ᠬᠤᠲᠠ ᠨᠢ ᠨᠡᠶᠢᠭᠡᠮ ᠤᠨ ᠢᠯᠡ ᠲᠣᠳᠣ᠂ ᠡᠶ᠎ᠡ ᠵᠣᠬᠢᠴᠠᠯ ᠤᠨ ᠲᠥᠪᠯᠡᠷᠡᠯ ᠪᠣᠯᠤᠭᠰᠠᠨ ᠤ ᠬᠤᠪᠢ ᠳᠤ᠂ | ᠦᠨᠳᠦᠰᠦᠨ ᠠᠴᠠ ᠨᠢ ᠨᠡᠶᠢᠭᠡᠮ ᠤᠨ ᠬᠥᠭᠵᠢᠯᠲᠡ ᠳᠤ ᠬᠦᠷᠦᠭᠰᠡᠨ ᠪᠣᠯᠪᠠᠰᠤᠨ᠂ ᠡᠶ᠎ᠡ ᠵᠣᠬᠢᠴᠠᠯᠳᠤ ᠪᠠᠶᠢᠳᠠᠯ ᠢ | ᠬᠠᠷᠠᠭᠤᠯᠵᠤ ᠪᠠᠶᠢᠳᠠᠭ᠃ᠮᠢᠩ ᠤᠯᠤᠰ ᠤᠨ ᠬᠤᠳᠠ ᠶᠢ ᠬᠠᠮᠲᠤ ᠪᠠᠷ ᠪᠦᠲᠦᠭᠡᠨ ᠪᠠᠶᠢᠭᠤᠯᠵᠤ᠂ ᠵᠣᠯ ᠵᠢᠷᠭᠠᠯ ᠢ | ᠬᠠᠮᠲᠤ ᠪᠠᠷ ᠡᠳ᠋ᠯᠡᠬᠦ ᠪᠣᠯ ᠠᠷᠠᠳ ᠤᠯᠠᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠃ᠬᠤᠲᠠ ᠶᠢᠨ ᠠᠷᠠᠳ ᠤᠨ | ᠰᠡᠷᠡᠯ ᠢᠶᠠᠷ ᠬᠤᠲᠠ ᠶᠢᠨ ᠦᠵᠡᠮᠵᠢ ᠣᠷᠴᠢᠨ ᠲᠣᠭᠤᠷᠢᠨ ᠤ ᠬᠠᠮᠠᠭᠠᠯᠠᠯᠲᠠ ᠶᠢ ᠬᠠᠮᠠᠭᠠᠯᠠᠬᠤ ᠶᠢ ᠰᠠᠨᠠᠭᠠᠴᠢᠯᠠᠬᠤ ᠶᠢᠨ | ᠲᠥᠯᠥᠭᠡ᠂ ᠵᠢᠶᠠᠨ ᠮᠢᠩ ᠸᠧᠢ᠂ 7 ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨᠠᠬᠢ 4 ᠴᠠᠭ ᠲᠤ᠂ ᠳ᠋ᠦᠩ | ᠾᠧ ᠲᠣᠭᠤᠷᠢᠭ ᠤᠨ ᠮᠥᠩᠭᠦᠨ ᠭᠦᠢᠯᠭᠡᠭᠡᠨ ᠤ ᠠᠯᠪᠠᠨ ᠭᠡᠷ ᠾᠧ ᠫᠢᠩ ᠵᠠᠮ ᠤᠨ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠤᠨ ᠱᠧᠩ ᠯᠢ ᠨᠡᠶᠢᠭᠡᠮ ᠲᠣᠭᠤᠷᠢᠭ ᠲᠠᠢ ᠬᠤᠯᠪᠤᠭᠠᠯᠠᠨ ᠾᠧ ᠫᠢᠩ ᠵᠠᠮ ᠤᠨ ᠪᠠᠷᠠᠭᠤᠨ ᠪᠠᠭ᠎ᠠ | ᠲᠣᠭᠤᠷᠢᠭ ᠤᠨ 22 ᠳ᠋ᠤᠭᠠᠷ ᠠᠰᠠᠷ ᠤᠨ ᠣᠶᠢᠷᠠᠯᠴᠠᠭ᠎ᠠ ᠪᠣᠯᠪᠠᠰᠤᠨ ᠬᠤᠲᠠ ᠶᠢ ᠡᠭᠦᠳᠦᠨ ᠪᠠᠶᠢᠭᠤᠯᠵᠤ ᠮᠡᠳᠡᠪᠡᠯ | ᠵᠣᠬᠢᠬᠤ ᠳᠤ ᠱᠠᠩᠨᠠᠯ ᠣᠯᠭᠤᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠱᠠᠩᠨᠠᠯ ᠲᠠᠢ ᠠᠰᠠᠭᠤᠯᠲᠠ | ᠬᠠᠷᠢᠭᠤᠯᠲᠠ ᠶᠢᠨ ᠬᠡᠯᠪᠡᠷᠢ ᠪᠠᠷ ᠥᠷᠨᠢᠭᠦᠯᠵᠦ᠂ ᠠᠵᠢᠯᠲᠠᠳ ᠠᠴᠠ ᠰᠠᠭᠤᠭᠠᠯᠢ ᠠᠷᠠᠳ ᠲᠤ ᠪᠤᠭᠤᠲᠤ ᠬᠤᠳᠠ ᠶᠢᠨ | ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠮᠡᠳᠡᠪᠡᠯ ᠵᠣᠬᠢᠬᠤ ᠠᠰᠠᠭᠤᠳᠠᠯ ᠢ ᠳᠤᠷᠠᠳᠬᠤ ᠶᠢᠨ ᠬᠠᠮᠲᠤ | ᠰᠠᠭᠤᠭᠠᠯᠢ ᠠᠷᠠᠳ ᠠᠰᠠᠭᠤᠯᠲᠠ ᠶᠢ ᠬᠠᠷᠢᠭᠤᠯᠤᠭᠰᠠᠨ ᠤ ᠳᠠᠷᠠᠭ᠎ᠠ ᠳᠠᠭᠠᠯᠳᠤᠭᠤᠯᠤᠨ ᠪᠡᠯᠡᠭ ᠬᠦᠷᠭᠡᠵᠡᠢ᠃ᠠᠵᠢᠯᠲᠠᠨ ᠤ | ᠵᠢᠯᠣᠭᠤᠳᠤᠯᠭ᠎ᠠ ᠳᠣᠣᠷ᠎ᠠ᠂ ᠰᠠᠭᠤᠭᠠᠯᠢ ᠠᠷᠠᠳ ᠵᠠᠪᠳᠤᠨ ᠬᠠᠷᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ | ᠠᠵᠢᠯᠯᠠᠭ᠎ᠠ ᠶᠢᠨ ᠠᠬᠤᠢ ᠲᠠᠯᠠᠪᠠᠶ ᠳᠤ ᠬᠥᠷ ᠬᠥᠭᠵᠢᠶᠡᠨ ᠢᠶᠠᠷ ᠪᠢᠯᠬᠠᠵᠤ ᠪᠠᠶᠢᠯ᠎ᠠ᠃ᠲᠣᠰ ᠤᠳᠠᠭᠠᠨ ᠤ ᠠᠵᠢᠯᠯᠠᠭ᠎ᠠ | ᠨᠢ ᠰᠠᠭᠤᠭᠠᠯᠢ ᠠᠷᠠᠳ ᠲᠤ ᠬᠤᠲᠠ ᠪᠠᠶᠢᠭᠤᠯᠬᠤ ᠠᠵᠢᠯ ᠤᠨ ᠴᠢᠬᠤᠯᠠ ᠴᠢᠨᠠᠷ ᠢ ᠣᠶᠢᠯᠠᠭᠠᠭᠤᠯᠵᠤ᠂ ᠬᠤᠲᠠ | ᠪᠠᠶᠢᠭᠤᠯᠬᠤ ᠳᠤ ᠣᠷᠤᠯᠴᠠᠬᠤ ᠢᠳᠡᠪᠬᠢᠵᠢᠯ ᠢ ᠨᠡᠮᠡᠭᠳᠡᠭᠦᠯᠦᠭᠰᠡᠨ ᠮᠥᠷᠲᠡᠭᠡᠨ ᠵᠠᠰᠠᠭ ᠤᠨ ᠣᠷᠳᠣᠨ᠂ ᠨᠡᠶᠢᠭᠡᠮ | ᠲᠣᠭᠤᠷᠢᠭ ᠬᠢᠭᠡᠳ ᠰᠠᠭᠤᠭᠠᠯᠢ ᠠᠷᠠᠳ ᠤᠨ ᠬᠤᠭᠤᠷᠣᠨᠳᠣᠬᠢ ᠨᠥᠬᠦᠷᠰᠡᠭ ᠢᠶᠠᠷ ᠬᠠᠷᠢᠯᠴᠠᠨ ᠬᠠᠪᠰᠤᠷᠤᠯᠴᠠᠬᠤ | ᠬᠠᠷᠢᠴᠠᠭ᠎ᠠ ᠶᠢ ᠴᠤ ᠭᠦᠨᠵᠡᠭᠡᠶᠢᠷᠡᠭᠦᠯᠦᠭᠰᠡᠨ ᠪᠠᠶᠢᠨ᠎ᠠ᠃ | ᠬᠤᠳᠠ ᠶᠢᠨ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠣᠯᠭᠠᠬᠤ ᠪᠣᠯ ᠠᠷᠠᠳ ᠤᠨ ᠤᠶᠤᠨ ᠤᠬᠠᠭᠠᠨ ᠢ | ᠢᠯᠡᠷᠡᠭᠦᠯᠬᠦ᠂ ᠠᠷᠠᠳ ᠢ ᠴᠤᠭᠯᠠᠷᠠᠭᠤᠯᠬᠤ ᠶᠠᠪᠤᠳᠠᠯ ᠮᠥᠨ᠂ ᠪᠠᠰᠠ ᠴᠤ ᠠᠷᠠᠳ ᠤᠨ ᠵᠣᠪᠠᠨᠢᠯ ᠢ ᠲᠠᠶᠢᠯᠬᠤ᠂ ᠠᠷᠠᠳ ᠤᠨ | ᠰᠡᠳᠬᠢᠯ ᠢ ᠣᠯᠬᠤ ᠪᠠᠶᠠᠷ ᠤᠨ ᠶᠠᠪᠤᠳᠠᠯ ᠮᠥᠨ᠃ᠬᠤᠲᠠ ᠶᠢᠨ ᠠᠵᠢᠯᠲᠠᠨ ᠪᠣᠯᠤᠭᠰᠠᠨ ᠤ ᠬᠤᠪᠢ ᠳᠤ᠂ ᠪᠢᠳᠡ | ᠦᠵᠡᠰᠬᠦᠯᠡᠩᠲᠦ ᠰᠠᠶᠢᠬᠠᠨ ᠵᠡᠭᠦᠨ ᠭᠤᠣᠯ ᠢ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ | ᠬᠠᠷᠢᠭᠤᠴᠠᠯᠭ᠎ᠠ ᠲᠠᠢ᠂ ᠡᠭᠦᠷᠭᠡ ᠲᠠᠢ ᠶᠤᠮ᠃ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠪᠣᠯᠪᠠᠰᠤᠨ | ᠬᠤᠲᠠ ᠶᠢ ᠡᠭᠦᠳᠦᠨ ᠪᠠᠶᠢᠭᠤᠯᠬᠤ ᠶᠢᠨ ᠴᠢᠬᠤᠯᠠ ᠴᠢᠨᠠᠷ ᠢ ᠨᠠᠩ ᠣᠯᠠᠨ ᠬᠥᠮᠥᠰ ᠲᠤ ᠨᠠᠩ ᠢᠯᠡᠭᠦᠦ | ᠣᠶᠢᠯᠠᠭᠠᠭᠤᠯᠬᠤ ᠶᠢᠨ ᠬᠠᠮᠲᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠳᠤ ᠢᠳᠡᠪᠬᠢᠲᠡᠢ | ᠣᠷᠣᠯᠴᠠᠵᠤ᠂ ᠳ᠋ᠦᠩ ᠾᠧ ᠲᠣᠭᠤᠷᠢᠭ ᠤᠨ ᠰᠠᠶᠢᠨ ᠰᠠᠶᠢᠬᠠᠨ ᠢᠷᠡᠭᠡᠳᠦᠢ ᠳᠤ ᠥᠪᠡᠷ ᠤᠨ ᠬᠤᠪᠢ ᠨᠡᠮᠡᠷᠢ ᠪᠠᠨ | ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃ | |