠶᠠᠪᠤᠳᠠᠯ᠂ ᠡᠮ ᠡᠮᠨᠡᠯᠭᠡ ᠶᠢᠨ | ᠳᠠᠭᠠᠳᠬᠠᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠡᠷᠡᠭᠦᠯ ᠬᠠᠮᠠᠭᠠᠯᠠᠯ | ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ ᠪᠠᠴᠢᠮ ᠪᠠᠶᠢᠳᠠᠯ ᠢ ᠠᠷᠭᠠᠴᠠᠬᠤ᠂ ᠤᠰᠤᠨ ᠠᠰᠢᠭᠯᠠᠯᠲᠠ᠂ | ᠵᠡᠮᠳᠡᠭᠴᠦᠳ ᠤᠨ ᠬᠤᠯᠪᠣᠭ᠎ᠠ ᠵᠡᠷᠭᠡ ᠠᠵᠢᠯ ᠲᠥᠷᠥᠯ ᠤᠨ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠯᠤᠭ᠎ᠠ | ᠵᠣᠯᠭᠠᠭᠤᠯᠬᠤ ᠪᠠᠷ ᠳᠠᠮᠵᠢᠭᠤᠯᠤᠨ ᠠᠵᠢᠯ ᠲᠥᠷᠥᠯ ᠤᠨ ᠰᠢᠭᠰᠢᠨ ᠪᠠᠶᠢᠴᠠᠭᠠᠵᠤ ᠰᠡᠷᠡᠮᠵᠢᠯᠡᠭᠦᠯᠬᠦ ᠲᠤᠭ᠎ᠠ ᠪᠠᠷᠢᠮᠲᠠ ᠶᠢ | ᠪᠣᠶ ᠪᠣᠯᠭᠠᠬᠤ ᠵᠢᠴᠢ ᠪᠠᠯᠭᠠᠰᠤ ᠲᠣᠰᠬᠤᠨ ᠥᠪᠡᠷ ᠢᠶᠠᠨ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠴᠢᠬᠤᠯᠠᠲᠠᠢ | ᠡᠲᠡᠭᠡᠳ ᠢ ᠡᠵᠡᠮᠰᠢᠵᠦ᠂ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠬᠠᠷᠢᠯᠴᠠᠨ | ᠤᠶᠠᠯᠳᠤᠭᠤᠯᠵᠤ ᠪᠠᠶᠢᠭᠠᠳ ᠳᠠᠬᠢᠨ ᠶᠠᠳᠠᠭᠤᠷᠠᠬᠤ ᠲᠦᠭᠰᠢᠭᠦᠷᠢ ᠶᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠪᠠ | ᠰᠤᠳᠤᠯᠤᠨ ᠮᠠᠭᠠᠳᠯᠠᠵᠤ᠂ ᠴᠠᠭ ᠲᠤᠬᠠᠢ ᠳᠤᠨᠢ ᠬᠠᠪᠰᠤᠷᠤᠨ ᠲᠡᠳᠬᠦᠬᠦ ᠬᠡᠪᠴᠢᠶᠡᠨ ᠳᠤ ᠣᠷᠣᠭᠤᠯᠤᠨ᠎ᠠ᠃ | ᠭᠤᠣᠯᠳᠠᠯᠭ᠎ᠠ ᠲᠠᠢ ᠬᠢᠨᠠᠨ ᠪᠠᠶᠢᠴᠠᠭᠠᠬᠤ ᠡᠲᠡᠭᠡᠳ ︵︽ᠠᠷᠪᠠᠨ ᠲᠥᠷᠥᠯ︾ ᠤᠨ ᠭᠡᠷ ᠪᠦᠯᠢ︶ ᠲᠤ ᠳᠡᠭᠡᠳᠦ | ᠱᠠᠲᠤᠨ ᠤ ᠱᠠᠭᠠᠷᠳᠠᠯᠭ᠎ᠠ ᠶᠢ ᠦᠨᠳᠦᠰᠦᠯᠡᠨ ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠲᠣᠬᠢᠷᠠᠭᠤᠯᠤᠯᠲᠠ ᠬᠢᠵᠦ ᠨᠥᠬᠦᠪᠦᠷᠢᠯᠡᠨ᠎ᠡ᠃ ᠣᠳᠣᠬᠠᠨ ᠳᠤ ᠭᠤᠣᠯᠳᠠᠭᠤ ᠶᠠᠳᠠᠭᠤ ᠠᠴᠠ ᠠᠩᠭᠢᠵᠢᠷᠠᠭᠤᠯᠬᠤ ᠡᠷᠦᠬᠡ | ᠂ 2021 ᠣᠨ ᠳᠤ ᠭᠡᠷ ᠪᠦᠯᠢ ᠶᠢᠨ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠨᠡᠯᠢᠶᠡᠳ ᠳᠣᠣᠷ᠎ᠠ ᠪᠠ | ᠢᠯᠡᠳᠲᠡ ᠬᠠᠰᠤᠭᠳᠠᠭᠰᠠᠨ᠂ ᠢᠯᠠᠩᠭᠤᠶ᠎ᠠ ᠭᠡᠷ ᠪᠦᠯᠢ ᠶᠢᠨ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠨᠢ | ᠵᠢᠯ ᠪᠦᠷᠢ ᠳᠤ 6600 ᠲᠥᠭᠦᠷᠢᠭ ᠠᠴᠠ ᠳᠣᠣᠷ᠎ᠠ ᠪᠠᠶᠢᠭ᠎ᠠ ᠲᠠᠷᠢᠶᠠᠴᠢᠨ ᠡᠷᠦᠬᠡ ᠳᠤ᠂ ᠬᠦᠨᠳᠦ ᠡᠪᠡᠳᠴᠢᠨ | ᠬᠦᠨᠳᠦ ᠡᠪᠡᠳᠴᠢᠨ᠂ ᠬᠦᠨᠳᠦ ᠤᠳᠠᠭᠠᠨ ᠴᠢᠨᠠᠷᠲᠠᠢ ᠡᠪᠡᠳᠴᠢᠨ ᠪᠠ ᠳᠠᠷᠤᠭᠠᠰᠤ ᠨᠡᠯᠢᠶᠡᠳ ᠬᠦᠨᠳᠦ ᠡᠪᠡᠳᠴᠢᠨ ᠳᠤ | ᠨᠡᠷᠪᠡᠭᠳᠡᠵᠦ᠂ ᠣᠨᠴᠠ ᠬᠦᠴᠢᠷᠳᠡᠯ ᠲᠠᠢ ᠬᠥᠮᠥᠰ ᠢᠯᠠᠩᠭᠤᠶ᠎ᠠ ᠭᠠᠭᠴᠠ ᠬᠥᠮᠥᠨ ᠤ ᠡᠷᠦᠬᠡ ᠵᠡᠷᠭᠡ ᠣᠨᠴᠠ | ᠬᠦᠴᠢᠷᠳᠡᠯ ᠲᠠᠢ ᠭᠡᠷ ᠪᠦᠯᠢ ᠶᠢ ᠠᠰ ᠠᠰ ᠲᠤᠨᠢ ᠠᠰᠠᠷᠠᠨ ᠲᠡᠵᠢᠭᠡᠵᠦ᠂ ᠬᠥᠳᠡᠭᠡ ᠲᠣᠰᠬᠤᠨ ᠤ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ ᠢᠯᠠᠩᠭᠤᠶ᠎ᠠ ᠣᠶᠢᠷ᠎ᠠ ᠶᠢᠨ ᠬᠤᠶᠠᠷ ᠵᠢᠯ ᠳᠤ ᠰᠢᠨ᠎ᠡ ᠪᠠᠷ ᠢᠯᠭᠠᠨ | ᠲᠠᠨᠢᠭᠰᠠᠨ ᠪᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠥᠳᠡᠭᠡ ᠲᠣᠰᠬᠤᠨ ᠤ ᠵᠡᠮᠳᠡᠭᠴᠦᠳ ᠤᠨ ᠭᠡᠷ | ᠪᠦᠯᠢ ᠢᠯᠠᠩᠭᠤᠶ᠎ᠠ ᠰᠢᠨ᠎ᠡ ᠪᠠᠷ ᠵᠡᠮᠳᠡᠭ ᠪᠣᠯᠤᠭᠰᠠᠨ ᠪᠠ ᠬᠦᠨᠳᠦ ᠵᠡᠮᠳᠡᠭᠴᠦᠳ ᠤᠨ ᠭᠡᠷ ᠪᠦᠯᠢ᠂ 60 ᠨᠠᠰᠤᠨ ᠠᠴᠠ | ᠳᠡᠭᠡᠭᠰᠢᠬᠢ ᠵᠡᠮᠳᠡᠭᠴᠦᠳ ᠤᠨ ᠭᠡᠷ ᠪᠦᠯᠢ᠂ ᠭᠡᠷ ᠲᠡᠭᠡᠨ ᠬᠤᠴᠣᠷᠤᠭᠰᠠᠨ ᠬᠡᠦᠬᠡᠳ ᠪᠠ ᠬᠦᠴᠢᠷᠳᠡᠯ ᠳᠤ | ᠲᠤᠯᠭᠠᠷᠠᠭᠰᠠᠨ ᠬᠡᠦᠬᠡᠳ᠂ ᠥᠨᠥᠴᠢᠨ ᠬᠡᠦᠬᠡᠳ ᠤᠨ ᠡᠷᠦᠬᠡ᠂ ᠬᠡᠷᠡᠭ ᠳᠡᠭᠡᠷ᠎ᠡ ᠪᠠᠨ ᠬᠡᠦᠬᠡᠳ ᠢ ᠠᠰᠠᠷᠠᠨ ᠲᠡᠵᠢᠭᠡᠬᠦ | ᠬᠥᠮᠥᠨ ᠦᠭᠡᠢ᠂ ᠣᠯᠠᠨ ᠬᠡᠦᠬᠡᠳ ᠲᠠᠢ᠂ ᠢᠯᠠᠩᠭᠤᠶ᠎ᠠ ᠠᠯᠪᠠᠨ ᠵᠢᠷᠤᠮ ᠤᠨ ᠪᠤᠰᠤ ᠰᠤᠷᠭᠠᠨ ᠬᠥᠮᠦᠵᠢᠯ ᠤᠨ | ᠱᠠᠲᠤᠨ ᠳᠤ ᠰᠤᠷᠤᠯᠴᠠᠵᠤ ᠪᠠᠶᠢᠭ᠎ᠠ ᠦᠷ᠎ᠡ ᠬᠡᠦᠬᠡᠳ ᠢᠶᠠᠷ ᠨᠡᠯᠢᠶᠡᠳ ᠣᠯᠠᠨ ᠲᠠᠷᠢᠶᠠᠴᠢᠨ ᠡᠷᠦᠬᠡ ᠰᠤᠷᠭᠠᠨ | ᠬᠥᠮᠦᠵᠢᠯ ᠤᠨ ᠠᠪᠤᠷᠠᠨ ᠲᠤᠰᠠᠯᠠᠬᠤ ᠡᠲᠡᠭᠡᠳ᠂ ᠨᠤᠷᠠᠬᠤ ᠠᠶᠤᠯᠲᠠᠢ ᠭᠡᠷ ᠪᠠᠶᠢᠰᠢᠩ ᠤᠨ ᠡᠷᠦᠬᠡ᠂ ᠤᠰᠤ | ᠤᠮᠳᠠ ᠶᠢᠨ ᠠᠮᠤᠷ ᠲᠦᠪᠰᠢᠨ ᠤ ᠠᠰᠠᠭᠤᠳᠠᠯ ᠲᠠᠢ ᠡᠷᠦᠬᠡ ︵ᠤᠰᠤᠨ ᠤ ᠴᠢᠨᠠᠷ᠂ ᠤᠰᠤᠨ ᠤ ᠬᠡᠮᠵᠢᠶ᠎ᠡ᠂ ᠤᠰᠤ | ᠬᠡᠷᠡᠭᠯᠡᠬᠦ ᠳᠤ ᠳᠥᠭᠦᠮ ᠪᠠᠶᠢᠬᠤ ᠬᠡᠮᠵᠢᠶ᠎ᠡ ᠪᠠ ᠤᠰᠤ ᠬᠠᠩᠭᠠᠬᠤ ᠨᠣᠷᠮ᠎ᠠ ᠶᠢ ᠪᠠᠭᠲᠠᠭᠠᠨ᠎ᠠ︶᠂ ᠴᠢᠳᠠᠪᠤᠷᠢ ᠪᠠᠨ | ᠠᠯᠳᠠᠭᠰᠠᠨ ᠨᠠᠰᠤᠲᠠᠶᠢᠴᠤᠳ ᠤᠨ ᠬᠥᠮᠥᠨ ᠠᠮᠠ᠂ ᠠᠵᠢᠯ ᠬᠢᠭᠰᠡᠨ ᠣᠷᠣᠯᠭ᠎ᠠ ᠶᠢᠨ ᠡᠵᠡᠯᠡᠬᠦ ᠬᠠᠷᠢᠴᠠᠯ ᠢᠶᠠᠷ | ᠥᠨᠳᠥᠷ ᠮᠥᠷᠲᠡᠭᠡᠨ ᠠᠵᠢᠯ ᠬᠢᠭᠰᠡᠨ ᠴᠠᠭ ᠨᠢ ᠲᠣᠭᠲᠠᠪᠤᠷᠢ ᠦᠭᠡᠢ ᠭᠡᠷ ᠪᠦᠯᠢ᠂ ᠭᠠᠳᠠᠭᠰᠢ ᠭᠠᠷᠴᠤ ᠠᠵᠢᠯ | ᠬᠢᠭᠰᠡᠨ ᠨᠢ ᠲᠣᠭᠲᠠᠪᠤᠷᠢ ᠦᠭᠡᠢ ᠨᠤᠲᠤᠭ ᠲᠠᠭᠠᠨ ᠪᠤᠴᠠᠭᠰᠠᠨ ᠭᠡᠷ ᠪᠦᠯᠢ ᠵᠢᠴᠢ ᠡᠪᠡᠳᠴᠢᠨ ᠤ ᠰᠢᠯᠲᠠᠭᠠᠨ᠂ | ᠭᠠᠮᠰᠢᠭ ᠤᠨ ᠬᠠᠷᠠᠭ᠎ᠠ ᠪᠠᠷ ᠭᠡᠨᠡᠳᠲᠡ ᠶᠢᠨ ᠠᠳᠡᠯ ᠵᠡᠷᠭᠡ ᠵᠠᠶᠢᠯᠠᠰᠢ ᠦᠭᠡᠢ ᠵᠠᠷᠤᠯᠭ᠎ᠠ ᠨᠡᠯᠢᠶᠡᠳ ᠶᠡᠭᠡ ᠪᠤᠶᠤ | ᠣᠷᠣᠯᠭ᠎ᠠ ᠨᠢ ᠶᠡᠭᠡ ᠬᠡᠮᠵᠢᠶ᠎ᠡ ᠪᠠᠷ ᠪᠠᠭᠠᠰᠤᠭᠰᠠᠨ ᠠᠴᠠ ᠪᠣᠯᠵᠤ ᠦᠨᠳᠦᠰᠦᠨ ᠠᠮᠢᠳᠤᠷᠠᠯ ᠳᠤᠨᠢ ᠬᠦᠨᠳᠦ ᠨᠣᠴᠢᠲᠠᠢ | ᠬᠦᠴᠢᠷᠳᠡᠯ ᠲᠠᠢ ᠪᠣᠯᠤᠭᠰᠠᠨ ᠲᠠᠷᠢᠶᠠᠴᠢᠨ ᠡᠷᠦᠬᠡ ᠵᠢᠴᠢ ᠠᠵᠢᠯ ᠲᠥᠷᠥᠯ ᠤᠨ ᠰᠠᠯᠠᠭ᠎ᠠ ᠮᠥᠴᠢᠷ᠂ ᠪᠠᠯᠭᠠᠰᠤ | ᠲᠣᠰᠬᠤᠨ ᠤ ᠡᠵᠡᠮᠰᠢᠵᠦ ᠪᠠᠶᠢᠭ᠎ᠠ ᠪᠤᠰᠤᠳ ᠬᠦᠴᠢᠷᠳᠡᠯ ᠲᠠᠢ ᠭᠡᠷ ᠪᠦᠯᠢ ᠵᠡᠷᠭᠡ ︽ᠠᠷᠪᠠᠨ ᠲᠥᠷᠥᠯ︾ ᠤᠨ ᠭᠡᠷ | ᠪᠦᠯᠢ᠃ | ᠠᠵᠢᠯ ᠲᠥᠷᠥᠯ ᠤᠨ ᠰᠢᠭᠰᠢᠨ ᠪᠠᠶᠢᠴᠠᠭᠠᠯᠲᠠ ᠶᠢᠨ ᠰᠡᠷᠡᠮᠵᠢᠯᠡᠭᠦᠯᠬᠦ ᠲᠤᠭ᠎ᠠ ᠪᠠᠷᠢᠮᠲᠠ ᠶᠢ ᠰᠠᠷ᠎ᠠ ᠪᠠᠷ | ᠮᠡᠳᠡᠭᠦᠯᠵᠦ᠂ ᠭᠤᠣᠯᠳᠠᠯᠭ᠎ᠠ ᠲᠠᠢ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠮᠡᠳᠡᠭᠦᠯᠦᠭᠰᠡᠨ ᠶᠡᠭᠡ ᠲᠥᠯᠥᠪ ᠤᠳᠠᠭ᠎ᠠ | ᠳᠠᠷᠠᠭ᠎ᠠ ᠪᠠᠷ ᠬᠠᠷᠢᠭᠤ ᠲᠤᠰᠬᠠᠵᠤ᠂ ᠪᠠᠯᠭᠠᠰᠤ ᠲᠣᠰᠬᠤᠨ ᠡᠷᠦᠬᠡ ᠳᠠᠷᠠᠭᠠᠯᠠᠨ ᠵᠠᠳᠠᠯᠤᠨ ᠰᠤᠳᠤᠯᠵᠤ ᠮᠠᠭᠠᠳᠯᠠᠨ᠂ | ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠵᠦ᠂ ︽ᠪᠡᠶ᠎ᠡ ᠶᠢᠨ ᠭᠠᠳᠠᠨᠠᠬᠢ ᠡᠷᠭᠢᠯᠲᠡ︾ ᠬᠢᠬᠦ ᠶᠢ ᠡᠷᠡᠰ ᠰᠡᠷᠭᠡᠶᠢᠯᠡᠬᠦ | ᠬᠡᠷᠡᠭᠲᠡᠢ᠃ | 7. ᠭᠤᠣᠯ ᠪᠣᠯᠬᠤ ᠠᠵᠢᠯ ᠤᠨ ᠠᠭᠤᠯᠭ᠎ᠠ ᠶᠢ ᠲᠥᠪᠯᠡᠷᠡᠭᠦᠯᠦᠨ ᠵᠢᠭᠰᠠᠭᠠᠨ ᠪᠠᠶᠢᠴᠠᠭᠠᠨ᠎ᠠ | ᠪᠠᠶᠢᠩᠭᠤᠵᠢᠭᠤᠯᠤᠭᠰᠠᠨ ᠬᠢᠨᠠᠨ ᠬᠡᠮᠵᠢᠬᠦ᠂ ᠠᠵᠢᠯ ᠲᠥᠷᠥᠯ ᠤᠨ ᠰᠢᠭᠰᠢᠨ ᠪᠠᠶᠢᠴᠠᠭᠠᠵᠤ ᠰᠡᠷᠡᠮᠵᠢᠯᠡᠭᠦᠯᠬᠦ | ᠠᠵᠢᠯ ᠢ ᠥᠷᠨᠢᠭᠦᠯᠬᠦ ᠶᠢᠨ ᠬᠠᠮᠲᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠢᠯ ᠤᠨ ᠲᠣᠬᠢᠷᠠᠭᠤᠯᠤᠯᠲᠠ | ᠶᠣᠰᠣᠭᠠᠷ᠂ ᠬᠠᠷᠢᠶ᠎ᠠ ᠣᠷᠣᠨ ᠤ ᠪᠥᠬᠦ ᠵᠢᠭᠰᠠᠭᠠᠨ ᠪᠠᠶᠢᠴᠠᠭᠠᠭᠳᠠᠬᠤ ᠡᠲᠡᠭᠡᠳ ᠲᠤ ᠪᠠᠶᠢᠳᠠᠯ ᠢ ᠣᠶᠢᠯᠠᠭᠠᠨ | ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠦᠨ᠎ᠡ᠃ᠡᠩ ᠤᠨ ᠪᠠᠶᠢᠳᠠᠯ ᠳᠤ ᠬᠤᠶᠠᠳᠤᠭᠠᠷ᠂ ᠳᠥᠷᠪᠡᠳᠦᠭᠡᠷ | ᠤᠯᠠᠷᠢᠯ ᠤᠨ ᠬᠠᠮᠤᠭ ᠰᠡᠭᠦᠯᠴᠢ ᠶᠢᠨ ᠨᠢᠭᠡ ᠰᠠᠷ᠎ᠠ ᠳᠤ ᠥᠷᠨᠢᠭᠦᠯᠦᠨ᠎ᠡ᠃ | 8. ᠭᠤᠣᠯ ᠠᠵᠢᠯ ᠤᠨ ᠠᠭᠤᠯᠭ᠎ᠠ ᠵᠢᠴᠢ ᠭᠦᠢᠴᠡᠳᠬᠡᠬᠦ ᠲᠤᠭ᠎ᠠ ᠶᠢᠨ ᠲᠠᠶᠢᠯᠤᠮᠵᠢ | ᠭᠡᠷ ᠪᠦᠯᠢ ᠶᠢᠨ ᠦᠨᠳᠦᠰᠦᠨ ᠮᠡᠳᠡᠭᠡ ᠵᠠᠩᠭᠢ᠄ | ᠡᠷᠦᠬᠡ ᠶᠢᠨ ᠳᠣᠲᠣᠷᠠᠬᠢ ᠪᠠᠶᠢᠩᠭᠤ ᠰᠠᠭᠤᠭ᠎ᠠ ᠬᠥᠮᠥᠨ ᠠᠮᠠ ᠶᠢᠨ ᠦᠨᠳᠦᠰᠦᠨ ᠪᠠᠶᠢᠳᠠᠯ᠂ ᠡᠭᠦᠨ ᠳᠤ ᠪᠡᠶ᠎ᠡ | ᠮᠠᠬᠠᠪᠤᠳ ᠤᠨ ᠡᠷᠡᠭᠦᠯ ᠮᠡᠨᠳᠦ ᠶᠢᠨ ᠪᠠᠶᠢᠳᠠᠯ᠂ ᠬᠥᠳᠡᠯᠮᠦᠷᠢ ᠬᠦᠴᠦᠨ ᠤ ᠪᠠᠶᠢᠳᠠᠯ᠂ ᠠᠵᠢᠯ ᠬᠥᠳᠡᠯᠮᠦᠷᠢ ᠬᠢᠬᠦ ᠳᠤ | ᠣᠷᠣᠯᠴᠠᠭᠰᠠᠨ ᠪᠠᠶᠢᠳᠠᠯ᠂ ᠠᠵᠢᠯ ᠣᠯᠣᠭᠰᠠᠨ ᠪᠠᠶᠢᠳᠠᠯ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ | ᠬᠦᠷᠲᠡᠵᠦ ᠪᠠᠶᠢᠭ᠎ᠠ ᠪᠠᠶᠢᠳᠠᠯ᠂ ᠣᠨᠴᠠ ᠬᠦᠴᠢᠷᠳᠡᠯᠲᠡᠢ ᠬᠥᠮᠥᠰ ᠢ ᠠᠰᠠᠷᠠᠨ ᠲᠡᠵᠢᠭᠡᠵᠦ ᠪᠠᠶᠢᠭ᠎ᠠ ᠪᠠᠶᠢᠳᠠᠯ᠂ | ᠰᠤᠷᠭᠠᠭᠤᠯᠢ ᠳᠤ ᠪᠠᠶᠢᠭ᠎ᠠ ᠰᠣᠷᠣᠭᠴᠢ ᠶᠢᠨ ᠪᠠᠶᠢᠳᠠᠯ᠂ ᠦᠨᠳᠦᠰᠦᠨ ᠬᠤᠷᠰᠢᠭᠰᠠᠨ ᠡᠮᠨᠡᠯᠭᠡ ᠶᠢᠨ ᠪᠠᠲᠤᠯᠠᠭ᠎ᠠ ᠳᠤ | ᠣᠷᠣᠯᠴᠠᠵᠤ ᠪᠠᠶᠢᠬᠤ ᠡᠰᠡᠬᠦ ᠵᠡᠷᠭᠡ ᠪᠠᠶᠢᠳᠠᠯ ᠳᠤ ᠪᠠᠶᠢᠴᠠᠭᠠᠯᠲᠠ ᠬᠢᠨ᠎ᠡ᠃ᠡᠷᠦᠬᠡ ᠶᠢᠨ ᠳᠣᠲᠣᠷ᠎ᠠ ᠣᠯᠠᠨ ᠦᠷ᠎ᠡ | ᠬᠡᠦᠬᠡᠳ ᠲᠠᠢ᠂ ᠥᠨᠥᠴᠢᠨ ᠬᠡᠦᠬᠡᠳ ᠲᠠᠢ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠵᠡᠮᠳᠡᠭ᠂ | ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠬᠦ᠂ ᠲᠠᠷᠠᠬᠠᠢ ᠠᠰᠠᠷᠠᠨ ᠲᠡᠵᠢᠭᠡᠬᠦ ᠣᠨᠴᠠ ᠬᠦᠴᠢᠷᠳᠡᠯᠲᠡᠢ᠂ | ᠭᠠᠭᠴᠠ ᠬᠥᠮᠥᠨ ᠤ ᠡᠷᠦᠬᠡ᠂ ᠣᠷᠣᠯᠭ᠎ᠠ ᠨᠢ ᠭᠤᠣᠯᠳᠠᠭᠤ ᠬᠥᠯᠥᠰᠦᠨ ᠠᠵᠢᠯ ᠬᠢᠬᠦ ᠳᠤ ᠲᠦᠰᠢᠭᠯᠡᠭᠰᠡᠨ ᠪᠣᠯᠪᠠᠴᠤ | ᠭᠠᠳᠠᠭᠰᠢ ᠭᠠᠷᠴᠤ ᠬᠥᠯᠥᠰᠦᠨ ᠠᠵᠢᠯ ᠬᠢᠭᠰᠡᠨ ᠦᠭᠡᠢ ᠵᠡᠷᠭᠡ ᠭᠡᠷ ᠪᠦᠯᠢ ᠶᠢ ᠭᠤᠣᠯᠳᠠᠯᠭ᠎ᠠ ᠲᠠᠢ ᠠᠩᠬᠠᠷᠬᠤ ᠶᠢᠨ | ᠬᠠᠮᠲᠤ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠰᠢᠯᠭᠠᠬᠤ ᠡᠲᠡᠭᠡᠳ ᠤᠨ ᠬᠥᠮᠥᠨ ᠠᠮᠠ ᠶᠢᠨ | ᠠᠶᠠᠨᠳᠠᠭᠠᠨ ᠬᠤᠪᠢᠷᠠᠭᠰᠠᠨ ᠢ ᠪᠦᠷᠢᠳᠬᠡᠬᠦ ᠠᠵᠢᠯ ᠢ ᠰᠠᠶᠢᠲᠤᠷ ᠬᠢᠨ᠎ᠡ᠃ | ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ | ᠲᠠᠯ᠎ᠠ ᠪᠠᠷ᠄ | ᠲᠠᠷᠢᠶᠠᠴᠢᠨ ᠡᠷᠦᠬᠡ᠂ ᠶᠠᠳᠠᠭᠤ ᠠᠴᠠ ᠠᠩᠭᠢᠵᠢᠷᠠᠭᠰᠠᠨ ᠡᠷᠦᠬᠡ ᠪᠣᠯᠣᠨ ᠬᠢᠨᠠᠨ ᠰᠢᠯᠭᠠᠬᠤ ᠡᠲᠡᠭᠡᠳ ᠤᠨ ︽ | ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠣᠳᠣᠬᠢ | ᠪᠠᠶᠢᠳᠠᠯ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠵᠤ ᠬᠠᠷᠭᠤᠭᠤᠯᠤᠨ ᠲᠣᠳᠣᠯᠠᠵᠤ᠂ ᠪᠣᠳᠠᠲᠠᠢ ᠣᠶᠢᠯᠠᠭᠠᠵᠤ | ᠵᠢᠭᠰᠠᠭᠠᠬᠤ ᠠᠭᠤᠯᠭ᠎ᠠ ᠶᠢ ᠡᠷᠦᠬᠡ ᠳᠤ ᠬᠦᠷᠴᠦ ᠪᠠᠶᠢᠴᠠᠭᠠᠭᠰᠠᠨ ᠪᠠᠶᠢᠳᠠᠯ ᠢ ᠣᠶᠢᠯᠠᠭᠠᠬᠤ ᠬᠦᠰᠦᠨᠦᠭᠲᠦ ᠪᠠᠷ | ᠲᠥᠷᠥᠯ ᠬᠤᠪᠢᠶᠠᠨ ᠴᠤᠭᠯᠠᠭᠤᠯᠤᠭᠠᠷᠠᠢ᠃ | ① ᠠᠯᠪᠠᠨ ᠵᠢᠷᠤᠮ ᠤᠨ ᠰᠤᠷᠭᠠᠨ ᠬᠥᠮᠦᠵᠢᠯ᠃ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ | ᠪᠠᠶᠢᠭ᠎ᠠ ᠬᠡᠦᠬᠡᠳ ᠤᠨ ᠰᠤᠷᠤᠯᠭ᠎ᠠ ᠠᠯᠳᠠᠵᠤ ᠰᠤᠷᠤᠯᠭ᠎ᠠ ᠪᠠᠨ ᠳᠣᠷᠭᠤᠨ ᠵᠣᠭᠰᠣᠭᠰᠠᠨ ᠡᠰᠡᠬᠦ ᠶᠢ ᠪᠠᠶᠢᠴᠠᠭᠠᠨ | ᠦᠵᠡᠵᠦ᠂ ᠰᠤᠷᠤᠯᠭ᠎ᠠ ᠠᠯᠳᠠᠵᠤ ᠰᠤᠷᠤᠯᠭ᠎ᠠ ᠪᠠᠨ ᠳᠣᠷᠭᠤᠨ ᠵᠣᠭᠰᠣᠭᠰᠠᠨ ᠰᠢᠯᠲᠠᠭᠠᠨ ᠢ ᠣᠶᠢᠯᠠᠭᠠᠵᠤ᠂ | ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠪᠠᠨ ᠪᠠᠲᠤᠯᠠᠬᠤ ᠡᠬᠡ ᠲᠠᠩᠰᠠ ᠶᠢᠨ | ᠬᠠᠮᠢᠶᠠᠷᠤᠯᠲᠠ ᠳᠤ ᠣᠷᠣᠭᠤᠯᠤᠭᠰᠠᠨ ᠡᠰᠡᠬᠦ ᠶᠢ ᠣᠶᠢᠯᠠᠭᠠᠬᠤ ᠬᠡᠷᠡᠭᠲᠡᠢ᠃ | ② ᠦᠨᠳᠦᠰᠦᠨ ᠡᠮᠴᠢᠯᠡᠭᠡ᠃ᠡᠷᠦᠬᠡ ᠶᠢᠨ ᠳᠣᠲᠣᠷᠠᠬᠢ ᠬᠥᠮᠥᠰ ᠤᠨ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠳᠤ ᠣᠷᠣᠯᠴᠠᠭᠰᠠᠨ | ᠪᠠᠶᠢᠳᠠᠯ ᠢ ᠪᠠᠶᠢᠴᠠᠭᠠᠵᠤ᠂ ᠳᠠᠭᠠᠳᠬᠠᠯ ᠳᠤ ᠣᠷᠣᠯᠴᠠᠭᠰᠠᠨ ᠦᠭᠡᠢ ᠰᠢᠯᠲᠠᠭᠠᠨ᠂ ᠡᠪᠡᠳᠴᠢᠲᠡᠨ ᠤ ᠵᠠᠶᠢᠯᠠᠰᠢ ᠦᠭᠡᠢ | ᠵᠠᠷᠤᠯᠭ᠎ᠠ ᠶᠢᠨ ᠪᠠᠶᠢᠳᠠᠯ ᠢ ᠣᠶᠢᠯᠠᠭᠠᠨ᠎ᠠ᠃ᠬᠢᠨᠠᠨ ᠬᠡᠮᠵᠢᠭᠳᠡᠬᠦ ᠡᠲᠡᠭᠡᠳ ᠨᠢ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ | ᠬᠦᠷᠲᠡᠵᠦ ᠪᠠᠶᠢᠬᠤ ᠡᠰᠡᠬᠦ᠂ ᠡᠪᠡᠳᠴᠢᠨ ᠠᠴᠠ ᠪᠣᠯᠵᠤ ᠳᠠᠬᠢᠨ ᠶᠠᠳᠠᠭᠤᠷᠠᠬᠤ ᠲᠦᠭᠰᠢᠭᠦᠷᠢ ᠲᠠᠢ ᠪᠣᠯᠤᠭᠰᠠᠨ ᠬᠢᠨᠠᠨ | ᠬᠡᠮᠵᠢᠭᠳᠡᠬᠦ ᠡᠲᠡᠭᠡᠳ ᠨᠢ ᠵᠣᠬᠢᠴᠠᠩᠭᠤᠢ ᠡᠷᠡᠭᠦᠯ ᠮᠡᠨᠳᠦ ᠶᠢᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ | ᠬᠦᠷᠲᠡᠵᠦ ᠪᠠᠶᠢᠬᠤ ᠡᠰᠡᠬᠦ᠃ | ③ ᠣᠷᠣᠨ ᠰᠠᠭᠤᠴᠠ ᠶᠢᠨ ᠠᠮᠤᠷ ᠲᠦᠪᠰᠢᠨ᠃ᠭᠡᠷ ᠳᠣᠲᠣᠷᠠᠬᠢ ᠣᠷᠣᠨ ᠰᠠᠭᠤᠴᠠ ᠶᠢᠨ ᠪᠠᠶᠢᠳᠠᠯ ᠢ ᠪᠥᠬᠦ | ᠲᠠᠯ᠎ᠠ ᠪᠠᠷ ᠵᠢᠭᠰᠠᠭᠠᠨ ᠪᠠᠶᠢᠴᠠᠭᠠᠵᠤ᠂ ᠨᠤᠷᠠᠬᠤ ᠠᠶᠤᠯᠲᠠᠢ ᠭᠡᠷ ᠪᠠᠶᠢᠰᠢᠩ ᠪᠠᠶᠢᠬᠤ ᠡᠰᠡᠬᠦ᠂ ᠠᠮᠤᠷ ᠲᠦᠪᠰᠢᠨ ᠤ | ᠳᠠᠯᠳᠠ ᠬᠡᠮ ᠣᠷᠣᠰᠢᠵᠤ ᠪᠠᠶᠢᠬᠤ ᠡᠰᠡᠬᠦ᠂ ᠬᠡᠷᠪᠡ ᠨᠢᠭᠡᠨᠲᠡ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠬᠢᠨᠠᠨ ᠲᠣᠭᠲᠠᠭᠠᠯᠲᠠ ᠣᠷᠣᠰᠢᠵᠤ ᠪᠠᠶᠢᠬᠤ ᠡᠰᠡᠬᠦ᠂ ᠬᠡᠷᠪᠡ | ᠨᠤᠷᠠᠬᠤ ᠠᠶᠤᠯᠲᠠᠢ ᠭᠡᠷ ᠪᠠᠶᠢᠰᠢᠩ ᠪᠠᠶᠢᠪᠠᠯ᠂ ᠲᠤᠬᠠᠢ ᠶᠢᠨ ᠵᠢᠯ ᠤᠨ ᠠᠶᠤᠯ ᠲᠦᠭᠰᠢᠭᠦᠷᠢ ᠶᠢᠨ | ᠥᠭᠡᠷᠡᠴᠢᠯᠡᠯᠲᠡ ᠶᠢᠨ ᠲᠥᠯᠥᠪᠯᠡᠭᠡ ᠳᠤ ᠣᠷᠣᠭᠤᠯᠤᠭᠰᠠᠨ ᠡᠰᠡᠬᠦ᠂ ᠬᠡᠷᠪᠡ ᠠᠶᠤᠯ ᠲᠦᠭᠰᠢᠭᠦᠷᠢ ᠶᠢᠨ | ᠥᠭᠡᠷᠡᠴᠢᠯᠡᠯᠲᠡ ᠶᠢ ᠨᠢᠭᠡᠨᠲᠡ ᠪᠡᠶᠡᠯᠡᠭᠦᠯᠦᠭᠰᠡᠨ᠂ ᠠᠶᠤᠯ ᠲᠦᠭᠰᠢᠭᠦᠷᠢ ᠶᠢᠨ ᠥᠭᠡᠷᠡᠴᠢᠯᠡᠯᠲᠡ ᠶᠢᠨ ᠨᠥᠬᠦᠪᠦᠷᠢ ᠪᠡᠯᠡ | ᠮᠥᠩᠭᠦ ᠶᠢ ᠪᠣᠳᠠᠲᠠᠶᠢᠵᠢᠭᠤᠯᠤᠭᠰᠠᠨ ᠡᠰᠡᠬᠦ ᠵᠡᠷᠭᠡ ᠪᠣᠯᠣᠨ᠎ᠠ᠃ | ④ ᠤᠰᠤ ᠤᠮᠳᠠ ᠶᠢᠨ ᠠᠮᠤᠷ ᠲᠦᠪᠰᠢᠨ᠃ᠤᠰᠤᠨ ᠤ ᠴᠢᠨᠠᠷ ᠨᠢ ᠪᠠᠷᠢᠮᠵᠢᠶ᠎ᠠ ᠳᠤ ᠬᠦᠷᠦᠭᠰᠡᠨ ᠡᠰᠡᠬᠦ᠂ | ᠤᠰᠤᠨ ᠤ ᠬᠡᠮᠵᠢᠶ᠎ᠡ ᠨᠢ ᠦᠨᠳᠦᠰᠦᠨ ᠠᠮᠢᠳᠤᠷᠠᠯ ᠤᠨ ᠬᠡᠷᠡᠭᠯᠡᠭᠡᠨ ᠳᠤ ᠬᠦᠷᠦᠭᠰᠡᠨ ᠡᠰᠡᠬᠦ᠂ ᠤᠰᠤ ᠲᠠᠲᠠᠬᠤ ᠳᠤ | ᠲᠥᠬᠦᠮ ᠪᠠᠶᠢᠬᠤ ᠬᠡᠮᠵᠢᠶ᠎ᠡ ᠪᠠ ᠵᠢᠯ ᠤᠨ ᠤᠰᠤ ᠬᠠᠩᠭᠠᠬᠤ ᠶᠢ ᠪᠠᠲᠤᠯᠠᠬᠤ ᠨᠣᠷᠮ᠎ᠠ ᠨᠢ ᠪᠠᠷᠢᠮᠵᠢᠶ᠎ᠠ ᠳᠤ ᠬᠦᠷᠦᠭᠰᠡᠨ | ᠡᠰᠡᠬᠦ᠂ ᠤᠰᠤ ᠴᠡᠪᠡᠷᠰᠢᠭᠦᠯᠬᠦ ᠲᠥᠬᠦᠭᠡᠷᠦᠮᠵᠢ ᠨᠢ ᠰᠤᠯᠠ ᠪᠠᠶᠢᠬᠤ ᠡᠰᠡᠬᠦ ᠵᠡᠷᠭᠡ ᠶᠢ ᠪᠠᠭᠲᠠᠭᠠᠭᠰᠠᠨ ᠤᠤᠭᠤᠬᠤ | ᠤᠰᠤᠨ ᠤ ᠠᠮᠤᠷ ᠲᠦᠪᠰᠢᠨ ᠤ ᠠᠰᠠᠭᠤᠳᠠᠯ ᠮᠥᠨ ᠣᠷᠣᠰᠢᠵᠤ ᠪᠠᠶᠢᠬᠤ ᠡᠰᠡᠬᠦ ᠶᠢ ᠲᠡᠮᠲᠡᠷᠢᠬᠦ ᠬᠡᠷᠡᠭᠲᠡᠢ᠃ | ᠣᠷᠣᠯᠭ᠎ᠠ ᠵᠢᠴᠢ ᠬᠠᠲᠠᠭᠤ ᠵᠠᠷᠤᠯᠭ᠎ᠠ ᠶᠢᠨ ᠪᠠᠶᠢᠳᠠᠯ᠄ | ᠦᠢᠯᠡᠳᠪᠦᠷᠢᠯᠡᠯ ᠡᠵᠡᠩᠨᠡᠯᠲᠡ ᠶᠢᠨ ᠴᠢᠨᠠᠷᠲᠠᠢ ᠣᠷᠣᠯᠭ᠎ᠠ᠂ ᠴᠠᠯᠢᠩ ᠤᠨ ᠴᠢᠨᠠᠷᠲᠠᠢ ︵ᠠᠵᠢᠯ ᠬᠥᠳᠡᠯᠮᠦᠷᠢ | ᠬᠢᠭᠰᠡᠨ︶ ᠣᠷᠣᠯᠭ᠎ᠠ᠂ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ᠂ ᠰᠢᠯᠵᠢᠯᠲᠡ ᠶᠢᠨ ᠴᠢᠨᠠᠷᠲᠠᠢ ᠣᠷᠣᠯᠭ᠎ᠠ᠂ | ᠦᠢᠯᠡᠳᠪᠦᠷᠢᠯᠡᠯ ᠡᠵᠡᠩᠨᠡᠯᠲᠡ ᠶᠢᠨ ᠴᠢᠨᠠᠷᠲᠠᠢ ᠵᠠᠷᠤᠯᠭ᠎ᠠ᠂ ᠭᠡᠷ ᠪᠦᠯᠢ ᠶᠢᠨ ᠬᠥᠮᠥᠨ ᠪᠦᠷᠢ ᠶᠢᠨ ᠳᠤᠮᠳᠠᠴᠢ ᠴᠡᠪᠡᠷ | ᠣᠷᠣᠯᠭ᠎ᠠ ᠵᠢᠴᠢ ᠡᠪᠡᠳᠴᠢᠨ ᠠᠴᠠ ᠪᠣᠯᠤᠭᠰᠠᠨ᠂ ᠰᠤᠷᠤᠯᠭ᠎ᠠ ᠠᠴᠠ ᠪᠣᠯᠤᠭᠰᠠᠨ᠂ ᠭᠠᠮᠰᠢᠭ ᠠᠴᠠ ᠪᠣᠯᠤᠭᠰᠠᠨ ᠵᠡᠷᠭᠡ | ᠵᠠᠶᠢᠯᠠᠰᠢ ᠦᠭᠡᠢ ᠵᠠᠷᠤᠯᠭ᠎ᠠ ᠶᠢᠨ ᠪᠠᠶᠢᠳᠠᠯ ᠳᠤ ᠭᠤᠣᠯᠳᠠᠯᠭ᠎ᠠ ᠲᠠᠢ ᠪᠠᠷ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠨ᠎ᠡ᠃ | ᠳᠥᠭᠦᠮᠬᠡᠨ ᠢᠶᠠᠷ ᠬᠥᠮᠥᠨ ᠪᠦᠷᠢ ᠶᠢᠨ ᠳᠤᠮᠳᠠᠴᠢ ᠴᠡᠪᠡᠷ ᠣᠷᠣᠯᠭ᠎ᠠ ᠪᠠᠷ ᠰᠤᠳᠤᠯᠤᠨ ᠮᠠᠭᠠᠳᠯᠠᠬᠤ ᠶᠢ ᠬᠢᠨᠠᠨ | ᠰᠢᠯᠭᠠᠬᠤ ᠬᠡᠪᠴᠢᠶᠡᠨ ᠳᠤ ᠣᠷᠣᠭᠤᠯᠬᠤ ᠡᠰᠡᠬᠦ ᠶᠢ ᠲᠠᠰᠤ ᠵᠣᠭᠰᠣᠭᠠᠵᠤ᠂ ᠰᠤᠳᠤᠯᠤᠨ ᠮᠠᠭᠠᠳᠯᠠᠬᠤ ᠳᠠᠭᠠᠨ ᠭᠡᠷ | ᠪᠦᠯᠢ ᠶᠢᠨ ᠪᠣᠳᠠᠲᠠᠢ ᠪᠠᠶᠢᠳᠠᠯ ᠵᠢᠴᠢ ᠡᠪᠡᠳᠴᠢᠨ ᠡᠮᠭᠡᠭ᠂ ᠭᠠᠮᠰᠢᠭ᠂ ᠰᠤᠷᠭᠠᠭᠤᠯᠢ᠂ ᠣᠷᠣᠨ ᠰᠠᠭᠤᠴᠠ᠂ ᠤᠰᠤ | ᠤᠮᠳᠠ ᠶᠢᠨ ᠠᠮᠤᠷ ᠲᠦᠪᠰᠢᠨ ᠵᠡᠷᠭᠡ ᠰᠢᠯᠲᠠᠭᠠᠨ ᠠᠴᠠ ᠪᠣᠯᠵᠤ ᠵᠠᠶᠢᠯᠠᠰᠢ ᠦᠭᠡᠢ ᠵᠠᠷᠤᠯᠭ᠎ᠠ ᠠᠴᠠ ᠪᠣᠯᠵᠤ ᠲᠣᠰ | ᠡᠷᠦᠬᠡ ᠳᠤ ᠠᠪᠴᠢᠷᠠᠵᠤ ᠥᠭᠬᠦ ᠳᠠᠯᠳᠠ ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠬᠤ ᠲᠦᠭᠰᠢᠭᠦᠷᠢ ᠶᠢ | ᠪᠣᠳᠣᠯᠬᠢᠯᠠᠵᠤ᠂ ᠣᠷᠣᠭᠤᠯᠬᠤ ᠨᠥᠬᠦᠴᠡᠯ ᠳᠤ ᠨᠡᠶᠢᠴᠡᠭᠰᠡᠨ ᠢ ᠨᠢ ᠴᠠᠭ ᠲᠤᠬᠠᠢ ᠳᠤᠨᠢ ᠣᠷᠣᠭᠤᠯᠵᠤ᠂ ᠪᠡᠶ᠎ᠡ ᠶᠢᠨ | ᠭᠠᠳᠠᠨᠠᠬᠢ ᠡᠷᠭᠢᠯᠲᠡ ᠶᠢᠨ ᠦᠵᠡᠭᠳᠡᠯ ᠣᠷᠣᠰᠢᠬᠤ ᠶᠢ ᠲᠠᠰᠤ ᠵᠣᠭᠰᠤᠭᠠᠬᠤ ᠬᠡᠷᠡᠭᠲᠡᠢ᠃ᠣᠷᠣᠯᠭ᠎ᠠ᠂ ᠵᠠᠶᠢᠯᠠᠰᠢ ᠦᠭᠡᠢ | ᠵᠠᠷᠤᠯᠭ᠎ᠠ ᠶᠢ ᠡᠩ ᠤᠨ ᠪᠠᠶᠢᠳᠠᠯ ᠳᠤ ᠶᠡᠭᠡ ᠲᠥᠯᠥᠪ ᠲᠦᠷᠦᠭᠦᠸ ᠨᠢᠭᠡ ᠵᠢᠯ ᠢᠶᠠᠷ ᠲᠥᠰᠥᠭᠡᠯᠡᠨ ᠪᠤᠳᠤᠨ᠎ᠠ᠂ ᠪᠣᠳᠠᠲᠠᠢ | ᠲᠥᠰᠥᠭᠡᠯᠡᠨ ᠪᠤᠳᠤᠬᠤ ᠦᠶᠡᠯᠡᠯ ᠤᠨ ᠬᠤᠭᠤᠴᠠᠭᠠᠨ ᠳᠤ ᠠᠰᠲᠠᠭᠠᠨ ᠱᠠᠭᠠᠷᠳᠠᠯᠭ᠎ᠠ ᠲᠠᠢ ᠪᠣᠯ ᠱᠠᠭᠠᠷᠳᠠᠯᠭ᠎ᠠ | ᠶᠣᠰᠣᠭᠠᠷ ᠬᠡᠷᠡᠭᠵᠢᠭᠦᠯᠦᠨ᠎ᠡ᠃ | ᠠᠵᠢᠯ ᠬᠥᠳᠡᠯᠮᠦᠷᠢ ᠠᠵᠢᠯ ᠣᠯᠭᠤᠯᠲᠠ ᠶᠢᠨ ᠲᠠᠯ᠎ᠠ ᠪᠠᠷ᠄ | ᠠᠵᠢᠯ ᠬᠥᠳᠡᠯᠮᠦᠷᠢ ᠬᠢᠵᠦ ᠠᠵᠢᠯ ᠣᠯᠣᠭᠰᠠᠨ ᠪᠠᠶᠢᠳᠠᠯ᠂ ᠠᠵᠢᠯ ᠬᠥᠳᠡᠯᠮᠦᠷᠢ ᠬᠢᠵᠦ ᠪᠠᠶᠢᠭ᠎ᠠ ᠭᠠᠵᠠᠷ ᠤᠨ | ᠮᠡᠳᠡᠭᠡ ᠵᠠᠩᠭᠢ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠳᠤ ᠣᠷᠣᠯᠴᠠᠭᠰᠠᠨ ᠮᠡᠳᠡᠭᠡ ᠵᠠᠩᠭᠢ᠂ ᠠᠵᠢᠯ | ᠬᠥᠳᠡᠯᠮᠦᠷᠢ ᠬᠢᠵᠦ ᠠᠵᠢᠯ ᠣᠯᠣᠭᠰᠠᠨ ᠣᠷᠣᠯᠭ᠎ᠠ ᠲᠣᠭᠲᠠᠪᠤᠷᠢᠲᠠᠢ ᠪᠠᠶᠢᠬᠤ ᠡᠰᠡᠬᠦ ᠵᠡᠷᠭᠡ ᠪᠠᠶᠢᠳᠠᠯ ᠢ ᠪᠥᠬᠦ | ᠲᠠᠯ᠎ᠠ ᠪᠠᠷ ᠣᠶᠢᠯᠠᠭᠠᠨ᠎ᠠ᠃ | ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠪᠡᠶ᠎ᠡ ᠪᠠᠨ ᠳᠠᠭᠠᠭᠠᠵᠤ ᠮᠡᠳᠡᠭᠦᠯᠬᠦ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ᠄ | ᠪᠠᠯᠭᠠᠰᠤ ᠲᠣᠰᠬᠤᠨ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠪᠡᠶ᠎ᠡ ᠪᠠᠨ ᠳᠠᠭᠠᠭᠠᠵᠤ | ᠭᠤᠶᠤᠴᠢᠯᠠᠨ ᠮᠡᠳᠡᠭᠦᠯᠬᠦ ᠤᠬᠠᠭᠤᠯᠭ᠎ᠠ ᠶᠢ ᠴᠢᠩᠭᠠᠳᠬᠠᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ | ᠬᠡᠮᠵᠢᠯᠲᠡ ᠶᠢᠨ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢ | ᠥᠷᠭᠡᠨ ᠢᠶᠠᠷ ᠥᠷᠨᠢᠭᠦᠯᠵᠦ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ︽12317︾ ᠪᠦᠬᠦ | ᠤᠯᠤᠰ ᠤᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠬᠠᠯᠠᠮᠰᠢᠯ ᠤᠲᠠᠰᠤ ᠪᠠᠷ ᠳᠠᠮᠵᠢᠭᠤᠯᠬᠤ | ᠪᠤᠶᠤ ᠰᠢᠭᠤᠳ ᠲᠣᠰᠬᠤᠨ ᠤ ᠨᠠᠮ ᠤᠨ ᠬᠤᠷᠢᠶ᠎ᠠ ᠳᠤ ᠬᠦᠷᠴᠦ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠵᠦ᠂ | ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠢᠯᠭᠠᠨ ᠲᠠᠨᠢᠬᠤ ᠲᠦᠷᠦ ᠶᠢᠨ ᠪᠣᠳᠣᠯᠭ᠎ᠠ ᠶᠢ | ᠣᠶᠢᠯᠠᠭᠠᠬᠤ ᠨᠤᠷᠮ᠎ᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ︵ᠢᠯᠭᠠᠨ ᠲᠠᠨᠢᠬᠤ ᠲᠦᠷᠦ ᠶᠢᠨ ᠪᠣᠳᠣᠯᠭ᠎ᠠ ᠶᠢ | ᠣᠶᠢᠯᠠᠭᠠᠬᠤ ᠨᠤᠷᠮ᠎ᠠ ᠪᠣᠯ ᠡᠯ᠎ᠡ ᠱᠠᠲᠤᠨ ᠤ ᠬᠢᠨᠠᠨ ᠰᠢᠯᠭᠠᠵᠤ ᠦᠨᠡᠯᠡᠬᠦ᠂ ᠱᠠᠯᠠᠪᠳᠠᠭᠤᠯᠤᠨ ᠪᠠᠶᠢᠴᠠᠭᠠᠵᠤ ᠳᠠᠯᠳᠠᠭᠤᠷ | ᠰᠤᠷᠪᠤᠯᠵᠢᠯᠠᠬᠤ ᠴᠢᠬᠤᠯᠠ ᠭᠦᠢᠴᠡᠳᠬᠡᠯ ᠲᠤᠭ᠎ᠠ ᠪᠣᠯᠣᠨ᠎ᠠ︶᠃ᠡᠭᠦᠨ ᠤ ᠬᠠᠮᠲᠤ᠂ ᠶᠠᠳᠠᠭᠤ ᠠᠴᠠ ᠠᠩᠭᠢᠵᠢᠷᠠᠭᠰᠠᠨ | ᠡᠷᠦᠬᠡ᠂ ᠲᠠᠬᠢᠨ ᠶᠠᠳᠠᠭᠤᠷᠠᠬᠤ ᠠᠴᠠ ᠪᠣᠯᠵᠤ ᠶᠠᠳᠠᠭᠤ ᠬᠦᠴᠢᠷᠳᠡᠯᠲᠡᠢ ᠡᠷᠦᠬᠡ ᠶᠢᠨ ᠳᠣᠲᠣᠷ᠎ᠠ ᠬᠦᠨᠳᠦ ᠡᠪᠡᠳᠴᠢᠨ᠂ | ᠭᠡᠨᠡᠳᠲᠡ ᠶᠢᠨ ᠠᠳᠡᠯ ᠵᠡᠷᠭᠡ ᠡᠯ᠎ᠡ ᠵᠦᠢᠯ ᠤᠨ ᠬᠤᠪᠢᠷᠠᠯᠲᠠ᠂ ᠬᠦᠴᠢᠷᠳᠡᠯ ᠪᠠ ᠬᠡᠷᠡᠭᠴᠡᠭᠡ ᠵᠡᠷᠭᠡ ᠶᠢ ᠲᠡᠷᠡ ᠳᠠᠷᠤᠢ | ᠳᠤᠨᠢ ᠲᠣᠰᠬᠤᠨ᠂ ᠪᠠᠯᠭᠠᠰᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠲᠤ ᠮᠡᠳᠡᠭᠦᠯᠬᠦ | ᠬᠤᠣᠰ ᠴᠢᠭᠯᠡᠯ ᠢᠶᠠᠷ ᠬᠠᠷᠢᠯᠴᠠᠬᠤ ᠲᠣᠭᠲᠠᠴᠠ ᠶᠢ ᠪᠠᠶᠢᠭᠤᠯᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ | 9. ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ ᠶᠢ ᠢᠯᠭᠠᠨ ᠲᠠᠨᠢᠬᠤ ᠴᠤᠪᠤᠷᠠᠯ ︵ᠰᠠᠭᠠᠳ ᠦᠭᠡᠢ | ᠨᠡᠪᠲᠡᠷᠡᠬᠦ ᠵᠠᠮ ᠪᠠᠭᠲᠠᠨ᠎ᠠ︶ | ᠮᠠᠭᠠᠳᠯᠠᠨ ᠲᠣᠭᠲᠠᠭᠠᠬᠤ ᠠᠵᠢᠯ ᠳᠤ ᠲᠥᠬᠦᠮ ᠮᠥᠷᠲᠡᠭᠡᠨ ᠲᠥᠬᠦᠮ᠂ ᠢᠯᠡ ᠪᠥᠭᠡᠳ ᠲᠥᠪ ᠭᠤᠥᠯᠴᠢ | ᠪᠠᠶᠢᠬᠤ ᠶᠢ ᠪᠠᠷᠢᠮᠲᠠᠯᠠᠨ᠂ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ᠂ ᠺᠠᠳ᠋ᠷ ᠢ ᠵᠢᠭᠰᠠᠭᠠᠨ ᠪᠠᠶᠢᠴᠠᠭᠠᠬᠤ᠂ | ᠰᠠᠯᠠᠭ᠎ᠠ ᠮᠥᠴᠢᠷ ᠤᠨ ᠤᠷᠢᠳᠴᠢᠯᠠᠨ ᠰᠡᠷᠡᠮᠵᠢᠯᠡᠭᠦᠯᠬᠦ ᠳᠤ ᠲᠦᠭᠰᠢᠭᠦᠷᠢ ᠶᠢᠨ ᠰᠦᠪᠡᠭᠴᠢ ᠶᠢ ᠢᠯᠡᠷᠡᠭᠦᠯᠦᠭᠰᠡᠨ | ᠡᠳᠦᠷ ᠠᠴᠠ ᠡᠬᠢᠯᠡᠨ᠂ ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ ᠶᠢ ᠢᠯᠭᠠᠨ ᠲᠠᠨᠢᠵᠤ | ᠮᠠᠭᠠᠳᠯᠠᠨ ᠲᠣᠭᠲᠠᠭᠠᠬᠤ ᠶᠢ ᠪᠡᠶᠡᠯᠡᠭᠦᠯᠬᠦ ᠬᠦᠷᠲᠡᠯ᠎ᠡ᠂ ᠡᠩ ᠤᠨ ᠪᠠᠶᠢᠳᠠᠯ ᠳᠤ 15 ᠡᠳᠦᠷ ᠠᠴᠠ ᠬᠡᠲᠦᠷᠡᠭᠦᠯᠵᠦ | ᠪᠣᠯᠬᠤ ᠦᠭᠡᠢ ︵ᠲᠣᠰᠬᠤᠨ ᠤ ᠱᠠᠲᠤᠨ ᠤ ᠢᠯᠡ ᠨᠡᠶᠢᠲᠡᠯᠡᠬᠦ ᠳᠤ 5 ᠡᠳᠦᠷ ᠠᠴᠠ ᠳᠤᠲᠠᠭᠤ ᠪᠠᠶᠢᠵᠤ ᠪᠣᠯᠬᠤ ᠦᠭᠡᠢ | ︶ ᠠᠴᠠ ᠬᠡᠲᠦᠷᠡᠭᠦᠯᠬᠦ ᠦᠭᠡᠢ᠃ᠰᠠᠭᠠᠳ ᠦᠭᠡᠢ ᠨᠡᠪᠲᠡᠷᠡᠬᠦ ᠵᠠᠮ ᠠᠴᠠ ᠭᠠᠳᠠᠨ᠎ᠠ᠂ ᠡᠩ ᠤᠨ ᠳᠡᠰ ᠳᠠᠷᠠᠭᠠᠯᠠᠯ ᠨᠢ | ᠺᠠᠳ᠋ᠷ ᠢ ᠵᠢᠭᠰᠠᠭᠠᠨ ᠪᠠᠶᠢᠴᠠᠭᠠᠬᠤ ᠵᠡᠷᠭᠡ ᠡᠯ᠎ᠡ ᠵᠦᠢᠯ ᠤᠨ ᠠᠷᠭ᠎ᠠ ᠵᠠᠮ ᠢᠶᠠᠷ ᠠᠶᠤᠯ ᠲᠦᠭᠰᠢᠭᠦᠷᠢ ᠶᠢ ᠢᠯᠡᠷᠡᠭᠦᠯᠵᠦ | ᠮᠡᠳᠡᠭᠡ ᠵᠠᠩᠭᠢ ᠴᠤᠭᠯᠠᠭᠤᠯᠬᠤ ︵ᠳᠡᠭᠡᠷ᠎ᠡ ᠠᠯᠬᠤᠮ ᠲᠠᠢ ᠵᠡᠷᠭᠡᠪᠡᠷ ᠶᠠᠪᠤᠭᠳᠠᠭᠤᠯᠵᠤ ᠪᠣᠯᠣᠨ᠎ᠠ︶ ᠲᠣᠰᠬᠤᠨ ᠤ | ᠱᠠᠲᠤᠨ ᠤ ᠠᠷᠠᠳᠴᠢᠯᠠᠯ ᠢᠶᠠᠷ ᠦᠨᠡᠯᠡᠬᠦ ᠲᠣᠰᠬᠤᠨ ᠤ ᠱᠠᠲᠤᠨ ᠤ ᠢᠯᠡ ᠨᠡᠶᠢᠲᠡᠯᠡᠬᠦ ︵5 ᠡᠳᠦᠷ︶ ᠪᠠᠯᠭᠠᠰᠤ᠂ | ᠲᠣᠭᠤᠷᠢᠭ ᠤᠨ ᠬᠢᠨᠠᠨ ᠵᠥᠪᠰᠢᠶᠡᠷᠡᠵᠦ ᠣᠷᠣᠭᠤᠯᠬᠤ ᠰᠢᠰᠲ᠋ᠧᠮ ᠢ ᠢᠯᠡᠷᠡᠭᠦᠯᠦᠨ᠎ᠡ᠃ ᠳᠡᠭᠡᠷ᠎ᠡ ᠳᠤᠷᠠᠳᠤᠭᠰᠠᠨ ᠳᠡᠰ | ᠳᠠᠷᠠᠭ᠎ᠠ ᠶᠢ ᠶᠠᠪᠤᠭᠳᠠᠭᠤᠯᠬᠤ ᠶᠢᠨ ᠬᠠᠮᠲᠤ ᠢᠯᠭᠠᠨ ᠲᠠᠨᠢᠬᠤ ᠡᠷᠦᠬᠡ ᠶᠢᠨ ᠡᠷᠬᠡ ᠣᠯᠭᠤᠯᠲᠠ ᠪᠠᠷ ᠭᠡᠷ ᠪᠦᠯᠢ ᠶᠢᠨ | ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠶᠢ ᠠᠩᠬᠠᠷᠴᠤ᠂ ᠡᠩ ᠤᠨ ᠪᠠᠶᠢᠳᠠᠯ ᠳᠤ ᠢᠯᠭᠠᠨ ᠲᠠᠨᠢᠬᠤ ᠳᠤ | ᠬᠢᠯᠪᠠᠷ ᠶᠠᠳᠠᠭᠤᠷᠠᠯ ᠠᠴᠠ ᠪᠣᠯᠵᠤ ᠶᠠᠳᠠᠭᠤᠷᠠᠭᠰᠠᠨ ᠡᠷᠦᠬᠡ ᠭᠡᠵᠦ ᠠᠩᠬ᠎ᠠ ᠠᠯᠬᠤᠮ ᠲᠣᠭᠲᠠᠭᠠᠬᠤ ᠦᠶ᠎ᠡ ᠳᠤ | ᠢᠯᠭᠠᠨ ᠲᠠᠨᠢᠬᠤ ᠳᠤ ᠬᠥᠷᠦᠭᠰᠡᠨ ᠡᠷᠦᠬᠡ ᠡᠷᠬᠡ ᠣᠯᠭᠤᠬᠤ ᠠᠮᠠᠯᠠᠯᠲᠠ ᠶᠢᠨ ᠪᠢᠴᠢᠭ ᠲᠤ ᠭᠠᠷ ᠤᠨ ᠥᠰᠥᠭ | ᠵᠢᠷᠤᠨ᠎ᠠ ︵ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠤᠶᠤᠴᠢᠯᠠᠬᠤ ᠦᠶ᠎ᠡ ᠶᠢᠨ ᠭᠡᠷ ᠪᠦᠯᠢ ᠶᠢᠨ ᠠᠵᠤ | ᠠᠬᠤᠢ ᠶᠢᠨ ᠪᠠᠶᠢᠳᠠᠯ ᠢ ᠬᠠᠷᠭᠤᠭᠤᠯᠤᠭᠰᠠᠨ ᠮᠠᠲ᠋ᠧᠷᠢᠶᠠᠯ ᠤᠨ ᠱᠠᠭᠠᠷᠳᠠᠯᠭ᠎ᠠ ᠲᠠᠢ ᠨᠢᠭᠡᠳᠦᠯᠲᠡᠢ᠂ ᠭᠡᠪᠡᠴᠦ | ᠭᠤᠶᠤᠴᠢᠯᠠᠬᠤ ᠳᠤ ᠬᠢᠯᠪᠠᠷ ᠶᠠᠳᠠᠭᠤᠷᠠᠯ ᠠᠴᠠ ᠪᠣᠯᠵᠤ ᠶᠠᠳᠠᠭᠤᠷᠠᠭᠰᠠᠨ ᠡᠷᠦᠬᠡ ᠶᠢ ᠪᠠᠯᠭᠠᠰᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠯᠪᠠᠨ ᠭᠡᠷ ᠲᠤ ᠲᠤᠰᠢᠶᠠᠵᠤ᠂ ᠣᠶᠢᠷ᠎ᠠ ᠶᠢᠨ ᠬᠤᠭᠤᠴᠠᠭᠠᠨ ᠳᠤ ᠬᠠᠷᠭᠤᠭᠤᠯᠵᠤ | ᠥᠩᠭᠡᠷᠡᠭᠰᠡᠨ ᠪᠣᠯ ᠬᠠᠷᠭᠤᠭᠤᠯᠵᠤ ᠪᠣᠯᠬᠤ ᠦᠭᠡᠢ︶᠃ ᠡᠭᠦᠨ ᠤ ᠬᠠᠮᠲᠤ ᠴᠠᠭ ᠲᠤᠬᠠᠢ ᠳᠤᠨᠢ ᠳᠡᠭᠡᠭᠰᠢ ᠮᠡᠳᠡᠭᠦᠯᠵᠦ | ᠂ ᠲᠣᠭᠤᠷᠢᠭ ᠪᠠᠯᠭᠠᠰᠤ ᠨᠢ ᠲᠣᠰᠬᠤᠨ ᠤ ᠱᠠᠲᠤᠨ ᠤ ᠢᠯᠡ ᠨᠡᠶᠢᠲᠡᠯᠡᠬᠦ ᠠᠵᠢᠯ ᠳᠠᠭᠤᠰᠬᠤ ᠠᠴᠠ ᠡᠮᠦᠨ᠎ᠡ | ᠬᠠᠷᠭᠤᠭᠤᠯᠵᠤ ᠳᠠᠭᠤᠰᠬᠠᠬᠤ ᠶᠢᠨ ᠬᠠᠮᠲᠤ᠂ ᠰᠢᠰᠲ᠋ᠧᠮ ᠳᠤ ᠣᠷᠣᠭᠤᠯᠤᠭᠰᠠᠨ ᠤ ᠳᠠᠷᠠᠭ᠎ᠠ ᠠᠯᠪᠠᠨ ᠵᠠᠷ ᠨᠡᠶᠢᠲᠡᠯᠡᠨ᠎ᠡ | ︵ᠠᠯᠪᠠᠨ ᠵᠠᠷ ᠨᠡᠶᠢᠲᠡᠯᠡᠬᠦ ᠠᠴᠠ ᠡᠮᠦᠨ᠎ᠡ ᠨᠢᠭᠡᠨᠲᠡ ᠢᠯᠭᠠᠨ ᠲᠠᠨᠢᠵᠤ ᠳᠠᠭᠤᠰᠬᠠᠪᠠ︶᠃ | ᠰᠠᠭᠠᠳ ᠦᠭᠡᠢ ᠨᠡᠪᠲᠡᠷᠡᠬᠦ ᠵᠠᠮ᠄ ᠭᠡᠨᠡᠳᠲᠡ ᠶᠢᠨ ᠬᠦᠨᠳᠦ ᠡᠪᠡᠳᠴᠢᠨ᠂ ᠰᠠᠨᠠᠭᠠᠨ ᠳᠤ ᠦᠭᠡᠢ ᠠᠳᠡᠯ ᠵᠡᠷᠭᠡ | ᠡᠯ᠎ᠡ ᠵᠦᠢᠯ ᠤᠨ ᠪᠠᠶᠢᠳᠠᠯ ᠳᠤ ᠲᠣᠬᠢᠶᠠᠯᠳᠤᠭᠰᠠᠨ ᠠᠴᠠ ᠪᠣᠯᠵᠤ ᠳᠠᠬᠢᠨ ᠶᠠᠳᠠᠭᠤᠷᠠᠵᠤ ᠶᠠᠳᠠᠭᠤᠷᠠᠬᠤ ᠠᠶᠤᠯ | ᠲᠦᠭᠰᠢᠭᠦᠷᠢ ᠭᠠᠷᠴᠤ᠂ ᠪᠣᠳᠠᠲᠤ ᠶᠠᠪᠤᠳᠠᠯ ᠨᠢ ᠲᠣᠳᠣᠷᠬᠠᠢ᠂ ᠣᠯᠠᠨ ᠲᠦᠮᠡᠨ ᠤ ᠮᠡᠳᠡᠷᠡᠭᠰᠡᠨ ᠲᠠᠷᠢᠶᠠᠴᠢᠨ ᠡᠷᠦᠬᠡ | ︽ᠰᠠᠭᠠᠳ ᠦᠭᠡᠢ ᠨᠡᠪᠲᠡᠷᠡᠬᠦ ᠵᠠᠮ︾ ︵ᠪᠣᠳᠠᠲᠠᠢ ᠠᠵᠢᠯᠯᠠᠬᠤ ᠳᠠᠭᠠᠨ ᠳ᠋ᠢᠶᠠᠩᠬᠤᠸᠠ ᠵᠡᠷᠭᠡ ᠣᠯᠠᠨ ᠵᠦᠢᠯ ᠤᠨ | ᠬᠡᠯᠪᠡᠷᠢ ᠪᠠᠷ ᠴᠠᠭ ᠲᠤᠬᠠᠢ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠳᠡᠭᠡᠭᠰᠢ ᠮᠡᠳᠡᠭᠦᠯᠬᠦ ᠶᠢ ᠪᠣᠬᠢᠷᠳᠤᠯ ᠦᠭᠡᠢ | ᠨᠡᠪᠲᠡᠷᠡᠬᠦ ᠵᠠᠮ ᠳᠤ ᠣᠷᠣᠭᠤᠯᠬᠤ ᠲᠤᠬᠠᠢ ᠪᠢᠴᠢᠭ ᠤᠨ ᠮᠡᠳᠡᠭᠦᠯᠦᠯᠲᠡ ᠶᠢ ᠱᠠᠲᠤ ᠳᠠᠷᠠᠭᠠᠯᠠᠨ ᠪᠣᠶ ᠪᠣᠯᠭᠠᠨ᠎ᠠ︶ ᠢᠶᠠᠷ | ᠳᠡᠮᠵᠢᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠤᠷᠢᠳᠠᠪᠠᠷ ᠨᠠᠶᠢᠳᠠᠪᠤᠷᠢᠵᠢᠭᠤᠯᠵᠤ᠂ ᠳᠠᠷᠠᠭ᠎ᠠ ᠨᠢ ᠬᠠᠮᠢᠶ᠎ᠠ | ᠪᠦᠬᠦᠢ ᠲᠠᠰ ᠳᠠᠷᠠᠭᠠᠯᠠᠯ ᠢ ᠭᠦᠢᠴᠡᠳᠬᠡᠵᠦ᠂ ᠲᠦᠷᠭᠡᠨ ᠳᠠᠭᠠᠬᠤ ᠲᠣᠭᠲᠠᠴᠠ ᠶᠢ ᠪᠠᠶᠢᠭᠤᠯᠤᠨ᠂ ︽ᠬᠦᠴᠢᠷᠳᠡᠯ | ᠲᠤᠯᠭᠠᠷᠠᠪᠠᠯ ᠳᠠᠷᠤᠢ ᠲᠡᠳᠬᠦᠬᠦ︾ ᠶᠢ ᠪᠡᠶᠡᠯᠡᠭᠦᠯᠵᠦ᠂ ᠴᠠᠭ ᠲᠤᠬᠠᠢ ᠳᠤᠨᠢ ᠬᠠᠪᠰᠤᠷᠤᠨ ᠲᠡᠳᠬᠦᠬᠦ ᠬᠡᠷᠡᠭᠲᠡᠢ᠃ | ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ ᠶᠢ ᠢᠯᠭᠠᠨ ᠲᠠᠨᠢᠬᠤ ᠳᠤ ︽ᠨᠢᠭᠡ ᠯᠡ ᠠᠳᠠᠯᠢ ᠪᠠᠷ | ᠱᠠᠭᠠᠷᠳᠠᠬᠤ︾ ᠦᠭᠡᠢ᠂ ᠪᠣᠳᠠᠲᠠᠢ ᠪᠠᠶᠢᠳᠠᠯ ᠢ ᠪᠣᠳᠠᠲᠠᠢ ᠪᠠᠷ ᠵᠠᠳᠠᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ | ᠦᠨᠡᠨ ᠬᠦ ᠴᠢᠬᠤᠯᠠᠲᠠᠢ ᠲᠥᠷᠥ ᠶᠢᠨ ᠪᠣᠳᠣᠯᠭ᠎ᠠ ᠪᠠᠷ ᠬᠠᠪᠰᠤᠷᠤᠨ ᠲᠡᠳᠬᠦᠬᠦ ᠪᠤᠶᠤ ᠠᠮᠠᠷᠬᠠᠨ ᠶᠠᠳᠠᠭᠤᠷᠠᠬᠤ ᠳᠠᠬᠢᠨ | ᠶᠠᠳᠠᠭᠤᠷᠠᠬᠤ ᠡᠷᠦᠬᠡ ᠶᠢᠨ ᠪᠠᠷᠢᠮᠵᠢᠶ᠎ᠠ ᠶᠢᠨ ᠵᠠᠬ᠎ᠠ ᠬᠢᠵᠠᠭᠠᠷ ᠪᠤᠶᠤ ᠠᠷᠠᠳ ᠤᠨ ᠰᠠᠨᠠᠭ᠎ᠠ ᠶᠢ ᠮᠡᠳᠡᠷᠡᠬᠦ ᠵᠡᠷᠭᠡ | ᠬᠥᠮᠥᠰ ᠲᠤ ᠪᠠᠷᠢᠮᠵᠢᠶ᠎ᠠ ᠶᠢ ᠢᠯᠭᠠᠨ ᠲᠠᠨᠢᠬᠤ ᠶᠢ ᠵᠣᠬᠢᠬᠤ ᠬᠡᠮᠵᠢᠶ᠎ᠡ ᠪᠠᠷ ᠠᠭᠤᠵᠢᠭᠤ ᠲᠠᠯᠪᠢᠵᠤ ᠪᠠᠶᠢᠭᠠᠳ ᠠᠮᠠᠷᠬᠠᠨ | ᠶᠠᠳᠠᠭᠤᠷᠠᠬᠤ ᠳᠠᠬᠢᠨ ᠶᠠᠳᠠᠭᠤᠷᠠᠬᠤ ᠡᠷᠦᠬᠡ ᠳᠤ ᠣᠷᠣᠭᠤᠯᠵᠤ ᠪᠣᠯᠣᠨ᠎ᠠ᠃ | 10. ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤ ᠡᠷᠦᠬᠡ ᠶᠢ ᠬᠠᠪᠰᠤᠷᠤᠨ ᠲᠡᠳᠬᠦᠬᠦ ᠶᠠᠪᠤᠴᠠ | ᠬᠤᠶᠠᠷ ᠪᠠᠯᠭᠠᠰᠤ ᠨᠢ ᠨᠢᠭᠡᠨᠲᠡ ᠬᠢᠨᠠᠨ ᠲᠣᠭᠲᠠᠭᠠᠭᠰᠠᠨ ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ | ᠡᠷᠦᠬᠡ ᠪᠤᠶᠤ ᠰᠠᠭᠠᠳ ᠦᠭᠡᠢ ᠨᠡᠪᠲᠡᠷᠡᠬᠦ ᠵᠠᠮ ᠢᠶᠠᠷ ᠨᠢᠭᠡᠨᠲᠡ ᠲᠣᠭᠲᠠᠭᠠᠭᠰᠠᠨ ᠬᠠᠪᠰᠤᠷᠤᠨ ᠲᠡᠳᠬᠦᠬᠦ | ᠡᠲᠡᠭᠡᠳ ᠲᠤ ᠬᠢᠨᠠᠨ ᠰᠢᠯᠭᠠᠵᠤ ᠬᠠᠪᠰᠤᠷᠤᠨ ᠲᠡᠳᠬᠦᠬᠦ ᠬᠠᠷᠢᠯᠴᠠᠬᠤ ᠬᠥᠮᠥᠨ ᠢ ᠴᠠᠭ ᠲᠤᠬᠠᠢ ᠳᠤᠨᠢ ᠲᠣᠭᠲᠠᠭᠠᠵᠤ᠂ | ᠠᠵᠢᠯ ᠢᠶᠠᠨ ᠥᠷᠨᠢᠭᠦᠯᠬᠦ ᠳᠤ ᠲᠥᠬᠦᠮ ᠪᠣᠯᠭᠠᠬᠤ ᠶᠢᠨ ᠲᠥᠯᠥᠭᠡ᠂ ᠬᠢᠨᠠᠨ ᠰᠢᠯᠭᠠᠵᠤ ᠬᠠᠪᠰᠤᠷᠤᠨ ᠲᠡᠳᠬᠦᠬᠦ | ᠬᠠᠷᠢᠯᠴᠠᠬᠤ ᠬᠥᠮᠥᠨ ᠨᠢ ᠵᠠᠷᠴᠢᠮ ᠳᠡᠭᠡᠷ᠎ᠡ ᠪᠠᠨ ᠪᠠᠶᠢᠳᠠᠯ ᠢ ᠣᠶᠢᠯᠠᠭᠠᠭᠰᠠᠨ᠂ ᠤᠯᠤᠰ ᠲᠥᠷᠥ ᠪᠠ ᠲᠤᠬᠠᠶᠢᠯᠠᠭᠰᠠᠨ | ᠠᠵᠢᠯ ᠤᠨ ᠬᠡᠪ ᠴᠢᠨᠠᠷ ᠢᠶᠠᠷ ᠥᠨᠳᠥᠷ ᠲᠣᠰᠬᠤᠨ ᠤ ᠺᠠᠳ᠋ᠷ ᠢᠶᠠᠷ ᠡᠭᠦᠷᠭᠡᠯᠡᠭᠦᠯᠬᠦ ᠬᠡᠷᠡᠭᠲᠡᠢ᠃ᠣᠷᠣᠨ ᠤ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠠᠴᠠ ᠬᠠᠮᠢᠶ᠎ᠠ ᠪᠦᠬᠦᠢ ᠠᠵᠢᠯ ᠲᠥᠷᠥᠯ ᠤᠨ ᠰᠠᠯᠠᠭ᠎ᠠ | ᠮᠥᠴᠢᠷ ᠢ ᠵᠣᠬᠢᠶᠠᠨ ᠪᠠᠶᠢᠭᠤᠯᠵᠤ᠂ ᠪᠠᠯᠭᠠᠰᠤ᠂ ᠲᠣᠰᠬᠤᠨ ᠠᠴᠠ ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠬᠤ | ᠡᠷᠦᠬᠡ ᠶᠢᠨ ᠲᠦᠭᠰᠢᠭᠦᠷᠢ ᠶᠢᠨ ᠲᠥᠷᠥᠯ ᠬᠡᠯᠪᠡᠷᠢ᠂ ᠬᠥᠭᠵᠢᠯᠲᠡ ᠶᠢᠨ ᠬᠡᠷᠡᠭᠴᠡᠭᠡ᠂ ᠬᠥᠭᠵᠢᠯᠲᠡ ᠶᠢᠨ ᠴᠢᠳᠠᠪᠤᠷᠢ ᠶᠢ | ᠦᠨᠳᠦᠰᠦᠯᠡᠵᠦ᠂ ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ ᠲᠠᠢ ᠵᠥᠪᠳᠡᠯᠴᠡᠵᠦ ᠪᠠᠶᠢᠭᠠᠳ | ᠬᠠᠨᠳᠤᠯᠭᠠᠲᠤ ᠴᠢᠨᠠᠷᠲᠠᠢ ᠬᠠᠪᠰᠤᠷᠤᠨ ᠲᠡᠳᠬᠦᠬᠦ ᠲᠥᠯᠥᠪᠯᠡᠭᠡ ︵ᠠᠵᠢᠯ ᠲᠥᠷᠥᠯ ᠤᠨ ᠲᠥᠷᠥ ᠶᠢᠨ ᠪᠣᠳᠣᠯᠭ᠎ᠠ ᠠᠴᠠ | ᠭᠠᠳᠠᠨᠠᠬᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠪᠠ ︽ᠵᠣᠷᠢᠭ ᠰᠠᠨᠠᠭ᠎ᠠ︾ ᠶᠢ ᠤᠬᠠᠭᠤᠯᠤᠨ ᠬᠥᠲᠥᠯᠥᠨ | ᠵᠢᠯᠤᠭᠤᠳᠴᠤ ᠬᠠᠪᠰᠤᠷᠤᠨ ᠲᠡᠳᠬᠦᠬᠦ ᠶᠢ ᠪᠠᠭᠲᠠᠭᠠᠨ᠎ᠠ︶ ᠶᠢ ᠬᠠᠮᠲᠤ ᠪᠠᠷ ᠰᠤᠳᠤᠯᠤᠨ ᠲᠣᠭᠲᠠᠭᠠᠵᠤ᠂ ᠰᠠᠭᠠᠳ | ᠦᠭᠡᠢ ᠨᠡᠪᠲᠡᠷᠡᠬᠦ ᠵᠠᠮ ᠪᠤᠶᠤ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠪᠠᠴᠢᠮ ᠨᠠᠶᠢᠳᠠᠪᠤᠷᠢᠵᠢᠭᠤᠯᠬᠤ | ᠴᠢᠬᠤᠯᠠᠲᠠᠢ ᠪᠠᠶᠢᠳᠠᠯ ᠢ ᠭᠠᠷᠭᠠᠪᠠᠯ ᠳᠠᠷᠤᠶᠢᠬᠠᠨ ᠬᠠᠪᠰᠤᠷᠤᠨ ᠲᠡᠳᠬᠦᠬᠦ ᠳᠤ ᠣᠷᠤᠯᠴᠠᠬᠤ ᠠᠴᠠ ᠭᠠᠳᠠᠨ᠎ᠠ᠂ | ᠡᠩ ᠤᠨ ᠪᠠᠶᠢᠳᠠᠯ ᠳᠤ ᠬᠠᠪᠰᠤᠷᠤᠨ ᠲᠡᠳᠬᠦᠬᠦ ᠲᠥᠯᠥᠪᠯᠡᠭᠡ ᠶᠢ ᠤᠷᠢᠳᠴᠢᠯᠠᠨ ᠲᠣᠭᠲᠠᠭᠠᠵᠤ᠂ ᠳᠠᠬᠢᠨ ᠶᠠᠳᠠᠭᠤᠷᠠᠬᠤ | ᠠᠴᠠ ᠪᠣᠯᠵᠤ ᠶᠠᠳᠠᠭᠤᠷᠠᠭᠰᠠᠨ ᠡᠷᠦᠬᠡ ᠶᠢ ᠰᠢᠰᠲ᠋ᠧᠮ ᠳᠤ ᠣᠷᠣᠭᠤᠯᠤᠭᠰᠠᠨ ᠤ ᠳᠠᠷᠠᠭᠠᠬᠢ 10 ᠡᠳᠦᠷ ᠤᠨ | ᠳᠣᠲᠣᠷ᠎ᠠ᠂ ᠬᠠᠪᠰᠤᠷᠤᠨ ᠲᠡᠳᠬᠦᠬᠦ ᠲᠥᠯᠥᠪᠯᠡᠭᠡ ᠲᠣᠭᠲᠠᠭᠠᠬᠤ ᠶᠢ ᠪᠡᠶᠡᠯᠡᠭᠦᠯᠵᠦ᠂ ᠬᠠᠪᠰᠤᠷᠤᠨ ᠲᠡᠳᠬᠦᠬᠦ ᠠᠷᠭ᠎ᠠ | ᠬᠡᠮᠵᠢᠶ᠎ᠡ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠬᠤ ᠬᠡᠷᠡᠭᠲᠡᠢ᠃ᠪᠠᠯᠭᠠᠰᠤ᠂ ᠲᠣᠰᠬᠤᠨ ᠪᠠ ᠲᠣᠰᠬᠤᠨ ᠳᠤ | ᠰᠠᠭᠤᠭ᠎ᠠ ᠺᠠᠳ᠋ᠷ ᠠᠮᠠᠷᠬᠠᠨ ᠶᠠᠳᠠᠭᠤᠷᠠᠵᠤ ᠶᠠᠳᠠᠭᠤᠷᠠᠭᠰᠠᠨ ᠠᠴᠠ ᠪᠣᠯᠵᠤ ᠶᠠᠳᠠᠭᠤᠷᠠᠭᠰᠠᠨ ᠡᠷᠦᠬᠡ ᠶᠢ ᠬᠠᠪᠰᠤᠷᠤᠨ | ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠩᠭᠤᠵᠢᠭᠤᠯᠤᠨ ᠬᠢᠨᠠᠨ ᠡᠵᠡᠮᠳᠡᠵᠦ᠂ | ᠲᠣᠭᠲᠠᠭᠰᠠᠨ ᠴᠠᠭ ᠬᠤᠭᠤᠴᠠᠭᠠᠨ ᠳᠤ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠴᠢᠨᠠᠷ ᠲᠤᠭ᠎ᠠ ᠬᠡᠮᠵᠢᠶ᠎ᠡ ᠶᠢ | ᠪᠠᠲᠤᠯᠠᠨ ᠨᠠᠶᠢᠳᠠᠪᠤᠷᠢᠵᠢᠭᠤᠯᠵᠤ᠂ ᠨᠢᠭᠡ ᠶᠢ ᠬᠠᠪᠰᠤᠷᠤᠨ ᠲᠡᠳᠬᠦᠪᠡᠯ ᠨᠢᠭᠡ ᠶᠢ ᠠᠷᠢᠯᠭᠠᠬᠤ ᠶᠢ ᠦᠨᠡᠨ ᠬᠦ | ᠪᠠᠲᠤᠯᠠᠬᠤ ᠬᠡᠷᠡᠭᠲᠡᠢ᠃ᠨᠢᠭᠡᠨᠲᠡ ᠨᠠᠶᠢᠳᠠᠪᠤᠷᠢᠵᠢᠭᠤᠯᠤᠭᠰᠠᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠮᠡᠳᠡᠭᠡ ᠵᠠᠩᠭᠢ ᠶᠢᠨ ᠰᠢᠰᠲ᠋ᠧᠮ ᠳᠤ ᠴᠠᠭ ᠲᠤᠬᠠᠢ ᠳᠤᠨᠢ | ᠣᠷᠣᠭᠤᠯᠬᠤ ᠬᠡᠷᠡᠭᠲᠡᠢ᠃ | | | |