ᠰᠠᠯᠬᠢᠨ ᠤ ᠠᠶ᠎ᠠ ᠪᠠᠷ ᠲᠤᠲᠤᠷᠭ᠎ᠠ ᠶᠢᠨ ᠳᠠᠪᠠᠯᠭᠠᠨ ᠳᠤ ᠴᠠᠭᠠᠨ ᠳᠡᠭᠡᠯᠡᠢ ᠳᠣᠣᠭᠤᠷ ᠨᠢᠰᠴᠦ᠂ ᠨᠠᠢᠮᠠᠯᠵᠢ | ᠵᠢᠭᠠᠰᠤ ᠬᠡᠰᠦᠵᠦ ᠬᠤᠸᠠᠷ ᠴᠡᠴᠡᠭ ᠠᠩᠬᠢᠯᠤᠮ᠎ᠠ ᠦᠨᠦᠷ ᠬᠠᠩᠬᠤᠯᠤᠨ᠎ᠠ᠃6 ᠰᠠᠷ᠎ᠠ ᠶᠢᠨ 28 ᠋ ᠤ ᠡᠳᠦᠷ᠂ | ᠳ᠋ᠦᠩ ᠡᡁᠸ ᠲᠣᠭᠤᠷᠢᠭ ᠤᠨ ᠱᠢ ᠳ᠋ᠡ ᠭᠦ᠋ ᠲᠣᠰᠬᠤᠨ ᠤ ᠲᠢᠶᠠᠨ ᠡᡁᠸ ᠲᠠᠷᠢᠶᠠᠯᠠᠩ ᠤᠨ ᠵᠤᠭᠠᠴᠠᠯ ᠤᠨ | ᠰᠤᠳᠤᠯᠭᠠᠨ ᠤ ᠶᠡᠷᠦᠩᠬᠡᠶᠢᠯᠡᠭᠰᠡᠨ ᠴᠣᠭᠴᠠ ᠳᠤ ᠳᠠᠷᠢᠭᠰᠠᠨ 800 ᠭᠠᠷᠤᠢ ᠮᠦ ᠤᠰᠤᠨ ᠲᠤᠲᠤᠷᠭ᠎ᠠ ᠤᠷᠢᠬᠠᠨ | ᠰᠠᠯᠬᠢᠨ ᠳᠤ ᠨᠠᠶᠢᠭᠤᠵᠤ᠂ ᠠᠶᠢᠯᠴᠢᠯᠠᠬᠤ ᠪᠠᠷ ᠢᠷᠡᠭᠰᠡᠨ ᠵᠤᠭᠠᠴᠠᠭᠰᠠᠳ ᠢ ᠤᠭᠲᠤᠵᠤ ᠪᠠᠶᠢᠭ᠎ᠠ ᠮᠡᠲᠦ ᠰᠠᠨᠠᠭᠳᠠᠨ᠎ᠠ᠃ | ᠬᠤᠳᠠ ᠶᠢᠨ ᠨᠠᠮ ᠤᠨ ᠬᠤᠷᠢᠶᠠᠨ ᠤ ᠠᠯᠪᠠᠨ ᠲᠢᠩᠬᠢᠮ ᠠᠴᠠ ᠢᠷᠡᠭᠰᠡᠨ ᠠᠵᠢᠯ ᠠᠴᠠ ᠪᠠᠨ ᠠᠮᠠᠷᠠᠭᠰᠠᠨ | ᠠᠬᠠᠮᠠᠳ ᠺᠠᠳ᠋ᠷᠴᠤᠳ ᠦᠵᠡᠮᠵᠢ ᠶᠢᠨ ᠣᠷᠣᠨ ᠤ ᠵᠠᠮᠴᠢᠯᠠᠭᠴᠢ ᠶᠢᠨ ᠳᠠᠭᠠᠭᠤᠯᠭ᠎ᠠ ᠪᠠᠷ᠂ ᠲᠤᠩᠭᠠᠯᠠᠭ ᠲᠤᠲᠤᠷᠭᠠᠨ | ᠲᠠᠷᠢᠶᠠᠨ ᠤ ᠰᠢᠯ ᠬᠥᠭᠦᠷᠭᠡ ᠪᠠᠷ ᠠᠯᠬᠤᠯᠠᠵᠤ᠂ ᠰᠢᠨ᠎ᠡ ᠴᠠᠭ ᠦᠶ᠎ᠡ ᠶᠢᠨ ᠪᠤᠭᠤᠲᠤ ᠬᠤᠳᠠ ᠶᠢᠨ ᠬᠥᠳᠡᠭᠡ | ᠲᠣᠰᠬᠤᠨ ᠤ ᠦᠵᠡᠰᠬᠦᠯᠡᠩᠲᠦ ᠰᠠᠶᠢᠬᠠᠨ ᠦᠵᠡᠮᠵᠢ ᠶᠢ ᠣᠶᠢᠯᠠᠭᠠᠨ᠎ᠠ᠃ ︽ᠡᠨᠡ ᠬᠡᠳᠦᠨ ᠡᠳᠦᠷ ᠪᠢᠳᠡ ᠠᠬᠠᠮᠠᠳ | ᠺᠠᠳ᠋ᠷᠴᠤᠳ ᠢ ᠵᠣᠬᠢᠶᠠᠨ ᠪᠠᠶᠢᠭᠤᠯᠵᠤ ︽ᠳᠣᠯᠣᠭᠠᠨ ᠰᠠᠷ᠎ᠠ ᠶᠢᠨ ᠨᠢᠭᠡᠨ︾ ᠤ ᠪᠠᠶᠠᠷ ᠢ ᠲᠣᠭᠤᠷᠢᠨ | ᠦᠵᠡᠭᠦᠯᠬᠦ ᠳᠤ᠂ ᠣᠳᠣᠬᠠᠨ ᠳᠤ ᠪᠤᠭᠤᠲᠤ ᠶᠢᠨ ᠰᠢᠨ᠎ᠡ ᠬᠥᠳᠡᠭᠡ ᠲᠣᠰᠬᠤᠨ ᠳᠤ ᠡᠶᠢᠮᠦ ᠰᠠᠶᠢᠬᠠᠨ ᠥᠩᠭᠡ | ᠦᠵᠡᠮᠵᠢ ᠪᠠᠶᠢᠬᠤ ᠶᠢ ᠰᠠᠨᠠᠭᠠᠨ ᠳᠤ ᠣᠷᠣᠭᠰᠠᠨ ᠦᠭᠡᠢ᠂ ᠡᠶᠢᠮᠦ ᠪᠠᠶᠢᠳᠠᠯ ᠢ ᠦᠵᠡᠭᠡᠳ ᠣᠯᠠᠨ ᠢᠶᠠᠷ ᠢᠶᠠᠨ ᠮᠠᠰᠢ | ᠰᠡᠳᠬᠢᠯ ᠰᠠᠨᠠᠭ᠎ᠠ ᠠᠭᠤᠵᠢᠷᠠᠵᠤ᠂ ᠤᠳᠠᠯ ᠦᠭᠡᠢ ᠪᠠᠰᠠ ᠦᠵᠡᠮᠵᠢ ᠶᠢᠨ ᠲᠠᠶᠢᠰᠠᠨ ᠳᠤ ᠣᠴᠢᠵᠤ ᠠᠯᠤᠰ ᠢ | ᠪᠠᠷᠠᠯᠠᠬᠤ ᠪᠠᠷ ᠲᠥᠯᠥᠪᠯᠡᠵᠦ ᠪᠠᠶᠢᠨ᠎ᠠ︾᠃ ᠭᠡᠵᠦ ᠠᠬᠠᠮᠠᠳ ᠺᠠᠳ᠋ᠷ ᠸᠧᠢ ᠰᠢᠸ ᠯᠢᠶᠠᠨ ᠬᠡᠯᠡᠪᠡ᠃ | ᠬᠥᠭᠰᠢᠨ ᠵᠠᠯᠠᠭᠤ ᠬᠠᠮᠲᠤ ᠪᠠᠷ ᠴᠡᠩᠭᠡᠯᠳᠦᠪᠡᠴᠦ ᠪᠠᠶᠠᠷ ᠪᠠᠶᠠᠰᠬᠤᠯᠠᠩ ᠲᠠᠢ᠃2022 ᠣᠨ ᠠᠴᠠ ᠨᠠᠰᠢ᠂ | ᠲᠢᠶᠠᠨ ᠾᠧ ᠲᠠᠷᠢᠶᠠᠯᠠᠩ ᠤᠨ ᠵᠤᠭᠠᠴᠠᠯ ᠤᠨ ᠰᠤᠳᠤᠯᠭᠠᠨ ᠤ ᠶᠡᠷᠦᠩᠬᠡᠶᠢᠯᠡᠭᠰᠡᠨ ᠴᠣᠭᠴᠠ ᠨᠢ ᠵᠠᠯᠠᠭᠤ ᠪᠠᠭ᠎ᠠ | ᠰᠤᠷᠤᠭᠴᠢᠳ ᠲᠤ ᠬᠠᠨᠳᠤᠭᠰᠠᠨ᠂ ᠬᠥᠳᠡᠭᠡ ᠲᠣᠰᠬᠤᠨ ᠤ ᠲᠠᠷᠢᠶᠠᠯᠠᠬᠤ ᠰᠣᠶᠣᠯ ᠢ ᠪᠡᠶᠡᠴᠢᠯᠡᠨ ᠣᠶᠢᠯᠠᠭᠠᠬᠤ ᠪᠠᠷ | ᠭᠤᠣᠯ ᠪᠣᠯᠭᠠᠭᠰᠠᠨ ᠰᠤᠳᠤᠯᠭᠠᠨ ᠤ ᠵᠤᠭᠠᠴᠠᠯ ᠤᠨ ᠲᠦᠷᠦᠯ ᠵᠦᠢᠯ ᠢ ᠪᠠᠶᠢᠭᠤᠯᠵᠠᠢ᠃ ︽6 ᠰᠠᠷ᠎ᠠ ᠶᠢᠨ 18 ᠤ | ᠡᠳᠦᠷ ᠪᠤᠭᠤᠲᠤ ᠶᠢᠨ ᠠᠩᠬᠠᠳᠤᠭᠠᠷ ᠬᠤᠭᠤᠴᠠᠭᠠᠨ ᠤ ᠴᠢᠬᠢ ᠰᠠᠭᠤᠯᠭᠠᠬᠤ ᠪᠠᠶᠠᠷ ᠢ ᠡᠬᠢᠯᠡᠭᠰᠡᠨ ᠠᠴᠠ ᠨᠠᠰᠢ᠂ | ᠠᠳᠡ ᠭᠠᠷᠠᠭ ᠪᠦᠷᠢ 800  ̄ 1000 ᠬᠡᠦᠬᠡᠳ ᠢᠷᠡᠵᠦ ᠰᠤᠳᠤᠯᠤᠨ ᠰᠤᠷᠤᠯᠴᠠᠭᠰᠠᠨ ᠪᠥᠭᠡᠳ ᠵᠠᠷᠢᠮ | ᠵᠢᠭᠤᠯᠴᠢᠯᠠᠯ ᠤᠨ ᠪᠦᠯᠬᠦᠮ ᠪᠣᠯᠣᠨ ᠰᠤᠯᠠ ᠵᠣᠴᠢᠳ ᠢ ᠨᠡᠮᠡᠪᠡᠯ᠂ ᠨᠡᠶᠢᠲᠡ 3 ᠲᠦᠮᠡ ᠭᠠᠷᠤᠢ ᠬᠥᠮᠥᠨ ᠤᠳᠠᠭ᠎ᠠ | ᠭᠥᠯᠢᠶᠡᠨ ᠠᠪᠴᠤ ᠵᠣᠴᠢᠯᠠᠵᠠᠢ︾᠃ ᠲᠢᠶᠠᠨ ᠡᡁᠸ ᠨᠦᠩ ᠵᠤᠭᠠᠴᠠᠯ ᠤᠨ ᠰᠤᠳᠤᠯᠭᠠᠨ ᠤ ᠶᠡᠷᠦᠩᠬᠡᠢ ᠴᠣᠭᠴᠠ ᠶᠢᠨ | ᠶᠡᠷᠦᠩᠬᠡᠢ ᠳᠠᠭᠠᠭᠠᠮᠠᠯ ᠮᠠ ᠰᠢᠶᠣᠣ ᠢᠦᠢ ᠶᠢᠨ ᠲᠠᠨᠢᠯᠴᠠᠭᠤᠯᠤᠭᠰᠠᠨ ᠢᠶᠠᠷ᠂ | | | | | ᠡᠨᠡ ᠵᠢᠯ ᠠᠴᠠ ᠨᠠᠰᠢ᠂ ᠬᠥᠳᠡᠭᠡ ᠲᠣᠰᠬᠤᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠢ ᠬᠥᠭᠵᠢᠭᠡᠬᠦ ᠶᠢᠨ | ᠲᠥᠯᠥᠭᠡ᠂ ᠮᠠᠨ ᠤ ᠬᠤᠲᠠ ︽ᠪᠤᠭᠤᠲᠤ ᠬᠤᠲᠠ ᠶᠢᠨ 2022 ᠣᠨ ᠤ ᠬᠥᠳᠡᠭᠡ ᠲᠣᠰᠬᠤᠨ ᠤ ᠵᠢᠭᠤᠯᠴᠢᠯᠠᠯ ᠢ | ᠠᠬᠢᠭᠤᠯᠬᠤ ᠠᠵᠢᠯᠯᠠᠭᠠᠨ ᠤ ᠲᠥᠰᠥᠯ︾ ᠢ ᠨᠡᠶᠢᠲᠡᠯᠡᠵᠦ᠂ ᠣᠨᠴᠠᠯᠢᠬᠵᠢᠭᠰᠠᠨ᠂ ᠣᠯᠠᠨ ᠡᠰᠢᠴᠢᠯᠡᠭᠰᠡᠨ᠂ | ᠵᠦᠷᠢᠶᠡᠴᠢᠯᠡᠭᠰᠡᠨ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠳᠬᠦᠨ ᠪᠠ ᠨᠠᠷᠠᠲᠤ ᠲᠡᠮᠳᠡᠭᠲᠦ ᠶᠢ ᠪᠣᠶ | ᠪᠣᠯᠭᠠᠬᠤ ᠪᠠᠷ ᠳᠠᠮᠵᠢᠭᠤᠯᠤᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠬᠡᠷᠡᠭᠯᠡᠭᠡᠨ ᠤ ᠲᠠᠰ ᠳᠡᠪᠰᠢᠬᠦ ᠶᠢ | ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠢ ᠬᠢᠵᠠᠭᠠᠯᠠᠰᠢ ᠦᠭᠡᠢ ᠠᠮᠢᠵᠢᠷᠠᠯ ᠤᠨ ᠬᠦᠴᠦᠨ ᠲᠠᠢ | ᠪᠣᠯᠭᠠᠪᠠ᠃ | ᠳᠠᠯᠠᠨ ᠬᠠᠷ᠎ᠠ ᠠᠭᠤᠯᠠ ᠶᠢᠨ ᠬᠤᠷᠮᠣᠢ ᠳᠤ᠂ ᠵᠠᠭᠤᠨ ᠵᠢᠯ ᠤᠨ ᠡᠷᠲᠡᠨ ᠤ ᠲᠣᠰᠬᠤᠨ ᠤ ᠠᠳᠤᠯᠠᠢ ᠲᠣᠰᠬᠤᠨ | ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ᠶᠢᠰᠦᠨ ᠰᠠᠭᠤᠷᠢ ᠮᠣᠳᠣᠨ ᠤ ᠬᠦᠷᠢᠶ᠎ᠡ᠂ ᠬᠤᠸᠠ ᠶᠤᠸᠠᠢ ᠠᠷᠢᠬᠢᠨ | ᠮᠤᠬᠤᠯᠠᠭ᠂ ᠱᠠᠨ ᠰᠢ ᠠᠮᠧᠷᠢᠺᠠ ᠶᠢᠨ ᠬᠥᠳᠡᠭᠡ ᠠᠵᠤ ᠠᠬᠤᠢ ᠶᠢᠨ ᠠᠮᠢ ᠠᠬᠤᠢ ᠶᠢᠨ ᠵᠤᠭᠠᠴᠠᠯ ᠤᠨ ᠰᠠᠭᠤᠷᠢᠨ | ᠵᠡᠷᠭᠡ ᠤᠯᠠᠨ ᠶᠠᠩᠵᠤᠴᠢᠯᠠᠭᠰᠠᠨ᠂ ᠥᠪᠡᠷ ᠥᠪᠡᠷ ᠤᠨ ᠣᠨᠴᠠᠯᠢᠭ ᠲᠠᠢ ᠬᠥᠳᠡᠭᠡ ᠠᠵᠤ ᠠᠬᠤᠢ ᠶᠢᠨ ᠵᠤᠭᠠᠴᠠᠯ ᠤᠨ | ᠪᠡᠶᠡᠴᠢᠯᠡᠨ ᠣᠶᠢᠯᠠᠭᠠᠬᠤ ᠲᠦᠷᠦᠯ ᠵᠦᠢᠯ ᠨᠢ ᠡᠨᠡᠬᠦ ᠪᠠᠶᠢᠩᠭᠤ ᠰᠠᠭᠤᠭ᠎ᠠ ᠬᠥᠮᠥᠨ ᠠᠮᠠ ᠨᠢ 200 ᠬᠥᠮᠥᠨ ᠬᠦᠷᠬᠦ | ᠦᠭᠡᠢ ᠵᠢᠵᠢᠭ ᠲᠣᠰᠬᠤᠨ ᠢ ᠬᠤᠳᠠ ᠶᠢᠨ ᠳᠣᠲᠣᠨ᠎ᠠ ᠭᠠᠳᠠᠨᠠᠬᠢ ᠵᠤᠭᠠᠴᠠᠭᠰᠠᠳ ᠤᠨ ᠥᠷᠢᠰᠦᠯᠳᠦᠨ ᠺᠠᠷᠲᠯᠠᠵᠤ | ᠪᠡᠶᠡᠴᠢᠯᠡᠨ ᠣᠶᠢᠯᠠᠭᠠᠬᠤ ︽ᠰᠦᠯᠵᠢᠶᠡᠨ ᠤ ᠤᠯᠠᠭᠠᠨ ᠲᠣᠰᠬᠤᠨ︾ ᠪᠣᠯᠭᠠᠭᠰᠠᠨ ᠪᠠᠶᠢᠨ᠎ᠠ᠃ | ︽ᠪᠢᠳᠡ ᠪᠣᠯ ᠨᠠᠶᠢᠵᠠ ᠶᠢᠨ ᠢᠶᠠᠨ ᠲᠠᠨᠢᠯᠴᠠᠭᠤᠯᠭ᠎ᠠ ᠪᠠᠷ ᠢᠷᠡᠭᠰᠡᠨ ᠶᠤᠮ᠂ ᠣᠳᠣ ᠠᠳᠡ ᠳᠠᠩᠴᠤ | ᠬᠥᠭᠵᠢᠶᠡᠨ ᠲᠠᠢ ᠪᠠᠶᠢᠨ᠎ᠠ᠂ ᠡᠨᠡ ᠪᠢᠰᠢ ᠦᠸ᠂ ᠬᠤᠶᠠᠷ ᠭᠠᠷᠠᠭ ᠤᠨ ᠡᠮᠦᠨ᠎ᠡ ᠰᠠᠶ᠋ᠢ ᠵᠠᠬᠢᠶᠠᠯᠠᠪᠠ︾᠃ ᠬᠤᠳᠠ ᠶᠢᠨ | ᠲᠣᠭᠤᠷᠢᠭ ᠠᠴᠠ ᠲᠤᠰᠬᠠᠶᠢᠯᠠᠨ ᠭᠡᠷ ᠤᠨ ᠬᠥᠮᠥᠰ ᠢᠶᠠᠨ ᠳᠠᠭᠠᠭᠤᠯᠤᠨ ᠵᠤᠭᠠᠴᠠᠨ ᠨᠠᠭᠠᠳᠳᠠᠭ ᠬᠤᠳᠠ ᠶᠢᠨ ᠠᠷᠠᠳ | ᠵᠠᠩ ᠰᠢᠤᠸᠠᠢ ᠷᠦᠩ᠂ ᠠᠳᠡ ᠬᠤᠳᠠ ᠶᠢᠨ ᠲᠣᠭᠤᠷᠢᠭ ᠠᠴᠠ ᠬᠤᠯᠠ ᠦᠭᠡᠢ᠂ ᠢᠳᠡᠵᠦ ᠤᠤᠭᠤᠬᠤ ᠨᠠᠭᠠᠳᠴᠤ | ᠴᠡᠩᠭᠡᠬᠦ ᠳᠤ ᠪᠦᠷ ᠪᠠᠶᠢᠨ᠎ᠠ᠂ ᠭᠡᠷ ᠢᠶᠠᠷ ᠢᠶᠠᠨ ᠪᠠᠶᠠᠷ ᠬᠦᠷ ᠲᠠᠢ ᠨᠠᠭᠠᠳᠤᠨ᠎ᠠ ᠭᠡᠵᠦ ᠬᠡᠯᠡᠪᠡ᠃ | | | | | ᠣᠳᠣᠬᠠᠨ ᠳᠤ᠂ ᠥᠪᠡᠷᠮᠢᠴᠡ ᠣᠨᠴᠠᠯᠢᠭ ᠲᠠᠢ ᠲᠠᠷᠢᠶᠠᠯᠠᠩ ᠤᠨ ᠪᠦᠲᠦᠭᠡᠭᠳᠡᠬᠦᠨ ᠨᠢ ᠣᠳᠣᠬᠠᠨ ᠤ | ᠬᠡᠷᠡᠭᠯᠡᠭᠡᠨ ᠤ ᠬᠠᠯᠠᠮᠰᠢᠯ ᠴᠡᠭ ᠪᠣᠯᠵᠤ ᠪᠠᠶᠢᠨ᠎ᠠ᠃︽ᠡᠨᠡ ᠵᠢᠯ ᠪᠢᠳᠡ ︿ᠪᠢ ᠭᠠᠵᠠᠷ ᠥᠭᠴᠦ᠂ ᠴᠢ ᠨᠣᠭᠤᠭ᠎ᠠ | ᠳᠠᠷᠢᠵᠤ᠂ ᠪᠢ ᠦᠢᠯᠡᠴᠢᠯᠡᠵᠦ᠂ ᠴᠢ ᠡᠳ᠋ᠯᠡᠨ᠎ᠡ﹀ ᠬᠠᠮᠲᠤ ᠪᠠᠷ ᠡᠳ᠋ᠯᠡᠬᠦ ᠲᠠᠷᠢᠶᠠᠯᠠᠩ ᠤᠨ ᠲᠠᠯᠠᠪᠠᠶ ᠶᠢᠨ ᠲᠥᠷᠥᠯ | ᠵᠦᠢᠯ ᠢ ᠭᠠᠷᠭᠠᠵᠤ᠂ ᠬᠡᠷᠡᠭᠯᠡᠭᠴᠢᠳ ᠲᠤ ᠥᠪᠡᠷᠮᠢᠴᠡ ᠲᠠᠷᠢᠶᠠᠯᠠᠩ ᠤᠨ ᠳᠠᠷᠢᠬᠤ᠂ ᠦᠢᠯᠡᠳᠪᠦᠷᠢᠯᠡᠬᠦ᠂ | ᠲᠣᠬᠢᠷᠠᠭᠤᠯᠤᠨ ᠬᠦᠷᠭᠡᠬᠦ ᠦᠢᠯᠡᠴᠢᠯᠡᠭᠡ ᠬᠠᠩᠭᠠᠨ᠎ᠠ᠂ ᠣᠳᠣᠬᠠᠨ ᠳᠤ ᠵᠠᠬ᠎ᠠ ᠳᠡᠯᠭᠡᠭᠦᠷ ᠤᠨ ᠬᠠᠷᠢᠭᠤ ᠲᠤᠰᠬᠠᠭᠰᠠᠨ | ᠦᠷ᠎ᠡ ᠪᠦᠲᠦᠮᠵᠢ ᠨᠡᠯᠢᠶᠡᠳ ᠰᠠᠶᠢᠨ ᠪᠠᠶᠢᠵᠤ᠂ ᠨᠢᠭᠡᠨᠲᠡ ᠨᠡᠭᠡᠭᠡᠭᠰᠡᠨ ᠭᠠᠵᠠᠷ ᠰᠢᠷᠣᠢ ᠶᠢᠨ ᠬᠠᠩᠭᠠᠯᠭ᠎ᠠ ᠨᠢ | ᠬᠡᠷᠡᠭᠴᠡᠭᠡ ᠳᠡᠭᠡᠨ ᠬᠦᠷᠬᠦ ᠦᠭᠡᠢ ᠪᠣᠯᠵᠤ᠂ ᠵᠢᠱᠢᠯᠲᠡ ᠪᠠᠷ ᠨᠢᠳᠤᠨᠤᠨ ᠤ ᠬᠢ ᠠᠴᠠ 30% ᠪᠠᠷ ᠨᠡᠮᠡᠭᠳᠡᠬᠦ ᠪᠣᠯᠣᠨ᠎ᠠ | ︾ ᠭᠡᠵᠡᠢ᠃ ᠱᠠᠨ ᠰᠢ ᠠᠮᠧᠷᠢᠺᠠ ᠶᠢᠨ ᠲᠠᠷᠢᠶᠠᠯᠠᠩ ᠤᠨ ᠬᠠᠷᠢᠭᠤᠴᠠᠯᠭᠠᠲᠠᠨ ᠰᠢᠩ ᠶᠣᠣ ᠴᠢᠩ | ᠲᠠᠨᠢᠯᠴᠠᠭᠤᠯᠬᠤ ᠳᠠᠭᠠᠨ᠂ ᠲᠠᠷᠠᠭᠠᠴᠢ ᠶᠢᠨ ᠠᠯᠬᠤᠮ ᠳᠤ ᠪᠠᠰᠠ ᠬᠡᠪᠴᠢᠶ᠎ᠡ ᠪᠠᠨ ᠥᠷᠭᠡᠳᠬᠡᠵᠦ᠂ | ᠵᠢᠭᠤᠯᠴᠢᠯᠠᠭᠴᠢᠳ ᠤᠨ ᠣᠯᠠᠨ ᠶᠠᠩᠵᠤ ᠶᠢᠨ ᠬᠡᠷᠡᠭᠴᠡᠭᠡ ᠶᠢ ᠬᠠᠩᠭᠠᠨ᠎ᠠ ᠭᠡᠵᠡᠢ᠃ | ᠠᠳᠦᠯᠠᠢ ᠲᠣᠰᠬᠤᠨ ᠤ ᠬᠤᠸᠠ ᠸᠧᠢ ᠠᠷᠢᠬᠢᠨ ᠫᠦᠰᠡ ᠪᠣᠯ ᠥᠪᠥᠷ ᠮᠣᠩᠭᠤᠯ ᠣᠷᠣᠨ ᠤ | ᠠᠩᠬᠠᠳᠠᠭᠴᠢ︽ᠠᠷᠢᠬᠢ ᠨᠡᠷᠡᠬᠦ᠂ ᠨᠠᠶᠢᠳᠠᠯᠭ᠎ᠠ ᠪᠠᠷ ᠬᠠᠮᠢᠶᠠᠷᠴᠤ ᠠᠷᠢᠬᠢ ᠬᠠᠳᠠᠭᠠᠯᠠᠬᠤ᠂ ᠥᠪᠡᠷᠮᠢᠴᠡ ᠣᠨᠴᠠᠯᠢᠭ ᠢᠶᠠᠷ | ᠵᠠᠬᠢᠶᠠᠯᠠᠬᠤ᠂ ᠰᠣᠶᠣᠯ ᠰᠡᠯᠡᠭᠦᠴᠡᠯ ᠢ ᠣᠶᠢᠯᠠᠭᠠᠬᠤ︾ ᠪᠠᠷ ᠡᠵᠡᠩᠨᠡᠯᠲᠡ ᠶᠢᠨ ᠵᠠᠭᠪᠤᠷ ᠢᠶᠠᠨ ᠪᠣᠯᠭᠠᠭᠰᠠᠨ ᠬᠠᠷ᠎ᠠ ᠠᠷᠢᠬᠢ | ᠠᠷᠢᠬᠢᠨ ᠫᠦᠰᠡ ᠶᠢᠨ ᠮᠠᠶᠢᠭ ᠤᠨ ᠡᠵᠡᠩᠨᠡᠯᠲᠡ ᠶᠢᠨ ᠠᠵᠤ ᠠᠬᠤᠶᠢᠯᠠᠯ ᠪᠣᠯᠣᠨ᠎ᠠ᠃ ︽ᠮᠠᠨ ᠤ ᠵᠣᠴᠢᠨ ᠡᠷᠦᠬᠡ | ᠬᠤᠪᠢ ᠬᠥᠮᠥᠨ ᠤ ᠵᠣᠴᠢᠨ ᠡᠷᠦᠬᠡ ᠶᠢ ᠪᠠᠭᠲᠠᠭᠠᠬᠤ ᠪᠠᠷ ᠪᠠᠷᠠᠬᠤ ᠦᠭᠡᠢ᠂ ᠪᠠᠰᠠ ᠮᠠᠰᠢ ᠣᠯᠠᠨ ᠠᠵᠤ | ᠠᠬᠤᠶᠢᠯᠠᠯ ᠤᠨ ᠵᠣᠴᠢᠨ ᠡᠷᠦᠬᠡ ᠲᠥᠪᠡᠳ ᠠᠷᠢᠬᠢ ᠵᠠᠬᠢᠶᠠᠯᠠᠵᠤ ᠪᠠᠶᠢᠨ᠎ᠠ᠃ ᠡᠭᠦᠨ ᠤ ᠵᠡᠷᠭᠡ ᠳᠤ ᠠᠷᠢᠬᠢᠨ ᠤ ᠫᠦᠰᠡ | ᠪᠠᠰᠠ ᠵᠣᠴᠢᠨ ᠡᠷᠦᠬᠡ ᠶᠢᠨ ᠬᠡᠷᠡᠭᠴᠡᠭᠡ ᠶᠢ ᠦᠨᠳᠦᠰᠦᠯᠡᠨ ᠬᠠᠷ᠎ᠠ ᠠᠷᠢᠬᠢᠨ ᠤ ᠭᠷᠡᠳᠦ᠋ᠰ ᠤᠨ ᠲᠤᠭ᠎ᠠ ᠪᠣᠯᠣᠨ | ᠠᠷᠢᠬᠢᠨ ᠯᠣᠩᠬᠤᠨ ᠤ ᠪᠣᠭᠤᠳᠠᠯ ᠢ ᠵᠠᠬᠢᠶᠠᠯᠠᠵᠤ ᠪᠣᠯᠣᠨ᠎ᠠ᠂ ᠣᠳᠣᠬᠠᠨ ᠳᠤ ᠲᠣᠭᠲᠠᠮᠠᠯ ᠵᠣᠴᠢᠨ ᠭᠤᠷᠪᠠ ᠳᠥᠷᠪᠡᠨ | ᠮᠢᠩᠭ᠎ᠠ ᠪᠣᠯᠵᠤ᠂ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠵᠢᠯ ᠲᠤᠷᠰᠢ 10% ᠶᠢᠨ | ᠣᠷᠴᠢᠮ ᠪᠠᠶᠢᠬᠤ ᠶᠢ ᠪᠠᠲᠤᠯᠠᠵᠤ ᠪᠠᠶᠢᠨ᠎ᠠ︾᠃ ᠬᠤᠸᠠ ᠸᠧᠢ ᠠᠷᠢᠬᠢᠨ ᠫᠦᠰᠡ ᠶᠢᠨ ᠡᠳ᠋ ᠤᠨ ᠶᠠᠪᠤᠳᠠᠯ ᠤᠨ | ᠬᠠᠷᠢᠭᠤᠴᠠᠯᠭᠠᠲᠠᠨ ᠴᠧᠨ ᠯᠢ ᠫᠢᠩ ᠲᠠᠨᠢᠯᠴᠠᠭᠤᠯᠪᠠ᠃ | | | | | | ᠬᠥᠮᠥᠨ ᠤ ᠤᠷᠤᠰᠬᠠᠯ ᠵᠣᠭᠤᠰᠤᠨ ᠤ ᠤᠷᠤᠰᠬᠠᠯ ᠢ ᠠᠪᠴᠢᠷᠠᠨ᠎ᠠ᠃ᠳᠤᠮᠳᠠᠳᠤ᠂ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠰᠢᠯᠭᠠᠯᠲᠠ ᠶᠢᠨ ᠲᠡᠭᠦᠰᠬᠦ ᠶᠢ ᠳᠠᠭᠠᠯᠳᠤᠨ᠂ ᠬᠠᠲᠤᠨ ᠭᠤᠣᠯ ᠤᠨ ᠡᠷᠭᠢ ᠳᠠᠭᠠᠤ ᠪᠠᠶᠢᠭ᠎ᠠ | ᠵᠢᠤᠶᠤᠸᠠᠨ ᠲᠣᠭᠤᠷᠢᠭ ᠤᠨ ᠰᠢᠨ ᠾᠧ ᠲᠣᠰᠬᠤᠨ ᠳᠤ ᠲᠣᠭᠤᠷᠢᠨ ᠵᠤᠭᠠᠴᠠᠬᠤ ᠪᠠᠷ ᠢᠷᠡᠭᠰᠡᠨ ᠵᠤᠭᠠᠴᠠᠭᠰᠠᠳ | ᠲᠠᠰᠤᠷᠠᠯᠲᠠ ᠦᠭᠡᠢ ᠣᠯᠠᠰᠢᠷᠠᠵᠤ᠂ ᠡᠷᠬᠢᠨ ᠲᠣᠭᠤᠷᠢᠨ ᠤ ᠲᠣᠰᠬᠤᠨ ᠤ ᠠᠷᠠᠳ ᠤᠨ ᠡᠷᠭᠢᠯᠡᠭᠰᠡᠨ ᠵᠢᠭᠠᠰᠤᠨ ᠤ | ᠣᠷᠳᠣᠨ ᠬᠥᠮᠥᠰ ᠤᠨ ᠬᠦᠷᠢᠶᠡᠯᠡᠯ ᠢ ᠶᠡᠬᠡᠳᠡ ᠣᠯᠵᠤ ᠪᠠᠶᠢᠯ᠎ᠠ᠃ᠰᠢᠨ ᠾᠧ ᠲᠣᠰᠬᠤᠨ ᠤ ᠨᠠᠮ ᠤᠨ ᠡᠭᠦᠷ ᠤᠨ | ᠱᠦᠵᠢ ᠵᠠᠩ ᠰᠢ ᠱᠧᠩ ᠲᠠᠨᠢᠯᠴᠠᠭᠤᠯᠬᠤ ᠳᠠᠭᠠᠨ᠂ ︽ᠪᠢᠳᠡ ᠣᠲᠣ ᠪᠠᠶᠢᠭ᠎ᠠ ᠡᠬᠢ ᠪᠠᠶᠠᠯᠢᠭ ᠢᠶᠠᠨ ᠡᠮᠬᠢᠯᠡᠨ | ᠨᠡᠶᠢᠯᠡᠭᠦᠯᠵᠦ᠂ ᠢᠳᠡᠵᠦ ᠤᠤᠭᠤᠬᠤ ᠨᠠᠭᠠᠳᠴᠤ ᠴᠡᠩᠭᠡᠬᠦ ᠬᠡᠯᠬᠢᠶ᠎ᠡ ᠠᠵᠤ ᠦᠢᠯᠡᠰ ᠢ ᠪᠣᠶ ᠪᠣᠯᠭᠠᠵᠤ᠂ ᠲᠣᠰᠬᠤᠨ ᠤ | ᠰᠤᠯᠠ ᠪᠠᠶᠢᠭ᠎ᠠ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠢ | ᠶᠡᠭᠡ ᠪᠠᠷ ᠬᠥᠭᠵᠢᠭᠦᠯᠬᠦ ᠶᠢᠨ ᠬᠠᠮᠲᠤ ᠬᠠᠲᠤᠨ ᠭᠤᠣᠯ ᠤᠨ ᠴᠤᠤᠷᠬᠠᠯ ᠤᠨ ᠦᠵᠡᠮᠵᠢ ᠶᠢᠨ ᠣᠷᠣᠨ ᠳᠤ ᠲᠦᠰᠢᠭᠯᠡᠨ | ᠨᠠᠩ ᠣᠯᠠᠨ ᠵᠢᠭᠤᠯᠴᠢᠯᠠᠯ ᠤᠨ ᠵᠦᠢᠯᠡᠰ ᠢ ᠨᠡᠭᠡᠭᠡᠨ ᠬᠥᠭᠵᠢᠭᠦᠯᠵᠦ᠂ ᠲᠠᠷᠢᠶᠠᠴᠢᠨ ᠠᠶᠢᠯ ᠤᠨ ᠵᠤᠭᠠᠴᠠᠯ ᠤᠨ ᠠᠵᠤ | ᠠᠬᠤᠢ ᠳᠤ ᠦᠷᠭᠦᠯᠵᠢᠯᠡᠬᠦ ᠬᠥᠭᠵᠢᠯᠲᠡ ᠶᠢᠨ ᠡᠬᠢ ᠪᠤᠯᠠᠭ ᠨᠡᠮᠡᠷᠢᠯᠡᠨ᠎ᠡ︾ ᠭᠡᠵᠡᠢ᠃ | ᠬᠡᠷᠡᠭᠯᠡᠭᠡᠨ ᠤ ᠥᠷᠨᠢᠯᠲᠡ ᠬᠥᠭᠵᠢᠯᠲᠡ ᠶᠢᠨ ᠢᠲᠡᠭᠡᠯ ᠵᠣᠷᠢᠭ ᠢ ᠬᠥᠭᠵᠢᠭᠡᠪᠡ᠃ ︽ᠣᠳᠣᠬᠠᠨ ᠤ ᠵᠠᠬ᠎ᠠ | ᠳᠡᠯᠭᠡᠭᠦᠷ ᠤᠨ ᠬᠠᠷᠢᠭᠤ ᠲᠤᠰᠬᠠᠭᠰᠠᠨ ᠪᠠᠶᠢᠳᠠᠯ ᠠᠴᠠ ᠦᠵᠡᠪᠡᠯ᠂ ᠪᠢᠳᠡ ᠣᠳᠣ ᠨᠢᠭᠡᠨᠲᠡ ᠲᠣᠭᠤᠷᠢᠨ ᠦᠵᠡᠵᠦ | ᠰᠤᠳᠤᠯᠤᠨ ᠰᠤᠷᠤᠯᠴᠠᠬᠤ ᠰᠠᠭᠤᠷᠢᠨ ᠳᠡᠭᠡᠷ᠎ᠡ ᠭᠡᠷ ᠲᠡᠷᠭᠡ ᠶᠢᠨ ᠬᠡᠭᠡᠷ᠎ᠡ ᠪᠠᠭᠤᠳᠠᠯᠯᠠᠬᠤ ᠭᠠᠵᠠᠷ᠂ ᠥᠪᠡᠷ ᠢᠶᠠᠨ | ᠰᠢᠷᠠᠵᠤ ᠬᠠᠭᠰᠠᠭᠠᠬᠤ ᠵᠡᠷᠭᠡ ᠣᠯᠠᠨ ᠵᠦᠢᠯ ᠤᠨ ᠵᠦᠢᠯᠡᠰ ᠢ ᠪᠤᠶ ᠪᠣᠯᠭᠠᠵᠤ᠂ ᠢᠷᠡᠭᠡᠳᠦᠢ ᠳᠤ ᠪᠠᠰᠠ ᠬᠥᠪᠬᠦ᠂ | ᠬᠤᠯᠤᠰᠤᠨ ᠰᠠᠯ᠂ ᠴᠠᠭᠠᠰᠢᠯᠠᠭᠠᠳ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠤᠭᠰᠠᠨ ᠰᠡᠯᠡᠭᠦᠴᠡᠯ ᠤᠨ ᠵᠦᠢᠯᠡᠰ ᠢ | ᠪᠤᠶ ᠪᠣᠯᠭᠠᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠡᠬᠢ ᠪᠠᠶᠠᠯᠢᠭ ᠢ ᠦᠨᠡᠨᠬᠦ ᠬᠥᠭᠵᠢᠭᠡᠨ ᠠᠰᠢᠭᠯᠠᠵᠤ᠂ | ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠩᠭᠠᠬᠤ ᠪᠠᠷ ᠲᠥᠯᠥᠪᠯᠡᠵᠦ ᠪᠠᠶᠢᠨ᠎ᠠ︾᠃ ᠮᠠ ᠰᠢᠶᠣᠣ ᠢᠦᠢ ᠬᠡᠯᠡᠬᠦ ᠳᠡᠭᠡᠨ | ᠂ ︽7 ᠰᠠᠷ᠎ᠠ ᠶᠢᠨ ᠳᠤᠮᠳᠠᠴᠢ ᠪᠠᠷ᠂ ᠡᠨᠡ ᠵᠢᠯ ᠤᠨ ᠬᠠᠮᠤᠭ ᠤᠨ ᠰᠢᠨ᠎ᠡ ᠵᠢᠷᠤᠵᠤ ᠲᠥᠯᠥᠪᠯᠡᠭᠰᠡᠨ ᠲᠤᠲᠤᠷᠭ᠎ᠠ ᠶᠢᠨ | ᠲᠠᠷᠢᠶᠠᠨ ᠤ ᠵᠢᠷᠤᠭ ᠴᠤ ᠥᠷᠭᠡᠨ ᠣᠯᠠᠨ ᠵᠤᠭᠠᠴᠠᠭᠰᠠᠳ ᠲᠠᠢ ᠵᠣᠯᠭᠠᠬᠤ ᠪᠣᠯᠣᠨ᠎ᠠ᠂ ᠲᠤᠲᠤᠷᠭ᠎ᠠ ᠶᠢᠨ ᠲᠠᠷᠢᠶᠠᠨ ᠤ | ᠨᠠᠢᠮᠠᠯᠵᠢ ᠪᠠ ᠲᠤᠲᠤᠷᠭ᠎ᠠ ᠶᠢᠨ ᠲᠠᠷᠢᠶᠠᠨ ᠤ ᠵᠢᠭᠠᠰᠤ ᠵᠠᠬ᠎ᠠ ᠳᠡᠯᠭᠡᠭᠦᠷ ᠲᠤ ᠭᠠᠷᠬᠤ ᠶᠢ ᠳᠠᠭᠠᠯᠳᠤᠨ᠂ ᠪᠠᠰᠠ ᠨᠢᠭᠡ | ᠤᠳᠠᠭᠠᠨ ᠤ ᠦᠵᠡᠮᠵᠢ ᠰᠣᠨᠢᠷᠬᠠᠬᠤ᠂ ᠬᠡᠷᠡᠭᠯᠡᠭᠡᠨ ᠤ ᠬᠠᠯᠠᠭᠤᠨ ᠥᠷᠨᠢᠯᠲᠡ ᠭᠠᠷᠬᠤ ᠶᠢ ᠢᠲᠡᠭᠡᠵᠦ ᠪᠠᠶᠢᠨ᠎ᠠ︾ | ᠭᠡᠵᠡᠢ᠃ | | |