ᠥᠷᠯᠥᠭᠡ ᠶᠢᠨ ᠲᠤᠶᠠᠭ᠎ᠠ ᠴᠤᠬᠤᠶᠢᠵᠤ᠂ ᠥᠷᠯᠥᠭᠡ ᠶᠢᠨ ᠨᠠᠷᠠ ᠶᠢ ᠤᠭᠲᠤᠨ ᠥᠷᠯᠥᠭᠡ ᠶᠢᠨ ᠭᠦᠶᠦᠯᠲᠡ | ᠬᠢᠨ᠎ᠡ᠃ᠦᠳᠡᠰᠢ ᠶᠢᠨ ᠪᠦᠷᠦᠢ ᠪᠣᠯᠵᠤ᠂ ᠭᠡᠷ ᠤᠨ ᠬᠥᠮᠥᠰ ᠢᠶᠠᠨ ᠳᠠᠭᠠᠭᠤᠯᠤᠨ ᠴᠡᠴᠡᠷᠯᠢᠭ ᠢᠶᠠᠷ ᠠᠯᠬᠤᠯᠠᠨ᠎ᠠ | ᠭᠠᠷᠠᠭ ᠤᠨ ᠰᠡᠭᠦᠯᠴᠢ ᠳᠤ ᠰᠡᠯᠡᠭᠦᠦ ᠴᠠᠭ ᠢᠶᠠᠷ ᠢᠶᠠᠨ ᠬᠤᠪᠢ ᠶᠢᠨ ᠮᠠᠰᠢᠨ ᠲᠡᠷᠭᠡ ᠪᠠᠷ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠢᠶᠠᠷ ᠵᠤᠭᠠᠴᠠᠨ᠎ᠠ ᠁ ᠥᠨᠥᠳᠥᠷ ᠤᠨ ᠳ᠋ᠦᠩ ᠾᠧ ᠳᠤ᠂ ᠲᠡᠭᠷᠢ ᠴᠡᠯᠮᠡᠭ᠂ ᠭᠠᠵᠠᠷ ᠨᠣᠭᠤᠭᠠᠨ᠂ | ᠵᠠᠮ ᠰᠢᠯᠤᠭᠤᠨ᠂ ᠦᠵᠡᠮᠵᠢ ᠰᠠᠶᠢᠬᠠᠨ᠂ ᠴᠡᠴᠡᠭ ᠬᠤᠸᠠᠷ ᠮᠢᠷᠠᠯᠵᠠᠨ ᠳᠡᠯᠭᠡᠷᠡᠵᠦ᠂ ᠬᠥᠮᠥᠨ ᠢ ᠰᠣᠭᠲᠣᠭᠤᠷᠠᠭᠤᠯᠤᠮ᠎ᠠ | ᠨᠣᠭᠤᠭᠠᠨ ᠥᠩᠭᠡ ᠲᠠᠢ᠂ ᠨᠢᠳᠦᠨ ᠳᠤ ᠦᠵᠡᠭᠳᠡᠮ᠎ᠡ ᠪᠣᠯᠪᠠᠰᠤᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ | ᠨᠢᠳᠦᠨ ᠡᠮᠦᠨ᠎ᠡ ᠢᠯᠡᠷᠡᠵᠦ᠂ ᠬᠡᠯᠡᠭᠡᠳ ᠪᠠᠷᠠᠰᠢ ᠦᠭᠡᠢ ᠬᠠᠯᠠᠭᠤᠨ ᠳᠤᠯᠠᠭᠠᠨ ᠤ ᠬᠦᠴᠦᠨ ᠥᠷᠨᠢᠭᠦᠨ | ᠪᠠᠳᠠᠷᠠᠩᠭᠤᠢ ᠪᠠᠷ ᠦᠰᠦᠨ ᠪᠣᠶᠢᠵᠢᠨ᠎ᠠ᠃ | ᠪᠣᠯᠪᠠᠰᠤᠨ ᠳᠤ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ | ᠠᠭᠤᠯᠤᠭᠳᠠᠵᠤ ᠪᠠᠶᠢᠳᠠᠭ᠃ᠠᠷᠠᠳ ᠤᠨ ᠲᠥᠯᠥᠭᠡ ᠡᠭᠦᠳᠦᠨ ᠪᠠᠶᠢᠭᠤᠯᠬᠤ᠂ ᠠᠷᠠᠳ ᠢ ᠲᠦᠰᠢᠭᠯᠡᠬᠦ ᠶᠢ ᠡᠭᠦᠳᠦᠨ | ᠪᠠᠶᠢᠭᠤᠯᠬᠤ᠂ ᠠᠷᠠᠳ ᠲᠤ ᠠᠰᠢᠭ ᠬᠦᠷᠲᠡᠭᠡᠬᠦ ᠶᠢ ᠡᠭᠦᠳᠦᠨ ᠪᠠᠶᠢᠭᠤᠯᠬᠤ ᠶᠢ ᠪᠠᠷᠢᠮᠲᠠᠯᠠᠵᠤ᠂ ᠳ᠋ᠦᠩ ᠾᠧ | ᠲᠣᠭᠤᠷᠢᠭ ᠤᠨ ᠬᠢᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷ ᠬᠤᠲᠠ ᠶᠢᠨ ᠬᠥᠭᠵᠢᠯᠲᠡ ᠶᠢᠨ ᠠᠯᠬᠤᠮ ᠢ | ᠬᠥᠲᠥᠯᠥᠨ ᠳᠠᠭᠠᠭᠤᠯᠵᠤ᠂ ᠬᠤᠲᠠ ᠶᠢ ᠠᠷᠠᠳ ᠲᠦᠮᠡᠨ ᠳᠤ ᠵᠣᠷᠢᠭᠤᠯᠤᠭᠰᠠᠨ ᠴᠣ᠋ ᠰᠢᠨ᠎ᠡ ᠬᠠᠭᠤᠳᠠᠰᠤ ᠶᠢ ᠨᠠᠷᠢᠨ | ᠨᠢᠮᠪᠠᠢ ᠵᠢᠷᠤᠭᠯᠠᠪᠠ᠃ | ᠪᠦᠬᠦ ᠠᠷᠠᠳ ᠢᠶᠠᠷ ᠢᠶᠠᠨ ᠪᠦᠬᠦ ᠣᠷᠣᠨ ᠪᠦᠰᠡ ᠪᠠᠷ ᠢᠶᠠᠨ ᠦᠨᠡᠨᠬᠦ ᠠᠳᠬᠤᠵᠤ ᠪᠣᠳᠠᠲᠠᠢ ᠠᠵᠢᠯᠯᠠᠨ᠎ᠠ ᠬᠢᠬᠦ | ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠠᠪᠤᠳᠠᠯ ᠪᠣᠯ ᠨᠢᠭᠡᠨ ᠤᠷᠳᠤ | ᠬᠤᠭᠤᠴᠠᠭᠠᠨ ᠤ ᠡᠭᠦᠷᠭᠡ᠂ ᠰᠢᠰᠲ᠋ᠧᠮᠲᠦ ᠢᠨᠵᠧᠨᠧᠷᠢᠩ ᠮᠥᠨ᠃ᠪᠥᠬᠦ ᠤᠯᠤᠰ ᠤᠨ ᠪᠣᠯᠪᠠᠰᠤᠨ ᠬᠤᠲᠠ ᠶᠢ ᠰᠢᠯᠭᠠᠨ | ᠦᠨᠡᠯᠡᠬᠦ ᠰᠢᠰᠲ᠋ᠧᠮ ᠤᠨ ᠲᠠᠰᠤᠷᠠᠯᠲᠠ ᠦᠭᠡᠢ ᠪᠠᠶᠠᠯᠢᠭᠵᠢᠨ ᠲᠡᠭᠦᠯᠳᠡᠷᠵᠢᠬᠦ ᠶᠢ ᠳᠠᠭᠠᠯᠳᠤᠨ᠂ ᠪᠣᠯᠪᠠᠰᠤᠨ | ᠬᠤᠲᠠ ᠶᠢᠨ ᠪᠠᠷᠢᠮᠵᠢᠶ᠎ᠠ ᠴᠤ ᠳᠠᠭᠠᠯᠳᠤᠨ ᠳᠡᠭᠡᠭᠰᠢᠯᠡᠵᠦ᠂ ᠰᠢᠯᠭᠠᠨ ᠬᠢᠨᠠᠬᠤ ᠪᠠᠷᠢᠮᠵᠢᠶ᠎ᠠ ᠶᠢ ᠬᠤᠪᠢᠷᠠᠭᠤᠯᠵᠤ᠂ ᠳ᠋ᠦᠩ | ᠾᠧ ᠲᠣᠭᠤᠷᠢᠭ ᠤᠨ ᠪᠣᠯᠪᠠᠰᠤᠨ ᠢ ᠡᠭᠦᠳᠦᠨ ᠪᠠᠶᠢᠭᠤᠯᠬᠤ ᠶᠢ ᠢᠮᠠᠭᠲᠠ ᠡᠷᠡᠰ ᠭᠤᠶᠢᠪᠢᠰᠢ ᠦᠭᠡᠢ ᠠᠬᠢᠭᠤᠯᠬᠤ | ᠡᠷᠡᠰ ᠵᠣᠷᠢᠭ ᠪᠠ ᠡᠷᠴᠢᠮ ᠢ ᠬᠤᠪᠢᠷᠠᠭᠤᠯᠤᠭᠰᠠᠨ ᠦᠭᠡᠢ ᠶᠤᠮ᠃ | | | | ᠡᠨᠡ ᠵᠢᠯ ᠠᠴᠠ ᠨᠠᠰᠢ᠂ ᠳ᠋ᠦᠩ ᠾᠧ ᠲᠣᠭᠤᠷᠢᠭ ᠤᠨ ᠬᠢᠨ ᠰᠢᠶᠠᠨ ᠤ ᠱᠠᠲᠤᠨ ᠤ ᠺᠠᠳ᠋ᠷ ᠵᠢᠴᠢ ᠰᠠᠯᠠᠭ᠎ᠠ | ᠮᠥᠴᠢᠷ ᠤᠨ ᠪᠦᠦ ᠯᠢᠶᠠᠨ ᠵᠡᠭᠡᠯᠢ ᠪᠠᠯᠭᠠᠰᠤᠨ ᠤ ᠠᠵᠢᠯ ᠤᠨ ᠲᠣᠭᠲᠠᠴᠠ ᠶᠢ ᠦᠷᠭᠦᠯᠵᠢᠯᠡᠨ ᠬᠡᠷᠡᠭᠵᠢᠭᠦᠯᠵᠦ᠂ | ᠬᠤᠳᠠ ᠪᠠᠶᠢᠭᠤᠯᠬᠤ ᠠᠵᠢᠯ ᠤᠨ ᠭᠤᠣᠯᠳᠠᠯᠭ᠎ᠠ ᠲᠠᠢ ᠬᠦᠴᠢᠷ ᠠᠰᠠᠭᠤᠳᠠᠯ ᠤᠨ ᠲᠣᠭᠤᠷᠢᠨ ᠳᠤ᠂ ᠪᠣᠯᠪᠠᠰᠤᠨ | ᠬᠤᠳᠠ ᠶᠢ ᠡᠭᠦᠳᠦᠨ ᠪᠠᠶᠢᠭᠤᠯᠬᠤ︽ᠨᠢᠭᠡ ᠬᠡᠷᠡᠭ ᠢ ᠨᠢᠭᠡ ᠵᠥᠪᠯᠡᠬᠦ︾ᠲᠣᠬᠢᠷᠠᠭᠤᠯᠤᠯᠲᠠ ᠶᠢᠨ ᠬᠤᠷᠠᠯ ᠢ ᠤᠯᠠᠨ | ᠤᠳᠠᠭ᠎ᠠ ᠬᠤᠷᠠᠯᠳᠤᠭᠤᠯᠵᠤ᠂ ᠡᠭᠦᠳᠦᠨ ᠪᠠᠶᠢᠭᠤᠯᠬᠤ ᠠᠵᠢᠯ ᠤᠨ ᠳᠤᠮᠳᠠᠬᠢ ︽ᠬᠦᠴᠢᠷ ᠠᠰᠠᠭᠤᠳᠠᠯ︾᠂︽ᠬᠦᠴᠢᠷ | ᠠᠰᠠᠭᠤᠳᠠᠯ︾ ᠤᠨ ᠡᠮᠦᠨ᠎ᠡ᠂︽ᠪᠠᠶᠢᠯᠳᠤᠬᠤ ᠵᠢᠷᠤᠭ︾ ᠢ ᠵᠢᠷᠤᠵᠤ᠂︽ᠴᠠᠭ ᠤᠨ ᠬᠦᠰᠦᠨᠦᠭᠲᠦ︾ ᠶᠢ ᠲᠣᠭᠲᠠᠭᠠᠵᠤ᠂ | ︽ᠪᠠᠲᠤᠯᠠᠪᠤᠷᠢ ᠶᠢᠨ ᠪᠢᠴᠢᠭ︾ ᠢ ᠲᠣᠭᠲᠠᠭᠠᠵᠤ᠂ ᠡᠭᠦᠳᠦᠨ ᠪᠠᠶᠢᠭᠤᠯᠬᠤ ᠬᠠᠷᠠᠯᠲᠠ ᠪᠣᠯᠣᠨ ᠪᠠᠭᠤᠷᠠᠢ ᠭᠤᠭᠴᠤᠭ᠎ᠠ ᠶᠢ | ᠣᠨᠣᠪᠴᠢᠲᠠᠢ ᠣᠨᠢᠯᠠᠵᠤ᠂ ᠡᠭᠦᠳᠦᠨ ᠪᠠᠶᠢᠭᠤᠯᠬᠤ ᠲᠦᠪᠰᠢᠨ ᠪᠣᠯᠣᠨ ᠴᠢᠳᠠᠪᠤᠷᠢ ᠪᠠᠨ ᠯᠠᠪᠳᠠᠭᠤᠨ ᠪᠠᠲᠤᠲᠠᠢ | ᠳᠡᠭᠡᠭᠰᠢᠯᠡᠭᠦᠯᠪᠡ᠃ | ᠨᠠᠮ ᠤᠨ ᠭᠡᠰᠢᠭᠦᠨ ᠺᠠᠳ᠋ᠷᠴᠤᠳ ᠠᠴᠠ ᠰᠠᠭᠤᠭᠠᠯᠢ ᠠᠷᠠᠳ ᠤᠯᠠᠨ ᠬᠦᠷᠲᠡᠯ᠎ᠡ᠂ ᠬᠤᠳᠠ ᠶᠢᠨ ᠲᠣᠭᠤᠷᠢᠭ | ᠵᠡᠭᠡᠯᠢ ᠭᠤᠳᠤᠮᠵᠢ ᠠᠴᠠ ᠬᠥᠳᠡᠭᠡ ᠲᠣᠰᠬᠤᠨ ᠬᠦᠷᠲᠡᠯ᠎ᠡ᠂ ᠳ᠋ᠦᠩ ᠾᠧ ᠲᠣᠭᠤᠷᠢᠭ ᠤᠨ ᠬᠢᠨ ᠪᠣᠯᠪᠠᠰᠤᠨ ᠬᠤᠳᠠ ᠶᠢ | ᠴᠢᠷᠮᠠᠶᠢᠨ ᠪᠠᠶᠢᠭᠤᠯᠤᠭᠰᠠᠨ ᠦᠢᠯᠡᠳᠦᠯᠭᠡ ᠨᠢ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ︾ ᠶᠢᠨ | ᠠᠭᠤᠯᠤᠭᠳᠠᠬᠤᠨ ᠢ ᠠᠮᠢᠳᠤᠯᠢᠭ ᠢᠶᠠᠷ ᠲᠠᠶᠢᠯᠪᠤᠷᠢᠯᠠᠵᠤ ᠪᠤᠢ᠃ᠪᠥᠬᠦ ᠠᠷᠠᠳ᠂ ᠪᠥᠬᠦ ᠠᠵᠢᠯᠲᠠᠨ᠂ ᠪᠥᠬᠦ ᠬᠤᠲᠠ᠂ | ᠪᠥᠬᠦ ᠬᠦᠴᠦᠨ ᠢᠶᠠᠷ ᠢᠶᠠᠨ ᠡᠯ᠎ᠡ ᠱᠠᠲᠤᠨ ᠤ ᠨᠢᠭᠡᠴᠡ᠂ ᠡᠯ᠎ᠡ ᠠᠵᠢᠯ ᠲᠥᠷᠥᠯ ᠤᠨ ᠰᠠᠯᠠᠭ᠎ᠠ ᠮᠥᠴᠢᠷ ᠤᠳ | ᠬᠦᠴᠦᠨ ᠢᠶᠠᠨ ᠬᠠᠮᠲᠤᠳᠬᠠᠨ ︽ᠨᠠᠶᠢᠷᠠᠯ ᠳᠠᠭᠤᠤ︾ ᠶᠢ ᠪᠣᠶ ᠪᠣᠯᠭᠠᠵᠤ᠂ ᠬᠤᠲᠠ ᠶᠢᠨ ᠠᠷᠠᠳ ᠣᠯᠠᠨ ᠪᠠ ᠰᠠᠶᠢᠨ | ᠳᠤᠷ᠎ᠠ ᠶᠢᠨ ᠠᠵᠢᠯᠯᠠᠭᠴᠢᠳ ᠣᠷᠭᠢᠯᠤᠮ᠎ᠠ ᠬᠠᠯᠠᠭᠤᠨ ᠰᠡᠳᠬᠢᠯᠭᠡ ᠪᠠᠷ ᠪᠥᠬᠦ ᠰᠡᠳᠬᠢᠯ ᠢᠶᠠᠷ ᠢᠶᠠᠨ ᠣᠷᠣᠯᠴᠠᠵᠤ᠂ ᠵᠣᠯ | ᠵᠢᠷᠭᠠᠯ ᠤᠨ ︽ᠪᠣᠯᠪᠠᠰᠤᠨ ᠠᠶᠠᠰ︾ ᠢ ᠬᠠᠮᠲᠤ ᠪᠠᠷ ᠪᠢᠴᠢᠭᠯᠡᠪᠡ᠃ | ᠠᠷᠠᠳ ᠲᠤ ᠠᠰᠢᠭ ᠬᠦᠷᠲᠡᠭᠡᠵᠦ ᠵᠣᠯ ᠵᠢᠷᠭᠠᠯ ᠲᠠᠢ ᠰᠡᠳᠬᠢᠯ ᠢ ᠳᠤᠯᠠᠭᠠᠴᠠᠭᠤᠯᠤᠨ᠎ᠠ | ︽ᠮᠠᠨ ᠤ ᠡᠨᠡᠬᠦ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠤᠤᠯ ᠠᠴᠠ ᠪᠠᠨ ᠲᠤᠩ ᠠᠨᠠᠢ᠂ | ᠭᠠᠳᠠᠷ ᠬᠡᠷᠡᠮ ᠤᠨ ᠠᠷᠠᠰᠤᠨ ᠳᠤ ᠬᠤᠭ ᠨᠣᠪᠰᠢ ᠤᠨᠠᠵᠤ᠂ ᠵᠠᠮ ᠤᠨ ᠭᠠᠳᠠᠷᠭᠤ ᠡᠩᠬᠦᠯ ᠳᠤᠩᠬᠤᠯ ᠪᠣᠯᠵᠤ᠂ | ᠠᠭᠠᠷ ᠲᠠᠬᠢ ᠤᠲᠠᠰᠤ ᠳᠡᠭᠡᠰᠦ ᠶᠢ ᠳᠤᠷ᠎ᠠ ᠪᠠᠷ ᠢᠶᠠᠨ ᠡᠯᠭᠦᠵᠦ᠂ ᠤᠳᠤ ᠬᠡᠷᠡᠮ ᠤᠨ ᠭᠠᠳᠠᠷ ᠲᠠᠯ᠎ᠠ ᠨᠢ ᠰᠢᠨᠡᠳᠴᠦ᠂ | ᠤᠰᠤ ᠭᠠᠳᠠᠭᠰᠢᠯᠠᠭᠤᠯᠬᠤ ᠨᠢ ᠰᠠᠭᠠᠳ ᠦᠭᠡᠢ ᠪᠣᠯᠵᠤ᠂ ᠰᠠᠭᠤᠭᠠᠯᠢ ᠠᠷᠠᠳ ᠤᠨ ᠲᠣᠭᠤᠷᠢᠭ ᠤᠨ ᠴᠡᠴᠡᠷᠯᠢᠭ ᠲᠤ | ᠪᠣᠯᠪᠠᠰᠤᠨ ᠤᠬᠠᠭᠤᠯᠭ᠎ᠠ ᠶᠢᠨ ᠫᠠᠶᠢᠰᠠ ᠡᠯᠭᠦᠵᠦ᠂ ᠰᠠᠭᠤᠬᠤ ᠳᠤ ᠲᠠᠭᠠᠯᠠᠮᠵᠢᠲᠠᠢ ᠪᠣᠯᠵᠠᠢ ᠁︾ᠭᠡᠵᠦ ᠰᠠᠭᠤᠭᠠᠯᠢ | ᠠᠷᠠᠳ ᠤᠨ ᠲᠣᠭᠤᠷᠢᠭ ᠤᠨ ᠰᠢᠨ᠎ᠡ ᠬᠤᠪᠢᠷᠠᠯᠲᠠ ᠶᠢᠨ ᠲᠤᠬᠠᠢ ᠶᠠᠷᠢᠬᠤ ᠳᠤ᠂ ᠠᠭᠤᠷᠬᠠᠢ ᠶᠢᠨ ᠮᠠᠰᠢᠨ ᠤ | ᠲᠣᠭᠤᠷᠢᠭ ᠲᠤ ᠰᠠᠭᠤᠭ᠎ᠠ ᠵᠠᠩ ᠡᠵᠢ ᠰᠡᠳᠬᠢᠯ ᠳᠣᠭᠳᠣᠯᠤᠨ ᠬᠡᠯᠡᠨ᠎ᠡ᠃ ᠭᠡᠵᠦ ᠶᠠᠷᠢᠨ᠎ᠠ᠃ ᠡᠨᠡ ᠬᠦ ᠰᠠᠭᠤᠭᠠᠯᠢ | ᠠᠷᠠᠳ ᠤᠨ ᠲᠣᠭᠤᠷᠢᠭ ᠤᠨ ᠰᠢᠨ᠎ᠡ ᠬᠤᠪᠢᠷᠠᠯᠲᠠ ᠶᠢᠨ ᠲᠤᠬᠠᠢ ᠶᠠᠷᠢᠬᠤ ᠳᠤ᠂ ᠠᠭᠤᠷᠬᠠᠢ ᠶᠢᠨ ᠮᠠᠰᠢᠨ ᠤ | ᠲᠣᠭᠤᠷᠢᠭ ᠤᠨ ᠰᠠᠭᠤᠭᠠᠯᠢ ᠠᠷᠠᠳ ᠤᠨ ᠲᠣᠭᠤᠷᠢᠭ ᠲᠤ ᠰᠠᠭᠤᠭ᠎ᠠ ᠵᠠᠩ ᠡᠵᠢ ᠰᠡᠳᠬᠢᠯ ᠬᠥᠳᠡᠯᠦᠨ ᠬᠡᠯᠡᠪᠡ᠃ | | | | | | ᠨᠡᠶᠢᠭᠡᠮ ᠲᠣᠭᠤᠷᠢᠭ ᠪᠣᠯ ᠬᠤᠳᠠ ᠶᠢᠨ ᠦᠨᠳᠦᠰᠦᠨ ᠨᠢᠭᠡᠴᠢ ᠮᠥᠨ᠂ ᠡᠶ᠎ᠡ ᠵᠣᠬᠢᠴᠠᠯ ᠲᠠᠢ ᠨᠡᠶᠢᠭᠡᠮ ᠢ | ᠪᠠᠶᠢᠭᠤᠯᠬᠤ ᠶᠢᠨ ᠰᠠᠭᠤᠷᠢ ᠮᠥᠨ᠃ᠠᠷᠠᠳ ᠤᠨ ᠠᠮᠢᠳᠤᠷᠠᠯ ᠤᠨ ︽ᠳᠣᠲᠣᠷ︾ ᠢ ᠪᠠᠬᠢᠵᠢᠭᠦᠯᠬᠦ ᠶᠢᠨ ᠲᠥᠯᠥᠭᠡ᠂ | ᠬᠤᠲᠠ ᠶᠢᠨ ︽ᠨᠢᠭᠤᠷ ᠲᠠᠯ᠎ᠠ︾ ᠶᠢ ᠲᠤᠯᠭᠠᠭᠤᠷᠢᠯᠠᠵᠤ᠂ ᠳ᠋ᠦᠩ ᠾᠧ ᠲᠣᠭᠤᠷᠢᠭ ᠤᠨ ᠬᠢᠨ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠠᠭᠤᠴᠢᠨ ᠰᠠᠭᠤᠭᠠᠯᠢ | ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠠᠷᠠᠳ ᠤᠨ ᠰᠡᠳᠬᠢᠯ ᠤᠨ ᠢᠨᠵᠧᠨᠧᠷᠢᠩ ᠤᠨ ᠭᠤᠣᠯᠳᠠᠯᠭ᠎ᠠ | ᠪᠣᠯᠭᠠᠨ ᠪᠦᠲᠦᠭᠡᠨ ᠪᠠᠶᠢᠭᠤᠯᠵᠤ᠂ ᠬᠠᠭᠤᠴᠢᠨ ᠰᠡᠷᠢᠭᠦᠨ ᠭᠡᠷ ᠪᠠᠶᠢᠰᠢᠩ ᠢ ᠨᠤᠷᠠᠭᠠᠬᠤ᠂ ᠬᠤᠲᠠ ᠶᠢᠨ ᠵᠠᠮ᠂ ᠪᠣᠬᠢᠷ | ᠤᠰᠤᠨ ᠤ ᠬᠤᠭᠤᠯᠠᠢ ᠶᠢᠨ ᠲᠣᠣᠷ᠂ ᠨᠡᠶᠢᠲᠡ ᠶᠢᠨ ᠵᠣᠷᠯᠣᠩ᠂ ᠲᠡᠷᠭᠡ ᠵᠣᠭᠰᠣᠬᠤ ᠭᠠᠵᠠᠷ ᠵᠡᠷᠭᠡ ᠠᠯᠢ ᠣᠯᠠᠨ | ᠥᠭᠡᠷᠡᠴᠢᠯᠡᠯᠲᠡ ᠶᠢᠨ ᠢᠨᠵᠧᠨᠧᠷᠢᠩ ᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠳᠤᠷ᠎ᠠ ᠪᠠᠷ ᠢᠶᠠᠨ ᠪᠠᠷᠢᠬᠤ᠂ | ᠳᠤᠷ᠎ᠠ ᠪᠠᠷ ᠢᠶᠠᠨ ᠳᠡᠯᠭᠡᠬᠦ᠂ ᠲᠡᠷᠭᠡ ᠶᠢ ᠳᠤᠷ᠎ᠠ ᠪᠠᠷ ᠢᠶᠠᠨ ᠵᠣᠭᠰᠤᠭᠠᠬᠤ ᠵᠡᠷᠭᠡ ᠶᠢ ᠬᠠᠲᠠᠭᠤ ᠴᠢᠩᠭ᠎ᠠ ᠠᠷᠭ᠎ᠠ ᠬᠡᠮᠵᠢᠶ᠎ᠡ | ᠠᠪᠴᠤ ᠴᠡᠭᠴᠡᠯᠡᠨ ᠵᠠᠰᠠᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠲᠥᠪᠯᠡᠷᠡᠭᠦᠯᠦᠨ ᠴᠡᠭᠴᠡᠯᠡᠨ | ᠵᠠᠰᠠᠬᠤ ᠲᠤᠰᠬᠠᠢ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠯᠠᠨ ᠲᠦᠮᠡᠨ ᠤ ᠬᠦᠰᠡᠨ ᠱᠠᠭᠠᠷᠳᠠᠵᠤ ᠪᠠᠶᠢᠭ᠎ᠠ | ᠦᠯᠡᠮᠵᠢ ᠤᠯᠠᠨ ᠤᠴᠢᠷ ᠶᠠᠪᠤᠳᠠᠯ ᠢ ᠰᠠᠶᠢᠲᠤᠷ ᠬᠢᠵᠦ᠂ ᠬᠤᠳᠠ ᠶᠢᠨ ᠳᠦᠷᠰᠦ ᠪᠠᠶᠢᠳᠠᠯ ᠡᠳᠦᠷ ᠢᠷᠡᠬᠦᠶ᠎ᠡ | ᠰᠠᠶᠢᠵᠢᠷᠠᠵᠤ᠂ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢᠯᠡᠳᠲᠡ ᠰᠢᠯᠢᠳᠡᠭᠵᠢᠪᠡ᠃ | | | | | | | ᠣᠲᠣ ᠪᠣᠯᠲᠠᠯ᠎ᠠ᠂ 2022 ᠣᠨ ᠳᠤ ᠬᠤᠯᠪᠣᠭᠳᠠᠭᠰᠠᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ | ᠥᠭᠡᠷᠡᠴᠢᠯᠡᠨ ᠪᠠᠶᠢᠭᠤᠯᠬᠤ ᠳᠤ ᠨᠢᠭᠡᠨᠲᠡ 6510 ᠰᠡᠷᠢᠭᠦᠨ ᠭᠡᠷ ᠢ ᠨᠤᠷᠠᠭᠠᠵᠤ᠂ ᠪᠠᠷᠢᠯᠭ᠎ᠠ ᠶᠢᠨ ᠬᠤᠭ ᠨᠣᠪᠰᠢ ᠶᠢᠨ | ᠶᠡᠷᠦᠩᠬᠡᠢ ᠬᠡᠮᠵᠢᠶ᠎ᠡ 6.6 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠣᠲᠣ ᠨᠢᠭᠡᠨᠲᠡ ᠪᠦᠬᠦᠨ ᠢ | ᠴᠡᠪᠡᠷᠯᠡᠨ ᠲᠡᠭᠡᠭᠡᠪᠦᠷᠢᠯᠡᠵᠦ ᠳᠠᠭᠤᠰᠪᠠ︔ᠨᠡᠭᠦᠳᠡᠯ ᠳᠡᠯᠭᠡᠭᠦᠷᠴᠢᠨ ᠤ ᠵᠠᠮ ᠡᠵᠡᠯᠡᠨ ᠡᠵᠡᠩᠨᠡᠭᠰᠡᠨ 13142 | ᠭᠠᠵᠠᠷ ᠢ ᠴᠡᠪᠡᠷᠯᠡᠵᠦ᠂ ᠳᠡᠯᠭᠡᠭᠦᠷ ᠤᠨ ᠭᠠᠳᠠᠨ᠎ᠠ 10799 ᠭᠠᠵᠠᠷ ᠢ ᠣᠪᠣᠭᠠᠯᠠᠨ ᠲᠠᠯᠪᠢᠪᠠ;ᠬᠠᠮᠲᠤ ᠪᠠᠷ ᠡᠳ᠋ᠯᠡᠬᠦ | ᠳᠤᠭᠤᠢ ᠲᠡᠷᠭᠡ ᠶᠢ 24023 ᠤᠳᠠᠭ᠎ᠠ ᠳᠤᠷ᠎ᠠ ᠪᠠᠷ ᠢᠶᠠᠨ ᠵᠣᠭᠰᠤᠭᠠᠬᠤ ᠶᠢ ᠴᠡᠭᠴᠡᠯᠡᠨ ᠵᠠᠰᠠᠪᠠ᠃ | ᠰᠠᠶᠢᠨ ᠳᠤᠷ᠎ᠠ ᠶᠢᠨ ᠦᠢᠯᠡᠴᠢᠯᠡᠭᠡ ᠤᠷᠢᠬᠠᠨ ᠰᠠᠯᠬᠢ ᠥᠭᠭᠢᠶᠡᠮᠦᠷ ᠬᠤᠷ᠎ᠠ | ︽ᠰᠣᠶᠣᠯ ᠤᠨ ᠬᠦᠷᠢᠶᠡᠨ ᠳᠤ ᠪᠠᠶᠠᠷ ᠪᠠᠶᠠᠰᠬᠤᠯᠠᠩ ᠲᠠᠢ᠂ ᠴᠢ ᠳᠠᠭᠤᠯᠠᠪᠠᠯ ᠪᠢ ᠪᠥᠵᠢᠭᠯᠡᠨ᠎ᠡ᠂ ᠠᠷᠠᠳ ᠲᠤ | ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠶᠠᠷᠢᠭᠠᠷᠠᠢ᠂ ᠪᠣᠯᠪᠠᠰᠤᠨ ᠡᠶ᠎ᠡ ᠵᠣᠬᠢᠴᠠᠩᠭᠤᠢ ᠰᠢᠨ᠎ᠡ ᠬᠥᠳᠡᠭᠡ | ᠲᠣᠰᠬᠤᠨ ᠁︾ᠱᠠᠷᠴᠢᠨ ᠪᠠᠯᠭᠠᠰᠤ ᠶᠢᠨ ᠳ᠋ᠧᠩ ᠵᠢᠶᠠ ᠶᠢᠩᠽᠢ ᠲᠣᠰᠬᠤᠨ ᠤ ᠵᠠᠩ ᠷᠦᠢ ᠹᠥ᠋ᠨ ᠤ ᠰᠣᠶᠣᠯ ᠤᠨ | ᠬᠦᠷᠢᠶᠡᠨ ᠳᠤ᠂ ︽ᠰᠣᠶᠣᠯ ᠤᠨ ᠬᠦᠷᠢᠶᠡᠨ ᠳᠤ ᠪᠠᠶᠠᠷ ᠪᠠᠶᠠᠰᠬᠤᠯᠠᠩ ᠲᠠᠢ᠂ ᠴᠢ ᠳᠠᠭᠤᠯᠠᠪᠠᠯ ᠪᠢ ᠪᠥᠵᠢᠭᠯᠡᠨ᠎ᠡ᠂ | ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠶᠠᠷᠢᠭᠠᠷᠠᠢ᠂ ᠪᠣᠯᠪᠠᠰᠤᠨ ᠡᠶ᠎ᠡ ᠵᠣᠬᠢᠴᠠᠩᠭᠤᠢ ᠰᠢᠨ᠎ᠡ | ᠬᠥᠳᠡᠭᠡ ᠲᠣᠰᠬᠤᠨ ᠁︾᠃ ᠪᠠᠶᠠᠷ ᠬᠦᠷ ᠤᠨ ᠳᠠᠭᠤᠨ ᠴᠤᠤᠷᠢᠶᠠᠲᠤᠵᠤ᠂ ᠢᠷᠠᠭᠤ ᠰᠠᠶᠢᠬᠠᠨ ᠬᠥᠭᠵᠢᠮ ᠤᠨ | ᠠᠶᠠᠰ ᠪᠦᠬᠦ ᠲᠣᠰᠬᠤᠨ ᠳᠤ ᠴᠤᠤᠷᠢᠶᠠᠲᠤᠵᠤ᠂ ᠨᠢᠭᠡᠨ ︽ᠬᠥᠳᠡᠭᠡ ᠲᠣᠰᠬᠤᠨ ᠤ ᠲᠣᠮᠣ ᠲᠠᠶᠢᠰᠠ︾ᠬᠥᠳᠡᠭᠡ ᠶᠢᠨ ᠬᠡᠪ | ᠰᠤᠷᠲᠠᠯ ᠪᠣᠯᠪᠠᠰᠤᠨ ᠤ ᠰᠢᠨ᠎ᠡ ᠴᠤᠭ ᠵᠢᠪᠬᠤᠭ᠎ᠠ ᠶᠢ ᠪᠥᠵᠢᠭᠯᠡᠵᠦ᠂ ᠨᠤᠲᠤᠭ ᠤᠨ ᠠᠬ᠎ᠠ ᠳᠡᠭᠦᠦ ᠨᠠᠷ ᠡᠨᠡᠬᠦ | ᠥᠪᠡᠷ ᠤᠨ ᠢᠶᠠᠨ ᠲᠠᠶᠢᠰᠠᠨ ᠳᠡᠭᠡᠷ᠎ᠡ ᠳᠠᠭᠤᠤ ᠪᠥᠵᠢᠭ ᠢᠶᠠᠷ ᠢᠶᠠᠨ ᠵᠣᠯ ᠵᠢᠷᠭᠠᠯᠲᠤ ᠠᠮᠢᠳᠤᠷᠠᠯ ᠤᠨ ᠰᠠᠶᠢᠨ ᠰᠠᠶᠢᠬᠠᠨ | ᠬᠦᠰᠡᠯ ᠡᠷᠡᠮᠡᠯᠵᠡᠯ ᠢᠶᠠᠨ ᠢᠯᠡᠳᠬᠡᠵᠦ ᠪᠠᠶᠢᠯ᠎ᠠ᠃ | | | | | | | | | ᠣᠯᠠᠩᠬᠢ ᠲᠣᠭᠠᠨ ᠤ ᠣᠯᠠᠨ ᠲᠦᠮᠡᠨ ᠤ ᠨᠢᠳᠦᠨ ᠳᠤ᠂ ᠬᠥᠳᠡᠭᠡ ᠲᠣᠰᠬᠤᠨ ᠤ ᠰᠣᠶᠣᠯ ᠤᠨ ᠶᠡᠭᠡ ᠬᠦᠷᠢᠶ᠎ᠡ | ᠨᠢ ᠵᠥᠪᠬᠡᠨ ᠪᠥᠵᠢᠭ ᠪᠥᠵᠢᠭᠯᠡᠬᠦ᠂ ᠳᠠᠭᠤᠤ ᠳᠠᠭᠤᠯᠠᠬᠤ ᠭᠠᠵᠠᠷ ᠲᠡᠳᠦᠢ ᠶᠤᠮ᠂ ᠭᠡᠪᠡᠴᠦ ᠦᠨᠡᠨ ᠳᠡᠭᠡᠨ ᠲᠣᠰᠬᠤᠨ ᠤ | ᠠᠷᠠᠳ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠬᠠᠮᠲᠤ᠂ ᠰᠣᠶᠣᠯ ᠤᠨ ᠶᠡᠭᠡ ᠬᠦᠷᠢᠶ᠎ᠡ ᠨᠢ ᠬᠠᠷᠢᠯᠴᠠᠨ | ᠰᠣᠯᠢᠯᠴᠠᠬᠤ ᠶᠢ ᠠᠬᠢᠭᠤᠯᠵᠤ᠂ ᠤᠶᠤᠨ ᠰᠠᠨᠠᠭᠠᠨ ᠤ ᠶᠢᠷᠲᠢᠨᠴᠦ ᠶᠢ ᠲᠡᠭᠦᠯᠳᠡᠷᠵᠢᠭᠦᠯᠵᠦ᠂ ᠬᠥᠷᠰᠢ ᠵᠡᠷᠭᠡᠯᠡᠳᠡᠭᠡ ᠶᠢᠨ | ᠡᠶ᠎ᠡ ᠨᠠᠶᠢᠷᠰᠠᠭ ᠢ ᠠᠬᠢᠭᠤᠯᠵᠤ᠂ ᠡᠷᠡᠭᠦᠯ ᠪᠣᠯᠪᠠᠰᠤᠨ ᠨᠡᠶᠢᠭᠡᠮ ᠤᠨ ᠰᠢᠨ᠎ᠡ ᠰᠤᠷᠲᠠᠯ ᠢ ᠪᠤᠢ ᠪᠣᠯᠭᠠᠬᠤ ᠶᠢ | ᠰᠠᠨᠠᠭᠠᠴᠢᠯᠠᠵᠤ᠂ ᠲᠣᠰᠬᠤᠨ ᠤ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠤᠯᠠᠮ ᠴᠢᠨᠠᠭᠰᠢᠳᠠ | ᠳᠡᠭᠡᠭᠰᠢᠯᠡᠭᠦᠯᠦᠭᠰᠡᠨ ᠪᠠᠶᠢᠨ᠎ᠠ᠃ | ᠣᠶᠢᠷ᠎ᠠ ᠶᠢᠨ ᠵᠢᠯ ᠠᠴᠠ᠂ ᠳ᠋ᠦᠩ ᠾᠧ ᠲᠣᠭᠤᠷᠢᠭ ᠤᠨ ᠬᠢᠨ ᠦᠨᠳᠦᠰᠦᠨ ᠱᠠᠲᠤᠨ ᠤ ᠶᠡᠷᠦᠩᠬᠡᠶᠢᠯᠡᠭᠰᠡᠨ | ᠰᠣᠶᠣᠯ ᠤᠨ ᠦᠢᠯᠡᠴᠢᠯᠡᠭᠡᠨ ᠤ ᠲᠥᠪ᠂︽ᠰᠠᠶᠢᠨ ᠬᠥᠮᠥᠨ ᠤ ᠣᠷᠳᠣᠨ︾᠂︽ᠬᠥᠳᠡᠭᠡ ᠲᠣᠰᠬᠤᠨ ᠤ ᠲᠣᠮᠣ ᠲᠠᠪᠴᠠᠩ︾ | ᠤᠨ ᠰᠣᠶᠣᠯ ᠤᠨ ᠲᠣᠮᠣ ᠬᠦᠷᠢᠶᠡᠯᠡᠩ ᠵᠡᠷᠭᠡ ᠡᠯ᠎ᠡ ᠲᠦᠷᠦᠯ ᠤᠨ ᠲᠠᠯᠠᠪᠤᠷ ᠢ ᠬᠥᠭᠵᠢᠭᠡᠬᠦ᠂ ᠨᠡᠶᠢᠳᠬᠡᠬᠦ᠂ ᠬᠠᠮᠲᠤᠪᠠᠷ | ᠡᠳ᠋ᠯᠡᠬᠦ᠂ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠪᠣᠯᠪᠠᠰᠤᠨ ᠤ ᠦᠢᠯᠡᠳᠦᠯᠭᠡ ᠶᠢᠨ ᠬᠡᠷᠡᠭᠴᠡᠭᠡ ᠪᠣᠯᠣᠨ | ᠤᠯᠠᠨ ᠲᠦᠮᠡᠨ ᠤ ᠬᠡᠷᠡᠭᠴᠡᠭᠡ ᠶᠢ ᠦᠨᠳᠦᠰᠦᠯᠡᠨ ᠲᠠᠬᠢᠨ ᠲᠣᠬᠢᠷᠠᠭᠤᠯᠵᠤ᠂ ᠲᠠᠬᠢᠨ ᠰᠢᠯᠢᠳᠡᠭᠵᠢᠭᠦᠯᠵᠦ᠂ | ᠵᠢᠭᠰᠠᠭᠠᠯ ᠤᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠬᠦᠴᠦᠷᠬᠡᠭᠵᠢᠭᠦᠯᠪᠡ︔ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ᠂ ᠦᠨᠳᠦᠰᠦᠨ ᠱᠠᠲᠤ ᠶᠢ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠲᠠᠢ ᠤᠶᠠᠯᠳᠤᠭᠤᠯᠵᠤ᠂ ︽ᠰᠢᠨ᠎ᠡ | ᠴᠠᠭ ᠦᠶ᠎ᠡ ᠶᠢᠨ ᠪᠣᠯᠪᠠᠰᠤᠨ ᠤ ᠰᠠᠶᠢᠨ ᠳᠤᠷ᠎ᠠ ᠶᠢᠨ ᠦᠢᠯᠡᠴᠢᠯᠡᠭᠡ + ᠵᠠᠩ ᠳᠠᠳᠬᠠᠯ ᠢ ᠥᠭᠡᠷᠡᠴᠢᠯᠡᠬᠦ︾ᠵᠡᠷᠭᠡ | ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ ᠬᠡᠷᠡᠭᠵᠢᠭᠦᠯᠵᠦ᠂ ᠤᠯᠠᠨ ᠲᠦᠮᠡᠨ ᠤ ᠰᠡᠳᠬᠢᠯ ᠢ | ᠳᠤᠯᠠᠭᠠᠴᠠᠭᠤᠯᠵᠤ᠂ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠴᠡᠭ ᠢ ᠴᠡᠭ ᠲᠤᠨᠢ ᠲᠠᠭᠠᠷᠠᠭᠤᠯᠵᠤ᠂ ᠦᠨᠡᠨ | ᠪᠣᠳᠠᠲᠠᠢ ᠪᠠᠶᠢᠬᠤ ᠶᠢ ᠠᠬᠢᠭᠤᠯᠵᠤ᠂ ᠪᠣᠯᠪᠠᠰᠤᠨ ᠤ ᠰᠢᠨ᠎ᠡ ᠰᠤᠷᠲᠠᠯ ᠢ ᠤᠯᠠᠨ ᠲᠦᠮᠡᠨ ᠤ ᠳᠡᠷᠭᠡᠳᠡ ᠬᠦᠷᠭᠡᠵᠦ᠂ | ᠤᠷᠢᠬᠠᠨ ᠰᠠᠯᠬᠢ ᠥᠭᠭᠢᠶᠡᠮᠦᠷ ᠬᠤᠷ᠎ᠠ ᠮᠡᠲᠦ ᠪᠠᠷ ᠬᠥᠮᠥᠰ ᠤᠨ ᠰᠡᠳᠬᠢᠯ ᠢ ᠳᠤᠯᠠᠭᠠᠴᠠᠭᠤᠯᠵᠤ᠂ ᠰᠦᠷ ᠳᠠᠯᠠᠶᠢᠴᠠᠲᠠᠢ | ᠤᠶᠤᠨ ᠰᠠᠨᠠᠭᠠᠨ ᠤ ᠬᠦᠴᠦᠨ ᠢ ᠨᠢᠭᠲᠠᠷᠠᠭᠤᠯᠤᠨ᠎ᠠ᠃ | | | | | ︽ᠪᠢᠳᠡ ᠪᠣᠯᠪᠠᠰᠤᠨ ᠤ ᠦᠢᠯᠡᠳᠦᠯᠭᠡ ᠪᠠᠷ ᠵᠢᠱᠢᠶ᠎ᠡ ᠦᠵᠡᠭᠦᠯᠦᠨ ᠳᠠᠶᠢᠴᠢᠯᠠᠬᠤ ᠪᠠᠷ ᠳᠠᠮᠵᠢᠭᠤᠯᠵᠤ᠂ | ᠬᠤᠳᠠ ᠶᠢᠨ ᠠᠷᠠᠳ ᠤᠨ ᠪᠣᠯᠪᠠᠰᠤᠨ ᠠᠵᠢᠯᠯᠠᠭ᠎ᠠ ᠶᠢ ᠪᠤᠢ ᠪᠣᠯᠭᠠᠬᠤ᠂ ᠪᠣᠯᠪᠠᠰᠤᠨ ᠤ ᠬᠡᠪ ᠪᠣᠯᠪᠠᠰᠤᠷᠠᠯ ᠢ | ᠳᠡᠭᠡᠭᠰᠢᠯᠡᠭᠦᠯᠬᠦ ᠶᠢ ᠠᠬᠢᠭᠤᠯᠵᠤ᠂ ᠡᠭᠦᠳᠦᠨ ᠪᠠᠶᠢᠭᠤᠯᠬᠤ ᠠᠵᠢᠯ ᠢ ᠬᠤᠳᠠ ᠶᠢᠨ ᠠᠷᠠᠳ ᠤᠨ ᠤᠬᠠᠮᠰᠠᠷᠲᠤ | ᠠᠵᠢᠯᠯᠠᠭ᠎ᠠ ᠪᠣᠯᠭᠠᠵᠤ᠂ ᠬᠤᠳᠠ ᠶᠢᠨ ᠰᠦᠭ ᠰᠦᠨᠡᠰᠦᠨ ᠳᠤ ᠠᠭᠤᠰᠬᠠᠬᠤ ᠶᠢ ᠬᠦᠰᠡᠵᠦ ᠪᠠᠶᠢᠨ᠎ᠠ︾᠃ ᠭᠡᠵᠦ | ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ | ᠬᠠᠷᠢᠭᠤᠴᠠᠯᠭᠠᠲᠠᠨ ᠬᠡᠯᠡᠪᠡ᠃ | ᠪᠣᠯᠪᠠᠰᠤᠨ ᠠᠴᠠ ᠡᠭᠦᠰᠴᠦ᠂ ᠵᠣᠯ ᠵᠢᠷᠭᠠᠯ ᠢ ᠪᠠᠲᠤᠯᠠᠨ᠎ᠠ᠃ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ | ᠡᠨᠡᠬᠦ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠳᠤ᠂ ᠳ᠋ᠦᠩ ᠡᡁᠸ ᠲᠣᠭᠤᠷᠢᠭ ᠤᠨ ᠬᠢᠨ ᠢᠮᠠᠭᠲᠠ ᠤᠭ | ᠰᠠᠨᠠᠭ᠎ᠠ ᠪᠠᠨ ᠪᠠᠲᠤ ᠰᠠᠬᠢᠵᠤ᠂ ᠵᠠᠮ ᠳᠠᠭᠠᠨ ᠡᠷᠡᠰ ᠪᠠᠲᠤ ᠶᠠᠪᠤᠵᠤ᠂ ᠠᠷᠠᠳ ᠤᠯᠠᠨ ᠤ ᠵᠣᠯ ᠵᠢᠷᠭᠠᠯ ᠤᠨ ᠵᠢᠷᠤᠭ ᠨᠢ | ᠯᠠᠪᠲᠠᠢ ᠭᠤᠶᠤ ᠰᠠᠶᠢᠬᠠᠨ ᠪᠥᠭᠡᠳ ᠤᠷᠳᠤ ᠤᠳᠠᠭᠠᠨ ᠪᠠᠶᠢᠬᠤ ᠶᠤᠮ᠃ | |