︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ ᠦᠶ᠎ᠡ︾︽ᠤᠳᠤ︾ᠬᠥᠳᠡᠭᠡ ᠲᠣᠰᠬᠤᠨ ᠢ ᠭᠡᠶᠢᠭᠦᠯᠵᠦ ᠬᠥᠳᠡᠭᠡ ᠲᠣᠰᠬᠤᠨ ᠤ ᠰᠠᠶᠢᠨ ᠰᠠᠶᠢᠬᠠᠨ ᠴᠠᠭ ᠦᠶ᠎ᠡ ᠶᠢ ᠡᠳ᠋ᠯᠡᠨ᠎ᠡ
ᠨᠡᠶᠢᠲᠡᠯᠡᠭᠰᠡᠨ ᠴᠠᠭ᠄
2022/7/15
      ᠵᠤᠨ ᠤ  7 ᠰᠠᠷ᠎ᠠ ᠳᠤ᠂ ᠡᠶᠡᠪᠡᠷᠭᠦᠦ ᠰᠠᠯᠬᠢ ᠢᠯᠪᠢᠨ᠎ᠡ᠃ᠳ᠋ᠦᠩ ᠡᡁᠸ ᠲᠣᠭᠤᠷᠢᠭ ᠤᠨ ᠡᡁᠸ ᠳ᠋ᠦᠩ ᠪᠠᠯᠭᠠᠰᠤ ᠶᠢᠨ ᠵᠧᠩ ᠡᠯ ᠶᠣᠣ ᠲᠣᠰᠬᠤᠨ ᠤ ᠨᠠᠨ ᠰᠢᠩ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ᠂ ᠪᠣᠬᠢᠷᠳᠤᠯ ᠦᠭᠡᠢ ᠢᠳᠡᠰᠢᠨ ᠨᠣᠭᠤᠭ᠎ᠠ ᠬᠦᠯᠡᠮᠵᠢ ᠳᠤ ᠤᠷᠭᠤᠨ ᠪᠣᠶᠢᠵᠢᠵᠤ᠂ ᠳᠥᠷᠪᠡᠯᠵᠢᠨ ᠬᠦᠷᠢᠶᠡᠨ ᠳᠠᠬᠢ ᠲᠠᠷᠢᠶᠠᠴᠢᠨ ᠠᠶᠢᠯ ᠤᠨ ᠢᠳᠡᠭᠡᠨ ᠤ ᠮᠠᠲ᠋ᠧᠷᠢᠶᠠᠯ ᠢᠶᠠᠷ ᠬᠢᠭᠰᠡᠨ ᠠᠮᠲᠠᠲᠤ ᠢᠳᠡᠭᠡᠨ ᠨᠢ ᠬᠥᠮᠥᠰ ᠤᠨ ᠰᠢᠯᠦᠰᠦ ᠶᠢ ᠭᠤᠭᠤᠵᠢᠭᠤᠯᠵᠤ᠂ ᠮᠣᠷᠢ ᠤᠨᠤᠬᠤ᠂ ᠰᠢᠷᠠᠯᠭ᠎ᠠ ᠬᠢᠬᠦ᠂ ᠲᠡᠭᠦᠵᠦ ᠲᠡᠭᠦᠬᠦ ᠁ ᠬᠦᠰᠡᠯᠡᠩ ᠤᠨ ᠳᠣᠲᠣᠷᠠᠬᠢ ᠬᠥᠳᠡᠭᠡ ᠲᠣᠰᠬᠤᠨ ᠤ ᠬᠥᠳᠡᠭᠡ ᠲᠣᠰᠬᠤᠨ ᠤ ᠲᠠᠭᠠᠯᠠᠮᠵᠢᠲᠠᠢ ᠠᠮᠢᠳᠤᠷᠠᠯ ᠨᠢ ᠠᠳᠡ ᠪᠣᠳᠠᠲᠤ ᠶᠠᠪᠤᠳᠠᠯ ᠪᠣᠯᠵᠠᠢ᠃
     ᠲᠠᠷᠢᠶᠠᠴᠢᠨ ᠠᠶᠢᠯ ᠤᠨ 7 ᠰᠠᠷ᠎ᠠ ᠳᠤ ᠭᠤᠸᠠ ᠵᠢᠮᠢᠰ ᠠᠩᠬᠢᠯᠤᠮ᠎ᠠ ᠦᠨᠦᠷ ᠬᠠᠩᠬᠤᠯᠵᠤ᠂ ᠨᠠᠨ ᠰᠢᠩ ᠤᠨ ᠢᠳᠡᠰᠢᠨ ᠨᠣᠭᠤᠭᠠᠨ ᠤ ᠬᠦᠯᠡᠮᠵᠢ ᠳᠤ ᠨᠢᠭᠡ ᠰᠠᠭᠤᠷᠢ ᠨᠡᠶᠢᠲᠡ ᠶᠢᠨ ᠬᠤᠣᠷᠳᠠᠭᠤᠯᠤᠯ ᠦᠭᠡᠢ ᠲᠥᠪᠡᠳ ᠬᠠᠰᠢ᠂ ᠥᠷᠭᠡᠰᠦᠲᠦ ᠬᠡᠮᠬᠡ ᠠᠴᠠ ᠪᠣᠯᠪᠠᠰᠤᠷᠠᠭᠰᠠᠨ ᠠᠩᠬᠢᠯᠤᠮ᠎ᠠ ᠦᠨᠦᠷ ᠬᠠᠩᠬᠤᠯᠤᠨ᠎ᠠ᠃ᠪᠢᠴᠢᠬᠠᠨ ᠬᠥᠯᠲᠦ ᠬᠡᠦᠬᠡᠳ ᠤᠨ ᠴᠡᠴᠡᠷᠯᠢᠭ ᠠᠴᠠ ᠢᠷᠡᠭᠰᠡᠨ ᠪᠢᠴᠢᠬᠠᠨ ᠨᠠᠶᠢᠵᠠ ᠨᠠᠷ ᠰᠠᠷᠠᠪᠴᠢᠨ ᠳᠤ ᠨᠣᠭᠤᠭᠠᠨ ᠨᠠᠪᠴᠢ ᠠᠴᠠ ᠳᠡᠭᠦᠵᠢᠯᠡᠭᠳᠡᠨ ᠤᠨᠵᠢᠭᠰᠠᠨ ᠲᠥᠪᠡᠳ ᠬᠠᠰᠢ ᠨᠤᠭᠤᠳ ᠢ ᠠᠵᠢᠭᠯᠠᠵᠤ᠂ ᠮᠣᠳᠣᠨ ᠨᠠᠪᠴᠢ ᠶᠢᠨ ᠳᠣᠣᠷ᠎ᠠ ᠠᠴᠠ ᠨᠢ ᠨᠢᠭᠡ ᠠᠮᠠ ᠳᠦᠭᠦᠷᠡᠩ ᠠᠩᠬᠢᠯᠤᠮ᠎ᠠ ᠰᠠᠶᠢᠬᠠᠨ ᠦᠨᠦᠷ ᠠᠮᠲᠠ ᠶᠢ ᠨᠢ ᠲᠡᠭᠦᠵᠦ ᠠᠪᠤᠨ᠎ᠠ᠃      ᠪᠢᠴᠢᠬᠠᠨ ᠬᠥᠯᠲᠦ ᠬᠡᠦᠬᠡᠳ ᠤᠨ ᠴᠡᠴᠡᠷᠯᠢᠭ ᠤᠨ ᠳᠡᠳ᠋ ᠳᠠᠷᠤᠭ᠎ᠠ ᠸᠠᠩ ᠵᠢᠶᠠᠨ ᠫᠢᠩ ᠤᠨ ᠲᠠᠨᠢᠯᠴᠠᠭᠤᠯᠤᠭᠰᠠᠨ ᠢᠶᠠᠷ᠂ ᠲᠣᠰ ᠴᠡᠴᠡᠷᠯᠢᠭ ᠨᠢ ᠨᠠᠨ ᠰᠢᠩ ᠲᠠᠢ ᠬᠠᠮᠲᠤᠷᠠᠨ ᠰᠤᠳᠤᠯᠤᠨ ᠰᠤᠷᠤᠯᠴᠠᠬᠤ ᠠᠵᠢᠯ ᠥᠷᠨᠢᠭᠦᠯᠦᠭᠡᠳ 3 ᠵᠢᠯ ᠰᠢᠬᠠᠮ ᠪᠣᠯᠵᠤ ᠪᠠᠶᠢᠨ᠎ᠠ᠂ ᠴᠡᠴᠡᠷᠯᠢᠭ ᠤᠨ ᠳᠣᠲᠣᠷᠠᠬᠢ 15 ᠠᠩᠭᠢ ᠳᠤ ᠨᠡᠶᠢᠲᠡ 440 ᠭᠠᠷᠤᠢ ᠪᠢᠴᠢᠬᠠᠨ ᠨᠠᠶᠢᠵᠠ ᠪᠣᠶ᠂ ᠲᠣᠰ ᠴᠡᠴᠡᠷᠯᠢᠭ ᠨᠢ ᠰᠤᠷᠤᠯᠭ᠎ᠠ ᠶᠢᠨ ᠬᠤᠭᠤᠴᠠᠭ᠎ᠠ ᠪᠦᠷᠢ ᠳᠤ ᠴᠥᠮ ᠢᠷᠡᠵᠦ 2-3 ᠤᠳᠠᠭ᠎ᠠ ᠰᠤᠳᠤᠯᠤᠨ ᠰᠤᠷᠤᠯᠴᠠᠬᠤ ᠲᠤᠷᠰᠢᠯᠭ᠎ᠠ ᠶᠢ ᠥᠷᠨᠢᠭᠦᠯᠳᠡᠭ᠃ {ᠨᠣᠮ ᠤᠨ ᠰᠠᠩ ᠤᠨ ᠲᠠᠰᠤᠭ ᠤᠨ ᠳᠠᠷᠤᠭ᠎ᠠ ᠸᠠᠩ ᠵᠢᠶᠠᠨ ᠫᠢᠩ ᠤᠨ ᠲᠠᠨᠢᠯᠴᠠᠭᠤᠯᠤᠭᠰᠠᠨ ᠢᠶᠠᠷ᠂ ᠲᠣᠰ ᠴᠡᠴᠡᠷᠯᠢᠭ ᠨᠢ ᠨᠠᠨ ᠰᠢᠩ ᠲᠠᠢ ᠬᠠᠮᠲᠤᠷᠠᠨ ᠰᠤᠳᠤᠯᠤᠨ ᠰᠤᠷᠤᠯᠴᠠᠬᠤ ᠠᠵᠢᠯ ᠥᠷᠨᠢᠭᠦᠯᠦᠭᠡᠳ 3 ᠵᠢᠯ ᠰᠢᠬᠠᠮ ᠪᠣᠯᠵᠤ ᠪᠠᠶᠢᠨ᠎ᠠ᠂ ᠲᠣᠰ ᠴᠡᠴᠡᠷᠯᠢᠭ ᠤᠨ ᠳᠣᠲᠣᠷᠠᠬᠢ 15 ᠠᠩᠭᠢ ᠳᠤ ᠨᠡᠶᠢᠲᠡ 440 ᠭᠠᠷᠤᠢ ᠪᠢᠴᠢᠬᠠᠨ ᠬᠡᠦᠬᠡᠳ ᠲᠠᠢ ᠪᠠᠶᠢᠳᠠᠭ᠃ ︽ᠪᠢᠳᠡ ᠬᠡᠦᠬᠡᠳ ᠤᠳ ᠲᠤ ᠤᠷᠭᠤᠮᠠᠯ ᠤᠨ ᠥᠰᠦᠯᠲᠡ  ᠶᠢᠨ ᠵᠢᠮ᠎ᠡ ᠶᠣᠰᠣ  ᠶᠢ ᠲᠠᠨᠢᠭᠤᠯᠵᠤ᠂ ᠠᠮᠤ ᠪᠤᠳᠠᠭ᠎ᠠ ᠳᠠᠷᠢᠬᠤ ᠳᠤ ᠬᠢᠯᠪᠠᠷ ᠪᠤᠰᠤ ᠭᠡᠳᠡᠭ  ᠢ ᠬᠠᠷᠠᠬᠠᠨ ᠪᠠᠭ᠎ᠠ  ᠠᠴᠠ ᠪᠠᠨ ᠮᠡᠳᠡᠬᠦ  ᠶᠢ ᠬᠦᠰᠡᠵᠦ ᠪᠠᠶᠢᠨ᠎ᠠ᠂ ᠡᠨᠡ ᠨᠢ ᠬᠡᠦᠬᠡᠳ ᠲᠤ ᠮᠠᠰᠢ ᠰᠠᠶᠢᠨ ᠰᠤᠷᠤᠯᠴᠠᠬᠤ ᠨᠥᠬᠦᠴᠡᠯ  ᠢ ᠬᠠᠩᠭᠠᠵᠤ ᠥᠭᠭᠦᠭᠰᠡᠨ ᠶᠤᠮ︾᠃ ᠭᠡᠵᠦ ᠸᠠᠩ ᠵᠢᠶᠠᠨ ᠫᠢᠩ ᠬᠡᠯᠡᠪᠡ᠃
     ᠲᠠᠷᠢᠶᠠᠯᠠᠩ ᠤᠨ ᠰᠢᠨᠵᠢᠯᠡᠬᠦ ᠤᠬᠠᠭᠠᠨ ᠤ ᠳᠡᠮᠵᠢᠯᠭᠡ᠂ ᠠᠳᠡᠬᠢ ᠪᠣᠬᠢᠷᠳᠤᠯ ᠦᠭᠡᠢ ᠢᠳᠡᠰᠢᠨ ᠨᠣᠭᠤᠭ᠎ᠠ ᠨᠢ ᠡᠷᠡᠭᠦᠯ ᠪᠥᠭᠡᠳ ᠠᠮᠲᠠᠲᠠᠢ᠂ ᠣᠷᠴᠢᠯ ᠲᠠᠷᠢᠶᠠᠯᠠᠩ ᠤᠨ ᠲᠠᠷᠢᠮᠠᠯ ᠤᠨ ᠵᠠᠭᠪᠤᠷ ᠢᠶᠠᠷ ᠪᠠᠷᠠᠬᠤ ᠦᠭᠡᠢ ᠪᠠᠰᠠ ᠬᠤᠵᠢᠷᠯᠢᠭ ᠭᠠᠵᠠᠷ ᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠠᠢ᠃【ᠪᠢᠳᠡ ᠢᠳᠡᠭᠡᠨ ᠤ ᠮᠥᠭᠦ ᠶᠢ ᠳᠠᠷᠢᠭᠰᠠᠨ ᠠᠴᠠ ᠪᠣᠢ ᠪᠣᠯᠤᠭᠰᠠᠨ ᠰᠠᠭᠤᠷᠢ ᠡᠳ᠋ ᠢᠶᠠᠷ ᠬᠥᠷᠥᠰᠥ ᠰᠢᠷᠣᠢ ᠶᠢ ᠰᠠᠶᠢᠵᠢᠷᠠᠭᠤᠯᠬᠤ ᠰᠠᠭᠤᠷᠢ ᠪᠣᠷᠳᠣᠭᠤᠷ ᠪᠣᠯᠭᠠᠪᠠ᠂ 2-3 ᠵᠢᠯ ᠤᠨ ᠬᠥᠷᠥᠰᠥ ᠰᠢᠷᠣᠢ ᠶᠢ ᠰᠠᠶᠢᠵᠢᠷᠠᠭᠤᠯᠬᠤ ᠪᠠᠷ ᠳᠠᠮᠵᠢᠭᠠᠳ ᠠᠳᠡᠬᠢ ᠬᠥᠷᠥᠰᠥ ᠰᠢᠷᠣᠢ ᠲᠥᠪᠡᠳ ᠬᠠᠰᠢ ᠲᠠᠷᠢᠬᠤ ᠳᠤ ᠣᠨᠴᠠ ᠲᠣᠬᠢᠷᠠᠮᠵᠢᠲᠠᠢ ᠪᠠᠶᠢᠬᠤ ᠶᠢ ᠬᠡᠮᠵᠢᠨ ᠪᠠᠶᠢᠴᠠᠭᠠᠭᠰᠠᠨ ᠤ ᠳ᠋ᠦᠩ ᠳᠤ ᠣᠯᠵᠤ ᠮᠡᠳᠡᠪᠡ᠃】 ᠨᠠᠨ ᠰᠢᠩ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠬᠠᠷᠢᠭᠤᠴᠠᠯᠭᠠᠲᠠᠨ ᠯᠢ ᠯᠦᠩ ᠾᠧ ᠲᠠᠨᠢᠯᠴᠠᠭᠤᠯᠬᠤ ᠳᠠᠭᠠᠨ᠂ ︽ᠡᠨᠡ ᠵᠢᠯ ᠤᠨ ᠲᠤᠷᠰᠢᠨ ᠳᠠᠷᠢᠭᠰᠠᠨ ︿ᠤᠤᠯ ᠠᠮᠲᠠ ᠨᠢᠭᠡᠳᠦᠭᠡᠷ﹀ ᠲᠥᠪᠡᠳ ᠬᠠᠰᠢ ᠨᠢᠭᠡᠨᠲᠡ ᠠᠮᠵᠢᠯᠲᠠ ᠣᠯᠵᠤ᠂ ᠡᠨᠡ ᠵᠢᠯ ᠤᠨ 6 ᠰᠠᠷ᠎ᠠ ᠳᠤ ᠪᠡᠭᠡᠵᠢᠩ᠂ ᠱᠠᠩᠬᠠᠢ ᠶᠢᠨ ᠵᠣᠴᠢᠨ ᠡᠷᠦᠬᠡ ᠲᠠᠢ 3 ᠲᠦᠮᠡᠨ ᠵᠢᠩ ᠤᠨ ᠵᠠᠬᠢᠶᠠᠯᠠᠭ᠎ᠠ ᠶᠢᠨ ᠬᠠᠭᠤᠳᠠᠰᠤ ᠲᠣᠭᠲᠠᠵᠤ᠂ ᠪᠣᠷᠤᠯᠠᠭᠤᠯᠭ᠎ᠠ ᠶᠢᠨ ᠵᠠᠮ ᠢ ᠪᠥᠬᠦ ᠲᠠᠯ᠎ᠠ ᠪᠠᠷ ᠨᠡᠭᠡᠭᠡᠪᠡ︾ ᠭᠡᠵᠡᠢ᠃
     ᠳᠤᠮᠳᠠᠳᠤ ᠰᠤᠷᠭᠠᠭᠤᠯᠢ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠲᠡᠭᠦᠰᠬᠦ ᠪᠠ ᠵᠣᠨ ᠤ ᠠᠮᠠᠷᠠᠯᠲᠠ ᠬᠦᠷᠴᠦ ᠢᠷᠡᠬᠦ ᠶᠢ ᠳᠠᠭᠠᠯᠳᠤᠨ᠂ ᠭᠠᠷᠠᠭ ᠤᠨ ᠵᠢᠷᠭᠤᠭᠠᠨ ᠤ ᠡᠳᠦᠷ ᠪᠣᠯᠬᠤ ᠪᠦᠷᠢ ᠠᠳᠡ ᠬᠥᠮᠥᠰ ᠤᠨ ᠬᠦᠷᠢᠶᠡᠯᠡᠯ ᠢ ᠣᠯᠵᠤ᠂ ᠴᠥᠭᠡᠨ ᠪᠤᠰᠤ ᠬᠤᠲᠠ ᠶᠢᠨ ᠠᠷᠠᠳ ᠨᠠᠰᠤᠲᠠᠨ ᠪᠠ ᠬᠡᠦᠬᠡᠳ ᠢᠶᠠᠨ ᠳᠠᠭᠠᠭᠤᠯᠤᠨ ᠠᠳᠡ ᠢᠷᠡᠵᠦ ᠬᠥᠳᠡᠭᠡ ᠲᠣᠰᠬᠤᠨ ᠤ ᠴᠠᠭ ᠮᠥᠴᠡ ᠶᠢ ᠬᠠᠮᠲᠤ ᠪᠠᠷ ᠡᠳ᠋ᠯᠡᠳᠡᠭ᠃ ︽ᠭᠠᠷᠠᠭ ᠤᠨ ᠰᠡᠭᠦᠯᠴᠢ ᠪᠣᠯᠬᠤ ᠪᠦᠷᠢ ᠠᠳᠡ ᠬᠠᠮᠤᠭ ᠤᠨ ᠬᠥᠭᠵᠢᠶᠡᠨ ᠲᠠᠢ ᠦᠶ᠎ᠡ ᠳᠤ᠂ ᠡᠳᠦᠷ ᠪᠦᠷᠢ ᠮᠢᠩᠭ᠎ᠠ ᠰᠢᠬᠠᠮ ᠬᠥᠮᠥᠨ ᠢᠷᠡᠵᠦ ᠲᠡᠭᠦᠵᠦ ᠲᠡᠭᠦᠬᠦ᠂ ᠪᠣᠬᠢᠷᠳᠤᠯ ᠦᠭᠡᠢ ᠢᠳᠡᠰᠢᠨ ᠨᠣᠭᠤᠭ᠎ᠠ ᠬᠤᠳᠠᠯᠳᠤᠨ ᠠᠪᠬᠤ᠂ ᠲᠠᠷᠢᠶᠠᠴᠢᠨ ᠠᠶᠢᠯ ᠤᠨ ᠠᠮᠲᠠᠲᠤ ᠢᠳᠡᠭᠡᠨ  ᠢ ᠠᠮᠲᠠᠯᠠᠬᠤ ᠪᠣᠯᠣᠨ᠎ᠠ︾᠃ ᠯᠢ ᠯᠦᠩ ᠾᠧ ᠬᠡᠯᠡᠬᠦ ᠳᠡᠭᠡᠨ᠂ ᠢᠯᠠᠩᠭᠤᠶ᠎ᠠ ᠣᠶᠢᠷ᠎ᠠ ᠶᠢᠨ ᠬᠤᠭᠤᠴᠠᠭᠠᠨ ᠳᠤ ᠮᠠᠨ ᠤ ᠬᠤᠲᠠ ᠶᠢᠨ ᠬᠡᠷᠡᠭᠯᠡᠭᠡ ᠶᠢ ᠠᠬᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠬᠦ ᠵᠢᠴᠢ ᠡᠯ᠎ᠡ ᠲᠥᠷᠥᠯ ᠤᠨ ᠠᠵᠢᠯᠯᠠᠭ᠎ᠠ ᠥᠷᠨᠢᠭᠦᠯᠬᠦ ᠶᠢ ᠳᠠᠭᠠᠯᠳᠤᠨ᠂ ᠤᠯᠠᠮ ᠠᠴᠠ ᠤᠯᠠᠮ ᠣᠯᠠᠨ ᠬᠤᠲᠠ ᠶᠢᠨ ᠠᠷᠠᠳ ᠳ᠋ᠦᠩ ᠾᠧ ᠲᠣᠭᠤᠷᠢᠭ ᠲᠤ ᠢᠷᠡᠵᠦ᠂ ᠨᠠᠨ ᠰᠢᠩ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ ᠢᠷᠡᠵᠦ᠂ ᠵᠠᠬ᠎ᠠ ᠳᠡᠯᠭᠡᠭᠦᠷ ᠢ ᠬᠠᠯᠠᠭᠤᠨ ᠲᠠᠢ ᠪᠣᠯᠭᠠᠵᠤ᠂ ᠬᠡᠷᠡᠭᠯᠡᠭᠡ ᠶᠢ ᠴᠦ ᠠᠬᠢᠭᠤᠯᠵᠤ ᠪᠠᠶᠢᠨ᠎ᠠ᠃      ᠡᠭᠦᠨ ᠤ ᠬᠠᠮᠲᠤ᠂ ᠪᠤᠭᠤᠲᠤ ᠬᠤᠲᠠ ᠶᠢᠨ ᠠᠷᠠᠳ ᠤᠨ ᠬᠡᠷᠡᠭᠯᠡᠭᠡᠨ ᠤ ᠬᠢᠷᠢ ᠲᠦᠪᠰᠢᠨ ᠤ ᠳᠡᠭᠡᠭᠰᠢᠯᠡᠯᠲᠡ ᠵᠢᠴᠢ ᠪᠣᠬᠢᠷᠳᠤᠯ ᠦᠭᠡᠢ ᠢᠳᠡᠰᠢᠨ ᠨᠣᠭᠤᠭ᠎ᠠ ᠶᠢ ᠮᠡᠳᠡᠷᠡᠬᠦ ᠶᠢ ᠳᠠᠭᠠᠯᠳᠤᠨ᠂ ᠤᠯᠠᠮ ᠠᠴᠠ ᠤᠯᠠᠮ ᠣᠯᠠᠨ ᠬᠡᠷᠡᠭᠯᠡᠭᠴᠢᠳ ᠲᠡᠭᠦᠵᠦ ᠨᠠᠭᠠᠳᠤᠭᠰᠠᠨ ᠤ ᠳᠠᠷᠠᠭ᠎ᠠ᠂ ᠣᠷᠳᠣ ᠬᠤᠭᠤᠴᠠᠭ᠎ᠠ ᠪᠠᠷ ᠢᠳᠡᠰᠢᠨ ᠨᠣᠭᠤᠭ᠎ᠠ ᠵᠠᠬᠢᠶᠠᠯᠠᠬᠤ ᠪᠣᠳᠣᠯ ᠲᠠᠢ ᠪᠣᠯᠵᠤ ᠪᠠᠶᠢᠨ᠎ᠠ᠃︽ᠣᠳᠣᠬᠠᠨ ᠳᠤ᠂ ᠪᠢᠳᠡ ᠨᠢᠭᠡᠨᠲᠡ ᠭᠡᠰᠢᠭᠦᠨ ᠤ ᠳᠦᠷᠢᠮᠲᠦ ᠢᠳᠡᠰᠢᠨ ᠨᠣᠭᠤᠭ᠎ᠠ ᠲᠣᠬᠢᠷᠠᠭᠤᠯᠤᠨ ᠬᠦᠷᠭᠡᠬᠦ ᠦᠢᠯᠡᠴᠢᠯᠡᠭᠡ ᠶᠢ ᠲᠤᠷᠰᠢᠨ ᠰᠦᠪᠡᠭᠴᠢᠯᠡᠵᠦ ᠪᠠᠶᠢᠨ᠎ᠠ᠂ ᠪᠠᠷᠤᠭ 300 ᠭᠠᠷᠤᠢ ᠭᠡᠰᠢᠭᠦᠨ ᠠᠳᠡ ᠣᠷᠳᠣ ᠬᠤᠭᠤᠴᠠᠭ᠎ᠠ ᠪᠠᠷ ᠢᠳᠡᠰᠢᠨ ᠨᠣᠭᠤᠭ᠎ᠠ ᠵᠠᠬᠢᠶᠠᠯᠠᠵᠤ ᠪᠠᠶᠢᠨ᠎ᠠ᠂ ᠢᠷᠡᠭᠡᠳᠦᠢ ᠳᠤ ᠭᠡᠰᠢᠭᠦᠨ ᠤ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ ᠪᠤᠭᠤᠲᠤ ᠶᠢᠨ ᠬᠤᠲᠠ ᠶᠢᠨ ᠠᠷᠠᠳ ᠲᠤ ᠨᠠᠩ ᠥᠨᠳᠥᠷ ᠶᠠᠰᠤ ᠴᠢᠨᠠᠷ ᠲᠠᠢ ᠪᠣᠬᠢᠷᠳᠤᠯ ᠦᠭᠡᠢ ᠢᠳᠡᠰᠢᠨ ᠨᠣᠭᠤᠭ᠎ᠠ ᠬᠠᠩᠭᠠᠬᠤ ᠶᠢ ᠬᠦᠰᠡᠵᠦ ᠪᠠᠶᠢᠨ᠎ᠠ︾ ᠭᠡᠵᠡᠢ᠃ ᠭᠡᠵᠦ ᠯᠢ ᠯᠦᠩ ᠾᠧ ᠬᠡᠯᠡᠪᠡ᠃
     ︽ᠠᠮᠢᠳᠤᠷᠠᠯ ᠤᠤᠯ  ᠠᠴᠠ ᠪᠠᠨ ᠤᠶᠢᠳᠬᠠᠷ ᠲᠠᠢ ᠪᠠᠶᠢᠭᠰᠠᠨ᠂ ᠭᠦᠶᠦᠭᠰᠡᠭᠡᠷ ᠯᠡ ᠰᠠᠯᠬᠢ ᠲᠠᠢ ᠪᠣᠯᠴᠢᠬᠠᠳᠠᠭ ︾᠃ 2022 ᠣᠨ ᠳᠤ ᠨᠠᠨ ᠰᠢᠩ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠬᠢᠨ ᠡᠮᠦᠨᠡᠲᠦ ᠲᠠᠩᠭᠢᠰ ᠤᠨ ᠳ᠋ᠢᠩ ᠱᠧᠩ ᠴᠢ ᠤᠯᠠᠨ ᠤᠯᠤᠰ ᠤᠨ ᠮᠣᠷᠢᠨ ᠮᠡᠷᠭᠡᠵᠢᠯ ᠤᠨ ᠰᠠᠭᠤᠷᠢᠨ ᠢ ᠰᠢᠨ᠎ᠡ ᠪᠠᠷ ᠣᠷᠣᠭᠤᠯᠤᠨ ᠠᠪᠴᠢᠷᠠᠵᠤ᠂ ᠡᠨᠡᠬᠦ ᠤᠯᠠᠮᠵᠢᠯᠠᠯᠲᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠡᠢ᠃
     ᠪᠤᠭᠤᠲᠤ ᠬᠤᠳᠠ ᠶᠢᠨ ᠴᠤᠷ ᠤᠨ ᠭᠠᠭᠴᠠ ᠤᠯᠠᠨ ᠤᠯᠤᠰ ᠤᠨ ᠪᠠᠷᠢᠮᠵᠢᠶᠠᠲᠤ ᠰᠢᠷᠬᠡᠭᠯᠢᠭ ᠤᠨ ᠲᠠᠯᠠᠪᠠᠢ ᠶᠢ ᠬᠡᠷᠡᠭᠯᠡᠵᠦ ᠪᠠᠶᠢᠭ᠎ᠠ ᠮᠣᠷᠢᠨ ᠮᠡᠷᠭᠡᠵᠢᠯ ᠤᠨ ᠰᠠᠭᠤᠷᠢᠨ ᠪᠣᠯᠤᠭᠰᠠᠨ ᠤ ᠬᠤᠪᠢ ᠳᠤ᠂ ᠠᠳᠡ ᠬᠡᠦᠬᠡᠳ ᠤᠨ ᠮᠣᠷᠢᠨ ᠮᠡᠷᠭᠡᠵᠢᠯ ᠢ ᠪᠡᠶᠡᠴᠢᠯᠡᠨ ᠣᠶᠢᠯᠠᠭᠠᠬᠤ ᠪᠠ ᠲᠤᠰᠬᠠᠢ ᠮᠡᠷᠭᠡᠵᠢᠯ ᠤᠨ ᠰᠤᠷᠤᠯᠴᠠᠯᠭ᠎ᠠ ᠬᠢᠬᠦ ᠳᠤ ᠨᠡᠩ ᠲᠣᠬᠢᠷᠠᠨ᠎ᠠ᠃ ︽6 ᠰᠠᠷ᠎ᠠ  ᠶᠢᠨ 18 ᠤ ᠡᠳᠦᠷ ᠲᠤᠷᠰᠢᠨ ᠡᠵᠡᠩᠨᠡᠭᠰᠡᠨ ᠠᠴᠠ ᠨᠠᠰᠢ ᠮᠠᠨ ᠤ 30 ᠭᠠᠷᠤᠢ ᠭᠡᠰᠢᠭᠦᠨ ᠬᠤᠷᠠᠯ ᠳᠤ ᠣᠷᠣᠭᠰᠠᠨ ᠪᠠᠶᠢᠨ᠎ᠠ᠂ ᠵᠤᠨ ᠤ ᠠᠮᠠᠷᠠᠯᠲᠠ ᠬᠦᠷᠴᠦ ᠢᠷᠡᠬᠦ  ᠶᠢᠨ ᠳᠠᠭᠠᠤ ᠳᠤ ᠵᠤᠨ ᠤ ᠠᠮᠠᠷᠠᠯᠲᠠ  ᠶᠢᠨ ᠲᠤᠰᠬᠠᠢ ᠬᠢᠴᠢᠶᠡᠯ  ᠢ ᠤᠷᠢᠳᠴᠢᠯᠠᠨ ᠯᠠᠪᠯᠠᠬᠤ ᠭᠡᠷ ᠤᠨ ᠠᠬᠠᠮᠠᠳ ᠴᠤ ᠶᠠᠪᠤᠬᠤ ᠲᠤᠲᠤᠮ ᠣᠯᠠᠰᠢᠷᠠᠵᠤ ᠪᠠᠶᠢᠨ᠎ᠠ︾᠃ ᠪᠤᠭᠤᠲᠤ ᠬᠤᠲᠠ ᠶᠢᠨ ᠳ᠋ᠢᠩ ᠱᠧᠩ ᠴᠢ ᠣᠯᠠᠨ ᠤᠯᠤᠰ ᠤᠨ ᠮᠣᠷᠢᠨ ᠮᠡᠷᠭᠡᠵᠢᠯ ᠤᠨ ᠰᠠᠭᠤᠷᠢᠨ ᠭᠠᠵᠠᠷ ᠤᠨ ᠬᠠᠷᠢᠭᠤᠴᠠᠯᠭᠠᠲᠠᠨ ᠪᠢᠶᠠᠨ ᠶᠠᠨ ᠷᠦ ᠲᠠᠨᠢᠯᠴᠠᠭᠤᠯᠬᠤ ᠳᠠᠭᠠᠨ᠂ ︽ᠪᠢᠳᠡᠨ ᠤ ᠴᠢᠷᠮᠠᠶᠢᠯᠭ᠎ᠠ ᠪᠠᠷ ᠳᠠᠮᠵᠢᠭᠤᠯᠤᠨ᠂ ᠬᠤᠲᠠ ᠶᠢᠨ ᠠᠷᠠᠳ ᠲᠤ ᠲᠤᠰᠬᠠᠢ ᠮᠡᠷᠭᠡᠵᠢᠯ ᠤᠨ᠂ ᠠᠮᠤᠷ ᠲᠦᠪᠰᠢᠨ᠂ ᠠᠷᠠᠳ ᠢ ᠳᠣᠲᠣᠨᠣᠴᠢᠯᠠᠬᠤ ᠮᠣᠷᠢᠨ ᠮᠡᠷᠭᠡᠵᠢᠯ ᠤᠨ ᠣᠶᠢᠯᠠᠭᠠᠯᠲᠠ ᠪᠠ ᠲᠤᠰᠬᠠᠢ ᠮᠡᠷᠭᠡᠵᠢᠯ ᠤᠨ ᠬᠢᠴᠢᠶᠡᠯ ᠬᠠᠩᠭᠠᠬᠤ ᠶᠢ ᠬᠦᠰᠡᠵᠦ ᠪᠠᠶᠢᠨ᠎ᠠ︾ ᠭᠡᠵᠡᠢ᠃      ᠨᠠᠨ ᠰᠢᠩ ᠤᠳᠤ ᠦᠶ᠎ᠡ ᠶᠢᠨ ᠲᠠᠷᠢᠶᠠᠯᠠᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠯᠪᠠᠨ ᠭᠡᠷ ᠤᠨ ᠡᠷᠬᠢᠯᠡᠭᠴᠢ ᠳ᠋ᠦᠩ ᠮᠧᠢ ᠬᠡᠯᠡᠬᠦ ᠳᠡᠭᠡᠨ᠄ ︽ᠨᠠᠨ ᠰᠢᠩ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠪᠣᠯ ᠲᠠᠷᠢᠶᠠᠯᠠᠩ ᠤᠨ ᠲᠠᠷᠢᠮᠠᠯ᠂ ᠦᠢᠯᠡᠳᠪᠦᠷᠢᠯᠡᠯ᠂ ᠪᠣᠯᠪᠠᠰᠤᠷᠠᠭᠤᠯᠤᠯᠲᠠ᠂ ᠲᠣᠭᠤᠷᠢᠨ ᠦᠵᠡᠵᠦ ᠰᠤᠳᠤᠯᠤᠨ ᠰᠤᠷᠤᠯᠴᠠᠬᠤ ᠵᠢᠭᠤᠯᠴᠢᠯᠠᠯ᠂ ᠢᠳᠡᠵᠦ ᠤᠤᠭᠤᠬᠤ ᠬᠤᠨᠣᠵᠤ ᠬᠡᠪᠲᠡᠬᠦ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠮᠥᠨ᠂ ᠠᠳᠡ ᠵᠤᠭᠠᠴᠠᠭᠰᠠᠳ ᠪᠣᠬᠢᠷᠳᠤᠯ ᠦᠭᠡᠢ ᠢᠳᠡᠰᠢᠨ ᠨᠣᠭᠤᠭ᠎ᠠ᠂ ᠭᠡᠷ ᠤᠨ ᠭᠠᠳᠠᠨ᠎ᠠ ᠰᠢᠷᠠᠵᠤ ᠢᠳᠡᠬᠦ᠂ ᠵᠢᠩᠬᠢᠨᠢ ᠲᠠᠷᠢᠶᠠᠴᠢᠨ ᠠᠶᠢᠯ ᠤᠨ ᠠᠮᠲᠠᠲᠤ ᠢᠳᠡᠭᠡᠨ ᠢ ᠠᠮᠲᠠᠯᠠᠵᠤ ᠪᠣᠯᠬᠤ ᠪᠥᠭᠡᠳ ᠬᠠᠮᠤᠭ ᠤᠨ ᠰᠢᠨ᠎ᠡ ᠪᠠᠷ ᠣᠷᠣᠭᠤᠯᠤᠭᠰᠠᠨ ᠮᠣᠷᠢᠨ ᠮᠡᠷᠭᠡᠵᠢᠯ ᠤᠨ ᠰᠠᠭᠤᠷᠢᠨ ᠭᠠᠵᠠᠷ ᠨᠢ ᠪᠠᠰᠠ ᠵᠢᠭᠤᠯᠴᠢᠯᠠᠭᠴᠢᠳ ᠲᠤ ᠨᠠᠩ ᠡᠯᠪᠡᠭ ᠪᠠᠶᠠᠯᠢᠭ ᠵᠤᠭᠠᠴᠠᠨ ᠨᠠᠭᠠᠳᠬᠤ ᠥᠩᠭᠡᠷᠡᠯᠲᠡ ᠬᠠᠩᠭᠠᠬᠤ ᠪᠣᠯᠣᠨ᠎ᠠ︾ ᠭᠡᠵᠡᠢ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1