︽ᠪᠣᠯᠪᠠᠰᠤᠨ ᠢ ᠲᠣᠯᠢᠳᠠᠬᠤ︾ᠳ᠋ᠦᠩ ᠾᠧ ᠲᠣᠭᠤᠷᠢᠭ᠄ ᠪᠣᠯᠪᠠᠰᠤᠨ ᠤ ᠰᠠᠭᠤᠷᠢ ᠥᠩᠭᠡ ᠶᠢ ᠠᠷᠴᠢᠵᠤ ᠵᠣᠯ ᠵᠢᠷᠭᠠᠯ ᠤᠨ ᠥᠩᠭᠡ ᠶᠢ ᠵᠤᠵᠠᠭᠠᠳᠬᠠᠨ᠎ᠠ
ᠨᠡᠶᠢᠲᠡᠯᠡᠭᠰᠡᠨ ᠴᠠᠭ᠄
2022/8/1
      ᠴᠡᠪᠡᠷ ᠲᠡᠭᠰᠢ ᠭᠤᠣᠯ ᠳᠡᠳ᠋ ᠵᠠᠮ ᠱᠤᠭᠤᠮ᠂ ᠡᠮᠬᠢ ᠳᠢᠭᠯᠢᠮ ᠲᠠᠢ ᠵᠠᠮ ᠬᠠᠷᠢᠯᠴᠠᠭ᠎ᠠ ᠶᠢ ᠨᠡᠪᠲᠡᠷᠡᠭᠦᠯᠬᠦ᠂ ᠲᠡᠷᠭᠡ ᠵᠣᠭᠰᠣᠬᠤ ᠪᠠᠶᠢᠷᠢ᠂ ᠭᠠᠵᠠᠷ ᠪᠣᠯᠭᠠᠨ ᠳᠤ ᠬᠠᠷᠠᠭᠳᠠᠬᠤ ᠪᠣᠯᠪᠠᠰᠤᠨ ᠤᠬᠠᠭᠤᠯᠭ᠎ᠠ ᠶᠢᠨ ᠤᠷᠢᠶ᠎ᠠ ᠯᠣᠽᠦ᠋ᠩ᠂ ᠵᠡᠭᠡᠯᠢ ᠭᠤᠳᠤᠮᠵᠢ ᠪᠠᠷ ᠰᠦᠯᠵᠢᠯᠳᠦᠭᠰᠡᠨ ᠰᠠᠶᠢᠨ ᠳᠤᠷ᠎ᠠ ᠶᠢᠨ ᠠᠵᠢᠯᠯᠠᠭᠴᠢ ᠪᠠ ᠰᠦᠯᠵᠢᠶᠡᠨ ᠤ ᠠᠵᠢᠯᠲᠠᠨ ᠁ ᠪᠦᠬᠦ ᠠᠷᠠᠳ ᠢᠶᠠᠷ ᠢᠶᠠᠨ ᠣᠷᠣᠯᠴᠠᠵᠤ᠂ ᠵᠡᠷᠭᠡᠪᠡᠷ ᠠᠳᠬᠤᠵᠤ ᠬᠠᠮᠲᠤᠪᠠᠷ ᠪᠠᠶᠢᠭᠤᠯᠬᠤ ᠵᠢᠷᠤᠭ ᠳᠦᠷᠰᠦ ᠨᠢ ᠳ᠋ᠦᠩ ᠾᠧ ᠲᠣᠭᠤᠷᠢᠭ ᠤᠨ ᠬᠤᠳᠠ ᠶᠢ ᠪᠠᠶᠢᠭᠤᠯᠬᠤ ᠬᠡᠪ ᠤᠨ ᠪᠠᠶᠢᠳᠠᠯ ᠪᠣᠯᠪᠠ᠃ ᠪᠣᠯᠪᠠᠰᠤᠨ ᠢᠶᠠᠷ ᠰᠠᠭᠤᠷᠢ ᠪᠣᠯᠭᠠᠭᠰᠠᠨ ᠬᠤᠳᠠ ᠶᠢᠨ ᠡᠶ᠎ᠡ ᠵᠣᠬᠢᠴᠠᠩᠭᠤᠢ ᠬᠥᠭᠵᠢᠯᠲᠡ ᠶᠢᠨ ᠵᠢᠷᠤᠭ ᠳ᠋ᠦᠩ ᠾᠧ ᠲᠣᠭᠤᠷᠢᠭ ᠲᠤ ᠠᠯᠭᠤᠷᠬᠠᠨ ᠢᠶᠠᠷ ᠳᠡᠯᠭᠡᠭᠳᠡᠪᠡ᠃ᠪᠦᠦ ᠯᠢᠶᠠᠨ ᠨᠡᠶᠢᠭᠡᠮ ᠲᠣᠭᠤᠷᠢᠭ ᠢ ᠬᠠᠮᠲᠤᠪᠠᠷ ᠪᠠᠶᠢᠭᠤᠯᠵᠤ ᠬᠦᠴᠦ ᠪᠠᠨ ᠬᠠᠮᠲᠤᠳᠬᠠᠨ ᠪᠣᠯᠪᠠᠰᠤᠨ ᠬᠤᠳᠠ ᠶᠢ ᠬᠠᠮᠲᠤᠪᠠᠷ ᠴᠣᠭᠴᠠᠯᠠᠶ᠎ᠠ
     ᠪᠣᠯᠪᠠᠰᠤᠨ ᠬᠤᠳᠠ ᠶᠢᠨ ᠬᠥᠮᠥᠰ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠵᠤ᠂ ᠠᠷᠠᠳ ᠲᠦᠮᠡᠨ ᠤ ᠲᠥᠯᠥᠭᠡ ᠬᠤᠳᠠ ᠶᠢ ᠰᠠᠶᠢᠲᠤᠷ ᠪᠠᠶᠢᠭᠤᠯᠤᠨ᠎ᠠ᠃ᠳ᠋ᠦᠩ ᠾᠧ ᠲᠣᠭᠤᠷᠢᠭ ᠤᠨ ᠡᠯ᠎ᠡ ᠲᠣᠭᠤᠷᠢᠭ ᠲᠤ ᠡᠶᠢᠮᠦ ᠨᠢᠭᠡ ᠪᠦᠯᠦᠭ ᠬᠥᠮᠥᠰ ᠪᠠᠶᠢᠳᠠᠭ᠂ ᠲᠡᠳᠡᠨ ᠤ ᠪᠠᠷ᠎ᠠ ᠨᠢ ᠦᠷᠭᠦᠯᠵᠢ ᠪᠦᠦ ᠯᠢᠶᠠᠨ ᠲᠣᠭᠤᠷᠢᠭ ᠤᠨ ᠳᠣᠲᠣᠷ᠎ᠠ ᠢᠯᠡᠷᠡᠵᠦ᠂ ᠠᠰᠠᠷ ᠲᠠᠭᠲᠤ ᠶᠢᠨ ᠳᠤᠮᠳᠠ ᠶᠠᠭᠠᠷᠠᠯᠳᠤᠳᠠᠭ᠃ᠪᠦᠬᠦ ᠣᠷᠣᠨ ᠤ ᠡᠯ᠎ᠡ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠢᠨ ᠵᠢᠵᠢᠭ ᠲᠣᠭᠤᠷᠢᠭ ᠤᠨ ᠠᠰᠠᠭᠤᠳᠠᠯ ᠳᠤ ᠴᠢᠭᠯᠡᠭᠦᠯᠦᠨ᠂ ᠠᠰᠠᠷ ᠤᠨ ᠭᠤᠳᠤᠮᠵᠢ ᠶᠢ ᠳᠤᠷ᠎ᠠ ᠪᠠᠷ ᠢᠶᠠᠨ ᠣᠪᠣᠭᠠᠯᠠᠵᠤ ᠳᠤᠷ᠎ᠠ ᠪᠠᠷ ᠢᠶᠠᠨ ᠲᠠᠯᠪᠢᠬᠤ ᠶᠢ ᠴᠡᠪᠡᠷᠯᠡᠵᠦ᠂ ᠠᠰᠠᠷ ᠤᠨ ᠭᠤᠳᠤᠮᠵᠢ ᠶᠢᠨ ᠬᠡᠷᠡᠮ ᠳᠡᠭᠡᠷᠡᠬᠢ ᠵᠢᠵᠢᠭ ᠵᠠᠷ ᠮᠡᠳᠡᠭᠡ ᠶᠢ ᠠᠷᠢᠯᠭᠠᠵᠤ᠂ ᠲᠡᠷᠭᠡ ᠵᠣᠭᠰᠣᠬᠤ ᠱᠤᠭᠤᠮ ᠵᠢᠷᠤᠵᠤ᠂ ᠳᠤᠭᠤᠢ ᠲᠡᠷᠭᠡ ᠲᠠᠯᠪᠢᠬᠤ ᠶᠢ ᠳᠦᠷᠢᠮᠵᠢᠭᠦᠯᠵᠦ᠂ ᠭᠤᠣᠯᠳᠠᠯᠭ᠎ᠠ ᠲᠠᠢ ᠣᠷᠣᠨ ᠪᠦᠰᠡ ᠶᠢᠨ ᠠᠷᠢᠭᠤᠨ ᠴᠡᠪᠡᠷ ᠤᠨ ᠦᠯᠦ ᠣᠨᠣᠭᠳᠠᠬᠤ ᠭᠠᠵᠠᠷ ᠤᠨ ᠭᠬᠢᠷ ᠪᠤᠷᠲᠠᠭ ᠵᠢᠴᠢ ᠠᠮᠢᠳᠤᠷᠠᠯ ᠤᠨ ᠬᠤᠭ ᠨᠣᠪᠰᠢ ᠶᠢ ᠴᠡᠪᠡᠷᠯᠡᠨ᠎ᠡ ᠁ ᠨᠡᠶᠢᠭᠡᠮ ᠲᠣᠭᠤᠷᠢᠭ ᠤᠨ ᠠᠵᠢᠯᠲᠠᠳ ᠲᠠᠢ ᠬᠠᠮᠲᠤ ᠪᠠᠷ ᠵᠢᠵᠢᠭ ᠲᠣᠭᠤᠷᠢᠭ ᠢ ᠭᠤᠶᠣᠵᠢᠭᠤᠯᠬᠤ᠂ ᠴᠡᠪᠡᠷᠰᠢᠭᠦᠯᠬᠦ ᠠᠵᠢᠯᠯᠠᠭ᠎ᠠ ᠥᠷᠨᠢᠭᠦᠯᠵᠦ᠂ ᠪᠦᠬᠦ ᠬᠦᠴᠦᠨ ᠢᠶᠠᠷ ᠢᠶᠠᠨ ᠬᠤᠳᠠ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠵᠦ᠂ ᠪᠣᠯᠪᠠᠰᠤᠨ ᠳᠤ ᠥᠩᠭᠡ ᠭᠡᠷᠡᠯ ᠨᠡᠮᠡᠷᠢᠯᠡᠪᠡ᠃      ︽ᠪᠢᠳᠡ ᠨᠢᠭᠡ ᠬᠡᠰᠡᠭ ᠴᠠᠭ ᠭᠠᠷᠭᠠᠵᠤ ᠪᠠᠶᠢᠭᠠᠳ ᠪᠦᠦ ᠯᠢᠶᠠᠨ ᠨᠡᠶᠢᠭᠡᠮ ᠲᠣᠭᠤᠷᠢᠭ ᠲᠤ ᠠᠰᠠᠷ ᠤᠨ ᠬᠤᠩᠭᠢᠯ ᠤᠨ ᠠᠷᠢᠭᠤᠨ ᠴᠡᠪᠡᠷ  ᠢ ᠴᠡᠪᠡᠷᠯᠡᠵᠦ᠂ ᠠᠰᠠᠷ ᠤᠨ ᠬᠤᠩᠭᠢᠯ ᠤᠨ ᠵᠢᠵᠢᠭ ᠵᠠᠷ  ᠢ ᠴᠡᠪᠡᠷᠯᠡᠵᠦ ᠪᠠᠶᠢᠨ᠎ᠠ ᠁ ᠮᠠᠨ ᠤ ᠪᠣᠳᠠᠲᠤ ᠠᠵᠢᠯᠯᠠᠭ᠎ᠠ ᠪᠠᠷ ᠢᠶᠠᠨ ᠰᠠᠭᠤᠭᠠᠯᠢ ᠠᠷᠠᠳ ᠲᠤ ᠴᠡᠪᠡᠷ ᠴᠡᠮᠴᠡᠭᠡᠷ ᠣᠷᠴᠢᠨ ᠲᠣᠭᠤᠷᠢᠨ  ᠢ ᠬᠠᠩᠭᠠᠵᠤ᠂ ᠬᠤᠲᠠ ᠪᠠᠶᠢᠭᠤᠯᠬᠤ ᠠᠵᠢᠯ  ᠢ ᠴᠡᠭᠴᠡᠯᠡᠨ ᠰᠠᠶᠢᠵᠢᠷᠠᠭᠤᠯᠬᠤ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ︾᠃ ᠭᠡᠵᠦ ᠪᠦᠦ ᠯᠢᠶᠠᠨ ᠤ ᠰᠢ ᠾᠧ ᠵᠠᠮ ᠤᠨ ᠨᠡᠶᠢᠭᠡᠮ ᠲᠣᠭᠤᠷᠢᠭ ᠤᠨ ᠠᠯᠪᠠᠨ ᠵᠢᠷᠤᠮ ᠤᠨ ᠬᠥᠳᠡᠯᠮᠦᠷᠢ ᠬᠢᠵᠦ ᠪᠠᠶᠢᠭ᠎ᠠ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠷᠢᠭᠤᠴᠠᠯᠭᠠᠲᠠᠨ ᠬᠡᠯᠡᠪᠡ᠃
     ᠳᠠᠭᠠᠭᠠᠴᠢᠯᠠᠯᠲᠠ ᠶᠢᠨ ᠨᠢᠭᠡᠴᠡ ᠶᠢᠨ ᠬᠢᠨ ᠬᠤᠳᠠ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠠᠬᠢᠭᠤᠯᠬᠤ ᠳᠤᠮᠳᠠ ᠨᠡᠶᠢᠭᠡᠮ ᠲᠣᠭᠤᠷᠢᠭ ᠯᠤᠭ᠎ᠠ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠰᠠᠭᠤᠭᠠᠯᠢ ᠠᠷᠠᠳ ᠤᠨ ᠲᠣᠭᠤᠷᠢᠭ ᠤᠨ ᠵᠠᠰᠠᠯᠲᠠ ᠶᠢᠨ ᠬᠦᠴᠢᠷ ᠠᠰᠠᠭᠤᠳᠠᠯ ᠢ ᠬᠠᠮᠲᠤᠪᠠᠷ ᠰᠢᠢᠳᠪᠦᠷᠢᠯᠡᠵᠦ᠂ ᠤᠯᠠᠨ ᠲᠦᠮᠡᠨ ᠳᠤ ᠦᠨᠡᠨᠬᠦ ᠪᠣᠳᠠᠲᠤ ᠶᠠᠪᠤᠳᠠᠯ᠂ ᠰᠠᠶᠢᠨ ᠶᠠᠪᠤᠳᠠᠯ ᠬᠢᠵᠦ᠂ ᠰᠠᠭᠤᠭᠠᠯᠢ ᠠᠷᠠᠳ ᠤᠨ ᠲᠣᠭᠤᠷᠢᠭ ᠤᠨ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠳᠡᠭᠡᠭᠰᠢᠯᠡᠭᠦᠯᠵᠦ᠂ ᠬᠤᠳᠠ ᠶᠢᠨ ᠠᠷᠠᠳ ᠲᠤ ᠨᠢᠳᠦᠨ ᠳᠤ ᠦᠵᠡᠭᠳᠡᠬᠦ᠂ ᠭᠠᠷ ᠲᠤ ᠪᠠᠷᠢᠭᠳᠠᠬᠤ︽ᠬᠤᠳᠠ ᠪᠠᠶᠢᠭᠤᠯᠤᠭᠰᠠᠨ ᠠᠰᠢᠭ ᠲᠤᠰᠠ︾ ᠶᠢ ᠡᠳ᠋ᠯᠡᠭᠦᠯᠦᠨ᠎ᠡ᠃ᠰᠠᠶᠢᠨ ᠳᠤᠷ᠎ᠠ ᠶᠢᠨ ᠦᠢᠯᠡᠴᠢᠯᠡᠭᠡ ᠳᠤ ᠪᠢ ᠣᠷᠣᠯᠴᠠᠵᠤ ᠬᠤᠳᠠ ᠪᠠᠶᠢᠭᠤᠯᠬᠤ ᠬᠠᠮᠲᠤ ᠶᠢᠨ ᠠᠶᠠᠯᠠᠯ ᠳᠤ ᠬᠦᠴᠦ ᠨᠡᠮᠡᠷᠢᠯᠡᠨ᠎ᠡ      ︽ᠬᠤᠳᠠ ᠪᠠᠶᠢᠭᠤᠯᠬᠤ ᠳᠤ ᠪᠢ ᠪᠤᠢ᠂ ᠡᠨᠡ ᠨᠢ ᠵᠥᠪᠬᠡᠨ ᠵᠠᠰᠠᠭ ᠤᠨ ᠣᠷᠳᠣᠨ ᠤ ᠶᠠᠪᠤᠳᠠᠯ ᠪᠢᠰᠢ᠂ ᠮᠥᠨᠴᠦ ᠮᠠᠨ ᠤ ᠡᠳᠡᠬᠡᠷ ᠡᠬᠡᠯ ᠠᠷᠠᠳ ᠤᠨ ᠶᠠᠪᠤᠳᠠᠯ ᠪᠣᠯᠣᠨ᠎ᠠ᠂ ᠠᠬᠠᠮᠠᠳ ᠨᠥᠬᠦᠳ ᠪᠣᠯᠤᠭᠰᠠᠨ ᠤ ᠬᠤᠪᠢ ᠳᠤ᠂ ᠪᠢᠳᠡᠨ ᠳᠤ ᠡᠨᠡᠬᠦ ᠡᠭᠦᠷᠭᠡ ᠬᠠᠷᠢᠭᠤᠴᠠᠯᠭ᠎ᠠ ᠪᠠ ᠡᠭᠦᠷᠭᠡ ᠲᠠᠢ ᠶᠤᠮ᠂ ᠥᠨᠥᠳᠥᠷ ᠪᠢ ᠤᠬᠠᠭᠤᠯᠤᠭᠴᠢ ᠪᠠ ᠣᠷᠣᠯᠴᠠᠭᠴᠢ ᠶᠢᠨ ᠬᠤᠪᠢ ᠪᠠᠷ ᠡᠨᠡ ᠤᠳᠠᠭ᠎ᠠ ᠶᠢᠨ ᠬᠤᠳᠠ ᠪᠠᠶᠢᠭᠤᠯᠬᠤ ᠠᠵᠢᠯᠯᠠᠭ᠎ᠠ ᠳᠤ ᠣᠷᠣᠯᠴᠠᠵᠤ᠂ ᠳ᠋ᠦᠩ ᠡᡁᠸ ᠲᠣᠭᠤᠷᠢᠭ ᠤᠨ ᠪᠦᠬᠦ ᠤᠯᠤᠰ ᠤᠨ ᠪᠣᠯᠪᠠᠰᠤᠨ ᠬᠤᠳᠠ ᠶᠢ ᠪᠠᠶᠢᠭᠤᠯᠬᠤ ᠳᠤ ᠬᠦᠴᠦ ᠪᠠᠨ ᠡᠷᠭᠦᠶ᠎ᠡ︾ᠭᠡᠵᠦ ᠵᠢᠭᠠᠵᠤ ᠭᠠᠷᠭᠠᠪᠠ᠃ ᠡᠨᠡ ᠡᠳᠦᠷ ᠪᠢ ᠨᠢᠭᠡ ᠤᠬᠠᠭᠤᠯᠤᠭᠴᠢ ᠪᠠ ᠣᠷᠣᠯᠴᠠᠭᠴᠢ ᠶᠢᠨ ᠬᠤᠪᠢ ᠪᠠᠷ ᠡᠨᠡ ᠤᠳᠠᠭ᠎ᠠ ᠶᠢᠨ ᠬᠤᠳᠠ ᠶᠢ ᠪᠠᠶᠢᠭᠤᠯᠬᠤ ᠠᠵᠢᠯᠯᠠᠭ᠎ᠠ ᠳᠤ ᠣᠷᠣᠯᠴᠠᠵᠤ᠂ ᠳ᠋ᠦᠩ ᠡᡁᠸ ᠲᠣᠭᠤᠷᠢᠭ ᠤᠨ ᠪᠦᠬᠦ ᠤᠯᠤᠰ ᠤᠨ ᠪᠣᠯᠪᠠᠰᠤᠨ ᠬᠤᠳᠠ ᠶᠢ ᠪᠠᠶᠢᠭᠤᠯᠬᠤ ᠳᠤ ᠬᠦᠴᠦ ᠪᠠᠨ ᠡᠷᠭᠦᠶ᠎ᠡ᠃ ᠭᠡᠵᠦ ᠵᠡᠭᠦᠨ ᠥᠷᠲᠡᠭᠡᠨ ᠤ ᠵᠡᠭᠡᠯᠢ ᠭᠤᠳᠤᠮᠵᠢ ᠶᠢᠨ ︽ᠲᠠᠪᠤᠨ ᠨᠠᠰᠤᠲᠠᠨ︾︾ ᠤ ᠰᠠᠶᠢᠨ ᠳᠤᠷ᠎ᠠ ᠶᠢᠨ ᠠᠵᠢᠯᠯᠠᠭᠴᠢ ᠯᠢᠦ ᠫᠧᠢ ᠵᠢᠶᠸ ᠬᠡᠯᠡᠪᠡ᠃7 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ᠂ ᠵᠡᠭᠦᠨ ᠥᠷᠲᠡᠭᠡᠨ ᠤ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ᠂ ︽ᠲᠠᠪᠤᠨ ᠨᠠᠰᠤᠲᠠᠨ︾ ᠤ ᠰᠠᠶᠢᠨ ᠳᠤᠷ᠎ᠠ ᠶᠢᠨ ᠠᠵᠢᠯᠯᠠᠭᠴᠢ ᠪᠣᠯᠣᠨ ᠵᠠᠯᠠᠭᠤ ᠪᠠᠭᠠᠴᠤᠳ ᠤᠨ ᠰᠠᠶᠢᠨ ᠳᠤᠷ᠎ᠠ ᠶᠢᠨ ᠠᠵᠢᠯᠯᠠᠭᠴᠢ ᠬᠠᠮᠲᠤ ᠪᠠᠷ ᠨᠡᠶᠢᠲᠡ ᠶᠢᠨ ᠨᠢᠭᠡᠳᠦᠭᠡᠷ ᠵᠡᠭᠡᠯᠢ ᠶᠢᠨ ᠵᠢᠵᠢᠭ ᠲᠣᠭᠤᠷᠢᠭ ᠲᠤ ᠬᠦᠷᠴᠦ᠂ ᠣᠯᠠᠨ ᠢᠶᠠᠷ ᠢᠶᠠᠨ ᠤᠯᠠᠭᠠᠨ ᠬᠤᠶᠠᠭ ᠲᠠᠢ᠂ ᠤᠯᠠᠭᠠᠨ ᠬᠠᠨᠴᠤᠢ ᠶᠢᠨ ᠲᠡᠮᠳᠡᠭ ᠵᠡᠭᠦᠵᠦ᠂ ᠠᠷᠢᠭᠤᠨ ᠴᠡᠪᠡᠷᠯᠡᠭᠴᠢ᠂ ᠬᠤᠲᠠ ᠪᠠᠶᠢᠭᠤᠯᠬᠤ ᠤᠬᠠᠭᠤᠯᠤᠭᠴᠢ ᠨᠠᠷ ᠵᠢᠵᠢᠭ ᠲᠣᠭᠤᠷᠢᠭ ᠲᠤ ᠭᠦᠨᠵᠡᠭᠡᠶᠢᠷᠡᠨ ᠬᠤᠭ ᠨᠣᠪᠰᠢ ᠶᠢ ᠴᠡᠪᠡᠷᠯᠡᠵᠦ᠂ ᠠᠰᠠᠷ ᠤᠨ ᠬᠤᠩᠭᠢᠯ ᠳᠠᠬᠢ ᠵᠢᠵᠢᠭ ᠵᠠᠷ ᠢ ᠲᠥᠪᠯᠡᠷᠡᠭᠦᠯᠦᠨ ᠴᠡᠪᠡᠷᠯᠡᠪᠡ᠃ᠵᠠᠷᠢᠮ ᠵᠢᠵᠢᠭ ᠵᠠᠷ ᠨᠢ ᠲᠤᠶᠢᠯ ᠤᠨ ᠮᠤᠵᠢᠭᠤᠳᠠ ᠪᠣᠯᠪᠠᠴᠤ ᠪᠢᠴᠢᠬᠠᠨ ᠰᠠᠶᠢᠨ ᠳᠤᠷ᠎ᠠ  ᠶᠢᠨ ᠦᠢᠯᠡᠴᠢᠯᠡᠭᠴᠢᠳ ᠣᠭᠲᠣ ᠵᠣᠷᠢᠭ ᠮᠣᠬᠤᠭᠰᠠᠨ ᠦᠭᠡᠢ᠂ ᠨᠢᠭᠡ ᠲᠠᠯ᠎ᠠ ᠪᠠᠷ ᠴᠡᠪᠡᠷᠯᠡᠬᠦ  ᠶᠢᠨ ᠳᠠᠭᠠᠤ᠄ ︽ᠦᠬᠡᠷ ᠢᠯᠢᠳᠦ᠂ ᠪᠢ ᠴᠢᠮᠠᠶᠢ ᠠᠷᠢᠯᠭᠠᠵᠤ ᠴᠢᠳᠠᠬᠤ ᠦᠭᠡᠢ ᠭᠡᠵᠦ ᠢᠲᠡᠭᠡᠬᠦ ᠦᠭᠡᠢ  ︾ ᠭᠡᠵᠦ ᠬᠡᠯᠡᠪᠡ᠃ ᠠᠵᠢᠯᠯᠠᠭ᠎ᠠ ᠶᠢᠨ ᠲᠤᠬᠠᠢ ᠶᠢᠨ ᠡᠳᠦᠷ ᠤᠨ ᠠᠭᠤᠷ ᠠᠮᠢᠰᠬᠤᠯ ᠬᠡᠳᠦᠶᠢᠪᠡᠷ ᠠᠭᠠᠭᠢᠮ᠎ᠠ ᠬᠠᠯᠠᠭᠤᠨ ᠪᠠᠶᠢᠭᠰᠠᠨ ᠴᠤ ᠣᠯᠠᠨ ᠢᠶᠠᠷ ᠢᠶᠠᠨ ᠮᠥᠨ ᠯᠡ ᠣᠷᠭᠢᠯᠤᠮ᠎ᠠ ᠬᠠᠯᠠᠭᠤᠨ ᠰᠡᠳᠬᠢᠯᠭᠡ ᠪᠠᠷ ᠬᠥᠳᠡᠯᠮᠦᠷᠢ ᠳᠤ ᠣᠷᠣᠯᠴᠠᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠵᠦ᠂ ᠬᠤᠲᠠ ᠪᠠᠶᠢᠭᠤᠯᠬᠤ ᠰᠠᠶᠢᠨ ᠳᠤᠷ᠎ᠠ ᠶᠢᠨ ᠦᠢᠯᠡᠴᠢᠯᠡᠭᠡ ᠶᠢ ᠤᠯᠠᠮ ᠰᠠᠶᠢᠵᠢᠷᠠᠭᠤᠯᠵᠠᠢ᠃
     ᠪᠦᠬᠦ ᠠᠷᠠᠳ ᠢᠶᠠᠷ ᠢᠶᠠᠨ ᠣᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠰᠠᠶᠢᠨ ᠳᠤᠷ᠎ᠠ ᠶᠢᠨ ᠪᠦᠯᠬᠦᠮ ᠤᠨ ᠬᠦᠴᠦᠨ ᠢ ᠨᠢᠭᠲᠠᠷᠠᠭᠤᠯᠤᠨ᠎ᠠ᠃ᠡᠭᠦᠳᠦᠨ ᠪᠠᠶᠢᠭᠤᠯᠬᠤ ᠶᠠᠪᠤᠴᠠ ᠳᠤ᠂ ᠳ᠋ᠦᠩ ᠾᠧ ᠲᠣᠭᠤᠷᠢᠭ ᠤᠨ  ᠬᠢᠨ ︽ᠰᠠᠶᠢᠨ ᠳᠤᠷ᠎ᠠ ᠠᠴᠠ ᠪᠠᠨ ᠬᠥᠲᠥᠯᠥᠨ ᠵᠢᠯᠤᠭᠤᠳᠴᠤ᠂ ᠪᠦᠬᠦ ᠠᠵᠢᠯᠲᠠᠳ ᠣᠷᠤᠯᠴᠠᠬᠤ︾ ᠠᠵᠢᠯ ᠤᠨ ᠣᠶᠢᠯᠠᠭᠠᠭᠳᠠᠬᠤᠨ ᠢ ᠪᠠᠷᠢᠮᠲᠠᠯᠠᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤᠮᠳᠠᠬᠢ ᠰᠠᠶᠢᠨ ᠳᠤᠷ᠎ᠠ ᠶᠢᠨ ᠦᠢᠯᠡᠴᠢᠯᠡᠭᠡᠨ ᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠣᠷᠣᠨ ᠳᠤ ︽ᠬᠤᠲᠠ ᠴᠣᠭᠴᠠᠯᠠᠬᠤ ᠰᠠᠶᠢᠨ ᠳᠤᠷ᠎ᠠ ᠶᠢᠨ ᠠᠵᠢᠯ ᠨᠢᠭᠡᠲᠡᠨ ᠳᠤ ᠬᠦᠴᠦᠨ ᠨᠡᠮᠡᠷᠢᠯᠡᠬᠦ︾ ᠭᠤᠣᠯ ᠰᠡᠳᠦᠪᠲᠦ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠂ ᠵᠢᠵᠢᠭ ᠲᠣᠭᠤᠷᠢᠭ ᠤᠨ ᠠᠳᠠᠯ ᠠᠬᠤᠢ᠂ ᠠᠵᠢᠯ  ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠵᠡᠷᠭᠡ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠤᠨ ᠬᠥᠲᠥᠯᠥᠨ ᠵᠢᠯᠤᠭᠤᠳᠴᠤ᠂ ᠡᠷᠦᠬᠡ ᠳᠤ ᠬᠦᠷᠴᠦ ᠤᠬᠠᠭᠤᠯᠬᠤ᠂ ᠪᠣᠯᠪᠠᠰᠤᠨ ᠢᠶᠠᠷ ᠢᠳᠬᠠᠨ ᠰᠤᠷᠭᠠᠬᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠣᠯᠠᠨ ᠬᠡᠯᠪᠡᠷᠢ ᠮᠠᠶ᠋ᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ︽ᠪᠣᠯᠪᠠᠰᠤᠨ ᠢ ᠡᠭᠦᠳᠦᠨ ᠪᠠᠶᠢᠭᠤᠯᠬᠤ ᠳᠤ ᠬᠥᠮᠥᠨ ᠪᠦᠬᠦᠨ ᠣᠷᠤᠯᠴᠠᠬᠤ᠂ ᠪᠣᠯᠪᠠᠰᠤᠨ ᠤ ᠦᠷ᠎ᠡ ᠪᠦᠲᠦᠭᠡᠯ ᠢ ᠬᠥᠮᠥᠨ ᠪᠦᠬᠦᠨ ᠬᠠᠮᠲᠤᠪᠠᠷ ᠡᠳ᠋ᠯᠡᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠪᠠᠷ ᠠᠷᠬᠠᠭ ᠭᠡᠮ ᠢ ᠢᠯᠠᠨ ᠳᠠᠪᠠᠵᠤ ᠡᠭᠦᠳᠦᠨ ᠪᠠᠶᠢᠭᠤᠯᠬᠤ ᠠᠵᠢᠯ ᠢ ᠪᠠᠶᠢᠩᠭᠤᠵᠢᠭᠤᠯᠵᠠᠢ      ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠪᠣᠯ ᠨᠢᠭᠡᠨ ᠵᠡᠷᠭᠡ ᠶᠢᠨ ᠠᠵᠢᠯᠯᠠᠭ᠎ᠠ ᠤᠭᠳᠤ ᠪᠢᠰᠢ᠂ ᠬᠠᠷᠢᠨ ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠠᠵᠢᠯ ᠢᠶᠠᠷ ᠳᠠᠮᠵᠢᠭᠤᠯᠤᠨ᠂ ᠪᠣᠯᠪᠠᠰᠤᠨ ᠤ ᠤᠬᠠᠮᠰᠠᠷ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠶᠢ ᠤᠯᠠᠮ ᠴᠢᠨᠠᠭᠰᠢᠳᠠ ᠠᠬᠢᠭᠤᠯᠵᠤ᠂ ᠬᠤᠳᠠ ᠶᠢᠨ ᠠᠷᠠᠳ ᠤᠨ ᠪᠣᠯᠪᠠᠰᠤᠨ ᠬᠡᠪ ᠴᠢᠨᠠᠷ ᠢ ᠳᠡᠭᠡᠭᠰᠢᠯᠡᠭᠦᠯᠵᠦ᠂ ᠬᠤᠳᠠ ᠶᠢᠨ ᠴᠢᠨᠠᠷ ᠴᠢᠨᠰᠠᠭ᠎ᠠ ᠴᠢᠳᠠᠮᠵᠢ ᠶᠢ ᠲᠡᠭᠦᠯᠳᠡᠷᠵᠢᠭᠦᠯᠬᠦ ᠶᠠᠪᠤᠳᠠᠯ ᠪᠣᠯᠣᠨ᠎ᠠ᠃      ᠬᠤᠲᠠ  ᠶᠢ ᠪᠠᠶᠢᠭᠤᠯᠬᠤ ᠠᠵᠢᠯ ᠢ ᠬᠡᠪ ᠤᠨ ᠬᠤᠭᠤᠴᠠᠭ᠎ᠠ ᠪᠠ ᠤᠷᠲᠤ ᠬᠤᠭᠤᠴᠠᠭ᠎ᠠ ᠪᠦᠲᠦᠮᠵᠢᠲᠡᠶ ᠪᠣᠯᠭᠠᠬᠤ ᠶᠢᠨ ᠲᠥᠯᠥᠭᠡ ᠪᠣᠯᠪᠠᠰᠤᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠳ᠋ᠦᠩ ᠾᠧ ᠲᠣᠭᠤᠷᠢᠭ ᠤᠨ ᠬᠢᠨ ᠲᠣᠭᠲᠠᠴᠠ ᠶᠢ ᠲᠡᠭᠦᠯᠳᠡᠷᠵᠢᠭᠦᠯᠬᠦ ᠲᠠᠯ᠎ᠠ ᠪᠠᠷ ᠶᠡᠭᠡ ᠬᠦᠴᠦ ᠣᠷᠣᠭᠤᠯᠵᠤ᠂ ᠰᠢᠶᠠᠨ ᠤ ᠱᠠᠲᠤᠨ ᠤ ᠺᠠᠳ᠋ᠷ ᠵᠢᠴᠢ ᠰᠠᠯᠠᠭ᠎ᠠ ᠮᠥᠴᠢᠷ ᠤᠨ ᠳᠠᠭᠠᠭᠠᠴᠢᠯᠠᠨ ᠬᠤᠯᠪᠣᠭᠰᠠᠨ ᠵᠡᠭᠡᠯᠢ ᠪᠠᠯᠭᠠᠰᠤᠨ ᠤ ᠠᠵᠢᠯ ᠤᠨ ᠲᠣᠭᠲᠠᠴᠠ  ᠶᠢ ᠦᠷᠭᠦᠯᠵᠢᠯᠡᠨ ᠬᠡᠷᠡᠭᠵᠢᠭᠦᠯᠵᠦ᠂ ︽ᠪᠠᠶᠢᠩᠭᠤᠵᠢᠭᠤᠯᠬᠤ ᠠᠵᠢᠯ︾᠂ ︽ᠨᠢᠭᠡ ᠬᠡᠷᠡᠭ ᠢ ᠨᠢᠭᠡ ᠵᠥᠪᠯᠡᠬᠦ︾᠂ ︽ᠳᠠᠷᠤᠶᠢᠬᠠᠨ ᠲᠤᠰᠢᠶᠠᠵᠤ ᠳᠠᠷᠤᠶᠢᠬᠠᠨ ᠰᠢᠢᠳᠪᠦᠷᠢᠯᠡᠬᠦ︾ ᠠᠵᠢᠯ ᠤᠨ ᠲᠣᠭᠲᠠᠴᠠ  ᠶᠢ ᠪᠠᠶᠢᠭᠤᠯᠵᠤ ᠂ ᠲᠣᠣᠷᠵᠢᠭᠤᠯᠤᠭᠰᠠᠨ ᠬᠠᠮᠢᠶᠠᠷᠤᠯᠲᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠦᠬᠦ ᠣᠷᠣᠨ ᠤ ᠪᠣᠯᠪᠠᠰᠤᠨ ᠬᠤᠲᠠ  ᠶᠢ ᠡᠭᠦᠳᠦᠨ ᠪᠠᠶᠢᠭᠤᠯᠬᠤ  ᠶᠢ ᠭᠦᠨᠵᠡᠭᠡᠶᠢᠷᠡᠭᠦᠯᠬᠦ ᠠᠵᠢᠯ ᠢ ᠠᠬᠢᠭᠤᠯᠬᠤ ᠬᠤᠷᠠᠯ ᠢ ᠣᠯᠠᠨ ᠤᠳᠠᠭ᠎ᠠ ᠬᠤᠷᠠᠯᠳᠤᠭᠤᠯᠵᠤ᠂ ᠬᠤᠳᠠ ᠶᠢ ᠡᠭᠦᠳᠦᠨ ᠪᠠᠶᠢᠭᠤᠯᠬᠤ ᠶᠢ ᠪᠠᠶᠢᠩᠭᠤᠵᠢᠭᠤᠯᠬᠤ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠲᠥᠰᠥᠯ ᠢᠶᠠᠷ ᠶᠡᠷᠦᠩᠬᠡᠶᠢᠯᠡᠨ ᠵᠢᠯᠣᠭᠤᠳᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠶᠢ ᠠᠳᠬᠤᠬᠤ᠂ ᠳᠤᠲᠠᠭᠤᠳᠠᠯ ᠢ ᠨᠥᠬᠦᠪᠦᠷᠢᠯᠡᠬᠦ᠂ ᠬᠦᠴᠦᠷᠬᠡᠭ ᠪᠠᠭᠤᠷᠠᠢ᠂ ᠡᠪᠡᠷᠰᠢᠶᠡᠯ ᠢ ᠨᠡᠪᠲᠡᠷᠡᠭᠦᠯᠬᠦ ᠶᠢ ᠲᠤᠪᠤᠶᠢᠯᠭᠠᠵᠦ᠂ ᠬᠡᠪ ᠤᠨ ᠪᠠᠶᠢᠳᠠᠯ ᠢ ᠪᠠᠲᠤᠯᠠᠬᠤ᠂ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠦᠵᠡᠬᠦ ᠳᠡᠭᠡᠷ᠎ᠡ ᠦᠨᠡᠨᠬᠦ ᠬᠦᠴᠦ ᠣᠷᠣᠭᠤᠯᠵᠤ᠂ ᠬᠤᠳᠠ ᠶᠢᠨ ᠬᠠᠮᠢᠶᠠᠷᠤᠯᠲᠠ᠂ ᠬᠤᠳᠠ ᠶᠢᠨ ᠳᠦᠷᠰᠦ ᠪᠠᠶᠢᠳᠠᠯ᠂ ᠰᠠᠭᠤᠭᠠᠯᠢ ᠠᠷᠠᠳ ᠤᠨ ᠲᠣᠭᠤᠷᠢᠭ ᠤᠨ ᠣᠷᠴᠢᠨ ᠲᠣᠭᠤᠷᠢᠨ᠂ ᠵᠠᠮ ᠬᠠᠷᠢᠯᠴᠠᠭᠠᠨ ᠤ ᠡᠮᠬᠢ ᠳᠢᠭᠯᠢᠮ ᠵᠡᠷᠭᠡ ᠲᠠᠯ᠎ᠠ ᠶᠢᠨ ᠠᠷᠬᠠᠭ ᠭᠡᠮ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠨ᠎ᠡ᠃      ᠡᠳᠦᠭᠡ᠂ ᠪᠦᠬᠦ ᠣᠷᠣᠨ ᠳᠠᠶᠠᠭᠠᠷ ᠤᠨ ᠬᠠᠮᠲᠤ ᠶᠢᠨ ᠴᠢᠷᠮᠠᠶᠢᠯᠭ᠎ᠠ ᠪᠠᠷ᠂ ᠨᠢᠭᠡ ᠵᠡᠷᠭᠡ ᠥᠭᠡᠷᠡᠴᠢᠯᠡᠭᠰᠡᠨ ᠤ ᠳᠠᠷᠠᠭᠠᠬᠢ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ︽ᠲᠤᠶᠢᠯᠪᠤᠷᠢᠲᠠᠢ ᠬᠤᠪᠢᠷᠠᠯᠲᠠ︾ ᠪᠠᠷ ᠳᠠᠮᠵᠢᠭᠠᠳ ᠂ ᠢᠭᠴᠤ ᠰᠠᠬᠤᠯᠢᠭ ︽ᠦᠬᠡᠷ ᠢᠯᠢᠳᠦ︾ ᠶᠢ ᠣᠷᠣ ᠲᠠᠰᠤ ᠠᠷᠢᠯᠭᠠᠵᠤ᠂ ᠡᠮᠬᠢ ᠵᠠᠮᠪᠠᠷᠠᠭ᠎ᠠ ᠦᠭᠡᠢ ᠳᠦᠷᠢᠮ ᠠᠴᠠ ᠵᠥᠷᠢᠴᠡᠭᠰᠡᠨ ᠪᠠᠷᠢᠯᠭ᠎ᠠ ᠴᠤ ᠣᠷᠣ ᠦᠭᠡᠢ ᠠᠷᠢᠯᠵᠠᠢ ᠁ ᠡᠨᠡ ᠬᠤᠲᠠ᠂ ᠮᠠᠰᠢ ᠤᠯᠠᠨ ᠬᠤᠪᠢᠷᠠᠯᠲᠠ ᠶᠠᠭ ᠡᠭᠦᠰᠴᠦ᠂ ᠮᠠᠰᠢ ᠤᠯᠠᠨ ᠰᠠᠶᠢᠨ ᠰᠠᠶᠢᠬᠠᠨ ᠶᠠᠭ ᠶᠠᠪᠤᠭᠳᠠᠵᠤ᠂ ᠬᠤᠳᠠ ᠶᠢ ᠭᠤᠶᠤ ᠰᠠᠶᠢᠬᠠᠨ ᠪᠣᠯᠭᠠᠵᠤ᠂ ᠭᠠᠳᠠᠷ ᠳᠦᠷᠢ ᠶᠢ ᠨᠢ ᠴᠦ ᠳᠣᠲᠣᠭᠠᠳᠤ ᠰᠡᠳᠬᠢᠯ ᠳᠤ ᠨᠢ ᠭᠤᠶᠤ ᠰᠠᠶᠢᠬᠠᠨ ᠪᠣᠯᠭᠠᠵᠤ᠂ ᠲᠦᠷ ᠵᠣᠭᠰᠣᠵᠤ᠂ ᠨᠠᠶᠢᠷ ᠲᠠᠯᠪᠢᠵᠤ᠂ ᠢᠨᠢᠶᠡᠮᠰᠦᠭᠯᠡᠭᠰᠡᠭᠡᠷ ᠳ᠋ᠦᠩ ᠡᡁᠸ ᠬᠤᠳᠠ ᠶᠢᠨ ᠠᠷᠠᠳ ᠤᠨ ᠰᠢᠨ᠎ᠡ ᠬᠡᠪ ᠰᠤᠷᠲᠠᠯ ᠢ ᠲᠠᠶᠢᠯᠪᠤᠷᠢᠯᠠᠵᠤ᠂ ᠪᠣᠯᠪᠠᠰᠤᠨ  ᠨᠢ ᠬᠤᠳᠠ ᠶᠢᠨ ᠵᠣᠯ ᠵᠢᠷᠭᠠᠯ ᠤᠨ ᠰᠠᠭᠤᠷᠢ ᠥᠩᠭᠡ ᠪᠣᠯᠵᠤ᠂ ᠬᠤᠳᠠ ᠶᠢᠨ ᠠᠷᠠᠳ ᠤᠨ ᠬᠦᠷᠲᠡᠮᠵᠢ ᠶᠢᠨ ᠲᠥᠷᠥᠭᠳᠡᠯ ᠢ ᠦᠨᠡᠨ ᠪᠣᠳᠠᠲᠠᠢ ᠪᠣᠯᠭᠠᠵᠠᠢ᠃      ᠪᠣᠯᠪᠠᠰᠤᠨ ᠤ ᠴᠡᠴᠡᠭ  ᠤᠨ ᠬᠦᠷᠢᠶᠡᠯᠡᠩ ᠢᠶᠠᠷ ᠳᠦᠭᠦᠷᠡᠩ ᠳᠡᠯᠭᠡᠷᠡᠵᠦ᠂ ᠰᠡᠳᠬᠢᠯ ᠢᠶᠠᠨ ᠨᠢᠭᠡᠳᠬᠡᠨ ᠬᠦᠷᠢᠶᠡᠯᠡᠩ ᠢᠶᠠᠷ ᠳᠦᠭᠦᠷᠡᠩ ᠴᠡᠴᠡᠭ ᠤᠨ ᠦᠨᠦᠷ ᠠᠮᠲᠠ ᠶᠢ ᠡᠳ᠋ᠯᠡᠨ᠎ᠡ᠃ᠥᠨᠢᠳᠡ ᠵᠣᠭᠰᠣᠰᠢ ᠦᠭᠡᠢ ᠬᠤᠳᠠ ᠪᠠᠶᠢᠭᠤᠯᠬᠤ ᠵᠠᠮ ᠳᠡᠭᠡᠷ᠎ᠡ᠂ ᠳ᠋ᠦᠩ ᠡᡁᠸ ᠲᠣᠭᠤᠷᠢᠭ ᠤᠨ ᠬᠢᠨ ᠪᠣᠯᠪᠠᠰᠤᠨ ᠤ ᠴᠡᠴᠡᠭ ᠢ ᠦᠨᠳᠦᠰᠦᠯᠡᠭᠦᠯᠬᠦ ᠪᠠᠷ ᠬᠦᠴᠦᠯᠡᠨ ᠴᠢᠷᠮᠠᠶᠢᠵᠤ᠂ ᠬᠥᠮᠥᠰ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢᠨ ᠠᠪᠴᠢᠷᠠᠭᠰᠠᠨ ᠣᠷᠴᠢᠨ ᠲᠣᠭᠤᠷᠢᠨ ᠤ ᠠᠷᠢᠭᠤᠨ ᠴᠡᠪᠡᠷ᠂ ᠪᠣᠯᠪᠠᠰᠤᠨ ᠡᠶ᠎ᠡ ᠵᠣᠬᠢᠴᠠᠩᠭᠤᠢ ᠵᠣᠯ ᠵᠢᠷᠭᠠᠯ ᠪᠣᠯᠣᠨ ᠰᠠᠶᠢᠨ ᠰᠠᠶᠢᠬᠠᠨ ᠢ ᠣᠶᠢᠯᠠᠭᠠᠬᠤ ᠶᠢᠨ ᠬᠠᠮᠲᠤ ᠪᠠᠰᠠ︽ᠬᠤᠳᠠ ᠶᠢ ᠡᠭᠦᠳᠦᠨ ᠪᠠᠶᠢᠭᠤᠯᠬᠤ︾ ᠪᠠᠷ ᠳᠠᠮᠵᠢᠨ ᠳᠡᠭᠡᠭᠰᠢᠯᠡᠭᠰᠡᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠭᠦᠨᠵᠡᠭᠡᠢ ᠣᠶᠢᠯᠠᠭᠠᠵᠤ ᠪᠠᠶᠢᠯ᠎ᠠ᠃
 
ᠢᠷᠡᠯᠲᠡ᠄ ᠥᠨᠥᠳᠥᠷ ᠤᠨ ᠳ᠋ᠦᠩ ᠾᠧ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备06002822号-1