︽ᠮᠣᠩᠭᠤᠯ ᠦᠭᠡ ᠬᠡᠯᠡ ᠦᠰᠦᠭ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠤᠨ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠮᠡᠳᠡᠭᠳᠡᠯ
ᠨᠡᠶᠢᠲᠡᠯᠡᠭᠰᠡᠨ ᠴᠠᠭ᠄
2022/7/19
     ᠥᠪᠥᠷ ᠦᠨᠳᠦᠰᠦᠲᠡᠨ ᠤ ᠵᠥᠪᠯᠡᠯ ᠲᠠᠷᠬᠠᠭᠠᠭᠰᠠᠨ ﹇2020﹈ 9 ᠳ᠋ᠦ᠋ᠭᠡᠷ ᠲᠣᠭᠠᠲᠤ   ᠡᠯ᠎ᠡ ᠠᠶᠢᠮᠠᠭ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠡᠯ᠎ᠡ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠤ  ᠬᠦᠷᠢᠶᠡᠯᠡᠩ ᠭᠠᠵᠠᠷ ᠲᠤ᠄            ᠮᠣᠩᠭᠤᠯ ᠦᠭᠡ ᠬᠡᠯᠡ ᠦᠰᠦᠭ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ  ᠲᠡᠭᠦᠯᠳᠡᠷᠵᠢᠭᠦᠯᠵᠦ᠂ ᠡᠷᠳᠡᠮ ᠰᠢᠨᠵᠢᠯᠡᠭᠡᠨ ᠤ ᠵᠣᠭᠤᠰ ᠢᠶᠠᠷ ᠲᠤᠰᠠᠯᠠᠬᠤ ᠵᠠᠷᠤᠳᠠᠯ ᠬᠡᠷᠡᠭᠯᠡᠬᠦ ᠦᠷ᠎ᠡ ᠠᠰᠢᠭ ᠢ ᠲᠡᠬᠡᠭᠰᠢᠯᠡᠬᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ  ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ︽ᠮᠣᠩᠭᠤᠯ ᠦᠭᠡ ᠬᠡᠯᠡ ᠦᠰᠦᠭ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠤᠨ  ᠬᠠᠮᠢᠶᠠᠷᠤᠯᠲᠠ ᠶᠢᠨ ᠠᠷᠭ᠎ᠠ︾  ︵ᠥᠪᠥᠷ ᠦᠨᠳᠦᠰᠦᠲᠡᠨ ᠤ ᠵᠥᠪᠯᠡᠯ ᠲᠠᠷᠬᠠᠭᠠᠭᠰᠠᠨ  ﹇2015﹈ 215 ᠳ᠋ᠤᠭᠠᠷ ᠲᠣᠭᠠᠲᠤ ᠳᠤ ᠵᠠᠰᠠᠪᠤᠷᠢ ᠣᠷᠣᠭᠤᠯᠤᠭᠰᠠᠨ ᠤ  ᠬᠠᠮᠲᠤ᠂ 2020 ᠣᠨ ᠤ 3 ᠳ᠋ᠤᠭᠠᠷ ᠰᠠᠷ᠎ᠠ ᠶᠢᠨ 26 ᠤ ᠡᠳᠦᠷ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠡᠷᠬᠢᠯᠡᠭᠴᠢ ᠶᠢᠨ  ᠠᠯᠪᠠᠨ ᠭᠡᠷ ᠤᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠪᠠ᠃ ᠡᠳᠦᠭᠡ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠢ᠃      ᠮᠣᠩᠭᠤᠯ ᠦᠭᠡ ᠬᠡᠯᠡ ᠦᠰᠦᠭ ᠪᠢᠴᠢᠭ ᠤᠨ ᠡᠷᠳᠡᠮ ᠰᠢᠨᠵᠢᠯᠡᠭᠡᠨ ᠤ                          ᠲᠦᠷᠦᠯ ᠵᠦᠢᠯ ᠤᠨ ᠬᠠᠮᠢᠶᠠᠷᠤᠯᠲᠠ ᠶᠢᠨ ᠠᠷᠭ᠎ᠠ                                                ︵2020 ᠣᠨ ᠳᠤ ᠵᠠᠰᠠᠪᠤᠷᠢ ᠣᠷᠣᠭᠤᠯᠪᠠ︶        ᠨᠢᠭᠡᠳᠦᠭᠡᠷ ᠪᠦᠯᠦᠭ     ᠶᠡᠷᠦᠩᠬᠡᠢ ᠳᠦᠷᠢᠮ            ᠨᠢᠭᠡᠳᠦᠭᠡᠷ ᠵᠦᠢᠯ   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠠᠵᠢᠯ ᠤᠨ ᠳᠦᠷᠢᠮ︾ ᠢ  ᠭᠦᠨᠵᠡᠭᠡᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ︵ᠳᠣᠷᠣᠭᠰᠢ ᠥᠪᠡᠷᠲᠡᠭᠡᠨ ᠵᠠᠰᠠᠬᠤ ᠣᠷᠣᠨ ᠤ  ᠦᠨᠳᠦᠰᠦᠲᠡᠨ ᠤ ᠵᠥᠪᠯᠡᠯ ᠭᠡᠵᠦ ᠲᠣᠪᠴᠢᠯᠠᠨ᠎ᠠ︶ ᠤᠨ ᠮᠣᠩᠭᠤᠯ ᠦᠭᠡ ᠬᠡᠯᠡ ᠦᠰᠦᠭ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ︵ᠳᠣᠷᠣᠭᠰᠢ ᠮᠣᠩᠭᠤᠯ  ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠭᠡᠵᠦ ᠲᠣᠪᠴᠢᠯᠠᠨ᠎ᠠ︶ ᠤᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠤᠰᠠᠳᠠ ᠲᠤᠰ ᠠᠷᠭ᠎ᠠ ᠶᠢ  ᠲᠣᠭᠲᠠᠭᠠᠪᠠ᠃          ᠬᠤᠶᠠᠳᠤᠭᠠᠷ ᠵᠦᠢᠯ   ᠮᠣᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠤᠯ ᠵᠦᠢᠯ ᠳᠤ ᠰᠢᠨᠵᠢᠯᠡᠬᠦ ᠤᠬᠠᠭᠠᠨᠴᠢ᠂ ᠢᠯᠡ ᠲᠣᠳᠣᠷᠬᠠᠢ᠂ ᠡᠷᠬᠡ  ᠲᠡᠭᠰᠢ᠂ ᠲᠥᠪ ᠭᠤᠤᠯᠴᠢ ᠵᠠᠷᠴᠢᠮ ᠢ ᠪᠠᠷᠢᠮᠲᠠᠯᠠᠵᠤ᠂ ᠪᠦᠬᠦ ᠣᠷᠣᠨ ᠳᠤ ᠬᠠᠨᠳᠤᠭᠤᠯᠤᠨ ᠰᠢᠯᠢᠳᠡᠭ ᠲᠦᠷᠦᠯ ᠵᠦᠢᠯ ᠢ  ᠰᠣᠩᠭᠤᠨ ᠪᠠᠲᠤᠯᠠᠨ᠎ᠠ᠃            ᠭᠤᠷᠪᠠᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠢ ᠮᠣᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ  ᠵᠦᠢᠯ ᠤᠨ ᠨᠢᠭᠡᠳᠦᠯᠲᠡᠢ ᠲᠥᠯᠦᠪᠵᠢᠭᠦᠯᠭᠡ᠂ ᠪᠡᠯᠡ ᠮᠥᠩᠭᠦᠨ ᠤ ᠲᠥᠰᠥᠪ᠂  ᠰᠠᠯᠭᠠᠨ ᠦᠭᠬᠦ᠂  ᠶᠡᠷᠦᠩᠬᠡᠶᠢᠯᠡᠨ ᠵᠣᠬᠢᠴᠠᠭᠤᠯᠬᠤ᠂ ᠬᠢᠨᠠᠨ ᠬᠠᠮᠢᠶᠠᠷᠠᠬᠤ ᠵᠡᠷᠭᠡ  ᠠᠵᠢᠯ ᠢ ᠬᠠᠷᠢᠭᠤᠴᠠᠨ᠎ᠠ᠃      ᠳᠥᠷᠪᠡᠳᠦᠭᠡᠷ ᠵᠦᠢᠯ   ᠮᠣᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠢ ᠴᠢᠬᠤᠯᠠ ᠶᠡᠭᠡ ᠲᠦᠷᠦᠯ ᠵᠦᠢᠯ᠂ ᠭᠤᠣᠯᠳᠠᠯᠭ᠎ᠠ ᠲᠠᠢ  ᠲᠦᠷᠦᠯ ᠵᠦᠢᠯ  ᠂ ᠡᠩ ᠤᠨ ᠲᠦᠷᠦᠯ ᠵᠦᠢᠯ᠂ ᠨᠠᠶᠢᠳᠠᠯᠭ᠎ᠠ ᠶᠢᠨ ᠲᠦᠷᠦᠯ ᠵᠦᠢᠯ ᠪᠠ ᠰᠡᠭᠦᠯᠴᠢ ᠶᠢᠨ ᠬᠤᠭᠤᠴᠠᠭᠠᠨ ᠤ  ᠵᠣᠭᠤᠰ ᠢᠶᠠᠷ ᠲᠤᠰᠠᠯᠠᠬᠤ  ᠲᠦᠷᠦᠯ ᠵᠦᠢᠯ  ᠭᠡᠵᠦ ᠬᠤᠪᠢᠶᠠᠨ᠎ᠠ᠃            ᠲᠠᠪᠤᠳᠤᠭᠠᠷ ᠵᠦᠢᠯ   ᠲᠤᠰ ᠬᠠᠮᠢᠶᠠᠷᠤᠯᠲᠠ ᠶᠢᠨ ᠠᠷᠭ᠎ᠠ ᠳᠤ ᠵᠢᠭᠠᠭᠰᠠᠨ ᠮᠣᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠤᠨ  ᠬᠡᠪᠴᠢᠶᠡᠨ ᠳᠤ ᠳᠣᠣᠷᠠᠬᠢ ᠵᠦᠢᠯᠡᠰ ᠪᠠᠭᠲᠠᠨ᠎ᠠ᠄            ︵ᠨᠢᠭᠡ︶ ᠰᠠᠭᠤᠷᠢ ᠰᠤᠳᠤᠯᠭᠠᠨ᠄ ᠣᠷᠴᠢᠨ ᠴᠠᠭ ᠤᠨ ᠮᠣᠩᠭᠤᠯ ᠬᠡᠯᠡᠨ ᠤ ᠰᠤᠳᠤᠯᠭᠠᠨ ︵ᠭᠤᠣᠯᠳᠠᠭᠤ ᠠᠪᠢᠶ᠎ᠠ᠂ ᠦᠭᠡ ᠵᠦᠢ᠂ ᠥᠭᠦᠯᠡᠪᠦᠷᠢ ᠵᠦᠢ᠂   ᠦᠭᠡᠰ ᠤᠨ ᠰᠠᠩ᠂ ᠨᠠᠶᠢᠷᠠᠭᠤᠯᠭ᠎ᠠ᠂ ᠵᠥᠪ ᠪᠢᠴᠢᠯᠭᠡ᠂  ᠬᠡᠯᠡᠨ ᠤ ᠤᠳᠬ᠎ᠠ ᠶᠢᠨ ᠰᠤᠳᠤᠯᠭᠠᠨ ᠵᠡᠷᠭᠡ ᠶᠢ ᠪᠠᠭᠲᠠᠭᠠᠨ᠎ᠠ︶︔ ᠳᠣᠮᠳᠠᠲᠦ ᠡᠷᠲᠡᠨ ᠤ ᠮᠣᠩᠭᠤᠯ ᠬᠡᠯᠡᠨ ᠤ  ᠰᠤᠳᠤᠯᠭᠠᠨ︔ ᠨᠤᠲᠤᠭ ᠤᠨ ᠠᠶᠠᠯᠭᠤᠨ ᠤ ᠰᠤᠳᠤᠯᠭᠠᠨ︔ ᠠᠯᠲᠠᠢ ᠢᠵᠠᠭᠤᠷ ᠬᠡᠯᠡᠨ ᠤ ᠰᠤᠳᠤᠯᠭᠠᠨ᠂ ᠮᠣᠩᠭᠤᠯ ᠲᠦᠷᠦᠯ ᠬᠡᠯᠡᠨ ᠤ ᠰᠤᠳᠤᠯᠭᠠᠨ︔ ᠮᠣᠩᠭᠤᠯ  ᠰᠤᠷᠪᠤᠯᠵᠢ ᠪᠢᠴᠢᠭ ᠤᠨ ᠰᠤᠳᠤᠯᠭᠠᠨ︔ ᠡᠷᠲᠡᠨ ᠤ ᠦᠰᠦᠭ ᠪᠢᠴᠢᠭ ᠤᠨ ᠰᠤᠳᠤᠯᠭᠠᠨ︔ ᠬᠡᠯᠡ ᠪᠢᠴᠢᠭ ᠤᠨ ᠤᠬᠠᠭᠠᠨ ᠤ ᠲᠡᠦᠬᠡ ᠶᠢᠨ ᠰᠤᠳᠤᠯᠭᠠᠨ︔ ᠲᠣᠯᠢ  ᠵᠦᠢ ᠶᠢᠨ ᠰᠤᠳᠤᠯᠭᠠᠨ︔ ᠰᠣᠶᠣᠯ ᠬᠡᠯᠡ ᠰᠢᠨᠵᠢᠯᠡᠯ ᠤᠨ ᠰᠤᠳᠤᠯᠭᠠᠨ ᠵᠡᠷᠭᠡ᠃            ︵ᠬᠤᠶᠠᠷ︶ ᠬᠡᠷᠡᠭᠯᠡᠭᠡᠨ ᠤ ᠰᠤᠳᠤᠯᠭᠠᠨ᠄ ᠳᠦᠷᠢᠮᠵᠢᠯ᠂ ᠪᠠᠷᠢᠮᠵᠢᠶᠠᠵᠢᠯ ᠤᠨ ᠰᠤᠳᠤᠯᠭᠠᠨ︔ ᠬᠡᠯᠡᠨ ᠤ ᠵᠢᠭᠠᠨ ᠰᠤᠷᠭᠠᠯᠲᠠ ᠶᠢᠨ ᠰᠤᠳᠤᠯᠭᠠᠨ︔  ᠬᠡᠯᠡᠨ ᠤ  ᠬᠡᠷᠡᠭᠯᠡᠭᠡᠨ ᠤ ᠰᠤᠳᠤᠯᠭᠠᠨ︔ ᠣᠷᠴᠢᠭᠤᠯᠭ᠎ᠠ ᠶᠢᠨ ᠰᠤᠳᠤᠯᠭᠠᠨ︔ ᠦᠭᠡ ᠬᠡᠯᠡᠨ ᠤ ᠲᠦᠷᠦ ᠶᠢᠨ ᠪᠣᠳᠣᠯᠭ᠎ᠠ᠂ ᠲᠥᠯᠦᠪᠵᠢᠭᠦᠯᠭᠡ ᠶᠢᠨ ᠰᠤᠳᠤᠯᠭᠠᠨ︔ ᠮᠣᠩᠭᠤᠯ ᠬᠡᠯᠡ  ᠪᠢᠴᠢᠭ ᠤᠨ ᠠᠵᠢᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠬᠤ ᠦᠷᠳᠡᠭ ᠲᠠᠢ ᠪᠤᠰᠤᠳ ᠪᠣᠳᠠᠲᠤ ᠠᠰᠠᠭᠤᠳᠠᠯ ᠤᠨ ᠰᠤᠳᠤᠯᠭᠠᠨ ᠵᠡᠷᠭᠡ᠃              ᠬᠤᠶᠠᠳᠤᠭᠠᠷ ᠪᠦᠯᠦᠭ   ᠭᠤᠶᠤᠴᠢᠯᠠᠬᠤ ᠪᠠ ᠲᠦᠷᠦᠯ ᠵᠦᠢᠯ ᠪᠠᠲᠤᠯᠠᠬᠤ              ᠵᠢᠷᠭᠤᠳᠤᠭᠠᠷ ᠵᠦᠢᠯ   ᠮᠣᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠳᠤ ᠳᠠᠭᠠᠭᠠᠴᠢᠯᠠᠯᠲᠠ ᠵᠠᠷᠯᠠᠬᠤ ᠪᠠ ᠨᠠᠶᠢᠳᠠᠯᠭ᠎ᠠ ᠬᠢᠬᠦ  ᠬᠡᠯᠪᠡᠷᠢ ᠶᠢ ᠤᠶᠠᠯᠳᠤᠭᠤᠯᠵᠤ᠂ ᠲᠦᠷᠦᠯ ᠵᠦᠢᠯ ᠬᠠᠷᠢᠭᠤᠴᠠᠭᠴᠢ ᠶᠢᠨ ᠬᠠᠷᠢᠭᠤᠴᠠᠬᠤ ᠳᠦᠷᠢᠮ ᠢ ᠬᠡᠷᠡᠭᠵᠢᠭᠦᠯᠦᠨ᠎ᠡ᠃            ᠳᠣᠯᠣᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ  ᠵᠢᠯ ᠪᠦᠷᠢ ᠶᠢᠨ ᠨᠢᠭᠡᠳᠦᠭᠡᠷ ᠤᠯᠠᠷᠢᠯ ᠳᠤ ᠥᠪᠡᠷᠲᠡᠭᠡᠨ ᠵᠠᠰᠠᠬᠤ  ᠣᠷᠣᠨ ᠤ ᠦᠨᠳᠦᠰᠦᠲᠡᠨ ᠤ ᠵᠥᠪᠯᠡᠯ ᠤᠨ ᠰᠦᠯᠵᠢᠶᠡᠨ ᠳᠤ ᠲᠤᠰ ᠵᠢᠯ ᠤᠨ ᠲᠦᠷᠦᠯ ᠵᠦᠢᠯ   ᠭᠤᠶᠤᠴᠢᠯᠠᠨ ᠮᠡᠳᠡᠬᠦᠯᠬᠦ ᠮᠡᠳᠡᠭᠳᠡᠯ ᠪᠠ ︽ᠮᠣᠩᠭᠤᠯ ᠬᠡᠯᠡ  ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠭᠤᠶᠤᠴᠢᠯᠠᠨ ᠮᠡᠳᠡᠬᠦᠯᠬᠦ ᠵᠦᠪᠯᠡᠭᠦᠷ︾ ᠢ ᠨᠡᠶᠢᠲᠡᠯᠡᠵᠦ᠂ ᠲᠣᠭᠲᠠᠭᠰᠠᠨ ᠬᠤᠭᠤᠴᠠᠭᠠᠨ ᠳᠤ ᠲᠦᠷᠦᠯ ᠵᠦᠢᠯ   ᠭᠤᠶᠤᠴᠢᠯᠠᠨ ᠮᠡᠳᠡᠭᠦᠯᠦᠭᠰᠡᠨ ᠢ ᠭᠥᠯᠢᠶᠡᠨ ᠠᠪᠴᠤ ᠰᠢᠢᠳᠪᠦᠷᠢᠯᠡᠨ᠎ᠡ᠃  ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠭᠠᠬᠤ ᠲᠦᠷᠦᠯ  ᠵᠦᠢᠯ ᠢ ᠴᠠᠭ ᠲᠤ ᠨᠢ ᠲᠣᠬᠢᠷᠠᠭᠤᠯᠤᠨ ᠲᠣᠭᠲᠠᠭᠠᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠲᠦᠷᠦᠯ ᠵᠦᠢᠯ ᠢ ᠨᠠᠶᠢᠳᠠᠯᠭ᠎ᠠ ᠶᠢᠨ ᠬᠡᠯᠪᠡᠷᠢ ᠪᠠᠷ  ᠪᠠᠲᠤᠯᠠᠨ᠎ᠠ᠃            ᠨᠠᠢᠮᠠᠳᠤᠭᠠᠷ ᠵᠦᠢᠯ   ᠮᠣᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠢ  ᠭᠤᠶᠤᠴᠢᠯᠠᠨ ᠮᠡᠳᠡᠭᠦᠯᠦᠭᠰᠡᠨ ᠬᠠᠷᠢᠭᠤᠴᠠᠭᠴᠢ ᠳᠣᠣᠷᠠᠬᠢ  ᠨᠥᠬᠦᠴᠡᠯ ᠤᠳ ᠲᠤ ᠨᠡᠶᠢᠴᠡᠭᠰᠡᠨ ᠪᠠᠶᠢᠬᠤ ᠬᠡᠷᠡᠭᠲᠡᠢ᠄            ︵ᠨᠢᠭᠡ︶ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠡᠷᠬᠡᠲᠦ ᠠᠷᠠᠳ᠂ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠦᠨᠳᠦᠰᠦᠨ  ᠬᠠᠤᠯᠢ ᠪᠠ  ᠬᠤᠯᠪᠣᠭᠳᠠᠯ ᠪᠦᠬᠦᠢ ᠬᠠᠤᠯᠢ ᠲᠣᠭᠲᠠᠭᠠᠯ ᠢ ᠵᠢᠷᠤᠮᠯᠠᠭᠰᠠᠨ ᠪᠠᠶᠢᠬᠤ︔            ︵ᠬᠤᠶᠠᠷ︶ ᠡᠩ ᠤᠨ ᠪᠠᠶᠢᠳᠠᠯ ᠳᠤ ᠶᠡᠭᠡ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠤ ᠬᠦᠷᠢᠶᠡᠯᠡᠩ ᠭᠠᠵᠠᠷ᠂ ᠦᠨᠳᠦᠰᠦᠲᠡᠨ ᠤ ᠵᠥᠪᠯᠡᠯ ᠵᠡᠷᠭᠡ  ᠬᠤᠯᠪᠣᠭᠳᠠᠯ ᠪᠦᠬᠦᠢ ᠨᠢᠭᠡᠴᠢ ᠶᠢᠨ ᠵᠢᠩᠬᠢᠨᠢ ᠠᠵᠢᠯ ᠤᠨ ᠪᠠᠶᠢᠷᠢ ᠲᠠᠢ ᠠᠵᠢᠯᠲᠠᠨ ᠠᠵᠢᠯᠴᠢᠨ ᠪᠠᠶᠢᠬᠤ ᠬᠡᠷᠡᠭᠲᠡᠢ᠂ ᠤᠷᠢᠭᠳᠠᠨ ᠠᠵᠢᠯᠯᠠᠵᠤ ᠪᠠᠶᠢᠭ᠎ᠠ ᠠᠵᠢᠯᠲᠠᠨ  ᠠᠵᠢᠯᠴᠢᠨ ᠡᠷᠬᠡᠪᠰᠢ ᠨᠢᠭᠡᠴᠢ ᠲᠠᠢ ᠪᠠᠨ ᠵᠢᠩᠬᠢᠨᠢ ᠪᠠᠷ ᠭᠡᠷ᠎ᠡ ᠲᠣᠭᠲᠠᠭᠰᠠᠨ  ᠪᠥᠭᠡᠳ ᠤᠷᠢᠭᠳᠠᠨ ᠠᠵᠢᠯᠯᠠᠭᠰᠠᠨ ᠬᠤᠭᠤᠴᠠᠭ᠎ᠠ ᠨᠢ ᠨᠠᠭᠠᠲᠤ ᠵᠠᠬ᠎ᠠ ᠳᠤ ᠪᠠᠨ 2 ᠵᠢᠯ ᠪᠠᠶᠢᠬᠤ ᠬᠡᠷᠡᠭᠲᠡᠢ︔            ︵ᠭᠤᠷᠪᠠ︶ ᠳᠡᠳ᠋ ᠳᠡᠭᠡᠳᠦ ᠵᠡᠷᠭᠡ ︵ᠳᠡᠭᠡᠳᠦ ᠵᠡᠷᠭᠡ ᠶᠢ ᠪᠠᠭᠲᠠᠭᠠᠨ᠎ᠠ︶ ᠠᠴᠠ ᠳᠡᠭᠡᠭᠰᠢ ᠲᠤᠰᠬᠠᠢ ᠮᠡᠷᠭᠡᠵᠢᠯ ᠤᠨ ᠴᠣᠯᠠ ᠪᠤᠶᠤ ᠳ᠋ᠣᠺᠲ᠋ᠣᠷ ᠡᠷᠳᠡᠮ ᠤᠨ  ᠴᠣᠯᠠ ᠲᠠᠢ ᠪᠠᠶᠢᠬᠤ︔            ︵ᠳᠥᠷᠪᠡ︶ ᠮᠠᠭᠢᠰᠲ᠋ᠧᠷ ᠡᠷᠳᠡᠮ ᠤᠨ ᠴᠣᠯᠠ ᠲᠠᠢ ᠪᠥᠭᠡᠳ ᠲᠠᠪᠤᠨ ᠵᠢᠯ ᠠᠴᠠ ᠳᠡᠭᠡᠭᠰᠢᠬᠢ ᠠᠵᠢᠯ ᠤᠨ ᠲᠤᠷᠰᠢᠯᠭ᠎ᠠ ᠲᠠᠢ ᠪᠠᠶᠢᠬᠤ ᠬᠡᠷᠡᠭᠲᠡᠢ᠃      ᠶᠢᠰᠦᠳᠦᠭᠡᠷ ᠵᠦᠢᠯ  ᠮᠣᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠢ ᠭᠤᠶᠤᠴᠢᠯᠠᠬᠤ ᠳᠤ ︽ᠮᠣᠩᠭᠤᠯ ᠬᠡᠯᠡ ᠪᠢᠴᠢᠭ ᠤᠨ ᠡᠷᠳᠡᠮ  ᠰᠢᠨᠵᠢᠯᠡᠭᠡᠨ ᠤ ᠲᠦᠷᠦᠯ ᠵᠦᠢᠯ ᠢ ᠭᠤᠶᠤᠴᠢᠯᠠᠬᠤ ᠬᠦᠰᠦᠨᠦᠭᠲᠦ︾ ᠶᠢ ᠲᠠᠭᠯᠠᠬᠤ ᠶᠢᠨ ᠬᠠᠮᠲᠤ  ᠬᠠᠮᠢᠶ᠎ᠠ ᠪᠦᠬᠦᠢ ᠮᠠᠲ᠋ᠧᠷᠢᠶᠠᠯ ᠤᠳ ᠢᠶᠠᠨ ᠬᠠᠩᠭᠠᠵᠤ᠂ ᠲᠦᠷᠦᠯ ᠵᠦᠢᠯ  ᠬᠠᠷᠢᠭᠤᠴᠠᠭᠴᠢ ᠶᠢᠨ ᠪᠠᠶᠢᠭ᠎ᠠ ᠨᠢᠭᠡᠴᠢ ᠶᠢᠨ ᠡᠷᠳᠡᠮ ᠰᠢᠨᠵᠢᠯᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠵᠤ ᠰᠠᠨᠠᠯ ᠪᠢᠴᠢᠭᠦᠯᠦᠭᠰᠡᠨ ᠤ  ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠳᠤ ᠮᠡᠳᠡᠭᠦᠯᠦᠨ ᠬᠦᠷᠭᠡᠨ᠎ᠡ᠃            ᠠᠷᠪᠠᠳᠤᠭᠠᠷ ᠵᠦᠢᠯ   ᠳᠣᠣᠷᠠᠬᠢ ᠪᠠᠶᠢᠳᠠᠯ ᠤᠳ ᠤᠨ ᠨᠢᠭᠡ ᠨᠢ ᠪᠠᠶᠢᠪᠠᠯ᠂ ᠭᠤᠶᠤᠴᠢᠯᠠᠨ ᠮᠡᠳᠡᠭᠦᠯᠬᠦ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ᠄            ︵ᠨᠢᠭᠡ︶ ᠭᠤᠶᠤᠴᠢᠯᠠᠬᠤ ᠮᠠᠲ᠋ᠧᠷᠢᠶᠠᠯ ᠳᠤ ᠨᠢ ᠬᠤᠳᠠᠯ ᠬᠠᠭᠤᠷᠮᠠᠭ ᠠᠭᠤᠯᠭ᠎ᠠ ᠲᠠᠢ ᠪᠠᠶᠢᠬᠤ︔            ︵ᠬᠤᠶᠠᠷ︶ ᠲᠦᠷᠦᠯ ᠵᠦᠢᠯ ᠭᠤᠶᠤᠴᠢᠯᠠᠭᠴᠢ ᠨᠢ ᠡᠷᠳᠡᠮ ᠰᠢᠨᠵᠢᠯᠡᠭᠡᠨ ᠤ ᠶᠣᠰᠣ ᠰᠤᠷᠲᠠᠬᠤᠨ ᠢ ᠬᠦᠨᠳᠦ ᠨᠣᠴᠢᠲᠠᠢ ᠵᠥᠷᠢᠴᠡᠭᠰᠡᠨ︔            ︵ᠭᠤᠷᠪᠠ︶ ᠲᠦᠷᠦᠯ ᠵᠦᠢᠯ ᠬᠠᠷᠢᠭᠤᠴᠠᠭᠴᠢ ᠨᠢ ᠦᠨᠳᠦᠰᠦᠲᠡᠨ ᠤ ᠵᠥᠪᠯᠡᠯ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠢ ᠳᠠᠭᠠᠭᠠᠴᠢᠯᠠᠭᠰᠠᠨ ᠮᠥᠷᠲᠡᠭᠡᠨ  ᠬᠠᠷᠠᠬᠠᠨ ᠳᠠᠭᠤᠰᠬᠠᠭᠠᠳᠤᠢ ᠪᠠᠶᠢᠬᠤ︔            ︵ᠳᠥᠷᠪᠡ︶  ᠰᠡᠳᠦᠪ ᠤᠨ ᠰᠤᠳᠤᠯᠭᠠᠨ ᠤ ᠳᠤᠭᠤᠶᠢᠯᠠᠩ ᠤᠨ ᠭᠡᠰᠢᠭᠦᠨ ᠠᠳᠠᠯᠢ ᠰᠡᠳᠦᠪ ᠪᠤᠶᠤ ᠠᠭᠤᠯᠭ᠎ᠠ ᠪᠠᠷ ᠨᠢᠭᠡᠨᠲᠡ ᠤᠯᠤᠰ ᠤᠨ ᠪᠠ ᠥᠪᠡᠷᠲᠡᠭᠡᠨ  ᠵᠠᠰᠠᠬᠤ ᠣᠷᠣᠨ ᠤ ᠡᠯ᠎ᠡ ᠲᠦᠷᠦᠯ ᠤᠨ ᠰᠠᠭᠤᠷᠢ ᠮᠥᠩᠭᠦᠨ ᠤ ᠲᠦᠷᠦᠯ ᠵᠦᠢᠯ ᠪᠠᠲᠤᠯᠠᠭᠤᠯᠤᠭᠰᠠᠨ︔              ︵ᠲᠠᠪᠤ︶  ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠰᠤᠳ ᠦᠢᠯᠡ ᠠᠵᠢᠯᠯᠠᠭ᠎ᠠ  ᠲᠠᠢ᠃            ᠠᠷᠪᠠᠨ ᠨᠢᠭᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠢ ᠮᠣᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ  ᠵᠦᠢᠯ ᠢ ᠪᠠᠲᠤᠯᠠᠵᠤ ᠬᠢᠨᠠᠨ ᠰᠢᠯᠭᠠᠷᠠᠭᠤᠯᠬᠤ ᠠᠵᠢᠯ ᠢ ᠬᠠᠷᠢᠭᠤᠴᠠᠵᠤ ᠵᠣᠬᠢᠶᠠᠨ ᠪᠠᠶᠢᠭᠤᠯᠤᠨ᠎ᠠ᠃              ︵ᠨᠢᠭᠡ︶ ᠲᠤᠰ ᠠᠷᠭ᠎ᠠ ᠶᠢᠨ ᠨᠠᠢᠮᠠ ᠠᠴᠠ ᠠᠷᠪᠠᠳᠤᠭᠠᠷ ᠵᠦᠢᠯ ᠤᠨ ᠱᠠᠭᠠᠷᠳᠠᠯᠭ᠎ᠠ ᠶᠣᠰᠣᠭᠠᠷ ᠮᠣᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ  ᠵᠦᠢᠯ  ᠭᠤᠶᠤᠴᠢᠯᠠᠬᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠵᠦᠢᠲᠡᠢ ᠴᠢᠨᠠᠷ᠂ ᠪᠣᠯᠣᠮᠵᠢᠲᠤ ᠴᠢᠨᠠᠷ ᠢ ᠠᠩᠬ᠎ᠠ ᠠᠯᠬᠤᠮ ᠬᠢᠨᠠᠨ᠎ᠠ︔            ︵ᠬᠤᠶᠠᠷ︶ ᠬᠢᠨᠠᠨ ᠰᠢᠯᠭᠠᠷᠠᠭᠤᠯᠬᠤ ᠲᠤᠰᠬᠠᠢ ᠮᠡᠷᠭᠡᠵᠢᠯᠲᠡᠳ ᠤᠨ ᠬᠥᠮᠥᠷᠭᠡ ᠶᠢ ᠵᠣᠬᠢᠶᠠᠨ ᠪᠠᠶᠢᠭᠤᠯᠤᠨ᠎ᠠ᠂ ᠬᠢᠨᠠᠨ ᠰᠢᠯᠭᠠᠷᠠᠭᠤᠯᠬᠤ ᠲᠤᠰᠬᠠᠢ ᠮᠡᠷᠭᠡᠵᠢᠯᠲᠡᠨ  ᠡᠷᠬᠡᠪᠰᠢ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠲᠤᠰᠢᠶᠠᠯ ᠲᠠᠢ ᠪᠠᠶᠢᠵᠤ᠂ ᠬᠢᠨᠠᠨ ᠰᠢᠯᠭᠠᠭᠳᠠᠬᠤ ᠲᠦᠷᠦᠯ ᠵᠦᠢᠯ ᠤᠨ ᠬᠠᠷᠢᠶ᠎ᠠ ᠰᠢᠨᠵᠢᠯᠡᠭᠡᠨ ᠤ ᠲᠤᠰᠬᠠᠢ  ᠮᠡᠷᠭᠡᠵᠢᠯ ᠤᠨ ᠬᠦᠷᠢᠶ᠎ᠡ ᠬᠡᠪᠴᠢᠶ᠎ᠡ ᠶᠢ ᠲᠣᠳᠣᠷᠬᠠᠢ ᠣᠶᠢᠯᠠᠭᠠᠭᠰᠠᠨ ᠪᠠᠶᠢᠬᠤ ᠬᠡᠷᠡᠭᠲᠡᠢ᠃ ᠤᠳᠠᠭ᠎ᠠ ᠪᠦᠷᠢ ᠶᠢᠨ ᠬᠢᠨᠠᠨ ᠰᠢᠯᠭᠠᠷᠠᠭᠤᠯᠤᠯᠲᠠ ᠳᠤ ᠲᠤᠰᠬᠠᠢ  ᠮᠡᠷᠭᠡᠵᠢᠯᠲᠡᠳ ᠤᠨ ᠬᠥᠮᠥᠷᠭᠡ ᠠᠴᠠ 5 - 7 ᠮᠡᠷᠭᠡᠵᠢᠯᠲᠡᠨ ᠢ ᠲᠠᠰᠢᠷᠠᠮ ᠢᠶᠠᠷ ᠰᠣᠩᠭᠤᠨ᠂ ᠬᠢᠨᠠᠨ ᠰᠢᠯᠭᠠᠷᠠᠭᠤᠯᠬᠤ ᠲᠤᠰᠬᠠᠢ ᠮᠡᠷᠭᠡᠵᠢᠯᠲᠡᠨ ᠤ ᠳᠤᠭᠤᠶᠢᠯᠠᠩ  ᠪᠠᠶᠢᠭᠤᠯᠬᠤ ᠶᠢᠨ ᠳᠠᠭᠠᠤ ᠳᠤᠭᠤᠶᠢᠯᠠᠩ ᠤᠨ ᠳᠠᠷᠤᠭ᠎ᠠ ᠶᠢ ᠰᠣᠩᠭᠤᠨ ᠭᠠᠷᠭᠠᠨ᠎ᠠ᠃ ᠬᠢᠨᠠᠨ ᠰᠢᠯᠭᠠᠷᠠᠭᠤᠯᠬᠤ ᠬᠤᠷᠠᠯ ᠢ ᠳᠤᠭᠤᠶᠢᠯᠠᠩ ᠤᠨ ᠳᠠᠷᠤᠭ᠎ᠠ ᠡᠷᠬᠢᠯᠡᠵᠦ᠂  ᠵᠠᠳᠠᠭᠠᠢ ᠬᠠᠭᠤᠳᠠᠰᠤᠨ ᠳᠤ ᠨᠡᠷ᠎ᠡ ᠪᠤᠷᠤᠭᠤᠯᠠᠨ ᠬᠢᠨᠠᠨ ᠰᠢᠯᠭᠠᠷᠠᠭᠤᠯᠬᠤ ᠳᠦᠷᠢᠮ ᠢ ᠬᠡᠷᠡᠭᠵᠢᠭᠦᠯᠵᠦ᠂ ᠬᠢᠨᠠᠨ ᠰᠢᠯᠭᠠᠷᠠᠭᠤᠯᠬᠤ ᠳᠤᠭᠤᠶᠢᠯᠠᠩ ᠤᠨ ᠭᠤᠷᠪᠠᠨ ᠤ  ᠬᠤᠶᠠᠷ ᠠᠴᠠ ᠳᠡᠭᠡᠭᠰᠢᠬᠢ ᠭᠡᠰᠢᠭᠦᠨ ᠲᠦᠷᠦᠯ ᠵᠦᠢᠯ ᠪᠠᠲᠤᠯᠠᠭᠳᠠᠬᠤ ᠶᠢ ᠨᠢ ᠵᠥᠪᠰᠢᠶᠡᠷᠡᠪᠡᠯ ᠰᠠᠶ᠋ᠢ ᠬᠦᠴᠦᠨ ᠲᠠᠢ ᠪᠣᠯᠵᠤ᠂ ᠲᠤᠰᠬᠠᠢ ᠮᠡᠷᠭᠡᠵᠢᠯᠲᠡᠨ ᠤ  ᠳᠤᠭᠤᠶᠢᠯᠠᠩ ᠤᠨ ᠳᠠᠷᠤᠭ᠎ᠠ ᠠᠴᠠ ᠲᠦᠷᠦᠯ ᠵᠦᠢᠯ ᠪᠠᠲᠤᠯᠠᠭᠳᠠᠬᠤ ᠡᠰᠡᠬᠦ ᠰᠠᠨᠠᠯ ᠭᠠᠷᠭᠠᠵᠤ ᠭᠠᠷ ᠤᠨ ᠦᠰᠦᠭ ᠵᠢᠷᠤᠨ᠎ᠠ︔            ︵ᠭᠤᠷᠪᠠ︶ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠢᠨᠠᠨ ᠰᠢᠯᠭᠠᠷᠠᠭᠤᠯᠤᠭᠰᠠᠨ ᠰᠠᠨᠠᠯ ᠢ ᠦᠨᠳᠦᠰᠦᠯᠡᠨ᠂ ᠪᠠᠲᠤᠯᠠᠭᠳᠠᠬᠤ ᠲᠥᠯᠥᠪᠯᠡᠭᠡᠨ ᠳᠤ  ᠣᠷᠣᠭᠰᠠᠨ ᠲᠦᠷᠦᠯ ᠵᠦᠢᠯ ᠤᠨ ᠨᠡᠷᠡᠰ ᠢ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠰᠦᠯᠵᠢᠶᠡᠨ ᠳᠤ 5 ᠠᠵᠢᠯᠯᠠᠬᠤ  ᠡᠳᠦᠷ ᠠᠴᠠ  ᠳᠡᠭᠡᠭᠰᠢ ᠬᠤᠭᠤᠴᠠᠭ᠎ᠠ ᠲᠠᠢ ᠢᠯᠡ ᠪᠠᠷ ᠨᠡᠶᠢᠲᠡᠯᠡᠨ᠎ᠡ︔            ︵ᠳᠥᠷᠪᠡ︶ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠢ ᠢᠯᠡ ᠪᠠᠷ ᠨᠡᠶᠢᠲᠡᠯᠡᠭᠳᠡᠭᠰᠡᠨ  ᠪᠠᠲᠤᠯᠠᠭᠳᠠᠬᠤ ᠲᠥᠯᠥᠪᠯᠡᠭᠡᠨ ᠳᠤ ᠣᠷᠣᠭᠰᠠᠨ  ᠲᠦᠷᠦᠯ ᠵᠦᠢᠯ ᠵᠢᠴᠢ ᠵᠣᠭᠤᠰ ᠢᠶᠠᠷ ᠲᠤᠰᠠᠯᠠᠬᠤ ᠵᠠᠷᠤᠳᠠᠯ ᠤᠨ ᠲᠠᠯ᠎ᠠ ᠪᠠᠷ ᠬᠠᠮᠤᠭ ᠤᠨ ᠡᠴᠦᠰ ᠤᠨ ᠬᠢᠨᠠᠨ ᠵᠥᠪᠰᠢᠶᠡᠷᠡᠬᠦ ᠡᠷᠬᠡ ᠲᠠᠢ᠂ ᠬᠢᠨᠠᠨ ᠵᠥᠪᠰᠢᠶᠡᠷᠡᠭᠳᠡᠭᠰᠡᠨ ᠤ  ᠲᠠᠷᠠᠭ᠎ᠠ᠂ ᠲᠦᠷᠦᠯ ᠵᠦᠢᠯ ᠪᠠᠲᠤᠯᠠᠭᠳᠠᠭᠰᠠᠨ ᠢ ᠴᠠᠭ ᠲᠤᠬᠠᠢ ᠳᠤ ᠨᠢ ᠠᠯᠪᠠᠨ ᠵᠠᠷ ᠢᠶᠠᠷ ᠨᠡᠶᠢᠲᠡᠯᠡᠬᠦ ᠬᠡᠷᠡᠭᠲᠡᠢ᠃      ᠠᠷᠪᠠᠨ ᠬᠤᠶᠠᠳᠤᠭᠠᠷ ᠵᠦᠢᠯ   ᠲᠦᠷᠦᠯ ᠵᠦᠢᠯ ᠪᠠᠲᠤᠯᠠᠬᠤ ᠶᠢ ᠬᠢᠨᠠᠨ ᠰᠢᠯᠭᠠᠷᠠᠭᠤᠯᠬᠤ ᠳᠤ ᠭᠤᠣᠯᠳᠠᠭᠤ ᠳᠣᠣᠷᠠᠬᠢ ᠬᠡᠳᠦᠨ ᠲᠠᠯ᠎ᠠ ᠪᠠᠷ ᠦᠨᠡᠯᠡᠯᠲᠡ ᠬᠢᠵᠦ  ᠮᠠᠭᠠᠳᠯᠠᠬᠤ ᠬᠡᠷᠡᠭᠲᠡᠢ᠄            ︵ᠨᠢᠭᠡ︶ ᠲᠦᠷᠦᠯ ᠵᠦᠢᠯ ᠤᠨ ᠲᠥᠰᠥᠪᠯᠡᠯᠲᠡ ᠶᠢᠨ ᠰᠢᠨᠵᠢᠯᠡᠬᠦ ᠤᠬᠠᠭᠠᠨᠴᠢ ᠴᠢᠨᠠᠷ ᠪᠠ ᠵᠦᠢᠲᠡᠢ ᠴᠢᠨᠠᠷ︔            ︵ᠬᠤᠶᠠᠷ︶ ᠰᠤᠳᠤᠯᠭᠠᠨ ᠤ ᠠᠭᠤᠯᠭ᠎ᠠ ᠶᠢᠨ ᠡᠭᠦᠳᠦᠯᠲᠡ ᠴᠢᠨᠠᠷ ᠪᠠ ᠮᠡᠷᠭᠡᠵᠢᠯ ᠤᠨ ᠠᠷᠭ᠎ᠠ ᠵᠠᠮ ᠤᠨ ᠪᠣᠯᠣᠮᠵᠢᠲᠤ ᠴᠢᠨᠠᠷ︔            ︵ᠭᠤᠷᠪᠠ︶ ᠲᠦᠷᠦᠯ ᠵᠦᠢᠯ ᠬᠠᠷᠢᠭᠤᠴᠠᠭᠴᠢ ᠶᠢᠨ ᠡᠷᠳᠡᠮ ᠰᠢᠨᠵᠢᠯᠡᠭᠡᠨ ᠤ ᠴᠢᠳᠠᠪᠤᠷᠢ ᠪᠠ ᠲᠦᠷᠦᠯ ᠵᠦᠢᠯ ᠤᠨ ᠳᠤᠭᠤᠶᠢᠯᠠᠩ ᠤᠨ ᠭᠡᠰᠢᠭᠦᠳ ᠤᠨ  ᠪᠦᠲᠦᠴᠡ ᠶᠢᠨ ᠲᠣᠬᠢᠷᠠᠮᠵᠢᠲᠤ ᠴᠢᠨᠠᠷ︔            ︵ᠳᠥᠷᠪᠡ︶  ᠬᠠᠮᠢᠶ᠎ᠠ ᠪᠦᠬᠦᠢ ᠡᠷᠳᠡᠮ ᠰᠢᠨᠵᠢᠯᠡᠭᠡᠨ ᠤ ᠨᠥᠬᠦᠴᠡᠯ ᠪᠠ ᠰᠤᠳᠤᠯᠭᠠᠨ ᠤ ᠰᠠᠭᠤᠷᠢ ᠶᠢ ᠪᠦᠷᠢᠯᠳᠦᠭᠦᠯᠦᠭᠰᠡᠨ ᠪᠠᠶᠢᠬᠤ︔            ︵ᠲᠠᠪᠤ︶ ᠲᠦᠷᠦᠯ ᠵᠦᠢᠯ ᠤᠨ ᠰᠤᠳᠤᠯᠭᠠᠨ ᠤ ᠵᠠᠷᠤᠳᠠᠯ ᠤᠨ ᠲᠥᠰᠥᠪ ᠤᠨ ᠵᠦᠢᠲᠡᠢ ᠴᠢᠨᠠᠷ᠃            ᠠᠷᠪᠠᠨ ᠭᠤᠷᠪᠠᠳᠤᠭᠠᠷ ᠵᠦᠢᠯ   ᠬᠢᠨᠠᠨ ᠰᠢᠯᠭᠠᠷᠠᠭᠤᠯᠤᠯᠲᠠ ᠳᠤ ᠣᠷᠤᠯᠴᠠᠬᠤ ᠬᠠᠮᠢᠶ᠎ᠠ ᠪᠦᠬᠦᠢ ᠬᠥᠮᠥᠰ ᠬᠢᠨᠠᠨ ᠰᠢᠯᠭᠠᠷᠠᠭᠤᠯᠤᠯᠲᠠ ᠶᠢᠨ ᠰᠠᠬᠢᠯᠭ᠎ᠠ ᠪᠠᠲᠤ ᠶᠢ  ᠴᠢᠩᠭ᠎ᠠ ᠵᠢᠷᠤᠮᠯᠠᠬᠤ ᠬᠡᠷᠡᠭᠲᠡᠢ᠂ ᠵᠦᠢ ᠪᠤᠰᠤ ᠠᠵᠢᠯᠯᠠᠭ᠎ᠠ ᠲᠠᠢ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠨ᠎ᠡ᠃            ᠠᠷᠪᠠᠨ ᠳᠥᠷᠪᠡᠳᠦᠭᠡᠷ ᠵᠦᠢᠯ   ᠵᠥᠪᠰᠢᠶᠡᠷᠡᠭᠳᠡᠨ ᠪᠠᠲᠤᠯᠠᠭᠳᠠᠭᠰᠠᠨ ᠲᠦᠷᠦᠯ ᠵᠦᠢᠯ ᠳᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠢ  ᠲᠦᠷᠦᠯ ᠵᠦᠢᠯ ᠬᠠᠷᠢᠭᠤᠴᠠᠭᠴᠢ ᠳᠤ ︽ᠮᠣᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠪᠠᠲᠤᠯᠠᠭᠳᠠᠭᠰᠠᠨ ᠮᠡᠳᠡᠭᠳᠡᠯ ᠤᠨ ᠪᠢᠴᠢᠭ︾  ᠭᠠᠷᠳᠠᠭᠤᠯᠤᠨ᠎ᠠ᠃ ᠲᠦᠷᠦᠯ ᠵᠦᠢᠯ ᠪᠠᠲᠤᠯᠠᠭᠤᠯᠤᠭᠰᠠᠨ ᠴᠠᠭ ᠢ ᠲᠦᠷᠦᠯ ᠵᠦᠢᠯ ᠪᠠᠲᠤᠯᠠᠭᠳᠠᠭᠰᠠᠨ ᠮᠡᠳᠡᠭᠳᠡᠯ ᠤᠨ ᠪᠢᠴᠢᠭ ᠪᠠᠭᠤᠯᠭᠠᠭᠰᠠᠨ ᠡᠳᠦᠷ ᠢᠶᠠᠷ ᠪᠠᠷᠢᠮᠵᠢᠶᠠᠯᠠᠨ᠎ᠠ  ᠃            ᠠᠷᠪᠠᠨ ᠲᠠᠪᠤᠳᠤᠭᠠᠷ ᠵᠦᠢᠯ   ᠲᠦᠷᠦᠯ ᠵᠦᠢᠯ ᠬᠠᠷᠢᠭᠤᠴᠠᠭᠴᠢ ᠲᠦᠷᠦᠯ ᠵᠦᠢᠯ ᠪᠠᠲᠤᠯᠠᠭᠳᠠᠭᠰᠠᠨ ᠮᠡᠳᠡᠭᠳᠡᠯ ᠤᠨ ᠪᠢᠴᠢᠭ ᠢ  ᠭᠠᠷᠲᠠᠭᠰᠠᠨ ᠤ ᠳᠠᠷᠠᠭ᠎ᠠ  ᠲᠣᠭᠲᠠᠭᠠᠭᠰᠠᠨ ᠬᠤᠭᠤᠴᠠᠭᠠᠨ ᠳᠤ ︽ᠮᠣᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠤᠨ ᠵᠥᠪᠯᠡᠯᠴᠡᠭᠡᠷ ᠤᠨ ᠪᠢᠴᠢᠭ︾  ︵ᠳᠣᠷᠣᠭᠰᠢ  ᠵᠥᠪᠯᠡᠯᠴᠡᠭᠡᠷ ᠤᠨ ᠪᠢᠴᠢᠭ ᠭᠡᠵᠦ ᠲᠣᠪᠴᠢᠯᠠᠨ᠎ᠠ︶ ᠢ ᠲᠠᠭᠯᠠᠵᠤ᠂ ᠭᠠᠷ ᠤᠨ ᠦᠰᠦᠭ ᠢᠶᠠᠨ ᠵᠢᠷᠤᠭᠰᠠᠨ ᠤ ᠳᠠᠷᠠᠭ᠎ᠠ ᠪᠠᠶᠢᠭ᠎ᠠ ᠨᠢᠭᠡᠴᠢ ᠶᠢᠨ ᠡᠷᠳᠡᠮ ᠰᠢᠨᠵᠢᠯᠡᠭᠡᠨ ᠤ  ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠳᠤ ᠮᠡᠳᠡᠭᠦᠯᠦᠨ᠂ ᠬᠢᠨᠠᠨ ᠬᠠᠷᠭᠤᠭᠤᠯᠵᠤ ᠲᠠᠮᠠᠭ᠎ᠠ  ᠳᠠᠷᠤᠭᠤᠯᠬᠤ ᠬᠡᠷᠡᠭᠲᠡᠢ᠂ ᠬᠤᠭᠤᠴᠠᠭ᠎ᠠ ᠥᠩᠭᠡᠷᠡᠭᠡᠵᠦ ᠦᠯᠤ ᠮᠡᠳᠡᠭᠦᠯᠦᠭᠰᠡᠳ ᠢ ᠥᠪᠡᠷ ᠢᠶᠠᠨ ᠡᠷᠬᠡ ᠪᠠᠨ ᠲᠠᠶᠠᠭᠳᠠᠭᠰᠠᠨ ᠢᠶᠠᠷ ᠦᠵᠡᠨ᠎ᠡ᠃ ︽ᠵᠥᠪᠯᠡᠯᠴᠡᠭᠡᠷ ᠤᠨ  ᠪᠢᠴᠢᠭ︾ ᠪᠣᠯ ᠲᠦᠷᠦᠯ ᠵᠦᠢᠯ ᠢ ᠬᠠᠮᠢᠶᠠᠷᠬᠤ ᠴᠢᠬᠤᠯᠠ ᠦᠨᠳᠦᠰᠦᠯᠡᠯ ᠪᠤᠯᠬᠤ ᠲᠤᠯᠠ  ᠬᠤᠯᠪᠣᠭᠳᠠᠯ ᠪᠦᠬᠦᠢ ᠲᠠᠯ᠎ᠠ ᠶᠢᠨ ᠬᠢᠨ ᠭᠡᠷ᠎ᠡ ᠶᠢᠨ ᠲᠣᠭᠲᠠᠭᠠᠯ ᠤᠳ ᠢ  ᠴᠢᠩᠭ᠎ᠠ ᠭᠦᠢᠴᠡᠳᠬᠡᠬᠦ ᠬᠡᠷᠡᠭᠲᠡᠢ᠃      ᠭᠤᠷᠪᠠᠳᠤᠭᠠᠷ ᠪᠦᠯᠦᠭ      ᠶᠠᠪᠤᠴᠠ ᠶᠢᠨ ᠬᠠᠮᠢᠶᠠᠷᠤᠯᠲᠠ ᠪᠠ ᠲᠦᠷᠦᠯ ᠵᠦᠢᠯ ᠤᠨ ᠳᠠᠭᠤᠰᠬᠠᠯᠳᠠ                    ᠠᠷᠪᠠᠨ ᠵᠢᠷᠭᠤᠳᠤᠭᠠᠷ ᠵᠦᠢᠯ   ᠮᠣᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠤᠨ ᠰᠤᠳᠤᠯᠭᠠᠨ ᠤ ᠬᠤᠭᠤᠴᠠᠭ᠎ᠠ ᠶᠢ ᠡᠩ ᠤᠨ  ᠪᠠᠶᠢᠳᠠᠯ ᠳᠤ 1 ᠵᠢᠯ ᠤᠨ ᠬᠤᠭᠤᠴᠠᠭ᠎ᠠ ᠪᠠᠷ ᠬᠢᠵᠠᠭᠠᠷᠯᠠᠵᠤ᠂ ᠬᠠᠮᠤᠭ ᠤᠨ ᠤᠷᠳᠦ  ᠳᠤ ᠪᠠᠨ 1 ᠵᠢᠯ ᠬᠠᠭᠠᠰ ᠠᠴᠠ ᠬᠡᠲᠦᠷᠡᠭᠦᠯᠵᠦ ᠪᠤᠯᠬᠤ ᠦᠭᠡᠢ᠃            ᠠᠷᠪᠠᠨ ᠳᠣᠯᠣᠳᠤᠭᠠᠷ ᠵᠦᠢᠯ    ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠢ ᠰᠡᠳᠦᠪ ᠤᠨ ᠠᠬᠢᠴᠠ ᠶᠢᠨ ᠪᠠᠶᠢᠳᠠᠯ ᠢ ᠰᠤᠭᠤᠴᠢᠨ  ᠪᠠᠶᠢᠴᠠᠭᠠᠨ᠎ᠠ᠃ ᠲᠦᠷᠦᠯ ᠵᠦᠢᠯ ᠬᠠᠷᠢᠭᠤᠴᠠᠭᠴᠢ ᠶᠢᠨ ᠪᠠᠶᠢᠭ᠎ᠠ ᠨᠢᠭᠡᠴᠢ ᠨᠢ ᠲᠦᠷᠦᠯ ᠵᠦᠢᠯ ᠤᠨ  ᠬᠡᠷᠡᠭᠵᠢᠭᠦᠯᠬᠦ ᠶᠠᠪᠤᠴᠠ ᠶᠢ ᠬᠠᠮᠢᠶᠠᠷᠬᠤ ᠬᠡᠷᠡᠭᠲᠡᠢ᠃            ᠠᠷᠪᠠᠨ ᠨᠠᠢᠮᠠᠳᠤᠭᠠᠷ ᠵᠦᠢᠯ   ᠳᠣᠣᠷᠠᠬᠢ ᠪᠠᠶᠢᠳᠠᠯ ᠤᠳ ᠤᠨ ᠨᠢᠭᠡ ᠨᠢ ᠪᠠᠶᠢᠪᠠᠯ᠂ ᠲᠦᠷᠦᠯ ᠵᠦᠢᠯ ᠬᠠᠷᠢᠭᠤᠴᠠᠭᠴᠢ ᠠᠴᠠ ᠪᠢᠴᠢᠭ ᠢᠶᠠᠷ ᠭᠤᠶᠤᠴᠢᠯᠠᠯ  ᠳᠡᠪᠰᠢᠭᠦᠯᠬᠦ ᠶᠢᠨ ᠬᠠᠮᠲᠤ᠂ ᠪᠠᠶᠢᠭ᠎ᠠ ᠨᠢᠭᠡᠴᠢ ᠢᠶᠠᠷ ᠵᠥᠪᠰᠢᠶᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠳᠤ ᠮᠡᠳᠡᠭᠦᠯᠦᠨ ᠬᠢᠨᠠᠨ  ᠵᠥᠪᠰᠢᠶᠡᠷᠡᠭᠦᠯᠬᠦ ᠬᠡᠷᠡᠭᠲᠡᠢ᠄            ︵ᠨᠢᠭᠡ︶ ᠲᠦᠷᠦᠯ ᠵᠦᠢᠯ ᠬᠠᠷᠢᠭᠤᠴᠠᠭᠴᠢ ᠶᠢ ᠰᠣᠯᠢᠬᠤ︔            ︵ᠬᠤᠶᠠᠷ︶ ᠲᠦᠷᠦᠯ ᠵᠦᠢᠯ ᠤᠨ ᠨᠡᠷᠡᠶᠢᠳᠦᠯ ᠢ ᠬᠠᠯᠠᠬᠤ︔            ︵ᠭᠤᠷᠪᠠ︶ ᠲᠦᠷᠦᠯ ᠵᠦᠢᠯ ᠤᠨ ᠡᠴᠦᠰ ᠤᠨ ᠦᠷ᠎ᠡ ᠪᠦᠲᠦᠭᠡᠯ ᠤᠨ ᠬᠡᠯᠪᠡᠷᠢ ᠶᠢ ᠬᠤᠪᠢᠷᠠᠭᠤᠯᠬᠤ︔            ︵ᠳᠥᠷᠪᠡ︶ ᠲᠦᠷᠦᠯ ᠵᠦᠢᠯ ᠤᠨ ᠰᠤᠳᠤᠯᠭᠠᠨ ᠤ ᠠᠭᠤᠯᠭ᠎ᠠ ᠶᠢ ᠬᠤᠪᠢᠷᠠᠭᠤᠯᠬᠤ︔            ︵ᠲᠠᠪᠤ︶ ᠲᠦᠷᠦᠯ ᠵᠦᠢᠯ ᠤᠨ ᠬᠠᠮᠢᠶᠠᠷᠤᠯᠲᠠ ᠶᠢᠨ ᠨᠢᠭᠡᠴᠢ ᠶᠢ ᠰᠣᠯᠢᠬᠤ︔            ︵ᠵᠢᠷᠭᠤᠭ᠎ᠠ︶ ᠲᠦᠷᠦᠯ ᠵᠦᠢᠯ ᠤᠨ ᠬᠤᠭᠤᠴᠠᠭ᠎ᠠ ᠶᠢ ᠤᠷᠲᠤᠳᠬᠠᠬᠤ ᠪᠠᠷ ᠭᠤᠶᠤᠴᠢᠯᠠᠬᠤ︔            ︵ᠲᠤᠯᠤᠭ᠎ᠠ︶ ᠲᠦᠷᠦᠯ ᠵᠦᠢᠯ ᠢ ᠬᠦᠴᠦᠨ ᠦᠭᠡᠢ ᠪᠤᠯᠭᠠᠬᠤ ᠪᠠᠷ ᠭᠤᠶᠤᠴᠢᠯᠠᠬᠤ᠃      ᠠᠷᠪᠠ ᠶᠢᠰᠦᠳᠦᠭᠡᠷ ᠵᠦᠢᠯ   ᠲᠦᠷᠦᠯ ᠵᠦᠢᠯ ᠢ ᠬᠡᠷᠡᠭᠵᠢᠭᠦᠯᠬᠦ ᠶᠠᠪᠤᠴᠠ ᠳᠤ ᠳᠣᠣᠷᠠᠬᠢ ᠪᠠᠶᠢᠳᠠᠯ ᠭᠠᠷᠪᠠᠯ᠂ ᠥᠪᠡᠷᠲᠡᠭᠡᠨ ᠵᠠᠰᠠᠬᠤ ᠣᠷᠣᠨ ᠤ  ᠦᠨᠳᠦᠰᠦᠲᠡᠨ ᠤ ᠵᠥᠪᠯᠡᠯ ᠨᠢ ᠲᠦᠷᠦᠯ ᠵᠦᠢᠯ ᠢ ᠬᠦᠴᠦᠨ ᠦᠭᠡᠢ ᠪᠤᠯᠭᠠᠵᠤ᠂  ᠵᠠᠷᠤᠳᠠᠯ  ᠰᠠᠯᠭᠠᠵᠤ ᠥᠭᠬᠦ ᠶᠢ ᠵᠣᠭᠰᠣᠭᠠᠵᠤ ᠪᠣᠯᠣᠨ᠎ᠠ᠃            ︵ᠨᠢᠭᠡ︶ ᠲᠦᠷᠦᠯ ᠵᠦᠢᠯ ᠬᠠᠷᠢᠭᠤᠴᠠᠭᠴᠢ ᠨᠢ ᠡᠯ᠎ᠡ ᠵᠦᠢᠯ ᠤᠨ ᠰᠢᠯᠲᠠᠭᠠᠨ ᠠᠴᠠ ᠪᠣᠯᠵᠤ ᠲᠦᠷᠦᠯ ᠵᠦᠢᠯ ᠤᠨ ᠰᠤᠳᠤᠯᠭᠠᠨ ᠢ ᠦᠷᠭᠦᠯᠵᠢᠯᠡᠨ ᠬᠢᠵᠦ  ᠲᠡᠶᠢᠯᠬᠦ ᠦᠭᠡᠢ ᠪᠣᠯᠤᠭᠰᠠᠨ︔            ︵ᠬᠤᠶᠠᠷ︶ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠭᠰᠡᠨ ᠦᠭᠡᠢ ᠮᠥᠷᠲᠡᠭᠡᠨ ᠤᠷᠲᠤᠳᠬᠠᠭᠰᠠᠨ ᠬᠤᠭᠤᠴᠠᠭ᠎ᠠ ︵ᠬᠠᠮᠤᠭ ᠤᠨ ᠤᠷᠳᠤ ᠳᠤ ᠪᠠᠨ 6 ᠰᠠᠷ᠎ᠠ ᠠᠴᠠ ᠬᠡᠲᠦᠷᠡᠵᠦ ᠪᠤᠯᠬᠤ ᠦᠭᠡᠢ︶ ᠳᠠᠭᠤᠰᠤᠭᠰᠠᠨ ᠤ ᠳᠠᠷᠠᠭ᠎ᠠ ᠰᠢᠯᠭᠠᠨ ᠬᠤᠷᠢᠶᠠᠵᠤ ᠠᠪᠬᠤ ᠳᠤ ᠮᠥᠨ ᠯᠡ ᠬᠢᠷᠢ ᠲᠡᠩᠴᠡᠭᠰᠡᠨ ᠦᠭᠡᠢ ᠪᠠᠶᠢᠬᠤ︔            ︵ᠭᠤᠷᠪᠠ︶  ᠲᠤᠰ ᠠᠷᠭ᠎ᠠ ᠶᠢᠨ ᠠᠷᠪᠠᠳᠤᠭᠠᠷ ᠵᠦᠢᠯ ᠳᠤ ᠲᠣᠭᠲᠠᠭᠠᠭᠰᠠᠨ ᠪᠠᠶᠢᠳᠠᠯ ᠤᠨ ᠨᠢᠭᠡ ᠨᠢ  ᠪᠠᠶᠢᠬᠤ᠃          ᠬᠤᠷᠢᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠢ ᠬᠢᠨᠠᠨ ᠰᠢᠯᠭᠠᠷᠠᠭᠤᠯᠬᠤ ᠲᠤᠰᠬᠠᠢ ᠮᠡᠷᠭᠡᠵᠢᠯᠲᠡᠨ ᠤ ᠬᠥᠮᠥᠷᠭᠡ ᠠᠴᠠ  ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢ ᠲᠠᠰᠢᠷᠠᠮ ᠢᠶᠠᠷ ᠰᠣᠩᠭᠤᠨ᠂ ᠲᠦᠷᠦᠯ ᠵᠦᠢᠯ ᠤᠨ ᠰᠤᠳᠤᠯᠭᠠᠨ ᠤ ᠡᠴᠦᠰ ᠤᠨ ᠦᠷ᠎ᠡ ᠪᠦᠲᠦᠭᠡᠯ ᠳᠤ ᠬᠢᠨᠠᠨ ᠲᠣᠭᠲᠠᠭᠠᠯᠲᠠ  ᠬᠢᠯᠭᠡᠨ᠎ᠡ᠃            ︵ᠨᠢᠭᠡ︶ ᠲᠦᠷᠦᠯ ᠵᠦᠢᠯ ᠤᠨ ᠰᠤᠳᠤᠯᠭᠠᠨ ᠤ ᠠᠵᠢᠯ ᠳᠠᠭᠤᠰᠤᠭᠰᠠᠨ ᠤ ᠳᠠᠷᠠᠭ᠎ᠠ᠂ ᠲᠦᠷᠦᠯ ᠵᠦᠢᠯ ᠬᠠᠷᠢᠭᠤᠴᠠᠭᠴᠢ ᠠᠴᠠ ︽ᠲᠦᠷᠦᠯ ᠵᠦᠢᠯ ᠤᠨ ᠬᠢᠨᠠᠨ  ᠲᠣᠭᠲᠠᠭᠠᠯᠲᠠ ᠶᠢᠨ ᠭᠤᠶᠤᠴᠢᠯᠠᠯ ᠤᠨ ᠬᠦᠰᠦᠨᠦᠭᠲᠦ︾ ᠶᠢ ᠲᠠᠭᠯᠠᠬᠤ ᠶᠢᠨ ᠬᠠᠮᠲᠤ᠂ ᠬᠠᠮᠢᠶ᠎ᠠ ᠪᠦᠬᠦᠢ ᠮᠠᠲ᠋ᠧᠷᠢᠶᠠᠯ ᠢᠶᠠᠨ ᠬᠠᠩᠭᠠᠵᠤ᠂ ᠪᠠᠶᠢᠭ᠎ᠠ ᠨᠢᠭᠡᠴᠢ ᠶᠢᠨ ᠡᠷᠳᠡᠮ  ᠰᠢᠨᠵᠢᠯᠡᠭᠡᠨ ᠪᠠ ᠡᠳ᠋ ᠤᠨ ᠵᠠᠰᠠᠭ ᠤᠨ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠠᠳ ᠬᠢᠷᠢ ᠲᠡᠩᠴᠡᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ  ᠦᠨᠳᠦᠰᠦᠲᠡᠨ ᠤ ᠵᠥᠪᠯᠡᠯ ᠳᠤ ᠮᠡᠳᠡᠭᠦᠯᠦᠨ ᠬᠦᠷᠭᠡᠨ᠎ᠡ︔            ︵ᠬᠤᠶᠠᠷ︶ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠢ ᠡᠭᠦᠷᠭᠡ ᠴᠢᠳᠠᠪᠤᠷᠢᠲᠤ ᠭᠠᠵᠠᠷ ᠲᠠᠰᠤᠭ ᠢ ᠱᠠᠭᠠᠷᠳᠠᠵᠤ ︽ᠲᠦᠷᠦᠯ ᠵᠦᠢᠯ ᠤᠨ  ᠬᠢᠨᠠᠨ ᠲᠣᠭᠲᠠᠭᠠᠯᠲᠠ ᠶᠢᠨ ᠭᠤᠶᠤᠴᠢᠯᠠᠯ ᠤᠨ ᠬᠦᠰᠦᠨᠦᠭᠲᠦ︾ ᠪᠠ  ᠬᠠᠮᠢᠶ᠎ᠠ ᠪᠦᠬᠦᠢ ᠮᠠᠲ᠋ᠧᠷᠢᠶᠠᠯ ᠳᠤ ᠬᠢᠨᠠᠨ ᠪᠠᠶᠢᠴᠠᠭᠠᠯᠲᠠ ᠬᠢᠯᠭᠡᠵᠦ᠂ ᠬᠢᠨᠠᠨ ᠪᠠᠶᠢᠴᠠᠭᠠᠳ ᠬᠢᠷᠢ  ᠲᠡᠩᠴᠡᠭᠰᠡᠨ ᠢ ᠲᠤᠰᠬᠠᠢ ᠮᠡᠷᠭᠡᠵᠢᠯᠲᠡᠨ ᠤ ᠳᠤᠭᠤᠶᠢᠯᠠᠩ ᠳᠤ ᠬᠦᠷᠭᠡᠵᠦ ᠬᠢᠨᠠᠨ ᠲᠣᠭᠲᠠᠭᠠᠯᠲᠠ ᠬᠢᠯᠭᠡᠨ᠎ᠡ︔            ︵ᠭᠤᠷᠪᠠ︶ ᠲᠤᠰᠬᠠᠢ ᠮᠡᠷᠭᠡᠵᠢᠯᠲᠡᠨ ᠤ ᠳᠤᠭᠤᠶᠢᠯᠠᠩ ᠨᠢ ᠲᠦᠷᠦᠯ ᠵᠦᠢᠯ ᠤᠨ ᠦᠷ᠎ᠡ ᠪᠦᠲᠦᠭᠡᠯ ᠤᠨ ᠲᠤᠬᠠᠢ ᠪᠠᠲᠤᠯᠠᠬᠤ ᠡᠰᠡᠬᠦ ᠪᠠ ᠲᠣᠬᠢᠷᠠᠮᠵᠢᠲᠠᠢ ᠳᠡᠰ  ᠦᠨᠡᠯᠡᠬᠦ ᠬᠢᠨᠠᠨ ᠲᠣᠭᠲᠠᠭᠠᠯᠲᠠ ᠶᠢᠨ ᠰᠠᠨᠠᠯ ᠢᠶᠠᠨ ᠳᠤᠷᠠᠳᠤᠨ ᠭᠠᠷᠭᠠᠬᠤ ᠬᠡᠷᠡᠭᠲᠡᠢ᠃ ᠬᠢᠨᠠᠨ ᠲᠣᠭᠲᠠᠭᠠᠬᠤ ᠲᠠᠰ ᠢ ᠶᠡᠷᠦ ᠳᠤ ᠪᠠᠨ ᠰᠢᠯᠢᠳᠡᠭ᠂ ᠰᠠᠶᠢᠨ᠂ ᠬᠢᠷᠢ  ᠲᠡᠩᠴᠡᠭᠰᠡᠨ ᠭᠡᠵᠦ ᠬᠤᠪᠢᠶᠠᠨ᠎ᠠ︔            ︵ᠳᠥᠷᠪᠡ︶ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠢ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠯᠲᠠ ᠶᠢᠨ ᠰᠠᠨᠠᠯ ᠢ  ᠬᠤᠷᠢᠶᠠᠩᠭᠤᠶᠢᠯᠠᠨ᠂ ᠲᠦᠷᠦᠯ ᠵᠦᠢᠯ ᠢ ᠳᠠᠭᠤᠰᠬᠠᠵᠤ ᠪᠣᠯᠬᠤ ᠡᠰᠡᠬᠦ ᠪᠠ ᠲᠣᠬᠢᠷᠠᠮᠵᠢᠲᠠᠢ ᠵᠡᠷᠭᠡ ᠳᠡᠰ ᠦᠨᠡᠯᠡᠬᠦ ᠬᠢᠨᠠᠨ ᠲᠣᠭᠲᠠᠭᠠᠯᠲᠠ ᠶᠢᠨ ᠰᠢᠢᠳᠪᠦᠷᠢ ᠶᠢ ᠳᠤᠷᠠᠳᠤᠨ  ᠭᠠᠷᠭᠠᠬᠤ ᠶᠢᠨ ᠬᠠᠮᠲᠤ᠂ ᠨᠡᠶᠢᠳᠡ ᠳᠤ ᠵᠠᠷᠯᠠᠭᠰᠠᠨ ᠤ ᠲᠠᠷᠠᠭ᠎ᠠ ᠣᠨᠳᠣᠣ ᠰᠠᠨᠠᠯ ᠦᠭᠡᠢ ᠪᠣᠯ ᠲᠦᠷᠦᠯ ᠵᠦᠢᠯ ᠤᠨ ᠬᠠᠷᠢᠭᠤᠴᠠᠭᠴᠢ ᠪᠠ ᠲᠡᠭᠦᠨ ᠤ ᠪᠠᠶᠢᠭ᠎ᠠ ᠨᠢᠭᠡᠴᠢ ᠶᠢᠨ ᠡᠷᠳᠡᠮ ᠰᠢᠨᠵᠢᠯᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠳᠡᠨ᠎ᠡ᠃ ᠬᠢᠨᠠᠨ ᠲᠣᠭᠲᠠᠭᠠᠯᠲᠠ ᠳᠤ ᠰᠢᠯᠢᠳᠡᠭ ᠢᠶᠠᠷ ᠦᠨᠡᠯᠡᠭᠳᠡᠭᠰᠡᠨ ᠲᠦᠷᠦᠯ ᠵᠦᠢᠯ  ᠬᠠᠷᠢᠭᠤᠴᠠᠭᠴᠢ ᠳᠠᠬᠢᠨᠲᠠ ᠰᠢᠨ᠎ᠡ ᠰᠡᠳᠦᠪ  ᠭᠤᠶᠤᠴᠢᠯᠠᠬᠤ ᠦᠶ᠎ᠡ ᠳᠤ ᠨᠢ ᠤᠷᠢᠳ ᠢᠶᠠᠷ ᠪᠣᠳᠣᠯᠬᠢᠯᠠᠨ᠎ᠠ᠃            ᠬᠤᠷᠢᠨ ᠨᠢᠭᠡᠳᠦᠭᠡᠷ ᠵᠦᠢᠯ   ᠦᠷ᠎ᠡ ᠪᠦᠲᠦᠭᠡᠯ ᠨᠢ ᠬᠢᠨᠠᠨ ᠲᠣᠭᠲᠠᠭᠠᠯᠲᠠ ᠳᠤ ᠪᠠᠲᠤᠯᠠᠭᠳᠠᠭᠰᠠᠨ ᠦᠭᠡᠢ ᠪᠣᠯ᠂ 6 ᠰᠠᠷ᠎ᠠ ᠶᠢᠨ ᠬᠤᠭᠤᠴᠠᠭᠠᠨ ᠳᠤ ᠲᠦᠷᠦᠯ  ᠵᠦᠢᠯ ᠤᠨ ᠳᠤᠭᠤᠶᠢᠯᠠᠩ ᠦᠷ᠎ᠡ ᠪᠦᠲᠦᠭᠡᠯ ᠳᠤ ᠪᠠᠨ ᠵᠠᠰᠠᠪᠤᠷᠢ ᠣᠷᠣᠭᠤᠯᠤᠭᠰᠠᠨ ᠤ ᠳᠠᠷᠠᠭ᠎ᠠ ᠲᠠᠬᠢᠨ ᠬᠢᠨᠠᠨ ᠲᠣᠭᠲᠠᠭᠠᠯᠲᠠ ᠬᠢᠯᠭᠡᠬᠦ  ᠭᠤᠶᠤᠴᠢᠯᠠᠯ ᠭᠠᠷᠭᠠᠬᠤ ᠶᠢ  ᠵᠥᠪᠰᠢᠶᠡᠷᠡᠨ᠎ᠡ᠃ ᠲᠠᠬᠢᠨ ᠬᠢᠨᠠᠨ ᠲᠣᠭᠲᠠᠭᠠᠯᠲᠠ ᠬᠢᠯᠭᠡᠭᠡᠳ ᠮᠥᠨ ᠯᠠ ᠪᠠᠲᠤᠯᠠᠭᠳᠠᠭᠰᠠᠨ ᠦᠭᠡᠢ ᠪᠠᠶᠢᠪᠠᠯ᠂ ᠲᠦᠷᠦᠯ ᠵᠦᠢᠯ ᠢ ᠬᠦᠴᠦᠨ ᠦᠭᠡᠢ ᠪᠣᠯᠭᠠᠬᠤ ᠪᠠᠷ  ᠰᠢᠢᠳᠪᠦᠷᠢᠯᠡᠵᠦ᠂ ᠰᠦᠯᠵᠢᠶᠡᠨ ᠳᠤ ᠨᠡᠶᠢᠲᠡᠯᠡᠨ᠎ᠡ᠃ ᠲᠤᠰ ᠲᠦᠷᠦᠯ ᠵᠦᠢᠯ ᠤᠨ ᠬᠠᠷᠢᠭᠤᠴᠠᠭᠴᠢ ᠵᠢᠴᠢ  ᠳᠤᠭᠤᠶᠢᠯᠠᠩ ᠤᠨ ᠭᠡᠰᠢᠭᠦᠳ ᠨᠢ 3 ᠵᠢᠯ ᠤᠨ ᠳᠣᠲᠣᠷ᠎ᠠ  ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠡᠷᠳᠡᠮ ᠰᠢᠨᠵᠢᠯᠡᠭᠡᠨ ᠤ ᠲᠦᠷᠦᠯ ᠵᠦᠢᠯ ᠢ  ᠭᠤᠶᠤᠴᠢᠯᠠᠵᠤ  ᠪᠤᠯᠬᠤ ᠦᠭᠡᠢ᠃            ᠬᠤᠷᠢᠨ ᠬᠤᠶᠠᠳᠤᠭᠠᠷ ᠵᠦᠢᠯ   ᠡᠴᠦᠰ ᠤᠨ ᠦᠷ᠎ᠡ ᠪᠦᠲᠦᠭᠡᠯ ᠬᠢᠨᠠᠨ ᠲᠣᠭᠲᠠᠭᠠᠯᠲᠠ ᠳᠤ ᠪᠠᠲᠤᠯᠠᠭᠳᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ  ᠦᠨᠳᠦᠰᠦᠲᠡᠨ ᠤ ᠵᠥᠪᠯᠡᠯ ᠤᠨ ᠡᠭᠦᠷᠭᠡ ᠴᠢᠳᠠᠪᠤᠷᠢᠲᠤ ᠭᠠᠵᠠᠷ ᠲᠠᠰᠤᠭ ᠨᠢ ᠲᠦᠷᠦᠯ ᠵᠦᠢᠯ ᠢ ᠰᠢᠯᠭᠠᠨ ᠬᠤᠷᠢᠶᠠᠵᠤ ᠳᠠᠭᠤᠰᠬᠠᠬᠤ ᠵᠦᠢᠯᠡᠰ ᠭᠦᠢᠴᠡᠳᠬᠡᠬᠦ ᠶᠢ  ᠬᠠᠷᠢᠭᠤᠴᠠᠬᠤ ᠶᠢᠨ ᠬᠠᠮᠲᠤ᠂ ᠲᠦᠷᠦᠯ ᠵᠦᠢᠯ ᠳᠠᠭᠤᠰᠬᠠᠭᠰᠠᠨ ᠦᠨᠡᠮᠯᠡᠯ ᠣᠯᠭᠤᠵᠤ᠂ ᠲᠦᠷᠦᠯ ᠵᠦᠢᠯ ᠤᠨ ᠦᠯᠡᠳᠡᠭᠰᠡᠨ ᠵᠠᠷᠤᠳᠠᠯ ᠢ ᠰᠠᠯᠭᠠᠨ ᠥᠭᠴᠦ᠂  ᠰᠢᠯᠭᠠᠨ  ᠬᠤᠷᠢᠶᠠᠵᠤ ᠠᠪᠤᠭᠰᠠᠨ ᠲᠦᠷᠦᠯ ᠵᠦᠢᠯ ᠢ ᠳᠠᠭᠤᠰᠬᠠᠭᠰᠠᠨ ᠪᠠᠶᠢᠳᠠᠯ ᠢ ᠨᠡᠶᠢᠲᠡᠯᠡᠨ᠎ᠡ᠃ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ ᠲᠦᠷᠦᠯ ᠵᠦᠢᠯ ᠢ ᠳᠠᠭᠤᠰᠬᠠᠬᠤ  ᠦᠭᠡᠢ᠄      ︵ᠨᠢᠭᠡ︶ ᠦᠷ᠎ᠡ ᠪᠦᠲᠦᠭᠡᠯ ᠨᠢ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠯᠲᠠ ᠳᠤ ᠪᠠᠲᠤᠯᠠᠭᠳᠠᠭᠰᠠᠨ ᠦᠭᠡᠢ ᠪᠠᠶᠢᠬᠤ︔            ︵ᠬᠤᠶᠠᠷ︶ ᠪᠤᠰᠤᠳ ᠤᠨ ᠦᠷ᠎ᠡ ᠪᠦᠲᠦᠭᠡᠯ ᠢ ᠬᠤᠯᠠᠭᠠᠶᠢᠯᠠᠭᠰᠠᠨ ᠪᠠᠶᠢᠬᠤ︔            ︵ᠭᠤᠷᠪᠠ︶ ︽ᠵᠥᠪᠯᠡᠯᠴᠡᠭᠡᠷ ᠤᠨ ᠪᠢᠴᠢᠭ︾ ᠲᠠᠬᠢ ᠲᠦᠷᠦᠯ ᠵᠦᠢᠯ ᠤᠨ ᠰᠤᠳᠤᠯᠭᠠᠨ ᠤ ᠲᠥᠯᠥᠪᠯᠡᠭᠡᠨ ᠤ ᠡᠭᠦᠷᠭᠡ ᠲᠠᠢ ᠪᠠᠨ ᠦᠯᠦ ᠨᠡᠶᠢᠴᠡᠬᠦ︔            ︵ᠳᠥᠷᠪᠡ︶ ᠬᠤᠭᠤᠴᠠᠭ᠎ᠠ ᠬᠡᠲᠦᠷᠡᠭᠰᠡᠨ ᠪᠠᠶᠢᠲᠠᠯ᠎ᠠ ᠤᠷᠲᠤᠳᠬᠠᠬᠤ ᠭᠤᠶᠤᠴᠢᠯᠠᠯ ᠲᠤᠰᠢᠶᠠᠭᠰᠠᠨ ᠦᠭᠡᠢ ᠪᠤᠶᠤ ᠤᠷᠲᠤᠳᠬᠠᠭᠰᠠᠨ ᠬᠤᠭᠤᠴᠠᠭᠠᠨ ᠳᠤ ᠪᠠᠨ  ᠮᠥᠨ ᠯᠠ ᠡᠰᠡ ᠪᠡᠶᠡᠯᠡᠭᠦᠯᠵᠦ ᠳᠡᠶᠢᠯᠦᠭᠰᠡᠨ︔            ︵ᠲᠠᠪᠤ︶ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠪᠠᠶᠢᠬᠤ︔            ︵ᠵᠢᠷᠭᠤᠭ᠎ᠠ︶ ᠲᠤᠰ ᠠᠷᠭ᠎ᠠ ᠶᠢᠨ ᠪᠤᠰᠤᠳ ᠲᠣᠭᠲᠠᠭᠠᠯ ᠢ ᠵᠥᠷᠢᠴᠡᠭᠰᠡᠨ ᠪᠠᠶᠢᠳᠠᠯ ᠲᠠᠢ᠃            ᠬᠤᠷᠢᠨ ᠭᠤᠷᠪᠠᠳᠤᠭᠠᠷ ᠵᠦᠢᠯ   ᠡᠴᠦᠰ ᠤᠨ ᠦᠷ᠎ᠡ ᠪᠦᠲᠦᠭᠡᠯ ᠤᠨ ᠬᠡᠯᠪᠡᠷᠢ ᠨᠢ ᠥᠭᠦᠯᠡᠯ᠂ ᠪᠠᠶᠢᠴᠠᠭᠠᠨ ᠰᠤᠳᠤᠯᠤᠭᠰᠠᠨ ᠮᠡᠳᠡᠭᠦᠯᠦᠯᠲᠡ᠂ ᠳ᠋ᠠᠶᠢᠲ᠋ᠠ  ᠬᠥᠮᠥᠷᠭᠡ᠂ ᠲᠤᠰᠬᠠᠢ ᠵᠣᠬᠢᠶᠠᠯ ᠵᠡᠷᠭᠡ ᠪᠠᠶᠢᠵᠤ ᠪᠣᠯᠣᠨ᠎ᠠ᠃        ᠡᠴᠦᠰ ᠤᠨ ᠦᠷ᠎ᠡ ᠪᠦᠲᠦᠭᠡᠯ ᠤᠨ ᠢᠯᠡᠳᠲᠡ ᠪᠠᠶᠢᠷᠢᠰᠢᠯ ᠳᠤ ︽ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠮᠣᠩᠭᠤᠯ ᠬᠡᠯᠡ  ᠪᠢᠴᠢᠭ ᠤᠨ ᠡᠷᠳᠡᠮ ᠰᠢᠨᠵᠢᠯᠡᠭᠡᠨ ᠤ ᠲᠦᠷᠦᠯ ᠵᠦᠢᠯ︾ ᠭᠡᠬᠦ ᠦᠰᠦᠭ ᠢ ᠲᠣᠳᠣᠷᠬᠠᠶᠢᠯᠠᠨ ᠪᠢᠴᠢᠬᠦ ᠬᠡᠷᠡᠭᠲᠡᠢ᠂ ᠡᠰᠡ ᠲᠡᠭᠡᠪᠡᠯ ᠰᠢᠯᠭᠠᠨ ᠬᠤᠷᠢᠶᠠᠵᠤ ᠠᠪᠬᠤ ᠳᠤ  ᠮᠡᠳᠡᠷᠡᠬᠦ  ᠦᠭᠡᠢ᠃        ᠳᠥᠷᠪᠡᠳᠦᠭᠡᠷ ᠪᠦᠯᠦᠭ   ᠵᠠᠷᠤᠳᠠᠯ ᠤᠨ ᠬᠠᠮᠢᠶᠠᠷᠤᠯᠲᠠ              ᠬᠤᠷᠢᠨ ᠳᠥᠷᠪᠡᠳᠦᠭᠡᠷ ᠵᠦᠢᠯ   ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠢ ᠮᠣᠩᠭᠤᠯ ᠬᠡᠯᠡ ᠪᠢᠴᠢᠭ ᠤᠨ ᠡᠷᠳᠡᠮ ᠰᠢᠨᠵᠢᠯᠡᠭᠡᠨ ᠤ  ᠲᠦᠷᠦᠯ ᠵᠦᠢᠯ ᠤᠨ ᠲᠤᠰᠬᠠᠢ  ᠵᠠᠷᠤᠳᠠᠯ  ᠢ ᠲᠣᠬᠢᠷᠠᠭᠤᠯᠵᠤ᠂ ᠪᠣᠳᠠᠲᠠᠢ ᠪᠠᠶᠢᠳᠠᠯ ᠢᠶᠠᠨ ᠦᠨᠳᠦᠰᠦᠯᠡᠨ ᠬᠡᠷᠡᠭᠯᠡᠬᠦ ᠬᠡᠮᠵᠢᠶ᠎ᠡ ᠶᠢ ᠲᠣᠭᠲᠠᠭᠠᠵᠤ᠂ ᠲᠤᠰ ᠵᠢᠯ ᠤᠨ   ᠵᠠᠷᠤᠳᠠᠯ ᠤᠨ ᠲᠥᠰᠥᠪ ᠲᠤ ᠣᠷᠣᠭᠤᠯᠤᠨ᠎ᠠ᠃        ᠲᠦᠷᠦᠯ ᠵᠦᠢᠯ ᠬᠠᠷᠢᠭᠤᠴᠠᠭᠴᠢ ᠶᠢᠨ ᠪᠠᠶᠢᠭ᠎ᠠ ᠨᠢᠭᠡᠴᠢ ᠨᠢ ᠡᠳ᠋ ᠤᠨ ᠶᠠᠪᠤᠳᠠᠯ ᠤᠨ ᠳᠦᠷᠢᠮ ᠤᠨ ᠱᠠᠭᠠᠷᠳᠠᠯᠭ᠎ᠠ ᠶᠣᠰᠣᠭᠠᠷ ᠲᠦᠷᠦᠯ ᠵᠦᠢᠯ ᠢ ᠳᠡᠮᠵᠢᠬᠦ  ᠵᠠᠷᠤᠳᠠᠯ ᠢ ᠪᠣᠳᠠᠲᠠᠢ ᠬᠠᠮᠢᠶᠠᠷᠤᠨ᠎ᠠ᠃      ᠬᠠᠮᠢᠶ᠎ᠠ ᠪᠦᠬᠦᠢ ᠡᠳ᠋ ᠤᠨ ᠶᠠᠪᠤᠳᠠᠯ ᠤᠨ ᠰᠠᠯᠠᠭ᠎ᠠ ᠮᠥᠴᠢᠷ ᠤᠳ ᠲᠦᠷᠦᠯ ᠵᠦᠢᠯ ᠤᠨ ᠵᠣᠭᠤᠰ ᠢᠶᠠᠷ ᠲᠤᠰᠠᠯᠠᠬᠤ ᠵᠠᠷᠤᠳᠠᠯ ᠤᠨ ᠲᠠᠩᠰᠠ ᠶᠢ ᠰᠠᠶᠢᠲᠤᠷ  ᠬᠠᠳᠠᠭᠠᠯᠠᠬᠤ ᠬᠡᠷᠡᠭᠲᠡᠢ ᠪᠥᠭᠡᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨᠠᠨ ᠪᠠᠶᠢᠴᠠᠭᠠᠯᠲᠠ ᠪᠠ ᠬᠢᠨᠠᠨ ᠪᠣᠳᠣᠯᠲᠠ ᠬᠢᠬᠦ ᠶᠢ ᠭᠥᠯᠢᠶᠡᠨ ᠠᠪᠬᠤ ᠡᠭᠦᠷᠭᠡ ᠲᠠᠢ᠃            ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠨᠢ ᠲᠦᠷᠦᠯ ᠵᠦᠢᠯ ᠤᠨ ᠵᠠᠷᠤᠳᠠᠯ ᠤᠨ ᠬᠡᠷᠡᠭᠯᠡᠯᠲᠡ ᠶᠢᠨ ᠪᠠᠶᠢᠳᠠᠯ ᠳᠤ ᠬᠢᠨᠠᠯᠲᠠ  ᠪᠠᠶᠢᠴᠠᠭᠠᠯᠲᠠ ᠬᠢᠬᠦ ᠡᠷᠬᠡ ᠲᠠᠢ᠃            ᠬᠤᠷᠢᠨ ᠲᠠᠪᠤᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠢ ᠲᠦᠷᠦᠯ ᠵᠦᠢᠯ ᠵᠢᠴᠢ ᠵᠣᠭᠤᠰ ᠢᠶᠠᠷ ᠲᠤᠰᠠᠯᠠᠬᠤ ᠵᠠᠷᠤᠳᠠᠯ ᠤᠨ  ᠲᠤᠭ᠎ᠠ ᠬᠡᠮᠵᠢᠶ᠎ᠡ ᠶᠢ ᠬᠢᠨᠠᠨ ᠵᠥᠪᠰᠢᠶᠡᠷᠡᠬᠦ ᠶᠢᠨ ᠬᠠᠮᠲᠤ᠂ ᠪᠢᠯᠧᠲ ᠪᠠᠷᠢᠮᠲᠠ ᠶᠢ ᠬᠢᠨᠠᠨ ᠬᠠᠷᠭᠤᠭᠤᠯᠵᠤ ᠪᠠᠲᠤᠯᠠᠭᠰᠠᠨ ᠤ ᠲᠠᠷᠠᠭ᠎ᠠ᠂ ᠲᠣᠭᠲᠠᠭᠠᠯ ᠶᠣᠰᠣᠭᠠᠷ ᠲᠦᠷᠦᠯ  ᠵᠦᠢᠯ ᠤᠨ ᠵᠠᠷᠤᠳᠠᠯ ᠢ ᠲᠦᠷᠦᠯ ᠵᠦᠢᠯ ᠬᠠᠷᠢᠭᠤᠴᠠᠭᠴᠢ ᠶᠢᠨ ᠪᠠᠶᠢᠭ᠎ᠠ ᠨᠢᠭᠡᠴᠢ ᠶᠢᠨ ᠪᠠᠩᠬᠢ ᠶᠢᠨ ᠳᠠᠩᠰᠠᠨ ᠡᠷᠣᠭᠡ ᠳᠤ ᠨᠢ ᠰᠢᠯᠵᠢᠭᠦᠯᠵᠦ᠂ ᠪᠠᠶᠢᠭ᠎ᠠ ᠨᠢᠭᠡᠴᠢ ᠠᠴᠠ  ᠨᠢᠭᠡᠳᠦᠯᠲᠡᠢ ᠬᠠᠮᠢᠶᠠᠷᠤᠨ᠎ᠠ᠃            ᠲᠦᠷᠦᠯ ᠵᠦᠢᠯ ᠤᠨ ᠵᠣᠭᠤᠰ ᠢᠶᠠᠷ ᠲᠤᠰᠠᠯᠠᠬᠤ ᠵᠠᠷᠤᠳᠠᠯ ᠢ ᠨᠢᠭᠡ ᠤᠳᠠᠭ᠎ᠠ ᠳᠤ ᠬᠠᠷᠭᠤᠭᠤᠯᠤᠨ ᠲᠣᠭᠲᠠᠭᠠᠵᠤ᠂ ᠶᠡᠷᠦᠩᠬᠡᠢ ᠳᠤ ᠪᠠᠨ ᠬᠤᠶᠠᠷ ᠬᠤᠭᠤᠴᠠᠭ᠎ᠠ  ᠬᠤᠪᠢᠶᠠᠨ ᠥᠭᠴᠦ᠂ ᠭᠡᠷ᠎ᠡ ᠶᠣᠰᠣᠭᠠᠷ ᠳᠠᠭᠠᠭᠠᠴᠢᠯᠠᠨ ᠬᠡᠷᠡᠭᠯᠡᠭᠦᠯᠦᠨ᠎ᠡ᠂ ᠵᠠᠷᠤᠳᠠᠯ ᠨᠢ ᠬᠡᠲᠦᠷᠡᠪᠡᠯ ᠨᠥᠬᠦᠪᠦᠷᠢᠯᠡᠬᠦ ᠦᠭᠡᠢ᠃ ᠡᠩ ᠤᠨ ᠪᠠᠶᠢᠳᠠᠯ ᠳᠤ᠂ ᠡᠬᠢᠨ ᠤ  ᠬᠤᠭᠤᠴᠠᠭᠠᠨ ᠳᠤ ᠵᠣᠭᠤᠰ ᠢᠶᠠᠷ ᠲᠤᠰᠠᠯᠠᠬᠤ ᠲᠦᠷᠦᠯ ᠵᠦᠢᠯ ᠤᠨ ᠵᠠᠷᠤᠳᠠᠯ ᠤᠨ ᠲᠤᠭ᠎ᠠ ᠬᠡᠮᠵᠢᠶᠡᠨ ᠤ 50%᠎ ᠶᠢ ᠰᠠᠯᠭᠠᠨ ᠥᠭᠴᠦ᠂ ᠰᠢᠯᠭᠠᠨ ᠬᠤᠷᠢᠶᠠᠵᠤ  ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠳᠠᠬᠢᠭᠠᠳ 50% ᠶᠢ ᠨᠢ  ᠰᠠᠯᠭᠠᠨ ᠥᠭᠭᠦᠨ᠎ᠡ᠂ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠭᠰᠡᠨ ᠦᠭᠡᠢ ᠪᠣᠯ  ᠦᠯᠡᠳᠡᠭᠰᠡᠨ ᠵᠠᠷᠤᠳᠠᠯ ᠢ ᠰᠠᠯᠭᠠᠵᠤ ᠦᠭᠬᠦ ᠦᠭᠡᠢ ᠪᠥᠭᠡᠳ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠬᠢᠨ ᠤ ᠬᠤᠭᠤᠴᠠᠭᠠᠨ ᠳᠤ ᠰᠠᠯᠭᠠᠵᠤ ᠥᠭᠭᠦᠭᠰᠡᠨ  ᠵᠠᠷᠤᠳᠠᠯ ᠢ ᠪᠠᠨ ᠨᠡᠬᠡᠮᠵᠢᠯᠡᠨ ᠬᠤᠷᠢᠶᠠᠨ᠎ᠠ᠃            ᠲᠦᠷᠦᠯ ᠵᠦᠢᠯ ᠤᠨ ᠵᠣᠭᠤᠰ ᠢᠶᠠᠷ ᠲᠤᠰᠠᠯᠠᠬᠤ ᠵᠠᠷᠤᠳᠠᠯ ᠤᠨ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠪᠠᠶᠢᠪᠠᠯ᠂ ᠲᠣᠭᠲᠠᠭᠠᠯ ᠶᠣᠰᠣᠭᠠᠷ ᠵᠠᠰᠠᠭ ᠤᠨ ᠣᠷᠳᠣᠨ  ᠬᠤᠳᠠᠯᠳᠤᠨ ᠠᠪᠬᠤ ᠶᠢ ᠬᠡᠷᠡᠭᠵᠢᠭᠦᠯᠦᠨ᠎ᠡ᠃      ᠬᠤᠷᠢᠨ ᠵᠢᠷᠭᠤᠳᠤᠭᠠᠷ ᠵᠦᠢᠯ  ᠲᠦᠷᠦᠯ ᠵᠦᠢᠯ ᠤᠨ ᠵᠠᠷᠤᠳᠠᠯ ᠢ ᠵᠦᠪᠬᠡᠨ ᠳᠣᠣᠷᠠᠬᠢ ᠵᠠᠷᠤᠯᠭ᠎ᠠ ᠳᠤ ᠬᠡᠷᠡᠭᠯᠡᠬᠦ ᠪᠠᠷ ᠬᠢᠵᠠᠭᠠᠷᠯᠠᠨ᠎ᠠ᠄            ︵ᠨᠢᠭᠡ︶ ᠮᠠᠲ᠋ᠧᠷᠢᠶᠠᠯ ᠤᠨ ᠵᠠᠷᠤᠳᠠᠯ᠄ ᠡᠨᠡ ᠨᠢ ᠲᠦᠷᠦᠯ ᠵᠦᠢᠯ ᠤᠨ ᠰᠤᠳᠤᠯᠭᠠᠨ ᠤ ᠶᠠᠪᠤᠴᠠ ᠳᠤ ᠪᠤᠢ ᠪᠣᠯᠤᠭᠰᠠᠨ ᠮᠠᠲ᠋ᠧᠷᠢᠶᠠᠯ ᠴᠤᠭᠯᠠᠭᠤᠯᠬᠤ᠂  ᠺᠣᠮᠫᠢᠦ᠋ᠲ᠋ᠧᠷ ᠲᠤ ᠦᠰᠦᠭ ᠰᠢᠪᠡᠬᠦ᠂ ᠳᠠᠷᠤᠮᠠᠯᠯᠠᠬᠤ᠂ ᠬᠠᠭᠤᠯᠪᠤᠷᠢᠯᠠᠬᠤ᠂ ᠳᠠᠬᠢᠨ ᠰᠡᠭᠦᠳᠡᠷᠯᠡᠬᠦ᠂ ᠣᠷᠴᠢᠭᠤᠯᠬᠤ ᠵᠡᠷᠭᠡ ᠵᠠᠷᠤᠳᠠᠯ᠂ ᠵᠢᠴᠢ ᠬᠡᠷᠡᠭᠴᠡᠭᠡ ᠪᠦᠬᠦᠢ ᠨᠣᠮ  ᠪᠢᠴᠢᠭ ᠪᠠ ᠲᠤᠰᠬᠠᠢ ᠬᠡᠷᠡᠭᠯᠡᠭᠡᠨ ᠤ ᠰᠣᠹᠲᠸᠡᠶᠢᠷ ᠬᠤᠳᠠᠯᠳᠤᠨ ᠠᠪᠬᠤ ᠵᠠᠷᠤᠳᠠᠯ ᠤᠳ ᠢ ᠵᠢᠭᠠᠵᠤ ᠪᠠᠶᠢᠨ᠎ᠠ︔            ︵ᠬᠤᠶᠠᠷ︶ ᠲᠤᠭ᠎ᠠ ᠪᠠᠷᠢᠮᠲᠠ ᠴᠤᠭᠯᠠᠭᠤᠯᠬᠤ ᠵᠠᠷᠤᠳᠠᠯ᠄ ᠡᠨᠡ ᠨᠢ ᠲᠦᠷᠦᠯ ᠵᠦᠢᠯ ᠤᠨ ᠰᠤᠳᠤᠯᠭᠠᠨ ᠤ ᠶᠠᠪᠤᠴᠠ ᠳᠤ ᠪᠤᠢ ᠪᠣᠯᠤᠭᠰᠠᠨ ᠠᠰᠠᠭᠤᠯᠳᠠ ᠶᠢᠨ  ᠬᠠᠭᠤᠳᠠᠰᠤ ᠪᠠᠷ ᠪᠠᠶᠢᠴᠠᠭᠠᠯᠲᠠ ᠬᠢᠬᠦ᠂ ᠲᠤᠭ᠎ᠠ ᠪᠠᠷᠢᠮᠲᠠ ᠶᠢ ᠮᠦᠷᠳᠡᠨ ᠴᠤᠭᠯᠠᠭᠤᠯᠬᠤ᠂ ᠪᠣᠳᠠᠲᠤ ᠵᠢᠱᠢᠶ᠎ᠡ ᠳᠤ ᠵᠠᠳᠠᠯᠤᠯᠲᠠ ᠬᠢᠬᠦ ᠵᠡᠷᠭᠡ ᠵᠠᠷᠤᠳᠠᠯ ᠢ ᠵᠢᠭᠠᠵᠤ ᠪᠠᠶᠢᠨ᠎ᠠ︔            ︵ᠭᠤᠷᠪᠠ︶ ᠵᠠᠮ ᠤᠨ ᠵᠠᠷᠤᠳᠠᠯ᠄ ᠡᠨᠡ ᠨᠢ ᠲᠦᠷᠦᠯ ᠵᠦᠢᠯ ᠤᠨ ᠰᠤᠳᠤᠯᠭᠠᠨ ᠤ ᠶᠠᠪᠤᠴᠠ ᠳᠤ ᠪᠤᠢ ᠪᠣᠯᠤᠭᠰᠠᠨ ᠤᠯᠤᠰ ᠤᠨ ᠳᠣᠲᠣᠭᠠᠳᠤ ᠳᠤ ᠪᠠᠶᠢᠴᠠᠭᠠᠨ  ᠰᠤᠳᠤᠯᠬᠤ ᠠᠵᠢᠯᠯᠠᠭ᠎ᠠ ᠥᠷᠨᠢᠭᠦᠯᠬᠦ ᠳᠤ ᠬᠡᠷᠡᠭᠯᠡᠬᠦ ᠵᠠᠮ ᠤᠨ ᠵᠠᠷᠤᠳᠠᠯ᠂ ᠬᠤᠨᠤᠭ ᠪᠠᠭᠤᠳᠠᠯ ᠤᠨ ᠵᠠᠷᠤᠳᠠᠯ ᠵᠢᠴᠢ ᠪᠤᠰᠤᠳ ᠵᠠᠷᠤᠳᠠᠯ ᠤᠳ ᠢ ᠵᠢᠭᠠᠵᠤ ᠪᠠᠶᠢᠨ᠎ᠠ᠃  ᠵᠠᠮ ᠤᠨ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠢ︔            ︵ᠳᠥᠷᠪᠡ︶ ᠬᠤᠷᠠᠯ ᠤᠨ ᠵᠠᠷᠤᠳᠠᠯ᠄ ᠡᠨᠡ ᠨᠢ ᠲᠦᠷᠦᠯ ᠵᠦᠢᠯ ᠤᠨ ᠰᠤᠳᠤᠯᠭᠠᠨ ᠤ ᠶᠠᠪᠤᠴᠠ ᠳᠤ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠢ  ᠵᠣᠬᠢᠶᠠᠨ ᠪᠠᠶᠢᠭᠤᠯᠬᠤ᠂ ᠲᠦᠷᠦᠯ ᠵᠦᠢᠯ ᠪᠤᠶᠤ ᠰᠤᠳᠤᠯᠭᠠᠨ ᠤ ᠰᠡᠳᠦᠪ ᠢ ᠠᠰᠠᠭᠤᠵᠤ ᠯᠠᠪᠯᠠᠬᠤ ᠪᠠ ᠵᠣᠬᠢᠴᠠᠭᠤᠯᠬᠤ ᠵᠡᠷᠭᠡ ᠠᠵᠢᠯᠯᠠᠭ᠎ᠠ ᠥᠷᠨᠢᠭᠦᠯᠬᠦ ᠶᠢᠨ ᠲᠤᠰᠠᠳᠠ  ᠪᠠᠭ᠎ᠠ ᠬᠡᠪᠴᠢᠶᠡᠨ ᠤ ᠬᠤᠷᠠᠯ ᠢ ᠬᠤᠷᠠᠯᠳᠤᠭᠤᠯᠬᠤ ᠵᠠᠷᠤᠳᠠᠯ ᠢ ᠵᠢᠭᠠᠵᠤ ᠪᠠᠶᠢᠨ᠎ᠠ᠃ ᠬᠤᠷᠠᠯ ᠤᠨ ᠵᠠᠷᠤᠳᠠᠯ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ  ᠵᠠᠷᠤᠴᠠᠭᠤᠯᠵᠤ᠂ ᠬᠤᠷᠠᠯ ᠤᠨ ᠬᠦᠷᠢᠶ᠎ᠡ ᠬᠡᠪᠴᠢᠶ᠎ᠡ᠂ ᠬᠤᠷᠠᠯ ᠤᠨ ᠲᠤᠭ᠎ᠠ᠂ ᠬᠤᠷᠠᠯ ᠤᠨ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ ᠪᠠ ᠬᠤᠷᠠᠯ ᠤᠨ ᠬᠤᠭᠤᠴᠠᠭ᠎ᠠ ᠶᠢ  ᠴᠢᠩᠭ᠎ᠠ ᠬᠢᠵᠠᠭᠠᠷᠯᠠᠬᠤ ᠬᠡᠷᠡᠭᠲᠡᠢ︔      ︵ᠲᠠᠪᠤ︶ ᠲᠤᠰᠬᠠᠢ ᠮᠡᠷᠭᠡᠵᠢᠯᠲᠡᠨ ᠠᠴᠠ ᠠᠰᠠᠭᠤᠨ ᠯᠠᠪᠯᠠᠬᠤ ᠵᠠᠷᠤᠳᠠᠯ᠄ ᠡᠨᠡ ᠨᠢ ᠲᠦᠷᠦᠯ ᠵᠦᠢᠯ ᠤᠨ ᠰᠤᠳᠤᠯᠭᠠᠨ ᠤ ᠶᠠᠪᠤᠴᠠ ᠳᠤ ᠪᠤᠢ ᠪᠣᠯᠤᠭᠰᠠᠨ ᠲᠦᠷ  ᠴᠠᠭ ᠤᠷᠢᠨ ᠵᠠᠯᠠᠭᠰᠠᠨ ᠲᠤᠰᠬᠠᠢ ᠮᠡᠷᠭᠡᠵᠢᠯᠲᠡᠨ ᠳᠤ ᠥᠭᠬᠦ ᠠᠰᠠᠭᠤᠨ ᠯᠠᠪᠯᠠᠬᠤ ᠬᠠᠷᠠᠮᠵᠢ ᠮᠥᠩᠭᠦ ᠶᠢ ᠵᠢᠭᠠᠵᠤ ᠪᠠᠶᠢᠨ᠎ᠠ᠃ ᠠᠰᠠᠭᠤᠨ ᠯᠠᠪᠯᠠᠬᠤ ᠬᠠᠷᠠᠮᠵᠢ ᠮᠥᠩᠭᠦ ᠶᠢ   ᠰᠡᠳᠦᠪ ᠤᠨ ᠰᠤᠳᠤᠯᠭᠠᠨ ᠤ ᠳᠤᠭᠤᠶᠢᠯᠠᠩ ᠤᠨ ᠭᠡᠰᠢᠭᠦᠨ  ᠵᠢᠴᠢ ᠲᠦᠷᠦᠯ ᠵᠦᠢᠯ ᠢ ᠬᠠᠮᠢᠶᠠᠷᠬᠤ ᠬᠠᠮᠢᠶ᠎ᠠ ᠪᠦᠬᠦᠢ ᠬᠥᠮᠥᠰ ᠲᠤ ᠰᠠᠯᠭᠠᠨ ᠥᠭᠴᠦ ᠪᠤᠯᠬᠤ ᠦᠭᠡᠢ᠃  ᠠᠰᠠᠭᠤᠨ ᠯᠠᠪᠯᠠᠬᠤ ᠵᠠᠷᠤᠳᠠᠯ ᠤᠨ ᠨᠡᠶᠢᠳᠡ ᠵᠠᠷᠤᠯᠭ᠎ᠠ ᠶᠢ ᠶᠡᠷᠦᠩᠬᠡᠢ ᠳᠤ ᠪᠠᠨ ᠲᠦᠷᠦᠯ ᠵᠦᠢᠯ ᠢ  ᠵᠣᠭᠤᠰ ᠢᠶᠠᠷ ᠲᠤᠰᠠᠯᠠᠬᠤ  ᠲᠣᠭᠠᠨ ᠤ 5% ᠠᠴᠠ ᠬᠡᠲᠦᠷᠡᠭᠦᠯᠵᠦ  ᠪᠤᠯᠬᠤ ᠦᠭᠡᠢ︔            ︵ᠵᠢᠷᠭᠤᠭ᠎ᠠ︶  ᠭᠦᠳᠡᠯᠮᠦᠷᠢ ᠦᠢᠯᠡᠴᠢᠯᠡᠭᠡᠨ ᠤ ᠵᠠᠷᠤᠳᠠᠯ᠄ ᠡᠨᠡ ᠨᠢ ᠲᠦᠷᠦᠯ ᠵᠦᠢᠯ ᠤᠨ ᠰᠤᠳᠤᠯᠭᠠᠨ ᠤ ᠶᠠᠪᠤᠴᠠ ᠳᠤ ᠪᠤᠢ ᠪᠣᠯᠤᠭᠰᠠᠨ ᠲᠦᠷᠦᠯ ᠵᠦᠢᠯ ᠤᠨ  ᠰᠤᠳᠤᠯᠭᠠᠨ ᠳᠤ ᠪᠡᠶᠡᠴᠢᠯᠡᠨ ᠤᠷᠤᠯᠴᠠᠬᠰᠠᠨ ᠰᠤᠷᠭᠠᠭᠤᠯᠢ ᠳᠤ ᠪᠠᠶᠢᠭ᠎ᠠ ᠰᠤᠳᠤᠯᠬᠤ ᠰᠤᠷᠤᠬᠴᠢ ᠪᠠ ᠪᠤᠰᠤᠳ  ᠰᠡᠳᠦᠪ ᠤᠨ ᠰᠤᠳᠤᠯᠭᠠᠨ ᠤ ᠳᠤᠭᠤᠶᠢᠯᠠᠩ ᠤᠨ ᠲᠦᠷ  ᠴᠠᠭ ᠤᠷᠢᠨ ᠬᠡᠷᠡᠭᠯᠡᠭᠰᠡᠨ ᠬᠥᠮᠥᠰ ᠲᠤ ᠥᠭᠬᠦ ᠭᠦᠳᠡᠯᠮᠦᠷᠢ ᠦᠢᠯᠡᠴᠢᠯᠡᠭᠡᠨ ᠤ ᠴᠢᠨᠠᠷᠲᠠᠢ ᠵᠠᠷᠤᠳᠠᠯ ᠢ ᠵᠢᠭᠠᠵᠤ ᠪᠠᠶᠢᠨ᠎ᠠ᠃  ᠭᠦᠳᠡᠯᠮᠦᠷᠢ ᠦᠢᠯᠡᠴᠢᠯᠡᠭᠡᠨ ᠤ  ᠵᠠᠷᠤᠳᠠᠯ ᠤᠨ ᠨᠡᠶᠢᠳᠡ ᠵᠠᠷᠤᠯᠭ᠎ᠠ ᠶᠢ ᠶᠡᠷᠦᠩᠬᠡᠢ ᠳᠤ ᠪᠠᠨ ᠲᠦᠷᠦᠯ ᠵᠦᠢᠯ ᠢ  ᠵᠣᠭᠤᠰ ᠢᠶᠠᠷ ᠲᠤᠰᠠᠯᠠᠬᠤ ᠲᠣᠭᠠᠨ ᠤ 10 % ᠠᠴᠠ ᠬᠡᠲᠦᠷᠡᠭᠦᠯᠵᠦ ᠪᠤᠯᠬᠤ ᠦᠭᠡᠢ︔            ︵ᠳᠤᠯᠤᠭ᠎ᠠ︶ ᠬᠡᠪᠯᠡᠯ ᠤᠨ ᠵᠠᠷᠤᠳᠠᠯ ᠪᠤᠶᠤ ᠬᠡᠪᠯᠡᠯ ᠤᠨ ᠨᠢᠭᠤᠷ ᠤᠨ ᠵᠠᠷᠤᠳᠠᠯ᠄ ᠡᠨᠡ ᠨᠢ ᠲᠦᠷᠦᠯ ᠵᠦᠢᠯ ᠤᠨ ᠰᠤᠳᠤᠯᠭᠠᠨ ᠤ ᠶᠠᠪᠤᠴᠠ ᠳᠤ ᠪᠤᠢ ᠪᠣᠯᠤᠭᠰᠠᠨ  ᠲᠦᠷᠦᠯ ᠵᠦᠢᠯ ᠤᠨ ᠰᠤᠳᠤᠯᠭᠠᠨ ᠤ ᠦᠷ᠎ᠡ ᠪᠦᠲᠦᠭᠡᠯ ᠢ ᠬᠡᠪᠯᠡᠭᠦᠯᠬᠦ ᠪᠤᠶᠤ ᠬᠡᠪᠯᠡᠯ ᠤᠨ ᠨᠢᠭᠤᠷ ᠤᠨ ᠵᠠᠷᠤᠳᠠᠯ ᠵᠡᠷᠭᠡ ᠶᠢ ᠵᠢᠭᠠᠵᠤ ᠪᠠᠶᠢᠨ᠎ᠠ᠃            ᠬᠤᠷᠢᠨ ᠳᠣᠯᠣᠳᠤᠭᠠᠷ ᠵᠦᠢᠯ   ᠲᠦᠷᠦᠯ ᠵᠦᠢᠯ ᠤᠨ ᠰᠤᠳᠤᠯᠭᠠᠨ ᠤ ᠶᠠᠪᠤᠴᠠ ᠳᠤ ᠪᠤᠢ ᠪᠣᠯᠤᠭᠰᠠᠨ ᠳᠡᠭᠡᠷ᠎ᠡ ᠳᠤᠷᠠᠳᠤᠭᠰᠠᠨ ᠵᠠᠷᠤᠳᠠᠯ  ᠠᠴᠠ ᠭᠠᠳᠠᠨᠠᠬᠢ  ᠵᠠᠷᠤᠯᠭ᠎ᠠ ᠶᠢ ᠲᠦᠷᠦᠯ ᠵᠦᠢᠯ ᠤᠨ ᠲᠥᠰᠥᠪ ᠲᠤ ᠲᠤᠰᠠᠭᠠᠷ ᠨᠢ ᠵᠢᠭᠰᠠᠭᠠᠵᠤ᠂ ᠲᠤᠰᠠᠭᠠᠷ ᠬᠠᠷᠭᠤᠭᠤᠯᠤᠨ ᠲᠣᠭᠲᠠᠭᠠᠬᠤ ᠬᠡᠷᠡᠭᠲᠡᠢ᠃          ᠬᠤᠷᠢᠨ ᠨᠠᠢᠮᠠᠳᠤᠭᠠᠷ ᠵᠦᠢᠯ   ᠲᠦᠷᠦᠯ ᠵᠦᠢᠯ ᠬᠠᠷᠢᠭᠤᠴᠠᠭᠴᠢ ᠶᠢᠨ ᠪᠠᠶᠢᠭ᠎ᠠ ᠨᠢᠭᠡᠴᠢ ᠶᠢᠨ ᠡᠷᠳᠡᠮ ᠰᠢᠨᠵᠢᠯᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ  ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠤᠯᠲᠠ ᠶᠢᠨ ᠵᠠᠷᠤᠳᠠᠯ ᠲᠠᠳᠠᠠ ᠠᠪᠴᠤ᠂ ᠲᠦᠷᠦᠯ ᠵᠦᠢᠯ ᠤᠨ ᠡᠳᠦᠷ ᠲᠤᠲᠤᠮ ᠤᠨ ᠬᠠᠮᠢᠶᠠᠷᠤᠯᠲᠠ  ᠪᠠ ᠪᠠᠶᠢᠴᠠᠭᠠᠯᠲᠠ ᠬᠢᠬᠦ ᠵᠡᠷᠭᠡ ᠲᠤᠰᠬᠠᠢ ᠵᠠᠷᠤᠯᠭ᠎ᠠ ᠳᠤ ᠬᠡᠷᠡᠭᠯᠡᠨ᠎ᠡ᠃ ᠪᠠᠴᠢᠮ ᠪᠠᠶᠢᠳᠠᠯ ᠢ ᠠᠷᠭᠠᠴᠠᠭᠠᠬᠤ ᠲᠦᠷᠦᠯ ᠵᠦᠢᠯ ᠪᠠ ᠡᠩ ᠤᠨ ᠲᠦᠷᠦᠯ ᠵᠦᠢᠯ ᠠᠴᠠ ᠲᠠᠳᠠᠠ  ᠠᠪᠬᠤ ᠬᠠᠮᠢᠶᠠᠷᠤᠯᠲᠠ ᠶᠢᠨ ᠵᠠᠷᠤᠳᠠᠯ ᠢ 2000 ᠲᠥᠭᠦᠷᠢᠭ ᠠᠴᠠ ᠬᠡᠲᠦᠷᠡᠭᠦᠯᠵᠦ ᠪᠤᠯᠬᠤ ᠦᠭᠡᠢ᠂ ᠴᠢᠬᠤᠯᠠ ᠶᠡᠭᠡ ᠲᠦᠷᠦᠯ ᠵᠦᠢᠯ ᠪᠠ ᠭᠤᠣᠯᠳᠠᠯᠭ᠎ᠠ ᠲᠠᠢ ᠲᠦᠷᠦᠯ  ᠵᠦᠢᠯ ᠠᠴᠠ ᠲᠠᠲᠠᠠ ᠠᠪᠬᠤ ᠵᠠᠷᠤᠳᠠᠯ ᠢ 3000 ᠲᠥᠭᠦᠷᠢᠭ ᠠᠴᠠ ᠬᠡᠲᠦᠷᠡᠭᠦᠯᠵᠦ ᠪᠤᠯᠬᠤ ᠦᠭᠡᠢ᠃            ᠬᠤᠷᠢ ᠶᠢᠰᠦᠳᠦᠭᠡᠷ ᠵᠦᠢᠯ   ᠲᠦᠷᠦᠯ ᠵᠦᠢᠯ ᠬᠠᠷᠢᠭᠤᠴᠠᠭᠴᠢ ᠠᠴᠠ ᠪᠠᠶᠢᠭ᠎ᠠ ᠨᠢᠭᠡᠴᠢ ᠶᠢᠨ ᠢᠶᠠᠨ ᠡᠷᠳᠡᠮ ᠰᠢᠨᠵᠢᠯᠡᠭᠡᠨ ᠪᠠ ᠡᠳ᠋ ᠤᠨ ᠶᠠᠪᠤᠳᠠᠯ ᠤᠨ  ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠢᠯᠣᠭᠤᠳᠤᠯᠭ᠎ᠠ ᠳᠣᠣᠷ᠎ᠠ᠂ ᠲᠥᠯᠥᠪᠯᠡᠭᠡ ᠶᠣᠰᠣᠭᠠᠷ ᠲᠦᠷᠦᠯ ᠵᠦᠢᠯ ᠤᠨ  ᠵᠠᠷᠤᠳᠠᠯ  ᠢ ᠡᠵᠡᠨ ᠮᠡᠳᠡᠵᠦ ᠲᠣᠬᠢᠷᠠᠭᠤᠯᠤᠨ᠎ᠠ᠂ ᠪᠤᠰᠤᠳ ᠵᠦᠢᠯ ᠳᠤ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃        ᠲᠠᠪᠤᠳᠤᠭᠠᠷ ᠪᠦᠯᠦᠭ   ᠦᠷ᠎ᠡ ᠪᠦᠲᠦᠭᠡᠯ ᠤᠨ ᠬᠡᠷᠡᠭᠯᠡᠯᠲᠡ              ᠭᠤᠴᠢᠳᠤᠭᠠᠷ ᠵᠦᠢᠯ   ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠢ ᠱᠠᠭᠠᠷᠳᠠᠯᠭ᠎ᠠ ᠳᠤ ᠨᠡᠶᠢᠴᠡᠭᠰᠡᠨ ᠲᠦᠷᠦᠯ ᠵᠦᠢᠯ ᠤᠨ ᠦᠷ᠎ᠡ  ᠪᠦᠲᠦᠭᠡᠯ ᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠨ ᠮᠣᠩᠭᠤᠯ ᠦᠭᠡ ᠬᠡᠯᠡ ᠦᠰᠦᠭ ᠪᠢᠴᠢᠭ ᠤᠨ ᠡᠷᠳᠡᠮ ᠰᠢᠨᠵᠢᠯᠡᠭᠡᠨ ᠤ ᠰᠢᠯᠢᠳᠡᠭ ᠦᠷ᠎ᠡ  ᠪᠦᠲᠦᠭᠡᠯ ᠤᠨ ᠱᠠᠩᠨᠠᠯ ᠲᠣᠭᠲᠠᠭᠠᠨ ᠰᠢᠯᠭᠠᠷᠠᠭᠤᠯᠬᠤ ᠳᠡᠰ ᠳᠠᠷᠠᠭᠠᠯᠠᠯ ᠳᠤ ᠰᠢᠭᠤᠳ ᠣᠷᠤᠭᠤᠯᠬᠤ ᠪᠠᠷ ᠲᠠᠨᠢᠯᠴᠠᠭᠤᠯᠵᠤ ᠪᠣᠯᠣᠨ᠎ᠠ᠃ ᠲᠦᠷᠦᠯ ᠵᠦᠢᠯ ᠤᠨ  ᠬᠠᠷᠢᠭᠤᠴᠠᠭᠴᠢ ᠭᠤᠶᠤᠴᠢᠯᠠᠯ ᠭᠠᠷᠭᠠᠭᠰᠠᠨ ᠪᠠᠶᠢᠪᠠᠯ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ ᠲᠦᠷᠤᠯ ᠤᠨ ᠱᠠᠩᠨᠠᠯ ᠲᠣᠭᠲᠠᠭᠠᠬᠤ ᠠᠵᠢᠯᠯᠠᠭ᠎ᠠ ᠳᠤ  ᠤᠷᠤᠯᠴᠠᠭᠤᠯᠬᠤ ᠪᠠᠷ ᠲᠠᠨᠢᠯᠴᠠᠭᠤᠯᠵᠤ ᠪᠣᠯᠣᠨ᠎ᠠ᠃            ᠭᠤᠴᠢᠨ ᠨᠢᠭᠡᠳᠦᠭᠡᠷ ᠵᠦᠢᠯ    ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠨᠢ ᠠᠵᠢᠯ ᠤᠨ ᠮᠡᠳᠡᠭᠡ ᠵᠠᠩᠭᠢ ᠵᠢᠴᠢ ᠬᠠᠷᠢᠭᠤ  ᠮᠡᠳᠡᠭᠦᠯᠦᠯᠲᠡ ᠶᠢᠨ ᠬᠤᠷᠠᠯ᠂ ᠲᠠᠨᠢᠯᠴᠠᠭᠤᠯᠬᠤ ᠬᠤᠷᠠᠯ ᠡᠷᠭᠢᠯᠡᠬᠦ ᠵᠡᠷᠭᠡ ᠠᠷᠭ᠎ᠠ ᠪᠠᠷᠢᠯ ᠢᠶᠠᠷ ᠰᠢᠯᠢᠳᠡᠭ ᠦᠷ᠎ᠡ ᠪᠦᠲᠦᠭᠡᠯ ᠢ ᠤᠬᠠᠭᠤᠯᠬᠤ᠂ ᠳᠡᠯᠭᠡᠷᠡᠭᠦᠯᠬᠦ ᠪᠠ  ᠬᠡᠷᠡᠭᠯᠡᠭᠡᠨ ᠳᠤ ᠣᠷᠣᠭᠤᠯᠬᠤ ᠶᠢ ᠴᠢᠩᠭᠠᠳᠬᠠᠵᠤ ᠪᠣᠯᠣᠨ᠎ᠠ᠃            ᠵᠢᠷᠭᠤᠳᠤᠭᠠᠷ ᠪᠦᠯᠦᠭ   ᠦᠮᠴᠢᠯᠡᠯ ᠤᠨ ᠡᠷᠬᠡ ᠶᠢᠨ ᠬᠠᠷᠢᠶᠠᠯᠠᠯ ᠪᠠ ᠨᠢᠭᠤᠴᠠ ᠶᠢ ᠬᠠᠮᠠᠭᠠᠯᠠᠬᠤ            ᠭᠤᠴᠢᠨ ᠬᠤᠶᠠᠳᠤᠭᠠᠷ ᠵᠦᠢᠯ   ᠤᠨᠴᠠᠭᠠᠢ ᠪᠣᠯᠵᠣᠯ ᠪᠠᠶᠢᠬᠤ ᠦᠭᠡᠢ ᠪᠣᠯ᠂ ᠲᠦᠷᠦᠯ ᠵᠦᠢᠯ ᠤᠨ ᠦᠷ᠎ᠡ ᠪᠦᠲᠦᠭᠡᠯ ᠤᠨ ᠵᠣᠬᠢᠶᠠᠨ ᠪᠦᠲᠦᠭᠡᠬᠦ ᠡᠷᠬᠡ ᠨᠢ  ᠵᠣᠬᠢᠶᠠᠭᠴᠢ ᠳᠤ ᠥᠮᠴᠢᠯᠡᠭᠳᠡᠨ᠎ᠡ᠂ ᠦᠷ᠎ᠡ ᠪᠦᠲᠦᠭᠡᠯ ᠭᠠᠷᠤᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠵᠥᠪᠯᠡᠯ ᠤᠷᠢᠳ ᠢᠶᠠᠷ ᠬᠡᠷᠡᠭᠯᠡᠬᠦ  ᠡᠷᠬᠡ ᠲᠠᠢ᠃            ᠭᠤᠴᠢᠨ ᠭᠤᠷᠪᠠᠳᠤᠭᠠᠷ ᠵᠦᠢᠯ   ᠡᠷᠳᠡᠮ ᠰᠢᠨᠵᠢᠯᠡᠭᠡᠨ ᠤ ᠲᠦᠷᠦᠯ ᠵᠦᠢᠯ ᠳᠤ ᠤᠯᠤᠰ ᠤᠨ ᠨᠢᠭᠤᠴᠠ ᠬᠤᠯᠪᠣᠭᠳᠠᠭᠰᠠᠨ ᠪᠠᠶᠢᠪᠠᠯ᠂  ᠬᠤᠯᠪᠣᠭᠳᠠᠯ ᠪᠦᠬᠦᠢ  ᠨᠢᠭᠡᠴᠢ ᠪᠠ ᠬᠤᠪᠢ ᠬᠥᠮᠥᠨ ︽ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠶᠢᠨ ᠬᠤᠯᠪᠣᠭᠳᠠᠯ ᠪᠦᠬᠦᠢ  ᠲᠣᠭᠲᠠᠭᠠᠯ ᠢ ᠦᠨᠳᠦᠰᠦᠯᠡᠨ ᠨᠢᠭᠤᠴᠠ ᠶᠢ ᠬᠠᠮᠠᠭᠠᠯᠠᠬᠤ ᠠᠵᠢᠯ ᠢ ᠦᠨᠡᠨ ᠬᠦ ᠰᠠᠶᠢᠲᠤᠷ ᠬᠢᠬᠦ ᠬᠡᠷᠡᠭᠲᠡᠢ᠃            ᠳᠣᠯᠣᠳᠤᠭᠠᠷ ᠪᠦᠯᠦᠭ    ᠳᠠᠭᠠᠯᠳᠤᠭᠤᠯᠤᠯ ᠳᠦᠷᠢᠮ            ᠭᠤᠴᠢᠨ ᠳᠥᠷᠪᠡᠳᠦᠭᠡᠷ ᠵᠦᠢᠯ   ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠃      
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1