ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/8
     6 ᠰᠠᠷ᠎ᠠ ᠶᠢᠨ 28 ᠤ ᠡᠳᠦᠷ᠂ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ᠃ᠣᠷᠣᠨ ᠤ ᠨᠠᠮ ᠤᠨ ᠬᠤᠷᠢᠶᠠᠨ ᠤ ᠱᠦᠵᠢ ᠶᠠᠩ ᠡᠯ ᠰᠢ ᠬᠤᠷᠠᠯ  ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃
ᠬᠤᠷᠠᠯ ᠤᠨ ᠲᠠᠯᠠᠪᠠᠢ      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ  ᠤᠨ ᠪᠦᠬᠦ ᠪᠥᠮᠪᠥᠷᠴᠡᠭ ᠤᠨ ᠬᠥᠭᠵᠢᠯᠲᠡ ᠶᠢᠨ ᠳᠡᠭᠡᠳᠦ ᠳᠠᠪᠬᠤᠷᠭ᠎ᠠ ᠶᠢᠨ ᠶᠠᠷᠢᠯᠴᠠᠭ᠎ᠠ ᠶᠢᠨ ᠬᠤᠷᠠᠯ᠂ ᠠᠯᠳᠠᠨ ᠲᠣᠭᠤᠰᠬ᠎ᠠ ᠤᠯᠤᠰ ᠤᠨ ᠤᠳᠤᠷᠢᠳᠬᠤ ᠬᠥᠮᠥᠰ ᠤᠨ ᠠᠷᠪᠠᠨ ᠳᠥᠷᠪᠡᠳᠦᠭᠡᠷ ᠤᠳᠠᠭ᠎ᠠ ᠶᠢᠨ ᠠᠭᠤᠯᠵᠠᠯᠲᠠ ᠶᠢᠨ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ  ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠢᠨ ᠵᠢᠷᠭᠤᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ᠬᠤᠷᠠᠯ ᠠᠴᠠ ᠴᠢᠬᠤᠯᠠᠴᠢᠯᠠᠭᠰᠠᠨ ᠨᠢ      ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠦ᠂ ᠬᠠᠷᠠᠴᠠ ᠪᠠᠷ ᠥᠷᠭᠡᠨ ᠠᠭᠤᠳᠠᠮ᠂ ᠠᠭᠤᠯᠤᠭᠳᠠᠬᠤᠨ ᠢᠶᠠᠷ ᠡᠯᠪᠡᠭ ᠪᠠᠶᠠᠯᠢᠭ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠤᠭᠤᠳᠬᠤ ᠴᠢᠨᠠᠷ ᠲᠠᠢ ᠪᠠᠶᠢᠵᠤ᠂ ᠪᠢᠳᠡᠨ ᠤ ᠠᠵᠢᠯ ᠢᠶᠠᠨ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ᠃ᠪᠦᠬᠦ ᠣᠷᠣᠨ ᠢᠶᠠᠷ ᠢᠶᠠᠨ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠂ ᠭᠤᠣᠯ ᠴᠢᠬᠤᠯᠠ ᠠᠭᠤᠯᠭ᠎ᠠ ᠶᠢ ᠡᠵᠡᠮᠰᠢᠵᠦ᠂ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠡᠵᠡᠮᠰᠢᠵᠦ᠂ ᠤᠨᠤᠯ ᠤᠨ ᠤᠬᠠᠮᠰᠠᠷ ᠢ ᠦᠨᠡᠨᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠣᠨ ᠦᠢᠯᠡ ᠠᠵᠢᠯᠯᠠᠭ᠎ᠠ ᠶᠢᠨ ᠤᠬᠠᠮᠰᠠᠷ ᠪᠣᠯᠭᠠᠨ ᠬᠤᠪᠢᠷᠠᠭᠤᠯᠵᠤ᠂ ᠶᠣᠰᠣ ᠪᠠᠷ ᠢᠶᠠᠨ ᠬᠡᠯᠡᠵᠦ ᠪᠠᠷᠢᠨ ᠬᠡᠷᠡᠭᠵᠢᠭᠦᠯᠬᠦ᠂ ᠴᠢᠩᠭ᠎ᠠ ᠠᠳᠬᠤᠨ ᠲᠦᠷᠭᠡᠨ ᠭᠦᠢᠴᠡᠳᠬᠡᠬᠦ᠂ ᠦᠨᠡᠨᠬᠦ ᠠᠳᠬᠤᠨ ᠪᠣᠳᠠᠲᠠᠢ ᠠᠵᠢᠯᠯᠠᠬᠤ ᠰᠠᠶᠢᠨ ᠰᠠᠶᠢᠬᠠᠨ ᠰᠤᠷᠲᠠᠯ ᠪᠣᠯᠭᠠᠨ ᠬᠤᠪᠢᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠋ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠳ᠋ᠦᠩ ᠾᠧ ᠲᠣᠭᠤᠷᠢᠭ ᠲᠤ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃ᠬᠤᠷᠠᠯ ᠠᠴᠠ ᠴᠢᠬᠤᠯᠠᠴᠢᠯᠠᠭᠰᠠᠨ ᠨᠢ      ᠣᠨ ᠤ ᠬᠢᠨᠠᠨ ᠰᠢᠯᠭᠠᠯᠲᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠢᠨᠠᠨ ᠰᠢᠯᠭᠠᠬᠤ ᠳᠣᠬᠢᠭᠤᠷ ᠢ ᠰᠠᠶᠢᠲᠤᠷ ᠬᠡᠷᠡᠭᠯᠡᠵᠦ᠂ ᠤᠯᠤᠰ ᠲᠥᠷᠥ ᠶᠢᠨ ᠪᠠᠷᠢᠮᠵᠢᠶ᠎ᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ᠂ ᠠᠵᠢᠯ ᠤᠨ ᠪᠣᠳᠠᠲᠤ ᠠᠮᠵᠢᠯᠲᠠ  ᠶᠢ ᠡᠭᠦᠳᠬᠦ ᠶᠠᠪᠤᠳᠠᠯ ᠢ ᠬᠢᠨᠠᠨ ᠰᠢᠯᠭᠠᠬᠤ ᠴᠢᠬᠤᠯᠠ ᠠᠭᠤᠯᠭ᠎ᠠ ᠪᠣᠯᠭᠠᠵᠤ᠂ ᠬᠢᠨᠠᠨ ᠰᠢᠯᠭᠠᠬᠤ ᠡᠷᠬᠡ ᠶᠢᠨ ᠬᠦᠨᠳᠦ ᠶᠢ ᠬᠤᠳᠠᠯᠳᠤᠭᠠᠴᠢᠨ ᠤᠷᠢᠵᠤ ᠪᠡᠯᠡ ᠮᠥᠩᠭᠦ ᠲᠠᠲᠠᠬᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠠᠬᠢᠳᠠᠯ ᠰᠣᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠵᠡᠷᠭᠡ ᠬᠦᠴᠢᠷᠲᠡᠢ ᠠᠵᠢᠯ ᠤᠨ ᠪᠠᠶᠢᠷᠢ ᠲᠡᠰᠢ ᠬᠡᠯᠪᠡᠶᠢᠯᠭᠡᠵᠦ᠂ ᠤᠳᠤᠷᠢᠳᠬᠤ ᠪᠠᠭ ᠪᠠ ᠤᠳᠤᠷᠢᠳᠬᠤ ᠺᠠᠳ᠋ᠷ ᠤᠨ ᠪᠣᠳᠠᠲᠤ ᠠᠮᠵᠢᠯᠲᠠ ᠶᠢ ᠦᠨᠡᠨ ᠪᠣᠳᠠᠲᠠᠢ ᠰᠢᠯᠭᠠᠨ ᠣᠨᠣᠪᠴᠢᠲᠠᠢ ᠰᠢᠯᠭᠠᠬᠤ ᠶᠢ ᠦᠨᠡᠨ ᠬᠦ ᠪᠠᠲᠤᠯᠠᠵᠤ᠂ ᠬᠢᠨᠠᠨ ᠰᠢᠯᠭᠠᠵᠤ ᠠᠵᠢᠯᠴᠢ ᠬᠥᠳᠡᠯᠮᠦᠷᠢᠴᠢ ᠶᠢ ᠱᠠᠩᠨᠠᠵᠤ ᠠᠯᠵᠠᠭᠤ ᠵᠠᠯᠬᠠᠭᠤ ᠶᠢ ᠲᠣᠷᠭᠠᠬᠤ᠂ ᠰᠢᠯᠢᠳᠡᠭ ᠢ ᠱᠠᠩᠨᠠᠵᠤ ᠮᠠᠭᠤ ᠶᠢ ᠲᠣᠷᠭᠠᠬᠤ᠂ ᠬᠠᠷᠢᠭᠤᠴᠠᠯᠭ᠎ᠠ ᠡᠭᠦᠷᠭᠡᠯᠡᠬᠦ ᠶᠢ ᠤᠷᠮᠠᠰᠢᠭᠤᠯᠬᠤ᠂ ᠬᠥᠭᠵᠢᠯᠲᠡ ᠶᠢ ᠠᠬᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃      ᠬᠤᠷᠠᠯ ᠠᠴᠠ︽ᠳ᠋ᠦᠩ ᠡᡁᠸ ᠲᠣᠭᠤᠷᠢᠭ ᠤᠨ ᠨᠠᠮ ᠤᠨ ᠬᠤᠷᠢᠶ᠎ᠠ ᠶᠢᠨ ᠬᠠᠮᠢᠶᠠᠷᠤᠯᠲᠠ ᠶᠢᠨ ᠰᠠᠯᠠᠭᠠᠨ ᠤ ᠲᠡᠰ ᠤᠨ ᠤᠳᠤᠷᠢᠳᠬᠤ ᠪᠠᠭ ᠪᠣᠯᠣᠨ ᠰᠠᠯᠠᠭᠠᠨ ᠤ ᠲᠡᠰ ᠤᠨ ᠤᠳᠤᠷᠢᠳᠬᠤ ᠺᠠᠳ᠋ᠷ ᠤᠨ 2021 ᠣᠨ ᠤ ᠬᠢᠨᠠᠨ ᠰᠢᠯᠭᠠᠭᠰᠠᠨ ᠦᠷ᠎ᠡ ᠳ᠋ᠦᠩ ᠢ ᠲᠣᠭᠲᠠᠭᠠᠬᠤ ᠲᠤᠬᠠᠢ ᠰᠠᠨᠠᠭᠤᠯᠭ᠎ᠠ︾ ᠶᠢ ᠬᠢᠨᠠᠨ ᠵᠥᠪᠯᠡᠵᠦ ᠪᠠᠲᠤᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1