︽ᠨᠠᠨ ᠭᠧ ᠳ᠋ᠦᠩ ᠵᠡᠭᠡᠯᠢ︾ 60 ᠨᠠᠰᠤᠲᠠᠨ ᠢ ᠬᠠᠮᠠᠭᠠᠯᠠᠵᠤ ︽ᠬᠢᠵᠢᠭ︾ᠵᠠᠮ ᠤᠨ ᠬᠠᠯᠬᠠᠪᠴᠢ ᠶᠢ ᠬᠠᠮᠲᠤ ᠪᠠᠷ ᠪᠠᠶᠢᠭᠤᠯᠪᠠ
ᠨᠡᠶᠢᠲᠡᠯᠡᠭᠰᠡᠨ ᠴᠠᠭ᠄
2022/7/26
     ︽ᠡᠶᠢᠮᠦ ᠬᠠᠯᠠᠭᠤᠨ ᠡᠳᠦᠷ᠂ ᠲᠠ ᠨᠠᠷ ᠲᠤᠰᠬᠠᠶᠢᠯᠠᠨ ᠢᠷᠡᠵᠦ ᠮᠠᠨ ᠤ ᠡᠲᠡᠭᠡᠷ ᠬᠥᠯ ᠭᠠᠷ ᠦᠭᠡᠢ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠬᠢᠯᠭᠡᠬᠦ ᠪᠠᠷ ᠢᠷᠡᠭᠰᠡᠨ ᠪᠥᠭᠡᠳ ᠡᠮᠴᠢ ᠪᠠᠰᠠ ᠡᠪᠡᠳᠴᠢᠨ ᠤ ᠥᠩᠭᠡᠷᠡᠯᠲᠡ ᠶᠢ ᠨᠢ ᠦᠵᠡᠭᠦᠯᠵᠦ᠂ ᠪᠢᠳᠡᠨ ᠳᠤ ᠲᠠᠷᠢᠯᠭ᠎ᠠ ᠬᠢᠵᠦ ᠪᠣᠯᠬᠤ ᠡᠰᠡᠬᠦ ᠶᠢ ᠬᠡᠯᠡᠵᠦ ᠥᠭᠴᠡᠢ᠂ ᠦᠨᠡᠬᠡᠷ ᠬᠠᠯᠠᠭᠤᠨ ᠰᠡᠳᠬᠢᠯ ᠲᠠᠢ ᠪᠠᠶᠢᠨ᠎ᠠ︕︾ ᠭᠡᠵᠦ ᠨᠢᠭᠡᠨ ᠠᠨᠢᠶ᠎ᠠ ᠶᠢᠨ ᠬᠢᠨ ᠨᠡᠶᠢᠭᠡᠮ ᠲᠣᠭᠤᠷᠢᠭ ᠪᠣᠯᠣᠨ ᠡᠮᠨᠡᠯᠭᠡ ᠶᠢᠨ ᠠᠵᠢᠯᠲᠠᠳ ᠲᠤ ᠬᠠᠯᠠᠭᠤᠮᠰᠤᠭ ᠢᠶᠠᠷ ᠶᠠᠷᠢᠵᠤ ᠪᠠᠶᠢᠯ᠎ᠠ᠃      7 ᠰᠠᠷ᠎ᠠ ᠶᠢᠨ 7 ᠤ ᠡᠳᠦᠷ ᠶᠢᠨ ᠯᠦᠩ ᠸᠠᠩ ᠮᠢᠶᠣᠣ ᠨᠡᠶᠢᠭᠡᠮ ᠲᠣᠭᠤᠷᠢᠭ ᠲᠤ ᠸᠠᠺᠼᠢᠨ ᠤ ᠲᠠᠷᠢᠯᠭ᠎ᠠ ᠬᠢᠬᠦ ᠶᠢ ᠳᠠᠬᠢᠨ ᠳᠠᠶᠢᠴᠢᠯᠠᠬᠤ ᠠᠵᠢᠯ ᠥᠷᠨᠢᠭᠦᠯᠵᠦ᠂ ᠬᠠᠷᠢᠶᠠᠲᠤ ᠣᠷᠣᠨ ᠤ ᠪᠠᠨ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠭᠤᠣᠯᠳᠠᠯᠭ᠎ᠠ ᠲᠠᠢ ᠳᠠᠶᠢᠴᠢᠯᠠᠯᠲᠠ ᠬᠢᠵᠡᠢ᠂ ᠡᠨᠡ ᠨᠢ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠬᠠᠷᠢᠶᠠᠲᠤ ᠣᠷᠣᠨ ᠤ ᠪᠠᠨ ᠰᠠᠭᠤᠭᠠᠯᠢ ᠠᠷᠠᠳ ᠲᠤ ᠸᠠᠺᠼᠢᠨ ᠤ ᠲᠠᠷᠢᠯᠭ᠎ᠠ ᠬᠢᠬᠦ ᠶᠢᠨ ᠴᠢᠬᠤᠯᠠ ᠴᠢᠨᠠᠷ ᠢ ᠨᠠᠩ ᠪᠥᠬᠦ ᠲᠠᠯ᠎ᠠ ᠪᠠᠷ ᠣᠶᠢᠯᠠᠭᠠᠭᠤᠯᠵᠤ᠂ ᠨᠥᠬᠦᠴᠡᠯ ᠳᠤ ᠨᠡᠶᠢᠴᠡᠬᠦ ᠰᠠᠭᠤᠭᠠᠯᠢ ᠠᠷᠠᠳ ᠤᠨ ᠭᠥᠯᠢᠶᠡᠨ ᠠᠪᠬᠤ ᠶᠣᠰᠣᠲᠠᠢ ᠶᠢ ᠨᠢ ᠴᠥᠮ ᠭᠥᠯᠢᠶᠡᠨ ᠠᠪᠬᠤ ᠶᠢ ᠦᠨᠡᠨ ᠬᠦ ᠪᠠᠲᠤᠯᠠᠬᠤ ᠶᠢᠨ ᠲᠥᠯᠥᠭᠡ ᠶᠤᠮ᠃      ᠨᠠᠰᠤᠲᠠᠨ  ᠢ ᠠᠰᠠᠷᠠᠬᠤ ᠬᠦᠷᠢᠶᠡᠯᠡᠩ ᠳᠤ ᠸᠠᠺᠼᠢᠨ ᠤ ᠲᠠᠷᠢᠯᠭ᠎ᠠ ᠬᠢᠬᠦ ᠦᠶ᠎ᠡ ᠳᠤ ᠡᠮᠨᠡᠯᠭᠡ  ᠶᠢᠨ ᠠᠵᠢᠯᠲᠠᠳ ᠵᠠᠭᠤᠨ ᠨᠠᠰᠤᠲᠠᠢ ᠨᠢᠭᠡ ᠨᠠᠰᠤᠲᠠᠨ ᠳᠤ ᠲᠠᠷᠢᠯᠭ᠎ᠠ ᠬᠢᠵᠦ ᠥᠭᠴᠡᠢ᠂ ᠨᠠᠰᠤᠲᠠᠨ ᠤ ᠭᠡᠷ ᠪᠦᠯᠢ  ᠶᠢᠨ  ᠬᠢᠨ ᠡᠨᠡ ᠬᠦ ᠲᠠᠷᠢᠯᠭ᠎ᠠ  ᠶᠢ ᠮᠠᠭᠲᠠᠭᠠᠳ ᠪᠠᠷᠠᠬᠤ ᠦᠭᠡᠢ ᠪᠠᠶᠢᠨ᠎ᠠ᠃ᠲᠣᠰ ᠤᠳᠠᠭ᠎ᠠ ᠶᠢᠨ ᠨᠡᠶᠢᠭᠡᠮ ᠲᠣᠭᠤᠷᠢᠭ ᠪᠠ ᠡᠮᠨᠡᠯᠭᠡ ᠶᠢᠨ ᠠᠵᠢᠯᠲᠠᠳ ᠭᠡᠷ ᠲᠤᠨᠢ ᠬᠦᠷᠴᠦ ᠢᠷᠡᠬᠦ ᠶᠠᠪᠤᠴᠠ ᠳᠤ᠂ ᠡᠮᠨᠡᠯᠭᠡ ᠶᠢᠨ ᠠᠵᠢᠯᠲᠠᠳ ᠸᠠᠺᠼᠢᠨ ᠤ ᠲᠠᠷᠢᠯᠭ᠎ᠠ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠴᠠᠭ ᠲᠤᠨᠢ ᠲᠣᠬᠢᠷᠠᠭᠤᠯᠤᠨ ᠥᠷᠨᠢᠭᠦᠯᠵᠦ᠂ ᠨᠠᠰᠤᠲᠠᠶᠢᠴᠤᠳ ᠤᠨ ᠡᠷᠡᠭᠡᠯᠵᠡᠯ ᠪᠠ ᠪᠠᠴᠢᠮᠳᠠᠯ ᠢ ᠣᠨᠣᠪᠴᠢᠲᠠᠶ ᠠᠷᠢᠯᠭᠠᠵᠤ᠂ ᠸᠠᠺᠼᠢᠨ ᠤ ᠲᠠᠷᠢᠯᠭ᠎ᠠ ᠶᠢ ᠬᠤᠷᠳᠤᠴᠠ ᠲᠠᠢ ᠮᠥᠷᠲᠡᠭᠡᠨ ᠳᠤᠯᠠᠭᠠᠨ ᠤ ᠬᠡᠮᠵᠢᠶ᠎ᠡ ᠲᠠᠢ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠰᠤᠲᠠᠶᠢᠴᠤᠳ ᠤᠨ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃
 
ᠢᠷᠡᠯᠲᠡ᠄ ᠪᠤᠭᠤᠲᠤ ᠬᠤᠲᠠ ᠶᠢᠨ ᠳ᠋ᠦᠩ ᠾᠧ ᠲᠣᠭᠤᠷᠢᠭ ᠤᠨ ᠨᠠᠨ ᠭᠧ ᠳ᠋ᠦᠩ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1