7 ᠳ᠋ᠤᠭᠠᠷ ᠰᠠᠷ᠎ᠠ ᠶᠢᠨ 5 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠶᠠᠩ ᠡᠯ ᠰᠢ ᠮᠠᠨ ᠤ | ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ | ᠪᠠᠶᠢᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ | | | ᠶᠠᠩ ᠡᠯ ᠰᠢ ᠤᠷᠢᠳ ᠬᠤᠵᠢᠳ ᠲᠢᠶᠧ ᠰᠢ ᠵᠡᠭᠡᠯᠢ ᠶᠢᠨ ᠱᠧᠨ ᠯᠦᠩ ᠪᠠᠶᠢᠷᠢ ᠶᠢᠨ ᠪᠠᠭ᠎ᠠ ᠲᠣᠭᠤᠷᠢᠭ᠂ | ᠢᠦᠢ ᠮᠧᠶ ᠰᠢᠨ ᠶᠤᠸᠠᠨ ᠪᠠᠭ᠎ᠠ ᠲᠣᠭᠤᠷᠢᠭ ᠵᠡᠷᠭᠡ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠪᠠᠷ ᠳᠠᠮᠵᠢᠭᠤᠯᠤᠨ᠂ ᠪᠠᠷᠢᠯᠭ᠎ᠠ ᠶᠢᠨ ᠠᠵᠢᠯ ᠢ ᠬᠦᠷᠢᠶᠡᠯᠡᠨ | ᠬᠠᠰᠢᠬᠤ ᠪᠠ ᠵᠡᠭᠡᠯᠢ ᠭᠤᠳᠤᠮᠵᠢ ᠶᠢ ᠴᠡᠭᠴᠡᠯᠡᠨ ᠵᠠᠰᠠᠬᠤ᠂ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ | ᠪᠠᠶᠢᠷᠢᠯᠠᠭᠤᠯᠬᠤ᠂ ᠬᠠᠭᠤᠴᠢᠨ ᠪᠠ ᠬᠠᠭᠤᠴᠢᠨ ᠵᠢᠵᠢᠭ ᠲᠣᠭᠤᠷᠢᠭ ᠤᠨ ᠰᠡᠷᠢᠭᠦᠨ ᠭᠡᠷ ᠪᠠᠶᠢᠰᠢᠩ ᠪᠠ ᠦᠵᠦᠭᠦᠷ ᠤᠨ | ᠭᠡᠷ ᠪᠠᠶᠢᠰᠢᠩ ᠢ ᠨᠤᠷᠠᠭᠠᠬᠤ ᠵᠢᠴᠢ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ | ᠪᠠᠶᠢᠳᠠᠯ ᠢ ᠨᠠᠷᠢᠨ ᠣᠶᠢᠯᠠᠭᠠᠵᠤ᠂ ᠲᠤᠬᠠᠢ ᠶᠢᠨ ᠲᠠᠯᠠᠪᠤᠷ ᠲᠤᠨᠢ ᠠᠵᠢᠯ ᠢ ᠲᠦᠯᠬᠢᠨ ᠠᠬᠢᠭᠤᠯᠬᠤ ᠳᠤᠮᠳᠠ | ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠶᠢᠨ ᠬᠠᠮᠲᠤ ᠲᠠᠷᠠᠭᠠᠴᠢ ᠶᠢᠨ | ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠪᠠ᠃ | | | | | | ᠶᠠᠩ ᠡᠯ ᠰᠢ ᠴᠢᠬᠤᠯᠠᠴᠢᠯᠠᠭᠰᠠᠨ ᠨᠢ | ᠬᠤᠳᠠ ᠶᠢᠨ ᠳᠦᠷᠰᠦ ᠪᠠᠶᠢᠳᠠᠯ ᠤᠨ ᠡᠮᠬᠢ ᠳᠢᠭᠯᠢᠮ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ | ᠲᠡᠷᠭᠡ ᠵᠣᠭᠰᠣᠬᠤ ᠪᠠᠶᠢᠷᠢ ᠶᠢ ᠵᠣᠬᠢᠰᠲᠠᠢ ᠬᠤᠪᠢᠶᠠᠷᠢᠯᠠᠵᠤ᠂ ᠵᠡᠭᠡᠯᠢ ᠳᠠᠭᠠᠤ ᠶᠢᠨ ᠳᠡᠯᠭᠡᠭᠦᠷᠴᠢᠨ ᠤ ᠵᠠᠮ ᠡᠵᠡᠯᠡᠨ | ᠡᠵᠡᠩᠨᠡᠬᠦ ᠠᠰᠠᠭᠤᠳᠠᠯ ᠢ ᠲᠣᠬᠢᠲᠠᠢ ᠰᠢᠢᠳᠪᠦᠷᠢᠯᠡᠵᠦ᠂ ᠪᠠᠷᠢᠯᠭ᠎ᠠ ᠶᠢᠨ ᠬᠦᠷᠢᠶᠡᠯᠡᠨ ᠬᠠᠰᠢᠬᠤ ᠪᠠᠶᠢᠷᠢᠯᠠᠭᠤᠯᠤᠯᠲᠠ ᠪᠠ | ᠬᠠᠮᠢᠶᠠᠷᠤᠯᠲᠠ ᠶᠢ ᠴᠢᠳᠠᠯ ᠤᠨ ᠢᠶᠠᠨ ᠬᠢᠷᠢ ᠪᠠᠷ ᠠᠬᠢᠭᠤᠯᠵᠤ᠂ ᠵᠡᠭᠡᠯᠢ ᠭᠤᠳᠤᠮᠵᠢ ᠶᠢ ᠴᠡᠭᠴᠡᠯᠡᠨ ᠵᠠᠰᠠᠬᠤ ᠡᠷᠴᠢᠮ ᠢ | ᠴᠢᠩᠭᠠᠷᠠᠭᠤᠯᠵᠤ᠂ ᠬᠤᠳᠠ ᠶᠢᠨ ᠪᠣᠯᠪᠠᠰᠤᠨ ᠳᠦᠷᠢ ᠲᠥᠷᠬᠦ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ | ᠬᠥᠮᠥᠰ ᠤᠨ ᠬᠦᠴᠦᠨ ᠢ ᠪᠦᠷᠢᠨ ᠭᠦᠢᠴᠡᠳ ᠲᠣᠬᠢᠷᠠᠭᠤᠯᠤᠨ ᠬᠦᠴᠦᠷᠬᠡᠭᠵᠢᠭᠦᠯᠵᠦ᠂ ᠮᠠᠨ ᠤ ᠣᠷᠣᠨ ᠤ ᠬᠤᠳᠠ ᠶᠢ | ᠡᠭᠦᠳᠬᠦ ᠠᠵᠢᠯ ᠢ ᠥᠨᠳᠥᠷ ᠪᠦᠲᠦᠮᠵᠢᠲᠡᠢ ᠠᠬᠢᠭᠤᠯᠬᠤ ᠳᠤ ᠪᠠᠲᠤ ᠰᠠᠭᠤᠷᠢ ᠶᠢ ᠲᠠᠯᠪᠢᠬᠤ ᠬᠡᠷᠡᠭᠲᠡᠢ ᠭᠡᠵᠦ ᠵᠢᠭᠠᠵᠤ | ᠭᠠᠷᠭᠠᠪᠠ᠃ᠦᠯᠡᠳᠡᠭᠰᠡᠨ ᠰᠡᠷᠢᠭᠦᠨ ᠭᠡᠷ᠂ ᠦᠵᠦᠭᠦᠷ ᠤᠨ ᠭᠡᠷ ᠪᠠᠶᠢᠰᠢᠩ ᠢ ᠨᠤᠷᠠᠭᠠᠬᠤ ᠠᠬᠢᠴᠠ ᠶᠢ ᠲᠦᠷᠭᠡᠳᠬᠡᠵᠦ᠂ | ︽ᠨᠤᠷᠠᠭᠠᠬᠤ ᠶᠢᠨ ᠳᠠᠭᠠᠤ ᠪᠠᠶᠢᠭᠤᠯᠬᠤ︾ ᠶᠢ ᠪᠠᠷᠢᠮᠲᠠᠯᠠᠵᠤ᠂ ᠬᠤᠲᠠ ᠶᠢᠨ ᠰᠢᠨᠡᠳᠬᠡᠬᠦ ᠲᠥᠷᠥᠯ ᠵᠦᠢᠯ ᠤᠨ | ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠲᠦᠷᠭᠡᠬᠡᠨ ᠪᠡᠶᠡᠯᠡᠭᠦᠯᠵᠦ᠂ ᠪᠠᠷᠢᠯᠭ᠎ᠠ ᠶᠢᠨ ᠡᠩᠨᠡᠭᠡ ᠶᠢ | ᠵᠣᠬᠢᠶᠠᠨ ᠪᠠᠶᠢᠭᠤᠯᠤᠨ ᠬᠠᠭᠤᠴᠢᠨ ᠪᠠ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠢᠨᠵᠧᠨᠧᠷᠢᠩ ᠢ ᠱᠠᠯᠠᠪᠳᠠᠨ | ᠡᠬᠢᠯᠡᠭᠦᠯᠵᠦ᠂ ᠪᠠᠷᠢᠯᠭ᠎ᠠ ᠶᠢᠨ ᠤᠷᠢᠳᠴᠢᠯᠠᠭᠰᠠᠨ ᠬᠡᠮᠵᠢᠶ᠎ᠡ ᠶᠢ ᠰᠠᠶᠢᠲᠤᠷ ᠬᠢᠵᠦ᠂ ᠵᠢᠵᠢᠭ ᠲᠣᠭᠤᠷᠢᠭ ᠤᠨ ᠡᠭᠦᠳᠡᠨ | ᠬᠤᠷᠢᠭ᠎ᠠ᠂ ᠳᠤᠭᠤᠢ ᠲᠡᠷᠭᠡᠨ ᠤ ᠰᠠᠷᠠᠪᠴᠢ᠂ ᠰᠡᠯᠡᠭᠦᠴᠡᠯ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠵᠡᠷᠭᠡ ᠢᠵᠢ | ᠪᠦᠷᠢᠳᠦᠭᠰᠡᠨ ᠰᠠᠭᠤᠷᠢ ᠪᠡᠯᠡᠳᠬᠡᠮᠵᠢ ᠳᠤ ᠵᠡᠷᠭᠡᠪᠡᠷ ᠣᠷᠣᠭᠤᠯᠵᠤ᠂ ᠲᠤᠰᠠᠭᠠᠷ ᠠᠰᠠᠷ ᠢ ᠪᠦᠲᠦᠮᠵᠢᠲᠡᠶ ᠡᠮᠬᠢᠯᠡᠨ | ᠨᠡᠶᠢᠯᠡᠭᠦᠯᠵᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠨᠠᠷᠢᠯᠢᠭᠵᠢᠭᠤᠯᠬᠤ ᠬᠢᠷᠢ ᠬᠡᠮᠵᠢᠶ᠎ᠡ ᠪᠠ ᠵᠢᠵᠢᠭ | ᠲᠣᠭᠤᠷᠢᠭ ᠤᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠡᠮᠵᠢᠶ᠎ᠡ ᠶᠢ ᠪᠦᠬᠦᠯᠢ ᠴᠣᠭᠴᠠ ᠪᠠᠷ ᠳᠡᠭᠡᠭᠰᠢᠯᠡᠭᠦᠯᠦᠨ᠎ᠡ᠃ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠱᠢ ᠯᠢ | ᠨᠠ ᠵᠢᠴᠢ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠣᠷᠣᠨ ᠤ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠣᠷᠣᠨ ᠤ ᠬᠤᠲᠠ ᠶᠢᠨ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠲᠢᠶ᠋ᠧ ᠰᠢ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ | ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ |