︽ᠨᠠᠨ ᠭᠧ ᠳ᠋ᠦᠩ ᠵᠡᠭᠡᠯᠢ︾ ᠨᠠᠰᠤᠵᠢᠯ ᠤᠨ ᠠᠰᠠᠷᠠᠮᠵᠢ ᠶᠢᠨ ᠮᠡᠬᠡᠯᠡᠯ ᠬᠢᠬᠦ ᠶᠢ ᠰᠡᠷᠭᠡᠶᠢᠯᠡᠬᠦ ᠳᠤ ᠪᠡᠷᠬᠡ ᠪᠢᠰᠢ᠂ ᠱᠠᠮᠰᠢᠬᠤ ᠦᠭᠡᠢ  ᠥᠭᠬᠦ ᠦᠭᠡᠢ ᠮᠡᠬᠡᠯᠡᠭᠳᠡᠬᠦ ᠦᠭᠡᠢ
ᠨᠡᠶᠢᠲᠡᠯᠡᠭᠰᠡᠨ ᠴᠠᠭ᠄
2022/7/26
      ᠬᠠᠷᠢᠶᠠᠲᠤ ᠣᠷᠣᠨ ᠤ ᠥᠷᠭᠡᠨ ᠣᠯᠠᠨ ᠠᠬᠠᠮᠠᠳ ᠰᠠᠭᠤᠭᠠᠯᠢ ᠠᠷᠠᠳ ᠤᠨ ᠮᠡᠬᠡᠯᠡᠨ ᠬᠢᠬᠠᠬᠤ ᠶᠢ ᠡᠰᠡᠷᠭᠦᠴᠡᠬᠦ ᠪᠠ ᠮᠡᠬᠡᠯᠡᠨ ᠬᠢᠬᠠᠬᠤ ᠶᠢ ᠰᠡᠷᠭᠡᠶᠢᠯᠡᠬᠦ ᠤᠬᠠᠮᠰᠠᠷ ᠪᠣᠯᠣᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠬᠠᠷᠢᠶᠠᠲᠤ ᠣᠷᠣᠨ ᠤ ᠡᠯ᠎ᠡ ᠨᠠᠰᠤᠨ ᠤ ᠬᠥᠮᠥᠰ ᠤᠨ ᠨᠠᠰᠤᠵᠢᠯ ᠤᠨ ᠮᠡᠬᠡᠯᠡᠯ ᠢ ᠬᠠᠮᠲᠤ ᠪᠠᠷ ᠰᠡᠷᠭᠡᠶᠢᠯᠡᠬᠦ ︽ᠬᠠᠮᠠᠭᠠᠯᠠᠯᠲᠠ ᠶᠢᠨ ᠲᠣᠣᠷ︾ ᠢ ᠪᠠᠲᠤ ᠪᠠᠬᠢ ᠰᠦᠯᠵᠢᠵᠦ᠂ ᠥᠪᠡᠷ ᠤᠨ ︽ᠨᠠᠰᠤᠵᠢᠯ ᠤᠨ ᠠᠰᠠᠷᠠᠮᠵᠢ ᠶᠢᠨ ᠵᠣᠭᠤᠰ︾ ᠢᠶᠠᠨ ᠦᠨᠡᠨ ᠬᠦ ᠰᠠᠶᠢᠲᠤᠷ ᠰᠠᠬᠢᠨ ᠬᠠᠮᠠᠭᠠᠯᠠᠵᠤ᠂ ᠥᠷᠭᠡᠨ ᠣᠯᠠᠨ ᠨᠠᠰᠤᠲᠠᠶᠢᠴᠤᠳ ᠲᠤ ᠵᠣᠯ ᠵᠢᠷᠭᠠᠯ ᠲᠠᠢ ᠥᠲᠡᠯᠦᠭᠡ ᠨᠠᠰᠤ ᠪᠠᠨ ᠡᠳ᠋ᠯᠡᠭᠦᠯᠵᠦ᠂ 2022 ᠣᠨ ᠤ 6 ᠰᠠᠷ᠎ᠠ ᠶᠢᠨ 29 ᠤ ᠡᠳᠦᠷ᠂ ᠨᠠᠨ ᠭᠧ ᠳ᠋ᠦᠩ ᠵᠡᠭᠡᠯᠢ ᠭᠤᠳᠤᠮᠵᠢ ᠶᠢᠨ ᠬᠢᠨ ᠲᠠᠷᠢᠶᠠᠯᠠᠩ ᠠᠷᠠᠯᠵᠢᠶᠠᠨ ᠤ ᠴᠤᠭᠯᠠᠭ᠎ᠠ ᠮᠠᠶᠢᠮᠠᠢ ᠳᠤ ᠳᠠᠬᠢᠨᠲᠠ ᠭᠦᠨᠵᠡᠭᠡᠶᠢᠷᠡᠨ ᠨᠠᠰᠤᠵᠢᠯ ᠤᠨ ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠳᠤᠮᠳᠠ᠂ ᠰᠦᠯᠵᠢᠶᠡᠨ ᠤ ᠠᠵᠢᠯᠲᠠᠨ ᠪᠠ ᠰᠠᠶᠢᠨ ᠳᠤᠷ᠎ᠠ ᠶᠢᠨ ᠦᠢᠯᠡᠴᠢᠯᠡᠭᠴᠢᠳ ᠲᠥᠪᠯᠡᠷᠡᠭᠦᠯᠦᠨ ᠤᠬᠠᠭᠤᠯᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠤᠬᠠᠭᠤᠯᠭ᠎ᠠ ᠶᠢᠨ ᠲᠣᠳᠣᠷᠬᠠᠢ ᠴᠠᠭᠠᠰᠤ ᠪᠠ ᠨᠤᠭᠤᠯᠤᠭᠰᠠᠨ ᠬᠠᠭᠤᠳᠠᠰᠤᠨ ᠤ ᠺᠠᠷᠲ ᠤᠨ ᠲᠤᠬᠠᠢ ᠶᠢᠨ ᠲᠠᠯᠠᠪᠠᠶ ᠶᠢᠨ ᠲᠠᠶᠢᠯᠤᠮᠵᠢ ᠬᠢᠬᠦ ᠠᠷᠭ᠎ᠠ ᠮᠠᠶ᠋ᠢᠭ ᠢ ᠲᠠᠷᠬᠠᠭᠠᠵᠤ᠂ ᠰᠠᠭᠤᠭᠠᠯᠢ ᠠᠷᠠᠳ ᠲᠤ ᠳᠡᠷᠭᠡᠳᠡᠬᠢ ᠨᠠᠰᠤᠲᠠᠶᠢᠴᠤᠳ ᠤᠨ ︽ᠡᠷᠡᠭᠦᠯᠵᠢᠯ ᠤᠨ ᠡᠳ᠋ ᠢᠶᠠᠷ ᠨᠠᠰᠤᠵᠢᠯ ᠤᠨ ᠠᠰᠠᠷᠠᠮᠵᠢ ᠬᠦᠷᠲᠡᠭᠡᠬᠦ︾᠂ ︽ᠰᠦᠢᠳᠬᠡᠯ ᠥᠯᠥ ᠬᠤᠷᠢᠶᠠᠬᠤ ᠱᠠᠩᠨᠠᠯ ᠤᠨ ᠡᠳ᠋︾ ᠢ ᠢᠲᠡᠭᠡᠭᠡᠳ ᠮᠡᠬᠡᠯᠡᠭᠳᠡᠭᠰᠡᠨ ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠵᠦ᠂ ᠮᠡᠬᠡᠯᠡᠭᠴᠢ ᠶᠢᠨ ᠬᠠᠯᠳᠠᠭᠰᠠᠨ ᠬᠠᠤᠯᠢ ᠴᠠᠭᠠᠵᠠ ᠶᠢᠨ ᠳᠦᠷᠢᠮ ᠢ ᠬᠡᠷᠡᠭ ᠢᠶᠠᠷ ᠬᠠᠤᠯᠢ ᠴᠠᠭᠠᠵᠠ ᠳᠤ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠲᠤ ᠨᠠᠰᠤᠵᠢᠯ ᠤᠨ ᠮᠡᠬᠡᠯᠡᠯ ᠤᠨ ᠬᠠᠮᠢᠶ᠎ᠠ ᠪᠦᠬᠦᠢ ᠮᠡᠳᠡᠯᠭᠡ ᠶᠢ ᠨᠠᠷᠢᠨ ᠣᠶᠢᠯᠠᠭᠠᠭᠤᠯᠵᠤ᠂ ᠬᠠᠭᠤᠷᠴᠤ ᠮᠡᠬᠡᠯᠡᠬᠦ ᠪᠠ ᠮᠡᠬᠡᠯᠡᠬᠦ ᠶᠢ ᠰᠡᠷᠡᠮᠵᠢᠯᠡᠭᠦᠯᠵᠦ᠂ ᠲᠠᠨᠢᠬᠤ ᠦᠭᠡᠢ ᠬᠥᠮᠥᠨ ᠤ ᠪᠠᠭ᠎ᠠ ᠰᠠᠭ᠎ᠠ ᠠᠰᠢᠭ ᠲᠤᠰᠠ ᠶᠢ ᠬᠥᠭᠡᠭᠡᠴᠡᠯᠳᠦᠬᠦ ᠦᠭᠡᠢ ᠪᠠᠶᠢᠵᠤ᠂ ᠨᠡᠶᠢᠭᠡᠮ ᠳᠠᠶᠠᠭᠠᠷ ᠲᠤ ︽ᠮᠡᠬᠡᠯᠡᠬᠦ ᠶᠢ ᠡᠰᠡᠷᠭᠦᠴᠡᠨ ᠮᠡᠬᠡᠯᠡᠬᠦ ᠶᠢ ᠰᠡᠷᠭᠡᠶᠢᠯᠡᠬᠦ︾ ᠭᠦᠨ ᠵᠤᠵᠠᠭᠠᠨ ᠠᠭᠤᠷ ᠠᠮᠢᠰᠬᠤᠯ ᠢ ᠦᠷᠭᠦᠯᠵᠢᠯᠡᠨ ᠪᠣᠶ ᠪᠣᠯᠭᠠᠬᠤ ᠬᠡᠷᠡᠭᠲᠡᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠨ ᠭᠧ ᠳ᠋ᠦᠩ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1