ᠭᠤᠣᠯᠳᠠᠯᠭ᠎ᠠ ᠲᠠᠢ ᠬᠤᠳᠠᠯᠳᠤᠭᠠᠨ ᠤ ᠲᠣᠭᠤᠷᠢᠭ ᠬᠤᠲᠠ ᠶᠢᠨ ︽ᠰᠥᠨᠢ ᠶᠢᠨ ᠠᠵᠤ ᠠᠬᠤᠢ︾ ᠶᠢ ᠬᠥᠰᠢᠵᠦ  ᠬᠥᠳᠡᠯᠭᠡᠪᠡ
ᠨᠡᠶᠢᠲᠡᠯᠡᠭᠰᠡᠨ ᠴᠠᠭ᠄
2022/8/1
      ᠬᠥᠮᠥᠨ ᠤ ᠶᠢᠷᠲᠢᠨᠴᠦ ᠶᠢᠨ ᠭᠠᠯ ᠤᠳᠤᠭ᠎ᠠ ᠬᠥᠮᠥᠰ ᠤᠨ ᠰᠡᠳᠬᠢᠯ ᠢ ᠬᠠᠮᠤᠭ ᠠᠴᠠ ᠢᠯᠡᠭᠦᠦ ᠪᠠᠶᠠᠰᠬᠠᠨ᠎ᠠ᠃ᠰᠥᠨᠢ ᠶᠢᠨ ᠬᠠᠷᠠᠩᠭᠤᠢ ᠪᠣᠯᠬᠤ ᠳᠤ᠂ ᠨᠢᠭᠡ ᠡᠳᠦᠷ ᠶᠠᠭᠠᠷᠠᠯᠳᠤᠭᠰᠠᠨ ᠬᠥᠮᠥᠰ ᠰᠥᠨᠢ ᠶᠢᠨ ᠬᠠᠷᠠᠩᠭᠤᠢ ᠳᠤ ᠦᠢᠮᠡᠯᠳᠦᠨ ᠨᠠᠷᠭᠢᠯᠳᠤᠭᠰᠠᠨ ᠬᠤᠳᠠᠯᠳᠤᠭᠠᠨ ᠤ ᠲᠣᠭᠤᠷᠢᠭ ᠤᠨ ᠰᠥᠨᠢ ᠶᠢᠨ ᠵᠠᠬ᠎ᠠ ᠳᠤ ᠣᠷᠣᠵᠤ᠂ ᠠᠮᠲᠠᠲᠤ ᠢᠳᠡᠭᠡᠨ ᠠᠮᠲᠠᠲᠤ ᠠᠷᠢᠬᠢ ᠶᠢᠨ ᠵᠠᠪᠰᠠᠷ ᠤᠨ ᠵᠠᠰᠠᠯᠭ᠎ᠠ ᠳᠤ ᠨᠢᠭᠡ ᠡᠳᠦᠷ ᠤᠨ ᠪᠡᠶ᠎ᠡ ᠰᠡᠳᠬᠢᠯ ᠢ ᠤᠯᠠᠮ ᠵᠦᠳᠡᠷᠡᠭᠦᠯᠦᠨ᠎ᠡ᠃ᠵᠤᠨ ᠤ ᠤᠯᠠᠷᠢᠯ ᠳᠤ ᠣᠷᠣᠭᠰᠠᠨ ᠠᠴᠠ ᠨᠠᠰᠢ᠂ ᠮᠠᠨ ᠤ ᠬᠤᠳᠠ ᠶᠢᠨ ᠴᠥᠭᠡᠨ ᠪᠤᠰᠤ ᠭᠤᠣᠯᠳᠠᠯᠭ᠎ᠠ ᠲᠠᠢ ᠬᠤᠳᠠᠯᠳᠤᠭᠠᠨ ᠤ ᠲᠣᠭᠤᠷᠢᠭ ᠤᠨ ᠬᠢᠨ ᠤᠯᠠᠨ ᠬᠥᠮᠥᠨ ᠤ ᠤᠷᠤᠰᠬᠠᠯ᠂ ᠠᠶᠠᠨᠴᠢᠳ ᠤᠨ ᠤᠷᠤᠰᠬᠠᠯ ᠤᠨ ᠡᠬᠢ ᠪᠠᠶᠠᠯᠢᠭ ᠢ ᠠᠰᠢᠭᠯᠠᠵᠤ᠂ ᠡᠵᠡᠩᠨᠡᠯᠲᠡ ᠶᠢᠨ ᠬᠡᠯᠪᠡᠷᠢ ᠪᠠᠷ ᠪᠠᠶᠠᠯᠢᠭ᠂ ᠰᠢᠨ᠎ᠡ ᠬᠡᠯᠪᠡᠷᠢ ᠲᠠᠢ ᠬᠤᠳᠠᠯᠳᠤᠭᠠᠨ ᠤ ᠲᠣᠭᠤᠷᠢᠭ ᠤᠨ ᠰᠥᠨᠢ ᠶᠢᠨ ᠵᠠᠬ᠎ᠠ ᠳᠡᠯᠭᠡᠭᠦᠷ ᠢ ᠪᠠᠶᠢᠭᠤᠯᠵᠤ᠂ ᠬᠤᠳᠠ ᠶᠢᠨ ᠰᠥᠨᠢ ᠶᠢᠨ ᠠᠵᠤ ᠠᠬᠤᠢ ᠳᠤ ᠬᠡᠷᠡᠭᠯᠡᠭᠡᠨ ᠤ ᠰᠢᠨ᠎ᠡ ᠪᠠᠶᠢᠳᠠᠯ ᠢ ᠪᠤᠢ ᠪᠣᠯᠭᠠᠵᠤ᠂ ᠬᠤᠳᠠ ᠶᠢᠨ ᠠᠷᠠᠳ ᠤᠨ ᠬᠡᠷᠡᠭᠯᠡᠭᠡᠨ ᠤ ᠬᠠᠯᠠᠭᠤᠨ ᠰᠡᠳᠬᠢᠯᠭᠡ ᠶᠢ ᠲᠠᠶᠢᠴᠢᠯᠠᠵᠠᠢ᠃
     7 ᠰᠠᠷ᠎ᠠ ᠶᠢᠨ 10 ᠤ ᠡᠳᠦᠷ᠂ ᠳ᠋ᠦᠩ ᠡᡁᠸ ᠲᠣᠭᠤᠷᠢᠭ ᠤᠨ ᠦ᠋ ᠶᠤᠸᠠᠢ ᠠᠭᠤᠳᠠᠮ ᠲᠠᠯᠠᠪᠠᠢ ᠶᠢᠨ ᠪᠠᠷᠠᠭᠤᠨ ᠠᠮᠠᠰᠠᠷ ᠲᠤ ᠶᠠᠪᠠᠭᠠᠨ ᠵᠡᠭᠡᠯᠢ ᠶᠢᠨ ᠬᠥᠮᠥᠰ ᠨᠠᠰᠢ ᠴᠠᠰᠢ ᠶᠠᠪᠤᠵᠤ ᠪᠠᠶᠢᠬᠤ ᠰᠠᠭᠤᠭᠳᠠᠯ ᠲᠠᠢ᠂ 7 ᠰᠠᠷ᠎ᠠ ᠶᠢᠨ 10 ︱ 17 ᠋ ᠤ ᠡᠳᠦᠷ ᠤᠨ ᠬᠤᠭᠤᠴᠠᠭᠠᠨ ᠳᠤ︽ᠶᠠᠨᠵᠢᠩ U8 ᠫᠢᠸᠤ᠋ ᠶᠢᠨ ᠨᠠᠶᠢᠷ︾ᠠᠳᠡ ᠶᠠᠪᠤᠭᠳᠠᠵᠤ᠂ ᠴᠥᠭᠡᠨ ᠪᠤᠰᠤ ᠬᠤᠳᠠ ᠶᠢᠨ ᠠᠷᠠᠳ ᠬᠦᠷᠦᠯᠴᠡᠨ ᠢᠷᠡᠵᠦ ᠬᠡᠯᠬᠢᠶ᠎ᠡ ᠰᠢᠮᠠᠯᠠᠵᠤ᠂ ᠠᠷᠢᠬᠢ ᠤᠤᠭᠤᠵᠤ᠂ ᠵᠣᠭᠤᠭᠳᠠᠵᠤ᠂ ᠵᠤᠨ ᠤ ᠰᠡᠷᠢᠭᠦᠨ ᠰᠠᠶᠢᠬᠠᠨ ᠰᠥᠨᠢ ᠶᠢ ᠬᠠᠮᠲᠤᠪᠠᠷ ᠡᠳ᠋ᠯᠡᠨ᠎ᠡ᠃
     ᠠᠳᠡ ᠢᠷᠡᠭᠡᠳ ᠵᠢᠳᠠᠨ ᠪᠡᠬᠡᠲᠦ ᠬᠢᠰᠤᠭ᠎ᠠ ᠶᠢᠨ ᠱᠣᠷᠣᠯᠠᠭ ᠬᠤᠳᠠᠯᠳᠤᠳᠠᠭ ᠰᠢᠶᠣᠣ ᠪᠢᠶᠣᠣ ᠰᠠᠶ᠋ᠢ ᠮᠠᠶᠢᠮᠠᠢ ᠬᠢᠵᠦ ᠡᠬᠢᠯᠡᠮᠡᠭᠴᠡ ᠪᠠᠨ ᠬᠥᠭᠵᠢᠶᠡᠨ ᠲᠠᠢ ᠪᠣᠯᠪᠠ᠃︽ᠣᠶᠢᠷ᠎ᠠ ᠳᠤ ᠠᠳᠡ ᠳᠡᠯᠭᠡᠭᠦᠷ ᠤᠨ ᠰᠦᠢᠳᠬᠡᠯ ᠬᠤᠷᠢᠶᠠᠬᠤ ᠦᠭᠡᠢ ᠭᠡᠵᠦ ᠰᠣᠨᠣᠰᠤᠭᠠᠳ ᠪᠢ ᠬᠦᠷᠦᠭᠡᠳ ᠢᠷᠡᠭᠰᠡᠨ ᠶᠤᠮ︾ ᠭᠡᠪᠡ᠃ ᠰᠢᠶᠣᠣ ᠪᠢᠶᠣᠣ ᠶᠢᠨ ᠲᠠᠨᠢᠯᠴᠠᠭᠤᠯᠤᠭᠰᠠᠨ ᠢᠶᠠᠷ᠂ ᠲᠡᠷᠡ ᠣᠯᠠᠨ ᠭᠠᠵᠠᠷ ᠲᠤ ᠰᠢᠷᠠᠯᠭ᠎ᠠ ᠶᠢᠨ ᠵᠠᠬ᠎ᠠ ᠳᠡᠯᠭᠡᠭᠦᠷ ᠪᠠ ᠬᠤᠳᠠᠯᠳᠤᠭᠠᠨ ᠤ ᠲᠣᠭᠤᠷᠢᠭ ᠲᠤ ᠬᠤᠳᠠᠯᠳᠤᠭ᠎ᠠ ᠮᠠᠶᠢᠮᠠᠢ ᠬᠢᠵᠦ ᠪᠠᠶᠢᠪᠠ᠂ ᠣᠶᠢᠷ᠎ᠠ ᠳᠤ ᠴᠥᠭᠡᠨ ᠪᠤᠰᠤ ᠰᠢᠨ᠎ᠡ ᠬᠤᠳᠠᠯᠳᠤᠭᠠᠨ ᠤ ᠲᠣᠭᠤᠷᠢᠭ ᠤᠨ ᠬᠢᠨ ᠬᠥᠮᠥᠰ ᠤᠨ ᠬᠦᠷᠢᠶᠡᠯᠡᠯ ᠢ ᠣᠯᠬᠤ ᠶᠢᠨ ᠲᠥᠯᠥᠭᠡ ᠬᠤᠳᠠᠯᠳᠤᠭᠠᠴᠢᠨ ᠤᠷᠢᠬᠤ ᠬᠠᠷᠠᠭᠠᠯᠵᠠᠯ ᠦᠵᠡᠭᠦᠯᠵᠦ᠂ ᠥᠪᠡᠷ ᠢᠶᠠᠨ ᠬᠤᠳᠠᠯᠳᠤᠭᠠᠨ ᠤ ᠲᠣᠭᠤᠷᠢᠭ ᠲᠤ ᠢᠷᠡᠵᠦ ᠬᠥᠮᠥᠰ ᠤᠨ ᠬᠦᠷᠢᠶᠡᠯᠡᠯ ᠢ ᠣᠯᠣᠭᠰᠠᠨ ᠪᠠᠶᠢᠨ᠎ᠠ᠃      ︽ᠥᠨᠥᠳᠥᠷ ᠦᠨᠡᠬᠡᠷ ᠰᠠᠶᠢᠨ ᠬᠤᠳᠠᠯᠳᠤᠵᠤ ᠪᠠᠶᠢᠨ᠎ᠠ᠂ ᠮᠢᠨᠤ ᠪᠡᠯᠡᠳᠬᠡᠭᠰᠡᠨ ᠢᠳᠡᠭᠡᠨ ᠤ ᠮᠠᠲ᠋ᠧᠷᠢᠶᠠᠯ ᠴᠥᠭᠡᠷᠡᠵᠡᠢ᠂ ᠤᠳᠠᠯ ᠦᠭᠡᠢ ᠬᠤᠳᠠᠯᠳᠤᠭᠠᠳ ᠪᠠᠷᠠᠴᠢᠬᠠᠨ᠎ᠠ᠂ ᠨᠢᠭᠡ ᠰᠥᠨᠢ  ᠶᠢᠨ ᠣᠷᠣᠯᠭ᠎ᠠ 2700 ᠭᠠᠷᠤᠢ ᠲᠥᠭᠦᠷᠢᠭ᠂ ᠬᠡᠷᠪᠡ ᠢᠳᠡᠭᠡᠨ ᠤ ᠮᠠᠲ᠋ᠧᠷᠢᠶᠠᠯ ᠭᠦᠢᠴᠡᠳ ᠪᠠᠶᠢᠪᠠᠯ᠂ ᠮᠢᠨᠤ ᠪᠠᠷᠤᠭᠯᠠᠬᠤ ᠪᠠᠷ ᠳᠥᠷᠪᠡ ᠲᠠᠪᠤᠨ ᠮᠢᠩᠭᠠᠨ ᠲᠥᠭᠦᠷᠢᠭ  ᠢᠶᠠᠷ ᠬᠤᠳᠠᠯᠳᠤᠬᠤ ᠳᠤ ᠠᠰᠠᠭᠤᠳᠠᠯ ᠦᠭᠡᠢ︾ ᠭᠡᠵᠦ ᠬᠡᠯᠡᠪᠡ᠃ ᠭᠡᠵᠦ ᠰᠢᠶᠣᠣ ᠪᠢᠶᠣᠣ ᠬᠡᠯᠡᠪᠡ᠃
     ᠳ᠋ᠦᠩ ᠾᠧ ᠶᠢᠨ ᠦ᠋ ᠶᠤᠸᠠᠢ ᠠᠭᠤᠳᠠᠮ ᠲᠠᠯᠠᠪᠠᠢ ᠶᠢᠨ ᠡᠵᠡᠩᠨᠡᠯᠲᠡ ᠶᠢᠨ ᠡᠵᠡᠩᠨᠡᠯᠲᠡ ᠶᠢᠨ ᠳᠡᠳ᠋ ᠶᠡᠷᠦᠩᠬᠡᠢ ᠳᠠᠭᠠᠭᠠᠮᠠᠯ ᠪᠣᠯᠣᠨ ᠴᠢᠦ ᠫᠢᠩ ᠤᠨ ᠲᠠᠨᠢᠯᠴᠠᠭᠤᠯᠤᠭᠰᠠᠨ ᠢᠶᠠᠷ᠂ ᠵᠤᠨ ᠪᠣᠯᠤᠭᠰᠠᠨ ᠠᠴᠠ ᠨᠠᠰᠢ ᠬᠥᠮᠥᠰ ᠤᠨ ᠰᠡᠳᠬᠢᠯ ᠢ ᠲᠠᠲᠠᠬᠤ ᠶᠢᠨ ᠲᠥᠯᠥᠭᠡ᠂ ᠳ᠋ᠦᠩ ᠾᠧ ᠶᠢᠨ ᠦ᠋ ᠶᠤᠸᠠᠢ ᠠᠭᠤᠳᠠᠮ ᠲᠠᠯᠠᠪᠠᠢ ᠠᠷᠠᠯᠵᠢᠶᠠᠴᠢᠨ ᠤᠷᠢᠬᠤ ᠪᠠᠷ ᠳᠠᠮᠵᠢᠨ ᠠᠯᠢ ᠤᠯᠠᠨ ᠠᠵᠢᠯᠯᠠᠭ᠎ᠠ ᠥᠷᠨᠢᠭᠦᠯᠵᠦ ᠬᠤᠳᠠᠯᠳᠤᠭᠠᠨ ᠤ ᠲᠠᠯᠠᠪᠠᠢ ᠶᠢᠨ ᠳᠣᠲᠣᠨ᠎ᠠ ᠭᠠᠳᠠᠨᠠᠬᠢ︽ᠰᠥᠨᠢ ᠶᠢᠨ ᠠᠵᠤ ᠠᠬᠤᠢ︾ ᠶᠢ ᠲᠠᠶᠢᠴᠢᠯᠠᠵᠠᠢ᠃ ︽ᠡᠨᠡ ᠵᠢᠯ ᠤᠨ ᠵᠤᠨ ᠪᠢᠳᠡ ᠭᠡᠷ ᠤᠨ ᠭᠠᠳᠠᠨᠠᠬᠢ ︿ᠰᠢ ᠺᠧᠦ  ᠶᠢᠨ ᠶᠢᠨ ᠭᠤᠳᠤᠮᠵᠢ﹀  ᠶᠢᠨ ᠶᠠᠪᠠᠭᠠᠨ ᠵᠡᠭᠡᠯᠢ ᠲᠠᠢ ᠬᠠᠮᠲᠤᠷᠠᠨ᠂ ᠶᠠᠨᠵᠢᠩ ᠬᠤᠲᠠ  ᠶᠢᠨ U8 ᠫᠢᠸᠤ᠋  ᠶᠢᠨ ᠨᠠᠶᠢᠷ  ᠢ ᠣᠷᠣᠭᠤᠯᠤᠨ ᠠᠪᠴᠢᠷᠠᠵᠤ᠂ ᠳ᠋ᠦᠩ ᠾᠧ ᠲᠣᠭᠤᠷᠢᠭ ᠤᠨ ᠲᠤᠰ ᠭᠠᠵᠠᠷ ᠤᠨ ᠰᠦᠯᠵᠢᠶᠡᠨ ᠤ ᠬᠤᠩ ᠳ᠋ᠠ ᠬᠥᠮᠥᠰ ᠲᠠᠢ ᠬᠤᠯᠪᠤᠭᠠᠯᠠᠨ ᠡᠯ᠎ᠡ ᠵᠦᠢᠯ ᠤᠨ ᠬᠡᠷᠡᠭᠯᠡᠭᠡ  ᠶᠢ ᠠᠬᠢᠭᠤᠯᠬᠤ ᠠᠵᠢᠯᠯᠠᠭ᠎ᠠ ᠥᠷᠨᠢᠭᠦᠯᠵᠦ᠂ ᠠᠵᠢᠯᠯᠠᠭ᠎ᠠ  ᠶᠢᠨ ᠬᠤᠭᠤᠴᠠᠭᠠᠨ ᠳᠤ ᠬᠤᠳᠠᠯᠳᠤᠭᠠᠨ ᠤ ᠲᠠᠯᠠᠪᠤᠷ ᠲᠤ ᠠᠶᠠᠨᠳᠠᠭᠠᠨ ᠤ ᠡᠭᠦᠳᠡ ᠪᠠᠨ ᠬᠠᠭᠠᠵᠤ᠂ ᠭᠠᠵᠠᠷ ᠣᠷᠣᠨ ᠤ ᠬᠡᠷᠡᠭᠯᠡᠭᠴᠢᠳ ᠤᠨ ᠰᠥᠨᠢ  ᠶᠢᠨ ᠬᠡᠷᠡᠭᠯᠡᠭᠡᠨ ᠤ ᠬᠡᠷᠡᠭᠴᠡᠭᠡ  ᠶᠢ ᠬᠠᠩᠭᠠᠨ᠎ᠠ︾᠃
     ᠲᠤᠬᠠᠢ ᠶᠢᠨ ᠡᠳᠦᠷ᠂ ᠳ᠋ᠦᠩ ᠾᠧ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠳ᠋ᠦᠩ ᠾᠧ ᠲᠣᠭᠤᠷᠢᠭ ᠤᠨ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠭᠡᠷ᠂ ᠳ᠋ᠦᠩ ᠾᠧ ᠲᠣᠭᠤᠷᠢᠭ ᠤᠨ ᠨᠡᠶᠢᠯᠡᠯ ᠵᠠᠭᠤᠴᠢᠯᠠᠭᠤᠷ ᠤᠨ ᠲᠥᠪ ᠠᠴᠠ ᠵᠣᠬᠢᠶᠠᠨ ᠪᠠᠶᠢᠭᠤᠯᠵᠤ ᠥᠷᠨᠢᠭᠦᠯᠦᠭᠰᠡᠨ ︽ᠰᠦᠯᠵᠢᠶᠡᠨ ᠤ ᠪᠣᠯᠵᠤᠭ᠎ᠠ ᠳ᠋ᠦᠩ ᠾᠧ ︱ ᠬᠠᠢ ᠶᠢᠦ ᠳ᠋ᠦᠩ ᠾᠧ︾ ᠣᠬᠤᠷ ᠸᠢᠳᠢᠤ᠋ ᠶᠢᠨ ᠤᠷᠤᠯᠳᠤᠭᠠᠨ ᠴᠤ ᠠᠳᠡ ᠶᠠᠪᠤᠭᠳᠠᠵᠤ᠂ ᠴᠥᠭᠡᠨ ᠪᠤᠰᠤ ᠰᠦᠯᠵᠢᠶᠡᠨ ᠤ ᠤᠯᠠᠭᠠᠨ ᠸᠢᠳᠢᠤ᠋ ᠶᠢᠨ ᠪᠦᠷᠭᠡ ᠶᠢᠨ ᠡᠵᠡᠨ ᠴᠦ ᠬᠤᠶᠢᠨ᠎ᠠ ᠬᠤᠶᠢᠨ᠎ᠠ ᠠᠴᠠ ᠪᠠᠨ ᠳᠡᠯᠭᠡᠭᠦᠷ ᠲᠤ ᠢᠷᠡᠵᠦ ᠺᠠᠷᠲ ᠢᠶᠠᠨ ᠪᠦᠷᠢᠳᠬᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠡᠷᠡᠭᠯᠡᠭᠡᠨ ᠤ ᠣᠷᠭᠢᠯᠤᠮ᠎ᠠ ᠰᠡᠳᠬᠢᠯᠭᠡ ᠶᠢ ᠬᠥᠭᠵᠢᠭᠡᠪᠡ᠃      ︽ᠡᠨᠡ ᠪᠣᠯ ᠰᠢᠨ᠎ᠡ ᠪᠠᠷ ᠨᠡᠭᠡᠭᠡᠭᠰᠡᠨ ᠬᠤᠳᠠᠯᠳᠤᠭᠠᠨ ᠤ ᠲᠠᠯᠠᠪᠤᠷ ᠮᠥᠨ᠂ ᠰᠦᠯᠵᠢᠶᠡᠨ ᠤ ᠠᠨᠳᠠ ᠨᠠᠷ ᠡᠭᠦᠨ  ᠢ ᠶᠡᠭᠡ ᠰᠣᠨᠢᠷᠬᠠᠵᠤ ᠪᠠᠶᠢᠨ᠎ᠠ᠂ ᠪᠢ ᠥᠨᠥᠳᠥᠷ ᠠᠳᠡ ᠢᠷᠡᠵᠦ ᠳᠡᠯᠭᠡᠭᠦᠷ ᠬᠠᠶᠢᠬᠤ ᠳᠦᠷᠰᠦ ᠰᠢᠩᠭᠡᠭᠡᠯᠲᠡ  ᠶᠢ ᠰᠡᠭᠦᠳᠡᠷᠯᠡᠬᠦ ᠳᠡᠭᠡᠨ ᠨᠢᠭᠡ ᠲᠠᠯ᠎ᠠ ᠪᠠᠷ ᠰᠦᠯᠵᠢᠶᠡᠨ ᠭᠠᠳᠠᠨᠠᠬᠢ ᠰᠦᠯᠵᠢᠶᠡᠨ ᠤ ᠤᠯᠠᠭᠠᠨ ᠳᠡᠯᠭᠡᠭᠦᠷ  ᠢ ᠰᠦᠯᠵᠢᠶᠡᠨ ᠳᠡᠭᠡᠷᠡᠬᠢ ᠰᠦᠯᠵᠢᠶᠡᠨ ᠤ ᠨᠠᠶᠢᠵᠠ ᠨᠠᠷ ᠲᠤ ᠲᠠᠨᠢᠯᠴᠠᠭᠤᠯᠵᠤ᠂ ᠨᠡᠩ ᠣᠯᠠᠨ ᠬᠥᠮᠥᠨ  ᠢ ᠳᠡᠯᠭᠡᠭᠦᠷ ᠤᠨ ᠬᠡᠷᠡᠭᠯᠡᠭᠡ ᠳᠤ ᠲᠠᠲᠠᠵᠤ᠂ ᠨᠥᠭᠦᠭᠡ ᠲᠠᠯ᠎ᠠ ᠪᠠᠷ ᠪᠠᠰᠠ ᠵᠠᠰᠠᠭ ᠤᠨ ᠣᠷᠳᠣᠨ  ᠠᠴᠠ ᠡᠷᠭᠢᠯᠡᠭᠰᠡᠨ ᠳᠦᠷᠰᠦ ᠰᠢᠩᠭᠡᠭᠡᠯᠲᠡ  ᠶᠢᠨ ᠤᠷᠤᠯᠳᠤᠭᠠᠨ ᠳᠤ ᠣᠷᠣᠯᠴᠠᠭᠤᠯᠵᠤ᠂ ᠨᠡᠩ ᠣᠯᠠᠨ ᠬᠥᠮᠥᠨ ᠳᠤ ᠨᠠᠳᠠ  ᠶᠢ ᠲᠠᠨᠢᠭᠤᠯᠬᠤ  ᠶᠢ ᠬᠦᠰᠡᠵᠦ ᠪᠠᠶᠢᠨ᠎ᠠ︾᠃ ᠭᠡᠵᠦ ᠬᠦᠩᠭᠢᠨᠡᠮ᠎ᠡ ᠳᠠᠭᠤᠨ ᠲᠣᠣᠷ ᠤᠨ ᠤᠯᠠᠭᠠᠨ ︽ᠾᠦᠢ ᠽᠠᠢ︾ ᠬᠡᠯᠡᠪᠡ᠃
     ᠡᠩᠬᠡ ᠲᠠᠶᠢᠪᠤᠩ ᠵᠠᠮ ᠳᠤ᠂ ᠰᠥᠨᠢ ᠶᠢᠨ ᠬᠠᠷᠠᠩᠭᠤᠢ ᠶᠢᠨ ᠳᠣᠣᠷᠠᠬᠢ ᠠᠷᠠᠳ ᠤᠨ ᠡᠳᠦᠷ ᠤᠨ ᠰᠣᠨᠢᠨ ᠤ ᠰᠥᠨᠢ ᠶᠢᠨ ᠵᠠᠬ᠎ᠠ ᠳᠤ ᠳ᠋ᠧᠩ ᠤᠨ ᠭᠡᠷᠡᠯ ᠳᠤᠸᠠᠯᠠᠵᠤ᠂ ᠳᠦᠷᠢᠮᠵᠢᠯ ᠲᠠᠢ᠂ ᠠᠷᠢᠭᠤᠨ ᠴᠡᠪᠡᠷ ᠳᠡᠯᠭᠡᠭᠦᠷ ᠤᠨ ᠡᠮᠦᠨ᠎ᠡ ᠬᠥᠮᠥᠰ ᠢᠶᠠᠷ ᠳᠦᠭᠦᠷᠴᠦ᠂ ᠪᠠᠷᠬᠢᠷᠠᠨ ᠪᠠᠷᠬᠢᠷᠠᠬᠤ ᠲᠠᠭᠤᠨ᠂ ᠨᠢᠤᠮᠠᠷ᠎ᠠ ᠵᠢᠭᠠᠰᠤᠨ ᠤ ᠵᠢᠵᠢᠭ ᠦᠷᠡᠯ ᠦᠷᠦᠭᠡ᠂ ᠤᠯᠠᠭᠠᠨ ᠪᠤᠷᠭᠠᠰᠤᠨ ᠤ ᠲᠣᠮᠣ ᠬᠡᠯᠬᠢᠶ᠎ᠡ᠂ ᠤᠷᠯᠢᠶᠠᠨ ᠤ ᠰᠢᠷᠠᠭᠰᠠᠨ ᠲᠠᠬᠢᠶᠠᠨ ᠳᠠᠯᠠᠪᠴᠢ ᠵᠡᠷᠭᠡ ᠣᠨᠴᠠᠯᠢᠭᠲᠤ ᠢᠳᠡᠭᠡᠨ ᠤ ᠵᠦᠢᠯ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠰᠣᠨᠢᠷᠬᠠᠯ ᠢ ᠲᠠᠲᠠᠨ᠎ᠠ᠃      ᠨᠠᠶᠢᠵᠠ ᠨᠠᠷ ᠲᠠᠢ ᠪᠠᠨ ︽ᠺᠠᠷᠲ ᠪᠦᠷᠢᠳᠬᠡᠭᠦᠯᠬᠦ︾ ᠪᠠᠷ ᠢᠷᠡᠭᠰᠡᠨ ᠣᠶᠤᠲᠠᠨ ᠸᠧᠢ ᠰᠢᠨ ᠬᠡᠯᠡᠬᠦ ᠳᠡᠭᠡᠨ᠂  ︽ᠥᠩᠭᠡᠷᠡᠭᠰᠡᠨ ᠳᠤ ᠤᠤᠯ ᠤᠨ ᠬᠠᠲᠤᠨ ᠭᠤᠣᠯ ᠤᠨ ᠺᠢᠨᠣ᠋ ᠵᠦᠴᠦᠭᠡ  ᠶᠢᠨ ᠲᠢᠶᠠᠲᠷ  ᠢ ᠬᠤᠭᠤᠯᠠᠨ ᠭᠡᠷ ᠪᠣᠯᠭᠠᠨ ᠥᠭᠡᠷᠡᠴᠢᠯᠡᠵᠦ᠂ ᠵᠥᠪᠬᠡᠨ ᠬᠤᠷᠢᠮ ᠨᠠᠶᠢᠷ᠂ ᠴᠤᠭᠯᠠᠭᠠᠨ ᠵᠡᠷᠭᠡ ᠳᠤ ᠣᠷᠤᠯᠴᠠᠬᠤ ᠪᠠᠷ ᠢᠷᠡᠭᠰᠡᠨ ᠭᠡᠵᠦ ᠦᠵᠡᠵᠦ ᠪᠠᠶᠢᠭᠰᠠᠨ ᠪᠣᠯᠬᠤᠷ ᠵᠠᠯᠠᠭᠤᠴᠤᠳ ᠳᠡᠮᠡᠢ ᠲᠣᠭᠤᠷᠢᠬᠤ ᠳᠤᠷ᠎ᠠ ᠦᠭᠡᠢ ᠪᠠᠶᠢᠪᠠ᠂ ᠲᠦᠷᠦᠭᠦᠬᠡᠨ ᠸᠢᠴᠠᠲ ᠤᠨ ︿ᠨᠠᠶᠢᠵᠠ  ᠶᠢᠨ ᠲᠣᠭᠤᠷᠢᠭ﹀  ᠠᠴᠠ ᠣᠳᠣ ᠰᠥᠨᠢ  ᠶᠢᠨ ᠠᠵᠤ ᠠᠬᠤᠢ ᠰᠣᠶᠣᠯ ᠤᠨ ᠠᠮᠲᠠᠲᠤ ᠢᠳᠡᠭᠡᠨ ᠤ ᠪᠠᠶᠠᠷ ᠬᠢᠵᠦ ᠪᠠᠶᠢᠭ᠎ᠠ  ᠶᠢ ᠦᠵᠡᠭᠡᠳ ᠪᠢᠳᠡ ᠲᠤᠰᠬᠠᠶᠢᠯᠠᠨ ᠢᠷᠡᠵᠦ᠂ ᠢᠳᠡᠭᠡᠨ ᠤ ᠲᠥᠷᠥᠯ ᠵᠦᠢᠯ ᠣᠯᠠᠨ᠂ ᠦᠨ᠎ᠡ ᠬᠠᠩᠰᠢ ᠨᠢ ᠴᠦ ᠬᠢᠮᠳᠠ᠂ ᠬᠤᠸᠠᠷ ᠫᠤᠤᠵᠢᠩ ᠤᠨ ᠦᠨᠦᠷ ᠬᠠᠩᠬᠤᠯᠵᠤ ᠪᠠᠶᠢᠭ᠎ᠠ  ᠶᠢ ᠣᠶᠢᠯᠠᠭᠠᠵᠠᠢ︾᠃      ︽ᠪᠢᠳᠡ ᠣᠨᠴᠠᠯᠢᠭᠲᠤ ᠠᠮᠲᠠᠲᠤ ᠢᠳᠡᠭᠡᠨ ᠤ ᠵᠡᠭᠡᠯᠢ ᠶᠢ ᠪᠠᠶᠢᠭᠤᠯᠬᠤ ᠪᠠᠷ ᠳᠠᠮᠵᠢᠭᠤᠯᠤᠨ᠂ ᠨᠡᠭᠦᠳᠡᠯ ᠳᠡᠯᠭᠡᠭᠦᠷᠴᠢᠨ ᠢ ᠬᠥᠲᠥᠯᠥᠨ ᠵᠢᠯᠤᠭᠤᠳᠴᠤ ᠪᠠᠶᠢᠭᠠᠳ ᠵᠢᠷᠤᠮᠵᠢᠭᠤᠯᠤᠨ ᠡᠵᠡᠩᠨᠡᠭᠦᠯᠵᠦ᠂ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠠᠲᠤᠯᠠᠬᠤ ᠪᠠ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠬᠠᠮᠠᠭᠠᠯᠠᠭᠰᠠᠨ ᠰᠠᠭᠤᠷᠢᠨ ᠳᠡᠭᠡᠷ᠎ᠡ᠂ ᠤᠯᠠᠮᠵᠢᠯᠠᠯᠲᠤ ᠬᠤᠳᠠᠯᠳᠤᠭᠠᠨ ᠤ ᠬᠦᠷᠢᠶᠡᠨ ᠤ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ᠂ ︿ᠵᠡᠭᠦᠨ ᠭᠤᠣᠯ ᠳᠤ ᠢᠳᠡᠬᠦ﹀ ᠨᠠᠷᠠᠲᠤ ᠲᠡᠮᠳᠡᠭ ᠢ ᠤᠯᠠᠮ ᠨᠢᠭᠡ ᠠᠯᠬᠤᠮ ᠬᠤᠷᠴᠠ ᠪᠣᠯᠭᠠᠵᠤ᠂ ᠬᠡᠷᠡᠭᠯᠡᠭᠡ ᠪᠠ ᠠᠵᠢᠯ ᠣᠯᠭᠤᠯᠲᠠ ᠶᠢ ᠠᠬᠢᠭᠤᠯᠤᠨ᠂ ᠵᠣᠨ ᠤ ᠤᠯᠠᠷᠢᠯ ᠤᠨ ᠡᠳᠦᠷ ᠰᠥᠨᠢ ᠶᠢᠨ ᠠᠵᠤ ᠠᠬᠤᠢ ᠶᠢ ᠳᠠᠶᠢᠴᠢᠯᠠᠨ᠎ᠠ︾᠃ ᠭᠡᠵᠦ ᠳ᠋ᠦᠩ ᠾᠧ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶᠠᠨ ᠤ ᠳᠠᠷᠤᠭ᠎ᠠ ᠭᠦᠸᠧ ᠵᠢᠶᠠᠨ ᠴᠢᠶᠠᠩ ᠢᠯᠡᠳᠬᠡᠪᠡ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1