︽ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠰᠤᠭᠠᠢ︾ᠳ᠋ᠦᠩ ᠾᠧ ᠲᠣᠭᠤᠷᠢᠭ᠄ ᠠᠷᠪᠠᠨ ᠵᠢᠯ ᠳᠤ ᠬᠠᠭᠤᠴᠢᠨ ᠬᠤᠳᠠ ᠶᠢᠨ ᠰᠢᠨ᠎ᠡ ᠠᠮᠢᠯᠠᠯ ᠳᠤ ᠬᠦᠷᠴᠡᠢ
ᠨᠡᠶᠢᠲᠡᠯᠡᠭᠰᠡᠨ ᠴᠠᠭ᠄
2022/7/15
     ᠠᠷᠪᠠᠨ ᠵᠢᠯ ᠤᠨ ᠲᠤᠷᠰᠢ᠂ ᠲᠦᠮᠡᠨ ᠪᠣᠳᠠᠰ ᠣᠷᠭᠢᠯᠤᠨ ᠳᠠᠪᠠᠯᠭᠠᠯᠠᠵᠤ᠂ ᠲᠦᠮᠡᠨ ᠪᠣᠳᠠᠰ ᠤᠷᠭᠤᠨ ᠪᠣᠶᠢᠵᠢᠪᠠ᠃      ᠠᠷᠪᠠᠨ ᠵᠢᠯ ᠳᠤ ᠲᠡᠭᠰᠢ ᠭᠠᠵᠠᠷ ᠲᠤ ᠥᠨᠳᠥᠷ ᠠᠰᠠᠷ ᠪᠣᠰᠴᠤ᠂ ᠠᠲᠠᠷᠰᠢᠭᠠᠳ ᠬᠥᠭᠵᠢᠶᠡᠨ ᠨᠠᠷᠭᠢᠶᠠᠨ ᠲᠠᠢ ᠪᠣᠯᠳᠠᠭ᠃      ᠳ᠋ᠦᠩ ᠾᠧ ᠲᠣᠭᠤᠷᠢᠭ ᠨᠢ ᠪᠤᠭᠤᠲᠤ ᠶᠢᠨ ᠬᠠᠮᠤᠭ ᠤᠨ ᠬᠠᠭᠤᠴᠢᠨ ᠬᠤᠳᠠ ᠶᠢᠨ ᠲᠣᠭᠤᠷᠢᠭ ᠪᠣᠯᠤᠭᠰᠠᠨ ᠤ ᠬᠤᠪᠢ ᠳᠤ᠂︽ᠤᠰᠤ ᠬᠠᠭᠤᠷᠠᠢ ᠶᠢᠨ ᠭᠠᠷᠠᠮ︾᠂︽ᠪᠣᠭᠤᠮᠲᠠ ᠶᠢᠨ ᠭᠠᠳᠠᠨᠠᠬᠢ ᠵᠠᠮ ᠨᠡᠪᠲᠡᠷᠡᠯᠭᠡ︾ᠭᠡᠬᠦ ᠨᠡᠷ᠎ᠡ ᠠᠯᠳᠠᠷᠰᠢᠵᠠᠢ᠃ᠲᠡᠦᠬᠡ ᠶᠢᠨ ᠶᠡᠭᠡ ᠤᠷᠤᠰᠬᠠᠯ ᠬᠥᠨᠳᠡᠯᠡᠨ ᠢᠶᠠᠷ ᠳᠠᠪᠠᠯᠭᠠᠯᠠᠵᠤ᠂ ᠴᠠᠭ ᠦᠶ᠎ᠡ ᠶᠢᠨ ᠤᠷᠤᠰᠬᠠᠯ ᠳᠣᠣᠷ᠎ᠠ᠂ ᠳ᠋ᠦᠩ ᠾᠧ ᠲᠣᠭᠤᠷᠢᠭ ᠤᠨ ᠬᠠᠯᠠᠭᠤᠨ ᠬᠥᠷᠥᠰᠥᠨ ᠳᠤ ᠴᠦ ᠰᠦᠷ ᠳᠠᠯᠠᠶᠢᠴᠠᠲᠠᠢ ᠲᠡᠮᠡᠴᠡᠯ ᠤᠨ ᠬᠠᠯᠠᠭᠤᠨ ᠥᠷᠨᠢᠯᠲᠡ ᠣᠷᠭᠢᠯᠤᠨ ᠪᠠᠳᠠᠷᠠᠵᠤ ᠪᠠᠶᠢᠯ᠎ᠠ᠃      ᠠᠵᠤ ᠦᠢᠯᠡᠳᠪᠦᠷᠢ ᠶᠢᠨ ᠬᠡᠯᠪᠡᠷᠢ ᠶᠢ ᠬᠤᠪᠢᠷᠠᠭᠤᠯᠬᠤ᠂ ᠪᠧᠢ ᠯᠢᠶᠠᠩ ᠢ ᠥᠭᠡᠷᠡᠴᠢᠯᠡᠬᠦ᠂ ᠬᠤᠳᠠ ᠶᠢ ᠰᠢᠨᠡᠳᠬᠡᠬᠦ᠂ ᠬᠥᠳᠡᠭᠡ ᠠᠵᠤ ᠠᠬᠤᠢ ᠬᠤᠳᠠᠯᠳᠤᠭ᠎ᠠ ᠵᠤᠭᠠᠴᠠᠯ ᠢ ᠠᠭᠤᠰᠤᠯᠴᠠᠭᠤᠯᠬᠤ ᠵᠡᠷᠭᠡ ᠴᠢᠬᠤᠯᠠ ᠶᠡᠭᠡ ᠲᠡᠦᠬᠡᠨ ᠠᠯᠬᠤᠮ ᠢᠶᠠᠷ ᠶᠠᠪᠤᠵᠤ᠂ ᠠᠷᠪᠠᠨ ᠵᠢᠯ ᠤᠨ ᠲᠤᠷᠰᠢ᠂ ᠬᠠᠭᠤᠴᠢᠨ ᠬᠤᠳᠠ ᠶᠢᠨ ᠲᠣᠭᠤᠷᠢᠭ ᠤᠨ ᠳ᠋ᠦᠩ ᠡᡁᠸ ᠰᠢᠨ᠎ᠡ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠪᠠ᠃ᠡᠳᠦᠭᠡ᠂ ᠰᠢᠨ᠎ᠡ ᠴᠠᠭ ᠦᠶ᠎ᠡ ᠶᠢᠨ ᠰᠢᠨ᠎ᠡ ᠳ᠋ᠦᠩ ᠾᠧ ᠭᠤᠣᠯ ᠤᠨ ᠰᠦᠷᠯᠢᠭ ᠰᠠᠶᠢᠬᠠᠨ ᠵᠢᠷᠤᠭ ᠲᠥᠰᠥᠪ ᠠᠭᠠᠵᠢᠮ ᠢᠶᠠᠷ ᠳᠡᠯᠭᠡᠭᠳᠡᠵᠦ ᠪᠠᠶᠢᠨ᠎ᠠ᠃ᠰᠡᠳᠦᠪ ᠠᠴᠠ ᠪᠠᠨ ᠰᠠᠯᠪᠠ ︱ᠲᠦᠷᠦᠯ ᠵᠦᠢᠯ ᠢᠶᠠᠷ ᠬᠥᠳᠡᠯᠭᠡᠭᠦᠷ ᠪᠣᠯᠭᠠᠵᠤ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠬᠤ      ᠬᠠᠭᠤᠴᠢᠨ ᠬᠤᠲᠠ ᠳ᠋ᠦᠩ ᠾᠧ ᠭᠤᠣᠯ ᠳᠤ᠂ ᠬᠥᠩᠭᠡᠨ ᠴᠠᠭᠠᠨ ᠢᠶᠠᠷ ᠰᠠᠭᠤᠷᠢ ᠪᠣᠯᠭᠠᠪᠠ᠃ᠪᠤᠭᠤᠲᠤ ᠬᠤᠳᠠ ᠶᠢᠨ ᠵᠢᠷᠭᠤᠭᠠᠨ ᠶᠡᠭᠡ ᠠᠵᠤ ᠦᠢᠯᠡᠰ ᠤᠨ ᠰᠠᠭᠤᠷᠢᠨ ᠤ ᠨᠢᠭᠡ ᠪᠣᠯᠬᠤ ᠪᠤᠭᠤᠲᠤ ᠶᠢᠨ ᠬᠥᠩᠭᠡᠨ ᠴᠠᠭᠠᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠳ᠋ᠦᠩ ᠾᠧ ᠲᠣᠭᠤᠷᠢᠭ ᠤᠨ ᠵᠡᠭᠦᠨ ᠬᠡᠰᠡᠭ ᠲᠤ ᠪᠠᠶᠢᠷᠢᠯᠠᠵᠤ᠂ ᠠᠷᠪᠠᠨ ᠵᠢᠯ ᠤᠨ ᠲᠤᠷᠰᠢ᠂ ᠳ᠋ᠦᠩ ᠾᠧ ᠲᠣᠭᠤᠷᠢᠭ ᠤᠨ ᠬᠥᠩᠭᠡᠨ ᠴᠠᠭᠠᠨ ᠤ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠭ᠎ᠠ ᠢᠳᠡᠷᠡᠭᠦᠨ ᠳᠣᠷᠪᠢᠲᠠᠢ᠂ ᠥᠩᠭᠡᠷᠡᠭᠰᠡᠨ ᠳᠤ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠪᠣᠬᠢᠷᠳᠤᠯ ᠶᠡᠬᠡᠲᠡᠢ ᠪᠠᠶᠢᠭᠰᠠᠨ ᠬᠠᠭᠤᠴᠢᠨ ᠠᠵᠤ ᠦᠢᠯᠡᠰ ᠰᠢᠨ᠎ᠡ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠵᠤ ᠪᠠᠶᠢᠨ᠎ᠠ᠃      ᠪᠤᠭᠤᠲᠤ ᠶᠢᠨ ᠱᠧᠩ ᠲᠠᠢ ᠮᠠᠰᠢᠨ ᠲᠡᠷᠭᠡᠨ ᠤ ᠰᠡᠯᠪᠢᠭ ᠲᠤᠨᠤᠭ ᠦᠢᠯᠡᠳᠬᠦ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ᠂ ᠨᠢᠭᠡ ᠨᠢᠭᠡ ᠮᠧᠬᠠᠨᠢᠭ ᠭᠠᠷ ᠨᠢ ᠤᠷᠤᠰᠤᠯ ᠱᠤᠭᠤᠮ ᠳᠡᠭᠡᠷ᠎ᠡ ᠠᠦ᠋ᠲ᠋ᠣ᠋ ᠥᠨᠳᠥᠷ ᠬᠤᠷᠳᠤᠴᠠ ᠪᠠᠷ ᠠᠵᠢᠯᠯᠠᠵᠤ᠂ ᠠᠵᠢᠯᠴᠢᠳ ᠰᠠᠶ᠋ᠢᠬᠠᠨ ᠰᠦᠯᠵᠢᠶᠡᠨ ᠠᠴᠠ ᠪᠠᠭᠤᠭᠰᠠᠨ ᠬᠥᠩᠭᠡᠨ ᠴᠠᠭᠠᠨ ᠤ ᠬᠦᠷᠳᠦ ᠶᠢ ᠲᠦᠷᠬᠢᠨ ᠤᠭᠰᠠᠷᠠᠵᠤ᠂ ᠲᠤᠬᠠᠢ ᠶᠢᠨ ᠲᠠᠯᠠᠪᠠᠢ ᠳᠤ ᠶᠠᠭᠠᠷᠠᠯᠲᠠᠢ ᠪᠥᠭᠡᠳ ᠡᠮᠬᠢ ᠳᠢᠭᠯᠢᠮ ᠲᠠᠢ ᠠᠵᠢᠯᠯᠠᠵᠤ ᠪᠠᠶᠢᠯ᠎ᠠ᠃ {ᠤᠯᠠᠨ ᠤᠯᠤᠰ ᠤᠨ ᠮᠠᠰᠢᠨ ᠲᠡᠷᠭᠡᠨ ᠤ ᠮᠠᠰᠢᠨ ᠲᠡᠷᠭᠡᠨ ᠤ ᠰᠡᠯᠪᠢᠭ ᠲᠤᠨᠤᠭ ᠦᠢᠯᠡᠳᠬᠦ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ᠂ ᠮᠠᠰᠢᠨ ᠮᠧᠬᠠᠨᠢᠭ ᠤᠨ ᠭᠠᠷ ᠨᠢ ᠴᠤᠪᠤᠷᠠᠯ ᠤᠨ ᠱᠤᠭᠤᠮ ᠳᠡᠭᠡᠷ᠎ᠡ ᠥᠨᠳᠥᠷ ᠬᠤᠷᠳᠤᠴᠠ ᠪᠠᠷ ᠠᠵᠢᠯᠯᠠᠵᠤ ᠪᠠᠶᠢᠯ᠎ᠠ᠃
ᠱᠧᠩ ᠲᠠᠢ ᠬᠥᠩᠭᠡᠨᠴᠠᠭᠠᠨ ᠤ ᠪᠤᠯᠤ ᠶᠢᠨ ᠦᠢᠯᠡᠳᠪᠦᠷᠢᠯᠡᠯ ᠤᠨ ᠱᠤᠭᠤᠮ      ︽ᠪᠢᠳᠡ ᠬᠦᠷᠢᠶᠡᠯᠡᠩ ᠲᠣᠭᠤᠷᠢᠭ ᠤᠨ ᠦᠢᠯᠡᠳᠪᠦᠷᠢᠯᠡᠭᠰᠡᠨ ᠬᠥᠩᠭᠡᠨ ᠴᠠᠭᠠᠨ ᠤ ᠲᠡᠪᠬᠡ  ᠶᠢ ᠬᠥᠩᠭᠡᠨ ᠴᠠᠭᠠᠨ ᠤ ᠪᠤᠯᠤ ᠪᠣᠯᠭᠠᠨ ᠪᠣᠯᠪᠠᠰᠤᠷᠠᠭᠤᠯᠵᠤ᠂ ᠦᠨ᠎ᠡ  ᠶᠢ ᠨᠢ ᠶᠡᠭᠡ ᠪᠠᠷ ᠥᠰᠬᠡᠵᠡᠢ᠂ ᠡᠨᠡ ᠨᠢ ᠤᠤᠯ ᠤᠨ ᠦᠨ᠎ᠡ  ᠶᠢᠨ ᠰᠠᠭᠤᠷᠢᠨ ᠳᠡᠭᠡᠷ᠎ᠡ ᠲᠣᠨ ᠪᠦᠷᠢ ᠳᠡᠭᠡᠨ 27000 ᠲᠥᠭᠦᠷᠢᠭ ᠣᠷᠴᠢᠮ ᠨᠡᠮᠡᠭᠳᠡᠭᠰᠡᠨ ᠲᠠᠢ ᠲᠡᠩᠴᠡᠨ᠎ᠡ︾᠃ ᠭᠡᠵᠦ ᠪᠤᠭᠤᠲᠤ ᠶᠢᠨ ᠱᠧᠩ ᠲᠠᠢ ᠮᠠᠰᠢᠨ ᠲᠡᠷᠭᠡᠨ ᠤ ᠰᠡᠯᠪᠢᠭ ᠲᠤᠨᠤᠭ ᠦᠢᠯᠡᠳᠬᠦ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠴᠤᠤ ᠲᠠᠨᠢᠯᠴᠠᠭᠤᠯᠪᠠ᠃      ᠪᠦᠬᠦ ᠶᠠᠪᠤᠴᠠ ᠶᠢᠨ ᠣᠶᠤᠨᠴᠢᠯᠠᠭᠰᠠᠨ ᠦᠢᠯᠡᠳᠪᠦᠷᠢᠯᠡᠯ ᠤᠨ ᠶᠠᠪᠤᠴᠠ ᠨᠢ ᠠᠳᠡᠬᠢ ᠶᠢ ᠣᠳᠣᠬᠢᠴᠢᠯᠠᠭᠰᠠᠨ ᠦᠢᠯᠡᠳᠪᠦᠷᠢ ᠶᠢᠨ ᠠᠭᠤᠷ ᠠᠮᠢᠰᠬᠤᠯ ᠢᠶᠠᠷ ᠪᠢᠯᠬᠠᠭᠤᠯᠵᠤ᠂ ᠦᠢᠯᠡᠳᠪᠦᠷᠢ ᠶᠢᠨ ᠭᠡᠷ ᠪᠠᠶᠢᠰᠢᠩ ᠤᠨ ᠲᠣᠭᠤᠰᠣ ᠠᠷᠢᠯᠭᠠᠬᠤ ᠲᠥᠬᠦᠭᠡᠷᠦᠮᠵᠢ ᠨᠢ ᠠᠳᠡᠬᠢ ᠶᠢᠨ ᠦᠢᠯᠡᠳᠪᠦᠷᠢ ᠶᠢᠨ ᠭᠡᠷ ᠪᠠᠶᠢᠰᠢᠩ ᠢ ᠴᠡᠪᠡᠷ ᠴᠡᠪᠡᠷᠬᠡᠨ ᠪᠣᠯᠭᠠᠵᠠᠢ᠃ ︽ᠮᠠᠨ ᠤ ᠺᠣᠮᠫᠠᠨᠢ  ᠶᠢᠨ ᠶᠡᠷᠦᠩᠬᠡᠢ ᠵᠠᠬᠢᠷᠭ᠎ᠠ  ᠠᠴᠠ ᠵᠢᠯ ᠪᠦᠷᠢ ᠬᠡᠳᠦᠨ ᠮᠢᠩᠭᠠᠨ ᠲᠦᠮᠡᠨ ᠲᠥᠭᠦᠷᠢᠭ ᠤᠨ ᠪᠡᠯᠡ ᠣᠷᠣᠭᠤᠯᠵᠤ ᠪᠠᠶᠢᠭᠠᠳ ᠮᠡᠷᠭᠡᠵᠢᠯ  ᠢ ᠰᠤᠳᠤᠯᠤᠨ ᠨᠡᠭᠡᠭᠡᠬᠦ ᠳᠤ ᠬᠡᠷᠡᠭᠯᠡᠵᠦ᠂ ᠦᠢᠯᠡᠳᠬᠦᠨ ᠤ ᠶᠠᠰᠤ ᠴᠢᠨᠠᠷ  ᠢ ᠳᠡᠭᠡᠭᠰᠢᠯᠡᠭᠦᠯᠬᠦ  ᠶᠢᠨ ᠵᠡᠷᠭᠡ ᠳᠤ ᠨᠢᠭᠡᠴᠢ ᠡᠨᠧᠷᠭᠢ  ᠶᠢᠨ ᠬᠤᠷᠣᠭᠳᠠᠯ  ᠢ ᠪᠦᠲᠦᠮᠵᠢᠲᠡᠶ ᠪᠠᠷ ᠪᠠᠭᠠᠰᠬᠠᠵᠤ ᠪᠠᠶᠢᠨ᠎ᠠ᠃ ᠣᠳᠣᠬᠠᠨ ᠳᠤ ᠮᠠᠨ ᠤ ᠦᠢᠯᠡᠳᠪᠦᠷᠢᠯᠡᠭᠰᠡᠨ ᠬᠥᠩᠭᠡᠨ ᠴᠠᠭᠠᠨ ᠤ ᠪᠤᠯᠤ  ᠶᠢᠨ ᠡᠨᠧᠷᠭᠢ  ᠶᠢᠨ ᠬᠤᠷᠣᠭᠳᠠᠯ ᠤᠨ ᠬᠡᠮᠵᠢᠶ᠎ᠡ ᠨᠢ ᠵᠥᠪᠬᠡᠨ 0.002 ᠲᠣᠨ ᠪᠠᠷᠢᠮᠵᠢᠶᠠᠲᠤ ᠨᠡᠭᠦᠷᠡᠰᠦ ᠪᠠᠶᠢᠵᠤ᠂ ᠤᠯᠤᠰ ᠤᠨ ᠳᠣᠲᠣᠭᠠᠳᠤ  ᠶᠢᠨ ᠬᠤᠯᠪᠣᠭᠳᠠᠯ ᠪᠦᠬᠦᠢ ᠠᠵᠤ ᠦᠢᠯᠡᠰ ᠤᠨ ᠬᠦᠷᠢᠶᠡᠨ ᠳᠠᠬᠢ ᠬᠠᠮᠤᠭ ᠤᠨ ᠥᠨᠳᠥᠷ ᠲᠦᠪᠰᠢᠨ ᠳᠤ ᠬᠦᠷᠴᠦ ᠪᠠᠶᠢᠨ᠎ᠠ︾᠃ ᠭᠡᠵᠦ ᠸᠠᠩ ᠴᠤᠤ ᠬᠡᠯᠡᠪᠡ᠃
ᠾᠦᠢ ᠵᠦᠩ ᠮᠠᠰᠢᠨ ᠲᠡᠷᠭᠡᠨ ᠤ ᠰᠡᠯᠪᠢᠭ ᠲᠣᠨᠤᠭ ᠪᠣᠯᠪᠠᠰᠤᠷᠠᠭᠤᠯᠬᠤ ᠲᠠᠰᠤᠭ ᠤᠨ ᠳ᠋ᠢᠵᠢᠶᠠ ᠵᠢᠯᠤᠭᠤᠳᠬᠤ ᠰᠢᠰᠲ᠋ᠧᠮ      ᠬᠥᠩᠭᠡᠨ ᠴᠠᠭᠠᠨ ᠤ ᠲᠡᠪᠬᠡ᠂ ᠬᠥᠩᠭᠡᠨ ᠴᠠᠭᠠᠨ ᠤ ᠰᠢᠳᠠᠮ ᠢ ᠰᠢᠭᠤᠳ ᠦᠢᠯᠡᠳᠪᠦᠷᠢᠯᠡᠨ ᠪᠣᠷᠣᠯᠠᠭᠤᠯᠬᠤ ᠠᠴᠠ ᠬᠥᠩᠭᠡᠨ ᠴᠠᠭᠠᠨ ᠤ ᠬᠦᠷᠳᠦᠨ ᠤ ᠪᠤᠯᠤ᠂ ᠬᠥᠩᠭᠡᠨ ᠴᠠᠭᠠᠨ ᠤ ᠬᠠᠶᠢᠯᠤᠰᠢ ᠶᠢᠨ ᠺᠠᠪᠠ ᠬᠦᠷᠳᠦ᠂ ᠬᠥᠩᠭᠡᠨ ᠴᠠᠭᠠᠨ ᠤ ᠬᠠᠶᠢᠯᠤᠰᠢ ᠶᠢᠨ ᠮᠠᠰᠢᠨ ᠲᠡᠷᠭᠡᠨ ᠤ ᠰᠠᠵᠢᠯᠠᠭᠤᠷ ᠮᠥᠷᠥ᠂ ᠬᠥᠩᠭᠡᠨ ᠴᠠᠭᠠᠨ ᠤ ᠬᠠᠶᠢᠯᠤᠰᠢ ᠶᠢᠨ ᠬᠡᠪ ᠬᠠᠪᠲᠠᠰᠤ ᠵᠡᠷᠭᠡ︽ᠰᠢᠨ᠎ᠡ ᠶᠠᠩᠵᠤ ᠬᠡᠯᠪᠡᠷᠢ︾ ᠶᠢᠨ ᠦᠢᠯᠡᠳᠬᠦᠨ ᠢ ᠦᠢᠯᠡᠳᠪᠦᠷᠢᠯᠡᠬᠦ ᠬᠦᠷᠲᠡᠯ᠎ᠡ᠂ ᠪᠤᠭᠤᠲᠤ ᠶᠢᠨ ᠬᠥᠩᠭᠡᠨ ᠴᠠᠭᠠᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠥᠩᠭᠡᠨ ᠴᠠᠭᠠᠨ ᠤ ᠠᠵᠤ ᠦᠢᠯᠡᠰ ᠤᠨ ᠰᠢᠨ᠎ᠡ ᠪᠠᠷ ᠳᠡᠰ ᠳᠡᠪᠰᠢᠭᠰᠡᠨ ᠨᠢ ᠳ᠋ᠦᠩ ᠾᠧ ᠲᠣᠭᠤᠷᠢᠭ ᠤᠨ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠬᠥᠭᠵᠢᠯᠲᠡ ᠶᠢᠨ ᠰᠢᠨ᠎ᠡ ᠪᠠᠶᠢᠷᠢᠰᠢᠯ ᠢ ᠴᠣᠭᠴᠠᠯᠠᠨ ᠪᠠᠶᠢᠭᠤᠯᠤᠭᠰᠠᠨ ᠤ ᠬᠤᠷᠢᠶᠠᠩᠭᠤᠢ ᠳᠦᠷᠰᠦ ᠪᠣᠯᠣᠨ᠎ᠠ᠃      ᠵᠡᠭᠦᠨ ᠭᠤᠣᠯ ᠠᠴᠠ ᠦᠰᠦᠷᠦᠨ ᠭᠠᠷᠴᠤ ᠵᠡᠭᠦᠨ ᠭᠤᠣᠯ ᠢ ᠬᠠᠷᠠᠵᠤ᠂ ᠢᠷᠡᠭᠡᠳᠦᠢ ᠳᠤ ᠵᠣᠭᠰᠣᠵᠤ ᠣᠳᠣᠬᠢ ᠶᠢ ᠬᠠᠷᠠᠨ᠎ᠠ᠃ᠣᠶᠢᠷ᠎ᠠ ᠶᠢᠨ ᠵᠢᠯ ᠳᠤ᠂ ᠳ᠋ᠦᠩ ᠾᠧ ᠲᠣᠭᠤᠷᠢᠭ ᠤᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠠᠨᠠᠭᠠᠴᠢᠯᠠᠭ᠎ᠠ ᠠᠴᠠ ᠪᠠᠨ ᠬᠥᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠦᠢᠯᠡᠴᠢᠯᠡᠭᠡᠨ ᠤ ᠬᠤᠭᠤᠴᠠᠭ᠎ᠠ᠂ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠳᠠᠪᠬᠤᠴᠠᠬᠤ ᠬᠤᠭᠤᠴᠠᠭ᠎ᠠ᠂ ᠬᠥᠭᠡᠭᠡᠵᠦ ᠭᠦᠢᠴᠡᠬᠦ ᠪᠠ ᠳᠠᠪᠠᠵᠤ ᠲᠦᠷᠭᠡᠨ ᠬᠤᠭᠤᠴᠠᠭ᠎ᠠ ᠶᠢ ᠳᠠᠪᠠᠭ᠋ᠤ ᠲᠡᠦᠬᠡᠨ ᠠᠵᠠ ᠲᠣᠬᠢᠶᠠᠯ ᠢ ᠴᠢᠩᠭ᠎ᠠ ᠠᠳᠬᠤᠵᠤ᠂ ᠭᠦᠶᠦᠭᠴᠢ ᠶᠢᠨ ᠳᠦᠷᠢ ᠪᠠᠷ ᠬᠢᠴᠢᠶᠡᠩᠭᠦᠢ ᠪᠥᠭᠡᠳ ᠯᠠᠪᠳᠠᠭᠤᠨ᠂ ᠴᠢᠷᠮᠠᠶᠢᠨ ᠲᠡᠮᠡᠴᠡᠭᠰᠡᠳ ᠤᠨ ᠳᠦᠷᠢ ᠲᠥᠷᠬᠦ ᠪᠠᠷ ᠰᠢᠨᠡᠴᠢᠯᠡᠨ ᠬᠦᠴᠦᠷᠬᠡᠭᠵᠢᠬᠦ ᠪᠠᠷ ᠴᠢᠷᠮᠠᠶᠢᠵᠤ᠂︽ᠳ᠋ᠦᠩ ᠾᠧ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠲᠦᠷᠭᠡᠨ ᠭᠦᠶᠦᠬᠦ ᠠᠵᠢᠯᠯᠠᠭ᠎ᠠ ᠶᠢᠨ ᠲᠥᠯᠥᠪᠯᠡᠭᠡ︵2022 ︱ 2025︶︾ ᠶᠢ ᠡᠬᠢᠯᠡᠨ ᠬᠡᠷᠡᠭᠵᠢᠭᠦᠯᠵᠦ᠂ ︽ᠨᠢᠭᠡ ᠦᠢᠯᠡᠰ ᠨᠢᠭᠡ ᠪᠣᠳᠣᠯᠭ᠎ᠠ︾ ᠶᠢ ᠲᠥᠪᠯᠡᠷᠡᠭᠦᠯᠬᠦ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠢ ᠨᠠᠷᠢᠨ ᠰᠣᠩᠭᠤᠬᠤ᠂ ︽ᠳᠥᠷᠪᠡ ᠶᠢ ᠳᠡᠭᠡᠭᠰᠢᠯᠡᠭᠦᠯᠬᠦ︾ᠠᠵᠤ ᠠᠬᠤᠶᠢᠯᠠᠯ ᠢ ᠳᠠᠬᠢᠨ ᠢᠶᠠᠷ ᠨᠡᠮᠡᠭᠳᠡᠭᠦᠯᠬᠦ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠲᠥᠪᠯᠡᠷᠡᠭᠦᠯᠬᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠳᠡᠭᠡᠭᠰᠢᠯᠡᠭᠦᠯᠬᠦ᠂ ᠠᠵᠢᠯ ᠤᠨ ᠰᠤᠷᠲᠠᠯ ᠢ ᠳᠠᠪᠲᠠᠨ ᠪᠣᠯᠪᠠᠰᠤᠷᠠᠭᠤᠯᠬᠤ ᠵᠡᠷᠭᠡ︽ᠵᠢᠷᠭᠤᠭᠠᠨ ᠶᠡᠭᠡ ᠠᠵᠢᠯᠯᠠᠭ᠎ᠠ︾ ᠶᠢ ᠭᠦᠨᠵᠡᠭᠡᠢ ᠬᠡᠷᠡᠭᠵᠢᠭᠦᠯᠵᠦ᠂︽ᠶᠡᠭᠡ ᠶᠢ ᠡᠯᠰᠡᠬᠦ᠂ ᠬᠦᠴᠦᠷᠬᠡᠭ ᠢ ᠲᠠᠲᠠᠬᠤ᠂ ᠰᠢᠯᠢᠳᠡᠭ ᠢ ᠰᠣᠩᠭᠤᠬᠤ︾ ᠪᠠᠷ ᠠᠷᠠᠯᠵᠢᠶᠠᠴᠢᠨ ᠤᠷᠢᠬᠤ ᠪᠠᠷᠢᠮᠵᠢᠶ᠎ᠠ ᠪᠣᠯᠭᠠᠵᠤ᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠯᠠᠪᠳᠠᠭᠤᠨ ᠢᠶᠠᠷ ᠠᠬᠢᠭᠤᠯᠪᠠ᠃
ᠥᠪᠥᠷ ᠮᠣᠩᠭᠤᠯ ᠤᠨ ᠬᠤᠸᠠ ᠶᠦᠨ ᠰᠢᠨ᠎ᠡ ᠮᠠᠲ᠋ᠧᠷᠢᠶᠠᠯ ᠤᠨ ᠨᠡᠭᠦᠷᠡᠰᠦ ᠳᠠᠮᠵᠢᠭᠤᠯᠬᠤ ᠰᠢᠰᠲ᠋ᠧᠮ      ᠣᠶᠢᠷ᠎ᠠ ᠶᠢᠨ ᠵᠢᠯ ᠳᠤ᠂ ᠳ᠋ᠦᠩ ᠾᠧ ᠲᠣᠭᠤᠷᠢᠭ ᠤᠨ ᠬᠢᠨ ᠬᠤᠸᠠ ᠶᠦᠨ ᠭᠤᠷᠪᠠᠳᠤᠭᠠᠷ ᠬᠤᠭᠤᠴᠠᠭ᠎ᠠ᠂ ᠵᠧᠩ ᠸᠧᠢ ᠶᠢᠨ ᠵᠡᠰ ᠤᠨ ᠰᠠᠭᠤᠷᠢ ᠰᠢᠨ᠎ᠡ ᠮᠠᠲ᠋ᠧᠷᠢᠶᠠᠯ ᠵᠡᠷᠭᠡ ᠲᠠᠩ ᠴᠣᠭᠴᠠ ᠶᠢᠨ ᠪᠡᠯᠡ ᠣᠷᠣᠭᠤᠯᠤᠯᠲᠠ ᠶᠢᠨ ᠲᠥᠷᠥᠯ ᠵᠦᠢᠯ ᠢ 10 ᠳ᠋ᠦᠩᠰᠢᠭᠤᠷ ᠲᠥᠭᠦᠷᠢᠭ ᠠᠴᠠ ᠳᠡᠭᠡᠭᠰᠢ 17 ᠣᠷᠣᠭᠤᠯᠵᠤ᠂ ᠰᠢᠶᠠᠩ ᠢᠦᠢ ᠡᠮ ᠤᠨ ᠦᠢᠯᠡᠰ᠂ ᠡᡁᠥᠪᠸᠢ ᠶᠢᠨ ᠪᠠᠶᠢᠭᠤᠯᠤᠭᠰᠠᠨ ᠳᠤᠮᠳᠠ ᠵᠡᠷᠭᠡ ᠶᠢᠨ 3 ᠲᠦᠷᠦᠯ ᠤᠨ︽500 ᠬᠦᠴᠦᠷᠬᠡᠭ︾ᠠᠵᠤ ᠠᠬᠤᠶᠢᠯᠠᠯ ᠤᠨ 15 ᠲᠦᠷᠦᠯ ᠵᠦᠢᠯ ᠢ ᠣᠷᠣᠭᠤᠯᠤᠨ ᠠᠪᠴᠢᠷᠠᠵᠤ᠂ ᠵᠢᠶᠠᠩᠰᠤ ᠶᠢᠨ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠥᠩᠭᠡᠨ ᠬᠠᠶᠢᠯᠤᠰᠢ᠂ ᠰᠧ ᠲᠦᠩ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠵᠡᠷᠭᠡ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ ᠲᠤᠰᠬᠠᠢ ᠨᠠᠷᠢᠯᠢᠭ ᠣᠨᠴᠠ ᠰᠢᠨ᠎ᠡ︽ᠵᠢᠵᠢᠭ ᠠᠪᠤᠷᠭᠤ ᠬᠥᠮᠥᠨ︾ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠳᠤ ᠭᠠᠷ ᠤᠨ ᠦᠰᠦᠭ ᠵᠢᠷᠤᠵᠤ᠂ ᠨᠢᠭᠡ ᠪᠦᠯᠦᠭ ᠲᠤᠯᠭᠠᠭᠤᠷᠢᠯᠠᠬᠤ ᠴᠢᠨᠠᠷ ᠢᠶᠠᠷ ᠴᠢᠩᠭ᠎ᠠ᠂ ᠬᠤᠯᠪᠣᠭᠳᠠᠬᠤ ᠬᠡᠮᠵᠢᠶ᠎ᠡ ᠪᠠᠷ ᠥᠨᠳᠥᠷ᠂ ᠳᠠᠶᠢᠴᠢᠯᠠᠬᠤ ᠬᠦᠴᠦᠨ ᠢᠶᠠᠷ ᠶᠡᠭᠡ ᠰᠢᠨ᠎ᠡ ᠡᠨᠧᠷᠭᠢ ᠶᠢᠨ ᠲᠦᠷᠦᠯ ᠵᠦᠢᠯ ᠳᠤ ᠭᠠᠷ ᠤᠨ ᠦᠰᠦᠭ ᠵᠢᠷᠤᠪᠠ᠂ ᠡᠭᠦᠨ ᠳᠤ ᠵᠦᠩ ᠭᠤᠸᠠᠩ ᠴᠥᠮ᠎ᠡ᠂ ᠶᠢᠨ ᠹᠥ᠋ᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ 7 ᠤᠳᠤ ᠦᠶ᠎ᠡ ᠶᠢᠨ ᠡᠨᠧᠷᠭᠢ ᠶᠢᠨ ᠲᠦᠷᠦᠯ ᠵᠦᠢᠯ ᠪᠠᠭᠲᠠᠨ᠎ᠠ᠃ᠲᠦᠷᠦᠯ ᠵᠦᠢᠯ ᠢᠶᠠᠷ ᠬᠥᠳᠡᠯᠭᠡᠭᠦᠷ ᠪᠣᠯᠭᠠᠭᠰᠠᠨ ᠠᠵᠤ ᠠᠬᠤᠢ ᠶᠢᠨ ᠬᠥᠭᠵᠢᠯᠲᠡ ᠶᠢᠨ ᠶᠡᠭᠡ ᠤᠷᠤᠰᠬᠠᠯ ᠵᠡᠭᠦᠨ ᠭᠤᠣᠯ ᠢ ᠲᠠᠬᠢᠨ ᠴᠣᠭᠴᠠᠯᠠᠵᠤ ᠪᠤᠢ᠃ᠦᠰᠦᠷᠦᠯᠲᠡ ︱ᠬᠤᠲᠠ  ᠶᠢᠨ ᠰᠢᠨᠡᠴᠢᠯᠡᠯᠲᠡ ᠨᠢ ᠠᠷᠠᠳ ᠣᠯᠠᠨ ᠤ ᠠᠮᠤᠷ ᠲᠣᠭᠲᠠᠭᠤᠨ ᠵᠣᠯ ᠵᠢᠷᠭᠠᠯ  ᠢ ᠪᠤᠶ ᠪᠣᠯᠭᠠᠵᠤ ᠪᠠᠶᠢᠨ᠎ᠠ      5 ᠰᠠᠷ᠎ᠠ ᠶᠢᠨ 13  ᠤ ᠡᠳᠦᠷ᠂ ᠤᠬᠤᠭᠤᠷ ᠮᠠᠰᠢᠨ ᠤ ᠬᠦᠩᠭᠢᠨᠡᠮ᠎ᠡ ᠳᠠᠭᠤᠨ ᠢ ᠳᠠᠭᠠᠯᠳᠤᠨ᠂ ᠳ᠋ᠦᠩ ᠾᠧ ᠲᠣᠭᠤᠷᠢᠭ ᠤᠨ ᠾᠧ ᠳ᠋ᠦᠩ ᠵᠡᠭᠡᠯᠢ ᠶᠢᠨ ᠬᠠᠮᠤᠭ ᠰᠡᠭᠦᠯᠴᠢ ᠶᠢᠨ ᠰᠡᠷᠢᠭᠦᠨ ᠭᠡᠷ ᠨᠤᠷᠠᠭᠠᠭᠳᠠᠵᠠᠢ᠃ {ᠤᠬᠤᠭᠤᠷ ᠮᠠᠰᠢᠨ ᠤ ᠬᠦᠩᠭᠢᠨᠡᠮ᠎ᠡ ᠳᠠᠭᠤᠨ ᠢᠶᠠᠷ ᠳ᠋ᠦᠩ ᠾᠧ ᠲᠣᠭᠤᠷᠢᠭ ᠤᠨ ᠾᠧ ᠳ᠋ᠦᠩ ᠵᠡᠭᠡᠯᠢ ᠶᠢᠨ ᠬᠠᠮᠤᠭ ᠰᠡᠭᠦᠯᠴᠢ ᠶᠢᠨ ᠰᠡᠷᠢᠭᠦᠨ ᠭᠡᠷ ᠨᠤᠷᠠᠭᠠᠭᠳᠠᠪᠠ᠃︽ᠡᠭᠦᠨ ᠠᠴᠠ ᠬᠤᠶᠢᠰᠢ᠂ ᠾᠧ ᠳ᠋ᠦᠩ ᠵᠡᠭᠡᠯᠢ ᠭᠤᠳᠤᠮᠵᠢ ᠶᠢᠨ  ᠬᠢᠨ ︿ᠯᠢᠶᠠᠩ ᠹᠠᠩ ᠤᠨ ᠴᠠᠭ ᠦᠶ᠎ᠡ﹀ ᠠᠴᠠ ᠨᠢᠭᠡᠮᠦᠰᠦᠨ ᠠᠩᠭᠢᠵᠢᠷᠠᠪᠠ︾᠃ ᠭᠡᠵᠦ ᠡᡁᠸ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠭᠦᠸᠧ ᠴᠢᠩ ᠰᠦᠩ ᠮᠠᠰᠢ ᠲᠥᠷᠥᠭᠳᠡᠯ ᠲᠠᠢ ᠪᠠᠷ ᠬᠡᠯᠡᠪᠡ᠃
ᠬᠠᠭᠤᠴᠢᠨ ᠰᠡᠷᠢᠭᠦᠨ ᠭᠡᠷ ᠢ ᠨᠤᠷᠠᠭᠠᠬᠤ      ᠣᠶᠢᠷ᠎ᠠ ᠶᠢᠨ ᠵᠢᠯ ᠠᠴᠠ᠂ ᠳ᠋ᠦᠩ ᠡᡁᠸ ᠲᠣᠭᠤᠷᠢᠭ ᠤᠨ ᠬᠢᠨ ᠰᠡᠷᠢᠭᠦᠨ ᠣᠷᠣᠨ ᠰᠠᠭᠤᠴᠠ ᠶᠢ ᠨᠤᠷᠠᠭᠠᠬᠤ ᠶᠢ ᠬᠤᠳᠠ ᠶᠢᠨ ᠰᠢᠨᠡᠴᠢᠯᠡᠯᠲᠡ ᠶᠢᠨ ᠳᠤᠮᠳᠠᠬᠢ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠣᠯᠭᠠᠵᠤ᠂ ︽ᠠᠷᠭ᠎ᠠ ᠪᠦᠬᠦᠨ ᠢ ᠰᠦᠪᠡᠭᠴᠢᠯᠡᠵᠦ᠂ ᠮᠢᠩᠭᠠᠨ ᠦᠭᠡ ᠲᠦᠮᠡᠨ ᠦᠭᠡ᠂ ᠮᠢᠩᠭᠠᠨ ᠪᠡᠷᠬᠡ ᠮᠢᠩᠭᠠᠨ ᠵᠣᠪᠠᠭᠤᠷᠢ ᠲᠠᠢ︾ ᠠᠵᠢᠯ ᠤᠨ ᠵᠠᠭᠪᠤᠷ ᠢᠶᠠᠷ ᠡᠨᠡᠬᠦ ᠢᠨᠵᠧᠨᠧᠷᠢᠩ ᠤᠨ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠠᠷᠠᠳ ᠤᠨ ᠰᠡᠳᠬᠢᠯ ᠢ ᠣᠯᠣᠭᠰᠠᠨ ᠪᠠᠶᠢᠨ᠎ᠠ᠃2022 ᠣᠨ ᠳᠤ᠂ ᠳ᠋ᠦᠩ ᠡᡁᠸ ᠲᠣᠭᠤᠷᠢᠭ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠵᠢᠴᠢ ᠬᠤᠳᠠ ᠶᠢᠨ ᠰᠢᠨᠡᠴᠢᠯᠡᠯᠲᠡ ᠶᠢᠨ ᠲᠣᠭᠤᠷᠢᠭ ᠲᠤ ᠬᠤᠯᠪᠣᠭᠳᠠᠭᠰᠠᠨ ᠰᠡᠷᠢᠭᠦᠨ ᠣᠷᠣᠨ ᠰᠠᠭᠤᠴᠠ ᠶᠢᠨ ᠲᠤᠭ᠎ᠠ 8796 ᠪᠠᠶᠢᠵᠤ᠂ ᠤᠳᠤ ᠪᠣᠯᠲᠠᠯ᠎ᠠ 8583 ᠶᠢ ᠨᠤᠷᠠᠭᠠᠵᠤ᠂ 97.6%   ᠤᠨ ᠬᠠᠷᠢᠴᠠᠯ ᠢ ᠪᠡᠶᠡᠯᠡᠭᠦᠯᠵᠡᠢ᠃ᠯᠢᠶᠠᠩ ᠹᠠᠩ ᠭᠡᠳᠡᠭ ᠡᠨᠡᠬᠦ ᠴᠠᠭ ᠦᠶ᠎ᠡ ᠳᠤ ᠰᠢᠭᠰᠢᠭᠳᠡᠭᠰᠡᠨ ᠪᠦᠲᠦᠭᠡᠭᠳᠡᠬᠦᠨ ᠨᠢ ᠳ᠋ᠦᠩ ᠾᠧ ᠲᠣᠭᠤᠷᠢᠭ ᠤᠨ ᠲᠡᠦᠬᠡ ᠶᠢᠨ ᠲᠠᠪᠴᠠᠩ ᠠᠴᠠ ᠠᠭᠠᠵᠢᠮ ᠢᠶᠠᠷ ᠤᠬᠤᠷᠢᠨ ᠭᠠᠷᠴᠤ ᠪᠤᠢ᠃      ᠬᠠᠭᠤᠴᠢᠨ ᠰᠡᠷᠢᠭᠦᠨ ᠪᠠᠶᠢᠰᠢᠩ ᠠᠴᠠ ᠪᠠᠨ ᠠᠶᠠᠷᠯᠠᠵᠤ᠂ ᠳ᠋ᠦᠩ ᠾᠧ ᠶᠢᠨ ᠬᠠᠭᠤᠴᠢᠨ ᠬᠤᠳᠠ ᠶᠢᠨ ᠲᠣᠭᠤᠷᠢᠭ ᠤᠨ ᠠᠷᠠᠳ ᠤᠳ ᠨᠡᠩ ᠲᠠᠭᠠᠯᠠᠮᠵᠢᠲᠠᠢ᠂ ᠨᠡᠩ ᠰᠠᠶᠢᠨ ᠰᠠᠶᠢᠬᠠᠨ ᠰᠢᠨ᠎ᠡ ᠠᠮᠢᠳᠤᠷᠠᠯ ᠳᠠᠭᠠᠨ ᠣᠷᠣᠯ᠎ᠠ᠃︽ᠰᠡᠷᠢᠭᠦᠨ ᠭᠡᠷ ᠢ ᠨᠤᠷᠠᠭᠠᠭᠰᠠᠨ ᠤ ᠳᠠᠷᠠᠭ᠎ᠠ᠂ ᠮᠠᠨ ᠤ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠵᠤ᠂ ᠳᠠᠬᠢᠨ ᠬᠠᠲᠠᠭᠤᠵᠢᠭᠤᠯᠬᠤ ᠬᠡᠷᠡᠭᠲᠡᠢ᠂ ᠪᠠᠰᠠ ᠮᠣᠳᠣ᠂ ᠡᠪᠡᠰᠦ᠂ ᠴᠡᠴᠡᠭ ᠳᠠᠷᠢᠵᠤ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢᠶᠠᠨ ᠴᠤ ᠰᠢᠨ᠎ᠡ ᠰᠠᠭᠤᠭᠠᠯᠢ ᠠᠷᠠᠳ ᠤᠨ ᠲᠣᠭᠤᠷᠢᠭ ᠤᠨ ᠬᠡᠪ ᠨᠠᠮᠪᠠ ᠲᠠᠢ ᠪᠣᠯᠭᠠᠬᠤ ᠬᠡᠷᠡᠭᠲᠡᠢ᠂ ᠪᠤᠳᠤᠵᠤ ᠦᠵᠡᠪᠡᠯ ᠪᠠᠶᠠᠷᠯᠠᠨ᠎ᠠ︕︾ ᠭᠡᠵᠦ ᠬᠡᠯᠡᠪᠡ᠃ ᠬᠤᠳᠠᠯᠳᠤᠭᠠᠨ ᠤ ᠵᠥᠪᠯᠡᠯ ᠤᠨ ᠠᠰᠠᠷ ᠲᠤ ᠰᠠᠭᠤᠵᠤ ᠪᠠᠶᠢᠭ᠎ᠠ ᠸᠠᠩ ᠡᠪᠦᠭᠡ ᠰᠠᠭᠤᠭᠠᠯᠢ ᠠᠷᠠᠳ ᠤᠨ ᠲᠣᠭᠤᠷᠢᠭ ᠤᠨ ᠰᠢᠨ᠎ᠡ ᠦᠵᠡᠮᠵᠢ ᠶᠢ ᠬᠦᠰᠡᠨ ᠬᠦᠯᠢᠶᠡᠵᠦ ᠪᠠᠶᠢᠯ᠎ᠠ᠃
ᠪᠧᠢ ᠯᠢᠶᠠᠩ ᠰᠢᠨ᠎ᠡ ᠲᠣᠭᠤᠷᠢᠭ      ᠣᠶᠢᠷ᠎ᠠ ᠶᠢᠨ ᠵᠢᠯ ᠠᠴᠠ᠂ ᠳ᠋ᠦᠩ ᠡᡁᠸ ᠲᠣᠭᠤᠷᠢᠭ ᠤᠨ ᠬᠢᠨ ᠳᠤᠲᠠᠭᠤᠳᠠᠯ ᠢᠶᠠᠨ ᠨᠥᠬᠦᠪᠦᠷᠢᠯᠡᠬᠦ᠂ ᠨᠠᠷᠢᠯᠢᠭ ᠵᠠᠰᠠᠬᠤ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠬᠤᠳᠠ ᠬᠥᠳᠡᠭᠡ ᠶᠢᠨ ᠣᠷᠴᠢᠨ ᠲᠣᠭᠤᠷᠢᠨ ᠢ ᠰᠢᠨ᠎ᠡ ᠪᠠᠷ ᠳᠡᠭᠡᠭᠰᠢᠯᠡᠭᠦᠯᠵᠦ᠂ ᠬᠤᠳᠠ ᠶᠢᠨ ᠴᠢᠳᠠᠪᠬᠢ ᠶᠢ ᠲᠦᠷᠭᠡᠨ ᠲᠡᠭᠦᠯᠳᠡᠷᠵᠢᠭᠦᠯᠪᠡ᠃ᠣᠳᠣᠬᠠᠨ ᠪᠣᠯᠲᠠᠯ᠎ᠠ᠂ 131 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ 172 ᠲᠦᠮᠡᠨ ᠲᠡᠭᠰᠢ ᠳᠥᠷᠪᠡᠯᠵᠢᠨ ᠮᠧᠲᠷ ᠤᠨ ᠲᠦᠬᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ 477 ᠲᠦᠮᠡᠨ ᠲᠡᠭᠰᠢ ᠳᠥᠷᠪᠡᠯᠵᠢᠨ ᠮᠧᠲᠷ ᠤᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢ ᠨᠡᠭᠡᠭᠡᠨ ᠪᠦᠲᠦᠭᠡᠨ ᠪᠠᠶᠢᠭᠤᠯᠵᠤ᠂ 28 ᠵᠤᠷᠪᠤᠰ ᠵᠠᠮ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠦᠨ᠂ ᠬᠤᠳᠠ ᠪᠠᠯᠭᠠᠰᠤᠵᠢᠯᠲᠠ ᠶᠢᠨ ᠨᠤᠷᠮ᠎ᠠ 91.5% ᠳᠤ ᠬᠦᠷᠪᠡ᠃ᠬᠤᠸᠠᠨ ᠯᠦᠩ ᠽᠠᠩ ᠴᠡᠴᠡᠷᠯᠢᠭ᠂ ᠳ᠋ᠠ ᠱᠦᠢ ᠪᠥᠸᠧ ᠳ᠋ᠦᠩ ᠴᠡᠴᠡᠷᠯᠢᠭ ᠵᠡᠷᠭᠡ 5 ᠲᠣᠮᠣ ᠬᠡᠯᠪᠡᠷᠢ ᠶᠢᠨ ᠣᠯᠠᠨ ᠨᠡᠶᠢᠲᠡ ᠶᠢᠨ ᠵᠦᠯᠭᠡ ᠭᠠᠵᠠᠷ ᠪᠠ ᠨᠢᠭᠡ ᠪᠦᠯᠦᠭ ︽ᠤᠭᠤᠲᠠ ᠴᠡᠴᠡᠷᠯᠢᠭ︾ ᠢ ᠪᠠᠶᠢᠭᠤᠯᠵᠤ᠂ ᠦᠵᠡᠮᠵᠢ ᠶᠢᠨ ᠴᠢᠭ᠋᠂ ᠬᠤᠲᠠ ᠶᠢᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠶᠢ 35% ᠳᠤ ᠬᠦᠷᠦᠭᠦᠯᠵᠦ᠂ 5.2 ᠵᠠᠭᠤᠨ ᠤ ᠨᠢᠭᠡᠴᠢ ᠪᠠᠷ ᠳᠡᠭᠡᠭᠰᠢᠯᠡᠭᠦᠯᠦᠨ᠎ᠡ᠃      ᠵᠤᠨ ᠤ ᠰᠥᠨᠢ ᠰᠡᠷᠢᠭᠦᠴᠡᠵᠦ᠂ ᠤᠷᠢᠬᠠᠨ ᠰᠠᠯᠬᠢ ᠰᠡᠩᠭᠢᠨᠡᠨ᠎ᠡ᠃ᠪᠸᠢᠢᠯᠢᠶᠠᠩ ᠤᠨ ᠰᠢᠨ᠎ᠡ ᠲᠣᠭᠤᠷᠢᠭ ᠤᠨ ᠶᠢᠨ ᠵᠢᠶᠠᠩ ᠶᠣᠣ ᠬᠤᠲᠠ ᠶᠢᠨ ᠠᠷᠠᠳ ᠤᠨ ᠠᠭᠤᠳᠠᠮ ᠲᠠᠯᠠᠪᠠᠢ ᠳᠤ ᠥᠩᠭᠡᠲᠦ ᠳ᠋ᠧᠩ ᠤᠨ ᠭᠡᠷᠡᠯ ᠳᠤ ᠬᠥᠮᠥᠰ ᠨᠠᠰᠢ ᠴᠠᠰᠢ ᠭᠦᠶᠦᠯᠳᠦᠨ᠎ᠡ᠃ᠪᠧᠢ ᠯᠢᠶᠠᠩ ᠤᠨ ᠸᠠᠩ ᠲᠢᠶᠠᠨ ᠹᠧᠩ ᠡᠭᠡᠴᠢ ᠳᠡᠭᠦᠦ ᠨᠠᠷ ᠲᠠᠢ ᠪᠠᠨ ᠲᠠᠯᠠᠪᠠᠶ ᠳᠤ ᠪᠡᠶ᠎ᠡ ᠪᠠᠨ ᠴᠢᠭᠢᠷᠠᠭᠵᠢᠭᠤᠯᠤᠨ ᠪᠥᠵᠢᠭ ᠪᠥᠵᠢᠭᠯᠡᠬᠦ ᠪᠠᠷ ᠪᠣᠯᠵᠣᠵᠤ᠂ ᠪᠠᠶᠠᠷ ᠬᠥᠷ ᠲᠠᠢ ᠰᠡᠳᠬᠢᠯ ᠬᠥᠳᠡᠯᠭᠡᠮ᠎ᠡ ᠬᠥᠭᠵᠢᠮ ᠤᠨ ᠠᠶᠢᠵᠠᠮ ᠳᠤ ᠬᠥᠮᠥᠨ ᠪᠦᠬᠦᠨ ᠵᠣᠯ ᠵᠢᠷᠭᠠᠯᠲᠤ ᠠᠯᠬᠤᠭ᠎ᠠ ᠶᠢ ᠠᠯᠬᠤᠪᠠ᠃
ᠬᠤᠲᠠ ᠶᠢᠨ ᠠᠷᠠᠳ ᠲᠠᠯᠠᠪᠠᠢ ᠳᠤ ᠳᠡᠪᠬᠡᠷᠦᠨ ᠪᠥᠵᠢᠭᠯᠡᠨ᠎ᠡ      ︽ᠪᠧᠢ ᠯᠢᠶᠠᠩ ᠢ ᠥᠭᠡᠷᠡᠴᠢᠯᠡᠭᠰᠡᠨ ᠤ ᠳᠠᠷᠠᠭ᠎ᠠ ᠮᠠᠨ ᠤ ᠪᠧᠢ ᠯᠢᠶᠠᠩ ᠤᠨ ᠬᠥᠮᠥᠰ ᠰᠢᠨ᠎ᠡ ᠠᠮᠢᠳᠤᠷᠠᠬᠤ ᠠᠷᠭ᠎ᠠ ᠲᠠᠢ ᠪᠣᠯᠵᠤ᠂ ᠠᠮᠢᠳᠤᠷᠠᠯ ᠤᠯᠠᠮ ᠠᠴᠠ ᠤᠯᠠᠮ ᠬᠥᠭᠵᠢᠶᠡᠨᠲᠡᠢ ᠪᠣᠯᠵᠤ ᠪᠠᠶᠢᠨ᠎ᠠ᠂ ᠤᠳᠤ ᠶᠢᠨ ᠡᠶᠢᠮᠦ ᠰᠠᠶᠢᠨ ᠨᠡᠶᠢᠭᠡᠮ ᠳᠤ ᠪᠢᠳᠡ ᠨᠡᠩ ᠴᠤ ᠴᠤᠭ ᠵᠢᠪᠬᠤᠭ᠎ᠠ ᠲᠠᠢ ᠪᠣᠯᠬᠤ ᠬᠡᠷᠡᠭᠲᠡᠢ︕︾ᠭᠡᠵᠦ ᠬᠡᠯᠡᠪᠡ᠃ ᠭᠡᠵᠦ ᠸᠠᠩ ᠲᠢᠶᠠᠨ ᠹᠥ᠋ᠩ ᠬᠡᠯᠡᠪᠡ᠃      ᠪᠧᠢ ᠯᠢᠶᠠᠩ ᠤᠨ ᠬᠡᠭᠡᠨᠴᠢᠷ ᠬᠤᠪᠢᠷᠠᠯᠲᠠ ᠨᠢ 12 ᠲᠦᠮᠡ ᠭᠠᠷᠤᠢ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠰᠠᠭᠤᠭᠠᠯᠢ ᠠᠷᠠᠳ ᠤᠨ ᠠᠮᠢᠳᠤᠷᠠᠯ ᠢ ᠴᠣ᠋ ᠰᠢᠨ᠎ᠡ ᠪᠠᠶᠢᠳᠠᠯ ᠲᠠᠢ ᠪᠣᠯᠭᠠᠭᠰᠠᠨ ᠢᠶᠠᠷ ᠪᠠᠷᠠᠬᠤ ᠦᠭᠡᠢ ᠪᠠᠰᠠ ᠳ᠋ᠦᠩ ᠾᠧ ᠲᠣᠭᠤᠷᠢᠭ ᠤᠨ ᠠᠷᠠᠳ ᠢᠷᠭᠡᠳ ᠤᠨ ᠣᠷᠣᠰᠢᠨ ᠰᠠᠭᠤᠬᠤ ᠳᠤ ᠲᠣᠬᠢᠷᠠᠮᠵᠢᠲᠠᠢ ᠪᠠᠶᠢᠬᠤ ᠬᠦᠰᠡᠯ ᠢ ᠪᠡᠶᠡᠯᠡᠭᠦᠯᠬᠦ ᠰᠢᠨ᠎ᠡ ᠬᠠᠭᠤᠳᠠᠰᠤ ᠶᠢ ᠨᠡᠭᠡᠭᠡᠭᠰᠡᠨ ᠪᠠᠶᠢᠨ᠎ᠠ᠃      ︽ᠣᠷᠣᠨ ᠰᠠᠭᠤᠴᠠ ᠶᠢᠨ ᠭᠤᠶᠤ ᠰᠠᠶᠢᠬᠠᠨ︾ ᠠᠴᠠ︽ᠣᠷᠴᠢᠨ ᠲᠣᠭᠤᠷᠢᠨ ᠤ ᠭᠤᠶᠤ ᠰᠠᠶᠢᠬᠠᠨ︾ᠲᠡᠰᠢ ᠤᠷᠤᠭᠰᠢᠯᠠᠵᠤ᠂ ᠳ᠋ᠦᠩ ᠡᡁᠸ ᠲᠣᠭᠤᠷᠢᠭ ᠤᠨ ᠬᠤᠳᠠ ᠶᠢᠨ ᠰᠢᠨᠡᠴᠢᠯᠡᠯᠲᠡ ᠨᠢ ᠬᠤᠳᠠ ᠳᠤ ᠦᠵᠡᠰᠬᠦᠯᠡᠩᠲᠦ ᠰᠠᠶᠢᠬᠠᠨ ᠰᠢᠨ᠎ᠡ ᠬᠤᠪᠴᠠᠰᠤ ᠡᠮᠦᠰᠬᠡᠬᠦ ᠪᠠᠷ ᠪᠠᠷᠠᠬᠤ ᠦᠭᠡᠢ ᠨᠡᠩ ᠴᠤ ᠠᠷᠠᠳ ᠤᠯᠠᠨ ᠤ ᠠᠮᠢᠳᠤᠷᠠᠯ ᠢ ᠵᠣᠯ ᠵᠢᠷᠭᠠᠯ ᠤᠨ ᠲᠥᠷᠥᠭᠳᠡᠯ ᠲᠠᠢ ᠪᠣᠯᠭᠠᠵᠠᠢ᠃ᠣᠶᠢᠷ᠎ᠠ ᠶᠢᠨ ᠵᠢᠯ ᠠᠴᠠ᠂ ᠳ᠋ᠦᠩ ᠡᡁᠸ ᠲᠣᠭᠤᠷᠢᠭ ᠤᠨ ᠬᠢᠨ ᠬᠤᠳᠠ ᠶᠢᠨ ᠦᠵᠡᠮᠵᠢ ᠶᠢ ᠳᠡᠭᠡᠭᠰᠢᠯᠡᠭᠦᠯᠬᠦ ᠪᠠᠷ ᠭᠠᠷᠳᠠᠴᠠ ᠪᠣᠯᠭᠠᠨ ᠬᠤᠳᠠ ᠶᠢᠨ ᠴᠢᠨᠠᠷ ᠳᠡᠰ ᠢ ᠳᠡᠭᠡᠭᠰᠢᠯᠡᠭᠦᠯᠵᠦ᠂ ᠬᠤᠳᠠ ᠶᠢᠨ ︽ᠵᠢᠷᠭᠤᠭᠠᠨ ᠳᠤᠷ᠎ᠠ ᠪᠠᠷ ᠢᠶᠠᠨ ᠰᠠᠮᠠᠭᠤᠷᠠᠭᠰᠠᠨ︾ 4.9 ᠲᠦᠮᠡᠨ ᠭᠠᠵᠠᠷ ᠢ ᠴᠡᠭᠴᠡᠯᠡᠨ ᠵᠠᠰᠠᠵᠤ᠂ ᠵᠡᠭᠡᠯᠢ ᠭᠤᠳᠤᠮᠵᠢ ᠶᠢᠨ 32 ᠵᠤᠷᠪᠤᠰ᠂ 8.3 ᠲᠦᠮᠡᠨ ᠲᠡᠭᠰᠢ ᠳᠥᠷᠪᠡᠯᠵᠢᠨ ᠮᠥ᠋ᠲᠷ  ᠢ ᠥᠭᠡᠷᠡᠴᠢᠯᠡᠵᠦ᠂ ᠨᠡᠶᠢᠭᠡᠮ ᠤᠨ ᠠᠩᠬᠠᠷᠤᠯ ᠢ ᠲᠠᠲᠠᠵᠤ᠂ ᠤᠯᠠᠨ ᠲᠦᠮᠡᠨ ᠤ ᠬᠦᠰᠡᠨ ᠡᠷᠡᠮᠡᠯᠵᠡᠵᠦ ᠪᠠᠶᠢᠭ᠎ᠠ 23 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠡᠶᠡᠯᠡᠭᠦᠯᠪᠡ᠃      ︽ᠪᠢᠳᠠ ᠳ᠋ᠦᠩ ᠾᠧ ᠲᠣᠭᠤᠷᠢᠭ ᠤᠨ ᠠᠷᠠᠳ ᠢᠷᠭᠡᠳ ᠲᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠶᠤᠨ ᠰᠠᠨᠠᠭᠠᠨ ᠤ ᠭᠡᠷ ᠣᠷᠣᠨ᠂ ᠠᠮᠢᠳᠤᠷᠠᠯ ᠲᠠᠭᠠᠯᠠᠮᠵᠢᠲᠠᠢ ᠣᠷᠣᠰᠢᠨ ᠰᠠᠭᠤᠬᠤ ᠳᠤ ᠲᠠᠭᠠᠯᠠᠮᠵᠢᠲᠠᠢ ᠭᠡᠷ ᠣᠷᠣᠨ᠂ ᠴᠢᠨᠠᠷ ᠰᠠᠶᠢᠲᠠᠢ ᠬᠥᠭᠵᠢᠬᠦ ᠵᠣᠯ ᠵᠢᠷᠭᠠᠯᠲᠤ ᠭᠡᠷ ᠣᠷᠣᠨ ᠢ ᠴᠢᠷᠮᠠᠶᠢᠨ ᠴᠣᠭᠴᠠᠯᠠᠵᠤ ᠥᠭᠭᠦᠨ᠎ᠡ︾᠃ ᠭᠡᠵᠦ ᠳ᠋ᠦᠩ ᠡᡁᠸ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠳ᠋ᠦᠩ ᠼᠦ᠋ᠨ ᠷᠦ᠋ᠢ ᠬᠡᠯᠡᠪᠡ᠃ᠬᠦᠴᠦᠨ ᠢᠶᠠᠨ ᠬᠤᠷᠠᠮᠳᠤᠭᠤᠯᠤᠨ ︱ᠬᠥᠳᠡᠭᠡ ᠲᠣᠰᠬᠤᠨ ᠪᠠ ᠵᠤᠭᠠᠴᠠᠯ ᠢ ᠠᠭᠤᠰᠤᠯᠴᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠵᠢᠷᠤᠭᠯᠠᠪᠠ      ᠬᠤᠲᠠ ᠶᠢᠨ ᠲᠣᠭᠤᠷᠢᠭ ᠤᠨ 30 ᠭᠠᠷᠤᠢ ᠺᠢᠯᠣᠮᠧᠲᠷ ᠤᠨ ᠴᠠᠭᠠᠨ᠎ᠠ᠂ ᠳᠠᠯᠠᠨ ᠬᠠᠷ᠎ᠠ ᠠᠭᠤᠯᠠ ᠶᠢᠨ ᠬᠤᠷᠮᠣᠢ ᠳᠤ ᠴᠢᠩ ᠤᠯᠤᠰ ᠤᠨ ᠦᠶ᠎ᠡ ᠶᠢᠨ ᠰᠢᠷᠴᠢᠨ ᠪᠠᠯᠭᠠᠰᠤᠨ ᠤ ᠠᠳᠦᠯᠠᠢ ᠲᠣᠰᠬᠤᠨ ᠳᠤ ᠡᠷᠲᠡᠨ ᠤ ᠤᠳᠬ᠎ᠠ ᠰᠠᠨᠠᠭ᠎ᠠ ᠢᠯᠡᠷᠡᠵᠦ᠂ ᠴᠠᠭᠠᠨ ᠬᠡᠷᠡᠮ ᠦᠨᠡᠰᠦᠨ ᠸᠠᠭᠠᠷ ᠤᠨ ᠬᠤᠭᠤᠷᠣᠨᠳᠣᠬᠢ ᠵᠤᠭᠠᠴᠠᠭᠰᠠᠳ ᠤᠨ ᠪᠠᠶᠠᠷ ᠤᠨ ᠲᠠᠭᠤᠨ ᠨᠢ ᠡᠨᠡᠬᠦ ᠡᠷᠲᠡᠨ ᠤ ᠲᠣᠰᠬᠤᠨ ᠢ ᠰᠢᠨ᠎ᠡ ᠠᠮᠢᠵᠢᠷᠠᠯ ᠤᠨ ᠬᠦᠴᠦᠨ ᠲᠠᠢ ᠪᠣᠯᠭᠠᠵᠠᠢ᠃ᠠᠳᠤᠯᠠᠢ ᠲᠣᠰᠬᠤᠨ      ︽ᠡᠨᠡ ᠵᠢᠯ ᠪᠠᠯᠭᠠᠰᠤ ᠠᠴᠠ 1000 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠵᠤ ᠠᠳᠤᠯᠠᠢ ᠲᠣᠰᠬᠤᠨ ᠳᠤ ᠬᠥᠳᠡᠭᠡ ᠲᠣᠰᠬᠤᠨ ᠤ ᠵᠠᠮ ᠪᠣᠯᠣᠨ ᠱᠦᠢ ᠴᠥᠩ ᠤᠨ ᠨᠡᠶᠢᠲᠡ ᠶᠢᠨ ᠵᠣᠷᠯᠣᠩ ᠵᠡᠷᠭᠡ ᠰᠠᠭᠤᠷᠢ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠵᠤ᠂ ᠲᠣᠰᠬᠤᠨ ᠤ ᠳᠦᠷᠰᠦ ᠪᠠᠶᠢᠳᠠᠯ ᠢ ᠶᠡᠭᠡ ᠪᠠᠷ ᠰᠠᠶᠢᠵᠢᠷᠠᠭᠤᠯᠤᠭᠰᠠᠨ ᠪᠥᠭᠡᠳ ᠨᠡᠩ ᠤᠯᠠᠨ ᠵᠤᠭᠠᠴᠠᠭᠰᠠᠳ ᠤᠨ ᠰᠣᠨᠢᠷᠬᠠᠯ ᠢ ᠲᠠᠲᠠᠵᠠᠢ︾᠃ ᠭᠡᠵᠦ ᠰᠢᠷᠴᠢᠨ ᠪᠠᠯᠭᠠᠰᠤᠨ ᠤ ᠲᠦᠷ ᠴᠠᠭ ᠲᠤᠰᠢᠶᠠᠯ ᠡᠭᠦᠷᠭᠡᠯᠡᠬᠦ ᠳᠡᠳ᠋ ᠳᠠᠷᠤᠭ᠎ᠠ ᠵᠠᠩ ᠯᠦ ᠬᠡᠯᠡᠪᠡ᠃      ᠠᠳᠡᠬᠢ ᠶᠢᠰᠦᠨ ᠰᠠᠭᠤᠷᠢ ᠮᠣᠳᠣᠨ ᠤ ᠵᠢᠵᠢᠭ ᠬᠦᠷᠢᠶ᠎ᠡ᠂ ᠬᠤᠸᠠ ᠸᠧᠢ ᠠᠷᠢᠬᠢᠨ ᠫᠦᠰᠡ ᠪᠣᠯᠣᠨ ᠶᠢᠨ ᠮᠧᠶ ᠲᠠᠷᠢᠶᠠᠯᠠᠩ ᠤᠨ ᠠᠮᠢ ᠠᠬᠤᠢ ᠶᠢᠨ ᠲᠣᠭᠤᠷᠢᠨ ᠦᠵᠡᠬᠦ ᠰᠠᠭᠤᠷᠢᠨ ᠭᠠᠵᠠᠷ ᠡᠨᠡ ᠵᠢᠯ ᠴᠥᠮ ᠳ᠋ᠦᠩ ᠾᠧ ᠲᠣᠭᠤᠷᠢᠭ ᠤᠨ ᠨᠡᠶᠢᠲᠡᠯᠡᠭᠰᠡᠨ ᠠᠩᠬᠠᠨ ᠤ ᠪᠦᠯᠦᠭ ᠤᠨ ︽ᠠᠷᠪᠠᠨ ᠲᠣᠮᠣ ᠰᠦᠯᠵᠢᠶᠡᠨ ᠤ ᠺᠠᠷᠲ ᠴᠣᠬᠢᠬᠤ ᠭᠠᠵᠠᠷ︾ ᠢᠶᠠᠷ ᠦᠨᠡᠯᠡᠭᠳᠡᠵᠡᠢ᠃5 ᠰᠠᠷ᠎ᠠ ᠠᠴᠠ ᠤᠳᠤ ᠪᠣᠯᠲᠠᠯᠠᠬᠢ ᠣᠬᠤᠷᠬᠠᠨ ᠬᠤᠶᠠᠷ ᠰᠠᠷ᠎ᠠ ᠭᠠᠷᠤᠢ ᠶᠢᠨ ᠬᠤᠭᠤᠴᠠᠭᠠᠨ ᠳᠤ᠂ ᠡᠨᠡᠬᠦ ᠪᠠᠶᠢᠩᠭᠤ ᠰᠠᠭᠤᠭ᠎ᠠ ᠬᠥᠮᠥᠨ ᠠᠮᠠ ᠨᠢ 200 ᠬᠥᠮᠥᠨ ᠬᠦᠷᠬᠦ ᠦᠭᠡᠢ ᠲᠣᠰᠬᠤᠨ ᠳᠤ᠂ 2 ᠲᠦᠮᠡ ᠭᠠᠷᠤᠢ ᠬᠥᠮᠥᠨ ᠤᠳᠠᠭ᠎ᠠ ᠶᠢᠨ ᠵᠤᠭᠠᠴᠠᠭᠰᠠᠳ ᠠᠳᠡ ᠢᠷᠡᠵᠤ ᠲᠣᠰᠬᠤᠨ ᠤ ᠵᠠᠮ ᠢᠶᠠᠷ ᠵᠤᠭᠠᠴᠠᠵᠤ᠂ ᠠᠮᠲᠠᠲᠤ ᠢᠳᠡᠭᠡᠨ ᠢ ᠠᠮᠲᠠᠯᠠᠵᠤ᠂ ᠠᠭᠤᠯᠠ ᠤᠰᠤ ᠲᠠᠷᠢᠶᠠᠨ ᠭᠠᠵᠠᠷ ᠤᠨ ᠲᠠᠭᠠᠯᠠᠮᠵᠢᠲᠠᠢ ᠴᠠᠭ ᠮᠥᠴᠡ ᠶᠢ ᠡᠳ᠋ᠯᠡᠨ᠎ᠡ᠃ᠰᠢᠷᠴᠢᠨ ᠪᠠᠯᠭᠠᠰᠤᠨ ᠤ ᠱᠢ ᠳ᠋ᠡ ᠬᠥ᠋ ᠲᠣᠰᠬᠤᠨ ᠤ ᠲᠢᠶᠠᠨ ᠾᠧ ᠲᠠᠷᠢᠶᠠᠯᠠᠩ ᠵᠢᠭᠤᠯᠴᠢᠯᠠᠯ ᠤᠨ ᠰᠤᠳᠤᠯᠭᠠᠨ ᠤ ᠶᠡᠷᠦᠩᠬᠡᠢ ᠴᠣᠭᠴᠠ      ᠣᠶᠢᠷ᠎ᠠ ᠶᠢᠨ ᠵᠢᠯ ᠠᠴᠠ᠂ ᠳ᠋ᠦᠩ ᠾᠧ ᠲᠣᠭᠤᠷᠢᠭ ᠤᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠳᠡᠰ ᠤᠨ ᠬᠥᠳᠡᠭᠡ ᠲᠣᠰᠬᠤᠨ ᠢ ᠨᠣᠭᠤᠭᠠᠷᠠᠭᠤᠯᠵᠤ ᠭᠤᠶᠣᠵᠢᠭᠤᠯᠬᠤ ᠵᠢᠱᠢᠶ᠎ᠡ ᠦᠵᠡᠭᠦᠯᠬᠦ ᠲᠣᠰᠬᠤᠨ ᠢ 21 ᠪᠠᠶᠢᠭᠤᠯᠵᠤ᠂ ᠾᠧ ᠳ᠋ᠦᠩ ᠪᠠᠯᠭᠠᠰᠤ ᠲᠠᠪᠤᠨ ᠵᠢᠯ ᠳᠠᠷᠠᠭᠠᠯᠠᠨ ᠪᠦᠬᠦ ᠤᠯᠤᠰ ᠤᠨ ᠡᠷᠡᠭᠦᠯ ᠬᠠᠮᠠᠭᠠᠯᠠᠯ ᠤᠨ ᠰᠢᠶᠠᠩ ᠪᠠᠯᠭᠠᠰᠤ ᠪᠠᠷ ᠦᠨᠡᠯᠡᠭᠳᠡᠪᠡ᠃ᠳ᠋ᠦᠩ ᠾᠧ ᠲᠣᠭᠤᠷᠢᠭ ᠨᠢ ᠪᠠᠰᠠ ᠪᠦᠬᠦ ᠬᠤᠳᠠ ᠶᠢᠨ ᠴᠤᠷ ᠤᠨ ᠭᠠᠭᠴᠠ ᠪᠦᠬᠦ ᠤᠯᠤᠰ ᠤᠨ︽ᠮᠢᠩᠭᠠᠨ ᠲᠣᠰᠬᠤᠨ ᠲᠦᠮᠡᠨ ᠲᠣᠰᠬᠤᠨ ᠤ ᠰᠢᠨ᠎ᠡ ᠳᠦᠷᠰᠦ ᠪᠠᠶᠢᠳᠠᠯ ᠢ ᠳᠡᠯᠭᠡᠨ ᠦᠵᠡᠭᠦᠯᠬᠦ︾ᠦᠵᠡᠭᠦᠯᠦᠯᠭᠡ ᠶᠢᠨ ᠠᠵᠢᠯᠯᠠᠭ᠎ᠠ ᠳᠤ ᠰᠣᠩᠭᠤᠭᠳᠠᠭᠰᠠᠨ ᠬᠤᠰᠢᠭᠤ ᠰᠢᠶᠠᠨ ᠲᠣᠭᠤᠷᠢᠭ ᠪᠣᠯᠵᠤ᠂ ᠪᠦᠬᠦ ᠤᠯᠤᠰ ᠤᠨ ᠬᠥᠳᠡᠭᠡ ᠲᠣᠰᠬᠤᠨ ᠤ ᠠᠷᠢᠭᠤᠨ ᠴᠡᠪᠡᠷ ᠤᠨ ᠠᠵᠢᠯᠯᠠᠭ᠎ᠠ ᠶᠢᠨ ᠲᠡᠷᠢᠭᠦᠨ ᠤ ᠲᠣᠭᠤᠷᠢᠭ ᠢᠶᠠᠷ ᠦᠨᠡᠯᠡᠭᠳᠡᠪᠡ᠃      ᠰᠢᠨ᠎ᠡ ᠳᠦᠷᠰᠦ ᠪᠠᠶᠢᠳᠠᠯ ᠲᠠᠢ ᠪᠣᠯᠤᠭᠰᠠᠨ ᠬᠥᠳᠡᠭᠡ ᠲᠣᠰᠬᠤᠨ ᠨᠢ ᠬᠥᠮᠥᠰ ᠤᠨ ᠬᠦᠷᠢᠶᠡᠯᠡᠯ ᠢ ᠣᠯᠣᠭᠰᠠᠨ ᠢᠶᠠᠷ ᠪᠠᠷᠠᠬᠤ ᠦᠭᠡᠢ᠂ ᠨᠡᠩ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠳᠤ ᠢᠳᠡ ᠬᠦᠴᠦᠨ ᠢ ᠨᠡᠮᠡᠷᠢᠯᠡᠭᠰᠡᠨ ᠪᠠᠶᠢᠨ᠎ᠠ᠃ᠣᠶᠢᠯᠠᠭᠠᠭᠰᠠᠨ ᠢᠶᠠᠷ᠂ ᠠᠳᠦᠯᠠᠢ ᠲᠣᠰᠬᠤᠨ ᠤ ᠬᠠᠮᠲᠤ ᠶᠢᠨ ᠣᠷᠣᠯᠭ᠎ᠠ 2016 ᠣᠨ ᠳᠤ 9 ᠲᠦᠮᠡᠨ ᠲᠥᠭᠦᠷᠢᠭ ᠪᠠᠶᠢᠭᠰᠠᠨ ᠠᠴᠠ ᠪᠠᠨ 2021 ᠣᠨ ᠳᠤ 25 ᠲᠦᠮᠡᠨ ᠲᠥᠭᠦᠷᠢᠭ ᠪᠣᠯᠣᠨ ᠨᠡᠮᠡᠭᠳᠡᠵᠦ᠂ 2022 ᠣᠨ ᠳᠤ ᠲᠣᠰᠬᠤᠨ ᠤ ᠬᠠᠮᠲᠤ ᠶᠢᠨ ᠣᠷᠣᠯᠭ᠎ᠠ ᠵᠢᠱᠢᠯᠲᠡ ᠪᠠᠷ ᠳᠠᠬᠢᠨᠲᠠ ᠰᠢᠨ᠎ᠡ ᠲᠡᠮᠳᠡᠭᠯᠡᠯ ᠢ ᠡᠭᠦᠳᠬᠦ ᠪᠣᠯᠣᠨ᠎ᠠ᠃ᠳ᠋ᠦᠩ ᠾᠧ ᠲᠣᠭᠤᠷᠢᠭ ᠤᠨ ᠭᠤᠣᠯᠳᠠᠯᠭ᠎ᠠ ᠲᠠᠢ ᠴᠣᠭᠴᠠᠯᠠᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠪᠣᠯᠤᠭᠰᠠᠨ ᠤ ᠬᠤᠪᠢ ᠳᠤ᠂ ᠠᠳᠦᠯᠠᠢ ᠲᠣᠰᠬᠤᠨ ᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠤᠭᠰᠠᠨ ᠨᠢ ᠨᠡᠩ ᠤᠯᠠᠨ ᠳ᠋ᠦᠩ ᠾᠧ ᠲᠣᠰᠬᠤᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠦᠭᠰᠡᠨ ᠪᠠᠶᠢᠨ᠎ᠠ᠃ᠴᠢᠬᠢ ᠰᠠᠭᠤᠯᠭᠠᠬᠤ ᠤᠷᠤᠯᠳᠤᠭᠠᠨ      ᠰᠠᠯᠬᠢᠨ ᠤ ᠠᠶ᠎ᠠ ᠪᠠᠷ ᠲᠤᠲᠤᠷᠭ᠎ᠠ ᠶᠢᠨ ᠳᠠᠪᠠᠯᠭᠠᠨ ᠳᠤ ᠴᠠᠭᠠᠨ ᠳᠡᠭᠡᠯᠡᠢ ᠳᠣᠣᠭᠤᠷ ᠨᠢᠰᠴᠦ᠂ ᠨᠠᠢᠮᠠᠯᠵᠢ ᠵᠢᠭᠠᠰᠤ ᠬᠡᠰᠦᠵᠦ ᠬᠤᠸᠠᠷ ᠴᠡᠴᠡᠭ ᠠᠩᠬᠢᠯᠤᠮ᠎ᠠ ᠦᠨᠦᠷ ᠬᠠᠩᠬᠤᠯᠤᠨ᠎ᠠ᠃ᠰᠢᠷᠴᠢᠨ ᠪᠠᠯᠭᠠᠰᠤ ᠶᠢᠨ ᠱᠢ ᠳ᠋ᠡ ᠭᠦ᠋ ᠲᠣᠰᠬᠤᠨ ᠤ ᠲᠢᠶᠠᠨ ᠾᠧ ᠲᠠᠷᠢᠶᠠᠴᠢᠨ ᠵᠤᠭᠠᠴᠠᠯ ᠤᠨ ᠰᠤᠳᠤᠯᠭᠠᠨ ᠤ ᠶᠡᠷᠦᠩᠬᠡᠢ ᠴᠣᠭᠴᠠ ᠳᠤ᠂ 800 ᠭᠠᠷᠤᠢ ᠮᠦ ᠤᠰᠤᠨ ᠲᠤᠲᠤᠷᠭ᠎ᠠ ᠤᠷᠢᠬᠠᠨ ᠰᠠᠯᠬᠢᠨ ᠳᠤ ᠨᠠᠶᠢᠭᠤᠵᠤ᠂ ᠲᠤᠲᠤᠷᠭ᠎ᠠ ᠶᠢᠨ ᠲᠠᠷᠢᠶᠠᠨ ᠤ︽ᠨᠠᠢᠮᠠᠯᠵᠢ︾ᠢᠳᠡᠷᠡᠭᠦᠨ ᠢᠶᠠᠷ ᠦᠰᠦᠨ ᠪᠣᠶᠢᠵᠢᠵᠤ᠂ ᠠᠷᠪᠠᠨ ᠬᠡᠳᠦᠨ ᠮᠥ᠋ᠲᠷ ᠥᠨᠳᠥᠷ ᠦᠵᠡᠮᠵᠢ ᠶᠢᠨ ᠲᠠᠶᠢᠰᠠᠨ ᠠᠴᠠ ᠥᠩᠭᠡᠶᠢᠨ ᠬᠠᠷᠠᠬᠤ ᠳᠤ᠂ ᠴᠣ᠋ ᠰᠢᠨ᠎ᠡ ᠵᠢᠷᠤᠵᠤ ᠲᠥᠯᠥᠪᠯᠡᠭᠰᠡᠨ ᠲᠤᠲᠤᠷᠭ᠎ᠠ ᠶᠢᠨ ᠲᠠᠷᠢᠶᠠᠨ ᠤ ᠵᠢᠷᠤᠭ ᠴᠤ ᠠᠩᠬ᠎ᠠ ᠠᠯᠬᠤᠮ ᠤᠨ ᠳᠦᠷᠰᠦ ᠪᠠᠶᠢᠳᠠᠯ ᠲᠠᠢ ᠪᠣᠯᠵᠠᠢ᠃      ︽6 ᠰᠠᠷ᠎ᠠ ᠶᠢᠨ 18   ᠤ ᠡᠳᠦᠷ ᠪᠢᠳᠡ ᠪᠤᠭᠤᠲᠤ ᠶᠢᠨ ᠠᠩᠬᠠᠳᠤᠭᠠᠷ ᠬᠤᠭᠤᠴᠠᠭᠠᠨ ᠤ ᠴᠢᠬᠢ ᠰᠠᠭᠤᠯᠭᠠᠬᠤ ᠪᠠᠶᠠᠷ ᠢ ᠡᠷᠬᠢᠯᠡᠭᠰᠡᠨ ᠠᠴᠠ ᠨᠠᠰᠢ᠂ ᠮᠠᠨ ᠤ ᠠᠳᠡ ᠭᠠᠷᠠᠭ ᠪᠦᠷᠢ 800 ︱ 1000 ᠬᠡᠦᠬᠡᠳ ᠢᠷᠡᠵᠦ ᠰᠤᠳᠤᠯᠤᠨ ᠰᠤᠷᠤᠯᠴᠠᠵᠤ᠂ ᠡᠭᠦᠨ ᠤ ᠳᠡᠭᠡᠷ᠎ᠡ ᠵᠤᠭᠠᠴᠠᠯ ᠤᠨ ᠪᠦᠯᠬᠦᠮ ᠪᠣᠯᠣᠨ ᠰᠤᠯᠠ ᠵᠣᠴᠢᠳ ᠢ ᠨᠡᠮᠡᠭᠡᠳ ᠤᠳᠤ ᠪᠣᠯᠲᠠᠯ᠎ᠠ 3 ᠲᠦᠮᠡ ᠭᠠᠷᠤᠢ ᠬᠥᠮᠥᠨ ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ ᠵᠣᠴᠢᠯᠠᠵᠠᠢ︾᠃ ᠲᠢᠶᠠᠨ ᠡᡁᠸ ᠨᠦᠩ ᠵᠤᠭᠠᠴᠠᠯ ᠤᠨ ᠰᠤᠳᠤᠯᠭᠠᠨ ᠤ ᠶᠡᠷᠦᠩᠬᠡᠢ ᠴᠣᠭᠴᠠ ᠶᠢᠨ ᠶᠡᠷᠦᠩᠬᠡᠢ ᠳᠠᠭᠠᠭᠠᠮᠠᠯ ᠮᠠ ᠰᠢᠶᠣᠣ ᠢᠦᠢ ᠶᠢᠨ ᠲᠠᠨᠢᠯᠴᠠᠭᠤᠯᠤᠭᠰᠠᠨ ᠢᠶᠠᠷ᠃ᠭᠤᠭᠤᠳ ᠡᠯᠪᠡᠭ ᠬᠤᠷᠢᠶᠠᠯᠲᠠ ᠣᠯᠬᠤ      ᠬᠥᠳᠡᠭᠡ ᠲᠣᠰᠬᠤᠨ ᠤ ᠠᠵᠤ ᠦᠢᠯᠡᠰ ᠬᠥᠭᠵᠢᠨ ᠴᠡᠴᠡᠭᠯᠡᠪᠡᠯ ᠲᠣᠰᠬᠤᠨ ᠤ ᠠᠷᠠᠳ ᠤᠨ ᠪᠠᠶᠠᠵᠢᠯ ᠤᠨ ᠵᠠᠮ ᠤᠯᠠᠮ ᠠᠴᠠ ᠤᠯᠠᠮ ᠥᠷᠭᠡᠵᠢᠵᠦ᠂ ᠥᠩᠭᠡᠷᠡᠭᠰᠡᠨ ᠳᠤ ᠵᠥᠪᠬᠡᠨ ᠭᠠᠵᠠᠷ ᠰᠢᠷᠣᠢ ᠳᠤ ᠲᠦᠰᠢᠭᠯᠡᠨ ᠠᠮᠢᠳᠤᠷᠠᠵᠤ ᠪᠠᠶᠢᠭᠰᠠᠨ ᠲᠠᠷᠢᠶᠠᠴᠢᠳ ᠤᠳᠤ︽ᠵᠤᠭᠠᠴᠠᠯ ᠤᠨ ᠬᠤᠭᠤᠯᠠ︾ ᠶᠢ ᠣᠯᠵᠤ ᠢᠳᠡᠬᠦ ᠪᠣᠯᠣᠨ᠎ᠠ᠃ᠲᠠᠷᠢᠵᠦ ᠲᠡᠵᠢᠭᠡᠬᠦ ᠬᠦᠰᠡᠯ ᠲᠠᠢ ᠲᠣᠰᠬᠤᠨ ᠤ ᠠᠷᠠᠳ ᠮᠡᠷᠭᠡᠵᠢᠯ ᠤᠨ ᠠᠵᠢᠯᠲᠠᠳ ᠢ ᠲᠠᠭᠠᠵᠤ ᠤᠰᠤᠨ ᠲᠤᠲᠤᠷᠭ᠎ᠠ ᠲᠠᠷᠢᠬᠤ ᠪᠠ ᠲᠤᠲᠤᠷᠭ᠎ᠠ ᠶᠢᠨ ᠲᠠᠷᠢᠶᠠᠨ ᠤ ᠨᠠᠢᠮᠠᠯᠵᠢ ᠲᠡᠵᠢᠭᠡᠨ ᠦᠷᠡᠵᠢᠭᠦᠯᠬᠦ ᠶᠢ ᠰᠤᠷᠴᠤ᠂ ᠵᠠᠷᠢᠮ ᠲᠣᠰᠬᠤᠨ ᠤ ᠠᠷᠠᠳ ᠠᠷᠠᠳ ᠤᠨ ᠰᠠᠭᠤᠴᠠ ᠪᠠ ᠲᠠᠷᠢᠶᠠᠴᠢᠨ ᠠᠶᠢᠯ ᠤᠨ ᠵᠤᠭᠠᠴᠠᠯ ᠢ ᠡᠷᠬᠢᠯᠡᠵᠥ᠂ ᠱᠢ ᠳ᠋ᠡ ᠭᠦ᠋ ᠲᠣᠰᠬᠤᠨ ᠤ ᠣᠨᠴᠠᠯᠢᠭ ᠲᠠᠢ ᠨᠠᠷᠢᠮᠤ ᠪᠠ ᠬᠠᠷ᠎ᠠ ᠳᠤᠯᠠᠨ ᠲᠠᠷᠪᠤᠰ ᠴᠤ ᠠᠳᠡ ᠪᠣᠷᠤᠯᠠᠭᠤᠯᠭ᠎ᠠ ᠶᠢᠨ ᠵᠠᠮ ᠢᠶᠠᠨ ᠥᠷᠭᠡᠳᠬᠡᠵᠡᠢ᠃ ︽ᠣᠳᠣᠬᠠᠨ ᠳᠤ ᠡᠷᠭᠢᠨ ᠲᠣᠭᠤᠷᠢᠨ ᠤ 800 ᠭᠠᠷᠤᠢ ᠡᠷᠦᠬᠡ ᠲᠣᠰᠬᠤᠨ ᠤ ᠠᠷᠠᠳ ᠤᠨ ᠡᠷᠦᠬᠡ ᠪᠦᠷᠢ  ᠶᠢᠨ ᠣᠷᠣᠯᠭ᠎ᠠ ᠵᠢᠯ ᠪᠦᠷᠢ ᠪᠠᠷᠤᠭ 4 ᠲᠦᠮᠡᠨ ᠲᠥᠭᠦᠷᠢᠭ ᠲᠤ ᠬᠦᠷᠴᠦ᠂ ᠲᠣᠰᠬᠤᠨ ᠤ ᠳᠣᠲᠣᠷᠠᠬᠢ 50 ᠭᠠᠷᠤᠢ ᠦᠯᠡᠭᠦᠦ ᠬᠥᠳᠡᠯᠮᠦᠷᠢ  ᠶᠢᠨ ᠬᠦᠴᠦᠨ ᠤ ᠠᠵᠢᠯ ᠣᠯᠬᠤ ᠠᠰᠠᠭᠤᠳᠠᠯ  ᠢ ᠰᠢᠢᠳᠪᠦᠷᠢᠯᠡᠵᠦ᠂ ᠣᠯᠠᠨ ᠤ ᠠᠮᠢᠳᠤᠷᠠᠯ ᠡᠳᠦᠷ ᠠᠴᠠ ᠡᠳᠦᠷ ᠥᠭᠡᠳᠡᠯᠡᠵᠦ ᠪᠠᠶᠢᠨ᠎ᠠ︾᠃ ᠭᠡᠵᠦ ᠱᠢ ᠳ᠋ᠡ ᠭᠦ᠋ ᠲᠣᠰᠬᠤᠨ ᠤ ᠨᠠᠮ ᠤᠨ ᠡᠭᠦᠷ ᠤᠨ ᠱᠦᠵᠢ᠂ ᠡᠷᠬᠢᠯᠡᠭᠴᠢ ᠮᠢᠶᠣᠣ ᠰᠢᠨ ᠴᠢ ᠬᠡᠯᠡᠪᠡ᠃ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ ᠣᠷᠴᠢᠨ      ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠵᠠᠰᠠᠯᠲᠠ ᠨᠢ ᠪᠠᠰᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ︽ᠰᠠᠭᠤᠷᠢ ᠥᠩᠭᠡ︾ ᠶᠢ ᠨᠡᠮᠡᠷᠢᠯᠡᠵᠡᠢ᠃ᠡᠨᠡ ᠵᠢᠯ ᠠᠴᠠ ᠨᠠᠰᠢ ᠳ᠋ᠦᠩ ᠾᠧ ᠲᠣᠭᠤᠷᠢᠭ ᠤᠨ ᠬᠢᠨ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠸᠠᠩ ᠳ᠋ᠠ ᠬᠠᠨ ᠲᠣᠰᠬᠤᠨ ᠤ ᠪᠣᠷᠣᠭᠠᠨ ᠤ ᠤᠰᠤᠨ ᠤ ᠪᠣᠬᠢᠷᠳᠤᠯ ᠢ ᠰᠠᠯᠭᠠᠨ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠵᠦ᠂ ᠪᠣᠬᠢᠷ ᠤᠰᠤᠨ ᠤ ᠬᠤᠭᠤᠯᠠᠢ ᠶᠢᠨ ᠱᠤᠭᠤᠮ ᠢ 604 ᠮᠥ᠋ᠲᠷ᠂ ᠪᠣᠷᠣᠭᠠᠨ ᠤ ᠤᠰᠤᠨ ᠤ ᠬᠤᠭᠤᠯᠠᠢ ᠶᠢᠨ ᠱᠤᠭᠤᠮ ᠢ 430 ᠮᠥ᠋ᠲᠷ ᠪᠠᠶᠢᠭᠤᠯᠵᠤ᠂ ᠤᠤᠯ ᠤᠨ ᠪᠠᠶᠢᠭᠰᠠᠨ ᠪᠣᠬᠢᠷ ᠤᠰᠤᠨ ᠤ ᠬᠤᠭᠤᠯᠠᠢ ᠶᠢᠨ ᠱᠤᠭᠤᠮ ᠢ 384 ᠮᠥ᠋ᠲᠷ ᠥᠭᠡᠷᠡᠴᠢᠯᠡᠵᠦ᠂ ᠨᠢᠭᠡ ᠴᠣᠭᠴᠠᠵᠢᠭᠤᠯᠤᠭᠰᠠᠨ ᠪᠣᠷᠣᠭᠠᠨ ᠤ ᠤᠰᠤᠨ ᠤ ᠬᠥᠭᠡᠷᠭᠡ ᠶᠢᠨ ᠦᠷᠳᠡᠭᠡ ᠶᠢ ᠰᠢᠨ᠎ᠡ ᠪᠠᠷ ᠪᠠᠶᠢᠭᠤᠯᠪᠠ᠃ᠨᠠᠨ ᠡᠯ ᠯᠢ ᠬᠠᠭᠠᠰ ᠲᠣᠰᠬᠤᠨ ᠳᠤ ᠪᠣᠬᠢᠷ ᠤᠰᠤᠨ ᠤ ᠬᠦᠨᠳᠦ ᠶᠢᠨ ᠬᠦᠴᠦᠨ ᠤ ᠤᠷᠤᠰᠬᠠᠯ ᠤᠨ ᠬᠤᠭᠤᠯᠠᠢ ᠶᠢᠨ ᠱᠤᠭᠤᠮ ᠢ 300 ᠮᠧᠲᠷ᠂ ᠳᠠᠷᠤᠯᠲᠠᠲᠤ ᠤᠷᠤᠰᠬᠠᠯ ᠤᠨ ᠬᠤᠭᠤᠯᠠᠢ ᠶᠢᠨ ᠱᠤᠭᠤᠮ ᠢ 975 ᠮᠧᠲᠷ᠂ ᠨᠢᠭᠡ ᠴᠣᠭᠴᠠᠵᠢᠭᠤᠯᠤᠭᠰᠠᠨ ᠪᠣᠬᠢᠷ ᠤᠰᠤᠨ ᠤ ᠬᠥᠭᠡᠷᠭᠡ ᠶᠢᠨ ᠥᠷᠲᠡᠭᠡ ᠶᠢ ᠰᠢᠨ᠎ᠡ ᠪᠠᠷ ᠪᠠᠶᠢᠭᠤᠯᠪᠠ᠃2300 ᠲᠦᠮᠡᠨ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠪᠡ᠃      ︽ᠣᠶᠢᠷ᠎ᠠ  ᠶᠢᠨ ᠵᠢᠯ ᠤᠳ ᠲᠤ ᠵᠠᠰᠠᠭ ᠤᠨ ᠣᠷᠳᠣᠨ  ᠠᠴᠠ ᠪᠠᠰᠠ ᠮᠠᠨ ᠤ ᠲᠠᠷᠢᠶᠠᠯᠠᠩ ᠪᠠ ᠵᠤᠭᠠᠴᠠᠯ ᠤᠨ ᠠᠵᠤ ᠠᠬᠤᠶᠢᠯᠠᠯ  ᠢ ᠣᠨᠴᠠᠭᠠᠶᠢᠯᠠᠨ ᠴᠢᠬᠤᠯᠠᠴᠢᠯᠠᠵᠤ᠂ ᠪᠢᠳᠡᠨ ᠳᠤ ᠮᠠᠰᠢ ᠣᠯᠠᠨ ᠬᠠᠪᠰᠤᠷᠤᠯᠭ᠎ᠠ ᠳᠡᠮᠵᠢᠯᠭᠡ ᠦᠵᠡᠭᠦᠯᠵᠡᠢ᠂ ᠣᠳᠣ ᠮᠠᠨ ᠤ ᠨᠠᠨ ᠰᠢᠩ ᠤᠨ ᠣᠳᠣ ᠦᠶ᠎ᠡ  ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ  ᠢᠶᠠᠷ ᠶᠠᠪᠤᠬᠤ ᠵᠠᠮ  ᠢ ᠴᠤ ᠰᠢᠨᠡᠳᠬᠡᠨ ᠥᠭᠡᠷᠡᠴᠢᠯᠡᠵᠦ ᠳᠠᠭᠤᠰᠬᠠᠭᠠᠳ᠂ ᠣᠯᠠᠨ ᠢᠶᠠᠷ ᠢᠶᠠᠨ ᠢᠷᠡᠭᠡᠳᠦᠢ ᠳᠤ ᠢᠲᠡᠭᠡᠯ ᠲᠡᠭᠦᠯᠳᠡᠷ ᠪᠠᠶᠢᠨ᠎ᠠ︾᠃ ᠭᠡᠵᠦ ᠨᠠᠨ ᠰᠢᠩ ᠤᠳᠤ ᠦᠶ᠎ᠡ ᠶᠢᠨ ᠲᠠᠷᠢᠶᠠᠯᠠᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠯᠪᠠᠨ ᠭᠡᠷ ᠤᠨ ᠡᠷᠬᠢᠯᠡᠭᠴᠢ ᠳ᠋ᠦᠩ ᠮᠧᠢ ᠬᠡᠯᠡᠪᠡ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1