ᠪᠤᠭᠤᠲᠤ ᠬᠤᠲᠠ ︽ᠲᠠᠪᠤᠨ ᠠᠩᠬᠠᠷᠤᠯ︾᠎ ᠤᠨ ᠲᠣᠭᠤᠷᠢᠨ ᠳᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/7/19
      ᠡᠨᠡ ᠵᠢᠯ ᠠᠴᠠ ᠨᠠᠰᠢ᠂ ᠪᠤᠭᠤᠲᠤ ᠬᠤᠲᠠ ᠶᠢᠨ ᠬᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭ᠎ᠠ ᠠᠩᠬᠠᠷᠴᠤ ᠡᠨᠡ ᠬᠦ ᠬᠠᠷᠠᠯᠲᠠ ᠶᠢ ᠤᠷᠢᠳᠠᠪᠠᠷ ᠰᠢᠪᠲᠤᠯᠵᠤ᠂ ︽ᠲᠠᠪᠤᠨ ᠲᠥᠪᠯᠡᠷᠡᠯ︾᠎ ᠢ ᠲᠣᠪᠤᠶᠢᠯᠭᠠᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃      ᠡᠩ ᠲᠡᠷᠢᠭᠦᠨ ᠳᠤ ᠰᠢᠪᠲᠤᠯᠤᠯᠲᠠ ᠭᠠᠷᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠬᠦᠴᠦᠲᠡᠢ ᠬᠡᠷᠡᠭᠵᠢᠭᠦᠯᠦᠨ᠎ᠡ᠃ᠪᠥᠬᠦ ᠣᠷᠣᠨ ᠳᠤ ︽︿ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 ︱ 2025 ᠣᠨ︶᠎ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ︾᠎ ᠢ ᠡᠩ ᠲᠡᠷᠢᠭᠦᠨ ᠳᠤ ᠨᠡᠶᠢᠲᠡᠯᠡᠵᠦ᠂ ᠪᠥᠬᠦ ᠤᠯᠤᠰ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ ᠡᠭᠦᠳᠬᠦ ᠬᠠᠷᠠᠯᠲᠠ ᠶᠢ ᠳᠤᠷᠠᠳᠤᠨ ᠭᠠᠷᠭᠠᠪᠠ᠃ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠤᠨ ᠲᠤᠰᠬᠠᠢ ᠠᠩᠭᠢ ᠶᠢ ᠪᠠᠶᠢᠭᠤᠯᠵᠤ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠤᠨ᠂ 22 ᠲᠠᠯ᠎ᠠ ᠶᠢᠨ 34 ᠵᠦᠢᠯ ᠤᠨ ᠪᠣᠳᠠᠲᠠᠢ ᠠᠭᠤᠯᠭ᠎ᠠ ᠶᠢ ᠲᠣᠳᠣᠷᠬᠠᠶᠢᠯᠠᠵᠤ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠶᠠᠪᠤᠭᠳᠠᠭᠤᠯᠵᠤ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠪᠠ᠃      ᠬᠠᠤᠯᠢ ᠶᠣᠰᠣᠭᠠᠷ ᠵᠠᠰᠠᠭ ᠶᠠᠪᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠪᠠᠷ ᠵᠠᠰᠠᠬᠤ ᠰᠡᠳᠬᠢᠬᠦᠢ ᠪᠠᠨ ᠦᠷᠭᠦᠯᠵᠢᠯᠡᠨ ᠳᠡᠭᠡᠭᠰᠢᠯᠡᠭᠦᠯᠦᠨ᠎ᠡ᠃︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠤᠯᠲᠠ ᠶᠢᠨ ᠮᠡᠳᠡᠪᠡᠯ ᠵᠣᠬᠢᠬᠤ ᠭᠠᠷ ᠳᠡᠪᠲᠡᠷ︾᠎ ᠢ 500 ᠳᠡᠪᠲᠡᠷ ᠢ ᠬᠤᠷᠢᠶᠠᠩᠭᠤᠶᠢᠯᠠᠨ ᠨᠠᠶᠢᠷᠠᠭᠤᠯᠤᠨ ᠬᠡᠪᠯᠡᠭᠦᠯᠵᠦ᠂ ᠵᠠᠬ᠎ᠠ ᠳᠡᠯᠭᠡᠭᠦᠷ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠲᠤ ᠲᠠᠷᠬᠠᠭᠠᠨ ᠯᠠᠪᠯᠠᠯᠲᠠ ᠪᠣᠯᠭᠠᠨ ᠰᠤᠷᠤᠯᠴᠠᠭᠤᠯᠪᠠ᠃ᠭᠤᠣᠯᠳᠠᠯᠭ᠎ᠠ ᠲᠠᠢ ᠬᠥᠮᠥᠰ ᠢ ᠵᠣᠬᠢᠶᠠᠨ ᠪᠠᠶᠢᠭᠤᠯᠤᠨ ᠬᠤᠶᠠᠷ ᠭᠠᠷᠠᠭ ᠤᠨ ᠬᠤᠭᠤᠴᠠᠭ᠎ᠠ ᠲᠠᠢ ᠲᠥᠪᠯᠡᠷᠡᠭᠦᠯᠦᠨ ᠬᠠᠤᠯᠢ ᠶᠢ ᠰᠤᠷᠴᠤ ᠬᠠᠤᠯᠢ ᠶᠢ ᠰᠢᠯᠭᠠᠬᠤ ᠠᠵᠢᠯᠯᠠᠭ᠎ᠠ ᠶᠢ ᠥᠷᠨᠢᠭᠦᠯᠵᠦ᠂ 205 ᠬᠢᠴᠢᠶᠡᠯ ᠤᠨ ᠴᠠᠭ ᠤᠨ ︽ᠵᠠᠰᠠᠭ ᠵᠠᠬᠢᠷᠭᠠᠨ ᠤ ᠰᠢᠳᠬᠡᠯ ᠤᠨ ᠬᠠᠤᠯᠢ︾᠎ ᠶᠢᠨ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠳᠠ ᠶᠢᠨ ᠲᠤᠰ ᠱᠠᠲᠤᠨ ᠤ 3290 ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠪᠣᠯᠪᠠᠰᠤᠷᠠᠭᠤᠯᠤᠯ ᠪᠠ ᠰᠢᠯᠭᠠᠯᠲᠠ ᠳᠤ ᠣᠷᠣᠯᠴᠠᠪᠠ᠃      ᠭᠤᠣᠯᠳᠠᠯᠭ᠎ᠠ ᠲᠠᠢ ᠪᠣᠭᠤᠮᠲᠠ ᠰᠢᠪᠲᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠳᠦᠨ ᠪᠠᠶᠢᠭᠤᠯᠬᠤ ᠵᠢᠯᠣᠭᠤᠳᠤᠯᠭ᠎ᠠ ᠶᠢ ᠤᠨᠢᠨ ᠳᠡᠭᠡᠷ᠎ᠡ ᠨᠢ ᠬᠡᠷᠡᠭᠵᠢᠭᠦᠯᠦᠨ᠎ᠡ᠃ᠡᠯ᠎ᠡ ᠰᠠᠯᠠᠭ᠎ᠠ ᠮᠥᠴᠢᠷ ᠤᠨ ᠭᠦᠨᠵᠡᠭᠡᠢ ᠥᠪᠡᠷ ᠤᠨ ᠪᠠᠶᠢᠴᠠᠭᠠᠯᠲᠠ ᠬᠢᠬᠦ ᠶᠢ ᠠᠬᠢᠭᠤᠯᠵᠤ᠂ 39 ᠬᠠᠮᠢᠶ᠎ᠠ ᠪᠦᠬᠦᠢ ᠰᠠᠯᠠᠭ᠎ᠠ ᠮᠥᠴᠢᠷ ᠲᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠭᠤᠣᠯᠳᠠᠯᠭ᠎ᠠ ᠲᠠᠢ ᠡᠭᠦᠷᠭᠡ ᠶᠢᠨ ᠰᠠᠨᠠᠭᠤᠯᠤᠮᠵᠢ ᠶᠢᠨ ᠵᠠᠬᠢᠳᠠᠯ ᠢ ᠨᠢᠭᠡᠳ ᠨᠢᠭᠡ ᠪᠠᠷ ᠶᠠᠪᠤᠭᠤᠯᠵᠤ᠂ ᠲᠣᠭᠲᠠᠭᠰᠠᠨ ᠬᠡᠯᠪᠡᠷᠢ ᠪᠠᠷ ᠰᠠᠨᠠᠭᠤᠯᠬᠤ᠂ ᠲᠥᠷᠥᠯ ᠵᠦᠶᠯᠴᠢᠯᠡᠨ ᠠᠬᠢᠭᠤᠯᠬᠤ ᠶᠢ ᠬᠡᠷᠡᠭᠵᠢᠭᠦᠯᠦᠨ᠎ᠡ᠃ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠠᠷᠢᠭᠤ ᠰᠤᠷᠪᠤᠯᠵᠢᠯᠠᠬᠤ ᠲᠣᠭᠲᠠᠴᠠ ᠶᠢ ᠪᠠᠶᠢᠭᠤᠯᠵᠤ᠂ 12345 ᠢᠯᠡᠴᠢᠯᠡᠨ ᠮᠡᠳᠡᠭᠦᠯᠵᠦ ᠵᠠᠭᠠᠯᠳᠤᠬᠤ ᠬᠠᠯᠠᠭᠤᠨ ᠤᠲᠠᠰᠤ ᠪᠠ ︽ᠰᠠᠶᠢᠨ ᠮᠠᠭᠤ ᠶᠢᠨ ᠦᠨᠡᠯᠡᠯᠲᠡ︾᠎ ᠳᠤ ᠲᠡᠮᠳᠡᠭᠯᠡᠭᠰᠡᠨ ᠲᠤᠬᠠᠢ ᠶᠢᠨ ᠬᠥᠮᠥᠨ᠂ ᠠᠵᠤ ᠠᠬᠤᠶᠢᠯᠠᠯ ᠳᠤ ᠬᠤᠯᠪᠣᠭᠳᠠᠭᠰᠠᠨ ᠪᠠᠶᠢᠴᠠᠭᠠᠯᠲᠠ ᠶᠢᠨ ᠳ᠋ᠦᠢᠰᠢᠶᠠᠩ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢᠨ ᠳ᠋ᠦᠢᠰᠢᠶᠠᠩ ᠵᠡᠷᠭᠡ ᠳᠤ ᠬᠠᠷᠢᠭᠤ ᠰᠣᠷᠪᠤᠯᠵᠢᠯᠠᠭ᠎ᠠ ᠬᠢᠵᠦ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢᠨ ᠦᠷ᠎ᠡ ᠪᠦᠲᠦᠮᠵᠢ ᠶᠢ ᠴᠢᠩᠭᠠᠳᠬᠠᠪᠠ᠃      ᠪᠦᠬᠦᠯᠢ ᠴᠣᠭᠴᠠ ᠪᠠᠷ ᠬᠤᠯᠪᠤᠭᠠᠯᠠᠨ ᠬᠥᠳᠡᠯᠦᠯᠴᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠳᠦᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶᠢᠪᠦᠬᠦ ᠬᠤᠳᠠ ᠶᠢᠨ ᠠᠷᠠᠳ ᠲᠤ ︽ᠪᠦᠬᠦ ᠤᠯᠤᠰ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠰᠠᠨᠠᠭᠠᠴᠢᠯᠠᠭ᠎ᠠ ᠶᠢᠨ ᠪᠢᠴᠢᠭ︾᠎ ᠢ ᠲᠠᠷᠬᠠᠭᠠᠵᠤ᠂ ᠤᠬᠠᠭᠤᠯᠭ᠎ᠠ ᠶᠢᠨ ᠳᠡᠪᠲᠡᠷ ᠢ 7 ᠲᠦᠮᠡ ᠭᠠᠷᠤᠢ ᠳᠡᠪᠲᠡᠷ ᠲᠠᠷᠬᠠᠭᠠᠪᠠ᠃ᠪᠢᠴᠢᠯ ᠸᠢᠳᠢᠤ᠋ ᠶᠢ ᠦᠢᠯᠡᠳᠬᠦ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠵᠤ᠂ 24 ᠲᠦᠮᠡᠨ ᠵᠤᠷᠪᠤᠰ ᠣᠬᠤᠷ ᠮᠡᠳᠡᠭᠡ ᠶᠢ ᠪᠥᠭᠡᠮ ᠢᠶᠠᠷ ᠲᠠᠷᠬᠠᠭᠠᠨ ᠡᠭᠦᠳᠦᠨ ᠪᠠᠶᠢᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠠᠯᠠᠪᠤᠷ ᠭᠠᠵᠠᠷ ᠤᠨ ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠤᠢ ᠪᠣᠯᠭᠠᠬᠤ ᠶᠢ ᠴᠢᠩᠭᠠᠳᠬᠠᠵᠤ᠂ ᠤᠯᠠᠨ ᠳᠡᠯᠭᠡᠴᠡ ᠪᠠᠷ ᠳᠡᠯᠭᠡᠨ ᠨᠡᠪᠲᠡᠷᠡᠭᠦᠯᠬᠦ᠂ ᠡᠯᠧᠺᠲᠷᠣᠨ ᠤᠬᠠᠭᠤᠯᠭ᠎ᠠ ᠶᠢᠨ ᠵᠠᠷᠯᠠᠯ ᠨᠡᠪᠲᠡᠷᠡᠭᠦᠯᠬᠦ ᠵᠡᠷᠭᠡ ᠪᠠᠷ ᠳᠠᠮᠵᠢᠭᠤᠯᠤᠨ ᠪᠦᠬᠦ ᠲᠠᠯ᠎ᠠ ᠶᠢᠨ ᠪᠣᠰᠤᠭ᠎ᠠ ᠴᠣᠭᠴᠠᠲᠤ ᠤᠬᠠᠭᠤᠯᠭ᠎ᠠ ᠬᠢᠪᠡ᠃      ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠠᠨᠠᠭᠤᠯᠭ᠎ᠠ ᠪᠠᠷ ᠰᠢᠪᠠᠳᠠᠨ ᠰᠢᠢᠳᠪᠦᠷᠢᠯᠡᠭᠦᠯᠬᠦ ᠳᠦᠷᠢᠮ ᠢ ᠰᠢᠨ᠎ᠡ ᠪᠠᠷ ᠡᠭᠦᠳᠦᠨ ᠥᠷᠨᠢᠭᠦᠯᠵᠦ᠂ ︽ᠭᠠᠵᠠᠷ ᠣᠷᠣᠨ᠂ ᠰᠠᠯᠠᠭ᠎ᠠ ᠮᠥᠴᠢᠷ + ᠨᠠᠮ ᠵᠠᠰᠠᠭ ᠤᠨ ᠭᠤᠣᠯ ᠬᠠᠷᠢᠭᠤᠴᠠᠯᠭᠠᠲᠠᠨ︾᠎ ᠤ ᠬᠤᠶᠠᠷ ᠢ ᠵᠠᠷᠯᠠᠨ ᠮᠡᠳᠡᠭᠳᠡᠵᠦ ᠬᠤᠶᠠᠷ ᠢ ᠲᠦᠯᠬᠢᠨ ᠬᠦᠷᠭᠡᠬᠦ ᠳᠦᠷᠢᠮ ᠢ ᠴᠢᠩᠭ᠎ᠠ ᠬᠡᠷᠡᠭᠵᠢᠭᠦᠯᠬᠦ ᠶᠢᠨ ᠬᠠᠮᠲᠤ ᠡᠭᠦᠳᠦᠨ ᠪᠠᠶᠢᠭᠤᠯᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠤᠯᠢ ᠪᠠᠷ ᠬᠤᠳᠠ ᠶᠢ ᠵᠠᠰᠠᠬᠤ ᠶᠢ ᠬᠢᠨᠠᠨ ᠰᠢᠯᠭᠠᠬᠤ ᠬᠠᠲᠠᠭᠤ ᠭᠦᠢᠴᠡᠳᠬᠡᠬᠦ ᠲᠤᠭ᠎ᠠ ᠪᠣᠯᠭᠠᠵᠤ᠂ ᠡᠭᠦᠳᠦᠨ ᠪᠠᠶᠢᠭᠤᠯᠬᠤ ᠪᠠᠷ ᠳᠡᠭᠡᠭᠰᠢᠯᠡᠭᠦᠯᠬᠦ ᠶᠢ ᠠᠬᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠲᠠᠰᠤᠷᠠᠯᠳᠠ ᠦᠭᠡᠢ ᠪᠣᠳᠠᠲᠠᠶᠢᠵᠢᠭᠤᠯᠤᠨ ᠰᠢᠯᠢᠳᠡᠭᠵᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠤᠷᠢᠳ ᠢᠶᠠᠷ ᠰᠢᠪᠲᠤᠯᠤᠯᠲᠠ ᠭᠠᠷᠭᠠᠬᠤ ᠶᠢ ᠪᠡᠶᠡᠯᠡᠭᠦᠯᠬᠦ ᠶᠢ ᠲᠦᠯᠬᠢᠨ ᠠᠬᠢᠭᠤᠯᠤᠨ᠎ᠠ᠃
 
ᠢᠷᠡᠯᠲᠡ᠄ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1