ᠳ᠋ᠦᠩ ᠾᠧ ᠲᠣᠭᠤᠷᠢᠭ᠄ ᠰᠣᠶᠣᠯ ᠵᠤᠭᠠᠴᠠᠯ ᠢ ᠠᠭᠤᠰᠤᠯᠴᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ
ᠨᠡᠶᠢᠲᠡᠯᠡᠭᠰᠡᠨ ᠴᠠᠭ᠄
2022/7/15
     ᠰᠤᠯᠠ ᠰᠡᠯᠡᠭᠦᠦ ᠲᠡᠭᠦᠵᠦ ᠲᠡᠭᠦᠬᠦ᠂ ᠲᠠᠷᠢᠶᠠᠯᠠᠩ ᠤᠨ ᠶᠠᠪᠤᠳᠠᠯ ᠢ ᠪᠡᠶᠡᠴᠢᠯᠡᠨ ᠣᠶᠢᠯᠠᠭᠠᠬᠤ᠂ ᠲᠠᠷᠢᠶᠠᠴᠢᠨ ᠠᠶᠢᠯ ᠤᠨ ᠠᠮᠲᠠᠲᠤ ᠢᠳᠡᠭᠡᠨ ᠁ ᠪᠠᠶᠠᠷ ᠳᠤᠷᠠᠰᠬᠠᠯ ᠤᠨ ᠡᠳᠦᠷ ᠪᠣᠯᠬᠤ ᠪᠦᠷᠢ᠂ ᠸᠠᠩ ᠳ᠋ᠠ ᠬᠠᠨ ᠲᠣᠰᠬᠤᠨ ᠤ ᠨᠠᠨ ᠰᠢᠩ ᠤᠳᠤ ᠦᠶ᠎ᠡ ᠶᠢᠨ ᠲᠠᠷᠢᠶᠠᠯᠠᠩ ᠢᠶᠠᠷ ᠵᠤᠭᠠᠴᠠᠨ ᠨᠠᠭᠠᠳᠬᠤ ᠬᠥᠮᠥᠰ ᠪᠦᠯᠦᠭ ᠪᠦᠯᠦᠭ ᠢᠶᠠᠷ ᠵᠠᠯᠭᠠᠭ᠎ᠠ ᠵᠠᠯᠭᠠᠭ᠎ᠠ ᠪᠠᠷ ᠴᠤᠪᠤᠷᠠᠯᠳᠤᠨ᠎ᠠ᠃︽ᠪᠢ ᠨᠠᠶᠢᠵᠠ ᠲᠠᠢ ᠪᠠᠨ ᠵᠢᠯ ᠪᠦᠷᠢ ᠬᠤᠶᠠᠷ ᠭᠤᠷᠪᠠ ᠤᠳᠠᠭ᠎ᠠ ᠢᠷᠡᠳᠡᠭ᠂ ᠮᠥᠰᠥ ᠲᠠᠢ ᠠᠮᠲᠠᠲᠤ ᠲᠥᠮᠥᠰᠥ᠂ ᠫᠷᠤᠥᠥᠨᠰ ᠲᠥᠪᠡᠳ ᠬᠠᠰᠢ ᠵᠡᠷᠭᠡ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠠᠮᠲᠠᠯᠠᠵᠤ᠂ ᠬᠠᠮᠲᠤ ᠪᠠᠷ ᠵᠢᠮᠢᠰ ᠨᠣᠭᠤᠭ᠎ᠠ ᠲᠡᠭᠦᠵᠦ᠂ ᠲᠠᠷᠢᠶᠠᠴᠢᠨ ᠠᠶᠢᠯ ᠤᠨ ᠵᠢᠵᠢᠭ ᠬᠦᠷᠢᠶᠡᠨ ᠳᠤ ᠰᠢᠷᠠᠵᠤ ᠵᠣᠭᠤᠭᠳᠠᠨ᠂ ᠰᠢᠨ᠎ᠡ ᠰᠣᠷᠭᠤᠭ ᠠᠭᠤᠷ ᠠᠮᠢᠰᠬᠤᠯ ᠢ ᠠᠮᠢᠰᠬᠤᠵᠤ᠂ ᠰᠠᠶᠢᠨ ᠰᠠᠶᠢᠬᠠᠨ ᠨᠢᠭᠡ ᠡᠳᠦᠷ ᠢ ᠥᠩᠭᠡᠷᠡᠭᠦᠯᠳᠡᠭ︾᠃ ᠭᠡᠵᠦ ᠣᠷᠳᠣᠰ ᠬᠤᠳᠠ ᠳᠤ ᠰᠠᠭᠤᠵᠤ ᠪᠠᠶᠢᠭ᠎ᠠ ᠯᠢ ᠠᠪᠤᠭᠠᠢ ᠢᠯᠡᠳᠬᠡᠪᠡ᠃
     ᠤᠯᠠᠨ ᠵᠢᠯ ᠤᠨ ᠡᠮᠦᠨ᠎ᠡ ᠲᠠᠷᠠᠬᠠᠢ ᠪᠤᠲᠠᠷᠬᠠᠢ ᠪᠠᠶᠢᠭᠰᠠᠨ ᠬᠤᠳᠠ ᠶᠢᠨ ᠲᠡᠭᠦᠷᠭᠡ ᠶᠢᠨ ᠲᠠᠷᠢᠶᠠᠴᠢᠨ ᠠᠶᠢᠯ ᠤᠨ ᠵᠤᠭᠠᠴᠠᠯ ᠠᠴᠠ ᠤᠳᠤ ᠶᠢᠨ ᠠᠵᠤ ᠦᠢᠯᠡᠰᠵᠢᠯᠲᠡ ᠶᠢᠨ ᠬᠥᠭᠵᠢᠯᠲᠡ ᠬᠦᠷᠲᠡᠯ᠎ᠡ᠂ ᠨᠠᠨ ᠰᠢᠩ ᠤᠨ ᠤᠳᠤ ᠦᠶ᠎ᠡ ᠶᠢᠨ ᠲᠠᠷᠢᠶᠠᠯᠠᠩ ᠨᠢ ᠳ᠋ᠦᠩ ᠾᠧ ᠲᠣᠭᠤᠷᠢᠭ ᠤᠨ ᠬᠥᠳᠡᠭᠡ ᠲᠣᠰᠬᠤᠨ ᠤ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠦᠷᠭᠦᠯᠵᠢᠯᠡᠨ ᠲᠦᠷᠭᠡᠨ ᠢᠶᠠᠷ ᠬᠥᠭᠵᠢᠵᠦ ᠪᠠᠶᠢᠭ᠎ᠠ ᠬᠤᠪᠢᠷᠠᠯᠲᠠ ᠶᠢ ᠲᠤᠰᠬᠠᠵᠠᠢ᠃ᠣᠶᠢᠷ᠎ᠠ ᠶᠢᠨ ᠵᠢᠯ ᠠᠴᠠ᠂ ᠳ᠋ᠦᠩ ᠾᠧ ᠲᠣᠭᠤᠷᠢᠭ ᠤᠨ ᠬᠢᠨ ᠰᠣᠶᠣᠯ ᠵᠤᠭᠠᠴᠠᠯ ᠢ ᠠᠭᠤᠰᠤᠯᠴᠠᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠬᠤᠯᠠ ᠭᠠᠷᠳᠠᠴᠠ ᠪᠣᠯᠭᠠᠵᠤ᠂ ᠪᠣᠬᠢᠷᠳᠤᠯ ᠦᠭᠡᠢ ᠬᠥᠳᠡᠭᠡ ᠠᠵᠤ ᠠᠬᠤᠢ᠂ ᠰᠡᠯᠡᠭᠦᠴᠡᠯ ᠤᠨ ᠬᠥᠳᠡᠭᠡ ᠠᠵᠤ ᠠᠬᠤᠢ᠂ ᠣᠨᠴᠠᠯᠢᠭᠲᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠬᠤᠳᠠ ᠶᠢᠨ ᠲᠡᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠥᠨᠳᠥᠷ ᠪᠠᠷᠢᠮᠵᠢᠶ᠎ᠠ ᠪᠠᠷ ᠡᠭᠦᠳᠦᠨ ᠪᠠᠶᠢᠭᠤᠯᠵᠤ᠂ ᠪᠠᠶᠢᠭᠠᠯᠢ ᠶᠢᠨ ᠭᠤᠶᠤ᠂ ᠰᠣᠶᠣᠯ ᠢᠷᠭᠡᠨᠰᠢᠯ ᠤᠨ ᠭᠤᠶᠤ᠂ ᠨᠤᠲᠤᠭ ᠤᠨ ᠭᠤᠶᠤ ᠶᠢ ᠠᠭᠤᠰᠤᠯᠴᠠᠭᠤᠯᠤᠭᠰᠠᠨ ᠣᠨᠴᠠᠯᠢᠭᠲᠤ ᠰᠦᠯᠵᠢᠶᠡᠨ ᠤ ᠤᠯᠠᠭᠠᠨ ᠲᠣᠰᠬᠤᠨ ᠢ ᠪᠦᠯᠦᠭ ᠪᠦᠯᠦᠭ ᠢᠶᠠᠷ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠪᠡ᠃
     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠤᠨ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ᠃ᠳ᠋ᠦᠩ ᠾᠧ ᠲᠣᠭᠤᠷᠢᠭ ᠤᠨ ᠬᠢᠨ ᠠᠮᠢ ᠠᠬᠤᠢ ᠪᠣᠯᠣᠨ ᠠᠵᠤ ᠦᠢᠯᠡᠰ ᠢ ᠬᠠᠷᠢᠯᠴᠠᠨ ᠤᠶᠠᠯᠳᠤᠭᠤᠯᠬᠤ ᠶᠢ ᠴᠢᠬᠤᠯᠠᠴᠢᠯᠠᠵᠤ᠂ ᠣᠨᠴᠠᠯᠢᠭᠲᠤ ᠪᠠᠶᠢᠭᠠᠯᠢ ᠶᠢᠨ ᠳᠦᠷᠰᠦ ᠪᠠᠶᠢᠳᠠᠯ᠂ ᠬᠥᠮᠥᠨ ᠨᠡᠶᠢᠭᠡᠮ ᠤᠨ ᠣᠷᠴᠢᠨ ᠲᠣᠭᠤᠷᠢᠨ᠂ ᠨᠤᠲᠤᠭ ᠤᠨ ᠰᠣᠶᠣᠯ ᠵᠡᠷᠭᠡ ᠡᠬᠢ ᠪᠠᠶᠠᠯᠢᠭ ᠤᠨ ᠳᠠᠪᠠᠭᠤᠯᠢᠭ ᠪᠠ ᠤᠯᠠᠮᠵᠢᠯᠠᠯᠲᠤ ᠲᠠᠷᠢᠮᠠᠯ ᠤᠨ ᠳᠠᠪᠠᠭᠤᠯᠢᠭ ᠲᠤ ᠲᠦᠰᠢᠭᠯᠡᠨ᠂ ︽ᠭᠤᠷᠪᠠᠨ ᠥᠨᠳᠥᠷ ᠭᠠᠵᠠᠷ ᠭᠤᠷᠪᠠᠨ ᠬᠦᠷᠢᠶᠡᠯᠡᠩ ᠲᠣᠭᠤᠷᠢᠭ︾ ᠤᠨ ᠪᠦᠲᠦᠭᠡᠨ ᠪᠠᠶᠢᠭᠤᠯᠤᠯᠲᠠ  ᠶᠢ ᠠᠬᠢᠭᠤᠯᠵᠤ᠂ ᠲᠢᠶᠠᠨ ᠾᠧ ᠲᠠᠷᠢᠶᠠᠯᠠᠩ ᠤᠨ ᠵᠤᠭᠠᠴᠠᠯ ᠤᠨ ᠰᠤᠳᠤᠯᠭᠠᠨ ᠤ ᠤᠬᠠᠭᠠᠨ ᠤ ᠶᠡᠷᠦᠩᠬᠡᠶᠢᠯᠡᠭᠰᠡᠨ ᠴᠣᠭᠴᠠ᠂ ᠪᠡᠯᠡᠳᠬᠡᠮᠵᠢᠲᠦ ᠢᠳᠡᠰᠢᠨ ᠨᠣᠭᠤᠭ᠎ᠠ ᠶᠢᠨ ᠴᠢᠨᠠᠷ ᠰᠠᠶᠢᠲᠠᠢ ᠵᠢᠱᠢᠶ᠎ᠡ ᠦᠵᠡᠭᠦᠯᠬᠦ ᠬᠦᠷᠢᠶᠡᠯᠡᠩ᠂ ᠪᠣᠬᠢᠷᠳᠤᠯ ᠦᠭᠡᠢ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠪᠡᠯᠡ ᠣᠷᠣᠭᠤᠯᠤᠨ ᠬᠡᠷᠡᠭᠵᠢᠭᠦᠯᠵᠦ᠂ ᠪᠤᠭᠤᠲᠤ ᠳᠤ ᠰᠠᠭᠤᠷᠢᠯᠠᠵᠤ᠂ ᠬᠠᠲᠤᠨ ᠭᠤᠣᠯ ᠢ ᠨᠥᠯᠥᠭᠡᠯᠡᠬᠦ ᠬᠡᠳᠦᠨ ᠥᠰᠥᠭ ᠤᠨ ᠮᠤᠷᠤᠶᠢᠯᠲᠠ ᠲᠠᠢ᠂ ᠪᠥᠬᠦ ᠤᠯᠤᠰ ᠲᠤ ᠬᠠᠨᠳᠤᠭᠤᠯᠤᠭᠰᠠᠨ ︽ᠢᠳᠡᠰᠢᠨ ᠨᠣᠭᠤᠭ᠎ᠠ︾ ᠶᠢ ᠪᠣᠶ ᠪᠣᠯᠭᠠᠵᠤ᠂ ᠥᠨᠳᠥᠷ᠂ ᠨᠠᠷᠢᠯᠢᠭ᠂ ᠣᠨᠴᠠ᠂ ᠰᠢᠯᠢᠳᠡᠭ ᠣᠲᠣ ᠦᠶ᠎ᠡ ᠶᠢᠨ ᠬᠤᠲᠠ ᠶᠢᠨ ᠲᠠᠷᠢᠶᠠᠯᠠᠩ ᠤᠨ ᠬᠥᠭᠵᠢᠯᠲᠡ ᠶᠢ ᠠᠬᠢᠭᠤᠯᠤᠨ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠰᠤᠨᠳᠠᠯᠠᠭᠰᠠᠨ᠂ ᠦᠢᠯᠡᠳᠪᠦᠷᠢᠯᠡᠯ ᠠᠮᠢᠳᠤᠷᠠᠯ ᠠᠮᠢ ᠠᠬᠤᠢ ᠶᠢ ᠬᠤᠣᠰᠯᠠᠭᠤᠯᠤᠭᠰᠠᠨ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠨᠡᠪᠲᠡᠷᠡᠭᠦᠯᠦᠭᠰᠡᠨ ᠠᠵᠤ ᠦᠢᠯᠡᠰ ᠤᠨ ᠰᠢᠰᠲ᠋ᠧᠮᠵᠢ ᠶᠢ ᠪᠣᠶᠢᠵᠢᠭᠤᠯᠤᠨ ᠪᠦᠷᠢᠯᠳᠦᠭᠦᠯᠦᠨ᠎ᠡ᠃ᠡᠨᠡ ᠵᠢᠯ ᠠᠴᠠ ᠨᠠᠰᠢ ᠭᠤᠣᠯᠳᠠᠯᠭ᠎ᠠ ᠲᠠᠢ ᠲᠠᠷᠢᠶᠠᠯᠠᠩ ᠤᠨ 13 ᠵᠦᠢᠯᠡᠰ ᠢ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ 27.13 ᠳ᠋ᠦᠩᠰᠢᠭᠤᠷ ᠲᠥᠭᠦᠷᠢᠭ ᠲᠤ ᠬᠦᠷᠴᠦ᠂ ᠲᠤᠬᠠᠢ ᠶᠢᠨ ᠵᠢᠯ ᠳᠤ 5.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠃      ᠰᠢᠪᠠᠷ ᠱᠠᠯᠴᠢᠭ ᠲᠠᠢ ᠲᠣᠰᠬᠤᠨ ᠤ ᠵᠠᠮ᠂ ᠬᠠᠭᠤᠴᠢᠨ ᠰᠢᠪᠠᠷ ᠪᠠᠶᠢᠰᠢᠩ᠂ ᠪᠤᠵᠠᠷ ᠪᠤᠷᠲᠠᠭ ᠣᠷᠴᠢᠨ ᠲᠣᠭᠤᠷᠢᠨ ᠁ ᠡᠨᠡ ᠪᠣᠯ ᠥᠩᠭᠡᠷᠡᠭᠰᠡᠨ ᠳᠤ ᠬᠥᠳᠡᠭᠡ ᠲᠣᠰᠬᠤᠨ ᠤ ᠬᠥᠮᠥᠰ ᠲᠤ ᠦᠯᠡᠳᠡᠭᠡᠭᠰᠡᠨ ᠰᠠᠭᠤᠭᠳᠠᠯ ᠪᠣᠯᠣᠨ᠎ᠠ᠃ᠡᠳᠦᠭᠡ ᠳ᠋ᠦᠩ ᠡᡁᠸ ᠲᠣᠭᠤᠷᠢᠭ ᠤᠨ ᠲᠣᠰᠬᠤᠨ ᠤ ᠬᠢᠨ ᠠᠯᠢ ᠡᠷᠲᠡ ︽ᠰᠢᠷ᠎ᠠ ᠰᠢᠷᠣᠢ︾︾᠋ ᠶᠢᠨ ᠦᠨᠦᠷ ᠠᠮᠲᠠ ᠠᠴᠠ ᠰᠠᠯᠵᠤ᠂ ᠦᠵᠡᠰᠬᠦᠯᠡᠩᠲᠦ ᠰᠠᠶᠢᠬᠠᠨ ᠱᠢ ᠳ᠋ᠡ ᠭᠦ᠋ ᠲᠣᠰᠬᠤᠨ ᠤ ᠲᠤᠲᠤᠷᠭ᠎ᠠ ᠵᠢᠭᠠᠰᠤᠴᠢᠨ ᠤ ᠣᠷᠣᠨ ᠵᠠᠢ ᠠᠴᠠ ᠪᠦᠬᠦ ᠤᠯᠤᠰ ᠤᠨ ᠪᠣᠯᠪᠠᠰᠤᠨ ᠲᠣᠰᠬᠤᠨ ᠤ ᠸᠠᠩ ᠳ᠋ᠠ ᠬᠠᠨ ᠲᠣᠰᠬᠤᠨ ᠬᠦᠷᠲᠡᠯ᠎ᠡ᠂ ᠲᠠᠬᠢᠭᠠᠳ ᠬᠥᠳᠡᠭᠡ ᠲᠣᠰᠬᠤᠨ ᠤ ᠵᠠᠩ ᠦᠢᠯᠡ ᠲᠠᠢ ᠠᠳᠦᠯᠠᠢ ᠲᠣᠰᠬᠤᠨ ᠤ︽ᠵᠠᠩᠵᠤᠨ ᠤ ᠣᠷᠳᠣᠨ︾ᠬᠦᠷᠲᠡᠯ᠎ᠡ᠂︽ᠨᠢᠭᠡ ᠲᠣᠰᠬᠤᠨ ᠨᠢᠭᠡ ᠦᠵᠡᠮᠵᠢ ᠲᠠᠢ᠂ ᠨᠢᠭᠡ ᠪᠠᠯᠭᠠᠰᠤ ᠨᠢᠭᠡ ᠣᠨᠴᠠᠯᠢᠭ ᠲᠠᠢ︾ᠬᠥᠳᠡᠭᠡ ᠲᠣᠰᠬᠤᠨ ᠤ ᠵᠤᠭᠠᠴᠠᠯ ᠨᠢ ᠮᠠᠰᠢ ᠤᠯᠠᠨ ᠵᠤᠭᠠᠴᠠᠭᠰᠠᠳ ᠤᠨ ᠠᠩᠬᠠᠷᠤᠯ ᠢ ᠲᠠᠲᠠᠵᠠᠢ᠃      ᠲᠣᠰᠬᠤᠨ ᠤ ᠳᠦᠷᠰᠦ ᠪᠠᠶᠢᠳᠠᠯ ᠪᠣᠯᠣᠨ ᠠᠮᠢ ᠠᠬᠤᠢ ᠶᠢᠨ ᠣᠷᠴᠢᠨ ᠲᠣᠭᠤᠷᠢᠨ ᠤ ᠲᠤᠶᠢᠯ ᠤᠨ ᠶᠡᠭᠡ ᠰᠠᠶᠢᠵᠢᠷᠠᠯᠲᠠ ᠨᠢ ᠳ᠋ᠦᠩ ᠾᠧ ᠲᠣᠭᠤᠷᠢᠭ ᠤᠨ ᠬᠢᠨ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ᠂ ᠠᠮᠢᠳᠤᠷᠠᠯ ᠤᠨ ᠬᠤᠭ ᠨᠣᠪᠰᠢ ᠶᠢ ᠵᠠᠰᠠᠬᠤ ᠪᠠᠷ ᠭᠤᠣᠯ ᠠᠭᠤᠯᠭ᠎ᠠ ᠪᠣᠯᠭᠠᠭᠰᠠᠨ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠦᠭᠰᠡᠨ ᠠᠴᠠ ᠪᠣᠯᠤᠭᠰᠠᠨ ᠶᠤᠮ᠄ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠨᠠᠭᠤᠷ ᠢ ᠲᠣᠭᠤᠷᠢᠨ ᠪᠠᠶᠢᠴᠠᠭᠠᠵᠤ ᠱᠠᠯᠠᠪᠳᠠᠭᠤᠯᠤᠨ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠪᠡ︔ᠬᠥᠳᠡᠭᠡ ᠲᠣᠰᠬᠤᠨ ᠤ ᠪᠣᠬᠢᠷ ᠤᠰᠤ ᠶᠢ ᠬᠤᠷᠢᠶᠠᠨ ᠴᠤᠭᠯᠠᠭᠤᠯᠬᠤ ᠪᠠ ᠵᠠᠰᠠᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ ᠪᠣᠬᠢᠷ ᠤᠰᠤ ᠶᠢ ᠬᠤᠷᠢᠶᠠᠨ ᠴᠤᠭᠯᠠᠭᠤᠯᠬᠤ ᠬᠤᠭᠤᠯᠠᠢ ᠶᠢᠨ ᠲᠣᠣᠷ ᠪᠠ ᠪᠣᠬᠢᠷ ᠤᠰᠤ ᠶᠢ ᠰᠢᠢᠳᠪᠦᠷᠢᠯᠡᠬᠦ ᠦᠷᠳᠡᠭᠡ ᠶᠢᠨ ᠲᠥᠬᠦᠭᠡᠷᠦᠮᠵᠢ ᠶᠢ ᠪᠠᠶᠢᠭᠤᠯᠤᠨ᠎ᠠ;ᠡᠷᠦᠬᠡ ᠶᠢᠨ ᠵᠣᠷᠯᠣᠩ ᠢ ᠥᠭᠡᠷᠡᠴᠢᠯᠡᠬᠦ ᠠᠵᠢᠯ ᠪᠠ ᠬᠤᠭ ᠨᠣᠪᠰᠢ ᠶᠢ ᠲᠥᠷᠥᠯ ᠬᠤᠪᠢᠶᠠᠨ ᠵᠢᠱᠢᠶ᠎ᠡ ᠦᠵᠡᠭᠦᠯᠬᠦ ᠢᠨᠵᠧᠨᠧᠷᠢᠩ ᠢ ᠲᠦᠯᠬᠢᠨ ᠠᠬᠢᠭᠤᠯᠵᠤ᠂ ᠠᠷᠢᠭᠤᠨ ᠴᠡᠪᠡᠷ ᠡᠷᠦᠬᠡ ᠶᠢᠨ ᠵᠣᠷᠯᠣᠩ ᠢ ᠥᠷᠥᠭᠡᠨ ᠳᠤ ᠣᠷᠣᠭᠤᠯᠬᠤ ᠶᠢ ᠪᠡᠶᠡᠯᠡᠭᠦᠯᠦᠨ᠂ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠴᠤᠭᠯᠠᠭᠤᠯᠬᠤ ᠥᠷᠲᠡᠭᠡ ᠵᠢᠴᠢ ᠢᠵᠢ ᠪᠦᠷᠢᠳᠦᠭᠦᠯᠦᠨ ᠲᠥᠷᠥᠯ ᠬᠤᠪᠢᠶᠠᠭᠰᠠᠨ ᠬᠤᠭ ᠨᠣᠪᠰᠢ ᠶᠢᠨ ᠰᠠᠪᠠ᠂ ᠳᠠᠮᠵᠢᠭᠤᠯᠤᠨ ᠲᠡᠭᠡᠭᠡᠪᠦᠷᠢᠯᠡᠬᠦ ᠲᠡᠷᠭᠡ ᠬᠥᠰᠬᠡ ᠵᠡᠷᠭᠡ ᠲᠥᠬᠦᠭᠡᠷᠦᠮᠵᠢ ᠶᠢ ᠪᠦᠲᠦᠭᠡᠨ ᠪᠠᠶᠢᠭᠤᠯᠵᠤ᠂ ᠠᠯᠢ ᠣᠯᠠᠨ ᠴᠢᠨᠠᠷ ᠰᠠᠶᠢᠲᠠᠢ ᠢᠨᠵᠧᠨᠧᠷᠢᠩ ᠢᠶᠠᠷ ︽ᠬᠥᠬᠡᠮᠳᠦᠭ ᠨᠣᠭᠤᠭᠠᠨ ᠠᠭᠤᠯᠠ ᠤᠰᠤ︾ ᠶᠢ ᠦᠯᠡᠳᠡᠭᠡᠵᠦ᠂ ᠬᠥᠳᠡᠭᠡ ᠲᠣᠰᠬᠤᠨ ᠤ ᠣᠷᠴᠢᠨ ᠠᠬᠤᠢ ᠶᠢᠨ ᠰᠢᠨ᠎ᠡ ᠳᠦᠷᠰᠦ ᠪᠠᠶᠢᠳᠠᠯ ᠲᠠᠢ ᠪᠣᠯᠬᠤ ᠶᠢ ᠪᠥᠬᠦ ᠬᠦᠴᠦᠨ ᠢᠶᠠᠷ ᠲᠦᠯᠬᠢᠨ ᠠᠬᠢᠭᠤᠯᠤᠨ᠎ᠠ᠃
     ᠬᠥᠳᠡᠭᠡ ᠲᠣᠰᠬᠤᠨ ︽ᠦᠵᠡᠮᠵᠢ ᠶᠢᠨ ᠣᠷᠣᠨ︾ ᠪᠣᠯᠵᠤ ᠬᠤᠪᠢᠷᠠᠭᠰᠠᠨ ᠨᠢ ᠲᠣᠰᠬᠤᠨ ᠤ ᠠᠷᠠᠳ ᠤᠨ ᠣᠷᠣᠰᠢᠨ ᠰᠠᠭᠤᠬᠤ ᠣᠷᠴᠢᠨ ᠨᠥᠬᠦᠴᠡᠯ ᠰᠠᠶᠢᠵᠢᠷᠠᠭᠰᠠᠨ ᠢ ᠬᠠᠷᠠᠭᠤᠯᠵᠤ ᠪᠠᠶᠢᠬᠤ ᠪᠠᠷ ᠪᠠᠷᠠᠬᠤ ᠦᠭᠡᠢ ᠨᠠᠩ ᠴᠤ ᠲᠣᠰᠬᠤᠨ ᠤ ᠠᠷᠠᠳ ᠤᠨ ᠠᠮᠢᠳᠤᠷᠠᠯ ᠤᠨ ᠨᠥᠬᠦᠴᠡᠯ ᠳᠡᠭᠡᠭᠰᠢᠯᠡᠭᠰᠡᠨ ᠢ ᠬᠠᠷᠠᠭᠤᠯᠵᠤ ᠪᠠᠶᠢᠨ᠎ᠠ᠃ᠠᠳᠦᠯᠠᠢ ᠲᠣᠰᠬᠤᠨ ᠤ ᠨᠠᠮ ᠤᠨ ᠡᠭᠦᠷ ᠤᠨ ᠱᠦᠵᠢ ᠳ᠋ᠥ᠋ᠯᠥᠭᠦᠷ ᠰᠤᠷᠪᠤᠯᠵᠢᠯᠠᠭᠴᠢ ᠳᠤ ᠲᠠᠨᠢᠯᠴᠠᠭᠤᠯᠬᠤ ᠳᠠᠭᠠᠨ᠄ ︽ᠪᠢᠳᠡ 967 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠲᠣᠰᠬᠤᠨ ᠤ ᠳᠣᠲᠣᠷᠠᠬᠢ ᠰᠠᠭᠤᠷᠢ ᠲᠥᠬᠦᠭᠡᠷᠦᠮᠵᠢ᠂ ᠲᠣᠰᠬᠤᠨ ᠤ ᠳᠦᠷᠰᠦ ᠪᠠᠶᠢᠳᠠᠯ ᠢ ᠰᠠᠶᠢᠵᠢᠷᠠᠭᠤᠯᠤᠨ ᠳᠡᠭᠡᠭᠰᠢᠯᠡᠭᠦᠯᠵᠦ᠂ ᠣᠲᠣ ᠦᠶ᠎ᠡ ᠶᠢᠨ ᠲᠠᠷᠢᠶᠠᠯᠠᠩ᠂ ᠰᠡᠯᠡᠭᠦᠴᠡᠯ ᠤᠨ ᠵᠢᠭᠤᠯᠴᠢᠯᠠᠯ᠂ ᠠᠮᠢ ᠠᠬᠤᠢ ᠶᠢᠨ ᠵᠢᠭᠤᠯᠴᠢᠯᠠᠯ᠂ ᠬᠤᠪᠢᠰᠬᠠᠯ ᠤᠨ ᠰᠤᠷᠭᠠᠨ ᠬᠥᠮᠦᠵᠢᠯ᠂ ᠠᠷᠠᠳ ᠤᠨ ᠵᠠᠩ ᠦᠶᠯᠡ ᠶᠢᠨ ᠠᠮᠠᠷᠠᠯᠲᠠ᠂ ᠰᠣᠶᠣᠯ ᠤᠨ ᠡᠭᠦᠳᠦᠯᠲᠡ ᠶᠢᠨ ᠪᠡᠶᠡᠴᠢ ᠣᠶᠢᠯᠠᠭᠠᠯᠲᠠ ᠶᠢ ᠨᠢᠭᠡ ᠴᠣᠭᠴᠠᠵᠢᠭᠤᠯᠤᠭᠰᠠᠨ ᠣᠨᠴᠠᠯᠢᠭᠲᠤ ᠰᠦᠯᠵᠢᠶᠡᠨ ᠤ ᠨᠠᠷᠠᠲᠤ ᠲᠣᠰᠬᠤᠨ ᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ ᠰᠢᠯᠢᠳᠡᠭ ᠰᠡᠯᠡᠭᠦᠴᠡᠯ ᠤᠨ ᠲᠠᠷᠢᠶᠠᠯᠠᠩ ᠢᠶᠠᠷ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠭᠡᠨ ᠬᠥᠭᠵᠢᠯᠲᠡ᠂ ᠲᠣᠰᠬᠤᠨ ᠤ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠨ᠎ᠠ︾᠃
      ᠡᠨᠡᠬᠦ ᠰᠠᠭᠤᠷᠢᠨ ᠳᠡᠭᠡᠷ᠎ᠡ᠂ ᠠᠯᠢ ᠤᠯᠠᠨ ᠪᠠᠶᠠᠯᠢᠭ ᠠᠭᠤᠯᠭ᠎ᠠ ᠲᠠᠢ ᠭᠤᠣᠯ ᠰᠡᠳᠦᠪᠲᠦ ᠠᠵᠢᠯᠯᠠᠭ᠎ᠠ ᠨᠢ ᠡᠷᠬᠢᠨ ᠲᠣᠭᠤᠷᠢᠨ ᠤ ᠵᠤᠭᠠᠴᠠᠭᠰᠠᠳ ᠤᠨ ᠥᠷᠭᠡᠨ ᠢᠶᠠᠷ ᠣᠷᠤᠯᠴᠠᠬᠤ ᠶᠢ ᠲᠠᠲᠠᠵᠤ ᠪᠠᠶᠢᠨ᠎ᠠ᠃ᠰᠢᠷᠴᠢᠨ ᠪᠠᠯᠭᠠᠰᠤᠨ ᠤ ᠱᠢ ᠳ᠋ᠡ ᠬᠥ᠋ ᠲᠣᠰᠬᠤᠨ ᠤ ︽ᠲᠤᠲᠤᠷᠭ᠎ᠠ ᠶᠢᠨ ᠵᠢᠭᠠᠰᠤᠨ ᠤ ᠣᠷᠣᠨ ᠵᠠᠢ︾ ᠳᠤ᠂ ᠪᠤᠭᠤᠲᠤ ᠬᠤᠳᠠ ᠶᠢᠨ ᠠᠩᠬᠠᠳᠤᠭᠠᠷ ᠬᠤᠭᠤᠴᠠᠭᠠᠨ ᠤ ᠴᠢᠬᠢ ᠰᠠᠭᠤᠯᠭᠠᠬᠤ ᠪᠠᠶᠠᠷ ᠵᠢᠴᠢ ︽ᠰᠦᠯᠵᠢᠶᠡᠨ ᠤ ᠭᠡᠷ᠎ᠡ ᠪᠠᠷ ᠳ᠋ᠦᠩ ᠾᠧ ᠪᠠᠷ ᠵᠤᠭᠠᠴᠠᠨ ᠰᠢᠨ᠎ᠡ ᠬᠥᠳᠡᠭᠡ ᠲᠣᠰᠬᠤᠨ ᠢᠶᠠᠷ ᠵᠤᠭᠠᠴᠠᠬᠤ︾ᠭᠤᠣᠯ ᠰᠡᠳᠦᠪᠲᠦ ᠠᠵᠢᠯᠯᠠᠭ᠎ᠠ ᠬᠦᠷ ᠬᠥᠭᠵᠢᠶᠡᠨ ᠲᠠᠢ ᠶᠠᠪᠤᠭᠳᠠᠵᠤ᠂ ᠤᠷᠤᠯᠳᠤᠭᠠᠨ ᠳᠤ ᠣᠷᠣᠯᠴᠠᠭᠰᠠᠨ ᠵᠤᠭᠠᠴᠠᠭᠰᠠᠳ ᠪᠣᠯᠣᠨ ᠲᠣᠰᠬᠤᠨ ᠤ ᠠᠷᠠᠳ ᠪᠣᠷᠣᠭᠠᠨ ᠤ ᠱᠠᠬᠠᠢ ᠡᠮᠦᠰᠴᠦ᠂ ᠬᠠᠨᠴᠤᠢ ᠰᠢᠮᠠᠯᠠᠨ ᠨᠢᠷᠤᠭᠤ ᠪᠥᠬᠦᠶᠢᠵᠦ᠂ ᠨᠢᠭᠡ ᠲᠠᠯ᠎ᠠ ᠪᠠᠷ ᠴᠢᠬᠢ ᠰᠠᠭᠤᠯᠭᠠᠵᠤ᠂ ᠨᠢᠭᠡ ᠲᠠᠯ᠎ᠠ ᠪᠠᠷ ᠴᠢᠬᠢ ᠰᠠᠭᠤᠯᠭᠠᠵᠤ᠂ ᠲᠤᠲᠤᠷᠭ᠎ᠠ ᠶᠢᠨ ᠲᠠᠷᠢᠶ᠎ᠠ ᠶᠢ ︽ᠤᠷᠤᠯᠳᠤᠭᠠᠨ ᠤ ᠲᠠᠯᠠᠪᠠᠢ︾ᠪᠣᠯᠭᠠᠵᠤ᠂︽ᠬᠥᠯᠥᠰᠦ ᠳᠤᠰᠤᠯᠠᠵᠤ ᠬᠥᠷᠥᠰᠥᠨ ᠳᠤ ᠤᠨᠠᠬᠤ︾ᠰᠣᠨᠢᠷᠬᠠᠯᠲᠠᠢ ᠲᠠᠷᠢᠶᠠᠯᠠᠩ ᠤᠨ ᠶᠠᠪᠤᠳᠠᠯ ᠤᠨ ᠣᠶᠢᠯᠠᠭᠠᠯᠲᠠ ᠨᠢ ᠮᠠᠰᠢ ᠤᠯᠠᠨ ᠬᠤᠳᠠ ᠶᠢᠨ ᠠᠷᠠᠳ ᠤᠨ ᠵᠠᠪᠠᠯ ᠰᠣᠩᠭᠤᠬᠤ ︽ᠺᠠᠷᠲ ᠠᠪᠬᠤ︾ᠲᠦᠷᠦᠯ ᠵᠦᠢᠯ ᠪᠣᠯᠪᠠ᠃
     ᠡᠭᠦᠨ ᠠᠴᠠ ᠭᠠᠳᠠᠨ᠎ᠠ᠂ ᠬᠤᠲᠠ ᠶᠢᠨ ᠠᠷᠠᠳ ᠪᠠᠰᠠ ᠲᠠᠷᠢᠶᠠᠯᠠᠩ ᠤᠨ ᠰᠣᠶᠣᠯ ᠤᠨ ᠦᠵᠡᠭᠦᠯᠦᠯᠭᠡ ᠶᠢ ᠲᠣᠭᠤᠷᠢᠨ ᠦᠵᠡᠵᠦ᠂ ᠪᠣᠬᠢᠷᠳᠤᠯ ᠦᠭᠡᠢ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠬᠤᠳᠠᠯᠳᠤᠨ ᠠᠪᠴᠤ᠂ ᠨᠠᠨ ᠰᠢᠩ ᠣᠲᠣ ᠦᠶ᠎ᠡ ᠶᠢᠨ ᠲᠠᠷᠢᠶᠠᠯᠠᠩ ᠤᠨ ᠵᠢᠭᠤᠯᠴᠢᠯᠠᠯ ᠤᠨ ᠬᠦᠷᠢᠶᠡᠯᠡᠩ ᠢᠶᠠᠷ ᠵᠤᠭᠠᠴᠠᠨ ᠲᠣᠭᠤᠷᠢᠵᠤ᠂ ᠭᠠᠵᠠᠷ ᠰᠢᠷᠣᠢ ᠲᠠᠨᠢᠵᠤ ᠠᠪᠬᠤ᠂ ᠮᠣᠷᠢᠨ ᠮᠡᠷᠭᠡᠵᠢᠯ ᠤᠨ ᠲᠣᠭᠯᠠᠯᠲᠠ ᠭᠠᠷᠭᠠᠬᠤ ᠵᠡᠷᠭᠡ ᠵᠦᠢᠯᠡᠰ ᠢ ᠪᠡᠶᠡᠴᠢᠯᠡᠨ ᠣᠶᠢᠯᠠᠭᠠᠵᠤ᠂ ᠦ᠋ ᠭᠤᠸᠠᠢ ᠶᠢᠨ ᠴᠠᠢ ᠶᠢᠨ ᠱᠥᠯᠥ᠂ ᠬᠠᠶᠢᠳᠠᠢ ᠶᠢᠨ ᠬᠠᠷ᠎ᠠ ᠰᠠᠷᠢᠮᠰᠠᠭ ᠵᠡᠷᠭᠡ ᠥᠪᠡᠷᠮᠢᠴᠡ ᠣᠨᠴᠠᠯᠢᠭ ᠲᠠᠢ ᠠᠮᠲᠠᠲᠤ ᠢᠳᠡᠭᠡᠨ ᠢ ᠠᠮᠲᠠᠯᠠᠵᠤ᠂ ᠠᠯᠢ ᠣᠯᠠᠨ ᠪᠠᠶᠠᠯᠢᠭ ᠰᠠᠶᠢᠬᠠᠨ ᠠᠵᠢᠯᠯᠠᠭ᠎ᠠ ᠪᠠᠷ ᠳᠠᠮᠵᠢᠭᠤᠯᠤᠨ᠂ ᠬᠡᠷᠡᠭᠯᠡᠭᠡᠨ ᠤ ᠳᠠᠯᠳᠠ ᠬᠦᠴᠦᠨ ᠢ ᠤᠯᠠᠮ ᠨᠢᠭᠡ ᠠᠯᠬᠤᠮ ᠪᠠᠳᠠᠷᠠᠭᠤᠯᠵᠤ᠂ ᠰᠣᠶᠣᠯ ᠵᠢᠭᠤᠯᠴᠢᠯᠠᠯ ᠤᠨ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠬᠥᠭᠵᠢᠭᠡᠵᠦ ᠪᠣᠯᠣᠨ᠎ᠠ᠃      ᠥᠨᠥᠳᠥᠷ ᠤᠨ ᠳ᠋ᠦᠩ ᠾᠧ ᠲᠣᠭᠤᠷᠢᠭ ᠲᠤ᠂ ᠬᠥᠳᠡᠭᠡ ᠲᠣᠰᠬᠤᠨ ᠨᠢ ᠭᠤᠶᠤ᠂ ᠠᠵᠤ ᠦᠢᠯᠡᠰ ᠨᠢ ᠬᠥᠭᠵᠢᠭᠰᠡᠨ᠂ ᠲᠠᠷᠢᠶᠠᠴᠢᠨ ᠨᠢ ᠪᠠᠶᠠᠵᠢᠭᠰᠠᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠷᠤᠭ ᠠᠭᠠᠵᠢᠮ ᠢᠶᠠᠷ ᠳᠡᠯᠭᠡᠭᠳᠡᠵᠦ ᠪᠠᠶᠢᠨ᠎ᠠ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1