7 ᠳ᠋ᠤᠭᠠᠷ ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ | ᠳᠡᠳ᠋ ᠳᠠᠷᠤᠭ᠎ᠠ ᠸᠠᠩ ᠫᠢᠩ᠂ ᠬᠠᠤᠯᠢ ᠴᠠᠭᠠᠵᠠ ᠶᠢᠨ ᠲᠢᠩᠬᠢᠮ ᠤᠨ ᠤᠯᠤᠰ ᠲᠥᠷᠥ ᠴᠠᠭᠳᠠᠭᠠᠨ ᠤ ᠶᠠᠪᠤᠳᠠᠯ ᠤᠨ | ᠬᠡᠯᠲᠡᠰ ᠤᠨ ᠠᠵᠢᠯᠲᠠᠨ ᠤ ᠶᠠᠪᠤᠳᠠᠯ ᠤᠨ ᠭᠠᠵᠠᠷ ᠤᠨ ᠳᠠᠷᠤᠭ᠎ᠠ ᠪᠠᠭ᠋ᠧᠨ᠂ ᠬᠠᠤᠯᠢ ᠴᠠᠭᠠᠵᠠ ᠶᠢᠨ ᠲᠢᠩᠬᠢᠮ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢᠵᠢᠯᠲᠠ ᠶᠢᠨ ᠭᠠᠵᠠᠷ ᠤᠨ ᠳᠠᠷᠤᠭ᠎ᠠ ᠸᠠᠩ ᠰᠢ ᠨᠠᠷ ᠮᠠᠨ ᠤ | ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠲᠣᠭᠲᠠᠭᠤᠨ ᠢ ᠬᠠᠮᠠᠭᠠᠯᠠᠬᠤ ᠠᠮᠤᠷ ᠢ ᠬᠠᠮᠠᠭᠠᠯᠠᠬᠤ ᠠᠵᠢᠯ ᠢ | ᠰᠢᠮᠳᠠᠭᠤᠯᠤᠨᠪᠤᠭᠤᠲᠤ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠳᠠᠷᠤᠭ᠎ᠠ ᠵᠠᠩ ᡁᠢ ᠭᠠᠩ᠂ | ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠬᠤᠩ ᠶᠠᠨ ᠵᠢᠴᠢ ᠲᠣᠭᠤᠷᠢᠭ ᠤᠨ ᠬᠠᠤᠯᠢ | ᠴᠠᠭᠠᠵᠠ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | | | | | ᠸᠠᠩ ᠫᠢᠩ ᠨᠠᠷ ᠳ᠋ᠦᠩ ᠾᠧ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠨᠡᠶᠢᠭᠡᠮ ᠲᠣᠭᠤᠷᠢᠭ ᠤᠨ | ᠵᠠᠰᠠᠮᠵᠢᠯᠠᠬᠤ ᠲᠥᠪ ᠲᠤ ᠬᠦᠷᠴᠦ᠂ ᠨᠡᠶᠢᠭᠡᠮ ᠲᠣᠭᠤᠷᠢᠭ ᠤᠨ ᠵᠠᠰᠠᠮᠵᠢᠯᠠᠬᠤ ᠡᠲᠡᠭᠡᠳ ᠤᠨ ᠬᠠᠮᠢᠶᠠᠷᠤᠯᠲᠠ ᠶᠢᠨ | ᠠᠵᠢᠯ ᠤᠨ ᠪᠠᠶᠢᠳᠠᠯ ᠢ ᠣᠶᠢᠯᠠᠭᠠᠪᠠ᠃ | ᠸᠠᠩ ᠫᠢᠩ ᠨᠠᠷ ᠤᠷᠢᠳ ᠬᠤᠵᠢᠳ ᠳ᠋ᠦᠩ ᠾᠧ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠳ᠋ᠦᠩ | ᠰᠢᠩ ᠬᠠᠤᠯᠢ ᠴᠠᠭᠠᠵᠠ ᠶᠢᠨ ᠭᠠᠵᠠᠷ᠂ ᠰᠢᠷᠴᠢᠨ ᠤ ᠬᠠᠤᠯᠢ ᠴᠠᠭᠠᠵᠠ ᠶᠢᠨ ᠭᠠᠵᠠᠷ᠂ ᠾᠧ ᠳ᠋ᠦᠩ ᠪᠠᠯᠭᠠᠰᠤ ᠶᠢᠨ | ᠬᠠᠤᠯᠢ ᠴᠠᠭᠠᠵᠠ ᠶᠢᠨ ᠭᠠᠵᠠᠷ ᠢ ᠲᠤᠬᠠᠢ ᠶᠢᠨ ᠭᠠᠵᠠᠷ ᠲᠤᠨᠢ ᠱᠠᠯᠠᠪᠳᠠᠭᠤᠯᠤᠨ ᠪᠠᠶᠢᠴᠠᠭᠠᠵᠠᠢ᠃ ᠲᠤᠬᠠᠢ ᠶᠢᠨ | ᠲᠠᠯᠠᠪᠤᠷ ᠲᠤ ᠠᠵᠢᠯᠲᠠᠳ ᠲᠠᠢ ᠰᠠᠨᠠᠯ ᠢᠶᠠᠨ ᠰᠣᠯᠢᠯᠴᠠᠵᠤ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ᠂ ᠬᠥᠳᠡᠭᠡ ᠲᠣᠰᠬᠤᠨ ᠤ ᠣᠯᠠᠨ ᠨᠡᠶᠢᠲᠡ ᠶᠢᠨ ᠬᠠᠤᠯᠢ | ᠴᠠᠭᠠᠵᠠ ᠶᠢᠨ ᠦᠢᠯᠡᠴᠢᠯᠡᠭᠡ᠂ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠠᠷᠢᠯᠭᠠᠬᠤ ᠠᠵᠢᠯ ᠵᠢᠴᠢ ᠨᠠᠮ ᠤᠨ | ᠬᠤᠷᠢᠳᠤᠭᠠᠷ ᠶᠡᠭᠡ ᠬᠤᠷᠠᠯ ᠤᠨ ᠲᠣᠭᠲᠠᠭᠤᠨ ᠢ ᠬᠠᠮᠠᠭᠠᠯᠠᠬᠤ ᠠᠮᠤᠷ ᠢ ᠬᠠᠮᠠᠭᠠᠯᠠᠬᠤ ᠠᠵᠢᠯ ᠤᠨ ᠶᠡᠷᠦᠩᠬᠡᠢ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠪᠠᠶᠢᠳᠠᠯ ᠢ ᠭᠤᠣᠯᠳᠠᠯᠭ᠎ᠠ ᠲᠠᠢ ᠣᠶᠢᠯᠠᠭᠠᠪᠠ᠃ | | | | | | ᠸᠠᠩ ᠫᠢᠩ ᠨᠠᠷ ᠳ᠋ᠦᠩᠰᠢᠩ ᠤᠨ ᠬᠠᠤᠯᠢ ᠴᠠᠭᠠᠵᠠ ᠶᠢᠨ ᠭᠠᠵᠠᠷ ᠲᠤ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ | ᠰᠢᠢᠳᠪᠦᠷᠢᠯᠡᠬᠦ ᠠᠵᠢᠯ ᠤᠨ ᠪᠠᠶᠢᠳᠠᠯ ᠢ ᠣᠶᠢᠯᠠᠭᠠᠪᠠ᠃ | | | | ᠸᠠᠩ ᠫᠢᠩ ᠨᠠᠷ ᠱᠠᠷᠴᠢᠨ ᠤ ᠬᠠᠤᠯᠢ ᠴᠠᠭᠠᠵᠠ ᠶᠢᠨ ᠭᠠᠵᠠᠷ ᠲᠤ ᠬᠥᠳᠡᠭᠡ ᠲᠣᠰᠬᠤᠨ ᠤ ᠤᠯᠠᠨ ᠨᠡᠶᠢᠲᠡ ᠶᠢᠨ | ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠪᠠᠶᠢᠳᠠᠯ ᠢ ᠣᠶᠢᠯᠠᠭᠠᠪᠠ᠃ | | | | | ᠸᠠᠩ ᠫᠢᠩ ᠨᠠᠷ ᠾᠧ ᠳ᠋ᠦᠩ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ ᠲᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠠᠵᠢᠯ ᠤᠨ ᠪᠠᠶᠢᠳᠠᠯ ᠢ ᠣᠶᠢᠯᠠᠭᠠᠪᠠ᠃ | ᠸᠠᠩ ᠫᠢᠩ ᠳ᠋ᠦᠩ ᠾᠧ ᠲᠣᠭᠤᠷᠢᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠲᠣᠭᠲᠠᠭᠤᠨ ᠢ | ᠬᠠᠮᠠᠭᠠᠯᠠᠬᠤ ᠠᠮᠤᠷ ᠢ ᠬᠠᠮᠠᠭᠠᠯᠠᠬᠤ ᠠᠵᠢᠯ ᠤᠨ ᠣᠯᠣᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠡᠭᠦᠨ ᠤ | ᠬᠠᠮᠲᠤ ᠴᠢᠬᠤᠯᠠᠴᠢᠯᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠤᠨ ᠲᠣᠭᠲᠠᠭᠤᠨ ᠢ ᠬᠠᠮᠠᠭᠠᠯᠠᠵᠤ ᠠᠮᠤᠷ ᠢ | ᠬᠠᠮᠠᠭᠠᠯᠠᠬᠤ ᠠᠵᠢᠯ ᠢ ᠰᠠᠶᠢᠲᠤᠷ ᠬᠢᠬᠦ ᠪᠣᠯ ᠣᠳᠣᠬᠠᠨ ᠤ ᠨᠢᠭᠡᠨ ᠴᠢᠬᠤᠯᠠ ᠤᠯᠤᠰ ᠲᠥᠷᠥ ᠶᠢᠨ ᠡᠭᠦᠷᠭᠡ ᠮᠥᠨ᠂ | ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠨᠠᠮᠳᠠᠭᠤᠯᠬᠤ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡ᠂ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠵᠡᠷᠭᠡ ᠭᠤᠣᠯᠳᠠᠯᠭ᠎ᠠ ᠲᠠᠢ ᠠᠵᠢᠯ ᠢ | ᠨᠠᠷᠢᠨ ᠬᠢᠨᠠᠮᠠᠭᠠᠢ ᠰᠠᠶᠢᠲᠤᠷ ᠬᠢᠵᠦ᠂ ᠠᠮᠤᠷ ᠢ ᠬᠠᠮᠠᠭᠠᠯᠠᠬᠤ ᠲᠣᠭᠲᠠᠭᠤᠨ ᠢ ᠬᠠᠮᠠᠭᠠᠯᠠᠬᠤ ᠠᠵᠢᠯ ᠢ | ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠴᠢᠩᠭ᠎ᠠ ᠪᠣᠳᠠᠲᠠᠢ ᠨᠠᠷᠢᠯᠢᠭ ᠰᠠᠶᠢᠲᠤᠷ ᠠᠳᠬᠤᠵᠤ᠂ ᠠᠮᠤᠷ | ᠲᠦᠪᠰᠢᠨ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠲᠣᠭᠤᠷᠢᠨ ᠢ ᠡᠭᠦᠳᠬᠦ ᠳᠤ ᠬᠠᠤᠯᠢ ᠴᠠᠭᠠᠵᠠ ᠶᠢᠨ | ᠵᠠᠰᠠᠭ ᠵᠠᠬᠢᠷᠭᠠᠨ ᠤ ᠬᠦᠴᠦᠨ ᠴᠢᠳᠠᠯ ᠢᠶᠠᠨ ᠡᠷᠭᠦᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ | ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | |