︵ᠨᠢᠭᠡ︶ ᠬᠡᠪᠴᠢᠶ᠎ᠡ ᠠᠴᠠ ᠳᠡᠭᠡᠭᠰᠢᠬᠢ ᠠᠵᠤ ᠦᠢᠯᠡᠳᠪᠦᠷᠢ | ᠳ᠋ᠦᠩ ᠾᠧ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ | 45 ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ | ᠬᠤᠷᠳᠤᠴᠠ 16.4% ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 14.2% ᠬᠦᠷᠴᠦ᠂ ᠨᠡᠮᠡᠭᠳᠡᠯ ᠤᠨ | ᠬᠤᠷᠳᠤᠴᠠ ᠨᠢ ᠪᠥᠬᠦ ᠬᠤᠲᠠ ︵17.8%︶ ᠠᠴᠠ 1.4 ᠵᠠᠭᠤᠨ ᠤ ᠨᠢᠭᠡᠴᠢ ᠳᠣᠣᠷ᠎ᠠ ᠪᠠᠶᠢᠵᠤ᠂ ᠥᠪᠡᠷᠲᠡᠭᠡᠨ | ᠵᠠᠰᠠᠬᠤ ᠣᠷᠣᠨ ︵8%︶ ᠠᠴᠠ 8.4 ᠵᠠᠭᠤᠨ ᠤ ᠨᠢᠭᠡᠴᠢ ᠥᠨᠳᠥᠷ ᠪᠠᠶᠢᠵᠤ᠂ ᠤᠯᠤᠰ ︵0.7%︶ ᠠᠴᠠ | 15.7 ᠵᠠᠭᠤᠨ ᠤ ᠨᠢᠭᠡᠴᠢ ᠥᠨᠳᠥᠷ ᠪᠣᠯᠵᠠᠢ᠃ | ︵ᠬᠤᠶᠠᠷ︶ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ | 1-5 ᠰᠠᠷ᠎ᠠ ᠳᠤ᠂ ᠳ᠋ᠦᠩ ᠾᠧ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 12.4% ᠪᠠᠷ ᠨᠡᠮᠡᠭᠳᠡᠵᠦ᠂ ᠬᠤᠶᠠᠷ ᠵᠢᠯ ᠳᠤ ᠳᠤᠮᠳᠠᠴᠢ ᠪᠠᠷ 11.8% ᠪᠠᠷ | ᠨᠡᠮᠡᠭᠳᠡᠨ᠂ ᠪᠥᠬᠦ ᠬᠤᠲᠠ ︵35%︶ ᠠᠴᠠ 22.6 ᠵᠠᠭᠤᠨ ᠤ ᠨᠢᠭᠡᠴᠢ ᠳᠣᠣᠷ᠎ᠠ ᠪᠠᠶᠢᠵᠤ᠂ ᠥᠪᠡᠷᠲᠡᠭᠡᠨ | ᠵᠠᠰᠠᠬᠤ ᠣᠷᠣᠨ ︵32.2%︶ ᠠᠴᠠ 19.8 ᠵᠠᠭᠤᠨ ᠤ ᠨᠢᠭᠡᠴᠢ ᠳᠣᠣᠷ᠎ᠠ ᠪᠠᠶᠢᠵᠤ᠂ ᠤᠯᠤᠰ ︵6.2%︶ | ᠠᠴᠠ 6.2 ᠵᠠᠭᠤᠨ ᠤ ᠨᠢᠭᠡᠴᠢ ᠥᠨᠳᠥᠷ ᠪᠣᠯᠵᠠᠢ᠃ | ︵ᠭᠤᠷᠪᠠ︶ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ | 1-5 ᠰᠠᠷ᠎ᠠ ᠳᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ | ᠨᠡᠶᠢᠲᠡ 67.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3% ᠪᠠᠷ | ᠪᠠᠭᠤᠷᠠᠪᠠ᠂ ᠬᠤᠶᠠᠷ ᠵᠢᠯ ᠳᠤ ᠳᠤᠮᠳᠠᠴᠢ ᠪᠠᠷ 6.2% ᠢᠶᠠᠷ ᠨᠡᠮᠡᠭᠳᠡᠯ ᠤᠨ ᠬᠤᠷᠳᠤᠴᠠ ᠨᠢ ᠪᠥᠬᠦ ᠬᠤᠲᠠ ︵-2. | 7%︶ ᠠᠴᠠ 0.3 ᠵᠠᠭᠤᠨ ᠤ ᠨᠢᠭᠡᠴᠢ ᠳᠣᠣᠷ᠎ᠠ ᠪᠠᠶᠢᠵᠤ᠂ ᠥᠪᠡᠷᠲᠡᠭᠡᠨ ᠵᠠᠰᠠᠬᠤ ᠣᠷᠣᠨ ︵-0.8%︶ ᠠᠴᠠ | 2.2 ᠵᠠᠭᠤᠨ ᠤ ᠨᠢᠭᠡᠴᠢ ᠳᠣᠣᠷ᠎ᠠ ᠪᠠᠶᠢᠵᠤ᠂ ᠤᠯᠤᠰ ︵-6.7%︶ ᠠᠴᠠ 3.7 ᠵᠠᠭᠤᠨ ᠤ ᠨᠢᠭᠡᠴᠢ ᠥᠨᠳᠥᠷ | ᠪᠣᠯᠵᠠᠢ᠃ᠡᠭᠦᠨ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ ᠶᠢᠨ 1-5 ᠰᠠᠷ᠎ᠠ ᠳᠤ ᠳᠡᠭᠡᠭᠰᠢ ᠮᠡᠳᠡᠭᠦᠯᠦᠭᠰᠡᠨ ᠲᠤᠭ᠎ᠠ ᠨᠡᠶᠢᠲᠡ 2.85 | ᠳ᠋ᠦᠩᠰᠢᠭᠤᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.4% ᠪᠠᠷ ᠪᠠᠭᠤᠷᠠᠪᠠ᠃ | |