7 ᠳ᠋ᠤᠭᠠᠷ ᠰᠠᠷ᠎ᠠ ᠶᠢᠨ 5 ᠤ ᠡᠳᠦᠷ᠂ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ᠂ ᠣᠷᠣᠨ ᠤ ᠰᠢᠨ ᠭᠤᠸᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠵᠢᠯᠤᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠵᠠᠩ ᠯᠢ ᠵᠢᠶᠦ᠋ᠨ ᠮᠠᠨ ᠤ ᠣᠷᠣᠨ ᠤ 60 ᠨᠠᠰᠤᠨ ᠠᠴᠠ | ᠳᠡᠭᠡᠭᠰᠢᠬᠢ ᠬᠥᠮᠥᠰ ᠤᠨ ᠸᠠᠺᠼᠢᠨ ᠤ ᠲᠠᠷᠢᠯᠭ᠎ᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ | ᠵᠠᠩ ᠯᠢ ᠵᠢᠶᠦ᠋ᠨ ᠤᠷᠢᠳ ᠬᠤᠵᠢᠳ ᠬᠤᠲᠣᠩ ᠦᠨᠳᠦᠰᠦᠲᠡᠨ ᠤ ᠵᠡᠭᠡᠯᠢ ᠭᠤᠳᠤᠮᠵᠢ ᠶᠢᠨ ᠹᠦ᠋ ᠱᠧᠩ ᠮᠢᠩ | ᠨᠡᠶᠢᠭᠡᠮ ᠲᠣᠭᠤᠷᠢᠭ᠂ ᠳ᠋ᠦᠩ ᠵᠠᠨ ᠵᠡᠭᠡᠯᠢ ᠭᠤᠳᠤᠮᠵᠢ ᠶᠢᠨ ᠭᠦᠩ ᠢ ᠨᠡᠶᠢᠭᠡᠮ ᠲᠣᠭᠤᠷᠢᠭ ᠵᠡᠷᠭᠡ ᠭᠠᠵᠠᠷ ᠲᠤ | ᠬᠦᠷᠴᠦ᠂ ᠲᠤᠬᠠᠢ ᠶᠢᠨ ᠲᠠᠯᠠᠪᠠᠢ ᠳᠤ ᠡᠯ᠎ᠡ ᠲᠦᠷᠦᠯ ᠤᠨ ᠬᠥᠮᠥᠰ ᠤᠨ ᠮᠡᠳᠡᠭᠡ ᠵᠠᠩᠭᠢ ᠶᠢᠨ ᠡᠬᠡ ᠲᠠᠩᠰᠠ ᠶᠢ | ᠪᠠᠶᠢᠴᠠᠭᠠᠨ ᠦᠵᠡᠵᠦ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠳ ᠠᠴᠠ ᠲᠠᠷᠢᠯᠭ᠎ᠠ ᠬᠢᠭᠰᠡᠨ ᠦᠭᠡᠢ | ᠰᠠᠭᠤᠭᠠᠯᠢ ᠠᠷᠠᠳ ᠤᠨ ᠪᠠᠶᠢᠳᠠᠯ ᠪᠣᠯᠣᠨ ᠡᠷᠦᠬᠡ ᠳᠤ ᠬᠦᠷᠴᠦ ᠳᠠᠶᠢᠴᠢᠯᠠᠬᠤ ᠠᠵᠢᠯ ᠤᠨ ᠳᠤᠮᠳᠠ ᠲᠤᠯᠭᠠᠷᠠᠭᠰᠠᠨ | ᠬᠦᠴᠢᠷᠳᠡᠯ ᠢ ᠨᠠᠷᠢᠨ ᠣᠶᠢᠯᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠲᠤᠬᠠᠢ ᠶᠢᠨ ᠲᠠᠯᠠᠪᠠᠢ ᠳᠤ ᠠᠯᠪᠠᠯᠠᠵᠤ | ᠰᠢᠢᠳᠪᠦᠷᠢᠯᠡᠪᠡ᠃ | ᠳᠠᠷᠠᠭ᠎ᠠ ᠨᠢ᠂ ᠵᠠᠩ ᠯᠢ ᠵᠢᠶᠦ᠋ᠨ ᠮᠠᠨ ᠤ ᠣᠷᠣᠨ ᠤ 60 ᠨᠠᠰᠤᠨ ᠠᠴᠠ ᠳᠡᠭᠡᠭᠰᠢᠬᠢ ᠬᠥᠮᠥᠰ ᠲᠤ | ᠸᠠᠺᠼᠢᠨ ᠤ ᠲᠠᠷᠢᠯᠭ᠎ᠠ ᠶᠢᠨ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠣᠷᠣᠨ ᠤ 60 | ᠨᠠᠰᠤᠨ ᠠᠴᠠ ᠳᠡᠭᠡᠭᠰᠢᠬᠢ ᠬᠥᠮᠥᠰ ᠲᠤ ᠸᠠᠺᠼᠢᠨ ᠤ ᠲᠠᠷᠢᠯᠭ᠎ᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠣᠶᠢᠷ᠎ᠠ ᠶᠢᠨ | ᠬᠤᠭᠤᠴᠠᠭᠠᠨ ᠤ ᠸᠠᠺᠼᠢᠨ ᠤ ᠲᠠᠷᠢᠯᠭ᠎ᠠ ᠶᠢᠨ ᠠᠵᠢᠯ ᠢ ᠳᠠᠬᠢᠨ ᠪᠠᠶᠢᠷᠢᠯᠠᠭᠤᠯᠵᠤ ᠳᠠᠬᠢᠨ ᠳᠠᠶᠢᠴᠢᠯᠠᠪᠠ᠃ | ᠬᠤᠷᠠᠯ ᠠᠴᠠ ᠴᠢᠬᠤᠯᠠᠴᠢᠯᠠᠭᠰᠠᠨ ᠨᠢ | ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠢ ᠲᠠᠨᠢᠵᠤ᠂ 60 ᠨᠠᠰᠤᠨ ᠠᠴᠠ ᠳᠡᠭᠡᠭᠰᠢᠬᠢ ᠬᠥᠮᠥᠰ ᠤᠨ | ᠸᠠᠺᠼᠢᠨ ᠤ ᠲᠠᠷᠢᠯᠭ᠎ᠠ ᠶᠢᠨ ᠠᠵᠢᠯ ᠢ ᠣᠳᠣᠬᠠᠨ ᠤ ᠪᠥᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠳᠤᠮᠳᠠᠬᠢ ᠬᠠᠮᠤᠭ ᠤᠨ ᠪᠠᠴᠢᠮ᠂ ᠬᠠᠮᠤᠭ ᠤᠨ ᠴᠢᠬᠤᠯᠠ ᠡᠭᠦᠷᠭᠡ ᠪᠣᠯᠭᠠᠵᠤ᠂ ᠡᠯ᠎ᠡ ᠵᠦᠢᠯ ᠤᠨ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ | ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠢᠨ ᠡᠭᠦᠷᠭᠡ | ᠪᠠ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠬᠠᠷᠢᠶᠠᠲᠤ ᠣᠷᠣᠨ ᠤ ᠪᠠᠨ 60 ᠨᠠᠰᠤᠨ ᠠᠴᠠ ᠳᠡᠭᠡᠭᠰᠢᠬᠢ | ᠬᠥᠮᠥᠰ ᠲᠤ ᠲᠠᠷᠢᠯᠭ᠎ᠠ ᠬᠢᠬᠦ ᠠᠵᠢᠯ ᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠡᠯ᠎ᠡ ᠠᠵᠢᠯ | ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ | ᠪᠠᠷᠢᠯᠭ᠎ᠠ ᠶᠢᠨ ᠠᠵᠢᠯ ᠤᠨ ᠭᠠᠵᠠᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠠᠷᠢᠭᠤᠨ ᠴᠡᠪᠡᠷ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠬᠥᠮᠥᠰ ᠲᠤ ᠸᠠᠺᠼᠢᠨ ᠤ | ᠲᠠᠷᠢᠯᠭ᠎ᠠ ᠬᠢᠬᠦ ᠪᠠ ᠵᠣᠬᠢᠶᠠᠨ ᠪᠠᠶᠢᠭᠤᠯᠵᠤ ᠳᠠᠶᠢᠴᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ᠬᠠᠷᠢᠭᠤᠴᠠᠯᠭ᠎ᠠ ᠶᠢ | ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠶᠢᠨ ᠳᠦᠷᠢᠮ ᠢ ᠱᠠᠲᠤ | ᠱᠠᠲᠤ ᠪᠠᠷ ᠪᠠᠶᠢᠭᠤᠯᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠳᠠᠭᠠᠭᠠᠴᠢᠯᠠᠨ ᠬᠤᠯᠪᠣᠭᠠᠯᠠᠬᠤ ᠪᠠ | ᠬᠤᠪᠢᠳᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠪᠠᠯᠭᠠᠰᠤᠨ ᠤ ᠵᠡᠭᠡᠯᠢ ᠭᠤᠳᠤᠮᠵᠢ᠂ ᠨᠡᠶᠢᠭᠡᠮ | ᠲᠣᠭᠤᠷᠢᠭ ᠤᠨ ᠲᠣᠣᠷ ᠲᠤ ᠭᠦᠨᠵᠡᠭᠡᠶᠢᠷᠡᠨ ᠨᠢᠭᠡᠳ ᠨᠢᠭᠡ ᠪᠠᠷ ᠪᠠᠶᠢᠴᠠᠭᠠᠨ ᠰᠢᠢᠳᠪᠦᠷᠢᠯᠡᠵᠦ᠂ ᠬᠢᠨᠠᠨ ᠵᠢᠯᠤᠭᠤᠳᠬᠤ | ᠪᠠ ᠬᠢᠨᠠᠯᠲᠠ ᠲᠠᠯᠪᠢᠬᠤ ᠪᠠᠨ ᠴᠢᠩᠭᠠᠳᠬᠠᠨ᠂ ᠸᠠᠺᠼᠢᠨ ᠤ ᠲᠠᠷᠢᠯᠭ᠎ᠠ ᠶᠢᠨ ᠠᠵᠢᠯ ᠢ ᠵᠣᠬᠢᠴᠠᠭᠤᠯᠤᠨ ᠠᠬᠢᠭᠤᠯᠬᠤ | ᠬᠡᠷᠡᠭᠲᠡᠢ᠃ᠵᠣᠬᠢᠴᠠᠭᠤᠯᠤᠨ ᠬᠠᠮᠵᠢᠯᠴᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠠᠪᠲᠠᠭᠠᠶᠢᠷᠠᠭᠤᠯᠤᠨ | ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠲᠣᠭᠤᠷᠢᠭ ᠲᠤ ᠰᠠᠭᠤᠬᠤ ᠪᠠ ᠲᠣᠭᠤᠷᠢᠭ ᠲᠤ ᠬᠠᠷᠢᠶᠠᠯᠠᠭᠳᠠᠬᠤ ᠡᠮᠨᠡᠨ | ᠰᠤᠪᠢᠯᠠᠬᠤ ᠬᠦᠴᠦᠨ ᠢ ᠨᠢᠭᠡᠳᠦᠯᠲᠡᠢ ᠲᠥᠯᠥᠪᠯᠡᠨ᠂ ᠲᠤᠰᠬᠠᠶᠢᠵᠢᠭᠰᠠᠨ ᠲᠠᠷᠢᠯᠭ᠎ᠠ ᠶᠢᠨ ᠡᠩᠨᠡᠭᠡ ᠶᠢ ᠵᠣᠬᠢᠶᠠᠨ | ᠪᠠᠶᠢᠭᠤᠯᠬᠤ ᠶᠢᠨ ᠬᠠᠮᠲᠤ ᠤᠬᠠᠭᠤᠯᠤᠨ ᠬᠥᠲᠥᠯᠥᠨ ᠵᠢᠯᠤᠭᠤᠳᠬᠤ ᠪᠠ ᠳᠠᠶᠢᠴᠢᠯᠠᠬᠤ ᠶᠢ ᠴᠢᠩᠭᠠᠳᠬᠠᠵᠤ᠂ | ᠨᠠᠰᠤᠲᠠᠶᠢᠴᠤᠳ ᠤᠨ ᠲᠠᠷᠢᠯᠭ᠎ᠠ ᠶᠢᠨ ᠬᠦᠰᠡᠯ ᠢ ᠳᠡᠭᠡᠭᠰᠢᠯᠡᠭᠦᠯᠦᠨ᠂ ᠸᠠᠺᠼᠢᠨ ᠤ ᠲᠠᠷᠢᠯᠭ᠎ᠠ ᠶᠢᠨ ᠠᠵᠢᠯ ᠤᠨ | ᠥᠨᠳᠥᠷ ᠪᠦᠲᠦᠮᠵᠢᠲᠡᠶ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ᠰᠠᠭᠤᠷᠢ ᠲᠤᠭ᠎ᠠ ᠶᠢ ᠤᠯᠠᠮ ᠨᠢᠭᠡ | ᠠᠯᠬᠤᠮ ᠲᠣᠳᠣᠷᠬᠠᠢ ᠣᠶᠢᠯᠠᠭᠠᠵᠤ᠂ ︽ᠲᠤᠯᠤᠭᠠᠨ ᠬᠥᠮᠥᠨ ᠨᠡᠶᠢᠳᠡᠮ ᠬᠡᠷᠡᠭᠯᠡᠬᠦ︾ ᠪᠠ ᠪᠥᠬᠦ ᠠᠵᠢᠯᠲᠠᠨ ᠤ ᠪᠥᠭᠡᠮ | ᠬᠦᠴᠢᠯ ᠤᠨ ᠰᠢᠰᠲ᠋ᠧᠮ ᠤᠨ ᠬᠠᠷᠢᠴᠠᠭᠤᠯᠤᠭᠰᠠᠨ ᠲᠤᠭ᠎ᠠ ᠪᠠᠷᠢᠮᠲᠠ ᠶᠢ ᠠᠰᠢᠭᠯᠠᠨ᠂ 60 ᠨᠠᠰᠤᠨ ᠠᠴᠠ ᠳᠡᠭᠡᠭᠰᠢᠬᠢ | ᠬᠥᠮᠥᠰ ᠤᠨ ᠪᠠᠶᠢᠳᠠᠯ ᠢ ᠳᠠᠬᠢᠨ ᠣᠶᠢᠯᠠᠭᠠᠵᠤ᠂ ᠡᠯ᠎ᠡ ᠲᠥᠷᠥᠯ ᠤᠨ ᠬᠥᠮᠥᠰ ᠤᠨ ᠡᠬᠡ ᠲᠠᠩᠰᠠ ᠶᠢ ᠲᠥᠷᠥᠯ | ᠬᠤᠪᠢᠶᠠᠨ ᠲᠡᠭᠦᠯᠳᠡᠷᠵᠢᠭᠦᠯᠵᠦ᠂ ᠦᠯᠡᠳᠡᠭᠡᠯ ᠬᠠᠮᠢᠶᠠᠷᠤᠯᠲᠠ ᠶᠢ ᠰᠠᠶᠢᠲᠤᠷ ᠬᠢᠵᠦ᠂ ᠠᠭᠤᠳᠠᠯᠤᠨ ᠨᠡᠮᠡᠭᠳᠡᠭᠦᠯᠬᠦ ᠶᠢ | ᠴᠢᠬᠤᠯᠠᠴᠢᠯᠠᠨ᠂ ᠨᠢᠭᠡ ᠬᠥᠮᠥᠨ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠦᠨ ᠨᠠᠷᠢᠯᠢᠭ ᠣᠨᠣᠴᠠᠲᠠᠢ ᠪᠠᠷ | ᠳᠠᠶᠢᠴᠢᠯᠠᠵᠤ᠂ ︽ᠭᠥᠯᠢᠶᠡᠨ ᠠᠪᠬᠤ ᠶᠣᠰᠣᠲᠠᠢ ᠶᠢ ᠨᠢ ᠪᠦᠬᠦᠨ ᠢ ᠭᠥᠯᠢᠶᠡᠨ ᠠᠪᠬᠤ︾ ᠶᠢ ᠪᠡᠶᠡᠯᠡᠭᠦᠯᠬᠦ ᠶᠢ ᠦᠨᠡᠨ | ᠬᠦ ᠪᠠᠲᠤᠯᠠᠬᠤ ᠬᠡᠷᠡᠭᠲᠡᠢ᠃ᠬᠥᠮᠦᠵᠢᠯ ᠪᠣᠯᠪᠠᠰᠤᠷᠠᠭᠤᠯᠤᠯ ᠢ ᠤᠯᠠᠮ ᠨᠢᠭᠡ ᠠᠯᠬᠤᠮ ᠴᠢᠩᠭᠠᠳᠬᠠᠵᠤ᠂ ᠲᠠᠷᠢᠯᠭ᠎ᠠ ᠶᠢᠨ | ᠡᠩᠨᠡᠭᠡ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠳᠤ ᠸᠠᠺᠼᠢᠨ ᠤ ᠲᠠᠷᠢᠯᠭ᠎ᠠ ᠶᠢᠨ ᠮᠡᠳᠡᠯᠭᠡ ᠶᠢ | ᠲᠦᠭᠡᠮᠡᠯᠵᠢᠭᠦᠯᠦᠨ᠂ ᠦᠵᠡᠯ ᠰᠠᠨᠠᠭ᠎ᠠ ᠲᠠᠨᠢᠯᠲᠠ ᠶᠢ ᠨᠢ ᠳᠡᠭᠡᠭᠰᠢᠯᠡᠭᠦᠯᠵᠦ᠂ ᠬᠡᠯᠪᠡᠷᠢ ᠶᠢᠨ ᠦᠵᠡᠯ᠂ ᠨᠣᠶᠠᠨᠴᠢ | ᠰᠤᠷᠲᠠᠯ ᠤᠨ ᠰᠤᠷᠲᠠᠯ ᠢ ᠡᠷᠡᠰ ᠲᠡᠪᠴᠢᠵᠦ᠂ ᠲᠠᠷᠢᠯᠭ᠎ᠠ ᠶᠢᠨ ᠠᠵᠢᠯ ᠤᠨ ︽ᠶᠠᠰᠤ ᠴᠢᠨᠠᠷ ᠢ ᠳᠡᠭᠡᠭᠰᠢᠯᠡᠭᠦᠯᠦᠨ | ᠨᠡᠮᠡᠭᠳᠡᠯ ᠤᠨ ᠬᠤᠷᠳᠤᠴᠠ ᠶᠢ ᠨᠡᠮᠡᠭᠳᠡᠭᠦᠯᠬᠦ︾ ᠶᠢ ᠲᠦᠯᠬᠢᠨ ᠠᠬᠢᠭᠤᠯᠬᠤ ᠬᠡᠷᠡᠭᠲᠡᠢ᠃ | ᠲᠣᠭᠤᠷᠢᠭ ᠤᠨ ᠤᠳᠤᠷᠢᠳᠤᠯᠭ᠎ᠠ ᠸᠠᠩ ᠯᠢᠨ ᠹᠦ᠋᠂ ᠵᠤᠤ ᠯᠢ ᠵᠧᠨ᠂ ᠴᠧᠩ ᠯᠢ ᠰᠢᠶᠠᠩ ᠵᠢᠴᠢ ᠲᠣᠭᠤᠷᠢᠭ ᠤᠨ | ᠰᠢᠨ ᠭᠤᠸᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠡᠯ᠎ᠡ | ᠪᠦᠷᠢᠯᠳᠦᠭᠦᠨ ᠨᠢᠭᠡᠴᠡ᠂ ᠡᠯ᠎ᠡ ᠵᠡᠭᠡᠯᠢ ᠪᠠᠯᠭᠠᠰᠤ ᠶᠢᠨ ᠭᠤᠣᠯ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ | |