︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠶ᠎ᠡ︾ᠳ᠋ᠦᠩ ᠾᠧ ᠲᠣᠭᠤᠷᠢᠭ᠄ ᠬᠥᠳᠡᠭᠡ ᠲᠣᠰᠬᠤᠨ ᠤ︽ᠥᠩᠭᠡ ᠵᠢᠰᠦ︾ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ ᠪᠤᠢ
ᠨᠡᠶᠢᠲᠡᠯᠡᠭᠰᠡᠨ ᠴᠠᠭ᠄
2022/8/1
      ︽ᠮᠠᠨ ᠤ ᠲᠣᠰᠬᠤᠨ ᠤ ᠵᠡᠭᠡᠯᠢ ᠭᠤᠳᠤᠮᠵᠢ ᠴᠡᠪᠡᠷ ᠴᠡᠮᠴᠡᠭᠡᠷ ᠪᠠᠶᠢᠵᠤ᠂ ᠠᠮᠢᠳᠤᠷᠠᠯ ᠤᠨ ᠬᠤᠭ ᠨᠣᠪᠰᠢ ᠶᠢ ᠪᠦᠲᠦᠮᠵᠢᠲᠡᠢ ᠵᠠᠰᠠᠵᠤ᠂ ᠤᠯᠠᠨ ᠲᠦᠮᠡᠨ ᠤ ᠠᠷᠢᠭᠤᠨ ᠴᠡᠪᠡᠷ ᠡᠷᠡᠭᠦᠯ ᠬᠠᠮᠠᠭᠠᠯᠠᠯ ᠤᠨ ᠤᠬᠠᠮᠰᠠᠷ ᠨᠡᠶᠢᠳᠡᠮ ᠳᠡᠭᠡᠨ ᠳᠡᠭᠡᠭᠰᠢᠯᠡᠵᠡᠢ ᠁︾ᠭᠡᠵᠦ ᠳ᠋ᠦᠩ ᠾᠧ ᠲᠣᠭᠤᠷᠢᠭ ᠤᠨ ᠾᠧ ᠳ᠋ᠦᠩ ᠪᠠᠯᠭᠠᠰᠤ ᠶᠢᠨ ᠸᠠᠩ ᠳ᠋ᠠ ᠬᠠᠨ ᠲᠣᠰᠬᠤᠨ ᠤ ᠰᠠᠭᠤᠭᠠᠯᠢ ᠠᠷᠠᠳ ᠸᠠᠩ ᠬᠤᠢ ᠶᠢᠩ᠂ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠢ ᠬᠡᠷᠡᠭᠵᠢᠭᠦᠯᠦᠭᠰᠡᠨ ᠠᠴᠠ ᠸᠠᠩ ᠳ᠋ᠠ ᠬᠠᠨ ᠲᠣᠰᠬᠤᠨ ᠳᠤ ᠪᠠᠰᠠ ᠰᠢᠨ᠎ᠡ ᠬᠤᠪᠢᠷᠠᠯᠲᠠ ᠲᠠᠢ ᠪᠣᠯᠵᠠᠢ᠃
     ᠬᠦᠴᠦᠨ ᠢᠶᠠᠨ ᠬᠠᠮᠲᠤᠳᠬᠠᠵᠤ᠂ ᠳᠤᠲᠠᠭᠳᠠᠯ ᠢᠶᠠᠨ ᠨᠥᠬᠦᠪᠦᠷᠢᠯᠡᠵᠦ᠂ ᠦᠯᠦ ᠣᠨᠣᠭᠳᠠᠬᠤ ᠭᠠᠵᠠᠷ ᠢ ᠴᠡᠪᠡᠷᠯᠡᠵᠦ᠂ ᠦᠰᠦᠭ ᠦᠯᠦ ᠲᠠᠨᠢᠬᠤ ᠶᠠᠪᠤᠳᠠᠯ ᠢ ᠠᠷᠢᠯᠭᠠᠬᠤ ᠬᠡᠷᠡᠭᠲᠡᠢ᠃ᠡᠨᠡ ᠵᠢᠯ᠂ ᠳ᠋ᠦᠩ ᠾᠧ ᠲᠣᠭᠤᠷᠢᠭ ᠤᠨ  ᠬᠢᠨ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ  ᠪᠠᠷ ᠥᠷᠨᠢᠭᠦᠯᠵᠦ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ᠂ ᠳᠤᠷ᠎ᠠ ᠪᠠᠷ ᠢᠶᠠᠨ ᠪᠠᠶᠢᠭᠤᠯᠬᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ ᠪᠦᠲᠦᠭᠡᠨ ᠪᠠᠶᠢᠭᠤᠯᠤᠯᠲᠠ ᠪᠠᠷ ᠠᠵᠢᠯ ᠤᠨ ᠭᠤᠣᠯᠳᠠᠯᠭ᠎ᠠ ᠪᠣᠯᠭᠠᠵᠤ᠂ ᠪᠦᠬᠦ ᠠᠷᠠᠳ ᠢᠶᠠᠷ ᠢᠶᠠᠨ ᠬᠥᠳᠡᠯᠦᠯᠴᠡᠵᠦ᠂ ᠴᠤᠭᠭᠠᠷ ᠠᠳᠬᠤᠨ ᠬᠠᠮᠲᠤ ᠪᠠᠷ ᠬᠠᠮᠢᠶᠠᠷᠴᠤ᠂ ᠡᠯ᠎ᠡ ᠲᠦᠷᠦᠯ ᠤᠨ ᠡᠬᠢ ᠪᠠᠶᠠᠯᠢᠭ ᠢ ᠨᠡᠶᠢᠳᠬᠡᠵᠦ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ︽ᠬᠠᠮ ᠠᠷᠭ᠎ᠠ ᠬᠡᠮᠵᠢᠶ᠎ᠡ︾ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ︽ᠨᠣᠭᠤᠭᠠᠷᠠᠭᠤᠯᠬᠤ︾︽ᠴᠡᠪᠡᠷᠰᠢᠭᠦᠯᠬᠦ︾︽ᠭᠤᠶᠣᠵᠢᠭᠤᠯᠬᠤ︾ ᠶᠢ ᠪᠡᠶᠡᠯᠡᠭᠦᠯᠵᠦ᠂ ᠪᠦᠬᠦ ᠤᠯᠤᠰ ᠤᠨ ᠪᠣᠯᠪᠠᠰᠤᠨ ᠬᠤᠳᠠ ᠲᠠᠢ ᠵᠣᠬᠢᠴᠠᠭᠰᠠᠨ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠪᠤᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ︽ᠠᠭᠤᠷ ᠠᠮᠢᠰᠬᠤᠯ ᠰᠢᠨ᠎ᠡ᠂ ᠳᠦᠷᠰᠦ ᠪᠠᠶᠢᠳᠠᠯ ᠭᠤᠶᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠠᠯᠤᠰ ᠢᠷᠡᠭᠡᠳᠦᠢ ᠰᠠᠶᠢᠨ︾ᠴᠡᠪᠡᠷ ᠴᠡᠮᠴᠡᠭᠡᠷ ᠦᠵᠡᠰᠬᠦᠯᠡᠩᠲᠦ ᠰᠠᠶᠢᠬᠠᠨ᠂ ᠪᠣᠯᠪᠠᠰᠤᠨ ᠡᠶ᠎ᠡ ᠵᠣᠬᠢᠴᠠᠩᠭᠤᠢ ᠣᠷᠣᠰᠢᠨ ᠰᠠᠭᠤᠬᠤ ᠳᠤ ᠲᠣᠬᠢᠷᠠᠮᠵᠢᠲᠠᠢ ᠰᠢᠨ᠎ᠡ ᠬᠥᠳᠡᠭᠡ ᠲᠣᠰᠬᠤᠨ ᠢ ᠵᠢᠷᠤᠭᠯᠠᠵᠤ ᠭᠠᠷᠭᠠᠨ᠎ᠠ᠃
     ᠾᠧ ᠳ᠋ᠦᠩ ᠪᠠᠯᠭᠠᠰᠤᠨ ᠤ ᠵᠧᠩ ᠡᠯ ᠶᠣᠣ ᠽᠢ ᠲᠣᠰᠬᠤᠨ ᠳᠤ ᠬᠦᠷᠬᠦ ᠳᠤ᠂ ᠨᠢᠭᠡ ᠨᠢᠭᠡ ᠮᠥᠷ ᠨᠣᠭᠤᠭᠠᠷᠠᠭᠤᠯᠤᠯᠲᠠ ᠶᠢᠨ ᠵᠤᠯᠵᠠᠭ᠎ᠠ ᠮᠣᠳᠣ ᠶᠢ ᠵᠠᠮ ᠤᠨ ᠬᠠᠵᠠᠭᠤ ᠳᠤ ᠲᠡᠷᠢ ᠲᠡᠭᠰᠢ ᠪᠠᠶᠢᠯᠭᠠᠵᠤ᠂ ᠠᠵᠢᠯᠴᠢᠳ ᠶᠠᠭ ᠵᠠᠮ ᠤᠨ ᠬᠠᠵᠠᠭᠤ ᠶᠢᠨ ᠬᠤᠭᠤᠰᠤᠨ ᠭᠠᠵᠠᠷ ᠲᠤ ᠰᠠᠭᠤᠷᠢ ᠤᠷᠭᠤᠭᠤᠯᠤᠨ ᠰᠢᠷᠣᠢ ᠪᠦᠷᠬᠦᠵᠦ᠂ ᠪᠤᠵᠠᠷ ᠡᠪᠡᠰᠦ ᠶᠢ ᠴᠡᠪᠡᠷᠯᠡᠵᠦ᠂ ᠬᠤᠸᠠᠷ ᠴᠡᠴᠡᠭ ᠲᠠᠷᠢᠵᠦ᠂ ᠥᠩᠭᠡᠷᠡᠭᠰᠡᠨ ᠤ ᠶᠠᠯᠢᠮ ᠦᠭᠡᠢ ᠬᠤᠭᠤᠰᠤᠨ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠪᠠᠷ ᠳᠠᠮᠵᠢᠵᠤ᠂ ᠨᠢᠭᠡᠨᠲᠡ ᠰᠢᠨ᠎ᠡ ᠳᠦᠷᠰᠦ ᠪᠠᠶᠢᠳᠠᠯ ᠲᠠᠢ ᠪᠣᠯᠵᠠᠢ᠃ᠲᠣᠰᠬᠤᠨ ᠤ ︽ᠥᠩᠭᠡ ᠵᠢᠰᠦ︾ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠨᠣᠭᠤᠭᠠᠷᠠᠭᠤᠯᠬᠤ︾ ᠶᠢ ᠪᠡᠶᠡᠯᠡᠭᠦᠯᠬᠦ ᠶᠢᠨ ᠲᠥᠯᠥᠭᠡ᠂ ᠡᠨᠡ ᠵᠢᠯ ᠳ᠋ᠦᠩ ᠾᠧ ᠲᠣᠭᠤᠷᠢᠭ ᠤᠨ ᠬᠢᠨ ᠳᠡᠭᠡᠳᠦ ᠱᠠᠲᠤᠨ ᠤ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠲᠤᠰᠬᠠᠢ ᠪᠡᠯᠡ ᠮᠥᠩᠭᠦ ᠶᠢ 240 ᠲᠦᠮᠡᠨ ᠲᠥᠭᠦᠷᠢᠭ ᠣᠯᠬᠤ ᠪᠠᠷ ᠴᠢᠷᠮᠠᠶᠢᠵᠤ᠂ ᠾᠧ ᠳ᠋ᠦᠩ ᠪᠠᠯᠭᠠᠰᠤᠨ ᠤ ᠵᠧᠩ ᠡᠯ ᠶᠣᠣ ᠽᠢ ᠲᠣᠰᠬᠤᠨ᠂ ᠰᠢᠷᠴᠢᠨ ᠪᠠᠯᠭᠠᠰᠤᠨ ᠤ ᠪᠠᠭ᠎ᠠ ᠪᠠᠯᠭᠠᠶ ᠲᠣᠰᠬᠤᠨ᠂ ᠭᠤᠸᠠᠨᠳᠢ ᠲᠣᠰᠬᠤᠨ᠂ ᠱᠢ ᠳ᠋ᠡ ᠬᠥ᠋ ᠲᠣᠰᠬᠤᠨ ᠵᠡᠷᠭᠡ 6 ᠲᠣᠰᠬᠤᠨ ᠳᠤ ᠬᠥᠳᠡᠭᠡ ᠲᠣᠰᠬᠤᠨ ᠢ ᠨᠣᠭᠤᠭᠠᠷᠠᠭᠤᠯᠵᠤ ᠭᠤᠶᠣᠵᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ ᠮᠣᠳᠣ ᠳᠠᠷᠢᠵᠤ ᠣᠶᠢᠵᠢᠭᠤᠯᠬᠤ ᠪᠠᠷ ᠳᠠᠮᠵᠢᠭᠤᠯᠤᠨ ᠭᠡᠷ ᠣᠷᠣᠨ ᠢᠶᠠᠨ ᠨᠣᠭᠤᠭᠠᠷᠠᠭᠤᠯᠵᠤ᠂ ᠭᠡᠷ ᠣᠷᠣᠨ ᠢᠶᠠᠨ ᠭᠤᠶᠣᠵᠢᠭᠤᠯᠤᠨ᠎ᠠ᠃ᠣᠲᠣ ᠪᠣᠯᠲᠠᠯ᠎ᠠ᠂ 3238 ᠰᠠᠭᠤᠷᠢ ᠲᠤᠷᠤᠭ ᠮᠣᠳᠣ᠂ 125 ᠪᠣᠳᠠ ᠮᠣᠳᠣ᠂ 4072 ᠲᠡᠭᠰᠢ ᠳᠥᠷᠪᠡᠯᠵᠢᠨ ᠮᠧᠲᠷ ᠨᠣᠭᠤᠭᠠᠨ ᠰᠢᠪᠡᠭᠡ᠂ 1849 ᠲᠡᠭᠰᠢ ᠳᠥᠷᠪᠡᠯᠵᠢᠨ ᠮᠧᠲᠷ ᠲᠤᠩᠭᠠᠯᠠᠭ ᠭᠠᠳᠠᠷᠭᠤ  ᠶᠢ ᠳᠠᠷᠢᠵᠤ ᠪᠠᠶᠢᠨ᠎ᠠ᠃ {3238 ᠲᠡᠭᠰᠢ ᠳᠥᠷᠪᠡᠯᠵᠢᠨ ᠮᠧᠲᠷ ᠲᠤᠷᠤᠭ ᠮᠣᠳᠣ᠂ 125 ᠪᠣᠳᠠ ᠰᠥᠭᠡᠭ ᠮᠣᠳᠣ᠂ 4072 ᠲᠡᠭᠰᠢ ᠳᠥᠷᠪᠡᠯᠵᠢᠨ ᠮᠧᠲᠷ ᠨᠣᠭᠤᠭᠠᠨ ᠰᠢᠪᠡᠭᠡ᠂ 1849 ᠲᠡᠭᠰᠢ ᠳᠥᠷᠪᠡᠯᠵᠢᠨ ᠮᠧᠲᠷ ᠨᠣᠭᠤᠭᠠᠨ ᠰᠢᠪᠡᠭᠡ ᠳᠠᠷᠢᠵᠤ ᠪᠠᠶᠢᠨ᠎ᠠ᠃      ︽ᠥᠩᠭᠡᠷᠡᠭᠰᠡᠨ ᠳᠤ ᠲᠣᠰᠬᠤᠨ ᠤ ᠵᠠᠮ ᠤᠨ ᠬᠠᠵᠠᠭᠤ ᠳᠤ ᠡᠯᠳᠡᠪ ᠶᠠᠭᠤᠮ᠎ᠠ ᠣᠪᠣᠭᠠᠷᠠᠵᠤ᠂ ᠵᠠᠷᠢᠮ ᠳᠠᠭᠠᠨ ᠲᠡᠷᠭᠡ ᠴᠦ ᠥᠩᠭᠡᠷᠡᠵᠦ ᠳᠡᠶᠢᠯᠬᠦ ᠦᠭᠡᠢ ᠪᠠᠶᠢᠵᠠᠢ᠃ ᠡᠮᠦᠨ᠎ᠡ ᠨᠢᠭᠡ ᠬᠤᠭᠤᠴᠠᠭᠠᠨ ᠳᠤ ᠭᠠᠴᠠᠭᠠᠨ ᠤ ᠠᠷᠠᠳ ᠤᠨ ᠵᠥᠪᠯᠡᠯ ᠤᠯᠠᠨ ᠢ ᠵᠣᠬᠢᠶᠠᠨ ᠪᠠᠶᠢᠭᠤᠯᠤᠨ ᠬᠠᠮᠲᠤ ᠪᠠᠷ ᠴᠡᠪᠡᠷᠯᠡᠵᠦ᠂ ᠢᠯᠠᠩᠭᠤᠶ᠎ᠠ ᠳᠤᠷ᠎ᠠ ᠪᠠᠷ ᠢᠶᠠᠨ ᠣᠪᠣᠭᠠᠯᠠᠨ ᠲᠠᠯᠪᠢᠭᠰᠠᠨ᠂ ᠭᠡᠷ ᠤᠨ ᠠᠷᠤ ᠥᠪᠥᠷ ᠤᠨ ᠬᠤᠭ ᠨᠣᠪᠰᠢ ᠶᠢ ᠲᠥᠪᠯᠡᠷᠡᠭᠦᠯᠦᠨ ᠴᠡᠪᠡᠷᠯᠡᠵᠦ᠂ ᠪᠠᠰᠠ ᠤᠯᠠᠨ ᠳᠤ ᠪᠣᠯᠪᠠᠰᠤᠨ ᠤ ᠮᠡᠳᠡᠯᠭᠡ ᠶᠢ ᠤᠬᠠᠭᠤᠯᠵᠤ᠂ ᠭᠠᠴᠠᠭᠠᠨ ᠤ ᠠᠷᠠᠳ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠤᠯᠴᠠᠬᠤ ᠢᠳᠡᠪᠬᠢᠵᠢᠯ ᠢ ᠳᠡᠭᠡᠭᠰᠢᠯᠡᠭᠦᠯᠵᠡᠢ᠂ ᠪᠢᠳᠡ︿ᠪᠠᠭ᠎ᠠ ᠭᠡᠷ﹀﹀ ᠢ ᠴᠡᠪᠡᠷᠯᠡᠬᠦ ᠪᠠᠷ ᠪᠠᠷᠠᠬᠤ ᠦᠭᠡᠢ ᠪᠠᠰᠠ ᠲᠣᠰᠬᠤᠨ ᠭᠡᠬᠦ ᠡᠨᠡᠬᠦ ︿ᠤᠯᠠᠨ﹀﹀ ᠢ ᠲᠠᠭᠠᠯᠠᠮᠵᠢᠲᠠᠢ ᠰᠠᠶᠢᠬᠠᠨ ᠠᠮᠢᠳᠤᠷᠠᠭᠤᠯᠬᠤ ᠬᠡᠷᠡᠭᠲᠡᠢ︾ᠭᠡᠵᠦ ᠬᠡᠯᠡᠪᠡ᠃ ᠭᠡᠵᠦ ᠪᠠᠭ᠎ᠠ ᠪᠠᠯᠭᠠᠢ ᠲᠣᠰᠬᠤᠨ ᠤ ᠨᠠᠮ ᠤᠨ ᠡᠭᠦᠷ ᠤᠨ ᠱᠦᠵᠢ ᠵᠠᠩ ᡁᠢ ᠰᠢᠶᠦᠶᠢᠩ ᠬᠡᠯᠡᠪᠡ᠃      ᠲᠣᠰᠬᠤᠨ ᠤ ︽ᠠᠷᠢᠭᠤᠨ ᠴᠡᠪᠡᠷ ᠢ ᠪᠠᠲᠤᠯᠠᠬᠤ︾ ᠳᠤ ᠰᠠᠶᠢᠨ ᠡᠬᠢᠯᠡᠯᠲᠡ ᠲᠠᠢ᠂ ᠡᠷᠴᠢ ᠵᠣᠷᠢᠭ ᠢᠶᠠᠨ ᠬᠥᠪᠴᠢᠯᠡᠬᠦ ᠶᠢᠨ ᠲᠥᠯᠥᠭᠡ᠂ ᠳ᠋ᠦᠩ ᠾᠧ ᠲᠣᠭᠤᠷᠢᠭ ᠤᠨ ᠾᠧ ᠳ᠋ᠦᠩ ᠪᠠᠯᠭᠠᠰᠤ᠂ ᠰᠢᠷᠴᠢᠨ ᠪᠠᠯᠭᠠᠰᠤ ︽ᠭᠤᠷᠪᠠ ᠶᠢ ᠴᠡᠪᠡᠷᠯᠡᠵᠦ ᠨᠢᠭᠡ ᠶᠢ ᠥᠭᠡᠷᠡᠴᠢᠯᠡᠬᠦ︾ ᠳᠠᠶᠢᠯᠠᠯᠳᠤᠭᠠᠨ᠂ ᠠᠶᠢᠯ ᠲᠣᠰᠬᠤᠨ ᠢ ᠴᠡᠪᠡᠷᠯᠡᠬᠦ ᠠᠵᠢᠯᠯᠠᠭ᠎ᠠ ᠥᠷᠨᠢᠭᠦᠯᠵᠦ᠂ ᠲᠣᠰᠬᠤᠨ ᠤ ᠳᠣᠲᠣᠷᠠᠬᠢ ᠡᠯ᠎ᠡ ᠲᠥᠷᠥᠯ ᠤᠨ ᠬᠠᠤᠯᠢ  ᠠᠴᠠ ᠵᠥᠷᠢᠴᠡᠭᠰᠡᠨ ᠪᠠᠷᠢᠯᠭ᠎ᠠ ᠶᠢ ᠶᠡᠬᠡᠪᠡᠷ ᠴᠡᠭᠴᠡᠯᠡᠨ ᠵᠠᠰᠠᠵᠤ᠂ ᠲᠣᠰᠬᠤᠨ ᠤ ᠳᠦᠷᠰᠦ ᠪᠠᠶᠢᠳᠠᠯ ᠢ ᠬᠦᠨᠳᠦ ᠨᠣᠴᠢᠲᠠᠢ ᠨᠥᠯᠥᠭᠡᠯᠡᠭᠰᠡᠨ᠂ ᠵᠡᠭᠡᠯᠢ ᠭᠤᠳᠤᠮᠵᠢ ᠡᠵᠡᠯᠡᠨ ᠵᠠᠮ ᠡᠵᠡᠯᠡᠭᠰᠡᠨ ᠳᠦᠷᠢᠮ ᠠᠴᠠ ᠵᠥᠷᠢᠴᠡᠭᠰᠡᠨ ᠪᠠᠷᠢᠯᠭ᠎ᠠ᠂ ᠬᠦᠷᠢᠶ᠎ᠡ ᠬᠡᠷᠡᠮ ᠵᠢᠴᠢ ᠬᠡᠷᠡᠰᠬᠡ ᠶᠢ ᠨᠤᠷᠠᠭᠠᠵᠤ᠂ ᠲᠣᠰᠬᠤᠨ ᠤ ᠳᠣᠲᠣᠷᠠᠬᠢ ᠲᠦᠯᠡᠭᠡ ᠡᠪᠡᠰᠦ᠂ ᠳᠤᠷ᠎ᠠ ᠪᠠᠷ ᠢᠶᠠᠨ ᠣᠪᠣᠭᠠᠯᠠᠨ ᠲᠠᠯᠪᠢᠭᠰᠠᠨ ᠲᠠᠷᠢᠶᠠᠯᠠᠩ ᠤᠨ ᠮᠠᠰᠢᠨ ᠪᠠᠭᠠᠵᠢ ᠶᠢ ᠲᠡᠭᠰᠢᠯᠡᠵᠦ᠂ ᠲᠣᠰᠬᠤᠨ ᠤ ᠳᠣᠲᠣᠷᠠᠬᠢ ᠳᠤᠷ᠎ᠠ ᠪᠠᠷ ᠢᠶᠠᠨ ᠵᠠᠯᠭᠠᠵᠤ ᠳᠤᠷ᠎ᠠ ᠪᠠᠷ ᠢᠶᠠᠨ ᠲᠠᠲᠠᠬᠤ᠂ ᠤᠲᠠᠰᠤᠨ ᠪᠠᠭᠠᠨ᠎ᠠ ᠶᠢ ᠬᠡᠯᠪᠡᠶᠢᠯᠭᠡᠬᠦ᠂ ᠬᠠᠶᠠᠭᠳᠠᠮᠠᠯ ᠪᠠᠭᠠᠨ᠎ᠠ ᠶᠢᠨ ᠱᠤᠭᠤᠮ ᠵᠡᠷᠭᠡ ᠦᠵᠡᠭᠳᠡᠯ ᠢ ᠴᠡᠭᠴᠡᠯᠡᠨ ᠵᠠᠰᠠᠪᠠ ᠃ᠡᠭᠦᠨ ᠤ ᠬᠠᠮᠲᠤ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ ᠸᠠᠩ ᠳ᠋ᠠ ᠬᠠᠨ ᠲᠣᠰᠬᠤᠨ᠂ ᠠᠳᠦᠯᠠᠢ ᠲᠣᠰᠬᠤᠨ᠂ ᠳ᠋ᠦᠩᠪᠠ ᠲᠣᠰᠬᠤᠨ ᠵᠡᠷᠭᠡ 9 ᠲᠣᠰᠬᠤᠨ ᠳᠤ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ᠂ ᠬᠤᠭ ᠨᠣᠪᠰᠢ ᠶᠢ ᠵᠠᠰᠠᠬᠤ ᠪᠠ ᠬᠤᠭ ᠨᠣᠪᠰᠢ ᠶᠢ ᠲᠦᠷᠦᠯ ᠬᠤᠪᠢᠶᠠᠬᠤ ᠲᠤᠷᠰᠢᠯᠲᠠ ᠵᠡᠷᠭᠡ ᠢᠨᠵᠧᠨᠧᠷᠢᠩ ᠢ ᠬᠡᠷᠡᠭᠵᠢᠭᠦᠯᠵᠦ᠂ ︽ᠬᠤᠸᠠᠷ ᠬᠠᠳᠬᠤᠬᠤ ᠡᠷᠳᠡᠮ︾ ᠢᠶᠠᠷ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠪᠠ᠃
     ᠲᠠᠷᠢᠶᠠᠴᠢᠨ ᠠᠶᠢᠯ ᠤᠨ ᠵᠢᠵᠢᠭ ᠬᠦᠷᠢᠶᠡᠨ ᠤ ᠪᠠᠶᠢᠷᠢᠰᠢᠯ ᠨᠢ ᠮᠠᠰᠢ ᠰᠠᠶᠢᠨ᠂ ᠲᠣᠰᠬᠤᠨ ᠤ ᠴᠡᠴᠡᠭ ᠡᠪᠡᠰᠦ ᠮᠣᠳᠣ ᠰᠣᠯᠪᠢᠴᠠᠨ ᠬᠡᠷᠡᠯᠳᠦᠵᠦ᠂ ᠦᠵᠡᠰᠬᠦᠯᠡᠩᠲᠦ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠨᠢ ᠵᠤᠭᠠᠴᠠᠭᠰᠠᠳ ᠤᠨ ᠪᠠᠭ᠋ᠠᠷᠬᠠᠯ ᠢ ᠲᠠᠲᠠᠨ᠎ᠠ ᠁ ᠳ᠋ᠦᠩ ᠾᠧ ᠲᠣᠭᠤᠷᠢᠭ ᠤᠨ ᠰᠢᠷᠴᠢᠨ ᠪᠠᠯᠭᠠᠰᠤ ᠶᠢᠨ ᠠᠳᠦᠯᠠᠢ ᠲᠣᠰᠬᠤᠨ ᠳᠤ ᠬᠦᠷᠬᠦ ᠳᠤ᠂ ᠠᠭᠤᠷ ᠠᠮᠢᠰᠬᠤᠯ ᠴᠡᠪᠡᠷ ᠲᠤᠩᠭᠠᠯᠠᠭ᠂ ᠥᠩᠭᠡ ᠦᠵᠡᠮᠵᠢ ᠲᠠᠭᠠᠯᠠᠮᠵᠢᠲᠠᠢ᠂ ᠬᠥᠳᠡᠭᠡ ᠲᠣᠰᠬᠤᠨ ᠤ ᠬᠥᠳᠡᠭᠡ ᠲᠣᠰᠬᠤᠨ ᠤ ᠦᠵᠡᠮᠵᠢ ᠶᠢᠨ ᠵᠢᠷᠤᠭ ᠬᠠᠷᠠᠭᠳᠠᠨ᠎ᠠ᠃︽ᠪᠢᠳᠠ ᠵᠢᠷᠤᠮᠵᠢᠯ ᠲᠠᠢ ᠵᠢᠷᠤᠵᠤ ᠲᠥᠯᠥᠪᠯᠡᠬᠦ᠂ ᠨᠠᠷᠢᠯᠢᠭᠵᠢᠭᠤᠯᠤᠨ ᠴᠡᠭᠴᠡᠯᠡᠨ ᠵᠠᠰᠠᠬᠤ᠂ ᠤᠷᠳᠤ ᠬᠤᠭᠤᠴᠠᠭ᠎ᠠ ᠪᠠᠷ ᠪᠦᠲᠦᠮᠵᠢᠲᠡᠢ ᠬᠠᠮᠢᠶᠠᠷᠬᠤ᠂ ᠣᠨᠴᠠᠯᠢᠬᠵᠢᠭᠤᠯᠤᠨ ᠬᠥᠲᠥᠯᠥᠨ ᠳᠠᠭᠠᠭᠤᠯᠬᠤ ᠵᠠᠭᠪᠤᠷ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ︾᠃ ᠭᠡᠵᠦ ᠠᠳᠤᠯᠠᠢ ᠲᠣᠰᠬᠤᠨ ᠤ ᠨᠠᠮ ᠤᠨ ᠡᠭᠦᠷ ᠤᠨ ᠱᠦᠵᠢ ᠳ᠋ᠥ᠋ᠯᠥᠭᠦᠷ ᠲᠠᠨᠢᠯᠴᠠᠭᠤᠯᠪᠠ᠃      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ᠂ ᠠᠵᠤ ᠦᠢᠯᠡᠰ ᠢ ᠤᠷᠢᠳᠠᠪᠠᠷ ᠬᠥᠭᠵᠢᠭᠦᠯᠬᠦ ᠬᠡᠷᠡᠭᠲᠡᠢ᠂ ᠡᠨᠡ ᠵᠢᠯ᠂ ᠳ᠋ᠦᠩ ᠾᠧ ᠲᠣᠭᠤᠷᠢᠭ ᠤᠨ ᠬᠢᠨ ︽ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ︾ ᠲᠤᠷᠰᠢᠯᠭ᠎ᠠ ᠠᠷᠭ᠎ᠠ ᠪᠠᠷ ᠲᠣᠯᠢ ᠪᠣᠯᠭᠠᠵᠤ᠂ ︽ᠲᠠᠷᠢᠶᠠᠯᠠᠩ ᠪᠠ ᠵᠢᠭᠤᠯᠴᠢᠯᠠᠯ ᠢ ᠠᠭᠤᠰᠤᠯᠴᠠᠭᠤᠯᠤᠨ᠂ ᠲᠠᠷᠢᠶᠠᠯᠠᠩ ᠢᠶᠠᠷ ᠰᠣᠶᠣᠯ ᠢ ᠠᠬᠢᠭᠤᠯᠵᠤ᠂ ᠰᠣᠶᠣᠯ ᠢᠶᠠᠷ ᠵᠢᠭᠤᠯᠴᠢᠯᠠᠯ ᠢ ᠠᠬᠢᠭᠤᠯᠬᠤ︾ ᠪᠠᠷ ᠬᠥᠭᠵᠢᠯᠲᠡ ᠶᠢᠨ ᠰᠡᠳᠬᠢᠴᠡ ᠪᠣᠯᠭᠠᠵᠤ᠂ ᠣᠨᠴᠠᠯᠢᠭᠲᠤ ᠬᠠᠮᠠᠭᠠᠯᠠᠯᠲᠠ ᠶᠢᠨ ᠲᠥᠷᠥᠯ ᠤᠨ ᠵᠢᠱᠢᠶ᠎ᠡ ᠦᠵᠡᠭᠦᠯᠬᠦ ᠲᠣᠰᠬᠤᠨ ᠢ ᠡᠭᠦᠳᠦᠨ ᠪᠠᠶᠢᠭᠤᠯᠬᠤ ᠪᠠᠷᠢᠮᠵᠢᠶ᠎ᠠ ᠲᠠᠢ ᠤᠶᠠᠯᠳᠤᠭᠤᠯᠤᠨ᠂ ᠠᠳᠦᠯᠠᠢ ᠲᠣᠰᠬᠤᠨ ᠤ ᠣᠲᠣ ᠶᠢᠨ ᠪᠠᠶᠢᠭ᠎ᠠ ᠣᠨᠴᠠᠯᠢᠭᠲᠤ ᠠᠵᠤ ᠦᠢᠯᠡᠰ ᠤᠨ ᠲᠠᠩ ᠴᠣᠭᠴᠠ ᠶᠢ ᠵᠦᠢ ᠵᠣᠬᠢᠰᠲᠠᠢ ᠲᠥᠯᠥᠪᠵᠢᠭᠦᠯᠦᠨ ᠤᠭᠰᠠᠷᠠᠭᠤᠯᠤᠨ ᠴᠣᠭᠴᠠᠯᠠᠵᠤ᠂ ︽ ᠶᠢᠨ ᠮᠧᠶ ᠲᠠᠷᠢᠶᠠᠯᠠᠩ ︱ ᠶᠢᠰᠦᠨ ᠰᠠᠭᠤᠷᠢ ᠮᠣᠳᠣᠨ ᠤ ᠵᠢᠵᠢᠭ ᠬᠦᠷᠢᠶ᠎ᠡ ︱ ᠴᠢᠩ ᠯᠠᠨ ᠱᠠᠨ ᠹᠠᠩ ᠤᠷᠠᠯᠢᠭ ᠤᠨ ᠣᠷᠳᠣᠨ ︱ ᠬᠤᠸᠠ ᠸᠧᠢ ᠠᠷᠢᠬᠢᠨ ᠫᠦᠰᠡ︾ ᠪᠠᠷ ᠭᠤᠣᠯ ᠪᠣᠯᠭᠠᠭᠰᠠᠨ ᠣᠨᠴᠠᠯᠢᠭᠲᠤ ᠲᠠᠷᠢᠶᠠᠯᠠᠩ ᠪᠠ ᠵᠢᠭᠤᠯᠴᠢᠯᠠᠯ ᠤᠨ ᠰᠡᠯᠡᠭᠦᠴᠡᠯ ᠤᠨ ᠪᠡᠶᠡᠴᠢᠯᠡᠨ ᠣᠶᠢᠯᠠᠭᠠᠬᠤ ᠵᠠᠮ ᠱᠤᠭᠤᠮ ᠢ ᠪᠣᠶ ᠪᠣᠯᠭᠠᠨ᠎ᠠ᠃
     ᠠᠮᠢ ᠠᠬᠤᠢ ᠦᠵᠡᠰᠬᠦᠯᠡᠩᠲᠦ ᠰᠠᠶᠢᠬᠠᠨ ᠪᠣᠯᠵᠤ᠂ ᠠᠵᠤ ᠦᠢᠯᠡᠰ ᠬᠥᠭᠵᠢᠨ ᠮᠠᠨᠳᠤᠵᠤ᠂ ᠠᠷᠠᠳ ᠢᠷᠭᠡᠳ ᠪᠠᠶᠠᠵᠢᠨ ᠴᠢᠨᠡᠭᠡᠯᠢᠭᠵᠢᠨ᠎ᠡ᠃ᠠᠳᠤᠯᠠᠢ ᠲᠣᠰᠬᠤᠨ ᠬᠥᠳᠡᠭᠡ ᠲᠣᠰᠬᠤᠨ ᠤ ᠣᠨᠴᠠᠯᠢᠭ ᠢ ᠠᠭᠤᠳᠠᠯᠵᠤ᠂ ᠠᠭᠤᠯᠠ ᠤᠰᠤ ᠶᠢ ᠣᠯᠵᠤ ᠬᠠᠷᠠᠬᠤ᠂ ᠨᠤᠲᠤᠭ ᠤᠰᠤᠨ ᠤ ᠬᠠᠶᠢᠷ᠎ᠠ ᠰᠡᠳᠬᠢᠯᠭᠡ ᠶᠢ ᠴᠡᠭᠡᠵᠢᠯᠡᠬᠦ᠂ ᠨᠤᠲᠤᠭ ᠤᠰᠤᠨ ᠤ ᠬᠠᠶᠢᠷ᠎ᠠ ᠰᠡᠳᠬᠢᠯᠭᠡ ᠶᠢ ᠦᠯᠡᠳᠡᠭᠡᠬᠦ ᠳᠤᠮᠳᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ᠃︽ᠪᠢᠳᠡ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠲᠦᠷᠭᠡᠳᠬᠡᠨ ᠠᠬᠢᠭᠤᠯᠵᠤ᠂ ᠣᠷᠣᠭᠤᠯᠤᠯᠲᠠ ᠪᠠᠨ ᠲᠠᠰᠤᠷᠠᠯᠲᠠ ᠦᠭᠡᠢ ᠨᠡᠮᠡᠭᠳᠡᠭᠦᠯᠦᠨ᠂ ᠲᠣᠰᠬᠤᠨ ᠤ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠢ ᠣᠷᠣᠯᠴᠠᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠳᠤᠲᠠᠭᠤᠳᠠᠯ ᠢᠶᠠᠨ ᠨᠥᠬᠦᠪᠦᠷᠢᠯᠡᠵᠦ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠨᠠᠷᠢᠯᠢᠭ ᠰᠠᠶᠢᠬᠠᠨ ᠪᠣᠯᠭᠠᠬᠤ ᠶᠢ ᠪᠠᠷᠢᠮᠲᠠᠯᠠᠨ᠂ ᠠᠷᠢᠭᠤᠨ ᠴᠡᠪᠡᠷ ᠬᠥᠳᠡᠭᠡ ᠲᠣᠰᠬᠤᠨ ᠤ ᠲᠠᠰ ᠳᠡᠪᠰᠢᠭᠰᠡᠨ ᠬᠡᠪ ᠵᠠᠭᠪᠤᠷ ᠢ ᠪᠣᠶ ᠪᠣᠯᠭᠠᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ︿ᠭᠠᠳᠠᠷ ᠲᠠᠯ᠎ᠠ ᠶᠢᠨ ᠰᠠᠶᠢᠬᠠᠨ﹀ ᠠᠴᠠ ︿ᠳᠣᠲᠣᠭᠠᠳᠤ ᠠᠬᠤᠢ ᠶᠢᠨ ᠰᠠᠶᠢᠬᠠᠨ﹀ ︿ᠨᠢᠭᠡ ᠴᠠᠭ ᠤᠨ ᠰᠠᠶᠢᠬᠠᠨ﹀ ᠠᠴᠠ ︿ᠦᠷᠭᠦᠯᠵᠢᠯᠡᠭᠰᠡᠨ ᠰᠠᠶᠢᠬᠠᠨ﹀ ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ︾ ᠭᠡᠵᠡᠢ᠃ ᠭᠡᠵᠦ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠡᠷᠡᠰ ᠪᠠᠲᠤ ᠪᠠᠷ ᠬᠡᠯᠡᠪᠡ᠃      ᠠᠯᠢ ᠣᠯᠠᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠵᠤ᠂ ︽ᠪᠤᠵᠠᠷ ᠰᠠᠮᠠᠭᠤᠨ ᠮᠠᠭᠤ ︾ ᠶᠢ ︽ᠨᠣᠭᠤᠭᠠᠨ ᠴᠡᠪᠡᠷ ᠰᠠᠶᠢᠬᠠᠨ︾ ᠪᠣᠯᠭᠠᠵᠤ᠂ ︽ᠰᠢᠨ᠎ᠡ ᠬᠡᠪ ᠰᠤᠷᠲᠠᠯ︾ ᠢᠶᠠᠷ ︽ᠬᠠᠭᠤᠴᠢᠨ ᠮᠠᠭᠤ ᠳᠠᠳᠬᠠᠯ︾ ᠢ ᠣᠷᠣᠯᠠᠭᠤᠯᠵᠤ᠂ ᠲᠣᠰᠬᠤᠨ ᠤ ᠠᠷᠠᠳ ᠤᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯ ᠤᠨ ᠰᠡᠳᠬᠢᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ᠳ᠋ᠦᠩ ᠾᠧ ᠲᠣᠭᠤᠷᠢᠭ ᠤᠨ ᠬᠢᠨ ᠢᠮᠠᠭᠲᠠ ᠴᠢᠨᠠᠷ ᠰᠠᠶᠢᠲᠠᠢ ᠪᠠᠶᠢᠩᠭᠤᠵᠢᠭᠤᠯᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠬᠥᠮᠥᠰ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠲᠣᠰᠬᠤᠨ ᠤ ᠠᠷᠠᠳ ᠤᠨ ᠪᠣᠯᠪᠠᠰᠤᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠣᠭᠴᠠᠯᠠᠨ ᠪᠠᠶᠢᠭᠤᠯᠤᠨ᠎ᠠ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1