ᠥᠪᠡᠷᠲᠡᠭᠡᠨ ᠵᠠᠰᠠᠬᠤ ᠣᠷᠣᠨ ᠤ 2022 ᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠶᠢᠨ ᠡᠯᠰᠡᠬᠦ ᠰᠢᠯᠭᠠᠯᠲᠠ ︵ᠪᠤᠭᠤᠲᠤ ᠶᠢᠨ ᠰᠢᠯᠭᠠᠯᠲᠠ ᠶᠢᠨ ᠲᠣᠭᠤᠷᠢᠭ︶ ᠶᠢᠨ ᠰᠢᠯᠭᠠᠯᠲᠠ ᠳᠤ ᠣᠷᠣᠯᠴᠠᠭᠰᠠᠳ ᠤᠨ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠭᠳᠡᠯ ᠤᠨ ᠪᠢᠴᠢᠭ
ᠨᠡᠶᠢᠲᠡᠯᠡᠭᠰᠡᠨ ᠴᠠᠭ᠄
2022/7/12
     ᠥᠷᠭᠡᠨ ᠣᠯᠠᠨ ᠰᠢᠯᠭᠠᠯᠲᠠ ᠳᠤ ᠣᠷᠣᠯᠴᠠᠭᠰᠠᠳ ᠪᠠ ᠰᠢᠯᠭᠠᠯᠲᠠ ᠶᠢᠨ ᠠᠵᠢᠯᠲᠠᠳ ᠤᠨ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠦᠨᠡᠨᠬᠦ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ 2022 ᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠤᠨ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠠᠵᠢᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠯᠥᠪᠯᠡᠭᠡ ᠶᠢᠨ ᠡᠯᠰᠡᠬᠦ ᠰᠢᠯᠭᠠᠯᠲᠠ ︵ᠪᠤᠭᠤᠲᠤ ᠶᠢᠨ ᠰᠢᠯᠭᠠᠯᠲᠠ ᠶᠢᠨ ᠲᠣᠭᠤᠷᠢᠭ︶ ᠶᠢᠨ ᠤᠷᠤᠭᠰᠢᠲᠠᠢ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠵᠤ᠂ ᠣᠳᠣᠬᠠᠨ ᠤ ᠪᠤᠭᠤᠲᠤ ᠬᠤᠲᠠ ᠶᠢᠨ ᠰᠢᠨ᠎ᠡ ᠲᠢᠲᠢᠮᠲᠦ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠢᠶ᠎ᠠ ᠪᠦᠬᠦᠢ ᠲᠣᠭᠲᠠᠭᠠᠯ ᠪᠠ ᠱᠠᠭᠠᠷᠳᠠᠯᠭ᠎ᠠ ᠶᠢ ᠦᠨᠳᠦᠰᠦᠯᠡᠨ᠂ ᠰᠢᠯᠭᠠᠯᠲᠠ ᠶᠢᠨ ᠠᠵᠢᠯ ᠵᠢᠴᠢ ᠰᠢᠯᠭᠠᠯᠲᠠ ᠶᠢᠨ ᠴᠡᠭ ᠤᠨ ᠪᠣᠳᠠᠲᠠᠢ ᠲᠠᠢ ᠤᠶᠠᠯᠳᠤᠭᠤᠯᠤᠨ᠂ ᠡᠳᠦᠭᠡ ᠰᠢᠯᠭᠠᠯᠲᠠ ᠳᠤ ᠣᠷᠤᠯᠴᠠᠬᠤ ᠬᠥᠮᠥᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠪᠠ ᠠᠷᠭ᠎ᠠ ᠬᠡᠮᠵᠢᠶ᠎ᠡ ᠶᠢ ᠳᠣᠣᠷᠠᠬᠢ ᠮᠡᠲᠦ ᠮᠡᠳᠡᠭᠳᠡᠶ᠎ᠡ᠂ ᠰᠢᠯᠭᠠᠯᠲᠠ ᠳᠤ ᠣᠷᠤᠯᠴᠠᠬᠤ ᠬᠥᠮᠥᠰ ᠡᠷᠬᠡᠪᠰᠢ ᠭᠦᠢᠴᠡᠳ ᠣᠶᠢᠯᠠᠭᠠᠵᠤ ᠣᠶᠢᠯᠠᠭᠠᠬᠤ ᠶᠢᠨ ᠬᠠᠮᠲᠤ ᠵᠢᠷᠤᠮᠯᠠᠨ ᠬᠡᠷᠡᠭᠵᠢᠭᠦᠯᠲᠦᠭᠡᠢ᠃      ᠨᠢᠭᠡ᠂ ᠰᠢᠯᠭᠠᠯᠲᠠ ᠳᠤ ᠬᠡᠪ ᠤᠨ ᠪᠠᠶᠢᠳᠠᠯ ᠢᠶᠠᠷ ᠣᠷᠣᠯᠴᠠᠨ᠎ᠠ ︵ᠨᠢᠭᠡ ᠺᠣᠳ᠋ ᠨᠢᠭᠡ ᠺᠠᠷᠲ ᠵᠢᠴᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠭᠦᠯᠦᠯᠲᠡ︶      ᠰᠢᠯᠭᠠᠯᠲᠠ ᠳᠤ ᠣᠷᠣᠯᠴᠠᠭᠰᠠᠳ ︽ᠤᠯᠤᠰ ᠤᠨ ᠡᠯᠧᠺᠲᠷᠣᠨ ᠡᠷᠡᠭᠦᠯ ᠮᠡᠨᠳᠦ ᠶᠢᠨ ᠺᠣᠳ᠋︾ ᠪᠤᠶᠤ ︽ᠯᠦ ᠴᠧᠩ ᠤᠨ ᠡᠷᠡᠭᠦᠯ ᠮᠡᠨᠳᠦ 365︾ ᠪᠠ ︽ᠤᠯᠤᠰ ᠤᠨ ᠮᠡᠳᠡᠭᠡ ᠬᠤᠯᠪᠣᠭᠠᠨ ᠤ ᠲᠣᠮᠣ ᠳ᠋ᠠᠶᠢᠲ᠋ᠠ ᠶᠢᠨ ᠠᠶᠠᠯᠠᠯ ᠤᠨ ᠺᠠᠷᠲ︾ ᠨᠢ ᠨᠣᠭᠤᠭᠠᠨ ᠺᠣᠳ᠋ ︵ᠲᠤᠬᠠᠢ ᠶᠢᠨ ᠡᠳᠦᠷ ᠲᠤ ᠰᠢᠨᠡᠳᠬᠡᠪᠡ︶ ᠪᠣᠯᠣᠨ᠎ᠠ᠂ ᠲᠣᠰ ᠬᠥᠮᠥᠨ ᠤ ᠰᠢᠯᠭᠠᠯᠲᠠ ᠠᠴᠠ ᠡᠮᠦᠨᠡᠬᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ︵ᠪᠥᠭᠡᠮ ᠬᠦᠴᠢᠯ ᠤᠨ ᠥᠯᠢᠭᠡᠷ ᠠᠪᠬᠤ ᠴᠠᠭ ᠨᠢ 6 ᠰᠠᠷ᠎ᠠ ᠶᠢᠨ 16 ᠤ ᠡᠳᠦᠷ ᠤᠨ 9 ᠴᠠᠭ ᠠᠴᠠ ᠰᠡᠭᠦᠯᠡᠷ︶ ᠪᠠᠶᠢᠬᠤ ᠪᠥᠭᠡᠳ ᠲᠤᠬᠠᠢ ᠶᠢᠨ ᠲᠠᠯᠠᠪᠤᠷ ᠲᠤ ᠪᠡᠶ᠎ᠡ ᠶᠢᠨ ᠳᠤᠯᠠᠭᠠᠨ ᠤ ᠬᠡᠪ ᠤᠨ ᠪᠠᠶᠢᠳᠠᠯ ᠢ ᠬᠡᠮᠵᠢᠪᠡᠯ ︵ᠪᠡᠶ᠎ᠡ ᠶᠢᠨ ᠳᠤᠯᠠᠭᠠᠨ ︿37.3℃︶ ᠰᠠᠶ᠋ᠢ ᠬᠡᠪ ᠤᠨ ᠪᠠᠶᠢᠳᠠᠯ ᠢᠶᠠᠷ ᠰᠢᠯᠭᠠᠯᠲᠠ ᠳᠤ ᠣᠷᠣᠯᠴᠠᠵᠤ ᠪᠣᠯᠣᠨ᠎ᠠ᠃ᠪᠥᠭᠡᠮ ᠬᠦᠴᠢᠯ ᠢ ᠪᠠᠶᠢᠴᠠᠭᠠᠨ ᠬᠡᠮᠵᠢᠬᠦ ᠴᠠᠭ ᠢ ᠦᠯᠢᠭᠡᠷ ᠠᠪᠬᠤ ᠴᠠᠭ ᠢᠶᠠᠷ ᠪᠠᠷᠢᠮᠵᠢᠶ᠎ᠠ ᠪᠣᠯᠭᠠᠵᠤ᠂ ᠴᠠᠭ ᠬᠦᠷᠲᠡᠯ᠎ᠡ ᠨᠠᠷᠢᠨ ᠣᠨᠣᠪᠴᠢᠲᠠᠶ ᠪᠠᠶᠢᠯᠭᠠᠨ᠎ᠠ᠃      ᠬᠤᠶᠠᠷ᠂ ᠪᠤᠭᠤᠲᠤ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠠᠷᠭᠠᠴᠠᠬᠤ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠵᠠᠷ ︵2022 ᠣᠨ ᠤ 14 ᠳ᠋ᠦᠭᠡᠷ ᠲᠣᠭᠠᠲᠤ︶ ᠤᠨ ᠲᠣᠭᠲᠠᠭᠠᠯ ᠢ ᠦᠨᠳᠦᠰᠦᠯᠡᠪᠡᠯ᠂ ᠲᠣᠰ ᠤᠳᠠᠭᠠᠨ ᠤ ᠰᠢᠯᠭᠠᠯᠲᠠ ᠳᠤ ᠣᠷᠤᠯᠴᠠᠬᠤ ᠪᠠᠷ ᠢᠷᠡᠬᠦ ᠪᠠ ᠪᠤᠴᠠᠭᠠᠬᠤ ᠶᠢ ᠳᠠᠭᠠᠭᠠᠴᠢᠯᠠᠬᠤ ᠰᠢᠯᠭᠠᠯᠲᠠ ᠳᠤ ᠣᠷᠣᠯᠴᠠᠭᠰᠠᠳ ᠠᠯᠪᠠᠨ ᠵᠠᠷ ᠤᠨ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃      ᠰᠢᠯᠭᠠᠯᠲᠠ ᠳᠤ ᠣᠷᠣᠯᠴᠠᠭᠰᠠᠳ ᠴᠢᠬᠤᠯᠠ ᠣᠴᠢᠷ  ᠦᠭᠡᠢ ᠪᠣᠯ  ᠪᠤᠭᠤᠲᠤ ᠬᠤᠲᠠ ᠠᠴᠠ  ᠰᠠᠯᠵᠤ ᠪᠣᠯᠬᠤ ᠦᠭᠡᠢ᠂ ᠦᠨᠡᠬᠡᠷ ᠭᠠᠳᠠᠭᠰᠢ ᠭᠠᠷᠬᠤ ᠴᠢᠬᠤᠯᠠᠲᠠᠢ ᠪᠣᠯ ᠬᠢᠵᠢᠭ ᠳᠡᠯᠭᠡᠷᠡᠭᠰᠡᠨ ᠪᠠ ᠬᠢᠵᠢᠭ ᠳᠡᠯᠭᠡᠷᠡᠭᠰᠡᠨ ᠭᠠᠵᠠᠷ ᠣᠷᠣᠨ ᠳᠤ ᠣᠴᠢᠬᠤ  ᠠᠴᠠ ᠵᠠᠶᠢᠯᠠᠰᠬᠢᠬᠦ ᠬᠡᠷᠡᠭᠲᠡᠢ᠂ ᠢᠯᠠᠩᠭᠤᠶ᠎ᠠ ᠴᠢᠬᠤᠯᠠ ᠪᠤᠰᠤ ᠬᠢᠯᠢ ᠠᠯᠤᠰᠯᠠᠨ ᠭᠠᠳᠠᠭᠰᠢ ᠭᠠᠷᠬᠤ  ᠠᠴᠠ ᠵᠠᠶᠢᠯᠠᠰᠬᠢᠬᠦ ᠬᠡᠷᠡᠭᠲᠡᠢ ᠭᠡᠵᠦ ᠰᠠᠨᠠᠭᠤᠯᠵᠤ ᠪᠠᠶᠢᠨ᠎ᠠ᠃ᠪᠤᠭᠤᠲᠤ ᠳᠠᠭᠠᠨ ᠪᠤᠴᠠᠭᠰᠠᠨ ᠤ ᠳᠠᠷᠠᠭ᠎ᠠ᠂ ᠬᠠᠮᠢᠶ᠎ᠠ ᠪᠦᠬᠦᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃      ᠭᠤᠷᠪᠠ᠂ ᠰᠢᠯᠭᠠᠯᠲᠠ ᠳᠤ ᠣᠷᠣᠯᠴᠠᠵᠤ ᠪᠣᠯᠬᠤ ᠦᠭᠡᠢ      1. ᠰᠢᠯᠭᠠᠯᠲᠠ  ᠠᠴᠠ ᠡᠮᠦᠨᠡᠬᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ  ᠶᠢᠨ ᠪᠢᠯᠢᠭ ᠴᠢᠨᠠᠷ ᠤᠨ ᠭᠡᠷᠡᠴᠢ  ᠶᠢ ᠬᠠᠩᠭᠠᠵᠤ ᠳᠡᠶᠢᠯᠬᠦ ᠦᠭᠡᠢ ᠪᠠᠶᠢᠬᠤ ᡽      2. ︽ᠤᠯᠤᠰ ᠤᠨ ᠡᠯᠧᠺᠲᠷᠣᠨ ᠡᠷᠡᠭᠦᠯ ᠮᠡᠨᠳᠦ ᠶᠢᠨ ᠺᠣᠳ᠋︾ ᠪᠤᠶᠤ ︽ᠯᠦ ᠴᠧᠩ ᠤᠨ ᠡᠷᠡᠭᠦᠯ ᠮᠡᠨᠳᠦ 365︾ ᠡᠷᠡᠭᠦᠯ ᠮᠡᠨᠳᠦ ᠶᠢᠨ ᠺᠣᠳ᠋ ᠨᠢ ᠨᠣᠭᠤᠭᠠᠨ ᠺᠣᠳ᠋ ᠪᠢᠰᠢ︔      3. 2022 ᠣᠨ ᠤ 5 ᠰᠠᠷ᠎ᠠ ᠶᠢᠨ 28 ᠤ ᠡᠳᠦᠷ ︵ᠪᠠᠭᠲᠠᠨ᠎ᠠ︶ ᠠᠴᠠ ᠬᠤᠶᠢᠰᠢ ᠬᠢᠯᠢ ᠶᠢᠨ ᠭᠠᠳᠠᠨ᠎ᠠ ᠪᠤᠶᠤ ᠰᠢᠶᠠᠩᠭᠠᠩ ᠣᠣᠮᠧᠨ ᠲᠠᠶᠢᠸᠠᠨ ᠳᠤ ᠵᠢᠭᠤᠯᠴᠢᠯᠠᠨ ᠰᠠᠭᠤᠭᠰᠠᠨ ᠲᠡᠦᠬᠡ ᠲᠠᠢ ᠪᠣᠯᠤᠭᠰᠠᠨ;      4. 2022 ᠣᠨ ᠤ 6 ᠰᠠᠷ᠎ᠠ ᠶᠢᠨ 4 ᠤ ᠡᠳᠦᠷ ︵ᠪᠠᠭᠲᠠᠨ᠎ᠠ︶ ᠠᠴᠠ ᠰᠡᠭᠦᠯᠡᠷ ᠤᠯᠤᠰ ᠤᠨ ᠳᠣᠲᠣᠭᠠᠳᠤ ᠶᠢᠨ ᠳᠤᠮᠳᠠ᠂ ᠠᠶᠤᠯ ᠲᠦᠭᠰᠢᠭᠦᠷᠢ ᠶᠡᠬᠡᠲᠡᠢ ᠭᠠᠵᠠᠷ ᠣᠷᠣᠨ ᠤ ᠪᠠᠶᠢᠭ᠎ᠠ ᠭᠠᠵᠠᠷ ᠣᠷᠣᠨ ︵ᠰᠢᠶᠠᠨ᠂ ᠲᠣᠭᠤᠷᠢᠭ᠂ ᠬᠤᠰᠢᠭᠤ︶ ᠳᠤ ᠵᠢᠭᠤᠯᠴᠢᠯᠠᠨ ᠰᠠᠭᠤᠭᠰᠠᠨ ᠲᠡᠦᠬᠡ ᠲᠠᠢ︔      5. 2022 ᠣᠨ ᠤ 6 ᠰᠠᠷ᠎ᠠ ᠶᠢᠨ 4 ᠤ ᠡᠳᠦᠷ ︵ᠪᠠᠭᠲᠠᠨ᠎ᠠ︶ ᠠᠴᠠ ᠰᠡᠭᠦᠯᠡᠷ ᠰᠢᠨ᠎ᠡ ᠲᠢᠲᠢᠮ ᠤᠨ ᠸᠢᠷᠦ᠋ᠰ ᠲᠤ ᠬᠠᠯᠳᠠᠪᠤᠷᠢᠯᠠᠭᠳᠠᠭᠰᠠᠳ ᠢᠶᠠᠷ ᠲᠣᠭᠲᠠᠭᠠᠭᠳᠠᠭᠰᠠᠨ ᠨᠢᠭᠲᠠ ᠣᠶᠢᠷᠠᠲᠤᠭᠰᠠᠳ ᠪᠤᠶᠤ ᠨᠢᠭᠡᠨᠲᠡ ᠨᠡᠶᠢᠲᠡᠯᠡᠭᠰᠡᠨ ᠣᠨᠣᠰᠢᠯᠠᠭᠰᠠᠨ ᠡᠪᠡᠳᠴᠢᠨ ᠤ ᠵᠢᠱᠢᠶ᠎ᠡ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠤᠨ ᠠᠵᠢᠯᠯᠠᠭᠠᠨ ᠤ ᠵᠠᠮ ᠮᠥᠷ ᠲᠠᠢ ᠰᠣᠯᠪᠢᠴᠠᠨ ᠴᠤᠭᠯᠠᠷᠠᠭᠰᠠᠨ︔      6. 2022 ᠣᠨ ᠤ 6 ᠰᠠᠷ᠎ᠠ ᠶᠢᠨ 11 ᠤ ᠡᠳᠦᠷ ︵ᠪᠠᠭᠲᠠᠨ᠎ᠠ︶ ᠠᠴᠠ ᠰᠡᠭᠦᠯᠡᠷ ᠰᠢᠨ᠎ᠡ ᠲᠢᠲᠢᠮ ᠤᠨ ᠸᠢᠷᠦ᠋ᠰ ᠲᠤ ᠬᠠᠯᠳᠠᠪᠤᠷᠢᠯᠠᠭᠳᠠᠭᠰᠠᠳ ᠤᠨ ᠨᠢᠭᠲᠠ ᠣᠶᠢᠷᠠᠲᠤᠭᠰᠠᠳ ᠤᠨ ᠨᠢᠭᠲᠠ ᠣᠶᠢᠷᠠᠲᠤᠭᠰᠠᠳ ᠢᠶᠠᠷ ᠲᠣᠭᠲᠠᠭᠠᠭᠳᠠᠭᠰᠠᠨ ᠬᠥᠮᠥᠨ︔      7᠂ ᠨᠢᠭᠡᠨᠲᠡ ᠡᠮᠨᠡᠯᠭᠡ ᠠᠴᠠ ᠭᠠᠷᠤᠭᠰᠠᠨ ᠣᠨᠣᠰᠢᠯᠠᠭᠰᠠᠨ ᠡᠪᠡᠳᠴᠢᠨ ᠤ ᠵᠢᠱᠢᠶ᠎ᠡ ᠪᠤᠶᠤ ᠲᠥᠪᠯᠡᠷᠡᠭᠦᠯᠦᠨ ᠲᠤᠰᠠᠭᠠᠷᠯᠠᠭᠰᠠᠨ ᠠᠨᠠᠭᠠᠬᠤ ᠤᠬᠠᠭᠠᠨ ᠤ ᠠᠵᠢᠭᠯᠠᠯᠲᠠ ᠶᠢ ᠨᠢᠭᠡᠨᠲᠡ ᠬᠦᠴᠦᠨ ᠦᠭᠡᠢ ᠪᠣᠯᠭᠠᠭᠰᠠᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠬᠠᠷᠠᠬᠠᠨ ᠲᠠᠭᠠᠨ ᠰᠤᠷᠪᠤᠯᠵᠢᠯᠠᠬᠤ ᠪᠤᠶᠤ ᠠᠨᠠᠭᠠᠬᠤ ᠤᠬᠠᠭᠠᠨ ᠤ ᠠᠵᠢᠭᠯᠠᠯᠲᠠ ᠶᠢᠨ ᠬᠤᠭᠤᠴᠠᠭᠠᠨ ᠳᠤ ᠪᠠᠶᠢᠬᠤ᠃      ᠳᠥᠷᠪᠡ᠂ ᠲᠤᠰᠠᠭᠠᠷᠯᠠᠭᠰᠠᠨ ᠰᠢᠯᠭᠠᠯᠲᠠ ᠶᠢᠨ ᠲᠠᠯᠠᠪᠤᠷ ᠤᠨ ᠰᠢᠯᠭᠠᠯᠲᠠ ᠳᠤ ᠲᠣᠬᠢᠷᠠᠭᠤᠯᠤᠨ᠎ᠠ      1. ᠨᠢᠭᠲᠠ ᠣᠶᠢᠷᠠᠲᠤᠭᠰᠠᠳ ᠤᠨ ᠲᠤᠰᠠᠭᠠᠷᠯᠠᠯ ᠢ ᠲᠠᠶᠢᠯᠤᠭᠰᠠᠨ ᠤ ᠳᠠᠷᠠᠭᠠᠬᠢ 7 ᠡᠳᠦᠷ ᠤᠨ ᠳᠣᠲᠣᠷᠠᠬᠢ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠰᠢᠯᠭᠠᠯᠲᠠ ᠳᠤ ᠣᠷᠣᠯᠴᠠᠭᠰᠠᠳ᠂ ᠳᠡᠳ᠋ ᠣᠶᠢᠷᠠᠲᠤᠭᠰᠠᠳ ᠤᠨ ᠲᠤᠰᠠᠭᠠᠷᠯᠠᠯ ᠢ ᠲᠠᠶᠢᠯᠤᠭᠰᠠᠨ ᠤ ᠳᠠᠷᠠᠭᠠᠬᠢ 7 ᠡᠳᠦᠷ ᠤᠨ ᠳᠣᠲᠣᠷᠠᠬᠢ ᠰᠢᠯᠭᠠᠯᠲᠠ ᠳᠤ ᠣᠷᠣᠯᠴᠠᠭᠰᠠᠳ︔      2. ᠰᠢᠯᠭᠠᠯᠲᠠ  ᠠᠴᠠ ᠡᠮᠦᠨᠡᠬᠢ 14 ᠡᠳᠦᠷ ᠤᠨ ᠳᠣᠲᠣᠷ᠎ᠠ ︵ᠰᠢᠯᠭᠠᠯᠲᠠ  ᠶᠢᠨ ᠡᠳᠦᠷ  ᠢ ᠪᠠᠭᠲᠠᠭᠠᠬᠤ ᠦᠭᠡᠢ︶ ᠬᠠᠯᠠᠭᠤᠷᠠᠭᠰᠠᠨ ᠵᠡᠷᠭᠡ ᠰᠡᠵᠢᠭᠲᠡᠢ ᠡᠪᠡᠳᠴᠢᠨ ᠤ ᠢᠯᠡᠷᠡᠯ ᠲᠠᠢ ᠰᠢᠯᠭᠠᠯᠲᠠ ᠳᠤ ᠣᠷᠣᠯᠴᠠᠭᠰᠠᠳ︔      3. ᠲᠤᠬᠠᠢ  ᠶᠢᠨ ᠲᠠᠯᠠᠪᠤᠷ ᠲᠤ ᠪᠡᠶ᠎ᠡ  ᠶᠢᠨ ᠳᠤᠯᠠᠭᠠᠨ  ᠢ ᠬᠡᠮᠵᠢᠬᠦ ᠳᠤ ᠬᠡᠪ ᠤᠨ ᠪᠤᠰᠤ ︵ᠪᠡᠶ᠎ᠡ  ᠶᠢᠨ ᠳᠤᠯᠠᠭᠠᠨ > 37.3℃︶᠂ ᠲᠦᠷ ᠴᠠᠭ ᠤᠨ ᠠᠵᠢᠭᠯᠠᠬᠤ ᠣᠷᠣᠨ ᠳᠤ ᠵᠣᠬᠢᠰᠲᠠᠢ ᠠᠮᠠᠷᠠᠭᠰᠠᠨ ᠤ ᠳᠠᠷᠠᠭ᠎ᠠ ᠮᠥᠩᠭᠦᠨ ᠤᠰᠤᠨ ᠤ ᠪᠡᠶ᠎ᠡ  ᠶᠢᠨ ᠳᠤᠯᠠᠭᠠᠨ ᠤ ᠬᠡᠮᠵᠢᠭᠦᠷ  ᠢᠶᠠᠷ ᠪᠡᠶ᠎ᠡ  ᠶᠢᠨ ᠳᠤᠯᠠᠭᠠᠨ  ᠢ ᠳᠠᠬᠢᠨᠲᠠ ᠬᠡᠮᠵᠢᠬᠦ ᠳᠤ ᠬᠡᠪ ᠤᠨ ᠪᠤᠰᠤ ᠪᠠᠶᠢᠪᠠᠯ᠂ ᠣᠶᠢᠷ᠎ᠠ  ᠶᠢᠨ 14 ᠡᠳᠦᠷ ᠲᠤ ᠳᠤᠮᠳᠠ ᠵᠡᠷᠭᠡ  ᠶᠢᠨ ᠠᠶᠤᠯ ᠲᠦᠭᠰᠢᠭᠦᠷᠢ ᠦᠭᠡᠢ ᠭᠠᠵᠠᠷ ᠣᠷᠣᠨ ᠤ ᠪᠠᠶᠢᠭ᠎ᠠ ᠭᠠᠵᠠᠷ ᠣᠷᠣᠨ ︵ᠰᠢᠶᠠᠨ᠂ ᠲᠣᠭᠤᠷᠢᠭ᠂ ᠬᠤᠰᠢᠭᠤ︶ ᠤ ᠲᠣᠭᠤᠷᠢᠨ ᠰᠠᠭᠤᠭᠰᠠᠨ ᠲᠡᠦᠬᠡ  ᠶᠢ ᠴᠡᠭ ᠲᠤ ᠰᠠᠭᠤᠭ᠎ᠠ ᠡᠮᠴᠢᠯᠡᠭᠡᠨ ᠤ ᠬᠢᠵᠢᠭ  ᠢ ᠰᠡᠷᠭᠡᠶᠢᠯᠡᠬᠦ ᠠᠵᠢᠯᠲᠠᠨ ᠠᠩᠬ᠎ᠠ ᠠᠯᠬᠤᠮ ᠪᠠᠶᠢᠴᠠᠭᠠᠪᠠᠯ᠂ ᠠᠭᠤᠰᠬᠢᠨ ᠰᠢᠨ᠎ᠡ ᠦᠷᠪᠢᠰᠦᠯ ᠤᠨ ᠰᠡᠵᠢᠭ ᠲᠠᠢ ᠰᠢᠯᠭᠠᠭᠤᠯᠤᠭᠴᠢ  ᠶᠢ ᠦᠭᠡᠶᠢᠰᠬᠡᠵᠦ ᠪᠣᠯᠣᠨ᠎ᠠ᠃      ᠲᠠᠪᠤ᠂ ᠰᠢᠯᠭᠠᠯᠲᠠ ᠠᠴᠠ ᠡᠮᠦᠨᠡᠬᠢ ᠪᠡᠯᠡᠳᠬᠡᠯ ᠵᠦᠢᠯ      1. ᠰᠢᠯᠭᠠᠯᠲᠠ ᠳᠤ ᠣᠷᠣᠯᠴᠠᠭᠰᠠᠳ ᠡᠷᠬᠡᠪᠰᠢ 6 ᠰᠠᠷ᠎ᠠ  ᠶᠢᠨ 4 ᠤ ᠡᠳᠦᠷ ᠠᠴᠠ ᠡᠬᠢᠯᠡᠨ ᠬᠠᠯᠠᠭᠤᠷᠠᠬᠤ᠂ ᠬᠠᠨᠢᠶᠠᠬᠤ᠂ ᠲᠠᠮᠢᠷᠳᠠᠬᠤ ᠵᠡᠷᠭᠡ ᠡᠪᠡᠳᠴᠢᠨ ᠤ ᠰᠡᠵᠢᠭ ᠲᠠᠢ ᠡᠰᠡᠬᠦ  ᠶᠢ ᠥᠪᠡᠷ ᠤᠨ ᠪᠡᠶ᠎ᠡ ᠳᠡᠭᠡᠨ ᠬᠢᠨᠠᠨ ᠰᠢᠯᠭᠠᠬᠤ ᠬᠡᠷᠡᠭᠲᠡᠢ᠃ᠬᠡᠷᠪᠡ ᠵᠢᠭᠤᠯᠴᠢᠯᠠᠨ ᠰᠠᠭᠤᠭᠰᠠᠨ ᠲᠡᠦᠬᠡ᠂ ᠣᠶᠢᠷᠠᠲᠤᠭᠰᠠᠨ ᠲᠡᠦᠬᠡ ᠳᠤ ᠬᠤᠪᠢᠷᠠᠯᠲᠠ ᠭᠠᠷᠤᠭᠰᠠᠨ ᠪᠤᠶᠤ ᠬᠤᠯᠪᠣᠭᠳᠠᠯ ᠪᠦᠬᠦᠢ ᠡᠪᠡᠳᠴᠢᠨ ᠤ ᠢᠯᠡᠷᠡᠯ ᠭᠠᠷᠤᠭᠰᠠᠨ ᠪᠠᠶᠢᠪᠠᠯ᠂ ᠡᠷᠬᠡᠪᠰᠢ ᠡᠮᠴᠢᠯᠡᠭᠡᠨ ᠤ ᠪᠠᠶᠢᠭᠤᠯᠤᠮᠵᠢ ᠳᠤ ᠬᠦᠷᠴᠦ ᠴᠠᠭ ᠲᠤᠬᠠᠢ ᠳᠤᠨᠢ ᠡᠮᠨᠡᠭᠦᠯᠵᠦ᠂ ᠳᠠᠷᠠᠭᠠᠯᠠᠨ ᠪᠠᠶᠢᠴᠠᠭᠠᠵᠤ᠂ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠵᠡᠷᠭᠡ ᠭᠤᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠠᠷᠢᠯᠭᠠᠬᠤ ᠬᠡᠷᠡᠭᠲᠡᠢ᠃      2. ᠰᠢᠯᠭᠠᠯᠲᠠ ᠳᠤ ᠣᠷᠣᠯᠴᠠᠭᠰᠠᠳ ᠡᠮᠴᠢᠯᠡᠭᠡᠨ ᠳᠤ ᠬᠡᠷᠡᠭᠯᠡᠬᠦ ᠭᠠᠳᠠᠷ ᠰᠠᠯᠠᠭᠠᠨ ᠤ ᠠᠮᠠᠪᠴᠢ ᠪᠤᠶᠤ ᠲᠡᠭᠦᠨ ᠠᠴᠠ ᠳᠡᠭᠡᠭᠰᠢᠬᠢ ᠲᠠᠰ ᠤᠨ ᠠᠮᠠᠪᠴᠢ ᠶᠢ ᠥᠪᠡᠰᠦᠪᠡᠨ ᠪᠡᠯᠡᠳᠬᠡᠵᠦ ᠬᠡᠷᠡᠭᠯᠡᠬᠦ ᠬᠡᠷᠡᠭᠲᠡᠢ᠃      3. ᠰᠢᠯᠭᠠᠯᠲᠠ ᠳᠤ ᠣᠷᠣᠯᠴᠠᠭᠰᠠᠳ ᠡᠷᠬᠡᠪᠰᠢ ᠱᠠᠭᠠᠷᠳᠠᠯᠭ᠎ᠠ ᠶᠣᠰᠣᠭᠠᠷ ᠵᠣᠬᠢᠬᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠶᠢ ᠤᠷᠢᠳᠴᠢᠯᠠᠨ ᠪᠡᠯᠡᠳᠬᠡᠬᠦ ᠶᠢᠨ ᠬᠠᠮᠲᠤ᠂ ᠪᠤᠭᠤᠲᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠠᠭ ᠲᠤᠬᠠᠢ ᠳᠤᠨᠢ ᠠᠩᠬᠠᠷᠴᠤ ᠰᠢᠯᠭᠠᠯᠲᠠ ᠳᠤ ᠣᠷᠤᠯᠴᠠᠬᠤ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃      ᠵᠢᠷᠭᠤᠭ᠎ᠠ᠂ ᠭᠠᠳᠠᠭᠰᠢ ᠭᠠᠷᠬᠤ ᠲᠣᠬᠢᠷᠠᠭᠤᠯᠤᠯᠲᠠ ᠶᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ      1. ᠮᠠᠨ ᠤ ᠬᠤᠲᠠ  ᠶᠢᠨ ᠰᠢᠯᠭᠠᠭᠤᠯᠤᠭᠴᠢ ᠰᠢᠯᠭᠠᠯᠲᠠ  ᠠᠴᠠ 14 ᠡᠳᠦᠷ ᠤᠨ ᠡᠮᠦᠨ᠎ᠡ  ᠴᠢᠬᠤᠯᠠ ᠣᠴᠢᠷ  ᠦᠭᠡᠢ ᠪᠣᠯ  ᠪᠤᠭᠤᠲᠤ ᠬᠤᠲᠠ ᠠᠴᠠ  ᠰᠠᠯᠵᠤ ᠪᠣᠯᠬᠤ ᠦᠭᠡᠢ᠃      2. ᠮᠠᠨ ᠤ ᠬᠤᠲᠠ ᠰᠢᠯᠭᠠᠯᠲᠠ ᠶᠢᠨ ᠴᠡᠭ ᠢᠶᠠᠨ ᠲᠣᠭᠲᠠᠭᠠᠭᠰᠠᠨ ᠤ ᠳᠠᠷᠠᠭ᠎ᠠ᠂ ᠰᠢᠯᠭᠠᠯᠲᠠ ᠠᠴᠠ ᠡᠮᠦᠨ᠎ᠡ ᠪᠤᠭᠤᠲᠤ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠰᠦᠯᠵᠢᠶ᠎ᠡ᠂ ᠪᠤᠭᠤᠲᠤ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠸᠢᠴᠠᠲ ᠤᠨ ᠨᠡᠶᠢᠲᠡ ᠶᠢᠨ ᠳ᠋ᠤᠭᠠᠷ᠂ ᠪᠤᠭᠤᠲᠤ ᠶᠢᠨ ᠣᠶᠤᠨᠲᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠸᠢᠴᠠᠲ ᠤᠨ ᠨᠡᠶᠢᠲᠡ ᠶᠢᠨ ᠳ᠋ᠤᠭᠠᠷ ᠵᠢᠴᠢ ᠪᠤᠭᠤᠲᠤ ᠬᠤᠲᠠ ᠶᠢᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠪᠠᠷ ᠳᠠᠮᠵᠢᠭᠤᠯᠤᠨ ︽ᠬᠠᠯᠠᠭᠤᠨ ᠳᠣᠲᠣᠨᠣ ᠰᠠᠨᠠᠭᠤᠯᠤᠮᠵᠢ︾ ᠨᠡᠶᠢᠲᠡᠯᠡᠨ᠎ᠡ᠂ ᠰᠢᠯᠭᠠᠭᠤᠯᠤᠭᠴᠢ ᠰᠢᠯᠭᠠᠯᠲᠠ ᠶᠢᠨ ᠴᠡᠭ ᠤᠨ ᠣᠷᠣᠬᠤ ᠣᠷᠣᠨ ᠪᠠᠶᠢᠷᠢ ᠪᠠ ᠣᠴᠢᠬᠤ ᠵᠠᠮ ᠢ ᠤᠷᠢᠳᠴᠢᠯᠠᠨ ᠣᠶᠢᠯᠠᠭᠠᠬᠤ ᠬᠡᠷᠡᠭᠲᠡᠢ᠃      3. ᠰᠢᠯᠭᠠᠯᠲᠠ ᠶᠢᠨ ᠴᠡᠭ ᠲᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢᠨ ᠱᠠᠭᠠᠷᠳᠠᠯᠭ᠎ᠠ ᠠᠴᠠ ᠪᠣᠯᠵᠤ᠂ ᠨᠡᠶᠢᠭᠡᠮ ᠤᠨ ᠲᠡᠷᠭᠡ ᠬᠥᠰᠬᠡ ᠰᠢᠯᠭᠠᠯᠲᠠ ᠶᠢᠨ ᠴᠡᠭ ᠲᠤ ᠣᠷᠣᠬᠤ ᠶᠢ ᠴᠠᠭᠠᠵᠠᠯᠠᠨ᠎ᠠ᠃      4. ᠬᠢᠵᠢᠭ ᠰᠡᠷᠭᠡᠶᠢᠯᠡᠬᠦ ᠪᠠᠶᠢᠴᠠᠭᠠᠯᠲᠠ  ᠶᠢᠨ ᠱᠠᠭᠠᠷᠳᠠᠯᠭ᠎ᠠ  ᠠᠴᠠ ᠪᠣᠯᠵᠤ᠂ ᠰᠢᠯᠭᠠᠯᠲᠠ ᠳᠤ ᠣᠷᠣᠯᠴᠠᠭᠰᠠᠳ ᠡᠷᠬᠡᠪᠰᠢ ᠰᠢᠯᠭᠠᠯᠲᠠ ᠡᠬᠢᠯᠡᠬᠦ ᠠᠴᠠ 1 ᠴᠠᠭ ᠤᠨ ᠡᠮᠦᠨ᠎ᠡ ᠰᠢᠯᠭᠠᠯᠲᠠ  ᠶᠢᠨ ᠴᠡᠭ ᠲᠤ ᠬᠦᠷᠴᠦ᠂ ᠰᠢᠯᠭᠠᠯᠲᠠ  ᠶᠢᠨ ᠲᠠᠯᠠᠪᠠᠶ ᠳᠤ ᠣᠷᠣᠬᠤ ᠬᠡᠷᠡᠭᠲᠡᠢ᠃ᠬᠤᠭᠤᠴᠠᠭ᠎ᠠ ᠠᠴᠠ ᠪᠠᠨ ᠬᠡᠲᠦᠷᠡᠵᠦ ᠲᠤᠬᠠᠢ ᠶᠢᠨ ᠲᠠᠯᠠᠪᠤᠷ ᠲᠤ ᠢᠷᠡᠭᠡᠳ ᠰᠢᠯᠭᠠᠯᠲᠠ ᠶᠢ ᠨᠥᠯᠥᠭᠡᠯᠡᠪᠡᠯ ᠬᠠᠷᠢᠭᠤᠴᠠᠯᠭ᠎ᠠ ᠪᠠᠨ ᠥᠪᠡᠷ ᠢᠶᠠᠨ ᠬᠠᠷᠢᠭᠤᠴᠠᠨ᠎ᠠ᠃      5. ᠰᠢᠯᠭᠠᠯᠲᠠ  ᠶᠢᠨ ᠭᠠᠵᠠᠷ ᠤᠨ ᠡᠭᠦᠳᠡᠨ ᠳᠤ ᠣᠷᠣᠬᠤ ᠦᠶ᠎ᠡ ᠳᠤ᠂ ︽ᠬᠤᠶᠠᠷ ᠦᠨᠡᠮᠯᠡᠯ ᠨᠢᠭᠡ ᠺᠣᠳ᠋ ᠨᠢᠭᠡ ᠺᠠᠷᠲ ᠵᠢᠴᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ  ᠶᠢᠨ ᠮᠡᠳᠡᠭᠦᠯᠦᠯᠲᠡ︾ ᠶᠢ ᠤᠷᠢᠳᠴᠢᠯᠠᠨ ᠪᠡᠯᠡᠳᠬᠡᠨ᠎ᠡ᠂ ᠲᠤᠬᠠᠶᠢᠯᠠᠪᠠᠯ ᠪᠡᠶ᠎ᠡ  ᠶᠢᠨ ᠦᠨᠡᠮᠯᠡᠯ᠂ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ᠂ ᠡᠷᠡᠭᠦᠯ ᠮᠡᠨᠳᠦ  ᠶᠢᠨ ᠨᠣᠮᠧᠷ᠂ ᠠᠶᠠᠯᠠᠯ ᠤᠨ ᠺᠠᠷᠲ ᠪᠣᠯᠣᠨ ᠰᠢᠯᠭᠠᠯᠲᠠ  ᠠᠴᠠ ᠡᠮᠦᠨᠡᠬᠢ 48 ᠴᠠᠭ ᠤᠨ ᠳᠣᠲᠣᠷᠠᠬᠢ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ  ᠶᠢᠨ ᠪᠢᠯᠢᠭ ᠴᠢᠨᠠᠷ ᠤᠨ ᠭᠡᠷᠡᠴᠢ  ᠶᠢ ᠪᠠᠶᠢᠴᠠᠭᠠᠬᠤ ᠳᠤ ᠪᠡᠯᠡᠳᠬᠡᠨ᠎ᠡ᠃      ᠲᠤᠯᠤᠭ᠎ᠠ᠂ ᠰᠢᠯᠭᠠᠯᠲᠠ ᠶᠢᠨ ᠬᠤᠭᠤᠴᠠᠭᠠᠨ ᠳᠠᠬᠢ ᠡᠭᠦᠷᠭᠡ      ︵ᠨᠢᠭᠡ︶ ᠬᠢᠵᠢᠭ ᠢ ᠰᠡᠷᠭᠡᠶᠢᠯᠡᠬᠦ ᠬᠠᠮᠢᠶᠠᠷᠤᠯᠲᠠ ᠳᠤ ᠬᠠᠮᠵᠢᠯᠴᠠᠬᠤ ᠪᠠ ᠲᠡᠭᠦᠨ ᠢ ᠲᠠᠭᠠᠬᠤ ᠬᠡᠷᠡᠭᠲᠡᠢ      1. ᠪᠣᠶ ᠪᠦᠬᠦᠢ ᠰᠢᠯᠭᠠᠯᠲᠠ ᠳᠤ ᠣᠷᠣᠯᠴᠠᠭᠰᠠᠳ ᠰᠢᠯᠭᠠᠯᠲᠠ ᠶᠢᠨ ᠴᠡᠭ᠂ ᠰᠢᠯᠭᠠᠯᠲᠠ ᠶᠢᠨ ᠲᠠᠯᠠᠪᠤᠷ ᠤᠨ ᠬᠤᠭᠤᠴᠠᠭᠠᠨ ᠳᠤ ᠡᠷᠬᠡᠪᠰᠢ ᠪᠥᠬᠦ ᠶᠠᠪᠤᠴᠠ ᠳᠤ ᠠᠮᠠᠪᠴᠢ ᠵᠡᠭᠦᠵᠦ᠂ ᠪᠡᠶ᠎ᠡ ᠶᠢᠨ ᠭᠠᠷᠤᠯ ᠢ ᠬᠢᠨᠠᠨ ᠰᠢᠯᠭᠠᠬᠤ ᠦᠶ᠎ᠡ ᠳᠤ ᠠᠮᠠᠪᠴᠢ ᠶᠢ ᠨᠢ ᠠᠪᠴᠤ ᠬᠠᠶᠠᠬᠤ ᠬᠡᠷᠡᠭᠲᠡᠢ᠃      2. ᠬᠡᠷᠪᠡ ᠵᠣᠬᠢᠬᠤ ᠡᠪᠡᠳᠴᠢᠨ ᠤ ᠢᠯᠡᠷᠡᠯ ᠲᠠᠢ ᠪᠤᠶᠤ ᠪᠠᠶᠢᠴᠠᠭᠠᠨ ᠰᠢᠯᠭᠠᠬᠤ ᠪᠠᠷ ᠳᠡᠮᠵᠢᠨ ᠬᠡᠪ ᠤᠨ ᠪᠤᠰᠤ ᠪᠠᠶᠢᠳᠠᠯ ᠲᠠᠢ ᠪᠠᠶᠢᠬᠤ ᠶᠢ ᠣᠯᠵᠤ ᠮᠡᠳᠡᠪᠡᠯ᠂ ᠲᠣᠭᠲᠠᠭᠠᠯ ᠶᠣᠰᠣᠭᠠᠷ ︽ᠰᠢᠯᠭᠠᠯᠲᠠ ᠳᠤ ᠣᠷᠣᠯᠴᠠᠵᠤ ᠪᠣᠯᠬᠤ ᠦᠭᠡᠢ ︾ ︽ᠲᠤᠰᠠᠭᠠᠷᠯᠠᠭᠰᠠᠨ ᠰᠢᠯᠭᠠᠯᠲᠠ ᠶᠢᠨ ᠲᠠᠯᠠᠪᠤᠷ ᠲᠤ ᠬᠦᠷᠴᠦ ᠰᠢᠯᠭᠠᠬᠤ︾ ᠪᠠ ︽ᠡᠮᠨᠡᠭᠦᠯᠬᠦ︾ ᠵᠡᠷᠭᠡ ᠬᠠᠮᠢᠶ᠎ᠠ ᠪᠦᠬᠦᠢ ᠰᠢᠢᠳᠪᠦᠷᠢᠯᠡᠯᠲᠡ ᠶᠢ ᠳᠠᠭᠠᠬᠤ ᠬᠡᠷᠡᠭᠲᠡᠢ᠃      ︵ᠬᠤᠶᠠᠷ︶ ᠪᠡᠶ᠎ᠡ ᠮᠠᠬᠠᠪᠤᠳ ᠤᠨ ᠪᠠᠶᠢᠳᠠᠯ ᠢ ᠠᠩᠬᠠᠷᠬᠤ ᠬᠡᠷᠡᠭᠲᠡᠢ      ᠰᠢᠯᠭᠠᠯᠲᠠ ᠶᠢᠨ ᠬᠤᠭᠤᠴᠠᠭᠠᠨ ᠳᠤ ᠰᠢᠯᠭᠠᠯᠲᠠ ᠳᠤ ᠣᠷᠣᠯᠴᠠᠭᠰᠠᠳ ᠬᠠᠯᠠᠭᠤᠷᠠᠬᠤ ︵ᠪᠡᠶ᠎ᠡ ᠶᠢᠨ ᠳᠤᠯᠠᠭᠠᠨ > 37.3℃︶᠂ ᠬᠠᠨᠢᠶᠠᠬᠤ᠂ ᠬᠤᠭᠤᠯᠠᠢ ᠡᠪᠡᠳᠬᠦ᠂ ᠴᠡᠭᠡᠵᠢ ᠪᠢᠲᠡᠭᠦᠷᠡᠬᠦ᠂ ᠠᠮᠢᠰᠬᠤᠯ ᠴᠢᠬᠤᠯᠳᠠᠬᠤ᠂ ᠦᠨᠦᠷ ᠤᠨ ᠰᠡᠷᠡᠯ ᠮᠠᠭᠤᠳᠠᠬᠤ ᠪᠤᠶᠤ ᠠᠷᠢᠯᠬᠤ᠂ ᠲᠠᠮᠢᠷᠳᠠᠬᠤ᠂ ᠳᠤᠷ᠎ᠠ ᠪᠣᠯᠭᠢᠵᠤ ᠪᠥᠭᠡᠯᠵᠢᠬᠦ᠂ ᠰᠠᠭᠤᠯᠭᠠᠬᠤ᠂ ᠪᠤᠯᠴᠢᠩ ᠮᠢᠬ᠎ᠠ ᠱᠠᠷᠬᠢᠷᠠᠨ ᠡᠪᠡᠳᠬᠦ ᠵᠡᠷᠭᠡ ᠰᠡᠵᠢᠭᠲᠡᠢ ᠡᠪᠡᠳᠴᠢᠨ ᠤ ᠢᠯᠡᠷᠡᠯ ᠭᠠᠷᠳᠠᠭ᠃ ᠰᠢᠯᠭᠠᠯᠲᠠ ᠶᠢᠨ ᠶᠠᠪᠤᠳᠠᠯ ᠤᠨ ᠠᠵᠢᠯᠲᠠᠨ ᠳᠤ ᠴᠠᠭ ᠲᠤᠬᠠᠢ ᠳᠤᠨᠢ ᠰᠠᠨᠠᠭᠠᠴᠢᠯᠠᠭ᠎ᠠ  ᠠᠴᠠ ᠪᠠᠨ ᠮᠡᠳᠡᠭᠦᠯᠬᠦ ᠶᠢᠨ ᠬᠠᠮᠲᠤ ᠰᠢᠯᠭᠠᠯᠲᠠ ᠶᠢᠨ ᠲᠤᠬᠠᠢ ᠶᠢᠨ ᠲᠠᠯᠠᠪᠤᠷ ᠤᠨ ᠠᠵᠢᠯᠲᠠᠨ ᠤ ᠬᠠᠮᠢᠶᠠᠷᠤᠯᠲᠠ ᠶᠢ ᠤᠬᠠᠮᠰᠠᠷ  ᠠᠴᠠ ᠪᠠᠨ ᠳᠠᠭᠠᠵᠤ᠂ ᠴᠡᠭ ᠲᠤ ᠰᠠᠭᠤᠭ᠎ᠠ ᠡᠮᠴᠢᠯᠡᠭᠡᠨ ᠤ ᠬᠢᠵᠢᠭ ᠢ ᠰᠡᠷᠭᠡᠶᠢᠯᠡᠬᠦ ᠠᠵᠢᠯᠲᠠᠨ ᠤ ᠰᠤᠳᠤᠯᠤᠨ ᠮᠠᠭᠠᠳᠯᠠᠯᠲᠠ ᠪᠠᠷ ᠳᠡᠮᠵᠢᠨ ᠦᠷᠭᠦᠯᠵᠢᠯᠡᠨ ᠰᠢᠯᠭᠠᠯᠲᠠ ᠳᠤ ᠣᠷᠣᠯᠴᠠᠵᠤ ᠪᠣᠯᠣᠨ᠎ᠠ ᠭᠡᠵᠦ ᠦᠵᠡᠪᠡᠯ᠂ ᠰᠢᠯᠭᠠᠯᠲᠠ ᠶᠢᠨ ᠲᠠᠯᠠᠪᠤᠷ ᠢ ᠲᠤᠰᠠᠭᠠᠷᠯᠠᠨ ᠦᠷᠭᠦᠯᠵᠢᠯᠡᠨ ᠰᠢᠯᠭᠠᠬᠤ ᠪᠠᠷ ᠲᠣᠬᠢᠷᠠᠭᠤᠯᠵᠤ᠂ ᠰᠢᠯᠭᠠᠯᠲᠠ ᠶᠢᠨ ᠴᠠᠭ ᠢ ᠳᠠᠭᠢᠵᠤ ᠨᠡᠮᠡᠬᠦ ᠦᠭᠡᠢ︔ᠰᠤᠳᠤᠯᠤᠨ ᠮᠠᠭᠠᠳᠯᠠᠬᠤ ᠪᠠᠷ ᠳᠡᠮᠵᠢᠨ ᠦᠷᠭᠦᠯᠵᠢᠯᠡᠨ ᠰᠢᠯᠭᠠᠯᠲᠠ ᠳᠤ ᠣᠷᠤᠯᠴᠠᠬᠤ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠠᠶᠢᠪᠠᠯ᠂ ᠲᠤᠰᠠᠭᠠᠷᠯᠠᠨ ᠠᠵᠢᠭᠯᠠᠬᠤ ᠲᠠᠰᠤᠭ ᠲᠤ ᠠᠮᠠᠷᠠᠭᠤᠯᠬᠤ ᠪᠠᠷ ᠲᠣᠬᠢᠷᠠᠭᠤᠯᠤᠨ᠂ ᠴᠢᠭ᠋ ᠲᠤ ᠰᠠᠭᠤᠭ᠎ᠠ ᠡᠮᠴᠢᠯᠡᠭᠡᠨ ᠤ ᠬᠢᠵᠢᠭ ᠢ ᠰᠡᠷᠭᠡᠶᠢᠯᠡᠬᠦ ᠠᠵᠢᠯᠲᠠᠨ  ᠠᠴᠠ ᠲᠣᠭᠲᠠᠭᠠᠯ ᠶᠣᠰᠣᠭᠠᠷ ᠲᠣᠬᠢᠲᠠᠢ ᠰᠢᠢᠳᠪᠦᠷᠢᠯᠡᠬᠦ ᠬᠡᠷᠡᠭᠲᠡᠢ᠃      ᠪᠤᠭᠤᠲᠤ ᠬᠤᠲᠠ ᠶᠢᠨ ᠠᠵᠢᠯᠲᠠᠨ ᠤ ᠶᠠᠪᠤᠳᠠᠯ ᠤᠨ ᠲᠦᠪ      2022 ᠣᠨ ᠤ 6 ᠰᠠᠷ᠎ᠠ ᠶᠢᠨ ᠤ  2 ᠡᠳᠦᠷ
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1