︽ᠠᠯᠮᠤᠷᠠᠳ ᠦᠨᠡᠬᠡᠷ ᠰᠢᠨ᠎ᠡ ᠰᠣᠷᠭᠤᠭ᠂ ᠵᠢᠩ ᠳᠡᠭᠡᠨ ᠬᠡᠳᠦᠢ ᠵᠣᠭᠤᠰ ᠪᠤᠢ︾᠂︽ᠨᠠᠳᠠ ᠳᠤ ᠬᠤᠶᠠᠷ ᠵᠢᠩ | ᠬᠠᠪᠢᠷᠭ᠎ᠠ ᠵᠢᠩᠨᠡᠭᠡᠳ ᠥᠭᠭᠦᠨ᠎ᠡ︾᠁ ᠪᠧᠢ ᠯᠢᠶᠠᠩ ᠤᠨ ᠠᠷᠠᠳ ᠲᠤ ᠠᠰᠢᠭ ᠬᠦᠷᠲᠡᠭᠡᠬᠦ ᠵᠠᠬ᠎ᠠ ᠳᠡᠯᠭᠡᠭᠦᠷ ᠲᠤ | ᠣᠷᠣᠬᠤ ᠳᠤ ᠬᠥᠮᠥᠰ ᠦᠢᠮᠡᠯᠳᠦᠨ ᠱᠤᠤᠭᠢᠯᠳᠤᠵᠤ᠂ ᠦᠨᠡᠬᠡᠷ ᠬᠦᠷ ᠨᠠᠷᠭᠢᠶᠠᠨ ᠦᠭᠡᠢ ᠪᠠᠶᠢᠯ᠎ᠠ᠃ᠨᠢᠳᠦ ᠳᠦᠭᠦᠷᠡᠩ | ᠲᠠᠸᠠᠷ᠂ ᠴᠡᠪᠡᠷ ᠲᠡᠭᠰᠢ ᠡᠮᠬᠢ ᠳᠢᠭᠯᠢᠮ ᠲᠠᠢ ᠳᠡᠯᠭᠡᠭᠡ ᠮᠠᠶᠢᠮᠠᠢ᠂ ᠲᠣᠯᠢ ᠮᠡᠲᠦ ᠰᠠᠷᠠᠭᠤᠯ ᠳᠠᠷᠳᠠᠩ ᠵᠠᠮ ᠨᠢ | ᠤᠯᠠᠮᠵᠢᠯᠠᠯᠲᠤ ᠵᠠᠬ᠎ᠠ ᠳᠡᠯᠭᠡᠭᠦᠷ ᠤᠨ ︽ᠬᠤᠸᠠᠷ ᠫᠤᠤᠵᠢᠩ︾ ᠢ ᠬᠠᠳᠠᠭᠠᠯᠠᠵᠤ ᠪᠠᠶᠢᠬᠤ ᠮᠥᠷᠲᠡᠭᠡᠨ ᠥᠩᠭᠡ ᠵᠢᠰᠦ ᠶᠢ | ᠴᠦ ᠳᠡᠭᠡᠭᠰᠢᠯᠡᠭᠦᠯᠵᠦ ᠪᠠᠶᠢᠨ᠎ᠠ᠂ ᠥᠭᠡᠷᠡᠴᠢᠯᠡᠨ ᠲᠠᠰ ᠳᠡᠪᠰᠢᠭᠦᠯᠬᠦ ᠪᠠᠷ ᠳᠡᠮᠵᠢᠨ᠂ ᠠᠳᠡᠬᠢ ᠨᠢ ᠣᠶᠢᠷ᠎ᠠ ᠬᠠᠪᠢ ᠶᠢᠨ | ᠰᠠᠭᠤᠭᠠᠯᠢ ᠠᠷᠠᠳ ᠤᠨ ᠨᠣᠭᠤᠭ᠎ᠠ ᠵᠠᠭᠤᠰᠢ ᠬᠤᠳᠠᠯᠳᠤᠨ ᠠᠪᠬᠤ ᠪᠠ ᠰᠤᠯᠠ ᠲᠣᠭᠤᠷᠢᠬᠤ ᠬᠠᠮᠤᠭ ᠤᠨ ᠰᠠᠶᠢᠨ | ᠭᠠᠵᠠᠷ ᠪᠣᠯᠤᠭᠰᠠᠨ ᠪᠠᠶᠢᠨ᠎ᠠ ᠭᠡᠵᠦ ᠲᠣᠳᠣᠷᠬᠠᠢ ᠵᠢᠭᠠᠵᠤ ᠭᠠᠷᠭᠠᠪᠠ᠃ ᠡᠨᠡ ᠨᠢ ᠵᠠᠬ᠎ᠠ ᠳᠡᠯᠭᠡᠭᠦᠷ ᠤᠨ ︽ᠬᠤᠸᠠᠷ | ᠫᠤᠤᠵᠢᠩ︾ ᠢ ᠬᠠᠳᠠᠭᠠᠯᠠᠵᠤ ᠪᠠᠶᠢᠬᠤ ᠮᠥᠷᠲᠡᠭᠡᠨ ᠥᠩᠭᠡ ᠵᠢᠰᠦ ᠶᠢ ᠴᠦ ᠳᠡᠭᠡᠭᠰᠢᠯᠡᠭᠦᠯᠵᠦ ᠪᠠᠶᠢᠨ᠎ᠠ᠃ ᠡᠭᠦᠨ ᠢ | ᠥᠭᠡᠷᠡᠴᠢᠯᠡᠨ ᠲᠠᠰ ᠳᠡᠪᠰᠢᠭᠦᠯᠬᠦ ᠪᠠᠷ ᠳᠡᠮᠵᠢᠨ᠂ ᠠᠳᠡᠬᠢ ᠨᠢ ᠣᠶᠢᠷ᠎ᠠ ᠬᠠᠪᠢ ᠶᠢᠨ ᠰᠠᠭᠤᠭᠠᠯᠢ ᠠᠷᠠᠳ ᠤᠨ | ᠨᠣᠭᠤᠭ᠎ᠠ ᠵᠠᠭᠤᠰᠢ ᠬᠤᠳᠠᠯᠳᠤᠨ ᠠᠪᠬᠤ ᠪᠠ ᠰᠤᠯᠠ ᠲᠣᠭᠤᠷᠢᠬᠤ ᠬᠠᠮᠤᠭ ᠤᠨ ᠰᠠᠶᠢᠨ ᠭᠠᠵᠠᠷ ᠪᠣᠯᠤᠭᠰᠠᠨ ᠪᠠᠶᠢᠨ᠎ᠠ | ᠃ | | | | | ᠪᠠᠭ᠎ᠠ ᠬᠤᠳᠠ ᠨᠢ ᠠᠷᠠᠳ ᠤᠨ ᠠᠮᠢᠳᠤᠷᠠᠯ ᠢ ᠬᠤᠯᠪᠣᠵᠤ ᠪᠠᠶᠢᠳᠠᠭ᠃ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ ᠨᠢ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠮᠥᠷᠲᠡᠭᠡᠨ ᠪᠠᠰᠠ | ᠬᠤᠳᠠ ᠶᠢᠨ ᠳᠦᠷᠢ ᠲᠥᠷᠬᠦ ᠶᠢ ᠢᠯᠡᠷᠡᠭᠦᠯᠬᠦ ᠴᠢᠬᠤᠯᠠ ᠴᠣᠩᠬᠤ ᠪᠣᠯᠬᠤ ᠶᠤᠮ᠃ᠣᠶᠢᠷ᠎ᠠ ᠶᠢᠨ ᠵᠢᠯ ᠠᠴᠠ ᠨᠠᠰᠢ᠂ | ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ | ᠠᠬᠢᠭᠤᠯᠬᠤ ᠶᠢ ᠳᠠᠭᠠᠯᠳᠤᠨ᠂ ᠡᠯ᠎ᠡ ᠬᠤᠯᠪᠣᠭᠳᠠᠯ ᠪᠦᠬᠦᠢ ᠬᠠᠷᠢᠭᠤᠴᠠᠯᠭᠠᠲᠤ ᠨᠢᠭᠡᠴᠡ ᠪᠣᠯᠣᠨ ᠵᠠᠬ᠎ᠠ ᠳᠡᠯᠭᠡᠭᠦᠷ ᠤᠨ | ᠭᠤᠣᠯ ᠴᠣᠭᠴᠠ ᠦᠳᠲᠡᠷ ᠲᠦᠷᠭᠡᠨ ᠬᠥᠳᠡᠯᠦᠯᠴᠡᠵᠦ᠂ ᠨᠢᠭᠡ ᠤᠳᠠᠭ᠎ᠠ ᠶᠢᠨ︽ᠵᠠᠬ᠎ᠠ ᠳᠡᠯᠭᠡᠭᠦᠷ ᠤᠨ ᠬᠤᠪᠢᠰᠬᠠᠯ︾ ᠨᠢ | ᠮᠠᠨ ᠤ ᠣᠷᠣᠨ ᠤ ᠡᠯ᠎ᠡ ᠲᠣᠮᠣ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠬᠠᠮᠤᠷᠴᠤ᠂ ᠭᠠᠳᠠᠷ ᠪᠠᠶᠢᠳᠠᠯ ᠪᠠ | ᠳᠣᠲᠣᠭᠠᠳᠤ ᠬᠠᠮᠢᠶᠠᠷᠤᠯᠲᠠ ᠳᠤ ᠪᠦᠷ ᠮᠡᠳᠡᠭᠳᠡᠮ᠎ᠡ ᠬᠤᠪᠢᠷᠠᠯᠲᠠ ᠲᠠᠢ ᠪᠣᠯᠵᠤ᠂ ᠬᠤᠳᠠ ᠶᠢᠨ ᠠᠷᠠᠳ ᠲᠤ ᠨᠡᠩ ᠤᠯᠠᠨ | ᠳᠥᠭᠦᠮ ᠳᠥᠲᠡ ᠪᠠ ᠲᠠᠭᠠᠯᠠᠮᠵᠢᠲᠠᠢ ᠶᠢᠨ ᠣᠶᠢᠯᠠᠭᠠᠯᠲᠠ ᠶᠢ ᠠᠪᠴᠢᠷᠠᠵᠤ᠂ ᠪᠣᠯᠪᠠᠰᠤᠨ ᠤ ᠣᠶᠢᠯᠠᠭᠠᠭᠳᠠᠬᠤᠨ ᠨᠢ ᠴᠦ | ᠦᠯᠦ ᠮᠡᠳᠡᠭᠳᠡᠮ᠎ᠡ ᠳᠤᠮᠳᠠ ᠦᠨᠳᠦᠰᠦᠯᠡᠵᠦ᠂ ᠪᠣᠯᠪᠠᠰᠤᠨ ᠤ ᠬᠡᠪ ᠪᠣᠯᠪᠠᠰᠤᠷᠠᠯ ᠤᠨ ᠳᠡᠭᠡᠭᠰᠢᠯᠡᠯᠲᠡ ᠪᠠ ᠪᠣᠯᠪᠠᠰᠤᠨ | ᠵᠠᠩ ᠳᠠᠳᠬᠠᠯ ᠤᠨ ᠬᠡᠪ ᠵᠠᠩᠰᠢᠯ ᠪᠣᠯᠬᠤ ᠶᠢ ᠠᠬᠢᠭᠤᠯᠵᠠᠢ᠃ | | | | | | | ᠪᠣᠯᠪᠠᠰᠤᠨ ᠬᠤᠲᠠ ᠶᠢᠨ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠦᠬᠦ ᠲᠠᠯ᠎ᠠ ᠪᠠᠷ | ᠪᠠᠬᠢᠵᠢᠭᠦᠯᠬᠦ ᠶᠢᠨ ᠲᠥᠯᠥᠭᠡ᠂ ᠬᠤᠲᠠ ᠶᠢᠨ ᠲᠣᠭᠤᠷᠢᠭ ᠬᠤᠶᠠᠷ ᠱᠠᠲᠤᠨ ᠤ ᠬᠤᠲᠠ ᠶᠢᠨ ᠳᠦᠷᠰᠦ ᠣᠷᠴᠢᠨ | ᠲᠣᠭᠤᠷᠢᠨ ᠢ ᠶᠡᠷᠦᠩᠬᠡᠶᠢᠯᠡᠨ ᠵᠠᠰᠠᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ ᠶᠢᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠭᠤᠷᠢᠭ ᠬᠤᠲᠠ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠠᠵᠢᠯ ᠤᠨ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ | ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠶᠢᠵᠢᠭᠤᠯᠵᠤ᠂ ︽ᠨᠢᠭᠡ ᠵᠠᠬ᠎ᠠ ᠳᠡᠯᠭᠡᠭᠦᠷ ᠲᠤ ᠨᠢᠭᠡ ᠲᠤᠰᠬᠠᠢ ᠠᠩᠭᠢ︾ | ᠶᠢᠨ ᠲᠣᠭᠲᠠᠴᠠ ᠶᠢ ᠪᠠᠶᠢᠭᠤᠯᠤᠭᠰᠠᠨ ᠰᠠᠭᠤᠷᠢᠨ ᠳᠡᠭᠡᠷ᠎ᠡ᠂ ᠡᠯ᠎ᠡ ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠪᠥᠬᠦ ᠣᠷᠣᠨ ᠤ 12 ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ ᠢ ᠵᠢᠱᠢᠶ᠎ᠡ ᠦᠵᠡᠭᠦᠯᠬᠦ ᠲᠥᠷᠥᠯ᠂ ᠰᠢᠯᠢᠳᠡᠭ ᠢ ᠳᠡᠭᠡᠭᠰᠢᠯᠡᠭᠦᠯᠬᠦ ᠲᠥᠷᠥᠯ ᠪᠠ ᠪᠠᠷᠢᠮᠵᠢᠶ᠎ᠠ ᠳᠤ ᠬᠦᠷᠭᠡᠬᠦ | ᠲᠥᠷᠥᠯ ᠪᠣᠯᠭᠠᠨ ᠬᠤᠪᠢᠶᠠᠵᠤ᠂ ᠲᠣᠰ ᠲᠣᠰ ᠤᠨ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠲᠥᠷᠥᠯ | ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠵᠠᠬ᠎ᠠ | ᠳᠡᠯᠭᠡᠭᠦᠷ ᠤᠨ ᠨᠢᠭᠤᠷ ᠥᠷᠲᠡᠭ ᠤᠨ ᠴᠢᠳᠠᠮᠵᠢ ᠶᠢᠨ ᠬᠤᠣᠰ ᠳᠡᠭᠡᠭᠰᠢᠯᠡᠯᠲᠡ ᠶᠢ ᠲᠦᠯᠬᠢᠨ ᠠᠬᠢᠭᠤᠯᠵᠤ᠂ ︽ᠬᠤᠸᠠᠷ | ᠫᠤᠤᠵᠢᠩ︾ ᠤᠨ ᠳᠤᠮᠳᠠ ᠪᠣᠯᠪᠠᠰᠤᠨ ᠰᠤᠷᠲᠠᠯ ᠢ ᠨᠡᠮᠡᠭᠳᠡᠭᠦᠯᠦᠨ᠎ᠡ᠃ | | | | | ᠡᠯ᠎ᠡ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠪᠣᠳᠠᠲᠤ ᠪᠠᠶᠢᠳᠠᠯ ᠠᠳᠠᠯᠢ ᠪᠤᠰᠤ ᠠᠴᠠ ᠪᠣᠯᠵᠤ᠂ | ᠬᠡᠷᠪᠡ ᠨᠢᠭᠡᠳᠦᠯᠲᠡᠢ ᠪᠠᠷᠢᠮᠵᠢᠶ᠎ᠠ ᠪᠠᠷ ᠨᠢᠭᠡᠯᠡ ᠠᠳᠠᠯᠢ ᠪᠠᠷ ᠱᠠᠭᠠᠷᠳᠠᠬᠤ ᠳᠤ ᠬᠦᠷᠪᠡᠯ᠂ ᠴᠡᠭᠴᠡᠯᠡᠨ | ᠰᠠᠶᠢᠵᠢᠷᠠᠭᠤᠯᠬᠤ ᠳᠤ ᠬᠦᠴᠢᠷᠲᠡᠢ ᠮᠥᠷᠲᠡᠭᠡᠨ ᠪᠠᠰᠠ ᠵᠠᠬ᠎ᠠ ᠳᠡᠯᠭᠡᠭᠦᠷ ᠤᠨ ᠣᠨᠴᠠᠯᠢᠭ ᠢᠶᠠᠨ ᠠᠯᠳᠠᠬᠤ ᠳᠤ ᠬᠦᠷᠦᠨ᠎ᠠ᠃ | ᠲᠣᠰ ᠤᠳᠠᠭ᠎ᠠ ᠲᠥᠷᠥᠯ ᠬᠤᠪᠢᠶᠠᠨ ᠥᠭᠡᠷᠡᠴᠢᠯᠡᠬᠦ ᠳᠤ᠂ ᠪᠢᠳᠡ ᠵᠠᠬ᠎ᠠ ᠳᠡᠯᠭᠡᠭᠦᠷ ᠤᠨ ᠪᠣᠳᠠᠲᠠᠢ ᠪᠠᠶᠢᠳᠠᠯ ᠢ | ᠦᠨᠳᠦᠰᠦᠯᠡᠨ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠡᠯ᠎ᠡ ᠵᠠᠬ᠎ᠠ ᠳᠡᠯᠭᠡᠭᠦᠷ ᠤᠨ ᠭᠤᠣᠯᠯᠠᠨ | ᠡᠷᠭᠢᠯᠡᠬᠦ ᠲᠠᠯ᠎ᠠ ᠶᠢᠨ ᠬᠢᠨ ᠢ ᠳᠣᠲᠣᠭᠠᠳᠤ ᠭᠠᠳᠠᠭᠠᠳᠤ ᠶᠢᠨ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ ᠴᠡᠪᠡᠷ | ᠲᠡᠭᠰᠢ ᠪᠠᠶᠢᠯᠭᠠᠬᠤ᠂ ᠦᠢᠯᠡᠴᠢᠯᠡᠭᠡᠨ ᠤ ᠲᠡᠮᠳᠡᠭ ᠢ ᠨᠢᠭᠡᠳᠦᠯᠲᠡᠢ ᠪᠠᠶᠢᠯᠭᠠᠬᠤ᠂ ᠵᠠᠬ᠎ᠠ ᠳᠡᠯᠭᠡᠭᠦᠷ ᠤᠨ ᠡᠷᠡᠭᠦᠯ | ᠬᠠᠮᠠᠭᠠᠯᠠᠯ ᠤᠨ ᠲᠥᠬᠦᠭᠡᠷᠦᠮᠵᠢ ᠶᠢ ᠪᠠᠷᠢᠮᠵᠢᠶ᠎ᠠ ᠳᠤ ᠬᠦᠷᠭᠡᠬᠦ᠂ ᠦᠨᠡᠨᠴᠢ ᠢᠲᠡᠭᠡᠮᠵᠢ ᠶᠢ ᠵᠠᠷᠯᠠᠨ ᠨᠡᠶᠢᠲᠡᠯᠡᠬᠦ | ᠵᠢᠷᠤᠮᠵᠢᠯ᠂ ᠭᠠᠯ ᠤᠨᠲᠠᠷᠠᠭᠠᠬᠤ ᠠᠮᠤᠷ ᠲᠦᠪᠰᠢᠨ ᠢ ᠬᠠᠮᠠᠭᠠᠯᠠᠬᠤ ᠵᠡᠷᠭᠡ ᠲᠠᠪᠤᠨ ᠲᠠᠯ᠎ᠠ ᠪᠠᠷ ᠲᠠᠰ ᠳᠡᠪᠰᠢᠭᠦᠯᠵᠦ᠂ | ᠬᠤᠲᠠ ᠪᠠᠶᠢᠭᠤᠯᠬᠤ ᠠᠵᠢᠯ ᠤᠨ ᠪᠠᠷᠢᠮᠵᠢᠶ᠎ᠠ ᠳᠤ ᠬᠦᠷᠲᠡᠯ᠎ᠡ ᠲᠠᠰ ᠳᠡᠪᠰᠢᠭᠦᠯᠬᠦ ᠬᠡᠷᠡᠭᠲᠡᠢ ᠭᠡᠵᠦ ᠱᠠᠭᠠᠷᠳᠠᠪᠠ᠃ | ᠣᠲᠣ ᠪᠣᠯᠲᠠᠯ᠎ᠠ᠂ ᠵᠢᠱᠢᠶ᠎ᠡ ᠦᠵᠡᠭᠦᠯᠬᠦ ᠲᠥᠷᠥᠯ ᠤᠨ ᠵᠠᠬ᠎ᠠ ᠳᠡᠯᠭᠡᠭᠦᠷ ᠤᠨ ᠴᠣᠭᠴᠠᠯᠠᠯᠲᠠ ᠶᠢ ᠦᠨᠳᠦᠰᠦᠨ ᠳᠡᠭᠡᠨ | ᠪᠡᠶᠡᠯᠡᠭᠦᠯᠵᠦ᠂ ᠰᠢᠯᠢᠳᠡᠭ ᠢ ᠳᠡᠭᠡᠭᠰᠢᠯᠡᠭᠦᠯᠬᠦ ᠲᠥᠷᠥᠯ ᠤᠨ ᠵᠠᠬ᠎ᠠ ᠳᠡᠯᠭᠡᠭᠦᠷ ᠢ ᠦᠨᠳᠦᠰᠦᠨ ᠳᠡᠭᠡᠨ ᠪᠠᠷᠢᠮᠵᠢᠶ᠎ᠠ ᠳᠤ | ᠬᠦᠷᠭᠡᠵᠦ᠂ ᠪᠠᠷᠢᠮᠵᠢᠶ᠎ᠠ ᠳᠤ ᠬᠦᠷᠭᠡᠬᠦ ᠲᠥᠷᠥᠯ ᠤᠨ ᠵᠠᠬ᠎ᠠ ᠳᠡᠯᠭᠡᠭᠦᠷ ᠢ ᠶᠠᠭ ᠢᠳᠡᠪᠬᠢᠲᠡᠢ ᠠᠬᠢᠭᠤᠯᠵᠤ ᠪᠠᠶᠢᠨ᠎ᠠ︾ | ᠭᠡᠵᠦ ᠲᠣᠭᠤᠷᠢᠭ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ | ᠢᠯᠡᠷᠬᠡᠶᠢᠯᠡᠪᠡ᠃ | | | | | | ︽ᠥᠭᠡᠷᠡᠴᠢᠯᠡᠬᠦ ᠠᠴᠠ ᠡᠮᠦᠨ᠎ᠡ ᠵᠠᠬ᠎ᠠ ᠳᠡᠯᠭᠡᠭᠦᠷ ᠡᠮᠬᠢ ᠵᠠᠮᠪᠠᠷᠠᠭ᠎ᠠ ᠦᠭᠡᠢ ᠪᠣᠯᠵᠤ᠂ ᠨᠣᠭᠤᠭ᠎ᠠ ᠮᠢᠬ᠎ᠠ | ᠬᠤᠳᠠᠯᠳᠤᠵᠤ ᠪᠠᠶᠢᠭ᠎ᠠ ᠬᠥᠮᠥᠰ ᠴᠥᠮ ᠰᠢᠬᠠᠯᠳᠤᠨ ᠪᠥᠭᠡᠮᠨᠡᠷᠡᠵᠦ᠂ ᠨᠣᠭᠤᠭ᠎ᠠ ᠬᠤᠳᠠᠯᠳᠤᠵᠤ ᠪᠠᠷᠠᠮᠠᠭᠴᠠ ᠲᠦᠷᠭᠡᠨ | ᠶᠠᠪᠤᠶ᠎ᠠ ᠭᠡᠵᠦ ᠪᠤᠳᠤᠵᠤ ᠪᠠᠶᠢᠪᠠ ︾ ᠭᠡᠵᠦ ᠬᠡᠯᠡᠪᠡ᠃ ᠢᠶᠠᠨ ᠥᠭᠡᠷᠡᠴᠢᠯᠡᠬᠦ ᠠᠴᠠ ᠡᠮᠦᠨ᠎ᠡ ᠵᠠᠬ᠎ᠠ ᠳᠡᠯᠭᠡᠭᠦᠷ ᠡᠮᠬᠢ | ᠵᠠᠮᠪᠠᠷᠠᠭ᠎ᠠ ᠦᠭᠡᠢ ᠡᠮᠬᠢ ᠵᠠᠮᠪᠠᠷᠠᠭ᠎ᠠ ᠪᠠᠨ ᠠᠯᠳᠠᠵᠤ᠂ ᠨᠣᠭᠤᠭ᠎ᠠ ᠪᠠᠨ ᠬᠤᠳᠠᠯᠳᠤᠵᠤ ᠪᠠᠷᠠᠮᠠᠭᠴᠠ ᠪᠤᠰᠢᠭᠤᠬᠠᠨ | ᠶᠠᠪᠤᠶ᠎ᠠ ᠭᠡᠵᠦ ᠪᠣᠳᠣᠵᠤ ᠪᠠᠶᠢᠪᠠ᠃ ᠦᠷᠭᠦᠯᠵᠢ ᠾᠧ ᠳ᠋ᠦᠩ ᠤᠨ ᠶᠤᠸᠠᠨ ᠶᠤᠸᠠᠨ ᠤ ᠠᠷᠠᠳ ᠲᠤ ᠳᠥᠭᠦᠮ | ᠦᠵᠡᠭᠦᠯᠬᠦ ᠵᠠᠬ᠎ᠠ ᠳᠡᠯᠭᠡᠭᠦᠷ ᠲᠤ ᠢᠷᠡᠵᠦ ᠨᠣᠭᠤᠭ᠎ᠠ ᠬᠤᠳᠠᠯᠳᠤᠨ ᠠᠪᠲᠠᠭ ᠬᠤᠸᠠᠩ ᠠᠨᠢᠶ᠎ᠠ᠄ ︽ᠣᠳᠣ | ᠪᠦᠷᠢᠮᠦᠰᠦᠨ ᠠᠳᠠᠯᠢ ᠦᠭᠡᠢ ᠪᠣᠯᠵᠠᠢ᠂ ᠶᠠᠭ ᠯᠠ ᠲᠣᠮᠣ ᠬᠤᠳᠠᠯᠳᠤᠭᠠᠨ ᠤ ᠲᠠᠯᠠᠪᠤᠷ ᠲᠤ ᠣᠷᠣᠭᠰᠠᠨ ᠰᠢᠭ᠋ | ᠰᠠᠨᠠᠭᠳᠠᠵᠤ ᠪᠠᠶᠢᠨ᠎ᠠ᠂ ᠪᠢ ᠤᠴᠢᠷ ᠦᠭᠡᠢ ᠪᠠᠷ ᠣᠷᠣᠵᠤ ᠢᠷᠡᠭᠡᠳ ᠲᠣᠭᠤᠷᠢᠵᠤ ᠦᠵᠡᠨ᠎ᠡ᠂ ᠬᠠᠷᠢᠨ ᠰᠡᠯᠡᠭᠦᠴᠡᠨ | ᠠᠯᠬᠤᠴᠢᠬᠠᠯᠠ ᠭᠡᠵᠦ ᠪᠣᠳᠣᠴᠢᠬᠠᠶᠠ︾ ᠭᠡᠵᠦ ᠬᠡᠯᠡᠪᠡ᠃ ᠲᠡᠭᠦᠨ ᠤ ᠰᠡᠳᠬᠢᠯ ᠤᠨ ᠦᠭᠡ ᠨᠢ ᠮᠥᠨ ᠴᠦ ᠵᠠᠬ᠎ᠠ | ᠳᠡᠯᠭᠡᠭᠦᠷ ᠲᠤ ᠨᠣᠭᠤᠭ᠎ᠠ ᠶᠢᠨ ᠰᠠᠭᠰᠤ ᠳᠡᠭᠦᠵᠢᠯᠡᠵᠦ ᠰᠠᠭᠤᠭᠠᠯᠢ ᠠᠷᠠᠳ ᠢᠶᠠᠷ ᠬᠡᠰᠦᠵᠦ ᠪᠠᠶᠢᠭ᠎ᠠ ᠮᠠᠰᠢ ᠤᠯᠠᠨ | ᠬᠥᠮᠥᠰ ᠤᠨ ᠦᠨᠡᠨ ᠰᠡᠳᠬᠢᠯ ᠤᠨ ᠲᠥᠷᠥᠭᠳᠡᠯ ᠪᠣᠯᠣᠨ᠎ᠠ᠃ | ᠴᠡᠪᠡᠷ ᠲᠡᠭᠰᠢ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠬᠤ ᠶᠢᠨ ᠲᠥᠯᠥᠭᠡ᠂ ᠲᠣᠭᠤᠷᠢᠭ | ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰ ᠲᠤᠰ 12 ᠲᠠᠷᠢᠶᠠᠯᠠᠩ ᠤᠨ ᠠᠷᠠᠯᠵᠢᠶᠠᠨ ᠤ ᠵᠠᠬ᠎ᠠ | ᠳᠡᠯᠭᠡᠭᠦᠷ ᠲᠠᠢ ᠠᠮᠠᠯᠠᠯᠲᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠡᠯ᠎ᠡ ᠲᠠᠷᠢᠶᠠᠯᠠᠩ ᠤᠨ ᠠᠷᠠᠯᠵᠢᠶᠠᠨ ᠤ | ᠵᠠᠬ᠎ᠠ ᠳᠡᠯᠭᠡᠭᠦᠷ ᠢ ︽ᠨᠢᠭᠡ ᠡᠳᠦᠷ ᠲᠤ ᠨᠢᠭᠡ ᠤᠳᠠᠭ᠎ᠠ ᠴᠡᠪᠡᠷᠯᠡᠵᠦ᠂ ᠨᠢᠭᠡ ᠭᠠᠷᠠᠭ ᠲᠤ ᠨᠢᠭᠡ ᠤᠳᠠᠭ᠎ᠠ ᠴᠡᠪᠡᠷᠯᠡᠵᠦ | ︾᠂ ᠡᠭᠦᠨ ᠤ ᠬᠠᠮᠲᠤ ᠤᠳᠤᠷᠢᠳᠬᠤ ᠪᠠᠭ ᠤᠨ ᠪᠦᠷᠢᠯᠳᠦᠭᠦᠨ ᠨᠠᠷ ᠡᠯ᠎ᠡ ᠵᠠᠬ᠎ᠠ ᠳᠡᠯᠭᠡᠭᠦᠷ ᠤᠨ ᠲᠣᠭᠲᠠᠮᠠᠯ | ᠴᠡᠪᠡᠷᠯᠡᠭᠡ ᠬᠢᠬᠦ ᠡᠳᠦᠷ ᠲᠤ ᠴᠡᠭ ᠲᠤ ᠰᠠᠭᠤᠨ ᠵᠠᠬ᠎ᠠ ᠳᠡᠯᠭᠡᠭᠦᠷ ᠢ ᠰᠠᠬᠢᠨ ᠬᠠᠮᠠᠭᠠᠯᠠᠵᠤ᠂ ︽ᠤᠷᠤᠭᠰᠢ ᠪᠠᠨ | ᠵᠢᠯᠣᠭᠤᠳᠤᠶᠠ︾ ᠭᠡᠳ ᠬᠤᠲᠠ ᠪᠠᠶᠢᠭᠤᠯᠬᠤ ᠭᠦᠢᠴᠡᠳᠬᠡᠬᠦ ᠲᠤᠭ᠎ᠠ ᠲᠠᠢ ᠬᠠᠷᠢᠴᠠᠭᠤᠯᠵᠤ ᠦᠵᠡᠪᠡᠯ᠂ ᠵᠠᠬ᠎ᠠ | ᠳᠡᠯᠭᠡᠭᠦᠷ ᠤᠨ ᠡᠵᠡᠩᠨᠡᠯᠲᠡ ᠶᠢᠨ ᠡᠷᠦᠬᠡ ᠶᠢᠨ ᠦᠨᠡᠮᠯᠡᠯ ᠦᠨᠡᠮᠯᠡᠯ ᠢ ᠢᠯᠡ ᠨᠡᠶᠢᠲᠡᠯᠡᠬᠦ᠂ ᠡᠳ᠋ ᠪᠠᠷᠠᠭ᠎ᠠ ᠳᠡᠯᠭᠡᠨ | ᠲᠠᠯᠪᠢᠬᠤ ᠶᠢ ᠨᠢᠭᠡ ᠨᠢᠭᠡ ᠪᠠᠷ ᠵᠢᠷᠤᠮᠵᠢᠭᠤᠯᠵᠤ᠂ ᠠᠷᠢᠭᠤᠨ ᠴᠡᠪᠡᠷ ᠤᠨ ᠥᠯᠥ ᠣᠨᠣᠭᠳᠠᠬᠤ ᠭᠠᠵᠠᠷ ᠢ | ᠲᠤᠶᠢᠯᠪᠤᠷᠢᠲᠠᠢ ᠴᠡᠪᠡᠷᠯᠡᠵᠦ᠂ ᠮᠠᠨ ᠤ ᠣᠷᠣᠨ ᠤ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ︽ | ᠡᠵᠡᠩᠨᠡᠯᠲᠡ ᠶᠢᠨ ᠡᠮᠬᠢ ᠳᠢᠭᠯᠢᠮ ᠨᠢ ᠰᠠᠶᠢᠨ᠂ ᠣᠷᠴᠢᠨ ᠲᠣᠭᠤᠷᠢᠨ ᠤ ᠠᠷᠢᠭᠤᠨ ᠴᠡᠪᠡᠷ ᠨᠢ ᠴᠡᠪᠡᠷ᠂ ᠢᠳᠡᠭᠡᠨ ᠤ | ᠶᠠᠰᠤ ᠴᠢᠨᠠᠷ ᠨᠢ ᠠᠮᠤᠷ ᠲᠦᠪᠰᠢᠨ᠂ ᠠᠮᠤᠷ ᠢ ᠬᠠᠮᠠᠭᠠᠯᠠᠬᠤ ᠭᠠᠯ ᠤᠨᠲᠠᠷᠠᠭᠠᠬᠤ ᠨᠢ ᠪᠦᠷᠢᠨ ᠪᠦᠲᠦᠨ᠂ | ᠪᠣᠯᠪᠠᠰᠤᠨ ᠤ ᠬᠡᠮᠵᠢᠶ᠎ᠡ ᠨᠢ ᠪᠠᠶᠢᠩᠭᠤ ᠰᠠᠶᠢᠨ︾ ︽ᠲᠠᠪᠤᠨ ᠰᠠᠶᠢᠨᠲᠠᠢ︾ ᠶᠢᠨ ᠬᠠᠷᠠᠯᠲᠠ ᠳᠤ ᠬᠦᠷᠦᠭᠦᠯᠵᠦ᠂ | ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠡᠷᠡᠭᠯᠡᠭᠡ ᠶᠢᠨ ᠲᠣᠬᠢᠷᠠᠮᠵᠢᠲᠠᠢ ᠪᠠᠶᠢᠬᠤ ᠬᠡᠮᠵᠢᠶ᠎ᠡ᠂ ᠪᠠᠷᠠᠭ᠎ᠠ | ᠬᠤᠳᠠᠯᠳᠤᠨ ᠠᠪᠬᠤ ᠶᠢᠨ ᠠᠮᠤᠷ ᠲᠦᠪᠰᠢᠨ ᠤ ᠬᠡᠮᠵᠢᠶ᠎ᠡ᠂ ᠢᠳᠡᠭᠡᠨ ᠤ ᠠᠮᠤᠷ ᠲᠦᠪᠰᠢᠨ ᠤ ᠬᠡᠮᠵᠢᠶ᠎ᠡ ᠪᠠ | ᠬᠤᠲᠠ ᠶᠢᠨ ᠠᠷᠠᠳ ᠤᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ᠃ | ︽ᠴᠣ᠋ ᠰᠢᠨ᠎ᠡ︾ ᠪᠣᠯᠤᠭᠰᠠᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠨᠢ ᠬᠡᠳᠦ ᠳᠡᠯᠭᠡᠭᠦᠷ ᠰᠢᠭ | ᠴᠡᠪᠡᠷ ᠴᠡᠮᠴᠡᠭᠡᠷ ᠪᠠᠶᠢᠵᠤ᠂ ᠬᠡᠷᠡᠮ᠂ ᠭᠠᠵᠠᠷ ᠤᠨ ᠭᠠᠳᠠᠷᠭᠤ᠂ ᠲᠡᠷᠭᠡ ᠵᠣᠭᠰᠣᠬᠤ ᠪᠠᠶᠢᠷᠢ ᠵᠡᠷᠭᠡ ᠶᠢᠨ ᠳᠤᠲᠠᠭᠳᠠᠯ ᠢ | ᠪᠦᠬᠦ ᠲᠠᠯ᠎ᠠ ᠪᠠᠷ ᠵᠠᠰᠠᠨ ᠴᠡᠭᠴᠡᠯᠡᠵᠦ᠂ ᠫᠠᠶᠢᠰᠠ ᠢᠯᠡᠷᠬᠡᠶᠢᠯᠡᠯ᠂ ᠬᠤᠭ ᠤᠨ ᠰᠠᠭᠤᠯᠠᠭ᠎ᠠ᠂ ᠨᠡᠶᠢᠲᠡ ᠶᠢᠨ ᠵᠣᠷᠯᠣᠩ ᠵᠡᠷᠭᠡ | ᠲᠥᠬᠦᠭᠡᠷᠦᠮᠵᠢ ᠶᠢ ᠪᠦᠬᠦ ᠲᠠᠯ᠎ᠠ ᠪᠠᠷ ᠰᠢᠨᠡᠳᠬᠡᠵᠦ᠂ ᠥᠩᠭᠡᠷᠡᠭᠰᠡᠨ ᠤ ᠡᠮᠬᠢ ᠵᠠᠮᠪᠠᠷᠠᠭ᠎ᠠ ᠦᠭᠡᠢ ᠪᠠᠶᠢᠭᠰᠠᠨ ᠣᠷᠣᠨ | ᠬᠤᠪᠢᠶᠠᠭᠰᠠᠨ ᠢᠯᠡ ᠲᠡᠮᠳᠡᠭ ᠪᠣᠯᠣᠨ ᠡᠮᠬᠢ ᠳᠢᠭᠯᠢᠮ ᠲᠠᠢ ᠳᠡᠯᠭᠡᠭᠡ ᠮᠠᠶᠢᠮᠠᠢ ᠪᠠᠷ ᠣᠷᠣᠯᠠᠭᠳᠠᠵᠤ᠂ ᠡᠷᠬᠢᠨ | ᠲᠣᠭᠤᠷᠢᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠠᠪᠴᠢᠷᠠᠵᠤ᠂ ᠲᠠᠷᠢᠶᠠᠯᠠᠩ ᠤᠨ | ᠠᠷᠠᠯᠵᠢᠶᠠᠨ ᠤ ᠵᠠᠬ᠎ᠠ ᠳᠡᠯᠭᠡᠭᠦᠷ︽ᠪᠤᠵᠠᠷ ᠮᠠᠭᠤ︾ᠮᠠᠯᠠᠭᠠᠢ ᠶᠢ ᠰᠡᠮᠬᠡᠨ ᠠᠪᠴᠤ ᠬᠠᠶᠠᠭᠠᠳ ᠠᠮᠢᠵᠢᠷᠠᠯ ᠤᠨ | ᠬᠦᠴᠦᠨ ᠢᠶᠠᠨ ᠪᠠᠳᠠᠷᠠᠭᠤᠯᠵᠤ ᠪᠠᠶᠢᠨ᠎ᠠ᠃ | |