7 ᠰᠠᠷ᠎ᠠ ᠶᠢᠨ 17 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠵᠠᠩ ᠯᠢ ᠵᠢᠶᠦ᠋ᠨ ᠼᠠᠢ ᠱᠥ᠋ᠨ ᠮᠢᠶᠣᠣ ᠵᠡᠭᠡᠯᠢ ᠭᠤᠳᠤᠮᠵᠢ᠂ ᠰᠢ ᠨᠣᠣ ᠪᠦᠦ ᠵᠡᠭᠡᠯᠢ ᠭᠤᠳᠤᠮᠵᠢ᠂ | ᠲᠢᠶᠸ ᠰᠢ ᠵᠡᠭᠡᠯᠢ ᠭᠤᠳᠤᠮᠵᠢ᠂ ᠨᠠᠨ ᠭᠧ ᠳ᠋ᠦᠩ ᠵᠡᠭᠡᠯᠢ ᠭᠤᠳᠤᠮᠵᠢ᠂ ᠾᠧ ᠫᠢᠩ ᠯᠦ ᠵᠡᠭᠡᠯᠢ ᠭᠤᠳᠤᠮᠵᠢ᠂ ᠳ᠋ᠦᠩ | ᠵᠠᠨ ᠵᠡᠭᠡᠯᠢ ᠭᠤᠳᠤᠮᠵᠢ ᠶᠢᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠮᠠᠨ ᠤ ᠣᠷᠣᠨ ᠤ | ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ᠂ ᠬᠤᠳᠠ ᠶᠢ ᠰᠢᠨᠡᠳᠬᠡᠬᠦ ᠵᠢᠴᠢ ᠬᠤᠳᠠ ᠶᠢ | ᠪᠠᠶᠢᠭᠤᠯᠬᠤ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠲᠤᠬᠠᠢ ᠶᠢᠨ ᠲᠠᠯᠠᠪᠠᠢ ᠳᠤ | ᠢᠯᠡᠷᠡᠭᠦᠯᠦᠭᠰᠡᠨ ᠠᠰᠠᠭᠤᠳᠠᠯ ᠢ ᠲᠤᠰᠢᠶᠠᠨ ᠭᠦᠢᠴᠡᠳᠬᠡᠭᠦᠯᠵᠦ᠂ ᠳᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ | ᠱᠠᠭᠠᠷᠳᠠᠯᠭ᠎ᠠ ᠳᠤᠷᠠᠳᠴᠠᠢ᠃ | | | | | ᠵᠠᠩ ᠯᠢ ᠵᠢᠶᠦ᠋ᠨ ᠰᠢ ᠨᠣᠣ ᠪᠦᠦ ᠵᠡᠭᠡᠯᠢ ᠭᠤᠳᠤᠮᠵᠢ ᠶᠢᠨ ᠮᠣᠳᠣᠨ ᠮᠠᠲ᠋ᠧᠷᠢᠶᠠᠯ ᠤᠨ ᠪᠠᠶᠢᠷᠢ ᠶᠢᠨ ᠬᠤᠲᠠ ᠶᠢᠨ | ᠰᠢᠨᠡᠴᠢᠯᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ | | | | | ᠵᠠᠩ ᠯᠢ ᠵᠢᠶᠦ᠋ᠨ ᠨᠠᠨ ᠭᠧ ᠳ᠋ᠦᠩ ᠵᠡᠭᠡᠯᠢ ᠭᠤᠳᠤᠮᠵᠢ ᠶᠢᠨ ᠨᠠᠮ ᠤᠨ ᠬᠤᠷᠢᠶᠠᠨ ᠤ ᠪᠠᠶᠢᠷᠢ ᠶᠢᠨ ᠬᠡᠰᠡᠭ | ᠲᠣᠭᠤᠷᠢᠭ ᠤᠨ ᠬᠤᠲᠠ ᠶᠢᠨ ᠰᠢᠨᠡᠴᠢᠯᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ | | | | | ᠵᠠᠩ ᠯᠢ ᠵᠢᠶᠦ᠋ᠨ ᠲᠢᠶᠧ ᠰᠢ ᠵᠡᠭᠡᠯᠢ ᠶᠢᠨ ᠭᠤᠷᠪᠠᠳᠤᠭᠠᠷ ᠵᠡᠭᠡᠯᠢ ᠶᠢᠨ ᠬᠤᠶᠠᠳᠤᠭᠠᠷ ᠲᠣᠭᠤᠷᠢᠭ ᠤᠨ ᠬᠠᠭᠤᠴᠢᠨ | ᠵᠢᠵᠢᠭ ᠲᠣᠭᠤᠷᠢᠭ ᠤᠨ ᠥᠭᠡᠷᠡᠴᠢᠯᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ | ᠵᠠᠩ ᠯᠢ ᠵᠢᠶᠦ᠋ᠨ᠂ ᠡᠯ᠎ᠡ ᠬᠤᠯᠪᠣᠭᠳᠠᠯ ᠪᠦᠬᠦᠢ ᠵᠡᠭᠡᠯᠢ ᠭᠤᠳᠤᠮᠵᠢ᠂ ᠰᠠᠯᠠᠭ᠎ᠠ ᠮᠥᠴᠢᠷ ᠤᠨ ᠬᠢᠨ ᠴᠧᠩᠳᠦ᠋᠂ | ᠢᠷᠭᠠᠢ ᠵᠡᠷᠭᠡ ᠭᠠᠵᠠᠷ ᠣᠷᠣᠨ ᠤ ᠬᠤᠳᠠ ᠶᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ | ᠡᠵᠡᠩᠨᠡᠯᠲᠡ ᠶᠢᠨ ᠲᠡᠷᠢᠭᠦᠨ ᠤ ᠣᠶᠢᠯᠠᠭᠠᠭᠳᠠᠬᠤᠨ ᠪᠣᠯᠣᠨ ᠲᠤᠷᠰᠢᠯᠭ᠎ᠠ ᠪᠠᠷ ᠲᠣᠯᠢ ᠪᠣᠯᠭᠠᠵᠤ᠂ ᠬᠥᠬᠡᠬᠤᠲᠠ ᠳᠤ | ᠬᠦᠷᠴᠦ ᠰᠤᠷᠤᠯᠴᠠᠨ ᠰᠢᠨᠵᠢᠯᠡᠨ ᠪᠠᠶᠢᠴᠠᠭᠠᠭᠰᠠᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠦᠨᠡᠨᠬᠦ | ᠰᠠᠶᠢᠲᠤᠷ ᠠᠳᠬᠤᠬᠤ ᠬᠡᠷᠡᠭᠲᠡᠢ᠃ᠲᠣᠬᠢᠷᠠᠭᠤᠯᠬᠤ ᠠᠵᠢᠯ ᠢ ᠴᠢᠩᠭᠠᠳᠬᠠᠵᠤ᠂ ᠠᠵᠢᠯ ᠤᠨ ᠬᠤᠭᠤᠴᠠᠭ᠎ᠠ ᠶᠢ | ᠲᠣᠩᠭᠤᠷᠤᠭᠤᠯᠤᠨ ᠲᠣᠬᠢᠷᠠᠭᠤᠯᠵᠤ᠂ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠬᠦ ᠪᠠ ᠬᠤᠳᠠ ᠶᠢ ᠰᠢᠨᠡᠳᠬᠡᠬᠦ | ᠵᠦᠢᠯᠡᠰ ᠤᠨ ᠪᠠᠷᠢᠯᠭ᠎ᠠ ᠶᠢᠨ ᠠᠬᠢᠴᠠ ᠶᠢ ᠲᠦᠷᠭᠡᠳᠬᠡᠬᠦ ᠬᠡᠷᠡᠭᠲᠡᠢ᠃ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ | ᠰᠢᠨᠡᠳᠬᠡᠨ ᠵᠠᠰᠠᠬᠤ ᠪᠠ ᠵᠡᠭᠡᠯᠢ ᠭᠤᠳᠤᠮᠵᠢ ᠶᠢ ᠴᠡᠭᠴᠡᠯᠡᠨ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ | ᠲᠥᠯᠥᠪᠵᠢᠭᠦᠯᠵᠦ᠂ ᠲᠤᠰᠬᠠᠢ ᠮᠡᠷᠭᠡᠵᠢᠯᠲᠡᠨ ᠪᠠ ᠬᠠᠷᠢᠶ᠎ᠠ ᠭᠠᠵᠠᠷ ᠤᠨ ᠰᠠᠨᠠᠯ ᠢ ᠬᠦᠨᠳᠦᠳᠬᠡᠵᠦ᠂ ᠥᠪᠡᠷᠮᠢᠴᠡ | ᠣᠨᠴᠠᠯᠢᠭ ᠲᠠᠢ᠂ ᠵᠢᠷᠤᠭ ᠲᠥᠯᠥᠪᠯᠡᠭᠡ ᠶᠢᠨ ᠲᠥᠷᠥᠭᠳᠡᠯ ᠲᠠᠢ ᠭᠤᠣᠯᠯᠠᠭᠴᠢ ᠣᠷᠣᠨ ᠪᠦᠰᠡ ᠶᠢ ᠪᠠᠶᠢᠭᠤᠯᠬᠤ ᠬᠡᠷᠡᠭᠲᠡᠢ᠃ | ᠤᠯᠠᠨ ᠲᠦᠮᠡᠨ ᠤ ᠪᠦᠬᠦ ᠶᠠᠪᠤᠴᠠ ᠳᠤ ᠭᠦᠨᠵᠡᠭᠡᠢ ᠣᠷᠤᠯᠴᠠᠬᠤ ᠶᠢ ᠵᠣᠬᠢᠶᠠᠨ ᠪᠠᠶᠢᠭᠤᠯᠤᠨ ᠳᠠᠶᠢᠴᠢᠯᠠᠵᠤ᠂ ᠲᠤᠰᠬᠠᠢ | ᠮᠡᠷᠭᠡᠵᠢᠯ ᠲᠠᠢ᠂ ᠲᠤᠷᠰᠢᠯᠭ᠎ᠠ ᠲᠠᠢ ᠤᠯᠠᠨ ᠲᠦᠮᠡᠨ ᠤ ᠲᠥᠯᠥᠭᠡᠯᠡᠭᠴᠢ ᠶᠢ ᠤᠷᠢᠵᠤ ᠭᠤᠣᠯ ᠵᠠᠩᠭᠢᠯᠠᠭ᠎ᠠ ᠶᠢᠨ ᠴᠢᠳᠠᠮᠵᠢ | ᠲᠥᠬᠦᠭᠡᠷᠦᠮᠵᠢ ᠶᠢᠨ ᠵᠢᠷᠤᠭ ᠲᠥᠯᠥᠪᠯᠡᠭᠡ ᠳᠤ ᠣᠷᠣᠯᠴᠠᠭᠤᠯᠵᠤ᠂ ᠤᠯᠠᠨ ᠲᠦᠮᠡᠨ ᠢ ᠦᠨᠡᠨᠬᠦ ᠰᠡᠳᠬᠢᠯ ᠬᠠᠨᠤᠮᠵᠢᠲᠠᠢ | ᠪᠣᠯᠭᠠᠬᠤ ᠬᠡᠷᠡᠭᠲᠡᠢ᠃ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠤᠨ᠂ ᠪᠠᠷᠢᠯᠭ᠎ᠠ ᠶᠢᠨ | ᠲᠤᠬᠠᠢ ᠶᠢᠨ ᠭᠠᠵᠠᠷ ᠤᠨ ᠬᠠᠮᠢᠶᠠᠷᠤᠯᠲᠠ ᠶᠢ ᠨᠢᠭᠡᠳᠦᠯᠲᠡᠢ ᠵᠢᠷᠤᠮᠵᠢᠭᠤᠯᠵᠤ᠂ ᠪᠠᠷᠢᠯᠭ᠎ᠠ ᠶᠢᠨ ᠠᠶᠤᠯᠭᠦᠢ ᠪᠠᠶᠢᠬᠤ ᠪᠠ | ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠵᠤ᠂ ᠪᠠᠷᠢᠯᠭ᠎ᠠ ᠶᠢᠨ ᠬᠤᠭ ᠨᠣᠪᠰᠢ ᠶᠢ ᠴᠠᠭ ᠲᠤᠬᠠᠢ ᠳᠤᠨᠢ ᠴᠡᠪᠡᠷᠯᠡᠨ | ᠲᠡᠭᠡᠭᠡᠪᠦᠷᠢᠯᠡᠵᠦ᠂ ᠲᠣᠭᠤᠰᠣ ᠶᠢ ᠬᠤᠷᠢᠭᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠪᠣᠯᠪᠠᠰᠤᠨ ᠢᠶᠠᠷ | ᠪᠠᠷᠢᠬᠤ ᠶᠢ ᠦᠨᠡᠨ ᠬᠦ ᠪᠠᠲᠤᠯᠠᠵᠤ᠂ ᠤᠯᠠᠨ ᠲᠦᠮᠡᠨ ᠤ ᠡᠳᠦᠷ ᠲᠤᠳᠤᠮ ᠤᠨ ᠠᠮᠢᠳᠤᠷᠠᠯ ᠳᠤ ᠦᠵᠡᠭᠦᠯᠬᠦ | ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ | ᠲᠣᠭᠤᠷᠢᠭ ᠤᠨ ᠤᠳᠤᠷᠢᠳᠤᠯᠭ᠎ᠠ ᠳ᠋ᠦᠩ ᠼᠦ᠋ᠨ ᠷᠦᠢ᠂ ᠱᠢ ᠯᠢ ᠨᠠ᠂ ᠴᠠᠩ ᠴᠢᠤᠸᠠᠨ ᠸᠧᠢ᠂ ᠶᠠᠩ ᠵᠢᠶᠠᠨ | ᠵᠢᠶᠦ᠋ᠨ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠬᠦ ᠲᠣᠪᠴᠢᠶ᠎ᠠ᠂ ᠳᠤᠮᠳᠠᠳᠤ ᠤᠯᠤᠰ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠰᠤᠳᠤᠯᠭᠠᠨ ᠤ | ᠬᠦᠷᠢᠶᠡᠯᠡᠩ᠂ ᠬᠤᠲᠠ ᠶᠢᠨ ᠰᠢᠨᠡᠴᠢᠯᠡᠯᠲᠡ ᠶᠢᠨ ᠺᠣᠮᠫᠠᠨᠢ ᠵᠢᠴᠢ ᠡᠯ᠎ᠡ ᠬᠤᠯᠪᠣᠭᠳᠠᠯ ᠪᠦᠬᠦᠢ ᠵᠡᠭᠡᠯᠢ ᠭᠤᠳᠤᠮᠵᠢ ᠶᠢᠨ | ᠭᠤᠣᠯ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | |