ᠣᠷᠣᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/8
      6 ᠰᠠᠷ᠎ᠠ ᠶᠢᠨ 27 ᠤ ᠡᠳᠦᠷ᠂ ᠣᠷᠣᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠬᠤᠷᠠᠯ ᠨᠢ ︽ᠦᠵᠡᠯ ᠰᠠᠨᠠᠭ᠎ᠠ ᠪᠠᠨ ᠴᠢᠯᠦᠭᠡᠯᠡᠨ᠂ ᠦᠵᠡᠯᠲᠡ ᠪᠠᠨ ᠰᠢᠨᠡᠳᠬᠡᠵᠦ᠂ ᠬᠠᠷᠠᠭ᠎ᠠ ᠪᠠᠨ ᠥᠷᠭᠡᠳᠬᠡᠨ᠂ ᠠᠬᠤᠢ ᠪᠠᠶᠢᠳᠠᠯ ᠢᠶᠠᠨ ᠳᠡᠭᠡᠭᠰᠢᠯᠡᠭᠦᠯᠬᠦ︾ ᠲᠣᠭᠤᠷᠢᠨ ᠳᠤ ᠲᠥᠪᠯᠡᠷᠡᠭᠦᠯᠦᠨ ᠰᠤᠳᠤᠯᠤᠨ ᠶᠠᠷᠢᠯᠴᠠᠪᠠ᠃ᠣᠷᠣᠨ ᠤ ᠨᠠᠮ ᠤᠨ ᠬᠤᠷᠢᠶᠠᠨ ᠤ ᠱᠦᠵᠢ ᠶᠠᠩ ᠡᠯ ᠰᠢ ᠬᠤᠷᠠᠯ  ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠵᠠᠩ ᠯᠢ ᠵᠢᠶᠦ᠋ᠨ᠂ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠸᠠᠩ ᠵᠢᠶᠠᠨ ᠫᠢᠩ᠂ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠢ ᠵᠢᠢ ᠸᠧᠨ ᠬᠤᠷᠠᠯ ᠳᠤ ᠣᠷᠣᠯᠴᠠᠪᠠ᠃ᠪᠦᠬᠦ ᠰᠢᠶᠠᠨ ᠤ ᠱᠠᠲᠤᠨ ᠤ ᠤᠳᠤᠷᠢᠳᠤᠯᠭ᠎ᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠤᠯᠤᠰ ᠲᠦᠷᠦ ᠶᠢᠨ ᠵᠥᠪᠯᠡᠯᠭᠡᠨ ᠤ ᠠᠯᠪᠠᠨ ᠭᠡᠷ ᠤᠨ ᠡᠷᠬᠢᠯᠡᠭᠴᠢ᠂ ᠨᠠᠮ ᠤᠨ ᠰᠤᠷᠭᠠᠭᠤᠯᠢ ᠶᠢᠨ ᠪᠠᠶᠢᠩᠭᠤ ᠶᠢᠨ ᠳᠡᠳ᠋ ᠵᠠᠬᠢᠷᠤᠯ ᠬᠤᠷᠠᠯ ᠳᠤ ᠣᠷᠣᠯᠴᠠᠵᠠᠢ᠃
ᠬᠤᠷᠠᠯ ᠤᠨ ᠲᠠᠯᠠᠪᠠᠢ      ᠬᠤᠷᠠᠯ ᠳᠡᠭᠡᠷ᠎ᠡ᠂ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠶᠦᠩ ᠣᠷᠣᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠯᠢᠦ ᠵᠧᠩ᠂ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠧᠨ ᠸᠧᠨ ᠯᠢ᠂ ᠬᠥᠩᠭᠡᠨ ᠴᠠᠭᠠᠨ ᠤ ᠦᠢᠯᠡᠰ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠶᠦᠩ ︽ᠦᠵᠡᠯ ᠰᠠᠨᠠᠭ᠎ᠠ ᠪᠠᠨ ᠴᠢᠯᠦᠭᠡᠯᠡᠨ᠂ ᠦᠵᠡᠯᠲᠡ ᠪᠠᠨ ᠰᠢᠨᠡᠳᠬᠡᠵᠦ᠂ ᠬᠠᠷᠠᠭ᠎ᠠ ᠪᠠᠨ ᠥᠷᠭᠡᠳᠬᠡᠨ᠂ ᠠᠬᠤᠢ ᠪᠠᠶᠢᠳᠠᠯ ᠢᠶᠠᠨ ᠳᠡᠭᠡᠭᠰᠢᠯᠡᠭᠦᠯᠬᠦ︾ ᠲᠣᠭᠤᠷᠢᠨ ᠳᠤ ᠲᠣᠰ ᠲᠣᠰ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠠᠳᠠᠯᠢ ᠪᠤᠰᠤ ᠲᠠᠯ᠎ᠠ  ᠠᠴᠠ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠤ᠂ ᠭᠤᠣᠯ ᠳᠤᠭᠤᠶᠢᠯᠠᠩ ᠤᠨ ᠪᠤᠰᠤᠳ ᠪᠦᠷᠢᠯᠳᠦᠭᠦᠨ ᠪᠢᠴᠢᠭ ᠤᠨ ᠬᠡᠯᠪᠡᠷᠢ ᠪᠠᠷ ᠰᠠᠨᠠᠯ ᠢᠶᠠᠨ ᠰᠣᠯᠢᠯᠴᠠᠪᠠ᠃      ᠶᠠᠩ ᠡᠯ ᠰᠢ ᠳ᠋ᠦᠩᠨᠡᠯᠲᠡ ᠶᠢᠨ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠴᠢᠯᠦᠭᠡᠯᠡᠬᠦ ᠶᠢᠨ ᠳᠣᠲᠣᠭᠠᠳᠤ ᠬᠥᠳᠡᠯᠭᠡᠭᠦ ᠬᠦᠴᠦᠨ ᠢ ᠤᠯᠠᠮ ᠨᠢᠭᠡ ᠠᠯᠬᠤᠮ ᠴᠢᠩᠭᠠᠷᠠᠭᠤᠯᠤᠨ᠂ ᠦᠵᠡᠯ ᠰᠠᠨᠠᠭ᠎ᠠ ᠶᠢ ᠠᠮᠢᠳᠤᠯᠢᠭ ᠪᠣᠯᠭᠠᠵᠤ᠂ ᠣᠶᠢᠯᠠᠭᠠᠭᠳᠠᠬᠤᠨ ᠢ ᠰᠢᠨ᠎ᠡ ᠪᠠᠷ ᠬᠥᠭᠵᠢᠭᠦᠯᠦᠨ᠂ ᠳᠡᠭᠡᠳᠦ ᠱᠠᠲᠤᠨ ᠤ ᠱᠠᠭᠠᠷᠳᠠᠯᠭ᠎ᠠ ᠲᠠᠢ ᠬᠠᠷᠢᠴᠠᠭᠤᠯᠵᠤ᠂ ᠲᠡᠷᠢᠭᠦᠨ ᠤ ᠭᠠᠵᠠᠷ ᠣᠷᠣᠨ ᠲᠠᠢ ᠬᠠᠷᠢᠴᠠᠭᠤᠯᠵᠤ᠂ ᠣᠯᠠᠨ ᠲᠦᠮᠡᠨ ᠤ ᠬᠦᠰᠡᠯ ᠡᠷᠡᠮᠡᠯᠵᠡᠯ ᠲᠠᠢ ᠬᠠᠷᠢᠴᠠᠭᠤᠯᠵᠤ᠂ ᠨᠠᠩ ᠠᠯᠤᠰ ᠬᠡᠲᠦ ᠶᠢᠨ ᠪᠠᠶᠢᠷᠢ ᠲᠣᠭᠲᠠᠭᠠᠯᠲᠠ ᠶᠢ ᠪᠣᠶ ᠪᠣᠯᠭᠠᠵᠤ᠂ ᠪᠥᠬᠦ ᠬᠦᠴᠦᠨ ᠢᠶᠠᠷ ᠢᠶᠠᠨ ᠬᠠᠮᠤᠭ ᠤᠨ ᠰᠠᠶᠢᠨ ᠬᠢᠷᠢ ᠪᠦᠲᠦᠮᠵᠢ ᠶᠢ ᠲᠡᠮᠡᠴᠡᠨ ᠣᠯᠬᠤ ᠬᠡᠷᠡᠭᠲᠡᠢ᠃ᠶᠠᠩ ᠡᠯ ᠰᠢ ᠴᠢᠬᠤᠯᠠᠴᠢᠯᠠᠭᠰᠠᠨ ᠨᠢ      ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠲᠠᠬᠢᠨ ᠰᠡᠷᠭᠦᠬᠦ ᠶᠢ ᠰᠡᠷᠭᠡᠶᠢᠯᠡᠵᠦ︾᠂︽ᠬᠤᠶᠠᠷ ᠦᠷᠳᠡᠭᠡ ᠨᠢᠭᠡ ᠤᠳᠠᠭ᠎ᠠ︾ᠵᠡᠷᠭᠡ ᠵᠠᠮ ᠬᠠᠷᠢᠯᠴᠠᠭᠠᠨ ᠤ ᠪᠣᠭᠤᠮᠲᠠ ᠶᠢ ᠳᠠᠷᠠᠭᠠᠯᠠᠨ ᠪᠠᠶᠢᠴᠠᠭᠠᠬᠤ ᠡᠷᠴᠢᠮ ᠢ ᠭᠤᠣᠯᠳᠠᠯᠭ᠎ᠠ ᠲᠠᠢ ᠴᠢᠩᠭᠠᠳᠬᠠᠵᠤ᠂ ᠭᠤᠣᠯᠳᠠᠯᠭ᠎ᠠ ᠲᠠᠢ ᠬᠥᠮᠥᠰ ᠤᠨ︽ᠪᠠᠶᠢᠴᠠᠭᠠᠬᠤ ᠶᠣᠰᠣᠲᠠᠢ ᠶᠢ ᠨᠢ ᠪᠦᠬᠦᠨ ᠢ ᠪᠠᠶᠢᠴᠠᠭᠠᠬᠤ︾ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠶᠢᠭᠤᠯᠬᠤ ᠬᠡᠷᠡᠭᠲᠡᠢ᠃ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ᠃ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠲᠠᠮᠠᠬᠠᠢ ᠬᠡᠢ᠂ ᠪᠠᠷᠢᠯᠭ᠎ᠠ ᠶᠢᠨ ᠠᠵᠢᠯ ᠬᠢᠬᠦ᠂ ᠥᠨᠳᠥᠷ ᠬᠠᠯᠠᠭᠤᠨ ᠳᠤ ᠠᠵᠢᠯᠯᠠᠬᠤ᠂ ᠥᠪᠡᠷ ᠢᠶᠠᠨ ᠭᠡᠷ ᠪᠠᠶᠢᠰᠢᠩ ᠪᠠᠷᠢᠬᠤ ᠵᠡᠷᠭᠡ ᠲᠠᠯ᠎ᠠ ᠶᠢᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠨᠠᠷᠢᠨ ᠨᠢᠮᠪᠠᠢ ᠪᠠᠶᠢᠴᠠᠭᠠᠨ ᠴᠡᠭᠴᠡᠯᠡᠨ ᠵᠠᠰᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠡᠷᠡᠰ ᠬᠠᠮᠠᠭᠠᠯᠠᠬᠤ ᠬᠡᠷᠡᠭᠲᠡᠢ᠃ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠴᠣᠬᠢᠯᠲᠠ ᠥᠭᠬᠦ᠂ ᠰᠡᠷᠭᠡᠶᠢᠯᠡᠬᠦ᠂ ᠬᠠᠮᠢᠶᠠᠷᠬᠤ᠂ ᠡᠵᠡᠮᠳᠡᠬᠦ᠂ ᠪᠠᠶᠢᠭᠤᠯᠬᠤ ᠵᠡᠷᠭᠡ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ᠨᠡᠶᠢᠭᠡᠮ ᠤᠨ ᠣᠷᠴᠢᠨ ᠲᠣᠭᠤᠷᠢᠨ ᠢ ᠦᠨᠡᠨᠬᠦ ᠴᠡᠪᠡᠷᠰᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ᠃ᠶᠠᠩ ᠡᠯ ᠰᠢ ᠴᠢᠬᠤᠯᠠᠴᠢᠯᠠᠭᠰᠠᠨ ᠨᠢ     ︽ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ︾ ᠠᠵᠢᠯ ᠤᠨ ᠶᠡᠷᠦᠩᠬᠡᠢ ᠬᠥᠭ ᠠᠶᠠᠰ ᠢ ᠡᠷᠡᠰ ᠲᠤᠤᠱᠯᠠᠭᠤᠯᠵᠤ᠂ ᠤᠯᠤᠰ ᠤᠨ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠲᠥᠷᠥ ᠶᠢᠨ ᠪᠣᠳᠣᠯᠭ᠎ᠠ ᠪᠠ ᠥ᠊4ᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠳ᠋ᠦᠩ ᠾᠧ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠲᠦᠷᠭᠡᠨ ᠭᠦᠶᠦᠯᠲᠡ ᠶᠢᠨ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠦᠨ᠂ ᠠᠵᠤ ᠦᠢᠯᠡᠳᠪᠦᠷᠢ ᠶᠢᠨ ᠪᠣᠬᠢᠷᠳᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠤᠯᠠᠮᠵᠢᠯᠠᠯᠲᠤ ᠠᠷᠠᠯᠵᠢᠶ᠎ᠠ ᠬᠤᠳᠠᠯᠳᠤᠭᠠᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠬᠤᠲᠠ ᠶᠢᠨ ᠲᠡᠭᠦᠷᠭᠡ ᠶᠢᠨ ᠬᠡᠯᠪᠡᠷᠢ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠣᠯᠠᠨ ᠡᠰᠢᠲᠦ ᠬᠥᠭᠵᠢᠯᠲᠡ᠂ ᠣᠯᠠᠨ ᠲᠤᠶᠢᠯ ᠢᠶᠠᠷ ᠲᠤᠯᠭᠠᠭᠤᠷᠢᠯᠠᠭᠰᠠᠨ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ᠠᠵᠤ ᠦᠢᠯᠡᠳᠪᠦᠷᠢ᠂ ᠬᠤᠳᠠ ᠶᠢᠨ ᠠᠭᠤᠷᠬᠠᠢ ᠶᠢᠨ ᠭᠠᠷᠤᠯᠲᠠ ᠶᠢᠨ ᠣᠷᠴᠢᠯ ᠠᠵᠤ ᠠᠬᠤᠢ᠂ ᠰᠣᠶᠣᠯ ᠬᠤᠳᠠᠯᠳᠤᠭ᠎ᠠ ᠵᠤᠭᠠᠴᠠᠯ ᠤᠨ ᠠᠭᠤᠰᠤᠯᠴᠠᠯ ᠵᠡᠷᠭᠡ 5 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠭᠠᠳᠠᠭᠰᠢ ᠭᠠᠷᠬᠤ᠂ ᠤᠷᠢᠵᠤ ᠣᠷᠣᠭᠤᠯᠬᠤ᠂ ᠲᠦᠷᠪᠡᠨ ᠵᠦᠭ ᠨᠠᠢᠮᠠᠨ ᠵᠣᠪᠬᠢᠰ ᠠᠴᠠ ᠤᠨᠢᠨ ᠳᠡᠭᠡᠷ᠎ᠡ ᠨᠢ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠰᠦᠯᠵᠢᠶᠡᠨ ᠳᠡᠭᠡᠷ᠎ᠡ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠪᠦᠬᠦ ᠵᠢᠯ ᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠬᠠᠷᠠᠯᠲᠠ ᠶᠢ ᠳᠠᠪᠠᠭᠤᠯᠤᠨ ᠪᠡᠶᠡᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠪᠦᠬᠦ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠥᠨᠥᠳᠥᠷ  ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1