ᠪᠤᠭᠤᠲᠤ ᠬᠤᠲᠠ ︽ᠲᠠᠪᠤᠨ ᠠᠩᠬᠠᠷᠤᠯ︾ ᠤᠨ ᠲᠣᠭᠤᠷᠢᠨ ᠳᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/7/19
      ᠡᠨᠡ ᠵᠢᠯ ᠠᠴᠠ ᠨᠠᠰᠢ᠂ ᠪᠤᠭᠤᠲᠤ ᠬᠤᠲᠠ ᠶᠢᠨ ᠬᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭ᠎ᠠ ᠠᠩᠬᠠᠷᠴᠤ ᠡᠨᠡ ᠬᠦ ᠬᠠᠷᠠᠯᠲᠠ ᠶᠢ ᠤᠷᠢᠳᠠᠪᠠᠷ ᠰᠢᠪᠲᠤᠯᠵᠤ᠂ ︽ᠲᠠᠪᠤᠨ ᠲᠥᠪᠯᠡᠷᠡᠯ︾ ᠢ ᠲᠣᠪᠤᠶᠢᠯᠭᠠᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃      ᠡᠩ ᠲᠡᠷᠢᠭᠦᠨ ᠳᠤ ᠰᠢᠪᠲᠤᠯᠤᠯᠲᠠ ᠭᠠᠷᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠬᠦᠴᠦᠲᠡᠢ ᠬᠡᠷᠡᠭᠵᠢᠭᠦᠯᠦᠨ᠎ᠡ᠃ᠪᠥᠬᠦ ᠣᠷᠣᠨ ᠳᠤ ︽︿ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 ︱ 2025 ᠣᠨ︶ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ︾ ᠢ ᠡᠩ ᠲᠡᠷᠢᠭᠦᠨ ᠳᠤ ᠨᠡᠶᠢᠲᠡᠯᠡᠵᠦ᠂ ᠪᠥᠬᠦ ᠤᠯᠤᠰ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠴᠢᠷᠮᠠᠶᠢᠨ ᠡᠭᠦᠳᠬᠦ ᠬᠠᠷᠠᠯᠲᠠ ᠶᠢ ᠳᠤᠷᠠᠳᠤᠨ ᠭᠠᠷᠭᠠᠪᠠ᠃ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠤᠨ ᠲᠤᠰᠬᠠᠢ ᠠᠩᠭᠢ ᠶᠢ ᠪᠠᠶᠢᠭᠤᠯᠵᠤ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠲᠣᠬᠢᠷᠠᠭᠤᠯᠤᠯᠲᠠ ᠶᠢᠨ ᠲᠣᠭᠲᠠᠴᠠ ᠶᠢ ᠪᠠᠶᠢᠭᠤᠯᠤᠨ᠂ 22 ᠲᠠᠯ᠎ᠠ ᠶᠢᠨ 34 ᠵᠦᠢᠯ ᠤᠨ ᠪᠣᠳᠠᠲᠠᠢ ᠠᠭᠤᠯᠭ᠎ᠠ ᠶᠢ ᠲᠣᠳᠣᠷᠬᠠᠶᠢᠯᠠᠵᠤ᠂ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠶᠠᠪᠤᠭᠳᠠᠭᠤᠯᠵᠤ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠪᠠ᠃      ᠬᠠᠤᠯᠢ ᠶᠣᠰᠣᠭᠠᠷ ᠵᠠᠰᠠᠭ ᠶᠠᠪᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠪᠠᠷ ᠵᠠᠰᠠᠬᠤ ᠰᠡᠳᠬᠢᠬᠦᠢ ᠪᠠᠨ ᠦᠷᠭᠦᠯᠵᠢᠯᠡᠨ ᠳᠡᠭᠡᠭᠰᠢᠯᠡᠭᠦᠯᠦᠨ᠎ᠡ᠃︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠤᠯᠲᠠ ᠶᠢᠨ ᠮᠡᠳᠡᠪᠡᠯ ᠵᠣᠬᠢᠬᠤ ᠭᠠᠷ ᠳᠡᠪᠲᠡᠷ︾ ᠢ 500 ᠳᠡᠪᠲᠡᠷ ᠢ ᠬᠤᠷᠢᠶᠠᠩᠭᠤᠶᠢᠯᠠᠨ ᠨᠠᠶᠢᠷᠠᠭᠤᠯᠤᠨ ᠬᠡᠪᠯᠡᠭᠦᠯᠵᠦ᠂ ᠵᠠᠬ᠎ᠠ ᠳᠡᠯᠭᠡᠭᠦᠷ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠲᠤ ᠲᠠᠷᠬᠠᠭᠠᠨ ᠯᠠᠪᠯᠠᠯᠲᠠ ᠪᠣᠯᠭᠠᠨ ᠰᠤᠷᠤᠯᠴᠠᠭᠤᠯᠪᠠ᠃ᠭᠤᠣᠯᠳᠠᠯᠭ᠎ᠠ ᠲᠠᠢ ᠬᠥᠮᠥᠰ ᠢ ᠵᠣᠬᠢᠶᠠᠨ ᠪᠠᠶᠢᠭᠤᠯᠤᠨ ᠬᠤᠶᠠᠷ ᠭᠠᠷᠠᠭ ᠤᠨ ᠬᠤᠭᠤᠴᠠᠭ᠎ᠠ ᠲᠠᠢ ᠲᠥᠪᠯᠡᠷᠡᠭᠦᠯᠦᠨ ᠬᠠᠤᠯᠢ ᠶᠢ ᠰᠤᠷᠴᠤ ᠬᠠᠤᠯᠢ ᠶᠢ ᠰᠢᠯᠭᠠᠬᠤ ᠠᠵᠢᠯᠯᠠᠭ᠎ᠠ ᠶᠢ ᠥᠷᠨᠢᠭᠦᠯᠵᠦ᠂ 205 ᠬᠢᠴᠢᠶᠡᠯ ᠤᠨ ᠴᠠᠭ ᠤᠨ ︽ᠵᠠᠰᠠᠭ ᠵᠠᠬᠢᠷᠭᠠᠨ ᠤ ᠰᠢᠳᠬᠡᠯ ᠤᠨ ᠬᠠᠤᠯᠢ︾ ᠶᠢᠨ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠤᠳᠠ ᠶᠢᠨ ᠲᠤᠰ ᠱᠠᠲᠤᠨ ᠤ 3290 ᠨᠡᠷᠡᠰ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠪᠣᠯᠪᠠᠰᠤᠷᠠᠭᠤᠯᠤᠯ ᠪᠠ ᠰᠢᠯᠭᠠᠯᠲᠠ ᠳᠤ ᠣᠷᠣᠯᠴᠠᠪᠠ᠃      ᠭᠤᠣᠯᠳᠠᠯᠭ᠎ᠠ ᠲᠠᠢ ᠪᠣᠭᠤᠮᠲᠠ ᠰᠢᠪᠲᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠳᠦᠨ ᠪᠠᠶᠢᠭᠤᠯᠬᠤ ᠵᠢᠯᠣᠭᠤᠳᠤᠯᠭ᠎ᠠ ᠶᠢ ᠤᠨᠢᠨ ᠳᠡᠭᠡᠷ᠎ᠡ ᠨᠢ ᠬᠡᠷᠡᠭᠵᠢᠭᠦᠯᠦᠨ᠎ᠡ᠃ᠡᠯ᠎ᠡ ᠰᠠᠯᠠᠭ᠎ᠠ ᠮᠥᠴᠢᠷ ᠤᠨ ᠭᠦᠨᠵᠡᠭᠡᠢ ᠥᠪᠡᠷ ᠤᠨ ᠪᠠᠶᠢᠴᠠᠭᠠᠯᠲᠠ ᠬᠢᠬᠦ ᠶᠢ ᠠᠬᠢᠭᠤᠯᠵᠤ᠂ 39 ᠬᠠᠮᠢᠶ᠎ᠠ ᠪᠦᠬᠦᠢ ᠰᠠᠯᠠᠭ᠎ᠠ ᠮᠥᠴᠢᠷ ᠲᠤ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠭᠤᠣᠯᠳᠠᠯᠭ᠎ᠠ ᠲᠠᠢ ᠡᠭᠦᠷᠭᠡ ᠶᠢᠨ ᠰᠠᠨᠠᠭᠤᠯᠤᠮᠵᠢ ᠶᠢᠨ ᠵᠠᠬᠢᠳᠠᠯ ᠢ ᠨᠢᠭᠡᠳ ᠨᠢᠭᠡ ᠪᠠᠷ ᠶᠠᠪᠤᠭᠤᠯᠵᠤ᠂ ᠲᠣᠭᠲᠠᠭᠰᠠᠨ ᠬᠡᠯᠪᠡᠷᠢ ᠪᠠᠷ ᠰᠠᠨᠠᠭᠤᠯᠬᠤ᠂ ᠲᠥᠷᠥᠯ ᠵᠦᠶᠯᠴᠢᠯᠡᠨ ᠠᠬᠢᠭᠤᠯᠬᠤ ᠶᠢ ᠬᠡᠷᠡᠭᠵᠢᠭᠦᠯᠦᠨ᠎ᠡ᠃ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠬᠠᠷᠢᠭᠤ ᠰᠤᠷᠪᠤᠯᠵᠢᠯᠠᠬᠤ ᠲᠣᠭᠲᠠᠴᠠ ᠶᠢ ᠪᠠᠶᠢᠭᠤᠯᠵᠤ᠂ 12345 ᠢᠯᠡᠴᠢᠯᠡᠨ ᠮᠡᠳᠡᠭᠦᠯᠵᠦ ᠵᠠᠭᠠᠯᠳᠤᠬᠤ ᠬᠠᠯᠠᠭᠤᠨ ᠤᠲᠠᠰᠤ ᠪᠠ ︽ᠰᠠᠶᠢᠨ ᠮᠠᠭᠤ ᠶᠢᠨ ᠦᠨᠡᠯᠡᠯᠲᠡ︾ ᠳᠤ ᠲᠡᠮᠳᠡᠭᠯᠡᠭᠰᠡᠨ ᠲᠤᠬᠠᠢ ᠶᠢᠨ ᠬᠥᠮᠥᠨ᠂ ᠠᠵᠤ ᠠᠬᠤᠶᠢᠯᠠᠯ ᠳᠤ ᠬᠤᠯᠪᠣᠭᠳᠠᠭᠰᠠᠨ ᠪᠠᠶᠢᠴᠠᠭᠠᠯᠲᠠ ᠶᠢᠨ ᠳ᠋ᠦᠢᠰᠢᠶᠠᠩ᠂ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢᠨ ᠳ᠋ᠦᠢᠰᠢᠶᠠᠩ ᠵᠡᠷᠭᠡ ᠳᠤ ᠬᠠᠷᠢᠭᠤ ᠰᠣᠷᠪᠤᠯᠵᠢᠯᠠᠭ᠎ᠠ ᠬᠢᠵᠦ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠶᠢᠨ ᠦᠷ᠎ᠡ ᠪᠦᠲᠦᠮᠵᠢ ᠶᠢ ᠴᠢᠩᠭᠠᠳᠬᠠᠪᠠ᠃      ᠪᠦᠬᠦᠯᠢ ᠴᠣᠭᠴᠠ ᠪᠠᠷ ᠬᠤᠯᠪᠤᠭᠠᠯᠠᠨ ᠬᠥᠳᠡᠯᠦᠯᠴᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠳᠦᠨ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠣᠶᠢᠪᠦᠬᠦ ᠬᠤᠳᠠ ᠶᠢᠨ ᠠᠷᠠᠳ ᠲᠤ ︽ᠪᠦᠬᠦ ᠤᠯᠤᠰ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠰᠠᠨᠠᠭᠠᠴᠢᠯᠠᠭ᠎ᠠ ᠶᠢᠨ ᠪᠢᠴᠢᠭ︾ ᠢ ᠲᠠᠷᠬᠠᠭᠠᠵᠤ᠂ ᠤᠬᠠᠭᠤᠯᠭ᠎ᠠ ᠶᠢᠨ ᠳᠡᠪᠲᠡᠷ ᠢ 7 ᠲᠦᠮᠡ ᠭᠠᠷᠤᠢ ᠳᠡᠪᠲᠡᠷ ᠲᠠᠷᠬᠠᠭᠠᠪᠠ᠃ᠪᠢᠴᠢᠯ ᠸᠢᠳᠢᠤ᠋ ᠶᠢ ᠦᠢᠯᠡᠳᠬᠦ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠵᠤ᠂ 24 ᠲᠦᠮᠡᠨ ᠵᠤᠷᠪᠤᠰ ᠣᠬᠤᠷ ᠮᠡᠳᠡᠭᠡ ᠶᠢ ᠪᠥᠭᠡᠮ ᠢᠶᠠᠷ ᠲᠠᠷᠬᠠᠭᠠᠨ ᠡᠭᠦᠳᠦᠨ ᠪᠠᠶᠢᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠠᠯᠠᠪᠤᠷ ᠭᠠᠵᠠᠷ ᠤᠨ ᠬᠠᠤᠯᠢ ᠪᠠᠷ ᠵᠠᠰᠠᠬᠤ ᠠᠭᠤᠷ ᠠᠮᠢᠰᠬᠤᠯ ᠢ ᠪᠤᠢ ᠪᠣᠯᠭᠠᠬᠤ ᠶᠢ ᠴᠢᠩᠭᠠᠳᠬᠠᠵᠤ᠂ ᠤᠯᠠᠨ ᠳᠡᠯᠭᠡᠴᠡ ᠪᠠᠷ ᠳᠡᠯᠭᠡᠨ ᠨᠡᠪᠲᠡᠷᠡᠭᠦᠯᠬᠦ᠂ ᠡᠯᠧᠺᠲᠷᠣᠨ ᠤᠬᠠᠭᠤᠯᠭ᠎ᠠ ᠶᠢᠨ ᠵᠠᠷᠯᠠᠯ ᠨᠡᠪᠲᠡᠷᠡᠭᠦᠯᠬᠦ ᠵᠡᠷᠭᠡ ᠪᠠᠷ ᠳᠠᠮᠵᠢᠭᠤᠯᠤᠨ ᠪᠦᠬᠦ ᠲᠠᠯ᠎ᠠ ᠶᠢᠨ ᠪᠣᠰᠤᠭ᠎ᠠ ᠴᠣᠭᠴᠠᠲᠤ ᠤᠬᠠᠭᠤᠯᠭ᠎ᠠ ᠬᠢᠪᠡ᠃      ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠠᠨᠠᠭᠤᠯᠭ᠎ᠠ ᠪᠠᠷ ᠰᠢᠪᠠᠳᠠᠨ ᠰᠢᠢᠳᠪᠦᠷᠢᠯᠡᠭᠦᠯᠬᠦ ᠳᠦᠷᠢᠮ ᠢ ᠰᠢᠨ᠎ᠡ ᠪᠠᠷ ᠡᠭᠦᠳᠦᠨ ᠥᠷᠨᠢᠭᠦᠯᠵᠦ᠂ ︽ᠭᠠᠵᠠᠷ ᠣᠷᠣᠨ᠂ ᠰᠠᠯᠠᠭ᠎ᠠ ᠮᠥᠴᠢᠷ + ᠨᠠᠮ ᠵᠠᠰᠠᠭ ᠤᠨ ᠭᠤᠣᠯ ᠬᠠᠷᠢᠭᠤᠴᠠᠯᠭᠠᠲᠠᠨ︾ ᠤ ᠬᠤᠶᠠᠷ ᠢ ᠵᠠᠷᠯᠠᠨ ᠮᠡᠳᠡᠭᠳᠡᠵᠦ ᠬᠤᠶᠠᠷ ᠢ ᠲᠦᠯᠬᠢᠨ ᠬᠦᠷᠭᠡᠬᠦ ᠳᠦᠷᠢᠮ ᠢ ᠴᠢᠩᠭ᠎ᠠ ᠬᠡᠷᠡᠭᠵᠢᠭᠦᠯᠬᠦ ᠶᠢᠨ ᠬᠠᠮᠲᠤ ᠡᠭᠦᠳᠦᠨ ᠪᠠᠶᠢᠭᠤᠯᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠤᠯᠢ ᠪᠠᠷ ᠬᠤᠳᠠ ᠶᠢ ᠵᠠᠰᠠᠬᠤ ᠶᠢ ᠬᠢᠨᠠᠨ ᠰᠢᠯᠭᠠᠬᠤ ᠬᠠᠲᠠᠭᠤ ᠭᠦᠢᠴᠡᠳᠬᠡᠬᠦ ᠲᠤᠭ᠎ᠠ ᠪᠣᠯᠭᠠᠵᠤ᠂ ᠡᠭᠦᠳᠦᠨ ᠪᠠᠶᠢᠭᠤᠯᠬᠤ ᠪᠠᠷ ᠳᠡᠭᠡᠭᠰᠢᠯᠡᠭᠦᠯᠬᠦ ᠶᠢ ᠠᠬᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠢ ᠲᠠᠰᠤᠷᠠᠯᠳᠠ ᠦᠭᠡᠢ ᠪᠣᠳᠠᠲᠠᠶᠢᠵᠢᠭᠤᠯᠤᠨ ᠰᠢᠯᠢᠳᠡᠭᠵᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠤᠷᠢᠳ ᠢᠶᠠᠷ ᠰᠢᠪᠲᠤᠯᠤᠯᠲᠠ ᠭᠠᠷᠭᠠᠬᠤ ᠶᠢ ᠪᠡᠶᠡᠯᠡᠭᠦᠯᠬᠦ ᠶᠢ ᠲᠦᠯᠬᠢᠨ ᠠᠬᠢᠭᠤᠯᠤᠨ᠎ᠠ᠃
 
ᠢᠷᠡᠯᠲᠡ᠄ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1